ᠳᠠᠶᠢᠴᠢᠨ ᠥᠪᠥᠷ ᠮᠣᠩᠭᠤᠯ ᠤᠨ ᠡᠳᠦᠷ ᠤᠨ ᠰᠣᠨᠢᠨ ᠤ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ
ᠨᠡᠶᠢᠲᠡᠯᠡᠭᠰᠡᠨ ᠴᠠᠭ᠄
2020/3/16
    《 ᠬᠤᠶᠠᠷ ᠲᠠᠯ᠎ᠠ ᠶᠢ ᠠᠳᠬᠤᠬᠤ 》 ᠶᠢ ᠲᠦᠯᠬᠢᠨ ᠠᠬᠢᠭᠤᠯᠵᠤ 《ᠬᠤᠤᠰ ᠢᠯᠠᠯᠲᠠ》 ᠶᠢ ᠲᠡᠮᠡᠴᠡᠨ ᠤᠯᠬᠤ ᠬᠡᠷᠡᠭᠲᠡᠶ       ᠣᠶᠢᠷ᠎ᠠ ᠳᠤ᠂ ᠠᠯᠠᠱᠠ ᠠᠶᠢᠮᠠᠭ ᠤᠨ ᠬᠢᠨ ᠥᠪᠡᠷᠲᠡᠭᠡᠨ ᠵᠠᠰᠠᠬᠤ ᠣᠷᠣᠨ ᠤ ︽ᠲᠥᠷᠥᠯ ᠬᠤᠪᠢᠶᠠᠨ ᠵᠢᠯᠣᠭᠤᠳᠴᠤ ᠣᠨᠣᠪᠴᠢᠳᠠᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠲᠤᠬᠠᠶ ᠰᠠᠨᠠᠯ︾ ᠢ ᠬᠡᠷᠬᠢᠨ ᠰᠠᠶᠢᠲᠤᠷ ᠨᠠᠶᠢᠳᠠᠪᠤᠷᠢᠵᠢᠭᠤᠯᠬᠤ ᠲᠤᠬᠠᠶ᠂ ᠰᠤᠷᠪᠤᠯᠵᠢᠯᠠᠭᠴᠢ ᠲᠤᠰᠬᠠᠶᠢᠯᠠᠨ ᠠᠯᠠᠱᠠ ᠠᠶᠢᠮᠠᠭ ᠤᠨ ᠨᠠᠮ  ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠳᠠᠶᠢᠴᠢᠨ ᠢ ᠰᠤᠷᠪᠤᠯᠵᠢᠯᠠᠪᠠ᠃       ᠳᠠᠶᠢᠴᠢᠨ᠂ ᠰᠢᠨ᠎ᠡ ᠬᠡᠯᠪᠡᠷᠢ ᠶᠢᠨ ᠳᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ  ᠤᠨ ᠬᠢᠵᠢᠭ ᠳᠡᠯᠭᠡᠷᠡᠭᠰᠡᠨ ᠠᠴᠠ ᠨᠠᠰᠢ᠂ ᠠᠯᠠᠱᠠ ᠠᠶᠢᠮᠠᠭ ᠨᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠳᠣᠣᠱᠯᠠᠭᠤᠯᠵᠦ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠲᠥᠪ᠂ ᠦᠪᠡᠷᠳᠡᠭᠡᠨ ᠵᠠᠰᠠᠬᠤ ᠣᠷᠣᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠦᠨᠡᠨᠬᠦ ᠨᠢᠭᠡᠳᠬᠡᠵᠦ᠂ ᠠᠵᠢᠯ ᠤᠨ ᠤᠳᠤᠷᠢᠳᠬᠤ ᠳᠤᠭᠤᠶᠢᠯᠠᠩ ᠪᠠ ᠵᠢᠯᠣᠭᠤᠳᠬᠤ ᠭᠠᠵᠠᠷ  ᠢ ᠬᠠᠮᠤᠭ ᠤᠨ ᠲᠡᠷᠢᠭᠦᠨ ᠳᠤ ᠪᠠᠶᠢᠭᠤᠯᠵᠤ᠂ ᠨᠢᠭᠡᠳᠦᠯᠲᠡᠶ ᠵᠢᠯᠣᠭᠤᠳᠬᠤ᠂ ᠵᠣᠬᠢᠴᠠᠭᠤᠯᠣᠨ ᠬᠤᠯᠪᠣᠭᠠᠯᠠᠨ ᠬᠥᠳᠡᠯᠦᠯᠴᠡᠬᠦ᠂  ᠳᠠᠷᠣᠢ ᠳᠦᠷᠭᠡᠨ ᠠᠵᠢᠯᠯᠠᠬᠤ᠂ ᠠᠵᠢᠯᠯᠠᠭᠠᠨ ᠨᠢ ᠥᠨᠳᠥᠷ ᠦᠷ᠎ᠡ ᠪᠦᠲᠦᠮᠵᠢᠲᠡᠶ ᠪᠠᠶᠢᠬᠤ ᠰᠡᠷᠭᠡᠶᠢᠯᠡᠨ ᠡᠵᠡᠮᠳᠡᠬᠦ ᠵᠢᠯᠣᠭᠤᠳᠬᠤ ᠰᠢᠰᠲ᠋ᠧᠮᠵᠢ ᠪᠠ ᠬᠤᠯᠪᠣᠭᠠᠯᠠᠨ ᠰᠡᠷᠭᠡᠶᠢᠯᠡᠵᠦ ᠡᠵᠡᠮᠳᠡᠬᠦ ᠲᠣᠭᠲᠠᠴᠠ ᠶᠢ ᠪᠠᠶᠢᠭᠤᠯᠵᠤ᠂ ᠠᠶᠢᠮᠠᠭ ᠤᠨ ᠱᠠᠲᠤᠨ ᠤ ᠤᠳᠤᠷᠢᠳᠤᠯᠭ᠎ᠠ ᠳᠠᠭᠠᠭᠠᠴᠢᠯᠠᠨ ᠬᠠᠷᠢᠯᠴᠠᠵᠦ ᠵᠢᠯᠣᠭᠤᠳᠣᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠭᠠᠪᠰᠢᠭᠠᠶᠢᠯᠠᠨ᠂ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠲᠦᠮᠡᠨ ᠢᠳᠡᠪᠬᠢᠲᠡᠶ ᠪᠠᠷ ᠴᠤᠤᠷᠢᠶᠠᠲᠤᠨ ᠳᠠᠭᠠᠵᠤ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠡᠷᠴᠢᠮᠳᠡᠢ ᠪᠦᠲᠦᠮᠵᠢᠲᠡᠶ ᠨᠠᠶᠢᠳᠠᠪᠤᠷᠢᠵᠢᠭᠤᠯᠤᠨ᠂ ᠣᠨᠣᠰᠢᠯᠠᠭᠳᠠᠭᠰᠠᠨ ᠡᠪᠡᠳᠴᠢᠨ ᠤ ᠵᠢᠱᠢᠶ᠎ᠡ ᠪᠠ ᠰᠡᠵᠢᠭᠯᠡᠯᠳᠡᠢ ᠡᠪᠡᠳᠴᠢᠨ ᠤ ᠵᠢᠱᠢᠶ᠎ᠡ ᠥᠬᠡᠶ ᠰᠠᠶᠢᠨ ᠰᠠᠶᠢᠬᠠᠨ ᠪᠠᠶᠢᠳᠠᠯ ᠢ ᠪᠠᠳᠣᠯᠠᠪᠠ ᠭᠡᠵᠡᠢ᠃
      ᠨᠢᠭᠡ ᠳᠤ᠂ ᠭᠤᠤᠯᠳᠠᠯᠭ᠎ᠠ ᠲᠠᠢ ᠰᠡᠷᠭᠡᠶᠢᠯᠡᠨ ᠡᠵᠡᠮᠳᠡᠬᠦ ᠭᠤᠭᠴᠤᠭ᠎ᠠ ᠶᠢ ᠴᠢᠬᠤᠯᠠᠴᠢᠯᠠᠨ ᠠᠩᠬᠠᠷᠣᠨ᠎ᠠ᠃ ᠥᠪᠡᠷᠲᠡᠭᠡᠨ ᠵᠠᠰᠠᠬᠤ ᠣᠷᠣᠨ ᠤ ᠳᠦᠷᠪᠡᠳᠦᠭᠡᠷ ᠲᠥᠷᠥᠯ ᠤᠨ ᠭᠠᠵᠠᠷ ᠣᠷᠣᠨ ᠳᠤ ᠳᠠᠯᠪᠢᠭᠰᠠᠨ《ᠭᠠᠳᠠᠷ ᠣᠷᠣᠨ ᠠᠴᠠ ᠬᠢᠵᠢᠭ ᠳᠠᠮᠵᠢᠭᠳᠠᠨ ᠳᠠᠷᠬᠠᠬᠤ ᠶᠢ ᠰᠡᠷᠭᠡᠶᠢᠯᠡᠵᠦ᠂ ᠣᠨᠣᠪᠴᠢᠲᠠᠶ ᠰᠡᠷᠡᠮᠵᠢᠯᠡᠭᠦᠯᠬᠦ 》ᠱᠠᠭᠠᠷᠳᠠᠯᠭ᠎ᠠ ᠶᠣᠰᠣᠭᠠᠷ᠂ ᠠᠶᠢᠮᠠᠭ ᠤᠨ ᠡᠷᠭᠢᠨ ᠲᠣᠭᠤᠷᠢᠨ ᠤ ᠬᠢᠵᠢᠭ ᠤᠨ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠭᠠᠳ᠂ ᠵᠠᠮ ᠬᠠᠷᠢᠯᠴᠠᠭ᠎ᠠ ᠶᠢ ᠪᠦᠬᠦ ᠲᠠᠯ᠎ᠠ ᠪᠠᠷ ᠰᠡᠷᠭᠦᠭᠡᠨ᠂ ᠵᠠᠮ ᠬᠠᠷᠢᠯᠴᠠᠭᠠᠨ ᠤ ᠴᠢᠬᠤᠯᠠ ᠴᠡᠭ ᠲᠠᠬᠢ ᠬᠢᠵᠢᠭ ᠢ ᠰᠡᠷᠭᠡᠶᠢᠯᠡᠨ ᠡᠵᠡᠮᠳᠡᠵᠦ ᠪᠠᠶᠢᠴᠠᠭᠠᠬᠤ ᠶᠢ ᠦᠷᠭᠦᠯᠵᠢᠯᠡᠨ ᠴᠢᠩᠭᠠᠳᠬᠠᠵᠤ᠂ ᠵᠠᠮ ᠬᠠᠷᠢᠯᠴᠠᠭᠠᠨ ᠤ ᠬᠤᠷᠢᠭ᠎ᠠ ᠴᠡᠭ᠂ ᠨᠡᠶᠢᠭᠡᠮ ᠲᠣᠭᠤᠷᠢᠭ     ( ᠭᠠᠴᠠᠭ᠎ᠠ ᠲᠣᠰᠬᠤᠨ ) ᠤᠨ ᠬᠠᠮᠢᠶᠠᠷᠤᠨ ᠡᠵᠡᠮᠳᠡᠬᠦ ᠪᠠ ᠣᠨᠣᠰᠢᠯᠠᠨ ᠡᠮᠨᠡᠬᠦ‍ ᠰᠢᠭᠰᠢᠨ ᠪᠠᠶᠢᠴᠠᠭᠠᠬᠤ《ᠰᠡᠷᠭᠡᠶᠢᠯᠡᠯᠲᠡ ᠶᠢᠨ ᠭᠤᠷᠪᠠᠨ ᠱᠤᠭᠤᠮ》 ᠢ  ᠪᠠᠳᠣᠳᠬᠠᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠦᠷ᠎ᠡ ᠪᠦᠳᠦᠮᠵᠢ ᠶᠢ ᠦᠷᠭᠦᠯᠵᠢᠯᠡᠨ  ᠪᠠᠬᠢᠵᠢᠬᠦᠯᠦᠨ᠎ᠡ᠃ ᠠᠶᠢᠮᠠᠭ ᠬᠤᠲᠠ ᠶᠢᠨ ᠬᠤᠭᠤᠷᠣᠨᠳᠣᠬᠢ ᠬᠢᠵᠢᠭ  ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠦᠶᠯᠡᠳᠦᠯ ᠢ ᠪᠠᠳᠠᠷᠠᠭᠤᠯᠵᠤ᠂ ᠨᠤᠲᠤᠭ ᠲᠠᠭᠠᠨ ᠪᠤᠴᠠᠬᠤ᠂ ᠠᠵᠢᠯ ᠤᠨ ᠪᠠᠶᠢᠷᠢ ᠳᠠᠭᠠᠨ ᠪᠤᠴᠠᠬᠤ᠂ ᠰᠤᠷᠭᠠᠭᠤᠯᠢ ᠳᠠᠭᠠᠨ ᠪᠤᠴᠠᠬᠤ ᠵᠡᠷᠭᠡ ᠵᠣᠷᠴᠢᠯᠳᠠ ᠶᠢᠨ ᠪᠠᠶᠢᠳᠠᠯ ᠢ ᠵᠠᠳᠠᠯᠤᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠪᠣᠯᠤᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ᠂ ᠠᠵᠢᠯᠲᠠᠨ᠂ ᠡᠳ᠋ ᠪᠣᠳᠠᠰ ᠢ ᠨᠢᠭᠡᠳᠦᠯᠲᠡᠶ ᠲᠥᠯᠥᠪᠯᠡᠨ᠂ ᠲᠥᠷᠥᠯ ᠬᠤᠪᠢᠶᠠᠭᠰᠠᠨ ᠬᠠᠮᠢᠶᠠᠷᠣᠯᠳᠠ᠂ ᠱᠠᠳᠣᠯᠠᠭᠰᠠᠨ ᠪᠠᠶᠢᠷᠢᠯᠠᠭᠤᠯᠣᠯᠳᠠ ᠶᠢ ᠬᠡᠷᠡᠭᠵᠢᠭᠦᠯᠵᠦ᠂ ᠭᠡᠨᠡᠳᠲᠡ ᠡᠭᠦᠰᠬᠦ ᠬᠢᠵᠢᠭ ᠤᠨ ᠪᠠᠶᠢᠳᠠᠯ ᠪᠣᠯᠤᠨ ᠭᠡᠨᠡᠳᠲᠡ ᠡᠭᠦᠰᠬᠦ ᠬᠡᠷᠡᠭ ᠢ ᠰᠡᠷᠭᠡᠶᠢᠯᠡᠨ ᠡᠵᠡᠮᠳᠡᠬᠦ ᠪᠡᠯᠡᠳᠬᠡᠯ ᠢ ᠰᠠᠶᠢᠲᠤᠷ ᠬᠢᠨ᠎ᠡ᠃
      ᠬᠤᠶᠠᠷ ᠲᠤ᠂ ᠠᠵᠤ ᠠᠬᠤᠶᠢᠯᠠᠯ ᠤᠨ ᠠᠵᠢᠯ ᠢᠶᠠᠨ ᠡᠬᠢᠯᠡᠭᠦᠯᠦᠨ ᠠᠵᠢᠯ ᠢᠶᠠᠨ ᠰᠡᠷᠭᠦᠭᠡᠬᠦ ᠶᠢ ᠨᠢ ᠠᠬᠢᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠭᠤᠣᠯᠳᠠᠯᠭ᠎ᠠ ᠲᠠᠢ ᠪᠠᠲᠤᠯᠠᠭ᠎ᠠ ᠶᠢᠨ ᠠᠵᠤ ᠠᠬᠤᠶᠢᠯᠠᠯ ᠪᠣᠯᠤᠨ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠦᠢᠯᠡᠳᠪᠦᠷᠢᠯᠡᠯ ᠡᠵᠡᠩᠨᠡᠯᠲᠡ ᠨᠢ ᠬᠦᠴᠢᠷᠳᠡᠯᠲᠡᠢ ᠳᠤᠮᠳᠠ ᠵᠢᠵᠢᠭ ᠠᠵᠤ ᠠᠬᠤᠶᠢᠯᠠᠯ ᠤᠨ ᠡᠷᠡᠭᠦᠯ ᠬᠦᠭᠵᠢᠯᠳᠡ ᠶᠢ ᠳᠡᠮᠵᠢᠬᠦ ᠳᠣᠬᠠᠢ ᠦᠪᠡᠷᠳᠡᠭᠡᠨ ᠵᠠᠰᠠᠬᠤ ᠣᠷᠣᠨ ᠤ 15 ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠠᠵᠤ ᠠᠬᠤᠶᠢᠯᠠᠯ ᠢ ᠳᠣᠭᠳᠠᠪᠣᠷᠢᠵᠢᠭᠤᠯᠬᠤ ᠡᠯ᠎ᠡ ᠵᠦᠢᠯ ᠤᠨ ᠲᠥᠷᠥ ᠶᠢᠨ ᠪᠤᠳᠤᠯᠭ᠎ᠠ ᠶᠢ ᠭᠦᠢᠴᠡᠳ ᠠᠮᠢᠳᠤᠯᠢᠭ ᠬᠡᠷᠡᠭᠵᠢᠬᠦᠯᠦᠨ᠎ᠡ᠃ 《ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠶᠢ ᠬᠡᠷᠡᠭᠵᠢᠬᠦᠯᠬᠦ》᠂      《 ᠲᠦᠷᠦᠭᠦᠦ ᠦᠢᠯᠡᠴᠢᠯᠡᠭᠴᠢ》᠂《ᠬᠤᠯᠪᠣᠭᠠᠴᠢᠨ ᠲᠣᠮᠢᠯᠠᠨ ᠰᠠᠭᠤᠯᠭᠠᠬᠤ》 ᠵᠡᠷᠭᠡ ᠳᠦᠷᠢᠮ ᠢ ᠶᠡᠬᠡᠪᠡᠷ ᠶᠠᠪᠣᠭᠳᠠᠭᠤᠯᠵᠦ᠂ ᠢᠲᠡᠭᠡᠮᠵᠢᠲᠦ ᠵᠢᠭᠡᠯᠡᠯᠭᠡ ᠶᠢᠨ ᠳᠡᠮᠵᠢᠯᠬᠡ ᠶᠢᠨ ᠡᠷᠴᠢᠮ ᠢ ᠴᠢᠩᠭᠠᠷᠠᠭᠤᠯᠬᠤ᠂ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠬᠤ ᠪᠠ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠢ ᠬᠠᠪᠰᠤᠷᠤᠨ ᠬᠢᠵᠢᠭ ᠤᠨ ᠪᠠᠶᠢᠳᠠᠯ ᠳᠤ ᠦᠷᠳᠦᠭᠳᠡᠭᠰᠡᠨ ᠨᠥᠯᠥᠭᠡ ᠶᠢ ᠨᠢ ᠪᠠᠭᠤᠷᠠᠭᠤᠯᠤᠨ᠎ᠠ᠃ ᠣᠳᠣ ᠪᠣᠯᠲᠠᠯ᠎ᠠ᠂ ᠡᠯ᠎ᠡ ᠪᠠᠩᠬᠢ ᠶᠢᠨ ᠪᠠᠶᠢᠭᠤᠯᠤᠮᠵᠢ ᠶᠢᠨ  ᠬᠢᠨ ᠠᠵᠤ ᠠᠬᠤᠶᠢᠯᠠᠯ ᠤᠨ ᠠᠵᠢᠯ ᠢᠶᠠᠨ ᠡᠬᠢᠯᠡᠬᠦᠯᠦᠨ ᠦᠢᠯᠡᠳᠪᠦᠷᠢᠯᠡᠯ ᠢᠶᠠᠨ ᠰᠡᠷᠭᠦᠭᠡᠭᠰᠡᠨ ᠪᠡᠯᠡ ᠲᠤᠬᠢᠷᠠᠭᠤᠯᠭ᠎ᠠ  ᠶᠢᠨ ᠵᠢᠭᠡᠯᠡᠯᠭᠡ ᠶᠢ ᠨᠡᠶᠢᠳᠡ 19 ᠬᠤᠪᠢ ᠨᠡᠶᠢᠳᠡ 18.4 ᠳ᠋ᠦᠩᠰᠢᠭᠤᠷ ᠲᠥᠭᠦᠷᠢᠭ ᠲᠠᠯᠪᠢᠵᠤ᠂ ᠵᠢᠬᠡᠯᠡᠯᠭᠡ ᠶᠢᠨ ᠬᠤᠭᠤᠴᠠᠭ᠎ᠠ ᠶᠢ ᠤᠷᠲᠤᠳᠬᠠᠬᠤ᠂ ᠡᠭᠡ ᠮᠥᠩᠭᠦ ᠶᠢ ᠨᠢ ᠪᠤᠴᠠᠭᠠᠬᠤ ᠦᠭᠡᠢ ᠪᠠᠷ ᠦᠷᠭᠦᠯᠵᠢᠯᠡᠨ 16 ᠬᠤᠪᠢ ᠨᠡᠶᠢᠳᠡ 1.69 ᠳ᠋ᠦᠩᠰᠢᠭᠤᠷ ᠲᠥᠭᠦᠷᠢᠭ ᠤᠨ ᠵᠢᠭᠡᠯᠡᠯᠭᠡ ᠳᠠᠯᠪᠢᠪᠠ᠃ ᠪᠦᠬᠦ ᠤᠯᠤᠰ᠂ ᠪᠦᠬᠦ ᠣᠷᠣᠨ ᠤ ᠣᠯᠠᠨ ᠭᠠᠵᠠᠷ ᠤᠨ ᠠᠵᠢᠯ ᠢᠶᠠᠨ ᠪᠦᠬᠦ ᠲᠠᠯ᠎ᠠ ᠪᠠᠷ ᠰᠡᠷᠭᠦᠭᠡᠭᠰᠡᠨ ᠠᠰᠢᠭᠳᠠᠢ ᠴᠠᠭ ᠲᠣᠬᠢᠶᠠᠯ ᠢ ᠴᠢᠩᠭ᠎ᠠ ᠠᠳᠬᠤᠵᠤ᠂ ᠠᠵᠤ ᠠᠬᠤᠶᠢᠯᠠᠯ ᠢ ᠢᠳᠡᠪᠬᠢᠲᠡᠶ ᠬᠠᠪᠰᠤᠷᠤᠨ ᠲᠦᠭᠦᠬᠡᠶ ᠮᠠᠲ᠋ᠧᠷᠢᠶᠠᠯ ᠢ ᠣᠷᠣᠭᠤᠯᠬᠤ ᠠᠷᠭ᠎ᠠ ᠵᠠᠮ ᠢ ᠥᠷᠭᠡᠳᠬᠡᠵᠦ᠂ ᠦᠶᠯᠡᠳᠬᠦᠨ ᠤ ᠪᠣᠷᠣᠯᠠᠭᠤᠯᠭ᠎ᠠ ᠶᠢᠨ ᠬᠡᠪᠴᠢᠶ᠎ᠡ ᠶᠢ  ᠦᠷᠭᠡᠳᠬᠡᠵᠦ᠂ ᠬᠠᠩᠭᠠᠯᠭ᠎ᠠ ᠬᠡᠷᠡᠭᠴᠡᠭᠡ ᠶᠢᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠦᠭᠭᠦᠨ᠎ᠡ᠃ ᠬᠦᠯᠦᠰᠦᠨ ᠠᠵᠢᠯᠴᠢᠳ ᠲᠤ ᠠᠵᠢᠯ ᠣᠯᠭᠤᠬᠤ ᠦᠶᠯᠡᠴᠢᠯᠡᠭᠡᠨ ᠤ ᠬᠠᠮᠢᠶᠠᠷᠤᠯᠲᠠ ᠶᠢ ᠴᠢᠩᠭᠠᠳᠬᠠᠵᠤ᠂ ᠬᠦᠯᠦᠰᠦᠨ ᠠᠵᠢᠯᠴᠢᠳ ᠤᠨ ᠨᠡᠭᠦᠳᠡᠯ ᠤᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠠᠵᠢᠯ ᠤᠨ ᠪᠠᠶᠢᠷᠢ ᠳᠠᠭᠠᠨ  ᠪᠣᠴᠠᠭᠠᠳᠣᠢ ᠬᠦᠯᠦᠰᠦᠨ ᠠᠵᠢᠯᠴᠢᠳ ᠲᠤ ᠠᠵᠢᠯ ᠣᠯᠭᠤᠬᠤ ᠦᠢᠯᠡᠴᠢᠯᠡᠬᠡᠨ ᠤ ᠪᠠᠲᠤᠯᠠᠭ᠎ᠠ ᠬᠠᠩᠭᠠᠬᠤ ᠠᠵᠢᠯ ᠢ ᠰᠠᠶᠢᠲᠤᠷ ᠬᠢᠨ᠎ᠡ᠃ ᠠᠵᠢᠯᠴᠢᠨ ᠤ ᠠᠵᠢᠯ ᠤᠨ ᠪᠠᠶᠢᠷᠢ ᠳᠠᠭᠠᠨ ᠪᠤᠴᠠᠬᠤ ᠳᠤ ᠬᠦᠴᠢᠷᠲᠡᠶ ᠪᠠᠶᠢᠬᠤ ᠪᠠᠶᠢᠳᠠᠯ ᠳᠤ ᠴᠢᠭᠯᠡᠭᠦᠯᠦᠨ᠂ ︽ᠠᠵᠢᠯ ᠣᠯᠭᠤᠬᠤ ᠦᠶᠯᠡᠴᠢᠯᠡᠭᠡ ᠡᠭᠦᠳᠡ ᠪᠠᠨ ᠬᠠᠭᠠᠬᠤ ᠥᠬᠡᠶ᠂ ᠰᠦᠯᠵᠢᠶᠡᠨ ᠳᠡᠭᠡᠷ᠎ᠡ ᠠᠵᠢᠯ ᠤᠨ ᠬᠠᠷᠢᠯᠴᠠᠭ᠎ᠠ ᠠᠪᠬᠤ ᠪᠠᠨ ᠵᠣᠭᠰᠣᠬᠤ ᠦᠭᠡᠢ︾ ᠠᠵᠢᠯᠲᠠᠨ ᠡᠯᠰᠡᠬᠦ ᠵᠠᠭᠪᠤᠷ ᠢ ᠠᠪᠴᠤ᠂ ︽ᠴᠡᠭ ᠪᠣᠯᠭᠠᠨ ᠢ ᠬᠠᠷᠠᠭᠠᠯᠵᠠᠭᠰᠠᠨ᠂ ᠠᠵᠢᠯᠳᠠᠨ ᠪᠦᠷᠢ ᠶᠢ ᠪᠠᠭᠳᠠᠭᠠᠭᠰᠠᠨ︾ ᠲᠡᠷᠭᠡ ᠳᠠᠭᠠᠭᠠᠴᠢᠯᠠᠨ ᠲᠡᠭᠡᠭᠡᠪᠦᠷᠢᠯᠡᠬᠦ ᠠᠷᠭ᠎ᠠ ᠬᠡᠯᠪᠡᠷᠢ ᠶᠢ ᠬᠡᠷᠡᠭᠵᠢᠬᠦᠯᠵᠦ᠂ ᠠᠵᠤ ᠠᠬᠤᠶᠢᠯᠠᠯ ᠤᠨ ᠠᠵᠢᠯ ᠤᠨ ᠪᠠᠶᠢᠷᠢ  ᠪᠠᠨ ᠲᠣᠭᠲᠠᠪᠤᠷᠢᠵᠢᠭᠤᠯᠤᠨ ᠠᠵᠢᠯ ᠣᠯᠭᠤᠬᠤ ᠳᠤ ᠬᠦᠴᠦᠨ ᠨᠡᠮᠡᠷᠢᠯᠡᠵᠦ᠂ ᠡᠯ᠎ᠡ ᠠᠵᠤ ᠠᠬᠤᠶᠢᠯᠠᠯ ᠤᠨ ᠠᠵᠢᠯ ᠤᠨ ᠪᠠᠶᠢᠷᠢ ᠳᠠᠭᠠᠨ 20253 ᠬᠥᠮᠦᠨ ᠡᠭᠡᠵᠦ᠂ ᠠᠵᠢᠯ ᠤᠨ ᠪᠠᠶᠢᠷᠢ ᠳᠠᠭᠠᠨ ᠡᠭᠡᠭᠰᠡᠨ ᠨᠣᠷᠮ᠎ᠠ 90.2% ᠳᠤ ᠬᠦᠷᠴᠡᠶ᠃ ᠣᠳᠣ ᠪᠣᠯᠲᠠᠯ᠎ᠠ ᠬᠡᠪᠴᠢᠶᠡᠵᠢᠯ ᠠᠴᠠ ᠳᠡᠭᠡᠭᠰᠢᠬᠢ 116 ᠠᠵᠤ ᠦᠶᠯᠡᠳᠪᠦᠷᠢ ᠶᠢᠨ ᠠᠵᠤ ᠠᠬᠤᠶᠢᠯᠠᠯ  ᠳᠠᠬᠢ ᠬᠡᠪ ᠤᠨ ᠦᠶᠯᠡᠳᠪᠦᠷᠢᠯᠡᠯ ᠢᠶᠠᠨ ᠰᠡᠷᠭᠦᠭᠡᠭᠰᠡᠨ ᠠᠵᠤ ᠠᠬᠤᠶᠢᠯᠠᠯ 84  ᠪᠠᠶᠢᠵᠤ᠂ ᠠᠵᠢᠯ ᠢᠶᠠᠨ ᠡᠬᠢᠯᠡᠬᠦᠯᠦᠭᠰᠡᠨ ᠨᠣᠷᠮ᠎ᠠ ᠨᠢ 72.4% ᠪᠣᠯᠪᠠ᠃       ᠭᠤᠷᠪᠠ ᠳᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠲᠥᠷᠥᠯ ᠵᠦᠶᠯ ᠤᠨ ᠠᠯᠤᠰ ᠠᠴᠠ ᠬᠢᠨᠠᠨ ᠵᠥᠪᠰᠢᠶᠡᠷᠡᠬᠦ ᠦᠶᠯᠡᠴᠢᠯᠡᠭᠡᠨ ᠢ ᠢᠳᠡᠪᠬᠢᠲᠡᠶ ᠪᠠᠷ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠭᠦᠶᠴᠡᠳᠬᠡᠬᠦ ᠴᠢᠬᠤᠯᠠᠳᠠᠢ ᠬᠢᠨᠠᠨ ᠵᠦᠪᠰᠢᠶᠡᠷᠡᠬᠦ ᠵᠦᠶᠯᠡᠰ ᠪᠦᠬᠦᠨ ᠳᠤ᠂《 ᠠᠮᠠᠯᠠᠯᠲᠠ ᠶᠢᠨ ᠳᠦᠷᠢᠮ + ᠮᠠᠲ᠋ᠧᠷᠢᠶᠠᠯ ᠨᠢ ᠳᠣᠳᠠᠭᠤ ᠪᠠᠶᠢᠬᠤ ᠶᠢ ᠪᠠᠭᠳᠠᠭᠠᠬᠤ ᠳᠦᠷᠢᠮ 》 ᠢ ᠬᠡᠷᠡᠭᠵᠢᠬᠦᠯᠵᠦ᠂《ᠰᠦᠯᠵᠢᠶᠡᠨ ᠳᠤ ᠬᠢᠨᠠᠨ ᠵᠥᠪᠰᠢᠶᠡᠷᠡᠬᠦ 》《 ᠣᠷᠣᠯᠠᠨ ᠭᠦᠶᠴᠡᠳᠬᠡᠬᠦ ᠦᠢᠯᠡᠴᠢᠯᠡᠭᠡ 》 ᠶᠢ ᠶᠠᠪᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨ᠎ᠡ ᠪᠠᠷ ᠨᠠᠶᠢᠳᠠᠪᠣᠷᠢᠵᠢᠭᠤᠯᠣᠭᠳᠠᠬᠤ ᠡᠳ᠋ ᠪᠣᠳᠠᠰ ᠤᠨ ᠲᠥᠷᠥᠯ  ᠵᠦᠢᠯ ᠳᠤ《ᠠᠮᠠᠯᠠᠯᠲᠠ ᠶᠢᠨ ᠳᠦᠷᠢᠮ 》 ᠢ ᠬᠡᠷᠡᠭᠵᠢᠭᠦᠯᠵᠦ᠂ ᠭᠠᠵᠠᠷ ᠰᠢᠷᠣᠶ ᠶᠢ ᠵᠦᠪᠰᠢᠶᠡᠷᠡᠨ ᠣᠯᠪᠠᠯ ᠠᠪᠤᠪᠠᠯ ᠳᠠᠷᠤᠶ ᠳᠦᠷᠭᠡᠨ ᠠᠵᠢᠯ ᠢᠶᠠᠨ ᠡᠬᠢᠯᠡᠬᠦᠯᠦᠨ᠎ᠡ᠃ ᠡᠨᠡ ᠵᠢᠯ ᠠᠶᠢᠮᠠᠭ ᠤᠨ ᠲᠡᠰ ᠤᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ 110 ᠬᠡᠷᠡᠭᠵᠢᠬᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 1080 ᠳ᠋ᠦᠩᠰᠢᠭᠤᠷ ᠲᠥᠭᠦᠷᠢᠭ᠂ ᠵᠢᠯ ᠤᠨ ᠳᠦᠯᠦᠪᠯᠡᠭᠰᠡᠨ ᠪᠡᠯᠡ ᠣᠷᠣᠭᠤᠯᠣᠯᠳᠠ ᠨᠢ 190 ᠳ᠋ᠦᠩᠰᠢᠭᠤᠷ ᠲᠥᠭᠦᠷᠢᠭ᠂ ᠨᠢᠭᠡᠳᠦᠭᠡᠷ ᠤᠯᠠᠷᠢᠯ ᠳᠤ 41 ᠭᠤᠣᠯᠳᠠᠯᠭ᠎ᠠ ᠲᠠᠢ ᠲᠥᠷᠥᠯ ᠵᠦᠢᠯ ᠢ ᠠᠵᠢᠯ ᠢᠶᠠᠨ ᠡᠬᠢᠯᠡᠭᠦᠯᠬᠦ ᠪᠠᠷ ᠲᠥᠯᠥᠪᠯᠡᠵᠦ ᠪᠠᠶᠢᠨ᠎ᠠ᠃
      ᠲᠦᠷᠪᠡ ᠳᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠨ᠎ᠠ᠃ ᠲᠡᠷᠡ ᠳᠠᠷᠤᠶ  ᠳᠤᠨᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠲᠧᠯᠸᠢᠰ ᠣᠳᠠᠰᠣ ᠪᠠᠷ ᠳᠠᠮᠵᠢᠭᠤᠯᠬᠤ ᠬᠤᠷᠠᠯ ᠢ ᠵᠣᠬᠢᠶᠠᠨ ᠪᠠᠶᠢᠭᠤᠯᠣᠨ ᠬᠤᠷᠠᠯᠳᠤᠭᠤᠯᠵᠤ ᠬᠤᠯᠪᠣᠭᠳᠠᠯ ᠪᠥᠬᠦᠶ ᠠᠵᠢᠯ ᠤᠨ ᠲᠤᠬᠠᠶ ᠨᠠᠷᠢᠨ ᠪᠠᠶᠢᠷᠢᠯᠠᠭᠤᠯᠤᠯᠲᠠ ᠬᠢᠪᠠ᠃ ᠲᠠᠷᠠᠭᠠᠴᠢ ᠶᠢᠨ ᠠᠯᠬᠤᠮ ᠳᠤ ᠵᠣᠬᠢᠴᠠᠭᠤᠯᠬᠤ ᠦᠶᠯᠡᠴᠢᠯᠡᠭᠡ ᠪᠠᠨ ᠴᠢᠩᠭᠠᠳᠬᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠪᠠ ᠲᠠᠷᠢᠶᠠᠯᠠᠩ ᠤᠨ ᠮᠠᠰᠢᠨ ᠤ ᠲᠣᠬᠢᠷᠠᠭᠤᠯᠤᠯᠲᠠ ᠶᠢ ᠰᠠᠶᠢᠲᠤᠷ ᠬᠢᠵᠦ᠂ ᠳᠠᠷᠢᠶᠠᠯᠠᠩ ᠮᠠᠯ ᠠᠵᠤ ᠠᠬᠤᠶ ᠶᠢᠨ ᠳᠠᠭᠠᠭᠤᠯᠣᠭᠴᠢ ᠠᠵᠤ ᠠᠬᠤᠶᠢᠯᠠᠯ ᠤᠨ ᠦᠶᠯᠡᠳᠪᠦᠷᠢᠯᠡᠯ ᠢᠶᠠᠨ ᠰᠡᠷᠭᠦᠭᠡᠬᠦ ᠶᠢ ᠨᠢ  ᠢᠳᠡᠪᠬᠢᠳᠡᠢ ᠳᠡᠮᠵᠢᠵᠦ᠂ ᠰᠢᠨ᠎ᠡ ᠰᠣᠷᠭᠤᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠡᠭᠡᠭᠡᠪᠦᠷᠢ ᠶᠢᠨ ᠰᠠᠭᠠᠳ ᠥᠬᠡᠶ ᠨᠡᠪᠲᠡᠷᠡᠬᠦ ᠵᠠᠮ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠢᠳᠡᠰᠢᠨ ᠨᠣᠭᠤᠭ᠎ᠠ᠂ ᠮᠢᠬ᠎ᠠ ᠥᠨᠳᠡᠭᠡ ᠰᠦ᠂ ᠠᠮᠤ ᠪᠤᠳᠠᠭ᠎ᠠ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠶᠯ ᠤᠨ ᠦᠶᠯᠡᠳᠪᠦᠷᠢᠯᠡᠯ ᠬᠠᠩᠭᠠᠯᠭ᠎ᠠ ᠶᠢ ᠰᠢᠯᠤᠭᠤᠳᠬᠠᠨ᠎ᠠ᠃ ᠴᠠᠭ ᠠᠭᠤᠷ ᠤᠨ ᠭᠠᠮᠰᠢᠭ ᠵᠢᠴᠢ ᠣᠢ ᠰᠢᠭᠤᠶ ᠨᠤᠲᠤᠭ ᠪᠡᠯᠴᠢᠭᠡᠷ ᠤᠨ ᠳᠦᠢᠮᠡᠷ ᠤᠨ ᠠᠶᠣᠯ ᠢ ᠬᠢᠨᠠᠨ ᠬᠡᠮᠵᠢᠵᠦ   ᠰᠡᠷᠡᠮᠵᠢᠯᠡᠭᠦᠯᠬᠦ ᠪᠠ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠮᠠᠯᠵᠢᠬᠤ ᠳᠠᠷᠢᠶᠠᠯᠠᠬᠤ ᠣᠷᠣᠨ ᠳᠤ ᠨᠠᠷᠢᠯᠢᠭᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠮᠢᠲᠠᠨ ᠤ ᠬᠢᠵᠢᠭ ᠮᠠᠯᠵᠢᠬᠤ ᠲᠠᠷᠢᠶᠠᠯᠠᠬᠤ ᠣᠷᠣᠨ ᠳᠤ ᠲᠠᠷᠬᠠᠨ ᠳᠡᠯᠭᠡᠷᠡᠬᠦ  ᠶᠢ ᠡᠷᠡᠰ ᠰᠡᠷᠭᠡᠶᠢᠯᠡᠨ ᠬᠤᠷᠢᠭᠯᠠᠨ᠎ᠠ᠃ ᠡᠨᠡ ᠵᠢᠯ ᠤᠨ ᠬᠠᠪᠤᠷ ᠤᠨ ᠲᠠᠷᠢᠶᠠᠯᠠᠭ᠎ᠠ 3 ᠰᠠᠷ᠎ᠠ ᠶᠢᠨ ᠳᠤᠮᠳᠠᠴᠢ ᠠᠴᠠ ᠡᠬᠢᠯᠡᠨ᠂ ᠵᠢᠱᠢᠭᠰᠡᠨ ᠪᠠᠷ ᠬᠠᠪᠤᠷ ᠤᠨ ᠲᠠᠷᠢᠶᠠᠯᠠᠭ᠎ᠠ ᠶᠢᠨ ᠲᠠᠯᠠᠪᠠᠶ 47.5 ᠲᠦᠮᠡᠨ ᠮᠥ ᠪᠠᠶᠢᠵᠤ᠂ ᠣᠳᠣᠬᠠᠨ ᠳᠤ ᠳᠡᠵᠢᠭᠡᠪᠦᠷᠢ ᠮᠠᠯ ᠤᠨ ᠲᠤᠭ᠎ᠠ 86.7 ᠳᠦᠮᠡ᠂ ᠲᠠᠷᠢᠶᠠᠯᠠᠩ ᠮᠠᠯ ᠠᠵᠤ ᠠᠬᠤᠶ ᠶᠢᠨ  ᠠᠵᠢᠯ ᠢᠶᠠᠨ ᠰᠡᠷᠭᠦᠭᠡᠭᠰᠡᠨ ᠠᠵᠤ ᠠᠬᠤᠶᠢᠯᠠᠯ 20 ︵13 ᠡᠷᠦᠬᠡ ᠨᠢ ᠥᠪᠡᠷᠲᠡᠭᠡᠨ ᠵᠠᠰᠠᠬᠤ ᠣᠷᠣᠨ ᠤ ᠲᠠᠰ ᠪᠤᠶᠤ ᠤᠯᠤᠰ ᠤᠨ ᠲᠠᠰ ᠤᠨ ᠳᠠᠭᠠᠭᠤᠯᠤᠭᠴᠢ ᠠᠵᠤ ᠠᠬᠤᠶᠢᠯᠠᠯ ᠪᠣᠯᠤᠨ᠎ᠠ︶᠂ ᠲᠠᠷᠢᠶᠠᠯᠠᠩ ᠤᠨ ᠦᠶᠯᠡᠳᠪᠦᠷᠢᠯᠡᠯ ᠤᠨ ᠬᠡᠷᠡᠭᠰᠡᠯ ᠤᠨ ᠠᠵᠤ ᠠᠬᠤᠶᠢᠯᠠᠯ 3᠂ ᠮᠠᠯ ᠤᠨ ᠡᠮ ᠤᠨ ᠡᠵᠡᠩᠨᠡᠯᠲᠡ ᠶᠢᠨ ᠴᠡᠭ 12 ᠪᠠᠶᠢᠵᠤ᠂ ᠲᠠᠷᠢᠶᠠᠯᠠᠩ ᠮᠠᠯ ᠠᠵᠤ ᠠᠬᠤᠶ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃ ᠡᠭᠦᠨ ᠤ ᠬᠠᠮᠲᠤ᠂ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠢᠳᠡᠪᠬᠢᠲᠡᠶ ᠭᠡᠷᠡᠭᠵᠢᠬᠦᠯᠵᠦ᠂ ᠶᠠᠳᠠᠭᠤ ᠠᠴᠠ  ᠠᠩᠬᠢᠵᠢᠷᠠᠭᠰᠠᠨ ᠬᠥᠮᠦᠰ ᠤᠨ ᠣᠷᠴᠢᠮ ᠤᠨ ᠪᠠᠶᠢᠳᠠᠯ ᠢ ᠨᠢ ᠰᠢᠰᠲ᠋ᠧᠮ ᠲᠠᠢ ᠰᠢᠭᠰᠢᠨ ᠪᠠᠶᠢᠴᠠᠭᠠᠵᠤ᠂ ᠬᠢᠵᠢᠭ ᠤᠨ ᠶᠠᠳᠠᠭᠤ ᠬᠦᠴᠢᠷᠳᠡᠯᠲᠡᠶ ᠬᠦᠮᠦᠰ ᠲᠤ ᠦᠵᠡᠭᠦᠯᠦᠭᠰᠡᠨ ᠨᠥᠯᠥᠭᠡ ᠶᠢ ᠬᠠᠮᠤᠭ ᠤᠨ ᠳᠣᠤᠷ᠎ᠠ ᠳᠦᠪᠰᠢᠨ ᠳᠤ ᠪᠠᠭᠤᠷᠠᠭᠤᠯᠬᠤ ᠪᠠᠷ ᠴᠢᠷᠮᠠᠶᠢᠨ᠎ᠠ᠃ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠶᠢ ᠪᠣᠳᠠᠲᠠᠶ ᠪᠥᠭᠡᠳ ᠨᠠᠷᠢᠯᠢᠭ ᠠᠳᠬᠤᠵᠤ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ ᠠᠵᠢᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠶ ᠳᠦᠯᠦᠪᠯᠡᠨ ᠵᠣᠯᠭᠠᠭᠤᠯᠵᠤ᠂ ᠶᠠᠳᠠᠭᠤ ᠠᠴᠠ ᠠᠩᠬᠢᠵᠢᠷᠠᠭᠤᠯᠣᠭᠰᠠᠨ ᠦᠷ᠎ᠡ ᠪᠦᠳᠦᠮᠵᠢ ᠶᠢ ᠲᠠᠰᠤᠷᠠᠯᠲᠠ ᠥᠬᠡᠶ ᠪᠠᠬᠢᠵᠢᠭᠦᠯᠦᠨ ᠳᠡᠭᠡᠭᠰᠢᠯᠡᠬᠦᠯᠦᠨ᠎ᠡ᠃
      ᠲᠠᠪᠤ ᠳᠤ᠂ ᠰᠠᠭᠤᠭᠠᠯᠢ ᠠᠷᠠᠳ ᠤᠨ ᠬᠡᠷᠡᠭᠯᠡᠭᠡ ᠶᠢ ᠬᠦᠴᠦᠯᠡᠨ ᠲᠣᠭᠲᠠᠪᠤᠷᠢᠵᠢᠭᠤᠯᠤᠨ᠎ᠠ᠃ ᠦᠶᠯᠡᠴᠢᠯᠡᠭᠡᠨ  ᠤ ᠦᠢᠯᠡᠰ ᠤᠨ ᠵᠠᠬ᠎ᠠ ᠳᠡᠯᠭᠡᠭᠦᠷ ᠢ ᠲᠥᠷᠥᠯ ᠬᠤᠪᠢᠶᠠᠨ ᠡᠮᠬᠢ ᠵᠢᠷᠤᠮ ᠲᠠᠢ ᠴᠢᠯᠥᠭᠡᠲᠡᠶ ᠡᠵᠡᠩᠨᠡᠬᠦ ᠶᠢ ᠨᠢ ᠢᠳᠡᠪᠬᠢᠲᠡᠶ ᠪᠠᠷ ᠠᠬᠢᠭᠤᠯᠵᠤ᠂ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠪᠣᠯᠤᠨ ᠬᠡᠷᠡᠭᠯᠡᠬᠡᠨ ᠤ ᠬᠡᠷᠡᠭᠴᠡᠭᠡ ᠶᠢ ᠬᠠᠩᠭᠠᠵᠤ᠂ ᠡᠵᠡᠩᠨᠡᠯᠲᠡ ᠶᠢᠨ ᠲᠠᠯᠠᠪᠤᠷ ᠭᠠᠵᠠᠷ ᠤᠨ ᠬᠢᠵᠢᠭ ᠢ ᠰᠡᠷᠭᠡᠶᠢᠯᠡᠬᠦ ᠬᠠᠮᠢᠶᠠᠷᠣᠯᠳᠠ ᠶᠢ ᠴᠢᠩᠭᠠᠳᠬᠠᠨ᠂ ᠣᠯᠠᠨ ᠲᠦᠮᠡᠨ ᠤ ᠡᠷᠡᠭᠦᠯ ᠮᠡᠨᠳᠦ ᠠᠮᠤᠷ ᠲᠦᠪᠰᠢᠨ ᠢ ᠦᠨᠡᠨᠬᠦ ᠪᠠᠳᠣᠯᠠᠨ᠎ᠠ᠃ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠠᠵᠢᠯ ᠢ ᠰᠠᠶᠢᠲᠤᠷ ᠬᠢᠵᠦ᠂ ᠰᠠᠭᠤᠭᠠᠯᠢ ᠠᠷᠠᠳ  ᠤᠨ《ᠬᠦᠨᠡᠰᠦᠨ ᠤ ᠤᠭᠤᠲᠠ》ᠪᠠ《 ᠢᠳᠡᠰᠢᠨ ᠨᠣᠭᠤᠭ᠎ᠠ》 ᠶᠢ ᠰᠠᠶᠢᠲᠤᠷ ᠪᠠᠲᠤᠯᠠᠵᠤ᠂ ᠭᠤᠯᠢᠷ᠂ ᠲᠤᠰᠤ᠂ ᠮᠢᠬ᠎ᠠ ᠥᠨᠳᠡᠭᠡ ᠰᠦ ᠪᠣᠯᠤᠨ ᠵᠢᠮᠢᠰ ᠨᠣᠭᠤᠭ᠎ᠠ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠶᠯ ᠤᠨ ᠬᠠᠩᠭᠠᠯᠭ᠎ᠠ ᠶᠢ ᠴᠢᠩᠭᠠᠳᠬᠠᠵᠤ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ᠂ ᠪᠠᠷᠠᠭᠠᠨ ᠤ ᠦᠨ᠎ᠡ ᠶᠢ ᠲᠦᠷᠬᠢᠯᠳᠦᠨ ᠥᠰᠬᠡᠬᠦ᠂ ᠬᠤᠳᠠᠯ ᠬᠠᠭᠤᠷᠮᠠᠭ ᠶᠠᠭᠤᠮ᠎ᠠ ᠦᠶᠯᠡᠳᠴᠦ ᠪᠣᠷᠣᠯᠠᠭᠤᠯᠬᠤ ᠵᠡᠷᠭᠡ ᠵᠠᠬ᠎ᠠ ᠳᠡᠯᠭᠡᠭᠦᠷ ᠢ ᠰᠠᠮᠠᠭᠤᠷᠠᠭᠤᠯᠣᠭᠰᠠᠨ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠶᠳᠪᠦᠷᠢᠯᠡᠨ᠎ᠡ᠃ ᠣᠳᠣ ᠪᠣᠯᠲᠠᠯ᠎ᠠ᠂ ᠴᠤᠭᠯᠠᠭ᠎ᠠ ᠮᠠᠶᠢᠮᠠᠶ ᠶᠢᠨ 12 ᠵᠠᠬ᠎ᠠ ᠳᠡᠯᠭᠡᠭᠦᠷ ᠤᠨ ᠡᠵᠡᠩᠨᠡᠯᠲᠡ ᠪᠠᠨ ᠰᠡᠷᠭᠦᠭᠡᠭᠰᠡᠨ ᠨᠢ 9 ᠪᠠᠶᠢᠵᠤ᠂ ᠬᠤᠳᠠᠯᠳᠤᠭᠠᠨ ᠤ ᠲᠠᠯᠠᠪᠤᠷ ᠤᠨ 3181 ᠴᠢᠯᠦᠭᠡᠳᠦ ᠳᠡᠯᠭᠡᠭᠦᠷ ᠤᠨ ᠡᠵᠡᠩᠨᠡᠯᠲᠡ ᠪᠠᠨ ᠰᠡᠷᠭᠦᠭᠡᠭᠰᠡᠨ ᠨᠢ 1339 ᠡᠷᠦᠬᠡ᠂ ᠵᠢᠵᠢᠭᠯᠡᠨ ᠪᠣᠷᠣᠯᠠᠭᠤᠯᠬᠤ 172 ᠡᠮ ᠤᠨ ᠳᠡᠯᠭᠡᠭᠦᠷ ᠤᠨ ᠡᠵᠡᠩᠨᠡᠯᠲᠡ ᠪᠠᠨ ᠰᠡᠷᠭᠦᠭᠡᠭᠰᠡᠨ ᠨᠢ 157 ᠡᠷᠦᠬᠡ᠂ 3468 ᠡᠷᠦᠬᠡ ᠢᠳᠡᠭᠡᠨ ᠤᠮᠳᠠᠭᠠᠨ ᠤ ᠨᠢᠭᠡᠴᠡ ᠶᠢᠨ ᠡᠵᠡᠩᠨᠡᠯᠲᠡ ᠪᠠᠨ ᠰᠡᠷᠭᠦᠭᠡᠭᠰᠡᠨ ᠨᠢ 325 ᠡᠷᠦᠬᠡ᠂ ᠢᠳᠡᠭᠡᠨ ᠦᠶᠯᠡᠳᠪᠦᠷᠢᠯᠡᠬᠦ 284 ᠠᠵᠤ ᠠᠬᠤᠶᠢᠯᠠᠯ ᠪᠠ ᠢᠳᠡᠭᠡᠨ ᠪᠣᠯᠪᠠᠰᠣᠷᠠᠭᠤᠯᠬᠤ ᠵᠢᠵᠢᠭ ᠦᠶᠯᠡᠳᠬᠡᠯ ᠤᠨ ᠠᠵᠤ ᠠᠬᠤᠶᠢᠯᠠᠯ ᠤᠨ ᠡᠵᠡᠩᠨᠡᠯᠲᠡ ᠪᠠᠨ ᠰᠡᠷᠭᠦᠭᠡᠭᠰᠡᠨ ᠨᠢ 106 ᠡᠷᠦᠬᠡ᠂ ᠰᠠᠭᠤᠭᠠᠯᠢ ᠠᠷᠠᠳ ᠤᠨ ᠦᠶᠯᠡᠴᠢᠯᠡᠭᠡᠨ ᠤ ᠠᠵᠢᠯ ᠲᠥᠷᠥᠯ ᠤᠨ ᠬᠤᠯᠪᠣᠭᠳᠠᠯ ᠪᠦᠬᠦᠢ 10955 ᠡᠷᠦᠬᠡ ᠶᠢᠨ ᠡᠵᠡᠩᠨᠡᠯᠲᠡ ᠪᠠᠨ ᠰᠡᠷᠭᠦᠭᠡᠭᠰᠡᠨ ᠨᠢ 1588 ᠡᠷᠦᠬᠡ᠃ ᠡᠯ᠎ᠡ ᠲᠥᠷᠥᠯ ᠤᠨ ᠠᠪᠤᠷᠠᠨ ᠲᠤᠰᠠᠯᠠᠬᠤ᠂ ᠪᠠᠴᠢᠮ ᠪᠠᠶᠢᠳᠠᠯ ᠠᠴᠠ ᠠᠪᠤᠷᠠᠬᠤ ᠲᠥᠷᠥ ᠶᠢᠨ ᠪᠣᠳᠣᠯᠭ᠎ᠠ ᠶᠢᠨ ᠰᠠᠨᠠᠭᠠᠴᠢᠯᠠᠭᠠᠲᠤ ᠴᠢᠨᠠᠷ ᠪᠣᠯᠤᠨ ᠴᠢᠭᠯᠡᠯᠲᠦ ᠴᠢᠨᠠᠷ ᠢ ᠳᠡᠭᠡᠭᠰᠢᠯᠡᠭᠦᠯᠵᠦ᠂ ᠵᠢᠵᠢᠭ ᠠᠵᠤ ᠠᠬᠤᠶᠢᠯᠠᠯ ᠪᠣᠯᠤᠨ ᠦᠶᠯᠡᠳᠪᠦᠷᠢ ᠬᠤᠳᠠᠯᠳᠤᠭᠠᠨ ᠤ ᠬᠤᠪᠢ ᠶᠢᠨ ᠡᠵᠡᠩᠨᠡᠯᠳᠡ ᠶᠢᠨ ᠡᠷᠦᠬᠡ ᠶᠢ ᠲᠡᠳᠬᠦᠬᠦ ᠡᠷᠴᠢᠮ ᠢ ᠴᠢᠩᠭᠠᠷᠠᠭᠤᠯᠵᠦ᠂ ᠬᠢᠵᠢᠭ ᠤᠨ ᠪᠠᠶᠢᠳᠠᠯ ᠠᠴᠠ ᠪᠣᠯᠵᠤ ᠭᠠᠮᠰᠢᠭᠳᠠᠭᠰᠠᠨ᠂ ᠬᠦᠴᠢᠷᠳᠡᠯ ᠳᠤ ᠳᠣᠯᠭᠠᠷᠠᠭᠰᠠᠨ ᠣᠯᠠᠨ ᠲᠦᠮᠡᠨ ᠪᠣᠯᠤᠨ ᠵᠢᠵᠢᠭ ᠠᠵᠤ ᠠᠬᠤᠶᠢᠯᠠᠯ᠂ ᠦᠶᠯᠡᠳᠪᠦᠷᠢ ᠬᠤᠳᠠᠯᠳᠤᠭᠠᠨ ᠤ ᠬᠤᠪᠢ ᠶᠢᠨ ᠡᠵᠡᠩᠨᠡᠯᠳᠡ ᠶᠢᠨ ᠡᠷᠦᠬᠡ ᠶᠢ ᠦᠨᠡᠨᠬᠦ ᠬᠠᠪᠰᠤᠷᠤᠨ ᠬᠦᠴᠢᠷᠳᠡᠯ ᠢ ᠳᠣᠭᠤᠯᠣᠨ᠎ᠠ᠃       ᠳᠠᠶᠢᠴᠢᠨ ᠠᠴᠠ᠂ ᠠᠯᠠᠱᠠ ᠠᠶᠢᠮᠠᠭ ᠨᠢ ᠲᠥᠪ᠂ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠴᠢᠩᠭᠠᠳᠬᠠᠨ᠂ ᠭᠠᠷᠳᠠᠨ ᠠᠵᠢᠯᠯᠠᠬᠤ ᠪᠠᠶᠢᠳᠠᠯ ᠢᠶᠠᠨ ᠪᠠᠲᠤᠯᠠᠵᠤ᠂ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ᠂ ᠭᠠᠳᠠᠭᠠᠳᠤ ᠠᠴᠠ ᠬᠢᠵᠢᠭ ᠳᠠᠮᠵᠢᠭᠳᠠᠨ ᠳᠠᠷᠬᠠᠬᠤ ᠶᠢ ᠰᠡᠷᠭᠡᠶᠢᠯᠡᠨ᠂ ᠲᠤᠶᠢᠯ ᠤᠨ ᠣᠨᠣᠪᠴᠢᠲᠠᠶ ᠪᠠᠷ ᠰᠡᠷᠡᠮᠵᠢᠯᠡᠭᠦᠯᠬᠦ ᠶᠢ ᠦᠷᠭᠦᠯᠵᠢᠯᠡᠨ ᠪᠠᠷᠢᠮᠲᠠᠯᠠᠵᠤ᠂ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠪᠣᠳᠠᠲᠠᠶ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠦᠶᠯᠡᠳᠪᠦᠷᠢᠯᠡᠯ ᠢᠶᠠᠨ ᠰᠡᠷᠭᠦᠭᠡᠬᠦ᠂ ᠲᠥᠷᠥᠯ ᠵᠦᠶᠯ ᠤᠨ ᠠᠵᠢᠯ ᠢᠶᠠᠨ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠪᠥᠬᠦ ᠬᠦᠴᠦᠨ ᠢᠶᠠᠷ ᠠᠬᠢᠭᠤᠯᠤᠨ᠎ᠠ᠃ ᠬᠡᠷᠡᠭᠯᠡᠭᠡᠨ ᠤ ᠵᠠᠬ᠎ᠠ ᠳᠡᠯᠭᠡᠭᠦᠷ ᠢ ᠬᠦᠴᠦᠯᠡᠨ ᠲᠣᠭᠲᠠᠪᠤᠷᠢᠵᠢᠭᠤᠯᠵᠤ᠂ ᠬᠠᠪᠤᠷ ᠤᠨ ᠲᠠᠷᠢᠶᠠᠯᠠᠭ᠎ᠠ  ᠶᠢᠨ ᠪᠡᠯᠡᠳᠭᠡᠯ ᠢ ᠪᠠᠲᠤᠯᠠᠵᠤ᠂ ᠲᠥᠷᠥᠯ ᠬᠤᠪᠢᠶᠠᠨ ᠵᠢᠯᠣᠭᠤᠳᠴᠤ᠂ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ︽ᠬᠤᠶᠠᠷ ᠲᠠᠯ᠎ᠠ ᠶᠢ ᠠᠳᠬᠤᠬᠤ︾ ᠶᠢ ᠠᠬᠢᠭᠤᠯᠵᠤ᠂ ︽ᠬᠤᠤᠰ ᠢᠯᠠᠯᠳᠠ︾ ᠶᠢ ᠲᠡᠮᠡᠴᠡᠨ ᠣᠯᠵᠤ᠂ ᠪᠥᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠳᠤ ᠰᠠᠶᠢᠲᠤᠷ ᠰᠠᠭᠤᠷᠢ ᠲᠠᠯᠪᠢᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠲᠡᠮᠡᠴᠡᠬᠦ ᠬᠠᠷᠠᠯᠲᠠ ᠶᠢ ᠪᠡᠶᠡᠯᠡᠬᠦᠯᠬᠦ ᠶᠢ ᠦᠨᠡᠨᠬᠦ ᠪᠠᠲᠤᠯᠠᠨ᠎ᠠ ᠭᠡᠵᠡᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号