ᠠᠯᠠᠱᠠ ᠠᠶᠢᠮᠠᠭ ᠤᠨ ᠨᠤᠳᠤᠭ ᠪᠡᠯᠴᠢᠬᠡᠷ ᠤᠨ ᠬᠠᠪᠤᠷ ᠤᠨ ᠤᠯᠠᠷᠢᠯ ᠤᠨ ᠬᠤᠯᠤᠭᠠᠨ᠎ᠠ ᠶᠢᠨ ᠬᠥᠨᠤᠬᠡᠯ ᠢ ᠡᠵᠡᠮᠳᠡᠨ ᠰᠡᠷᠬᠡᠶᠢᠯᠡᠭᠦ ᠠᠵᠢᠯ ᠡᠬᠢᠯᠡᠯ᠎ᠡ
ᠨᠡᠶᠢᠲᠡᠯᠡᠭᠰᠡᠨ ᠴᠠᠭ᠄
2020/3/16
      ᠥᠢᠷ᠎ᠠ ᠳᠤ᠂ ᠠᠶᠢᠮᠠᠭ ᠤᠨ ᠨᠤᠳᠤᠭ ᠪᠡᠯᠴᠢᠬᠡᠷ ᠤᠨ ᠠᠵᠢᠯ ᠤᠨ ᠥᠷᠳᠡᠭᠡ ᠠᠴᠠ ᠪᠥᠭᠦ ᠠᠶᠢᠮᠠᠭ ᠤᠨ ᠨᠤᠳᠤᠭ ᠪᠡᠯᠴᠢᠬᠡᠷ ᠤᠨ ᠬᠠᠪᠤᠷ ᠤᠨ ᠤᠯᠠᠷᠢᠯ ᠤᠨ ᠬᠤᠯᠤᠭᠠᠨ᠎ᠠ ᠶᠢᠨ ᠬᠥᠨᠤᠬᠡᠯ ᠢ ᠡᠵᠡᠮᠳᠡᠨ ᠰᠡᠷᠭᠡᠶᠢᠯᠡᠬᠦ ᠡᠯ᠎ᠡ ᠲᠥᠷᠥᠯ ᠤᠨ ᠪᠡᠯᠡᠳᠬᠡᠯ ᠠᠵᠢᠯ ᠢᠶᠠᠨ ᠡᠬᠢᠯᠡᠭᠦᠯᠥᠭᠰᠡᠨ ᠪᠠᠶᠢᠨ᠎ᠠ᠃       ᠪᠥᠭᠦ ᠠᠶᠢᠮᠠᠭ ᠤᠨ ᠨᠤᠳᠤᠭ ᠪᠡᠯᠴᠢᠬᠡᠷ ᠤᠨ ᠬᠠᠪᠤᠷ ᠤᠨ ᠤᠯᠠᠷᠢᠯ ᠤᠨ ᠬᠤᠯᠤᠭᠠᠨ᠎ᠠ ᠶᠢᠨ ᠬᠥᠨᠤᠬᠡᠯ ᠢ ᠡᠵᠡᠮᠳᠡᠨ ᠰᠡᠷᠬᠡᠶᠢᠯᠡᠭᠦ ᠠᠵᠢᠯ ᠢ ᠰᠠᠶᠢᠳᠤᠷ ᠬᠢᠭᠦ ᠶᠢᠨ ᠲᠤᠰᠠᠳᠠ᠂ ᠠᠶᠢᠮᠠᠭ ᠤᠨ ᠨᠤᠳᠤᠭ ᠪᠡᠯᠴᠢᠬᠡᠷ ᠤᠨ ᠠᠵᠢᠯ ᠤᠨ ᠥᠷᠳᠡᠭᠡ ︽ᠠᠯᠠᠱᠠ ᠠᠶᠢᠮᠠᠭ ᠤᠨ 2020 ᠤᠨ ᠤ ᠨᠤᠳᠤᠭ ᠪᠡᠯᠴᠢᠬᠡᠷ ᠤᠨ ᠬᠠᠪᠤᠷ ᠤᠨ ᠤᠯᠠᠷᠢᠯ ᠤᠨ ᠬᠤᠯᠤᠭᠠᠨ᠎ᠠ ᠶᠢᠨ ᠬᠥᠨᠤᠬᠡᠯ ᠢ ᠡᠵᠡᠮᠳᠡᠨ ᠰᠡᠷᠬᠡᠶᠢᠯᠡᠭᠦ ᠠᠵᠢᠯ ᠤᠨ ᠳᠦᠰᠦᠯ︾ ᠢ ᠲᠤᠭᠳᠠᠭᠠᠵᠤ᠂ ᠠᠯᠠᠱᠠ ᠠᠶᠢᠮᠠᠭ ᠤᠨ ᠬᠤᠯᠤᠭᠠᠨ᠎ᠠ ᠶᠢᠨ ᠬᠥᠨᠤᠬᠡᠯ ᠢ ᠡᠵᠡᠮᠳᠡᠨ ᠰᠡᠷᠬᠡᠶᠢᠯᠡᠭᠦ ᠠᠵᠢᠯ ᠤᠨ ᠵᠢᠯᠤᠭᠤᠳᠬᠤ ᠭᠠᠵᠠᠷ ᠭᠠᠷᠭᠠᠨ 24 ᠴᠠᠭ ᠢᠶᠠᠷ ᠵᠢᠵᠢᠭᠦᠷᠯᠡᠨ ᠠᠵᠢᠯᠯᠠᠬᠤ ᠲᠥᠷᠢᠮ ᠢ ᠲᠤᠭᠳᠠᠭᠠᠭᠰᠠᠨ ᠪᠠᠶᠢᠨ᠎ᠠ᠃ ᠵᠢᠱᠢᠨ ᠪᠤᠳᠤᠭᠰᠠᠨ ᠢᠶᠠᠷ᠂ 2020 ᠤᠨ ᠳᠤ ᠪᠥᠭᠦ ᠠᠶᠢᠮᠠᠭ ᠲᠤ ᠬᠤᠯᠤᠭᠠᠨ᠎ᠠ ᠶᠢᠨ ᠬᠥᠨᠤᠬᠡᠯ ᠡᠭᠦᠰᠴᠤ ᠮᠡᠳᠡᠭᠦ ᠨᠤᠳᠤᠭ ᠪᠡᠯᠴᠢᠬᠡᠷ ᠤᠨ ᠲᠠᠯᠠᠪᠠᠢ 1408 ᠲᠥᠮᠡᠨ ᠮᠤ᠋ ᠪᠠᠶᠢᠵᠤ᠂ ᠡᠭᠦᠨ ᠳᠤ ᠠᠯᠠᠱᠠ ᠵᠡᠭᠦᠨ ᠬᠤᠰᠢᠭᠤᠨ ᠳᠤ 610 ᠲᠥᠮᠡᠨ ᠮᠤ᠋᠂ ᠠᠯᠠᠱᠠ ᠪᠠᠷᠠᠭᠤᠨ ᠬᠤᠰᠢᠭᠤᠨ ᠳᠤ 400 ᠲᠥᠮᠡᠨ ᠮᠤ᠋᠂ ᠡᠵᠡᠨ᠎ᠡ ᠬᠤᠰᠢᠭᠤᠨ ᠳᠤ 398 ᠲᠥᠮᠡᠨ ᠮᠤ᠋ ᠬᠤᠯᠤᠭᠠᠨ᠎ᠠ ᠶᠢᠨ ᠬᠥᠨᠤᠬᠡᠯ ᠡᠭᠦᠰᠭᠦ ᠪᠤᠯᠤᠮᠵᠢ ᠲᠠᠢ ᠨᠤᠳᠤᠭ ᠪᠡᠯᠴᠢᠬᠡᠷ ᠪᠤᠢ᠃       ᠤᠳᠤᠬᠠᠨ ᠳᠤ᠂ ᠪᠥᠭᠦ ᠠᠶᠢᠮᠠᠭ ᠤᠨ ᠡᠯ᠎ᠡ ᠱᠠᠳᠤᠨ ᠤ ᠨᠤᠳᠤᠭ ᠪᠡᠯᠴᠢᠬᠡᠷ ᠤᠨ ᠰᠠᠯᠠᠭ᠎ᠠ ᠮᠥᠴᠢᠷ ᠤᠨ ᠬᠢᠨ ᠨᠤᠳᠤᠭ ᠪᠡᠯᠴᠢᠬᠡᠷ ᠤᠨ ᠬᠠᠪᠤᠷ ᠤᠨ ᠤᠯᠠᠷᠢᠯ ᠤᠨ ᠬᠤᠯᠤᠭᠠᠨ᠎ᠠ ᠶᠢᠨ ᠬᠥᠨᠤᠬᠡᠯ ᠢ ᠡᠵᠡᠮᠳᠡᠨ ᠰᠠᠷᠬᠡᠶᠢᠯᠡᠭᠦ ᠪᠡᠯᠡᠳᠬᠡᠯ ᠠᠵᠢᠯ ᠢᠶᠠᠨ ᠪᠦᠬᠦ ᠲᠠᠯ᠎ᠠ ᠪᠠᠷ ᠢᠳᠡᠪᠬᠢᠳᠠᠢ ᠡᠬᠢᠯᠡᠭᠦᠯᠵᠤ᠂ ᠲᠥᠯᠤᠪᠯᠡᠭᠰᠡᠨ ᠢᠶᠠᠷ᠂ 3 ᠰᠠᠷ᠎ᠠ ᠶᠢᠨ 20 ᠤ ᠡᠳᠤᠷ ᠠᠴᠠ ᠨᠤᠳᠤᠭ ᠪᠡᠯᠴᠢᠬᠡᠷ ᠲᠤ ᠬᠤᠯᠤᠭᠠᠨ᠎ᠠ ᠶᠢᠨ ᠬᠥᠨᠤᠬᠡᠯ ᠢ ᠡᠵᠡᠮᠳᠡᠨ ᠰᠡᠷᠬᠡᠶᠢᠯᠡᠭᠦ ᠠᠵᠢᠯ ᠢᠶᠠᠨ ᠡᠬᠢᠯᠡᠭᠦᠯᠭᠦ ᠪᠤᠯᠤᠨ᠎ᠡ᠃ 2020 ᠤᠨ ᠳᠤ᠂ ᠮᠠᠨ ᠤ ᠠᠶᠢᠮᠠᠭ 300 ᠲᠥᠮᠡᠨ ᠮᠤ᠋ ᠨᠤᠳᠤᠭ ᠪᠡᠯᠴᠢᠬᠡᠷ ᠢ ᠬᠤᠯᠤᠭᠠᠨ᠎ᠠ ᠶᠢᠨ ᠬᠥᠨᠤᠬᠡᠯ ᠠᠴᠠ ᠰᠡᠷᠭᠡᠶᠢᠯᠡᠬᠦ ᠪᠠᠷ ᠲᠥᠯᠤᠪᠯᠡᠵᠤ ᠪᠠᠶᠢᠨ᠎ᠠ᠃                                                        (ᠵᠣᠬᠢᠶᠠᠭᠴᠢ᠄ ᠲᠠᠪᠰᠢᠯᠳᠤ)
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号