ᠠᠶᠢᠮᠠᠭ ᠤᠨ ᠳᠠᠷᠤᠭ᠎ᠠ ᠳᠠᠶᠢᠴᠢᠨ ᠤ 2020 ᠣᠨ ᠤ ᠠᠶᠢᠮᠠᠭ ᠤᠨ ᠨᠠᠮ ᠤᠨ ᠬᠤᠷᠢᠶᠠᠨ   ᠤ(ᠦᠷᠭᠡᠳᠭᠡᠭᠰᠡᠨ)ᠬᠤᠷᠠᠯ ᠳᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2020/3/24
        ᠠᠶᠢᠮᠠᠭ ᠤᠨ ᠨᠠᠮ ᠤᠨ ᠬᠤᠷᠢᠶᠠᠨ ᠤ ︵ᠦᠷᠭᠡᠳᠭᠡᠭᠰᠡᠨ︶  ᠬᠤᠷᠠᠯ ᠲᠡᠭᠡᠷᠠᠬᠢ ᠶᠠᠷᠢᠶ᠎ᠠ                             2020 ᠤᠨ ᠤ 2 ᠰᠠᠷ᠎ᠠ ᠶᠢᠨ 28 ᠤ ᠡᠲᠤᠷ                                  ᠠᠶᠢᠮᠠᠭ ᠤᠨ ᠳᠠᠷᠤᠭ᠎ᠠ     ᠲᠠᠶᠢᠴᠢᠨ      ᠨᠦᠬᠦᠳ ᠡ᠄      ᠰᠠᠶ᠋ᠢ᠂ ᠸᠠᠨ ᠴᠤᠤ ᠴᠢ ᠱᠦᠵᠢ ᠠᠴᠠ 2019 ᠤᠨ ᠤ ᠪᠦᠬᠦ ᠠᠶᠢᠮᠠᠭ ᠤᠨ ᠠᠵᠤ ᠠᠬᠤᠢ ᠨᠠᠶᠢᠭᠡᠮ ᠤᠨ ᠬᠦᠭᠵᠢᠯᠳᠡ ᠶᠢᠨ ᠪᠠᠶᠢᠳᠠᠯ ᠢ ᠪᠦᠬᠦ ᠲᠠᠯ᠎ᠠ ᠪᠠᠷ ᠳ᠋ᠦᠩᠨᠡᠵᠦ᠂ 2020 ᠤᠨ ᠤ ᠠᠵᠢᠯ ᠤᠨ ᠰᠡᠳᠬᠢᠴᠠ ᠪᠠ ᠶᠠᠷᠤᠩᠭᠡᠢ ᠱᠠᠭᠠᠷᠳᠠᠯᠭ᠎ᠠ ᠶᠢ ᠲᠤᠷᠠᠳᠴᠦ᠂ ᠪᠦᠬᠦ ᠵᠢᠯ ᠤᠨ ᠬᠠᠷᠠᠯᠳᠠ ᠪᠠ ᠭᠤᠤᠯ ᠡᠬᠦᠷᠭᠡ ᠶᠢ ᠲᠤᠲᠤᠷᠬᠠᠶᠢᠯᠠᠪᠠ᠂ ᠪᠢᠳᠡ ᠡᠷᠭᠡᠪᠰᠢ ᠨᠠᠷᠢᠨ ᠬᠢᠨᠠᠮᠠᠭᠠᠢ ᠰᠤᠷᠤᠯᠴᠠᠨ ᠡᠵᠡᠮᠰᠢᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠭᠡᠷᠡᠭᠲᠡᠢ᠃      2019 ᠤᠨ ᠳᠤ᠂ ᠬᠠᠳᠠᠭᠤ ᠪᠡᠷᠭᠡ ᠪᠤᠲᠤᠯᠢᠶᠠᠨᠲᠡᠢ ᠠᠵᠤ ᠠᠬᠤᠢ ᠶᠢᠨ ᠪᠠᠶᠢᠳᠠᠯ ᠤᠨ ᠡᠮᠦᠨ᠎ᠡ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠲᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠦᠵᠠᠯ ᠰᠠᠨᠠᠭᠠᠨ  ᠤ ᠵᠢᠯᠤᠭᠤᠲᠤᠯᠭ᠎ᠠ ᠲᠤᠤᠷ᠎ᠠ᠂ ᠦᠪᠠᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠲᠤᠨ ᠪᠠ ᠠᠶᠢᠮᠠᠭ ᠤᠨ ᠨᠠᠮ ᠤᠨ ᠬᠤᠷᠢᠶᠠᠨ ᠤ ᠵᠦᠪ ᠤᠨᠤᠪᠴᠢᠲᠡᠢ ᠤᠲᠤᠷᠢᠲᠤᠯᠭ᠎ᠠ ᠲᠤᠤᠷ᠎ᠠ᠂ ᠪᠢᠳᠡ ᠲᠤᠭᠳᠠᠭᠤᠨ ᠤ ᠲᠤᠮᠳᠠ ᠣᠷᠣᠭᠰᠢᠯᠠᠨ ᠳᠠᠪᠰᠢᠬᠤ ᠠᠵᠢᠯ ᠤᠨ ᠶᠠᠷᠥᠩᠭᠡᠢ ᠬᠦᠭ ᠠᠶᠠᠰ ᠢ ᠪᠠᠷᠢᠮᠳᠠᠯᠠᠨ ᠰᠢᠨ᠎ᠠ ᠬᠦᠭᠵᠢᠯᠳᠡ ᠶᠢᠨ ᠤᠨᠤᠯᠵᠢᠬᠤᠨ ᠢᠶᠠᠷ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠵᠦ᠂ ᠪᠦᠬᠦ ᠠᠶᠢᠮᠠᠭ ᠤᠨ ᠠᠵᠤ ᠠᠬᠤᠢ ᠨᠠᠶᠢᠭᠡᠮ ᠦᠷᠬᠦᠯᠵᠢᠯᠠᠨ ᠲᠤᠭᠳᠠᠭᠤᠨ ᠡᠷᠡᠬᠦᠯ ᠬᠦᠭᠵᠢᠪᠠ᠃ ᠪᠦᠬᠦ ᠠᠶᠢᠮᠠᠭ ᠤᠨ ᠤᠷᠤᠨ ᠨᠤᠲᠤᠭ ᠤᠨ ᠦᠢᠯᠡᠳᠪᠤᠷᠢᠯᠠᠯ ᠤᠨ ᠶᠠᠷᠤᠩᠭᠡᠢ ᠦᠷᠳᠡᠭ 5.9% ᠪᠠᠷ ᠨᠡᠮᠡᠭᠳᠡᠪᠠ︔ ᠡᠩ ᠤᠨ ᠤᠯᠠᠨ ᠨᠠᠶᠢᠳᠠ ᠶᠢᠨ ᠲᠦᠰᠦᠪ ᠤᠨ ᠤᠷᠤᠯᠭ᠎ᠠ      18.3% ᠪᠠᠷ ᠨᠡᠮᠡᠭᠳᠡᠪᠠ︔ ᠬᠤᠳᠠ ᠬᠦᠳᠡᠭᠡ ᠶᠢᠨ 500 ᠲᠦᠮᠠᠨ ᠲᠦᠬᠦᠷᠢᠭ ᠠᠴᠠ ᠲᠡᠭᠡᠭᠰᠢᠬᠢ ᠲᠤᠭᠳᠠᠮᠠᠯ ᠬᠦᠷᠤᠩᠭᠡ ᠶᠢᠨ ᠪᠠᠯᠨ ᠤᠷᠤᠭᠤᠯᠤᠯᠳᠠ 0.4% ᠪᠠᠷ ᠨᠡᠮᠡᠭᠳᠡᠪᠠ︔ ᠨᠡᠶᠢᠭᠡᠮ ᠤᠨ ᠭᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠶᠠᠷᠤᠩᠭᠡᠢ ᠣᠷᠣᠯᠭ᠎ᠠ ᠨᠢ 5% ᠪᠠᠷ ᠨᠡᠮᠡᠭᠳᠡᠪᠠ︔ ᠬᠤᠳᠠ ᠬᠦᠳᠡᠭᠡ ᠶᠢᠨ ᠪᠠᠶᠢᠩᠭᠤ  ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠲᠡᠭᠰᠢᠳᠭᠡᠭᠰᠡᠨ ᠤᠷᠤᠯᠭ᠎ᠠ ᠲᠤᠰ ᠲᠤᠰ 6.4% ᠪᠠ      9.6% ᠪᠠᠷ ᠨᠡᠮᠡᠭᠳᠡᠪᠠ᠃      ᠲᠤᠤᠷᠠᠬᠢ ᠠᠵᠢᠯ ᠢ ᠭᠤᠣᠯᠴᠢᠯᠠᠨ ᠪᠠᠶᠡᠯᠡᠬᠦᠯᠪᠠ᠄ ᠵᠠᠰᠠᠭ ᠤᠨ ᠤᠷᠲᠤᠨ ᠤ ᠲᠠᠯᠳᠠ ᠴᠢᠨᠠᠷᠳᠠᠢ ᠦᠷᠢ ᠦᠭᠴᠡᠭᠡ ᠶᠢᠨ ᠵᠢᠯ ᠤᠨ ᠨᠠᠮᠳᠠᠭᠤᠯᠬᠤ ᠡᠬᠦᠷᠭᠡ ᠶᠢᠨ ᠢᠶᠠᠨ 163.68% ᠶᠢ ᠪᠠᠶᠠᠯᠡᠬᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠦᠷᠢᠲᠤᠵᠦ ᠪᠠᠶᠢᠭ᠎ᠠ ᠮᠦᠩᠬᠦ ᠶᠢ 14.43 ᠳ᠋ᠦᠩᠰᠢᠭᠤᠷ ᠲᠦᠬᠦᠷᠢᠭ ᠴᠡᠪᠠᠷᠯᠠᠪᠠ︔ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠳᠠ ᠶᠢᠨ ︽ᠴᠡᠪᠠᠷᠯᠠᠨ ᠴᠡᠭᠴᠡᠯᠡᠵᠦ ᠪᠠᠷᠢᠮᠵᠢᠶ᠎ᠠ ᠳᠤ ᠬᠦᠷᠭᠡᠬᠦ︾ ᠶᠢ ᠪᠠᠶᠠᠯᠡᠬᠦᠯᠪᠠ︔ ᠪᠤᠬᠢᠷᠲᠤᠯ ᠢ ᠰᠡᠷᠭᠡᠶᠢᠯᠠᠨ ᠵᠠᠰᠠᠬᠤ 95 ᠲᠦᠷᠦᠯ ᠵᠦᠢᠯ ᠢ ᠪᠠᠶᠠᠯᠡᠬᠦᠯᠪᠠ᠃ ᠠᠶᠢᠮᠠᠭ ᠤᠨ ᠲᠡᠰ ᠤᠨ ᠭᠤᠤᠯᠳᠠᠯᠭ᠎ᠠ ᠲᠠᠢ 112 ᠲᠦᠷᠦᠯ ᠵᠦᠢᠯ ᠳᠤ 134.5 ᠳ᠋ᠦᠩᠰᠢᠭᠤᠷ ᠲᠦᠬᠦᠷᠢᠭ ᠤᠨ ᠪᠠᠯᠨ ᠤᠷᠤᠭᠤᠯᠤᠯᠳᠠ ᠶᠢ ᠪᠠᠶᠠᠯᠡᠬᠦᠯᠪᠠ︔ ᠠᠷᠠᠯᠵᠢᠶᠠᠴᠢᠨ ᠤᠷᠢᠬᠤ 30 ᠲᠦᠷᠦᠯ ᠵᠦᠢᠯ ᠨᠢ ᠠᠵᠢᠯ ᠢᠶᠠᠨ ᠡᠬᠢᠯᠠᠬᠦᠯᠵᠦ᠂ 93.4 ᠳ᠋ᠦᠩᠰᠢᠭᠤᠷ ᠲᠦᠬᠦᠷᠢᠭ ᠢ ᠤᠷᠤᠨ ᠪᠠᠶᠢᠷᠢᠨ ᠳᠤᠨᠢ ᠨᠠᠶᠢᠳᠠᠪᠤᠷᠢᠵᠢᠭᠤᠯᠪᠠ᠃ ᠭᠡᠪᠴᠢᠶᠠᠵᠢᠯ  ᠠᠴᠠ ᠲᠡᠭᠡᠭᠰᠢᠬᠢ ᠠᠵᠤ ᠦᠢᠯᠡᠳᠪᠤᠷᠢ ᠶᠢᠨ ᠨᠡᠮᠡᠭᠳᠡᠯ ᠦᠷᠳᠡᠭ 10% ᠪᠠᠷ ᠨᠡᠮᠡᠭᠳᠡᠵᠦ᠂ ᠳ᠋ᠦᠩᠰᠢᠭᠤᠷ ᠲᠦᠬᠦᠷᠢᠭ  ᠠᠴᠠ ᠲᠡᠭᠡᠭᠰᠢᠬᠢ ᠠᠵᠤ ᠦᠢᠯᠡᠳᠪᠤᠷᠢ ᠶᠢᠨ ᠲᠦᠷᠦᠯ ᠵᠦᠢᠯ ᠤᠨ ᠲᠤᠭᠳᠠᠮᠠᠯ ᠬᠦᠷᠦᠩᠭᠡ ᠶᠢᠨ ᠪᠠᠯᠨ ᠤᠷᠣᠭᠤᠯᠤᠯᠳᠠ 19% ᠪᠠᠷ ᠨᠡᠮᠡᠭᠳᠡᠪᠠ᠃ ᠲᠠᠷᠢᠮᠠᠯ ᠤᠨ ᠵᠦᠢᠯ ᠤᠨ ᠶᠠᠷᠤᠩᠭᠡᠢ ᠲᠠᠯᠠᠪᠠᠢ ᠨᠢ 47.09 ᠲᠦᠮᠠᠨ ᠮᠤ᠋ ᠪᠠᠶᠢᠵᠦ᠂ ᠳᠡᠵᠢᠬᠡᠪᠦᠷᠢ ᠮᠠᠯ ᠤᠨ ᠳᠤᠭ᠎ᠠ 110 ᠳᠦᠮᠡ ᠪᠣᠯᠣᠨ᠎ᠠ᠃ ᠵᠢᠭᠤᠯᠴᠢᠯᠠᠯ ᠤᠨ ᠬᠦᠯᠢᠶᠠᠨ ᠵᠤᠴᠢᠯᠠᠭᠰᠠᠨ ᠬᠦᠮᠦᠨ ᠤ ᠲᠤᠭ᠎ᠠ ᠪᠠ ᠶᠠᠷᠤᠩᠭᠡᠢ ᠤᠷᠤᠯᠭ᠎ᠠ ᠨᠢ ᠲᠤᠰ ᠲᠤᠰ 2260 ᠲᠦᠮᠠᠨ ᠬᠦᠮᠦᠨ ᠤᠳᠠᠭ᠎ᠠ᠂ 210.2 ᠳ᠋ᠦᠩᠰᠢᠭᠤᠷ ᠲᠦᠬᠦᠷᠢᠭ ᠲᠤ ᠬᠦᠷᠴᠦ᠂ 17.2%᠂ 20.3% ᠪᠠᠷ ᠨᠡᠮᠡᠭᠳᠡᠪᠠ᠃ ᠭᠠᠳᠠᠭᠠᠳᠣ ᠠᠴᠠ ᠣᠷᠣᠭᠤᠯᠵᠦ ᠭᠠᠳᠠᠭᠠᠳᠣ ᠳᠤ ᠭᠠᠷᠭᠠᠭᠰᠠᠨ ᠶᠠᠷᠤᠩᠭᠡᠢ ᠣᠷᠣᠯᠭ᠎ᠠ ᠨᠢ 48 ᠳ᠋ᠦᠩᠰᠢᠭᠤᠷ ᠲᠦᠬᠦᠷᠢᠭ ᠢ ᠪᠠᠶᠠᠯᠡᠬᠦᠯᠵᠦ᠂ ᠴᠡᠭᠡ ᠪᠤᠭᠤᠮᠳᠠ ᠪᠠᠷ ᠦᠩᠭᠡᠷᠡᠭᠰᠡᠨ ᠪᠠᠷᠠᠭ᠎ᠠ 1240 ᠲᠦᠮᠠᠨ ᠲᠤᠨ ᠳᠤ ᠬᠦᠷᠴᠦ᠂ ᠦᠯᠵᠠᠢ ᠪᠤᠭᠤᠮᠳᠠ ᠶᠢᠨ ᠪᠦᠲᠤᠭᠡᠨ ᠪᠠᠶᠢᠭᠤᠯᠤᠯᠳᠠ ᠳᠤ 3.7 ᠳ᠋ᠦᠩᠰᠢᠭᠤᠷ ᠲᠦᠬᠦᠷᠢᠭ ᠤᠨ ᠪᠠᠯᠨ ᠤᠷᠤᠭᠤᠯᠤᠯᠳᠠ ᠶᠢ ᠪᠠᠶᠠᠯᠡᠬᠦᠯᠪᠠ᠃ ᠭᠤᠤᠯᠳᠠᠯᠭ᠎ᠠ ᠲᠠᠢ ᠵᠠᠰᠠᠮᠠᠯ ᠵᠠᠮ ᠤᠨ 6 ᠲᠦᠷᠦᠯ ᠵᠦᠢᠯ ᠢ ᠭᠡᠷᠡᠭᠵᠢᠬᠦᠯᠵᠦ᠂ ᠠᠯᠠᠱᠨ ᠵᠡᠬᠦᠨ ᠬᠤᠰᠢᠭᠤᠨ ᠤ ᠨᠡᠶᠢᠳᠡᠮ ᠭᠡᠷᠡᠭᠯᠡᠬᠡᠨ ᠤ ᠨᠢᠰᠭᠡᠯ ᠤᠨ ᠪᠠᠭᠤᠳᠠᠯ ᠢ ᠲᠡᠰ ᠲᠡᠪᠰᠢᠬᠦᠯᠦᠨ ᠰᠠᠯᠪᠤᠷᠢ ᠱᠤᠭᠤᠮ ᠤᠨ ᠨᠢᠰᠭᠡᠯ ᠤᠨ ᠪᠠᠭᠤᠳᠠᠯ ᠪᠤᠯᠭᠠᠬᠤ ᠠᠬᠢᠴᠠ ᠤᠷᠤᠭᠰᠢᠲᠡᠢ ᠶᠠᠪᠤᠭᠳᠠᠵᠦ᠂ ᠪᠠᠶ᠋ᠬᠠᠠᠤᠳᠠ ᠠᠴᠠ ᠢᠷᠭᠠᠢ ᠬᠦᠷᠬᠦ ᠲᠦᠷᠭᠡᠨ ᠤ ᠲᠠᠮᠤᠷ ᠵᠠᠮ ᠤᠨ ᠲᠦᠷᠦᠯ ᠵᠦᠢᠯ ᠨᠢ  ᠵᠦᠪᠰᠢᠶᠡᠷᠡᠭᠳᠡᠵᠦ ᠨᠤᠷᠠᠭᠠᠵᠦ ᠨᠡᠬᠦᠯᠭᠡᠬᠦ ᠠᠵᠢᠯ ᠢᠶᠠᠨ ᠨᠢᠭᠡᠨᠳᠡ ᠡᠬᠢᠯᠠᠬᠦᠯᠪᠠ᠃ ᠬᠤᠳᠠ ᠶᠢᠨ ᠲᠤᠭᠤᠷᠢᠭ ᠤᠨ 18 ᠬᠠᠭᠤᠴᠢᠨ ᠬᠤᠷᠢᠶᠠᠯᠠᠯ᠂ ᠲᠦᠬᠦᠮ ᠪᠦᠲᠤᠴᠠᠲᠤ ᠤᠷᠤᠨ ᠰᠠᠭᠤᠴᠠ 2725 ᠢᠵᠢ᠂ ᠮᠠᠯᠵᠢᠬᠤ ᠲᠠᠷᠢᠶᠠᠯᠠᠬᠤ ᠤᠷᠤᠨ ᠤ 2738 ᠵᠤᠷᠯᠤᠩ ᠢ ᠰᠢᠨᠡᠳᠭᠡᠨ ᠵᠠᠰᠠᠪᠠ᠃ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ 221.7 ᠲᠦᠮᠠᠨ ᠮᠤ᠋ ᠳᠤ ᠤᠢ ᠮᠤᠲᠤ ᠲᠠᠷᠢᠵᠦ᠂ ᠭᠤᠤᠯᠳᠠᠯᠭ᠎ᠠ ᠲᠠᠢ ᠤᠷᠤᠨ ᠪᠦᠰᠡ ᠶᠢ 12.3 ᠲᠦᠮᠠᠨ ᠮᠤ᠋ ᠨᠤᠭᠤᠭᠠᠷᠠᠭᠤᠯᠪᠠ᠃ ᠬᠤᠳᠠ ᠪᠠᠯᠭᠠᠰᠤ ᠶᠢᠨ ᠲᠠᠩᠰᠠᠯᠠᠭᠤᠯᠤᠭᠰᠠᠨ ᠠᠵᠢᠯ ᠠᠯᠳᠠᠯᠳᠠ ᠶᠢᠨ ᠨᠤᠷᠮ᠎ᠠ ᠶᠢ 2.83% ᠳᠤ ᠬᠢᠵᠠᠭᠠᠷᠯᠠᠵᠦ᠂ ᠰᠠᠭᠤᠭᠠᠯᠢ ᠠᠷᠠᠳ ᠤᠨ ᠬᠦᠨᠳᠦ ᠡᠪᠠᠳᠴᠢᠨ ᠤ ᠲᠠᠭᠠᠳᠬᠠᠯ ᠤᠨ ᠲᠠᠩᠰᠠ ᠲᠠᠶᠢᠯᠬᠤ ᠬᠠᠷᠢᠴᠠᠯ ᠢ ᠲᠡᠭᠡᠭᠰᠢᠯᠡᠬᠦᠯᠦᠭᠡᠳ 60% ᠠᠴᠠ ᠲᠡᠭᠡᠭᠰᠢ ᠪᠤᠯᠭᠠᠪᠠ᠃ 7 ᠳ᠋ᠦᠩᠰᠢᠭᠤᠷ ᠲᠦᠬᠦᠷᠢᠭ ᠤᠨ ᠪᠠᠯᠨ ᠤᠷᠤᠭᠤᠯᠵᠦ 10 ᠰᠤᠷᠭᠠᠭᠤᠯᠢ ᠭᠡᠤᠭᠡᠳ ᠤᠨ ᠴᠡᠴᠡᠷᠯᠢᠭ ᠢ ᠰᠢᠨ᠎ᠠ ᠪᠠᠷ ᠪᠠᠶᠢᠭᠤᠯᠬᠤ ᠪᠠ ᠦᠭᠡᠷᠡᠴᠢᠯᠡᠨ ᠪᠠᠶᠢᠭᠤᠯᠬᠤ ᠲᠦᠷᠦᠯ ᠵᠦᠢᠯ ᠢ ᠭᠡᠷᠡᠭᠵᠢᠬᠦᠯᠪᠠ᠃ H7N9 ᠵᠢᠬᠦᠷᠳᠡᠨ ᠤ ᠬᠠᠯᠳᠠᠪᠤᠷᠢᠲᠤ ᠡᠪᠠᠳᠴᠢᠨ᠂ ᠬᠤᠯᠤᠭᠠᠨ᠎ᠠ ᠶᠢᠨ ᠬᠢᠵᠢᠭ ᠵᠡᠷᠭᠡ ᠬᠢᠵᠢᠭ ᠤᠨ ᠪᠠᠶᠢᠳᠠᠯ ᠢ ᠲᠤᠬᠢᠲᠡᠢ ᠰᠢᠢᠳᠪᠤᠷᠢᠯᠠᠪᠠ᠃ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠦᠷᠦᠯ ᠤᠨ ᠲᠡᠮᠡᠴᠠᠯ ᠳᠤ ᠬᠠᠷᠬᠢᠰ ᠬᠦᠴᠦᠨ ᠤ 6 ᠪᠦᠯᠦᠭ᠂ ᠬᠠᠷᠬᠢᠰ ᠬᠦᠴᠦᠨ ᠳᠤ ᠬᠤᠯᠪᠤᠭᠳᠠᠭᠰᠠᠨ 12 ᠡᠪᠰᠡᠯ ᠪᠦᠯᠦᠭ ᠢ ᠤᠰᠠᠳᠬᠠᠪᠠ᠃      ᠤᠲᠤᠬᠠᠨ ᠳᠤ᠂ ᠪᠢᠳᠡᠨ ᠤ ᠠᠵᠢᠯ ᠤᠨ ᠲᠤᠮᠳᠠ ᠪᠠᠰᠠ ᠴᠦᠭᠡᠨ ᠪᠤᠰᠤ ᠬᠦᠴᠢᠷᠳᠡᠯ ᠪᠠ ᠠᠰᠠᠭᠤᠳᠠᠯ ᠤᠷᠤᠰᠢᠵᠦ ᠪᠠᠶᠢᠨ᠎ᠠ᠂ ᠡᠬᠦᠨ ᠳᠤ ᠭᠤᠤᠯᠳᠠᠭᠤ᠄ ᠠᠵᠤ ᠠᠬᠤᠢ ᠶᠢᠨ ᠶᠠᠷᠤᠩᠭᠡᠢ ᠭᠡᠮᠵᠢᠶ᠎ᠠ ᠨᠡᠯᠢᠶᠡᠳ ᠪᠠᠭ᠎ᠠ᠂ ᠪᠦᠲᠤᠴᠠ ᠨᠢ ᠵᠦᠢ ᠵᠤᠬᠢᠰ ᠦᠭᠡᠢ᠂ ᠨᠡᠮᠡᠭᠳᠡᠯ ᠤᠨ ᠰᠠᠭᠤᠷᠢ ᠲᠤᠭ᠎ᠠ ᠨᠢ ᠯᠠᠪᠳᠠᠭᠤᠨ ᠪᠠᠲᠤᠲᠠᠢ ᠪᠢᠰᠢ ᠵᠡᠷᠭᠡ ᠲᠠᠯ᠎ᠠ  ᠳᠤ ᠢᠯᠡᠷᠡᠵᠦ ᠪᠠᠶᠢᠨ᠎ᠠ︔ ᠰᠢᠨ᠎ᠠ ᠭᠡᠯᠪᠠᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠨᠢ ᠠᠵᠤ ᠠᠬᠤᠢ ᠶᠢᠨ ᠡᠷᠬᠢᠯᠳᠡ ᠶᠢ ᠬᠦᠨᠲᠤ ᠨᠤᠴᠢᠲᠡᠢ ᠨᠦᠯᠦᠭᠡᠯᠡᠵᠦ᠂ ᠣᠨᠴᠣᠭᠤᠶᠢᠯᠠᠨ ᠵᠠᠬ᠎ᠠ ᠲᠡᠯᠬᠡᠬᠦᠷ ᠤᠨ ᠭᠡᠷᠡᠭᠯᠡᠭᠡᠨ ᠪᠠ ᠠᠵᠤ ᠠᠬᠤᠶᠢᠯᠠᠯ ᠤᠨ ᠠᠵᠢᠯ ᠢᠶᠠᠨ ᠰᠡᠷᠬᠦᠭᠡᠬᠦ ᠳᠤ ᠬᠦᠨᠳᠦ ᠨᠣᠴᠢᠳᠠᠢ ᠲᠠᠭᠠᠷᠢᠯᠳᠠ ᠣᠴᠠᠷᠠᠭᠤᠯᠪᠠ︔ ᠲᠦᠷᠦᠯ ᠵᠦᠢᠯ ᠢ ᠲᠦᠯᠦᠪᠯᠡᠬᠦ᠂ ᠨᠦᠭᠡᠴᠡ ᠬᠦᠷᠦᠯᠴᠡᠬᠦ ᠦᠭᠡᠢ ᠪᠠᠶᠢᠵᠦ᠂ ᠲᠤᠭᠳᠠᠮᠠᠯ ᠬᠦᠷᠦᠩᠭᠡ ᠶᠢᠨ ᠪᠠᠯᠨ ᠤᠷᠤᠭᠤᠯᠤᠯᠳᠠ ᠶᠢᠨ ᠨᠡᠮᠡᠭᠳᠡᠯ ᠬᠦᠴᠦᠨ ᠪᠠᠭᠤᠷᠠᠢ︔ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠵᠦᠷᠢᠴᠡᠯ ᠳᠣᠪᠣᠶᠢᠮ᠎ᠠ ᠪᠠᠶᠢᠵᠦ᠂ ᠭᠠᠶᠢᠯᠢ ᠶᠢᠨ ᠢᠷᠡᠯᠳᠡ ᠳᠠᠩ ᠴᠣᠯᠭᠤᠢ︔ ᠰᠢᠨ᠎ᠡ ᠬᠠᠭᠤᠴᠢᠨ ᠬᠦᠳᠡᠯᠭᠡᠭᠦ ᠡᠨᠧᠷᠬᠢ ᠶᠢᠨ ᠰᠣᠯᠪᠢᠴᠠᠯ ᠤᠨ ᠵᠠᠯᠭᠠᠮᠵᠢ ᠦᠷᠬᠦᠯᠵᠢᠯᠡᠯ ᠨᠢ ᠬᠦᠴᠦᠨ ᠮᠡᠬᠦᠰᠳᠡᠵᠦ᠂ ᠰᠢᠨ᠎ᠠ  ᠪᠠᠷ ᠬᠦᠭᠵᠢᠵᠦ ᠪᠠᠶᠢᠭ᠎ᠠ ᠠᠵᠤ ᠦᠢᠯᠡᠰ ᠤᠨ ᠪᠤᠶᠢᠵᠢᠯᠳᠠ ᠤᠳᠠᠭᠠᠨ ᠪᠠᠶᠢᠨ᠎ᠠ︔ ᠡᠵᠡᠩᠨᠡᠨ ᠠᠷᠠᠯᠵᠢᠶᠠᠯᠠᠬᠤ ᠤᠷᠴᠢᠨ ᠲᠤᠭᠤᠷᠢᠨ ᠤ ᠰᠠᠶᠢᠵᠢᠷᠠᠯᠳᠠ ᠬᠢᠭᠡᠳ ᠵᠠᠬ᠎ᠠ ᠲᠡᠯᠭᠡᠬᠦᠷ ᠤᠨ ᠭᠤᠤᠯ ᠴᠤᠭᠴᠠ ᠶᠢᠨ ᠭᠡᠷᠡᠭᠴᠡᠭᠡ ᠱᠠᠭᠠᠷᠳᠠᠯᠭ᠎ᠠ ᠨᠢ ᠨᠠᠯᠢᠶᠠᠳ ᠶᠡᠭᠡ ᠵᠦᠷᠢᠶ᠎ᠠ ᠲᠠᠢ ᠪᠠᠶᠢᠵᠦ᠂ ᠤᠯᠠᠨ ᠨᠠᠶᠢᠳᠠ ᠶᠢᠨ ᠦᠢᠯᠡᠴᠢᠯᠡᠭᠡᠨ ᠤ ᠬᠦᠷᠦᠯᠴᠡᠬᠦ ᠦᠭᠡᠢ ᠲᠠᠯ᠎ᠠ ᠨᠠᠯᠢᠶᠠᠳ ᠣᠯᠠᠨ᠂ ᠨᠠᠷᠢᠯᠢᠭᠵᠢᠭᠤᠯᠤᠨ ᠲᠦᠬᠦᠷᠵᠢᠬᠦᠯᠬᠦ ᠠᠷᠭ᠎ᠠ ᠪᠠᠷᠢᠯ ᠪᠠᠰᠠ ᠤᠷᠤᠨ ᠪᠠᠶᠢᠷᠢᠨ  ᠳᠠᠭᠠᠨ ᠨᠠᠶᠢᠳᠠᠪᠣᠷᠢᠵᠢᠭᠤᠯᠣᠭᠳᠠᠭᠠᠳᠣᠢ︔ ᠬᠤᠳᠠ ᠬᠦᠳᠡᠭᠡ ᠶᠢᠨ ᠬᠦᠭᠵᠢᠯᠳᠡ ᠲᠡᠩᠴᠡᠬᠦᠷᠢ ᠦᠭᠡᠢ᠂ ᠠᠵᠢᠯ ᠤᠯᠭᠤᠯᠳᠠ᠂ ᠨᠠᠰᠤᠳᠠᠶᠢᠴᠤᠤᠯ ᠤᠨ ᠠᠰᠠᠷᠠᠮᠵᠢ᠂ ᠰᠤᠷᠭᠠᠨ ᠬᠦᠮᠦᠵᠢᠯ᠂ ᠡᠮ ᠡᠮᠨᠡᠯᠭᠡ᠂ ᠤᠷᠤᠨ ᠰᠠᠭᠤᠴᠠ ᠵᠡᠷᠭᠡ ᠲᠠᠯ᠎ᠠ ᠪᠠᠷ ᠤᠯᠠᠨ ᠲᠦᠮᠠᠨ ᠳᠤ ᠮᠦᠨᠬᠦ ᠪᠠᠭ᠎ᠠ ᠦᠭᠡᠢ ᠬᠦᠴᠢᠷ ᠠᠰᠠᠭᠤᠳᠠᠯ ᠲᠤᠯᠭᠠᠷᠠᠵᠦ ᠪᠠᠶᠢᠬᠤ ᠵᠡᠷᠭᠡ ᠪᠤᠯᠤᠨ᠎ᠠ᠃ ᠡᠳᠡᠭᠡᠷ ᠵᠦᠷᠢᠴᠠᠯ ᠪᠠ ᠠᠰᠠᠭᠤᠳᠠᠯ ᠢ ᠪᠢᠳᠡ ᠬᠦᠨᠵᠡᠭᠡᠢ ᠰᠢᠰᠲ᠋ᠧᠮ ᠲᠠᠢ ᠰᠣᠳᠣᠯᠵᠦ᠂ ᠨᠠᠷᠢᠨ ᠬᠢᠨᠠᠮᠠᠭᠠᠢ ᠰᠠᠶᠢᠲᠤᠷ ᠰᠢᠢᠳᠪᠤᠷᠢᠯᠠᠬᠦ ᠴᠢᠬᠤᠯᠠᠳᠠᠢ ᠪᠠᠶᠢᠨ᠎ᠠ᠃      2020 ᠤᠨ ᠤ ᠠᠵᠢᠯ ᠤᠨ ᠶᠠᠷᠤᠩᠭᠡᠢ ᠱᠠᠭᠠᠷᠳᠠᠯᠭ᠎ᠠ᠂ ᠲᠡᠮᠡᠴᠡᠬᠦ ᠬᠠᠷᠠᠯᠳᠠ ᠪᠠ ᠭᠤᠤᠯ ᠡᠬᠦᠷᠭᠡ ᠶᠢᠨ ᠲᠤᠬᠠᠢ᠂ ᠰᠠᠶ᠋ᠢ ᠸᠠᠨ ᠴᠤᠤ ᠴᠢ ᠱᠦᠵᠢ ᠨᠢᠭᠡᠨᠳᠡ ᠲᠤᠲᠤᠷᠬᠠᠶᠢᠯᠠᠪᠠ᠂ ᠪᠢᠳᠡ ᠡᠷᠭᠡᠪᠰᠢ ᠨᠠᠷᠢᠨ ᠬᠢᠨᠠᠮᠠᠭᠠᠢ ᠰᠤᠷᠤᠯᠴᠠᠨ ᠡᠵᠡᠮᠰᠢᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠭᠡᠷᠡᠭᠲᠡᠢ᠃ ᠠᠶᠢᠮᠠᠭ ᠤᠨ ᠨᠠᠮ ᠤᠨ ᠬᠤᠷᠢᠶ᠎ᠠ ᠶᠢᠨ ᠲᠤᠭᠳᠠᠭᠠᠭᠰᠠᠨ ᠬᠠᠷᠠᠯᠳᠠ ᠶᠢᠨ ᠲᠤᠭᠤᠷᠢᠨ ᠳᠤ᠂ ᠪᠢᠳᠡ ᠡᠷᠭᠡᠪᠰᠢ ᠲᠤᠤᠷᠠᠬᠢ ᠨᠠᠢᠮᠠᠨ ᠲᠠᠯ᠎ᠠ ᠶᠢᠨ ᠠᠵᠢᠯ ᠢ ᠰᠠᠶᠢᠲᠤᠷ ᠠᠳᠬᠤᠬᠤ ᠭᠡᠷᠡᠭᠲᠡᠢ᠃      ᠨᠢᠭᠡ᠂ ᠲᠦᠷᠦᠯ ᠵᠦᠢᠯ ᠤᠨ ᠪᠦᠲᠤᠭᠡᠨ ᠪᠠᠶᠢᠭᠤᠯᠤᠯᠳᠠ ᠶᠢ ᠬᠦᠴᠦᠯᠠᠨ ᠠᠬᠢᠭᠤᠯᠤᠨ᠎ᠠ      ᠠᠶᠢᠮᠠᠭ ᠬᠤᠰᠢᠭᠤᠨ ᠤ ᠤᠲᠤᠷᠢᠲᠤᠯᠭ᠎ᠠ ᠭᠤᠤᠯᠳᠠᠯᠭ᠎ᠠ ᠲᠠᠢ ᠲᠦᠷᠦᠯ ᠵᠦᠢᠯ ᠢ ᠲᠠᠭᠠᠭᠠᠴᠢᠯᠠᠨ ᠬᠠᠷᠢᠯᠴᠠᠬᠤ ᠲᠤᠭᠳᠠᠴᠠ ᠶᠢ ᠲᠡᠬᠦᠯᠳᠡᠷᠵᠢᠬᠦᠯᠵᠦ᠂ ᠲᠦᠷᠦᠯ ᠵᠦᠢᠯ ᠤᠨ ᠦᠷ᠎ᠠ ᠪᠦᠲᠤᠮᠵᠢ ᠶᠢ ᠬᠢᠨ᠋ᠨᠨ ᠰᠢᠯᠭᠠᠬᠤ ᠠᠵᠢᠯ ᠢ ᠴᠢᠩᠭᠠᠷᠠᠭᠤᠯᠵᠦ᠂ ᠡᠯᠧᠨᠧᠮᠲ ᠶᠢᠨ ᠲᠤᠬᠢᠷᠠᠭᠤᠯᠭ᠎ᠠ ᠪᠠ ᠵᠤᠬᠢᠴᠠᠭᠤᠯᠭ᠎ᠠ ᠦᠢᠯᠡᠴᠢᠯᠡᠭᠡ ᠪᠠᠨ ᠴᠢᠩᠭᠠᠳᠬᠠᠵᠦ᠂ ᠪᠦᠲᠤᠭᠡᠨ ᠪᠠᠶᠢᠭᠤᠯᠵᠦ ᠪᠠᠶᠢᠭ᠎ᠠ ᠲᠦᠷᠦᠯ ᠵᠦᠢᠯ ᠤᠨ ᠠᠬᠢᠴᠠ ᠶᠢ ᠠᠳᠬᠤᠬᠤ᠂ ᠰᠢᠨ᠎ᠠ ᠪᠠᠷ ᠪᠠᠶᠢᠭᠤᠯᠵᠦ ᠪᠠᠶᠢᠭ᠎ᠠ ᠲᠦᠷᠦᠯ ᠵᠦᠢᠯ ᠤᠨ ᠠᠵᠢᠯ ᠢᠶᠠᠨ ᠡᠬᠢᠯᠠᠬᠦᠯᠬᠦ ᠶᠢ ᠨᠢ ᠠᠳᠬᠤᠬᠤ᠂ ᠪᠡᠯᠡᠳᠭᠡᠵᠦ ᠪᠠᠶᠢᠭ᠎ᠠ ᠲᠦᠷᠦᠯ ᠵᠦᠢᠯ ᠤᠨ ᠨᠠᠶᠢᠳᠠᠪᠤᠷᠢᠵᠢᠭᠤᠯᠤᠯᠳᠠ ᠶᠢ ᠠᠳᠬᠤᠬᠤ ᠠᠵᠢᠯ ᠢ ᠦᠨ᠋ᠨᠨᠬᠦ ᠰᠠᠶᠢᠲᠤᠷ ᠬᠢᠨ᠎ᠠ᠃ ᠠᠶᠢᠮᠠᠭ ᠤᠨ ᠱᠠᠲᠤᠨ ᠤ ᠭᠤᠤᠯᠳᠠᠯᠭ᠎ᠠ ᠲᠠᠢ 110 ᠲᠦᠷᠦᠯ ᠵᠦᠢᠯ ᠢ ᠭᠡᠷᠡᠭᠵᠢᠬᠦᠯᠵᠦ᠂ 1080 ᠳ᠋ᠦᠩᠰᠢᠭᠤᠷ ᠲᠦᠬᠦᠷᠢᠭ ᠤᠨ ᠶᠠᠷᠤᠩᠭᠡᠢ ᠪᠠᠯᠨ ᠤᠷᠤᠭᠤᠯᠤᠯᠳᠠ ᠬᠢᠵᠦ᠂ ᠵᠢᠯ ᠳᠤ 190 ᠳ᠋ᠦᠩᠰᠢᠭᠤᠷ ᠲᠦᠬᠦᠷᠢᠭ ᠤᠨ ᠪᠠᠯᠨ ᠤᠷᠤᠭᠤᠯᠬᠤ ᠪᠠᠷ ᠲᠦᠯᠦᠪᠯᠡᠨ᠎ᠠ᠃ ᠪᠠᠯᠨ ᠮᠦᠩᠬᠦ ᠶᠢ ᠬᠦᠴᠦᠯᠠᠨ ᠴᠢᠷᠮᠠᠶᠢᠨ ᠤᠯᠵᠦ᠂ ᠵᠠᠰᠠᠭ ᠤᠨ ᠤᠷᠲᠤᠨ ᠤ ᠪᠠᠯᠨ ᠤᠷᠤᠭᠤᠯᠤᠯᠳᠠ  ᠶᠢᠨ ᠲᠦᠷᠦᠯ ᠵᠦᠢᠯ ᠢ ᠡᠮᠬᠢ ᠵᠢᠷᠤᠮ ᠲᠠᠢ ᠪᠠᠷ ᠠᠵᠢᠯ ᠢᠶᠠᠨ ᠡᠬᠢᠯᠡᠬᠦᠯᠵᠦ ᠠᠵᠢᠯ ᠢᠶᠠᠨ ᠰᠡᠷᠬᠦᠭᠡᠬᠦ ᠶᠢ ᠨᠢ ᠠᠬᠢᠭᠤᠯᠵᠦ᠂ ᠪᠠᠶ᠋ᠬᠠᠠᠤᠳᠠ ᠠᠴᠠ ᠢᠷᠭᠠᠢ ᠬᠦᠷᠬᠦ ᠲᠦᠷᠭᠡᠨ ᠤ ᠲᠠᠮᠤᠷ ᠵᠠᠮ᠂ G331 ᠱᠤᠭᠤᠮ ᠤᠨ ᠬᠤᠶᠢᠲᠤ ᠢᠩᠭᠡᠨ ᠠᠴᠠ ᠯᠣ᠋ ᠵᠢᠩ ᠬᠦᠷᠬᠦ ᠭᠡᠰᠡᠭ᠂ G213 ᠱᠤᠭᠤᠮ ᠤᠨ ᠲᠠᠯᠠᠶᠢᠬᠦ᠋ᠪ ᠠᠴᠠ ᠳ᠋ᠦᠩᠹᠧᠩ ᠰᠠᠨᠰᠠᠷ ᠤᠨ ᠬᠤᠳᠠ ᠬᠦᠷᠬᠦ ᠭᠡᠰᠡᠭ᠂ G1817 ᠪᠠᠶᠠᠠᠬᠤᠳᠲᠤᠭ ᠠᠴᠠ ᠪᠠᠶ᠋ᠬᠠᠠᠤᠳᠠ ᠬᠦᠷᠬᠦ ᠳᠦᠷᠭᠡᠨ ᠤ ᠵᠠᠰᠠᠮᠠᠯ ᠵᠠᠮ ᠤᠨ ᠭᠡᠰᠡᠭ᠂ ᠠᠯᠠᠱᠨ ᠵᠡᠬᠦᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠭᠡᠯ ᠤᠨ ᠪᠠᠭᠤᠳᠠᠯ ᠢ ᠲᠡᠰ ᠲᠡᠪᠰᠢᠬᠦᠯᠦᠨ ᠰᠠᠯᠪᠤᠷᠢ ᠱᠤᠭᠤᠮ ᠤᠨ ᠨᠢᠰᠭᠡᠯ ᠤᠨ ᠪᠠᠭᠤᠳᠠᠯ ᠪᠤᠯᠭᠠᠬᠤ ᠵᠡᠷᠭᠡ ᠴᠢᠬᠤᠯᠨ ᠶᠡᠭᠡ ᠰᠠᠭᠤᠷᠢ ᠲᠦᠬᠦᠭᠡᠷᠤᠮᠵᠢ ᠶᠢᠨ ᠲᠦᠷᠦᠯ ᠵᠦᠢᠯ ᠢ ᠭᠤᠣᠯᠴᠢᠯᠠᠨ ᠰᠠᠶᠢᠲᠤᠷ ᠠᠳᠬᠤᠨ᠎ᠠ᠃ ᠠᠷᠠᠯᠵᠢᠶᠠᠴᠢᠨ ᠤᠷᠢᠬᠤ ᠠᠵᠢᠯ ᠤᠨ ᠬᠦᠴᠦᠯᠠᠴᠡ ᠶᠢ ᠶᠡᠭᠡᠰᠭᠡᠵᠦ᠂ ᠨᠠᠶᠢᠭᠡᠮ ᠤᠨ ᠪᠠᠯᠨ ᠤᠷᠤᠭᠤᠯᠤᠯᠳᠠ ᠶᠢ ᠲᠤᠬᠠᠢ ᠶᠢᠨ ᠭᠠᠵᠠᠷ ᠲᠤᠨᠢ ᠨᠠᠶᠢᠳᠠᠪᠤᠷᠢᠵᠢᠭᠤᠯᠬᠤ ᠠᠵᠢᠯ ᠢ ᠠᠬᠢᠭᠤᠯᠵᠦ᠂ ᠠᠯᠠᠱᠨ ᠠᠴᠠ ᠱᠠᠩᠬᠤ ᠶᠢᠨ ᠰᠦᠮ᠎ᠠ ᠬᠦᠷᠬᠦ 160 ᠲᠦᠮᠠᠨ ᠺᠢᠯᠤᠸᠠᠲ ᠰᠠᠯᠬᠢᠨ ᠴᠠᠬᠢᠯᠭᠠᠨ ᠤ ᠲᠦᠷᠦᠯ ᠵᠦᠢᠯ᠂ ᠲᠠᠢ ᠰᠢ ᠬᠤ᠋ ᠮᠧᠩ ᠰᠢᠨ᠎ᠠ ᠡᠨᠧᠷᠬᠢ ᠶᠢᠨ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠤᠨ 2 ᠵᠠᠭᠤᠨ ᠳ᠋ᠦᠩᠰᠢᠭᠤᠷ ᠲᠦᠬᠦᠷᠢᠭ ᠤᠨ ᠴᠢᠬᠤᠯᠨ ᠶᠡᠭᠡ ᠠᠵᠤ ᠦᠢᠯᠡᠰ ᠤᠨ ᠲᠦᠷᠦᠯ ᠵᠦᠢᠯ ᠵᠢᠴᠢ ᠦᠨᠲᠦᠷᠯᠢᠭ ᠤᠨ ᠡᠮ᠂ ᠡᠮ ᠤᠨ ᠵᠠᠪᠰᠠᠷ ᠤᠨ ᠪᠠᠶ᠎ᠠ᠂ ᠶᠢᠨ ᠪᠤᠤ ᠯᠢ ᠭᠧ ᠪᠠᠯ ᠴᠢᠯᠠᠭᠤ ᠶᠢ ᠰᠢᠯᠢᠨ ᠰᠤᠩᠭᠤᠵᠦ ᠨᠠᠷᠢᠯᠢᠭ ᠪᠣᠯᠪᠠᠰᠣᠷᠠᠭᠤᠯᠬᠤ ᠵᠡᠷᠭᠡ ᠠᠷᠪᠠᠨ ᠳ᠋ᠦᠩᠰᠢᠭᠤᠷ ᠲᠦᠬᠦᠷᠢᠭ ᠤᠨ ᠭᠤᠤᠯᠳᠠᠯᠭ᠎ᠠ ᠲᠠᠢ 7 ᠲᠦᠷᠦᠯ ᠵᠦᠢᠯ ᠢ ᠭᠤᠣᠯᠴᠢᠯᠠᠨ ᠰᠠᠶᠢᠲᠤᠷ ᠠᠳᠬᠤᠨ᠎ᠠ᠃ ᠡᠮᠤᠨᠠᠬᠢ ᠬᠤᠭᠤᠴᠠᠭᠠᠨ ᠤ ᠴᠢᠬᠤᠯᠨ ᠶᠡᠭᠡ ᠲᠦᠷᠦᠯ ᠵᠦᠢᠯ ᠤᠨ ᠠᠵᠢᠯ ᠤᠨ ᠬᠦᠴᠦᠯᠠᠴᠡ ᠶᠢ ᠶᠡᠭᠡᠰᠭᠡᠵᠦ᠂ ᠤᠯᠠᠨᠪᠤᠯᠠᠭ ᠠᠴᠠ ᠬᠤᠨᠠᠨ ᠬᠦᠷᠬᠦ     800  ᠺᠢᠯᠤᠸᠠᠲ ᠤᠨ ᠲᠤᠭᠳᠠᠮᠠᠯ ᠬᠦᠶᠤᠳᠡᠯᠲᠤ ᠤᠨᠴᠠ ᠦᠨᠲᠤᠷ ᠬᠦᠴᠦᠳᠡᠯᠳᠦ ᠴᠠᠬᠢᠯᠭᠠᠨ ᠢ ᠭᠠᠳᠠᠭᠰᠢ ᠬᠦᠷᠭᠡᠬᠦ ᠵᠠᠮ ᠢ ᠤᠯᠤᠰ ᠤᠨ ︽ᠠᠷᠪᠠᠨ ᠲᠦᠷᠪᠠᠲᠤᠭᠡᠷ ᠲᠠᠪᠤᠨ ᠵᠢᠯ︾ ᠤᠨ ᠲᠦᠯᠦᠪᠵᠢᠬᠦᠯᠭᠡ ᠳᠤ ᠤᠷᠤᠭᠤᠯᠬᠤ ᠪᠠᠷ ᠴᠢᠷᠮᠠᠶᠢᠨ ᠲᠡᠮᠡᠴᠡᠵᠦ᠂ ᠡᠵᠡᠨ᠎ᠠ ᠬᠤᠰᠢᠭᠤᠨ ᠠᠴᠠ ᠵᠢᠣᠴᠢᠣᠸᠠᠨ ᠬᠦᠷᠬᠦ ᠲᠡᠮᠤᠷ ᠵᠠᠮ᠂ S315 ᠱᠤᠭᠤᠮ ᠤᠨ ᠲᠡᠮᠡᠭᠡᠲᠤ ᠠᠴᠠ ᠡᠤ ᠸᠧᠢ ᠬᠦᠷᠬᠦ ᠭᠡᠰᠡᠭ᠂ S228 ᠱᠤᠭᠤᠮ ᠤᠨ ᠠᠭᠠᠷ ᠤᠨ ᠴᠡᠷᠢᠭ ᠤᠨ ᠲᠤᠷᠰᠢᠯᠳᠠ ᠬᠢᠬᠦ ᠪᠤᠯᠪᠠᠰᠤᠷᠠᠯ ᠤᠨ ᠰᠠᠭᠤᠷᠢᠨ ᠭᠠᠵᠠᠷ  ᠠᠴᠠ ᠪᠠᠳᠠᠢ ᠶᠢᠨ ᠵᠢᠷᠠᠨ ᠬᠦᠷᠬᠦ ᠬᠡᠰᠡᠭ᠂ G213 ᠱᠣᠭᠤᠮ ᠤᠨ ᠳ᠋ᠦᠩᠹᠧᠩ ᠰᠠᠨᠰᠠᠷ  ᠤᠨ ᠬᠤᠳᠠ ᠠᠴᠠ ᠠᠭᠠᠷ  ᠤᠨ ᠴᠡᠷᠢᠭ ᠤᠨ ᠳᠣᠷᠰᠢᠯᠳᠠ ᠬᠢᠬᠦ ᠪᠣᠯᠪᠠᠰᠣᠷᠠᠯ ᠤᠨ ᠰᠠᠭᠤᠷᠢᠨ ᠭᠠᠵᠠᠷ ᠬᠦᠷᠬᠦ ᠬᠡᠰᠡᠭ ᠤᠨ ᠡᠮᠤᠨᠡᠬᠢ ᠬᠤᠭᠤᠴᠠᠭᠠᠨ  ᠤ ᠠᠵᠢᠯ ᠢ ᠲᠦᠷᠭᠡᠳᠭᠡᠨ ᠠᠬᠢᠭᠤᠯᠵᠦ᠂ ᠣᠮᠠᠷᠠᠳᠣ ᠠᠭᠤᠯᠨ ᠶᠢᠨ ᠬᠦᠳᠡᠷ ᠤᠨ ᠭᠡᠪᠳᠡᠰᠢ ᠶᠢᠨ ᠪᠦᠰᠡ ᠶᠢᠨ ᠠᠭᠤᠷᠬᠠᠢ ᠶᠢᠨ ᠦᠢᠯᠡᠰ ᠤᠨ ᠨᠡᠭᠡᠭᠡᠯᠳᠡ ᠶᠢᠨ ᠤᠷᠤᠨ ᠳᠤ ᠲᠦᠷᠦᠯ ᠵᠦᠢᠯ ᠪᠠᠶᠢᠭᠤᠯᠬᠤ ᠶᠢ ᠠᠬᠢᠭᠤᠯᠵᠦ᠂ ᠦᠪᠠᠷᠳᠡᠭᠡᠨ ᠵᠠᠰᠠᠬᠤ ᠤᠷᠤᠨ ᠤ ᠪᠠᠯ ᠴᠢᠯᠠᠭᠤᠨ ︵ᠠᠯᠺᠧᠨ︶ ᠤ ᠴᠠᠬᠢᠯᠭᠠᠨ ᠲᠤᠶᠢᠯ ᠤᠨ ᠮᠠᠲ᠋ᠧᠷᠢᠶᠠᠯ ᠤᠨ ᠰᠠᠭᠤᠷᠢᠨ ᠭᠠᠵᠠᠷ ᠤᠨ ᠪᠦᠲᠤᠭᠡᠨ ᠪᠠᠶᠢᠭᠤᠯᠤᠯᠳᠠ ᠲᠠᠢ ᠢᠳᠡᠪᠬᠢᠲᠡᠢ ᠠᠭᠤᠰᠤᠯᠴᠠᠨ᠎ᠠ᠃ ᠭᠡᠯᠪᠠᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠲᠤᠭᠤᠷᠢᠨ ᠳᠤ ᠠᠷᠠᠯᠵᠢᠶᠠᠴᠢᠨ ᠤᠷᠢᠬᠤ ᠬᠦᠴᠦᠯᠠᠴᠠ ᠶᠢ ᠶᠡᠭᠡᠰᠭᠡᠵᠦ᠂ ᠭᠡᠯᠬᠢᠶᠠᠵᠢᠯ ᠢ ᠤᠷᠲᠤᠳᠬᠠᠬᠤ᠂ ᠭᠡᠯᠬᠢᠶᠠᠵᠢᠯ ᠢ ᠨᠦᠬᠦᠪᠤᠷᠢᠯᠠᠬᠦ᠂ ᠬᠡᠯᠬᠢᠶᠠᠵᠢᠯ ᠢ ᠴᠢᠩᠭᠠᠳᠬᠠᠬᠤ ᠨᠢᠭᠡ ᠪᠦᠯᠦᠭ ᠲᠦᠷᠦᠯ ᠵᠦᠢᠯ ᠢ ᠨᠠᠶᠢᠳᠠᠪᠣᠷᠢᠵᠢᠭᠤᠯᠵᠦ᠂ ᠠᠷᠠᠯᠵᠢᠶᠠᠴᠢᠨ ᠤᠷᠢᠬᠤ ᠲᠦᠷᠦᠯ ᠵᠦᠢᠯ᠂ ᠲᠤᠬᠠᠢ ᠶᠢᠨ ᠭᠠᠵᠠᠷ ᠲᠤᠨᠢ ᠨᠠᠶᠢᠳᠠᠪᠤᠷᠢᠵᠢᠭᠤᠯᠤᠭᠰᠠᠨ ᠪᠠᠯᠨ ᠮᠦᠩᠬᠦ ᠶᠢᠨ ᠬᠤᠤᠰ ᠨᠡᠮᠡᠭᠳᠡᠯ ᠢ ᠪᠠᠶᠡᠯᠡᠬᠦᠯᠦᠨ᠎ᠠ᠃      ᠬᠤᠶᠠᠷ᠂ ᠠᠵᠤ ᠠᠬᠤᠢ ᠶᠢᠨ ᠲᠤᠭᠳᠠᠭᠤᠨ ᠡᠷᠬᠢᠯᠳᠡ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ      ᠡᠳ᠋ ᠤᠨ ᠵᠠᠰᠠᠭ ᠮᠦᠩᠬᠦᠨ ᠬᠦᠢᠯᠭᠡᠭᠡᠨ ᠤ ᠲᠦᠭᠰᠢᠬᠦᠷᠢ ᠶᠢ ᠨᠠᠮᠳᠠᠭᠤᠯᠬᠤ ᠰᠢᠪᠲᠤᠯᠤᠯᠳᠠ ᠶᠢᠨ ᠠᠵᠢᠯ ᠢ ᠦᠷᠬᠦᠯᠵᠢᠯᠠᠨ ᠰᠠᠶᠢᠲᠤᠷ ᠶᠠᠪᠤᠭᠳᠠᠭᠤᠯᠵᠦ᠂ ᠵᠢᠯ ᠤᠨ ᠦᠷᠢ ᠦᠭᠴᠡᠭᠡ ᠪᠠᠨ ᠨᠠᠮᠳᠠᠭᠤᠯᠬᠤ ᠬᠠᠷᠠᠯᠳᠠ ᠶᠢ ᠴᠢᠩᠭ᠎ᠠ ᠡᠵᠡᠮᠳᠡᠵᠦ᠂ ᠲᠦᠰᠦᠪ ᠤᠨ ᠭᠡᠷᠡᠭᠵᠢᠬᠦᠯᠦᠯᠳᠡ ᠶᠢ ᠴᠢᠩᠭᠠᠳᠬᠠᠵᠦ᠂ ᠲᠦᠰᠦᠪ ᠤᠨ ᠬᠢᠵᠠᠭᠠᠷᠯᠠᠯ ᠢ ᠴᠢᠩᠭᠠᠷᠠᠭᠤᠯᠵᠦ᠂ ᠡᠳ᠋ ᠤᠨ ᠵᠠᠰᠠᠭ ᠤᠨ ᠬᠠᠳᠠᠭᠠᠯᠠᠮᠵᠢ ᠶᠢᠨ ᠪᠠᠯᠨ ᠮᠦᠩᠬᠦ ᠶᠢ ᠴᠢᠯᠦᠭᠡᠲᠡᠢ ᠪᠤᠯᠭᠠᠬᠤ ᠬᠦᠴᠦᠯᠠᠴᠠ ᠶᠢ ᠨᠡᠮᠡᠭᠳᠡᠬᠦᠯᠵᠦ᠂ ᠦᠭᠴᠡᠭᠡᠨ ᠤ ᠡᠷᠭᠡ ᠪᠠᠨ ᠰᠢᠯᠵᠢᠬᠦᠯᠬᠦ ᠶᠢ ᠢᠳᠡᠪᠬᠢᠲᠡᠢ ᠠᠬᠢᠭᠤᠯᠵᠦ᠂ ᠦᠪᠠᠷᠳᠡᠭᠡᠨ ᠵᠠᠰᠠᠬᠤ ᠤᠷᠤᠨ ᠤ ᠪᠠᠭᠤᠯᠭᠠᠭᠰᠠᠨ ᠵᠠᠰᠠᠭ ᠤᠨ ᠤᠷᠲᠤᠨ ᠤ ᠵᠢᠭᠡᠯᠡᠯᠭᠡ ᠶᠢᠨ ᠲᠡᠮᠳᠡᠭᠲᠤ ᠶᠢ ᠬᠦᠢᠴᠡᠳ ᠰᠠᠶᠢᠲᠤᠷ ᠭᠡᠷᠡᠭᠯᠡᠵᠦ᠂ ᠵᠠᠰᠠᠭ  ᠤᠨ ᠤᠷᠲᠤᠨ ᠤ ᠲᠠᠯᠳᠠ ᠴᠢᠨᠠᠷᠳᠠᠢ ᠦᠷᠢ ᠦᠭᠴᠡᠭᠡ ᠶᠢ ᠡᠷᠴᠢᠮᠳᠠᠢ ᠨᠠᠮᠳᠠᠭᠤᠯᠵᠦ᠂ ᠵᠠᠰᠠᠭ ᠤᠨ ᠤᠷᠲᠤᠨ ᠤ ᠰᠠᠯᠠᠭ᠎ᠠ ᠮᠦᠴᠢᠷ ᠪᠠ ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠲᠤᠮᠳᠠ ᠪᠠᠭ᠎ᠠ ᠠᠵᠤ ᠠᠬᠤᠶᠢᠯᠠᠯ ᠳᠤ ᠦᠷᠢᠲᠤᠵᠦ ᠪᠠᠶᠢᠭ᠎ᠠ ᠳᠠᠩᠰᠠᠨ ᠤ ᠮᠦᠩᠬᠦ ᠪᠠᠨ ᠳᠦᠯᠦᠬᠦ ᠠᠵᠢᠯ  ᠢ ᠭᠤᠣᠯᠴᠢᠯᠠᠨ ᠰᠠᠶᠢᠲᠤᠷ ᠬᠢᠨ᠎ᠠ᠃ ᠭᠤᠤᠯᠳᠠᠯᠭ᠎ᠠ ᠲᠠᠢ ᠠᠵᠤ ᠠᠬᠤᠶᠢᠯᠠᠯ᠂ ᠭᠤᠤᠯᠳᠠᠯᠭ᠎ᠠ ᠲᠠᠢ ᠲᠦᠷᠦᠯ ᠵᠦᠢᠯ  ᠤᠨ ᠪᠠᠯᠨ ᠮᠦᠩᠬᠦ ᠶᠢᠨ  ᠡᠷᠬᠢᠯᠳᠡ ᠶᠢ ᠬᠢᠨ᠋ᠨᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠠᠤᠯᠢ ᠪᠤᠰᠤ ᠮᠦᠩᠬᠦᠨ ᠬᠦᠢᠯᠭᠡᠭᠡᠨ ᠤ ᠠᠵᠢᠯᠯᠠᠭ᠎ᠠ ᠳᠤ ᠡᠷᠡᠰ ᠴᠤᠬᠢᠯᠳᠠ ᠦᠭᠴᠦ᠂ ᠪᠤᠤ ᠱᠠᠩ ᠪᠠᠩᠬᠢ ᠶᠢ ᠲᠠᠬᠢᠨ ᠪᠠᠶᠢᠭᠤᠯᠤᠭᠰᠠᠨ ᠤ ᠳᠠᠷᠠᠭᠠᠬᠢ ᠳᠠᠷᠠᠭᠠᠴᠢ ᠶᠢᠨ ᠠᠵᠢᠯ ᠢ ᠦᠷᠬᠦᠯᠵᠢᠯᠠᠨ ᠰᠠᠶᠢᠲᠤᠷ ᠬᠢᠨ᠎ᠠ᠃ ᠠᠵᠤ ᠠᠬᠤᠢ ᠶᠢᠨ ᠡᠷᠬᠢᠯᠳᠠ ᠶᠢᠨ ᠪᠠᠶᠢᠳᠠᠯ ᠢ ᠨᠠᠷᠢᠯᠢᠭ ᠠᠵᠢᠭᠯᠠᠵᠦ᠂ ᠡᠯ᠎ᠠ ᠲᠦᠷᠦᠯ ᠤᠨ ᠠᠵᠤ ᠠᠬᠤᠢ ᠶᠢᠨ ᠵᠢᠭᠠᠯᠳᠠ ᠳᠤᠭ᠎ᠠ ᠶᠢᠨ ᠬᠤᠪᠢᠷᠠᠯᠳᠠ ᠶᠢ ᠴᠠᠭ ᠲᠤᠬᠠᠢ ᠳᠤᠨᠢ ᠵᠠᠳᠠᠯᠵᠦ᠂ ᠡᠷᠬᠢᠯᠳᠠ ᠳᠤ ᠬᠢᠨᠠᠯᠳᠠ ᠲᠠᠯᠪᠢᠬᠤ᠂ ᠬᠤᠯᠪᠤᠭᠠᠯᠠᠨ ᠬᠦᠳᠡᠯᠤᠯᠴᠠᠵᠦ ᠵᠠᠳᠠᠯᠬᠤ ᠲᠤᠭᠳᠠᠴᠠ ᠶᠢ ᠲᠡᠬᠦᠯᠳᠡᠷᠵᠢᠬᠦᠯᠵᠦ᠂ ᠠᠵᠤ ᠠᠬᠤᠶᠢᠯᠠᠯ ᠨᠢᠭᠡᠪᠤᠷᠢ᠂ ᠠᠵᠢᠯ ᠳᠦᠷᠦᠯ ᠨᠢᠭᠡᠪᠦᠷᠢ ᠳᠤᠨᠢ ᠬᠠᠷᠠᠭᠠᠯᠵᠠᠭᠤᠯᠤᠨ ᠲᠤᠬᠢᠷᠠᠭᠤᠯᠵᠦ ᠦᠢᠯᠠᠴᠢᠯᠡᠬᠦ ︽ᠠᠵᠤ ᠠᠬᠤᠶᠢᠯᠠᠯ ᠤᠨ ᠲᠦᠷᠦᠬᠦᠦ ᠦᠢᠯᠡᠴᠢᠯᠡᠭᠴᠢ︾ ᠶᠢᠨ ᠲᠦᠷᠢᠮ ᠢ ᠭᠡᠷᠡᠭᠵᠢᠬᠦᠯᠵᠦ᠂ ᠠᠵᠤ ᠠᠬᠤᠢ ᠶᠢᠨ ᠭᠤᠤᠯᠳᠠᠯᠭ᠎ᠠ ᠲᠠᠢ ᠰᠠᠯᠠᠭ᠎ᠠ ᠮᠦᠴᠢᠷ ᠤᠨ ᠬᠠᠮᠲᠤᠷᠠᠭᠰᠠᠨ ᠬᠤᠷᠠᠯ  ᠤᠨ ᠠᠵᠢᠯ ᠤᠨ ᠲᠦᠷᠢᠮ ᠢ ᠲᠡᠬᠦᠯᠳᠡᠷᠵᠢᠬᠦᠯᠤᠨ᠎ᠠ᠃ ᠡᠯ᠎ᠠ ᠱᠠᠳᠣ ᠡᠯ᠎ᠠ ᠰᠠᠯᠠᠭ᠎ᠠ ᠮᠦᠴᠢᠷ ᠤᠨ ᠬᠢᠨ ᠡᠷᠭᠡᠪᠰᠢ ᠤᠯᠤᠰ᠂ ᠦᠪᠠᠷᠳᠡᠭᠡᠨ ᠵᠠᠰᠠᠬᠤ ᠤᠷᠤᠨ ᠤ ᠠᠵᠤ ᠠᠬᠤᠶᠢᠯᠠᠯ ᠢ ᠬᠠᠷᠠᠭᠠᠯᠵᠠᠬᠤ ᠡᠯ᠎ᠠ ᠲᠦᠷᠦᠯ ᠤᠨ ᠲᠡᠳᠬᠦᠨ ᠲᠡᠮᠵᠢᠬᠦ ᠲᠦᠷᠦ ᠶᠢᠨ ᠪᠤᠲᠤᠯᠭ᠎ᠠ ᠶᠢ ᠨᠠᠷᠢᠨ ᠬᠢᠨᠠᠮᠠᠭᠠᠢ ᠰᠤᠲᠤᠯᠵᠦ᠂ ᠨᠠᠷᠢᠯᠢᠭᠵᠢᠭᠤᠯᠤᠨ ᠵᠠᠳᠠᠯᠬᠤ ᠪᠠ ᠲᠦᠷᠦᠯ ᠲᠦᠷᠦᠯ ᠢᠶᠠᠷ ᠨᠢ ᠨᠠᠶᠢᠳᠠᠪᠤᠷᠢᠵᠢᠭᠤᠯᠵᠦ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠮᠦᠩᠬᠦᠨ ᠬᠦᠢᠯᠭᠡᠭᠡ᠂ ᠠᠷᠠᠳ  ᠠᠴᠠ ᠡᠵᠡᠩᠨᠡᠭᠰᠡᠨ ᠠᠵᠤ ᠠᠬᠤᠶᠢᠯᠠᠯ ᠢ ᠲᠡᠮᠵᠢᠬᠦ ᠪᠠ ᠪᠤᠳᠠᠲᠤ ᠴᠤᠭᠴᠠ ᠶᠢᠨ ᠠᠵᠤ ᠠᠬᠤᠢ ᠶᠢᠨ ᠬᠦᠭᠵᠢᠯᠳᠡ᠂ ᠠᠵᠤ ᠠᠬᠤᠶᠢᠯᠠᠯ ᠢ ᠬᠠᠪᠰᠣᠷᠴᠦ ᠠᠵᠢᠯ ᠤᠨ ᠪᠠᠶᠢᠷᠢ ᠶᠢ ᠨᠢ ᠳᠣᠭᠳᠠᠪᠣᠷᠢᠵᠢᠭᠤᠯᠬᠤ ᠵᠡᠷᠭᠡ ᠲᠦᠷᠦ ᠶᠢᠨ ᠪᠤᠲᠤᠯᠭ᠎ᠠ ᠠᠷᠭ᠎ᠠ ᠬᠡᠮᠵᠢᠶ᠎ᠡ ᠶᠢ ᠬᠡᠷᠡᠭᠵᠢᠬᠦᠯᠦᠭᠰᠡᠨ ᠳᠣᠬᠠᠢ ᠮᠦᠷᠳᠡᠨ ᠠᠵᠢᠯ ᠤᠨ ᠦᠷ᠎ᠠ ᠪᠦᠲᠤᠮᠵᠢ ᠶᠢ ᠨᠢ ᠠᠰᠠᠭᠤᠬᠤ ᠠᠵᠢᠯ  ᠢ ᠭᠤᠣᠯᠴᠢᠯᠠᠨ ᠰᠠᠶᠢᠲᠤᠷ ᠬᠢᠵᠦ᠂ 5 ᠰᠠᠷ᠎ᠠ ᠶᠢᠨ ᠡᠴᠤᠰ ᠠᠴᠠ ᠡᠮᠤᠨ᠎ᠠ ᠠᠩᠬᠠᠨ ᠤ ᠡᠭᠡᠯᠵᠢ ᠶᠢᠨ ᠰᠢᠮᠳᠠᠭᠤᠯᠤᠨ ᠪᠠᠶᠢᠴᠠᠭᠠᠯᠳᠠ ᠪᠠᠨ ᠪᠠᠶᠡᠯᠡᠬᠦᠯᠵᠦ᠂ ᠲᠦᠷᠦ ᠶᠢᠨ ᠪᠤᠲᠤᠯᠭ᠎ᠠ ᠶᠢ ᠤᠷᠤᠨ ᠪᠠᠶᠢᠷᠢᠨ ᠳᠤᠨᠢ ᠨᠠᠶᠢᠳᠠᠪᠤᠷᠢᠵᠢᠭᠤᠯᠬᠤ ᠳᠤ ᠪᠦᠬᠦ ᠬᠦᠴᠦ ᠪᠠᠨ ᠲᠠᠯᠪᠢᠨ᠎ᠠ᠃ ᠤᠰᠤ᠂ ᠴᠠᠬᠢᠯᠭᠠᠨ᠂ ᠭᠠᠵᠠᠷ ᠰᠢᠷᠤᠢ᠂ ᠬᠦᠳᠡᠯᠮᠤᠷᠢ ᠬᠦᠴᠦ ᠵᠡᠷᠭᠡ ᠡᠯᠧᠨᠧᠮᠲ  ᠶᠢᠨ ᠬᠠᠩᠭᠠᠯᠭ᠎ᠠ ᠪᠠ ᠪᠠᠲᠤᠯᠠᠭ᠎ᠠ ᠶᠢᠨ ᠲᠤᠭᠳᠠᠴᠠ ᠶᠢ ᠰᠢᠯᠢᠳᠡᠭᠵᠢᠬᠦᠯᠵᠦ᠂ ᠲᠦᠷᠢᠮ ᠤᠨ ᠪᠠᠲᠤᠯᠠᠭ᠎ᠠ ᠳᠤ ᠤᠨᠤᠪᠴᠢᠲᠡᠢ ᠪᠠᠷ ᠬᠦᠴᠦᠯᠠᠨ᠎ᠠ᠃      ᠭᠤᠷᠪᠠ᠂ ᠪᠤᠳᠠᠲᠤ ᠴᠤᠭᠴᠠ ᠶᠢᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠲᠦᠷᠭᠡᠳᠭᠡᠨ᠎ᠠ      ᠭᠤᠤᠯ ᠠᠵᠢᠯ ᠳᠤ ᠠᠩᠬᠠᠷᠤᠯ ᠢᠶᠠᠨ ᠲᠦᠪᠯᠡᠷᠡᠬᠦᠯᠬᠦ᠂ ᠪᠤᠳᠠᠲᠤ ᠦᠢᠯᠡᠰ ᠢᠶᠠᠨ ᠨᠠᠷᠢᠯᠢᠭᠵᠢᠭᠤᠯᠬᠤ ᠶᠢ ᠪᠠᠷᠢᠮᠳᠠᠯᠠᠵᠦ᠂ ᠰᠠᠷ᠎ᠠ ᠳᠤ ᠵᠣᠬᠢᠴᠠᠭᠤᠯᠭ᠎ᠠ ᠬᠢᠬᠦ᠂ ᠤᠯᠠᠷᠢᠯ ᠳᠤ ᠵᠠᠳᠠᠯᠤᠯᠳᠠ ᠬᠢᠬᠦ᠂ ᠬᠠᠭᠠᠰ ᠵᠢᠯ ᠳᠤ ᠨᠢᠭᠡ ᠤᠳᠠᠭ᠎ᠠ ᠪᠠᠶᠢᠴᠠᠭᠠᠨ ᠪᠦᠷᠢᠳᠭᠡᠬᠦ ᠠᠵᠢᠯ ᠤᠨ ᠲᠤᠭᠳᠠᠴᠠ ᠶᠢ ᠨᠠᠶᠢᠳᠠᠪᠤᠷᠢᠵᠢᠭᠤᠯᠵᠦ᠂ ᠠᠵᠤ ᠠᠬᠤᠶᠢᠯᠠᠯ ᠢ ᠲᠡᠳᠬᠦᠨ ᠳᠡᠮᠵᠢᠵᠦ ᠲᠦᠷᠭᠡᠭᠡᠨ ᠦᠢᠯᠡᠳᠪᠤᠷᠢᠯᠠᠯ ᠢ ᠨᠢ ᠰᠡᠷᠬᠦᠭᠡᠵᠦ ᠦᠷ᠎ᠠ ᠪᠦᠲᠤᠮᠵᠢ ᠭᠠᠷᠭᠠᠨ᠎ᠠ᠃ 45 ᠳ᠋ᠦᠩᠰᠢᠭᠤᠷ ᠲᠦᠬᠦᠷᠢᠭ ᠠᠴᠠ ᠲᠡᠭᠡᠭᠰᠢᠬᠢ ᠠᠵᠤ ᠦᠢᠯᠡᠳᠪᠤᠷᠢ ᠶᠢᠨ ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠤᠭᠡᠨ ᠪᠠᠶᠢᠭᠤᠯᠤᠯᠳᠠ ᠶᠢ ᠠᠬᠢᠭᠤᠯᠵᠦ᠂ ᠶᠠᠩ ᠹᠠᠨ ᠰᠢᠨ᠎ᠠ ᠮᠠᠲ᠋ᠧᠷᠢᠶᠠᠯ ᠤᠨ ᠡᠮ ᠡᠮᠨᠡᠯᠭᠡ ᠶᠢᠨ ᠵᠠᠪᠰᠠᠷ ᠤᠨ ᠪᠠᠶ᠎ᠠ᠂ ᠴᠢ ᠬᠤᠢ ᠡᠮ ᠤᠨ ᠳᠦᠭᠦᠭᠡᠢ ᠮᠠᠲ᠋ᠧᠷᠢᠶᠠᠯ ᠵᠢᠴᠢ ᠡᠮ ᠡᠮᠨᠡᠯᠭᠡ ᠶᠢᠨ ᠵᠠᠪᠰᠠᠷ ᠤᠨ ᠪᠠᠶ᠎ᠠ᠂ ᠱᠠ ᠵᠸᠤ ᠬᠢᠮᠢ  ᠶᠢᠨ ᠡᠮ ᠤᠨ ᠳᠦᠭᠦᠭᠡᠢ ᠮᠠᠲ᠋ᠧᠷᠢᠶᠠᠯ ᠵᠡᠷᠭᠡ ᠦᠷᠬᠦᠯᠵᠢᠯᠠᠨ ᠪᠠᠶᠢᠭᠤᠯᠵᠦ ᠪᠠᠶᠢᠭ᠎ᠠ 8 ᠲᠦᠷᠦᠯ ᠵᠦᠢᠯ ᠪᠠ ᠲᠤᠮᠤ ᠲᠤᠮᠳᠠ ᠨᠠᠷᠢᠯᠢᠭ ᠬᠢᠮᠢ ᠶᠢᠨ ᠪᠤᠳᠠᠰ᠂ ᠷᠦᠩ ᠴᠤᠸᠠᠩ ᠢ ᠪᠦᠸᠧ ᠲᠤᠭᠠᠴᠢᠯᠠᠭᠰᠠᠨ ᠰᠦᠷᠴᠢᠯᠳᠠ ᠶᠢᠨ ᠵᠠᠪᠰᠠᠷ  ᠤᠨ ᠪᠠᠶ᠎ᠠ ᠶᠢᠨ ᠰᠢᠷᠢᠰ ᠲᠦᠷᠦᠯ ᠵᠦᠢᠯ ᠵᠡᠷᠭᠡ ᠰᠢᠨ᠎ᠠ ᠪᠠᠷ ᠪᠠᠶᠢᠭᠤᠯᠵᠦ ᠪᠠᠶᠢᠭ᠎ᠠ 10 ᠲᠦᠷᠦᠯ ᠵᠦᠢᠯ ᠤᠨ ᠪᠦᠳᠦᠭᠡᠨ ᠪᠠᠶᠢᠭᠤᠯᠣᠯᠳᠠ ᠶᠢ ᠭᠤᠣᠯᠴᠢᠯᠠᠨ ᠲᠦᠷᠭᠡᠳᠭᠡᠵᠦ᠂ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ 2019 ᠣᠨ ᠤ ᠨᠠᠮᠤᠷ ᠤᠨ ᠣᠯᠠᠷᠢᠯ ᠤᠨ ᠲᠥᠪᠯᠡᠷᠡᠭᠦᠯᠦᠨ ᠭᠡᠷ᠎ᠡ ᠲᠣᠭᠲᠠᠬᠤ ᠲᠥᠷᠥᠯ ᠵᠦᠶᠯ ᠢ ᠡᠷᠲᠡᠬᠡᠨ ᠠᠵᠢᠯ ᠡᠬᠢᠯᠡᠭᠦᠯᠬᠦ ᠶᠢ ᠠᠬᠢᠭᠤᠯᠤᠨ᠎ᠠ᠃ ᠪᠥᠸᠧ ᠶᠤᠸᠠᠨ ᠤ 1000 ᠲᠦᠮᠡᠨ ᠲᠣᠨ ᠪᠠᠶᠢᠭᠠᠯᠢ ᠶᠢᠨ ᠬᠤᠵᠢᠷ ᠬᠢᠮᠢ ᠶᠢᠨ ᠠᠵᠤ ᠦᠶᠯᠡᠳᠪᠦᠷᠢ᠂ ᠶᠢᠨ ᠱᠢ ᠪᠦᠯᠦᠭᠯᠡᠯ ᠤᠨ ᠬᠠᠶᠢᠯᠤᠭᠤᠷ ᠵᠣᠩᠰᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠨᠡᠭᠡᠭᠡᠨ ᠠᠰᠢᠭᠯᠠᠬᠤ᠂ ᠸᠧᠢ ᠶᠧ ᠡᠨᠧᠷᠭᠢ ᠪᠠ ᠬᠡᠦᠷᠰᠢᠭᠦᠯᠬᠦ  ᠶᠢ ᠨᠢᠭᠡ ᠴᠣᠭᠴᠠᠵᠢᠭᠤᠯᠬᠤ᠂ ᠲᠢᠶᠠᠨ ᠶᠤᠸᠠᠨ ᠮᠠᠩᠭᠠᠨ ᠤ ᠦᠶᠯᠡᠰ ᠤᠨ 100 ᠲᠦᠮᠡᠨ ᠲᠣᠨ ᠳᠡᠭᠡᠳᠦ ᠠᠭᠤᠯᠣᠭᠳᠠᠴᠠ ᠪᠦᠬᠦᠢ ᠴᠠᠬᠢᠭᠤᠷ ᠴᠠᠬᠢᠭᠤᠷ ᠮᠠᠩᠭᠠᠨ᠂ ᠲᠢᠶᠠᠨ ᠾᠧ ᠱᠦᠶ ᠰᠢᠨ᠎ᠡ ᠮᠠᠲ᠋ᠧᠷᠢᠶᠠᠯ ᠤᠨ ᠰᠢᠨᠵᠢᠯᠡᠭᠡ ᠮᠡᠷᠭᠡᠵᠢᠯ ᠤᠨ ᠠᠵᠤ ᠦᠶᠯᠡᠰ ᠤᠨ ᠬᠦᠷᠢᠶᠡᠯᠡᠩ ᠵᠡᠷᠭᠡ ᠠᠵᠤ ᠦᠶᠯᠡᠳᠪᠦᠷᠢ ᠶᠢᠨ ᠡᠮᠦᠨᠡᠬᠢ ᠬᠤᠭᠤᠴᠠᠭᠠᠨ ᠤ ᠴᠢᠬᠤᠯᠠ ᠶᠡᠭᠡ ᠲᠥᠷᠥᠯ ᠵᠦᠶᠯ ᠢ ᠲᠦᠷᠭᠡᠳᠬᠡᠨ ᠠᠬᠢᠭᠤᠯᠤᠨ᠎ᠠ᠃ ᠲᠥᠪᠯᠡᠷᠡᠭᠦᠯᠦᠨ ᠡᠷᠴᠢᠮᠵᠢᠭᠦᠯᠦᠨ ᠬᠥᠭᠵᠢᠭᠦᠯᠬᠦ  ᠶᠢ ᠦᠷᠭᠦᠯᠵᠢᠯᠡᠨ ᠠᠬᠢᠭᠤᠯᠵᠤ᠂ ᠡᠯ᠎ᠡ ᠳᠦᠷᠦᠯ ᠤᠨ ᠦᠶᠯᠡᠳᠪᠦᠷᠢᠯᠡᠯ ᠤᠨ ᠡᠯᠧᠮᠧᠨ᠋ᠲ ᠢ ᠡᠮᠬᠢᠯᠡᠨ ᠨᠡᠶᠢᠯᠡᠭᠦᠯᠵᠦ᠂ ᠨᠠᠷᠢᠯᠢᠭ ᠬᠢᠮᠢ ᠶᠢᠨ ᠠᠵᠤ ᠦᠶᠯᠡᠳᠪᠦᠷᠢ ᠶᠢᠨ ᠲᠥᠷᠥᠯ ᠵᠦᠶᠯ᠂ ᠢᠯᠠᠩᠭᠤᠶ᠎ᠠ ᠬᠢᠮᠢ ᠶᠢᠨ ᠵᠠᠪᠰᠠᠷ ᠤᠨ ᠪᠡᠶ᠎ᠡ ᠶᠢᠨ ᠲᠥᠷᠥᠯ ᠵᠦᠶᠯ ᠤᠨ ᠪᠣᠳᠠᠳᠠᠶᠢᠵᠢᠨ ᠨᠠᠶᠢᠳᠠᠪᠣᠷᠢᠵᠢᠭᠳᠠᠬᠤ ᠪᠠ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ  ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠵᠦ᠂ ᠭᠠᠳᠠᠭᠰᠢᠯᠠᠭᠤᠯᠣᠨ ᠰᠢᠶᠳᠪᠦᠷᠢᠯᠡᠬᠦ ᠳᠦᠭᠦᠭᠡᠷᠦᠮᠵᠢ ᠶᠢ ᠲᠥᠬᠦᠷᠵᠢᠭᠦᠯᠦᠨ ᠲᠡᠭᠦᠯᠳᠡᠷᠵᠢᠭᠦᠯᠵᠦ᠂ ᠠᠵᠤ ᠦᠢᠯᠡᠰ ᠤᠨ ᠪᠠᠶᠢᠷᠢᠰᠢᠭᠤᠯᠣᠯᠳᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ᠬᠢᠭᠡᠳ ᠲᠩᠷᠢ ᠠᠵᠦ ᠠᠬᠤᠢ ᠶᠢᠨ ᠮᠡᠷᠭᠡᠵᠢᠯ ᠤᠨ ᠨᠡᠭᠡᠭᠡᠯᠲᠡ ᠶᠢᠨ ᠣᠷᠣᠨ ᠤ ︽ᠡᠮᠦᠨ᠎ᠡ ᠣᠮᠠᠷ᠎ᠠ ᠬᠠᠮᠲᠤᠪᠠᠷ ᠤᠷᠤᠭᠰᠢᠯᠠᠬᠤ᠂ ᠬᠤᠤᠰ ᠬᠦᠷᠳᠦ ᠪᠠᠷ ᠬᠥᠳᠡᠯᠭᠡᠭᠦᠷ ᠪᠣᠯᠭᠠᠬᠤ︾ ᠶᠢ ᠠᠬᠢᠭᠤᠯᠤᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠢ 7% ᠣᠷᠴᠢᠮ ᠨᠡᠮᠡᠭᠳᠡᠭᠦᠯᠵᠦ᠂ ᠠᠵᠤ ᠦᠶᠯᠡᠳᠪᠦᠷᠢ  ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠣᠷᠴᠢᠮ ᠨᠡᠮᠡᠭᠳᠡᠭᠦᠯᠵᠦ᠂ ᠲᠦᠮᠡᠨ ᠳᠦᠭᠦᠷᠢᠭ ᠪᠦᠬᠦᠢ GDP ᠶᠢᠨ ᠡᠨᠧᠷᠭᠢ ᠶᠢᠨ ᠬᠤᠷᠣᠭᠳᠠᠯ ᠢ 3.3% ᠠᠴᠠ  ᠢᠯᠡᠭᠦᠦ ᠬᠡᠮᠵᠢᠶᠡᠨ ᠳᠤ ᠪᠠᠭᠤᠷᠠᠭᠤᠯᠤᠨ᠎ᠠ᠃ ᠴᠢᠯᠠᠭᠤᠨ ᠲᠤᠰᠤ ᠪᠠᠶᠢᠭᠠᠯᠢ ᠶᠢᠨ ᠰᠢᠳᠠᠮᠠᠬᠠᠢ ᠬᠡᠢ ᠶᠢᠨ ᠡᠬᠢ ᠪᠠᠶᠠᠯᠢᠭ ᠤᠨ ᠠᠵᠤ ᠦᠢᠯᠡᠰ ᠤᠨ ᠬᠡᠯᠬᠢᠶ᠎ᠡ ᠶᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠳᠣᠮᠳᠠᠳᠣ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ  ᠶᠢᠨ ᠡᠣ ᠳᠣᠬᠤᠢ ᠴᠢᠯᠠᠭᠤᠨ ᠲᠤᠰᠤᠨ ᠤ ᠠᠢ ᠰᠠᠪᠠ᠂ ᠳᠤᠮᠳᠠᠳᠤ ᠤᠯᠤᠰ ᠤᠨ ᠴᠢᠯᠠᠭᠤᠨ ᠳᠣᠰᠣᠨ ᠤ ᠵᠢᠢ ᠲᠠᠢ ᠴᠢᠯᠠᠭᠤᠨ ᠲᠤᠰᠤᠨ ᠤ ᠠᠢ ᠰᠠᠪᠠ ᠪᠣᠯᠤᠨ ᠳᠦᠷᠫᠠᠨ ᠬᠠᠮᠢᠯ ᠤᠨ ᠴᠢᠯᠠᠭᠤᠨ ᠳᠣᠰᠣᠨ ᠤ ᠠᠢ ᠰᠠᠪᠠ ᠳᠤ ᠴᠢᠯᠠᠭᠤᠨ ᠲᠤᠰᠤ ᠪᠠᠶᠢᠭᠠᠯᠢ ᠶᠢᠨ ᠰᠢᠳᠠᠮᠠᠬᠠᠢ ᠬᠡᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠦᠳᠦᠭᠡᠨ ᠪᠠᠶᠢᠭᠤᠯᠤᠯᠲᠠ ᠬᠢᠬᠦ  ᠶᠢ ᠤᠯᠠᠨ ᠲᠠᠯ᠎ᠠ ᠠᠴᠠ ᠲᠡᠮᠵᠢᠵᠤ᠂ ᠨᠡᠮᠡᠭᠳᠡᠯ ᠤᠨ ᠰᠢᠨ᠎ᠡ ᠲᠤᠶᠢᠯ ᠪᠦᠷᠢᠯᠳᠦᠬᠦ ᠶᠢ ᠠᠬᠢᠭᠤᠯᠣᠨ᠎ᠠ᠃ ᠰᠣᠶᠣᠯ ᠵᠢᠭᠤᠯᠴᠢᠯᠠᠯ᠂ ᠰᠡᠯᠡᠭᠦᠴᠡᠯ ᠢᠳᠡᠭᠡᠨ ᠤᠮᠳᠠᠭᠠᠨ ᠤ ᠦᠢᠯᠡᠰ᠂ ᠲᠦᠷᠭᠡᠨ ᠬᠦᠷᠭᠡᠯᠳᠡ ᠪᠠᠷᠠᠭ᠎ᠠ ᠶᠢᠨ ᠭᠦᠶᠯᠭᠡᠭᠡ ᠵᠡᠷᠭᠡ ᠠᠷᠠᠳ ᠢ ᠴᠢᠨᠡᠭᠡᠯᠢᠭᠵᠢᠬᠦᠯᠬᠦ ᠠᠵᠤ ᠦᠶᠯᠡᠰ ᠢ ᠶᠡᠬᠡᠪᠡᠷ ᠪᠣᠶᠢᠵᠢᠭᠤᠯᠵᠤ᠂ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠨ᠂ ᠠᠵᠢᠯ ᠲᠥᠷᠥᠯ ᠤᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠢᠯᠪᠠᠷ ᠪᠤᠰᠤ ᠪᠠᠷ ᠴᠢᠷᠮᠠᠶᠢᠨ ᠣᠯᠣᠭᠰᠠᠨ ᠲᠣᠣᠷᠠᠢ ᠶᠢᠨ ᠣᠢ ᠶᠢᠨ ᠤᠯᠤᠰ ᠤᠨ 5A ᠲᠡᠰ  ᠤᠨ ᠦᠵᠡᠮᠵᠢ ᠶᠢᠨ ᠣᠷᠣᠨ ᠢ ᠴᠣᠭᠴᠠᠯᠠᠨ ᠪᠠᠶᠢᠭᠤᠯᠣᠭᠰᠠᠨ ᠦᠷ᠎ᠡ ᠪᠦᠲᠦᠭᠡᠯ ᠢ ᠰᠠᠶᠢᠲᠤᠷ ᠠᠰᠢᠭᠯᠠᠨ ᠬᠠᠮᠠᠭᠠᠯᠠᠵᠤ᠂ ᠪᠠᠭᠠᠲᠤᠷᠴᠤᠳ ᠤᠨ ᠴᠣᠭᠯᠠᠭᠠᠨ᠂ ᠲᠣᠣᠷᠠᠢ ᠶᠢᠨ ᠨᠠᠶᠢᠷ᠂ ᠡᠯᠡᠰᠦᠨ ᠤ ᠵᠢᠭᠤᠯᠴᠢᠯᠠᠯ ᠤᠨ ᠨᠠᠶᠢᠷ ᠵᠡᠷᠭᠡ ᠡᠯ᠎ᠡ ᠲᠥᠷᠥᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠨᠡᠷᠡᠲᠦ ᠲᠡᠮᠳᠡᠭ ᠤᠨ ᠬᠢᠷᠢ ᠳᠦᠪᠰᠢᠨ  ᠲᠠᠢ ᠵᠣᠬᠢᠴᠠᠭᠰᠠᠨ ᠵᠢᠭᠤᠯᠴᠢᠯᠠᠯ ᠤᠨ ᠠᠵᠤ ᠦᠢᠯᠡᠰ ᠤᠨ ᠥᠷᠨᠢᠩᠭᠦᠢ ᠬᠦᠭᠵᠢᠯᠳᠡ ᠶᠢ ᠠᠬᠢᠭᠤᠯᠤᠨ᠎ᠠ᠃ ᠶᠡᠷᠦᠩᠬᠡᠶᠢᠯᠡᠭᠰᠡᠨ ᠴᠢᠯᠦᠭᠡᠳᠦ ᠳᠡᠯᠭᠡᠭᠦᠷ᠂ ᠬᠡᠪᠴᠢᠶᠡᠵᠢᠭᠰᠡᠨ ᠢᠳᠡᠭᠡᠨ ᠤᠮᠳᠠᠭᠠᠨ ᠤ ᠦᠢᠯᠡᠰ᠂ ᠠᠮᠢᠳᠤᠷᠠᠯ ᠤᠨ ᠦᠶᠯᠡᠴᠢᠯᠡᠭᠡ ᠵᠡᠷᠭᠡ ᠪᠠᠷ ᠭᠤᠤᠯᠳᠠᠯᠭ᠎ᠠ ᠪᠣᠯᠭᠠᠨ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠢᠳᠡᠪᠬᠢᠲᠡᠶ ᠪᠣᠶᠢᠵᠢᠭᠤᠯᠬᠤ ᠪᠠ ᠣᠷᠣᠭᠤᠯᠤᠨ ᠠᠪᠴᠢᠷᠠᠵᠤ᠂ ᠨᠡᠶᠢᠭᠡᠮ ᠤᠨ ᠬᠦᠴᠦᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠨᠠᠶᠢᠳᠠᠨ ᠪᠣᠶᠢᠵᠢᠭᠤᠯᠬᠤ ᠪᠠ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢᠨ ᠦᠶᠯᠡᠴᠢᠯᠡᠭᠡ ᠥᠷᠨᠢᠭᠦᠯᠬᠦ ᠶᠢ ᠨᠢ ᠳᠡᠮᠵᠢᠵᠦ᠂ ᠲᠣᠰ ᠭᠠᠵᠠᠷ ᠣᠷᠣᠨ ᠤ ᠪᠠᠨ ᠦᠨᠳᠦᠰᠦᠲᠡᠨ ᠤ ᠣᠨᠴᠠᠯᠢᠭ ᠪᠥᠬᠦᠶ ᠲᠠᠸᠠᠷ ᠤᠨ ᠠᠵᠤ ᠦᠶᠯᠡᠰ ᠢᠶᠠᠨ ᠨᠡᠭᠡᠭᠡᠨ ᠬᠥᠭᠵᠢᠭᠦᠯᠬᠦ ᠶᠢ ᠨᠢ ᠲᠡᠳᠬᠦᠨ ᠳᠡᠮᠵᠢᠵᠦ᠂ ᠬᠡᠷᠡᠭᠯᠡᠭᠡᠨ ᠤ ᠪᠦᠲᠦᠴᠡ ᠶᠢ ᠲᠠᠰ ᠳᠡᠪᠰᠢᠭᠦᠯᠬᠦ ᠲᠠᠯ᠎ᠠ ᠪᠠᠷ ᠬᠠᠷᠠᠯᠲᠠ ᠲᠠᠢ ᠪᠠᠷ ᠠᠵᠢᠯᠯᠠᠨ᠎ᠠ᠃      ᠳᠥᠷᠪᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠶ ᠠᠬᠢᠭᠤᠯᠤᠨ᠎ᠠ      ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠳᠠᠬᠢᠨ ᠶᠠᠳᠠᠭᠤᠷᠠᠬᠤ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠬᠥᠳᠡᠯᠦᠩᠭᠦᠶ ᠪᠠᠷ ᠳᠡᠳᠬᠦᠨ ᠳᠡᠮᠵᠢᠬᠦ ᠶᠢ ᠴᠢᠩᠭᠠᠳᠬᠠᠵᠤ᠂ ᠶᠠᠳᠠᠭᠤ ᠶᠢ ᠲᠡᠳᠬᠦᠬᠦ ᠠᠵᠢᠯ ᠤᠨ ᠬᠥᠳᠡᠯᠦᠩᠭᠦᠶ ᠬᠠᠮᠢᠶᠠᠷᠤᠯᠲᠠ ᠶᠢᠨ ᠰᠢᠰᠲ᠋ᠧᠮ ᠳᠠᠬᠢ 3944 ᠡᠷᠦᠬᠡ ᠶᠢᠨ 9587 ᠬᠥᠮᠦᠨ ᠢ ᠬᠢᠨᠠᠨ ᠬᠡᠮᠵᠢᠬᠦ ᠪᠠ ᠳᠡᠳᠬᠦᠨ ᠳᠡᠮᠵᠢᠬᠦ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ᠲᠣᠤᠷ ᠲᠠᠲᠠᠬᠤ ᠮᠠᠶ᠋ᠢᠭ ᠤᠨ ᠵᠢᠭᠰᠠᠭᠠᠨ ᠪᠠᠶᠢᠴᠠᠭᠠᠯᠲᠠ ᠶᠢ ᠥᠷᠨᠢᠭᠦᠯᠵᠦ᠂ ᠰᠢᠨ᠎ᠡ ᠳᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠭᠠᠮᠰᠢᠭ ᠵᠢᠴᠢ  ᠡᠪᠡᠳᠴᠢᠨ ᠳᠤ ᠨᠦᠯᠦᠭᠡᠯᠡᠭᠳᠡᠭᠰᠡᠨ᠂ ᠣᠷᠣᠯᠭ᠎ᠠ ᠨᠢ ᠳᠦᠩᠬᠡᠵᠢ ᠪᠠᠷᠢᠮᠵᠢᠶ᠎ᠠ ᠳᠤ ᠭᠦᠷᠦᠭᠰᠡᠨ᠂ ᠶᠠᠳᠠᠭᠤ ᠬᠦᠴᠢᠷᠳᠡᠯ ᠤᠨ ᠪᠠᠷᠢᠮᠵᠢᠶ᠎ᠠ ᠱᠤᠭᠤᠮ ᠠᠴᠠ ᠳᠡᠳᠦᠢ ᠥᠨᠳᠥᠷ ᠪᠢᠰᠢ᠂ ᠬᠡᠷ ᠪᠦᠯᠢ ᠶᠢᠨ ᠣᠷᠣᠯᠭ᠎ᠠ ᠳᠠᠬᠢ ᠡᠳ᠋ ᠬᠥᠷᠥᠩᠭᠡ ᠶᠢᠨ ᠴᠢᠨᠠᠷᠲᠠᠶ ᠣᠷᠣᠯᠭ᠎ᠠ ᠪᠠ ᠰᠢᠯᠵᠢᠯᠲᠡ ᠶᠢᠨ ᠴᠢᠨᠠᠷᠲᠠᠶ ᠣᠷᠣᠯᠭ᠎ᠠ ᠨᠢ ᠥᠨᠳᠥᠷ᠂ ᠦᠶᠯᠡᠳᠪᠦᠷᠢᠯᠡᠯ ᠡᠵᠡᠩᠨᠡᠯᠲᠡ ᠶᠢᠨ ᠴᠢᠨᠠᠷᠲᠠᠶ ᠪᠠ ᠴᠠᠯᠢᠩ ᠤᠨ ᠴᠢᠨᠠᠷᠲᠠᠶ ᠣᠷᠣᠯᠭ᠎ᠠ ᠨᠢ ᠨᠡᠯᠢᠶᠡᠳ ᠪᠠᠭ᠎ᠠ ᠬᠥᠮᠦᠰ ᠢ ᠣᠨᠴᠣᠭᠤᠶᠢᠯᠠᠨ ᠠᠩᠬᠠᠷᠴᠤ᠂ ᠶᠠᠳᠠᠭᠤ ᠠᠴᠠ ᠠᠩᠬᠢᠵᠢᠷᠠᠭᠰᠠᠨ ᠬᠦᠮᠦᠰ ᠤᠨ ᠳᠠᠬᠢᠨ ᠶᠠᠳᠠᠭᠤᠷᠠᠬᠤ᠂ ᠶᠠᠳᠠᠭᠤ ᠠᠴᠠ ᠠᠩᠬᠢᠵᠢᠷᠠᠬᠤ ᠳᠦᠪᠰᠢᠨ ᠳᠤ ᠳᠡᠯᠴᠢᠯᠡᠵᠦ ᠪᠠᠶᠢᠭ᠎ᠠ ᠬᠦᠮᠦᠰ ᠤᠨ ᠶᠠᠳᠠᠭᠤᠷᠠᠬᠤ ᠠᠴᠠ ᠰᠡᠷᠭᠡᠶᠢᠯᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠡᠷᠴᠢᠮᠯᠢᠭ ᠥᠨᠳᠥᠷ ᠦᠷ᠎ᠡ ᠪᠦᠲᠦᠮᠵᠢᠲᠡᠢ ᠬᠥᠭᠵᠢᠯᠲᠡ ᠶᠢ ᠲᠦᠷᠭᠡᠳᠬᠡᠵᠦ᠂ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠢ 7.9 ᠲᠦᠮᠡᠨ ᠮᠣ᠋ ᠪᠦᠲᠦᠭᠡᠨ ᠪᠠᠶᠢᠭᠤᠯᠵᠤ᠂  2 ᠲᠦᠮᠡᠨ ᠮᠣ᠋ ᠳᠤ ᠲᠠᠷᠢᠶᠠᠯᠠᠩ ᠤᠨ ᠤᠰᠤ ᠠᠷᠪᠢᠯᠠᠬᠤ ᠪᠠ ᠬᠢᠮᠢ ᠶᠢᠨ ᠪᠣᠷᠳᠤᠭᠤᠷ ᠲᠠᠷᠢᠶᠠᠨ ᠡᠮ ᠲᠠᠷᠢᠶᠠᠯᠠᠩ ᠤᠨ ᠪᠦᠷᠬᠦᠪᠴᠢ ᠶᠢ ᠪᠠᠭᠠᠰᠬᠠᠬᠤ ᠥᠭᠡᠷᠡᠴᠢᠯᠡᠯᠲᠡ  ᠶᠢ ᠬᠡᠷᠡᠭᠵᠢᠭᠦᠯᠵᠦ᠂ ᠠᠯᠠᠱᠠ ᠶᠢᠨ ᠰᠢᠯᠢᠳᠡᠭ ᠡᠭᠦᠯᠳᠡᠷ ᠤᠨ ᠮᠠᠯ ᠤᠨ ᠭᠤᠣᠯ ᠰᠦᠷᠦᠭ ᠪᠠ ᠡᠭᠦᠯᠳᠡᠷ ᠤᠨ ᠮᠠᠯ ᠤᠨ ᠲᠠᠯᠠᠪᠠᠢ ᠶᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠴᠠᠭᠠᠨ ᠨᠣᠯᠣᠣᠷ ᠤᠨ ᠢᠮᠠᠭ᠎ᠠ᠂ ᠬᠤᠣᠰ ᠪᠥᠬᠦᠲᠦ ᠲᠡᠮᠡᠭᠡᠨ  ᠤ ᠡᠭᠦᠯᠳᠡᠷ ᠢ ᠬᠠᠮᠠᠭᠠᠯᠠᠬᠤ ᠤᠯᠤᠰ ᠤᠨ ᠡᠭᠦᠷᠭᠡ ᠶᠢ ᠨᠠᠶᠢᠳᠠᠪᠤᠷᠢᠵᠢᠭᠤᠯᠵᠤ᠂ ︽1396  ︾ ᠳᠡᠭᠡᠳᠦ ᠳᠡᠰ ᠤᠨ ᠴᠠᠭᠠᠨ ᠨᠣᠯᠣᠣᠷ ᠤᠨ ᠢᠮᠠᠭ᠎ᠠ ᠶᠢ ᠰᠣᠩᠭᠤᠨ ᠪᠣᠶᠢᠵᠢᠭᠤᠯᠬᠤ᠂ ︽ᠠ ᠳ᠋ᠦ᠋︾ ᠢᠳᠡᠰᠢᠨ ᠬᠤᠨᠢᠨ ᠤ ᠰᠢᠨ᠎ᠡ ᠡᠭᠦᠯᠳᠡᠷ ᠢ ᠪᠣᠶᠢᠵᠢᠭᠤᠯᠬᠤ ᠶᠢ ᠲᠦᠷᠭᠡᠳᠬᠡᠵᠦ᠂ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠴᠠ ᠲᠠᠢ ᠵᠣᠬᠢᠴᠠᠯᠳᠤᠭᠰᠠᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠣᠨᠴᠠᠯᠢᠭᠲᠤ ᠠᠵᠤ ᠦᠶᠯᠡᠰ ᠢ ᠲᠦᠷᠭᠡᠳᠬᠡᠨ ᠬᠥᠭᠵᠢᠭᠦᠯᠵᠦ᠂ ᠵᠠᠭ ᠴᠠᠭᠠᠨ ᠭᠤᠶᠣᠣ᠂ ᠬᠠᠷᠮᠠᠭ ᠣᠯᠠᠭᠠᠨ ᠭᠤᠶᠣᠣ᠂ ᠣᠬᠢ ᠪᠦᠳᠦᠭᠡᠭᠳᠡᠭᠦᠨ ᠪᠦᠬᠦᠢ ᠣᠢ ᠰᠢᠭᠤᠶ ᠵᠢᠮᠢᠰ ᠤᠨ ᠦᠶᠯᠡᠰ ᠵᠡᠷᠭᠡ ᠣᠢ ᠰᠢᠭᠤᠶ ᠡᠪᠡᠰᠦ ᠡᠯᠡᠰᠦᠨ ᠤ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠤᠷᠪᠠᠨ ᠲᠦᠮᠡᠨ ᠮᠦ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠴᠣᠭᠴᠠᠯᠠᠨ ᠪᠠᠶᠢᠭᠤᠯᠤᠨ᠎ᠠ᠃ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠨᠢ ᠬᠤᠯᠪᠣᠭᠳᠠᠭᠤᠯᠬᠤ ᠲᠣᠭᠲᠠᠴᠠ ᠶᠢ ᠪᠠᠬᠢᠵᠢᠭᠦᠯᠦᠨ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠳᠦᠷᠢᠮ᠂ ᠭᠠᠵᠠᠷ ᠰᠢᠷᠣᠶ ᠶᠢᠨ ᠳᠦᠷᠢᠮ᠂ ᠦᠮᠴᠢᠯᠡᠯ ᠤᠨ ᠡᠷᠭᠡ ᠶᠢᠨ ᠳᠦᠷᠢᠮ ᠤᠨ ᠥᠭᠡᠷᠡᠴᠢᠯᠡᠯᠲᠡ ᠶᠢᠨ ᠠᠯᠬᠤᠴᠠ ᠶᠢ ᠲᠦᠷᠭᠡᠳᠬᠡᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠶ  ᠪᠠᠳᠠᠷᠠᠭᠤᠯᠣᠨ᠎ᠠ᠃ ᠰᠠᠭᠤᠷᠢ ᠳᠦᠭᠦᠭᠡᠷᠦᠮᠵᠢ ᠪᠣᠯᠤᠨ ᠣᠯᠠᠨ ᠨᠡᠶᠢᠲᠡ ᠶᠢᠨ ᠦᠶᠯᠡᠴᠢᠯᠡᠭᠡᠨ ᠢ ᠮᠠᠯᠵᠢᠬᠤ ᠲᠠᠷᠢᠶᠠᠯᠠᠬᠤ ᠣᠷᠣᠨ ᠲᠡᠰᠢ ᠦᠷᠭᠡᠵᠢᠬᠦᠯᠬᠦ ᠶᠢ ᠡᠮᠬᠢ ᠵᠢᠷᠤᠮ ᠲᠠᠢ ᠪᠠᠷ ᠠᠬᠢᠭᠤᠯᠵᠤ᠂ ᠦᠶᠯᠡᠳᠪᠦᠷᠢ ᠬᠤᠳᠠᠯᠳᠣᠭᠠᠨ ᠤ ᠬᠥᠷᠥᠩᠭᠡ᠂ ᠨᠡᠶᠢᠭᠡᠮ  ᠤᠨ ᠬᠥᠷᠥᠩᠭᠡ ᠶᠢ ᠲᠡᠳᠡᠨ ᠣᠷᠣᠭᠤᠯᠵᠤ ᠪᠠᠶᠢᠭᠠᠳ ᠮᠠᠯᠵᠢᠬᠤ ᠲᠠᠷᠢᠶᠠᠯᠠᠬᠤ ᠣᠷᠣᠨ ᠳᠤ ᠪᠡᠯᠡ ᠣᠷᠣᠭᠤᠯᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠦᠮᠦᠨ ᠠᠷᠠᠳ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠣᠬᠠᠢ ᠵᠢᠱᠢᠶ᠎ᠡ ᠦᠵᠡᠬᠦᠯᠬᠦ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠠᠬᠢᠭᠤᠯᠵᠤ᠂ ᠵᠣᠷᠯᠣᠩ ᠤᠨ ᠦᠭᠡᠷᠡᠴᠢᠯᠡᠯᠳᠡ᠂ ᠠᠮᠢᠳᠤᠷᠠᠯ ᠤᠨ ᠬᠤᠭ ᠨᠣᠪᠰᠢ ᠶᠢ ᠴᠡᠪᠡᠷᠯᠡᠬᠦ ᠵᠡᠷᠭᠡ ᠭᠤᠤᠯᠳᠠᠯᠭ᠎ᠠ  ᠲᠠᠢ ᠡᠭᠦᠷᠭᠡ ᠶᠢ ᠨᠠᠶᠢᠳᠠᠪᠤᠷᠢᠵᠢᠭᠤᠯᠤᠨ᠂ ᠪᠣᠯᠪᠠᠰᠤᠨ ᠴᠡᠪᠡᠷ ᠳᠣᠬᠢᠳᠠᠢ ᠮᠠᠯᠵᠢᠬᠤ ᠲᠠᠷᠢᠶᠠᠯᠠᠬᠤ ᠣᠷᠣᠨ ᠢ ᠴᠣᠭᠴᠠᠯᠠᠨ ᠪᠠᠶᠢᠭᠤᠯᠤᠨ᠎ᠠ᠃      ᠲᠠᠪᠤ᠂ ᠥᠭᠡᠷᠡᠴᠢᠯᠡᠯᠲᠡ ᠨᠡᠭᠡᠭᠡᠯᠳᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ      ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠪᠠᠯᠠ ᠣᠷᠣᠭᠤᠯᠤᠯᠲᠠ ᠶᠢᠨ ᠲᠥᠷᠥᠯ ᠵᠦᠶᠯ ᠤᠨ ᠠᠮᠠᠯᠠᠯᠲᠠ ᠶᠢᠨ ᠲᠦᠷᠢᠮ ᠪᠠ ᠰᠠᠯᠠᠭ᠎ᠠ ᠮᠥᠴᠢᠷ ᠤᠨ ᠣᠷᠣᠯᠠᠨ ᠭᠦᠶᠴᠡᠳᠬᠡᠬᠦ ᠲᠦᠷᠢᠮ ᠢ ᠨᠠᠶᠢᠳᠠᠪᠣᠷᠢᠵᠢᠭᠤᠯᠵᠦ᠂ ᠪᠠᠷᠢᠯᠭ᠎ᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ ᠪᠠ ᠣᠷᠴᠢᠨ ᠲᠣᠭᠤᠷᠢᠨ ᠤ ᠨᠦᠯᠦᠬᠡᠯᠡᠯ ᠢ ᠦᠨᠡᠯᠡᠬᠦ ᠲᠦᠷᠢᠮ ᠤᠨ ᠥᠭᠡᠷᠡᠴᠢᠯᠡᠯᠲᠡ ᠶᠢ ᠲᠦᠷᠭᠡᠳᠬᠡᠨ᠂ ᠣᠯᠠᠨ ᠦᠨᠡᠯᠡᠯᠲᠡ ᠶᠢ ᠨᠢᠭᠡᠳᠬᠡᠬᠦ᠂ ᠣᠯᠠᠨ ᠵᠢᠷᠤᠭ ᠢ ᠬᠠᠮᠲᠤᠷᠠᠨ ᠬᠢᠨᠠᠬᠤ᠂ ᠬᠠᠮᠲᠤᠷᠠᠨ ᠰᠢᠯᠭᠠᠨ ᠠᠪᠬᠤ ᠶᠢ ᠡᠷᠲᠡᠬᠡᠨ ᠪᠡᠶᠡᠯᠡᠭᠦᠯᠦᠨ᠎ᠡ᠃ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ᠬᠢᠭᠡᠳ ᠤᠰᠤᠲᠠᠶ ᠪᠠᠯᠭᠠᠰᠤ ᠶᠢᠨ ᠠᠵᠤ ᠠᠬᠤᠶ ᠬᠥᠭᠵᠢᠭᠰᠡᠨ ᠪᠠᠯᠭᠠᠰᠤ ᠶᠢᠨ ︽ᠲᠣᠭᠤᠷᠢᠭ ᠪᠠᠯᠭᠠᠰᠤ ᠶᠢ ᠨᠢᠭᠡᠳᠬᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ  ᠤᠨ ᠨᠡᠭᠡᠭᠡᠯᠳᠡ ᠶᠢᠨ ᠣᠷᠣᠨ ᠤ ᠬᠡᠮᠵᠢᠶ᠎ᠡ ᠶᠢ ᠨᠡᠮᠡᠭᠳᠡᠭᠦᠯᠦᠨ ᠴᠠᠬᠢᠯᠭᠠᠨ ᠳᠣᠬᠢᠷᠠᠭᠤᠯᠬᠤ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠲᠦᠷᠭᠡᠳᠬᠡᠨ ᠬᠡᠷᠡᠭᠵᠢᠭᠦᠯᠦᠨ᠎ᠡ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠪᠠᠷᠢᠮᠲᠠᠯᠠᠵᠤ᠂ ᠪᠠᠯ ᠴᠢᠯᠠᠭᠤ᠂ ᠰᠢᠨ᠎ᠡ ᠡᠨᠧᠷᠬᠢ᠂ ᠮᠣᠩᠭᠤᠯ ᠡᠮ ᠡᠮᠨᠡᠯᠭᠡ ᠵᠡᠷᠭᠡ ᠬᠦᠷᠢᠶᠡᠨ ᠳᠠᠬᠢ ᠮᠡᠷᠭᠡᠵᠢᠯ ᠤᠨ ᠰᠢᠪᠳᠣᠯᠣᠯᠳᠠ ᠪᠠ ᠦᠷ᠎ᠡ ᠪᠦᠲᠦᠭᠡᠯ ᠢ ᠣᠯᠠᠷᠢᠭᠤᠯᠣᠨ ᠰᠢᠯᠵᠢᠬᠦᠯᠬᠦ ᠲᠥᠷᠥᠯ ᠵᠦᠶᠯ ᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠵᠦ᠂ ᠰᠢᠨ᠎ᠡ ᠮᠡᠷᠭᠡᠵᠢᠯ ᠢ ᠨᠠᠶᠢᠳᠠᠪᠤᠷᠢᠵᠢᠭᠤᠯᠤᠨ ᠪᠣᠳᠠᠳᠠᠶᠢᠵᠢᠭᠤᠯᠬᠤ ᠳᠤ ᠪᠠᠳᠣᠳᠠᠢ ᠰᠠᠭᠤᠷᠢ ᠶᠢ ᠳᠠᠯᠪᠢᠵᠦ᠂ ᠭᠤᠤᠯᠳᠠᠯᠭ᠎ᠠ ᠲᠠᠢ ᠬᠦᠷᠢᠶᠡᠯᠡᠩ ᠲᠣᠭᠤᠷᠢᠭ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠰᠢᠨᠵᠢᠯᠡᠭᠡ ᠮᠡᠷᠭᠡᠵᠢᠯ ᠤᠨ ᠪᠣᠳᠠᠲᠤ ᠬᠦᠴᠦᠨ ᠪᠠ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠳᠡ ᠶᠢᠨ ᠣᠷᠣᠨ ᠳᠤ ᠲᠠᠰ ᠳᠡᠪᠰᠢᠬᠦ ᠶᠢ ᠬᠦᠴᠦᠯᠡᠨ ᠠᠬᠢᠭᠤᠯᠤᠨ᠎ᠠ᠃ ᠨᠡᠭᠡᠭᠡᠯᠲᠡ ᠬᠢᠬᠦ ᠠᠯᠬᠤᠴᠠ ᠪᠠᠨ ᠲᠦᠷᠭᠡᠳᠬᠡᠵᠦ᠂ ᠴᠡᠭᠡ ᠪᠣᠭᠤᠮᠲᠠ ᠶᠢᠨ ᠭᠠᠳᠠᠭᠠᠳᠤ  ᠠᠴᠠ ᠣᠷᠣᠭᠤᠯᠬᠤ ᠪᠠ ᠭᠠᠳᠠᠭᠠᠳᠣ ᠳᠤ ᠭᠠᠷᠭᠠᠬᠤ ᠪᠦᠲᠦᠴᠡ ᠶᠢ ᠰᠢᠯᠢᠳᠡᠭᠵᠢᠭᠦᠯᠦᠨ᠂ ᠮᠢᠬᠠᠨ ᠤ ᠲᠥᠷᠥᠯ ᠤᠨ ᠦᠶᠯᠡᠳᠬᠦᠨ ᠢ ᠭᠠᠳᠠᠭᠠᠳᠤ ᠠᠴᠠ ᠣᠷᠣᠭᠤᠯᠬᠤ ᠶᠢᠨ ᠬᠠᠮᠲᠤ ᠪᠣᠯᠪᠠᠰᠣᠷᠠᠭᠤᠯᠣᠨ ᠤᠯᠠᠷᠢᠭᠤᠯᠬᠤ ᠶᠢ ᠪᠡᠶᠡᠯᠡᠭᠦᠯᠬᠦ  ᠪᠠᠷ ᠴᠢᠷᠮᠠᠶᠢᠵᠤ᠂ ᠡᠵᠡᠨ᠎ᠡ ᠶᠢᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠢ ᠵᠦᠪᠰᠢᠶᠡᠷᠡᠬᠦᠯᠦᠨ ᠪᠦᠲᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠤᠨ᠎ᠠ᠃ ᠥᠯᠵᠡᠶ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ  ᠬᠦᠴᠦᠯᠡᠨ ᠠᠬᠢᠭᠤᠯᠵᠤ᠂ ᠵᠢᠯ ᠳᠤ ᠪᠣᠭᠤᠮᠲᠠ ᠶᠢ ᠨᠡᠪᠳᠡᠷᠡᠭᠦᠯᠬᠦ ᠪᠠᠷ ᠴᠢᠷᠮᠠᠶᠢᠨ᠎ᠠ᠃ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠤᠨ ᠠᠰᠢᠭᠯᠠᠯᠲᠠ  ᠶᠢ ᠲᠥᠰᠦᠪᠯᠡᠵᠦ᠂ ᠣᠯᠠᠨᠪᠣᠯᠠᠭ ᠤᠨ ᠶᠡᠷᠦᠩᠬᠡᠶᠢᠯᠡᠭᠰᠡᠨ ᠠᠵᠤ ᠠᠬᠤᠢ ᠶᠢᠨ ᠣᠷᠣᠨ ᠢ ᠪᠠᠶᠢᠷᠢᠯᠠᠭᠤᠯᠤᠨ᠎ᠠ᠃ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢᠨ ᠨᠠᠵᠠᠭᠠᠶ ᠲᠠᠯ᠎ᠠ ᠶᠢᠨ ᠲᠣᠳᠣᠷᠬᠠᠶ ᠵᠦᠢᠯᠡᠰ ᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠤᠯᠠᠨ ᠡᠰᠢᠵᠢᠭᠰᠡᠨ ᠭᠠᠳᠠᠭᠠᠳᠣ  ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠵᠠᠬ᠎ᠠ ᠳᠡᠯᠭᠡᠭᠦᠷ ᠢ ᠨᠡᠭᠡᠭᠡᠵᠦ᠂ ᠭᠠᠳᠠᠭᠠᠳᠤ ᠠᠷᠠᠯᠵᠢᠶ᠎ᠠ ᠶᠢ ᠲᠣᠭᠲᠠᠭᠤᠨ ᠪᠠᠶᠢᠯᠭᠠᠬᠤ ᠶᠢᠨ ᠬᠠᠮᠳᠣ ᠶᠠᠰᠤ ᠴᠢᠨᠠᠷ ᠢ ᠨᠢ ᠳᠡᠭᠡᠭᠰᠢᠯᠡᠭᠦᠯᠬᠦ ᠶᠢ  ᠠᠬᠢᠭᠤᠯᠤᠨ᠎ᠠ᠃      ᠵᠢᠷᠭᠤᠭ᠎ᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ      ᠪᠣᠬᠢᠷᠲᠤᠯ ᠢ ᠰᠡᠷᠭᠡᠶᠢᠯᠡᠨ ᠵᠠᠰᠠᠬᠤ ᠰᠢᠪᠳᠣᠯᠣᠯᠳᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ ᠲᠠᠢ ᠭᠤᠤᠯᠳᠠᠯᠭ᠎ᠠ ᠲᠠᠢ ᠠᠵᠢᠯ ᠲᠥᠷᠥᠯ ᠤᠨ ᠳᠣᠰᠬᠠᠢ ᠴᠡᠭᠴᠡᠯᠡᠨ ᠵᠠᠰᠠᠯᠲᠠ ᠶᠢ ᠦᠷᠭᠦᠯᠵᠢᠯᠡᠨ ᠥᠷᠨᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠭᠦᠭᠡᠷᠦᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠲᠠᠰ ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠵᠤ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠣᠷᠴᠢᠨ ᠲᠣᠭᠤᠷᠢᠨ ᠤ  ᠶᠡᠷᠦᠩᠬᠡᠶᠢᠯᠡᠭᠰᠡᠨ ᠴᠡᠭᠴᠡᠯᠡᠨ ᠵᠠᠰᠠᠯᠳᠠ ᠶᠢ ᠲᠦᠷᠭᠡᠳᠬᠡᠨ ᠠᠬᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠶᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠠᠰᠢᠭᠯᠠᠭᠰᠠᠨ ᠪᠠᠶᠢᠳᠠᠯ ᠢ ᠵᠠᠰᠠᠬᠤ ᠶᠢ ᠪᠡᠶᠡᠯᠡᠭᠦᠯᠵᠦ᠂ ᠪᠥᠬᠦ ᠠᠶᠢᠮᠠᠭ ᠲᠤ ᠴᠢᠨᠠᠷ ᠮᠠᠭᠤ V ᠲᠥᠷᠥᠯ ᠤᠨ ᠤᠰᠤᠨ ᠴᠣᠭᠴᠠ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃ ︽ᠭᠤᠷᠪᠠᠨ ᠣᠷᠣᠨ ᠭᠤᠷᠪᠠᠨ ᠱᠤᠭᠤᠮ︾ ᠢ ᠴᠢᠩᠭ᠎ᠠ ᠰᠠᠬᠢᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠵᠦ᠂ ᠠᠮᠢ ᠠᠬᠤᠶ ᠶᠢᠨ ᠭᠤᠤᠯ ᠴᠣᠭᠴᠠ ᠶᠢᠨ ᠴᠢᠳᠠᠮᠵᠢᠲᠤ ᠣᠷᠣᠨ ᠤ ᠲᠥᠯᠥᠪᠵᠢᠭᠦᠯᠭᠡ ᠶᠢ ᠳᠡᠭᠦᠯᠳᠡᠷᠵᠢᠬᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠠᠮᠢᠶᠠᠷᠤᠨ ᠡᠵᠡᠮᠳᠡᠬᠦ ᠨᠠᠷᠢᠨ ᠲᠦᠷᠢᠮ ᠢ ᠨᠠᠶᠢᠳᠠᠪᠤᠷᠢᠵᠢᠭᠤᠯᠤᠨ᠎ᠠ᠃ ᠬᠠᠲᠤᠨ ᠭᠤᠤᠯ ᠳᠠᠭᠠᠤ ᠶᠢᠨ ᠭᠠᠵᠠᠷ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠰᠡᠷᠭᠦᠯᠳᠡ ᠪᠠ ᠠᠵᠤ ᠦᠶᠯᠡᠰ ᠤᠨ ᠪᠥᠲᠥᠭᠡᠨ ᠪᠠᠶᠢᠭᠤᠯᠤᠯᠲᠠ  ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠪᠣᠯᠪᠠᠰᠤᠨ  ᠤ ᠪᠠᠶᠢᠭᠤᠯᠤᠯᠲᠠ ᠬᠢᠭᠡᠳ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠠᠮᠵᠢᠯᠴᠠᠭᠤᠯᠣᠭᠰᠠᠨ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠠᠭᠤᠷᠬᠠᠢ ᠶᠢᠨ ᠡᠷᠬᠡ ᠶᠢ ᠪᠤᠴᠠᠭᠠᠨ ᠭᠠᠷᠭᠠᠬᠤ᠂ ᠶᠡᠷᠦᠩᠬᠡᠶᠢᠯᠡᠭᠰᠡᠨ ᠵᠠᠰᠠᠨ ᠴᠡᠭᠴᠡᠯᠡᠯᠳᠡ ᠶᠢᠨ ᠠᠵᠢᠯ ᠢ ᠰᠠᠶᠢᠲᠤᠷ ᠬᠢᠬᠦ ᠶᠢ ᠪᠠᠷᠢᠮᠲᠠᠯᠠᠵᠤ᠂ ᠠᠭᠤᠷᠬᠠᠢ ᠶᠢᠨ ᠦᠢᠯᠡᠰ ᠤᠨ ᠪᠤᠬᠢᠷᠳᠤᠯ ᠦᠭᠡᠢ ᠬᠦᠭᠵᠢᠯᠲᠡ ᠶᠢ ᠦᠷᠬᠦᠯᠵᠢᠯᠡᠨ ᠠᠬᠢᠭᠤᠯᠤᠨ᠎ᠠ᠃ ᠠᠮᠢ ᠠᠬᠤᠢ ᠶᠢᠨ ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠬᠡᠨ ᠪᠠᠶᠢᠭᠤᠯᠤᠯᠳᠠ ᠶᠢᠨ ᠡᠬᠦᠷᠭᠡ ᠶᠢ ᠨᠠᠶᠢᠳᠠᠪᠤᠷᠢᠵᠢᠭᠤᠯᠵᠦ᠂ 131.5 ᠲᠦᠮᠡᠨ ᠮᠤ᠋ ᠤᠢ ᠶᠢ ᠲᠠᠷᠢᠵᠦ ᠤᠷᠭᠤᠭᠤᠯᠬᠤ᠂ 1500 ᠲᠦᠮᠡᠨ ᠮᠦ ᠮᠠᠯᠵᠢᠬᠤ ᠶᠢ ᠵᠤᠭᠰᠤᠭᠠᠵᠤ ᠪᠡᠯᠴᠢᠭᠡᠷ ᠢ ᠰᠡᠷᠬᠦᠬᠡᠬᠦ ᠵᠢᠴᠢ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠬᠦᠬᠡᠬᠦ᠂ 3.5 ᠲᠦᠮᠡᠨ ᠮᠤ᠋ ᠭᠤᠤᠯᠳᠠᠯᠭ᠎ᠠ ᠲᠠᠢ ᠤᠷᠤᠨ ᠪᠦᠰᠡ ᠶᠢᠨ ᠨᠤᠭᠤᠭᠠᠷᠠᠭᠤᠯᠤᠯᠲᠠ᠂ 95 ᠲᠦᠮᠡᠨ ᠰᠠᠭᠤᠷᠢ ᠠᠯᠪᠠᠨ ᠵᠢᠷᠤᠮ ᠤᠨ ᠮᠤᠳᠤ ᠲᠠᠷᠢᠬᠤ ᠶᠢ ᠪᠡᠶᠡᠯᠡᠬᠦᠯᠵᠦ᠂ ᠨᠤᠲᠤᠭ ᠪᠡᠯᠴᠢᠭᠡᠷ ᠤᠨ ᠲᠦᠷᠦ ᠶᠢᠨ ᠪᠤᠳᠤᠯᠭ᠎ᠠ ᠶᠢᠨ ᠴᠢᠨᠠᠷᠲᠠᠢ ᠲᠠᠭᠠᠳᠬᠠᠯ ᠤᠨ ᠲᠤᠷᠰᠢᠯᠲᠠ ᠶᠢᠨ ᠴᠡᠭ ᠢ ᠭᠤᠶᠤᠴᠢᠯᠡᠨ ᠮᠡᠳᠡᠬᠦᠯᠵᠦ᠂ ᠡᠯᠡᠰᠦᠷᠭᠡᠭᠵᠢᠭᠰᠡᠨ ᠭᠠᠵᠠᠷ ᠰᠢᠷᠦᠢ ᠶᠢ ᠪᠢᠳᠡᠬᠦᠮᠵᠢᠯᠡᠨ ᠬᠠᠮᠠᠭᠠᠯᠠᠬᠤ ᠤᠷᠤᠨ ᠤ ᠪᠦᠲᠦᠭᠡᠨ ᠪᠠᠶᠢᠭᠤᠯᠤᠯᠳᠠ ᠶᠢᠨ 3 ᠲᠦᠷᠦᠯ ᠵᠦᠢᠯ ᠤᠨ ᠠᠵᠢᠯ  ᠢᠶᠠᠨ ᠡᠬᠢᠯᠡᠬᠦᠯᠬᠦ ᠶᠢ ᠠᠬᠢᠭᠤᠯᠤᠨ᠎ᠠ᠃ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠢᠶᠠᠷᠦᠯᠲᠠ ᠬᠠᠮᠠᠭᠠᠯᠠᠯᠲᠠ ᠶᠢ ᠴᠢᠩᠭᠠᠳᠬᠠᠵᠦ᠂ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠭᠰᠡᠨ᠂ ᠬᠡᠬᠡᠷ᠎ᠡ ᠶᠢᠨ ᠠᠮᠢᠲᠠᠨ ᠢ ᠬᠤᠯᠠᠭᠠᠶᠢᠯᠠᠨ ᠠᠩᠨᠠᠭᠰᠠᠨ ᠵᠡᠷᠭᠡ ᠬᠠᠤᠯᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠲᠠ ᠦᠭᠬᠦᠨ᠎ᠡ᠃ ᠲᠡᠵᠢᠭᠡᠯ ᠡᠪᠡᠰᠦ ᠪᠤᠷᠳᠤᠭᠠᠨ ᠤ ᠰᠠᠭᠤᠷᠢᠨ ᠭᠠᠵᠠᠷ ᠪᠤᠯᠤᠨ ᠡᠪᠡᠰᠦᠨ ᠬᠦᠮᠦᠷᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠢᠮᠵᠢᠬᠦᠯᠵᠦ᠂ ᠪᠦᠬᠦ ᠲᠠᠯ᠎ᠠ ᠶᠢᠨ ᠪᠠᠶᠢᠴᠠᠭᠠᠯᠲᠠ ᠵᠠᠰᠠᠨ ᠴᠡᠭᠴᠡᠯᠡᠯᠲᠡ ᠶᠢ ᠴᠢᠩᠭᠠᠳᠬᠠᠨ᠂ ᠠᠮᠢ ᠠᠬᠤᠢ ᠶᠢᠨ ᠴᠢᠳᠠᠪᠬᠢ ᠶᠢ ᠰᠡᠷᠬᠦᠬᠡᠨ᠎ᠡ᠃ ︽ᠲᠤᠤᠷᠠᠢ ᠶᠢᠨ ᠤᠢ ᠶᠢᠨ ᠬᠠᠮᠠᠭᠠᠯᠠᠯᠲᠠ ᠶᠢᠨ ᠲᠦᠷᠢᠮ︾ ᠢ ᠲᠤᠭᠲᠠᠭᠠᠨ ᠬᠡᠷᠡᠭᠵᠢᠬᠦᠯᠬᠦ ᠪᠠᠷ ᠴᠢᠷᠮᠠᠶᠢᠵᠦ᠂ ᠬᠠᠷ᠎ᠠ ᠭᠤᠤᠯ ᠤᠨ ᠤᠰᠤᠨ ᠤ ᠬᠤᠪᠢᠶᠠᠷᠢᠯᠠᠯᠳᠠ ᠶᠢ ᠪᠠᠶᠢᠩᠭᠤᠵᠢᠭᠤᠯᠬᠤ ᠶᠢ ᠠᠬᠢᠭᠤᠯᠤᠨ᠎ᠠ᠃ ᠪᠠᠳᠠᠢ ᠶᠢᠨ ᠵᠢᠷᠠᠨ ᠡᠯᠡᠰᠦ ᠵᠢᠴᠢ ᠨᠠᠭᠤᠷ ᠪᠦᠷᠢᠳᠦ ᠶᠢᠨ ᠰᠦᠷᠦᠭᠵᠢᠯ ᠤᠨ ᠬᠠᠮᠠᠭᠠᠯᠠᠯᠲᠠ ᠶᠢᠨ ᠬᠦᠴᠦᠯᠡᠴᠡ ᠪᠠᠨ ᠨᠡᠮᠡᠭᠳᠡᠬᠦᠯᠵᠦ᠂ ᠪᠠᠳᠠᠢ ᠶᠢᠨ ᠵᠢᠷᠠᠨ ᠡᠯᠡᠰᠦ ᠶᠢ ᠳᠡᠯᠡᠬᠡᠢ ᠶᠢᠨ ᠪᠠᠶᠢᠭᠠᠯᠢ ᠶᠢᠨ ᠦᠪ ᠢᠶᠠᠷ ᠠᠮᠵᠢᠯᠲᠠ ᠲᠠᠢ ᠭᠤᠶᠤᠴᠢᠯᠠᠨ ᠮᠡᠳᠡᠬᠦᠯᠬᠦ ᠶᠢ ᠬᠦᠴᠦᠯᠡᠨ ᠠᠬᠢᠭᠤᠯᠤᠨ᠎ᠠ᠃      ᠳᠤᠯᠤᠭ᠎ᠠ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠬᠦᠯᠦᠨ᠎ᠡ      ᠠᠶᠢᠮᠠᠭ ᠤᠨ ᠨᠢᠬᠡᠳᠦᠭᠡᠷ ᠳᠤᠮᠳᠠᠳᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠳᠠ ᠶᠢ ᠱᠠᠯᠠᠪᠳᠠᠨ ᠠᠬᠢᠭᠤᠯᠵᠦ᠂ ᠵᠢᠯ ᠤᠨ ᠳᠤᠳᠤᠷ᠎ᠠ ᠠᠰᠢᠭᠯᠠᠯᠲᠠ ᠳᠤ ᠤᠷᠤᠭᠤᠯᠤᠨ᠎ᠠ᠃ 4 ᠬᠡᠦᠬᠡᠳ ᠤᠨ ᠴᠡᠴᠡᠷᠯᠢᠭ ᠪᠠ 5 ᠰᠤᠷᠭᠠᠭᠤᠯᠢ ᠶᠢᠨ ᠬᠦᠷᠢᠶᠡᠨ ᠤ ᠲᠠᠮᠢᠷ ᠤᠨ ᠳᠠᠯᠠᠪᠠᠢ ᠤᠷᠳᠤᠨ ᠢ ᠰᠢᠨ᠎ᠡ ᠪᠠᠷ ᠪᠠᠶᠢᠭᠤᠯᠵᠦ᠂ ᠵᠠᠯᠠᠭᠤ ᠪᠠᠭᠠᠴᠤᠳ ᠤᠨ ᠬᠢᠴᠢᠶᠡᠯ ᠤᠨ ᠭᠠᠳᠠᠨᠠᠬᠢ ᠬᠦᠳᠡᠯᠭᠡᠭᠡᠨ ᠤ ᠴᠠᠭ ᠢ ᠨᠡᠮᠡᠭᠳᠡᠬᠦᠯᠦᠨ᠎ᠡ᠃ ᠬᠤᠲᠠ ᠪᠠᠯᠭᠠᠰᠤᠨ ᠤ 2500 ᠬᠥᠮᠦᠨ ᠳᠤ ᠰᠢᠨ᠎ᠡ ᠪᠠᠷ ᠠᠵᠢᠯ ᠣᠯᠭᠤᠬᠤ᠂ 3000 ᠮᠠᠯᠴᠢᠨ ᠲᠠᠷᠢᠶᠠᠴᠢᠨ ᠢ ᠰᠢᠯᠵᠢᠬᠦᠯᠦᠨ ᠠᠵᠢᠯ ᠣᠯᠭᠤᠬᠤ ᠶᠢ ᠪᠡᠶᠡᠯᠡᠭᠦᠯᠵᠦ᠂ ᠴᠡᠷᠢᠭ ᠠᠴᠠ ᠰᠢᠯᠵᠢᠭᠰᠡᠨ ᠺᠠᠳ᠋ᠷ᠂ ᠴᠡᠷᠢᠭ ᠠᠴᠠ ᠬᠠᠯᠠᠭᠳᠠᠭᠰᠠᠳ ᠢ ᠲᠣᠬᠢᠲᠠᠢ ᠲᠥᠪᠬᠢᠨᠡᠭᠦᠯᠦᠨ᠎ᠡ᠃ ᠠᠷᠠᠳ ᠤᠨ ᠠᠮᠢᠳᠤᠷᠠᠯ ᠤᠨ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠡᠮᠬᠢᠯᠡᠵᠦ᠂ ᠡᠯ᠎ᠡ ᠲᠥᠷᠥᠯ ᠤᠨ ᠠᠪᠤᠷᠠᠨ ᠲᠤᠰᠠᠯᠠᠬᠤ᠂ ᠲᠡᠳᠬᠦᠬᠦ᠂ ᠪᠠᠴᠢᠮ ᠪᠠᠶᠢᠳᠠᠯ ᠠᠴᠠ ᠠᠪᠤᠷᠠᠬᠤ ᠲᠥᠷᠥ ᠶᠢᠨ ᠪᠣᠳᠣᠯᠭ᠎ᠠ ᠶᠢᠨ ᠴᠢᠭᠯᠡᠯᠲᠦ ᠴᠢᠨᠠᠷ ᠪᠠ ᠵᠣᠬᠢᠴᠠᠯᠳᠤᠬᠤ ᠬᠡᠮᠵᠢᠶ᠎ᠡ ᠶᠢ ᠳᠡᠭᠡᠭᠰᠢᠯᠡᠭᠦᠯᠵᠦ᠂ ᠪᠠᠲᠤᠯᠠᠭ᠎ᠠ ᠶᠢᠨ ᠲᠥᠷᠥ ᠶᠢᠨ ᠪᠤᠳᠤᠯᠭ᠎ᠠ ᠶᠢᠨ ᠬᠠᠷᠠᠭᠠᠯᠵᠠᠬᠤ ᠬᠡᠪᠴᠢᠶ᠎ᠡ ᠶᠢ ᠦᠷᠭᠡᠳᠬᠡᠬᠦ ᠠᠴᠠ ᠰᠡᠷᠬᠡᠶᠢᠯᠡᠨ᠎ᠡ᠃ ᠠᠯᠠᠱᠠ ᠪᠠᠷᠠᠭᠤᠨ ᠬᠤᠰᠢᠭᠤᠨ ᠤ ᠪᠠᠳᠠᠶ ᠶᠢᠨ ᠵᠢᠷᠠᠨ ᠪᠠᠯᠭᠠᠰᠤᠨ ᠤ ᠲᠢᠶᠤᠤ ᠹᠧᠩ ᠢᠯᠴᠢ ᠶᠢᠨ ᠡᠨᠧᠷᠭᠢ ᠶᠢᠨ ᠦᠢᠯᠡᠳᠪᠦᠷᠢ᠂ ᠡᠵᠡᠨ᠎ᠡ ᠬᠤᠰᠢᠭᠤᠨ ᠤ ᠳᠠᠯᠠᠶᠢᠬᠦ᠋ᠪ ᠪᠠᠯᠭᠠᠰᠤᠨ ᠤ ᠢᠯᠴᠢ ᠶᠢᠨ ᠬᠠᠩᠭᠠᠯᠭ᠎ᠠ ᠶᠢᠨ ᠨᠢᠭᠡ ᠤᠳᠠᠭ᠎ᠠ ᠶᠢᠨ ᠴᠢᠨᠠᠷᠲᠠᠶ ᠳᠠᠮᠵᠢᠭᠤᠯᠬᠤ ᠬᠤᠭᠤᠯᠠᠶ ᠶᠢᠨ ᠲᠣᠤᠷ ᠤᠨ ᠢᠨᠵᠧᠨᠧᠷᠢᠩ ᠢ ᠲᠦᠷᠭᠡᠳᠬᠡᠨ ᠠᠬᠢᠭᠤᠯᠤᠨ᠎ᠠ᠃ 1030 ᠢᠵᠢ ᠳᠥᠭᠦᠮ ᠪᠦᠲᠦᠴᠡᠲᠦ ᠣᠷᠣᠨ ᠰᠠᠭᠤᠴᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠵᠢᠯ ᠤᠨ ᠳᠤᠳᠤᠷ᠎ᠠ 21 ᠬᠠᠭᠤᠴᠢᠨ ᠬᠤᠷᠢᠶᠠᠯᠠᠯ ᠢ ᠥᠭᠡᠷᠡᠴᠢᠯᠡᠬᠦ ᠲᠥᠷᠥᠯ ᠵᠦᠢᠯ ᠢ ᠬᠡᠷᠡᠭᠵᠢᠭᠦᠯᠵᠦ᠂ ᠬᠢᠮᠳᠠ ᠲᠦᠷᠢᠶᠡᠰᠦᠨ ᠣᠷᠣᠨ ᠰᠠᠭᠤᠴᠠ ᠶᠢᠨ ᠳᠦᠷᠢᠮ ᠢ ᠲᠡᠭᠦᠯᠳᠡᠷᠵᠢᠬᠦᠯᠦᠨ᠎ᠡ᠃ ᠴᠠᠯᠢᠩ ᠤᠯᠭᠤᠮᠵᠢ ᠶᠢ ᠦᠷᠢᠳᠦᠨ ᠬᠤᠶᠢᠰᠢᠯᠠᠭᠤᠯᠬᠤ ᠪᠠᠶᠢᠳᠠᠯ ᠢ ᠵᠠᠰᠠᠵᠤ ᠵᠠᠷᠤᠯᠭ᠎ᠠ ᠶᠢ ᠪᠠᠲᠤᠯᠠᠬᠤ ᠦᠷ᠎ᠡ ᠪᠦᠲᠦᠮᠵᠢ ᠶᠢ ᠪᠠᠬᠢᠵᠢᠭᠦᠯᠵᠦ᠂ ᠬᠦᠯᠦᠰᠦᠨ ᠠᠵᠢᠯᠴᠢᠨ ᠤ ᠴᠠᠯᠢᠩ ᠢ ᠦᠨᠳᠦᠰᠦᠨ ᠳᠡᠭᠡᠨ ᠥᠷᠢᠲᠦᠬᠦ ᠦᠭᠡᠶ ᠪᠠᠶᠢᠬᠤ ᠬᠠᠷᠠᠯᠲᠠ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ᠂ ᠠᠭᠠᠷ ᠤᠨ ᠳᠠᠷᠤᠯᠲᠠ ᠲᠤᠤᠷ᠎ᠠ 2 ᠲᠠᠰᠤᠯᠭ᠎ᠠ ᠡᠪᠡᠳᠴᠢᠲᠡᠨ ᠤ ᠦᠷᠦᠭᠡ ᠶᠢ ᠰᠢᠨ᠎ᠡ ᠪᠠᠷ ᠪᠠᠶᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠬᠠᠩᠭᠠᠯᠭ᠎ᠠ ᠶᠢᠨ ᠬᠢᠷᠢ ᠲᠦᠪᠰᠢᠨ ᠢ ᠲᠦᠷᠭᠡᠳᠭᠡᠨ ᠳᠡᠭᠡᠭᠰᠢᠯᠡᠭᠦᠯᠵᠦ᠂ ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡ ᠶᠢᠨ ︽ᠦᠨ᠎ᠡ ᠶᠢ ᠪᠠᠭᠤᠷᠠᠭᠤᠯᠵᠤ ᠠᠷᠠᠳ ᠲᠤ ᠳᠦᠬᠦᠮ ᠦᠵᠡᠭᠦᠯᠬᠦ︾ ᠠᠵᠢᠯᠯᠠᠭ᠎ᠠ ᠶᠢ ᠭᠤᠣᠯᠴᠢᠯᠠᠨ ᠠᠬᠢᠭᠤᠯᠤᠨ᠎ᠠ᠃ ᠤᠯᠠᠭᠠᠨᠮᠥ᠋ᠴᠢᠷ ᠤᠨ ᠤᠷᠠᠨ ᠰᠠᠶᠢᠬᠠᠨ ᠤ ᠲᠣᠭᠯᠠᠯᠲᠠ ᠶᠢᠨ ᠲᠥᠪ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠵᠤ᠂ ᠰᠢᠨᠵᠢᠯᠡᠭᠡ ᠮᠡᠷᠭᠡᠵᠢᠯ ᠤᠨ ᠣᠷᠳᠣᠨ᠂ ᠨᠣᠮ ᠤᠨ ᠰᠠᠩ᠂ ᠰᠣᠶᠣᠯ ᠤᠨ ᠣᠷᠳᠣᠨ᠂ ᠣᠯᠠᠨ ᠲᠦᠮᠡᠨ ᠤ ᠤᠷᠠᠯᠢᠭ ᠤᠨ ᠣᠷᠳᠣᠨ ᠤ ᠨᠡᠶᠢᠬᠡᠮ ᠳᠤ ᠬᠠᠨᠳᠤᠭᠤᠯᠤᠭᠰᠠᠨ ᠨᠡᠭᠡᠭᠡᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠷᠠᠳᠢᠣ᠋ ᠲᠧᠯᠸᠢᠰ ᠤᠨ ᠪᠤᠶᠢᠳᠠ ᠪᠥᠭᠯᠡᠭᠦᠤ ᠭᠠᠵᠠᠷ ᠣᠷᠣᠨ ᠢ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠶ ᠲᠦᠷᠦᠯ ᠤᠨ ᠲᠡᠮᠡᠴᠡᠯ ᠤᠨ ᠭᠦᠨᠵᠡᠭᠡᠶ ᠮᠠᠯᠳᠠᠵᠦ ᠲᠤᠤᠱᠲᠠᠶ ᠪᠠᠶᠢᠴᠠᠭᠠᠬᠤ ᠡᠷᠴᠢᠮ  ᠢ ᠦᠷᠭᠦᠯᠵᠢᠯᠡᠨ ᠴᠢᠩᠭᠠᠷᠠᠭᠤᠯᠵᠤ᠂ ᠭᠤᠤᠯᠳᠠᠯᠭ᠎ᠠ ᠲᠠᠢ ᠠᠵᠢᠯ ᠲᠥᠷᠥᠯ  ᠤᠨ ᠬᠦᠷᠢᠶᠡᠨ  ᠤ ᠲᠤᠰᠬᠠᠢ ᠲᠦᠷᠦᠯ   ᠤᠨ ᠵᠠᠰᠠᠨ ᠴᠡᠭᠴᠡᠯᠡᠯᠲᠡ  ᠶᠢ ᠭᠦᠨᠵᠡᠭᠡᠶ ᠥᠷᠨᠢᠭᠦᠯᠦᠨ᠎ᠡ᠃ ᠰᠢᠨ᠎ᠡ ᠬᠡᠯᠪᠡᠷᠢ   ᠶᠢᠨ ᠲᠢᠳᠢᠮᠯᠢᠭ ᠸᠢᠷᠦ᠋ᠰ   ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ  ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠠᠵᠢᠯ ᠲᠠᠢ ᠤᠶᠠᠯᠳᠤᠭᠤᠯᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ  ᠤᠨ ᠪᠠᠴᠢᠮ ᠪᠠᠶᠢᠳᠠᠯ  ᠢ ᠠᠷᠭᠠᠴᠠᠭᠠᠬᠤ ᠴᠢᠳᠠᠪᠤᠷᠢ ᠶᠢᠨ ᠪᠠᠶᠢᠭᠤᠯᠤᠯᠲᠠ  ᠶᠢ ᠴᠢᠩᠭᠠᠳᠬᠠᠵᠤ᠂ ᠶᠡᠷᠦᠩᠬᠡᠶᠢᠯᠡᠭᠰᠡᠨ ᠴᠢᠨᠠᠷᠲᠠᠶ ᠪᠠᠴᠢᠮ ᠪᠠᠶᠢᠳᠠᠯ  ᠢ ᠠᠷᠭᠠᠴᠠᠭᠠᠵᠦ ᠠᠪᠤᠷᠠᠨ ᠲᠤᠰᠠᠯᠠᠬᠤ ᠡᠩᠨᠡᠭᠡ ᠪᠠ ᠨᠡᠶᠢᠭᠡᠮ  ᠤᠨ ᠠᠪᠤᠷᠠᠨ ᠲᠤᠰᠠᠯᠠᠬᠤ ᠬᠦᠴᠦᠨ  ᠢ ᠴᠢᠩᠭᠠᠳᠬᠠᠵᠤ᠂ ᠪᠠᠴᠢᠮ ᠪᠠᠶᠢᠳᠠᠯ  ᠢ ᠠᠷᠭᠠᠴᠠᠭᠠᠵᠦ ᠠᠪᠤᠷᠠᠨ ᠳᠣᠰᠠᠯᠠᠬᠤ ᠪᠠ ᠠᠶᠤᠯ ᠦᠭᠡᠢ ᠦᠢᠯᠡᠳᠪᠦᠷᠢᠯᠡᠯ  ᠤᠨ ᠬᠠᠮᠢᠶᠠᠷᠤᠯᠲᠠ  ᠶᠢᠨ ᠴᠢᠳᠠᠪᠤᠷᠢ ᠬᠢᠬᠡᠳ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ᠨᠠᠢᠮᠠ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ      ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠲᠤᠤᠱᠯᠠᠭᠤᠯᠵᠦ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠪᠣᠳᠠᠲᠠᠶ ᠶᠢ ᠡᠷᠬᠢᠮᠯᠡᠬᠦ ᠰᠤᠷᠲᠠᠯ ᠢ ᠶᠡᠬᠡᠪᠡᠷ ᠦᠷᠨᠢᠬᠦᠯᠦᠨ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨᠬᠦ ᠬᠥᠩᠭᠡᠷᠡᠭᠦᠯᠦᠨ᠎ᠡ᠃ ᠠᠷᠪᠢᠯᠠᠨ ᠭᠠᠮᠨᠠᠵᠦ᠂ ᠠᠯᠢᠪᠠ ᠠᠵᠢᠯ ᠦᠢᠯᠡᠰ ᠢ ᠠᠵᠢᠯᠴᠢ ᠠᠷᠪᠢᠴᠢ ᠪᠠᠷ ᠡᠷᠬᠢᠯᠡᠬᠦ ᠶᠢ ᠪᠠᠷᠢᠮᠳᠠᠯᠠᠵᠦ᠂ ᠰᠤᠯᠠ ᠵᠠᠷᠤᠯᠭ᠎ᠠ᠂ ᠭᠤᠣᠯᠳᠠᠯᠭ᠎ᠠ ᠲᠠᠢ ᠪᠤᠰᠤ ᠲᠥᠷᠥᠯ ᠵᠦᠢᠯ ᠤᠨ ᠵᠠᠷᠤᠯᠭ᠎ᠠ ᠶᠢ ᠴᠢᠩᠭ᠎ᠠ ᠡᠵᠡᠮᠳᠡᠵᠦ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠢ 10% ᠪᠠᠷ ᠪᠠᠭᠠᠰᠬᠠᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠳᠠᠯᠠᠨ᠂ ᠬᠢᠨᠠᠨ ᠪᠤᠳᠤᠯᠳᠠ ᠶᠢᠨ ᠬᠢᠨᠠᠯᠲᠠ ᠶᠢ ᠴᠢᠩᠭᠠᠳᠬᠠᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠠᠯᠪᠢᠭᠰᠠᠨ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠂ ᠤᠯᠤᠰ ᠲᠦᠷᠦ ᠶᠢᠨ ᠵᠥᠪᠯᠡᠯᠭᠡᠨ ᠤ ᠳᠠᠯᠪᠢᠭᠰᠠᠨ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠨᠡᠶᠢᠲᠡ ᠶᠢᠨ ᠳᠠᠯᠪᠢᠭᠰᠠᠨ ᠬᠢᠨᠠᠯᠲᠠ ᠶᠢ ᠢᠳᠡᠪᠬᠢᠲᠡᠶ ᠬᠦᠯᠢᠶᠡᠨ ᠠᠪᠤᠨ᠎ᠠ᠃ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠲᠣᠭᠲᠠᠭᠠᠬᠤ᠂ ᠬᠡᠷᠡᠭᠵᠢᠬᠦᠯᠬᠦ ᠠᠵᠢᠯ  ᠤᠨ ᠢᠯᠡ ᠳᠣᠳᠣ ᠬᠡᠮᠵᠢᠶ᠎ᠡ ᠶᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠢ ᠢᠯᠡ ᠪᠠᠷ ᠭᠦᠢᠴᠡᠳᠬᠡᠬᠦ ᠶᠢ ᠬᠡᠷᠡᠭᠵᠢᠬᠦᠯᠦᠨ᠎ᠡ᠃ ᠳᠦᠷᠢᠮ ᠲᠤᠭᠳᠠᠭᠠᠯ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ᠂ ᠡᠷᠬᠡ ᠪᠠᠨ ᠬᠡᠷᠡᠭᠵᠢᠭᠦᠯᠬᠦ᠂ ᠠᠵᠢᠯ ᠢᠶᠠᠨ ᠥᠷᠨᠢᠭᠦᠯᠬᠦ ᠶᠢ ᠴᠢᠩᠳᠠᠯᠠᠵᠤ᠂ ᠳᠦᠷᠢᠮ ᠤᠨ ᠬᠡᠷᠡᠭᠵᠢᠭᠦᠯᠬᠦ ᠬᠦᠴᠦᠨ ᠪᠠ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠬᠦᠯᠬᠦ ᠪᠠᠷ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠤᠳᠤᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ᠃ ᠠᠵᠢᠯ ᠤᠨ ᠰᠢᠮᠳᠠᠭᠤᠯᠤᠨ ᠪᠠᠶᠢᠴᠠᠭᠠᠯᠳᠠ ᠵᠣᠬᠢᠴᠠᠭᠤᠯᠭ᠎ᠠ ᠪᠠᠨ ᠴᠢᠩᠭᠠᠳᠬᠠᠵᠤ᠂ ᠱᠠᠳᠣᠯᠢᠭ ᠬᠠᠮᠢᠶᠠᠷᠤᠯᠲᠠ ᠶᠢ ᠴᠢᠩᠭᠠᠷᠠᠭᠤᠯᠤᠨ᠂ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠤᠨ ᠲᠤᠤᠱᠯᠠᠭᠤᠯᠬᠤ ᠬᠦᠴᠦᠨ᠂ ᠬᠡᠷᠡᠭᠵᠢᠭᠦᠯᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ᠂ ᠳᠡᠭᠡᠳᠦ ᠳᠣᠣᠷᠠᠳᠤ ᠱᠠᠲᠤ ᠨᠢᠭᠡᠳᠦᠯᠲᠡᠶ ᠪᠠᠶᠢᠬᠤ ᠶᠢ ᠪᠠᠲᠤᠯᠠᠵᠤ᠂ ᠵᠠᠰᠠᠭ ᠵᠠᠬᠢᠷᠭᠠᠨ ᠤ ᠴᠢᠳᠠᠪᠬᠢ ᠶᠢ ᠪᠦᠲᠦᠮᠵᠢᠲᠡᠶ ᠳᠡᠭᠡᠭᠰᠢᠯᠡᠬᠦᠯᠦᠨ᠎ᠡ᠃ ᠬᠠᠷᠢᠭᠤᠴᠠᠯᠭ᠎ᠠ ᠡᠭᠦᠷᠭᠡᠯᠡᠯ ᠢᠶᠠᠨ ᠦᠨᠡᠨᠬᠦ ᠴᠢᠩᠭᠠᠳᠬᠠᠵᠤ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠤᠪᠤᠷ ᠰᠤᠷᠲᠠᠯ ᠢᠶᠠᠷ ᠠᠰᠠᠭᠤᠳᠠᠯ ᠢ ᠴᠢᠩᠭ᠎ᠠ ᠠᠳᠬᠤᠵᠦ᠂ ᠠᠵᠢᠯ ᠢᠶᠠᠨ ᠯᠠᠪᠳᠠᠭᠤᠨ ᠪᠠᠲᠤᠲᠠᠶ ᠦᠨᠡᠨᠬᠦ ᠰᠠᠶᠢᠳᠤᠷ ᠪᠡᠶᠡᠯᠡᠬᠦᠯᠵᠦ᠂ ︽ᠡᠴᠦᠰ ᠤᠨ ᠵᠦᠷᠢᠶ᠎ᠡ︾ ᠲᠠᠢ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃       ᠨᠥᠬᠦᠳ ᠡ᠂ ᠡᠨᠡ ᠵᠢᠯ ᠪᠣᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠢᠪᠳᠣᠷᠠᠭᠠᠨ ᠤ ᠵᠢᠯ ᠪᠠ ᠴᠢᠨᠡᠭᠡᠯᠢᠭ ᠨᠡᠶᠢᠬᠡᠮ ᠢ ᠪᠥᠬᠦ ᠲᠠᠯ᠎ᠠ ᠪᠠᠷ ᠪᠠᠶᠢᠭᠤᠯᠬᠤ ᠰᠢᠢᠳᠪᠦᠷᠢᠲᠦ ᠢᠯᠠᠯᠲᠠ ᠶᠢ ᠤᠯᠬᠤ ᠵᠢᠯ ᠪᠣᠯᠤᠨ᠎ᠠ᠂ ᠮᠦᠨ ᠴᠤ ᠠᠯᠠᠱᠠ ᠠᠶᠢᠮᠠᠭ ᠪᠠᠶᠢᠭᠤᠯᠤᠭᠳᠠᠭᠰᠠᠨ 40 ᠵᠢᠯ ᠤᠨ ᠣᠶ ᠪᠣᠯᠤᠨ᠎ᠠ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠳᠦᠷᠦᠯ ᠤᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠤᠶᠢᠷ᠎ᠠ ᠶᠢᠨ ᠬᠤᠭᠤᠴᠠᠭᠠᠨ ᠳᠤ᠂ ᠪᠦᠬᠦ ᠠᠶᠢᠮᠠᠭ ᠤᠨ ᠲᠡᠭᠡᠳᠦ ᠳᠤᠤᠷᠠᠳᠤ ᠱᠠᠳᠤ ᠨᠢ ᠰᠢᠨ᠎ᠡ ᠭᠡᠯᠪᠡᠷᠢ ᠶᠢᠨ ᠳᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠳᠤ ᠡᠷᠡᠰ ᠭᠤᠶᠢᠪᠢᠰᠢ ᠦᠭᠡᠢ ᠤᠯᠤᠰ ᠲᠥᠷᠦ ᠶᠢᠨ ᠲᠣᠭᠲᠠᠯ ᠬᠦᠴᠦᠨ ᠪᠠ ᠬᠤᠪᠢ ᠪᠠᠶ᠎ᠡ ᠪᠠᠨ ᠬᠠᠶᠢᠬᠤᠷᠤᠯ ᠦᠭᠡᠢ ᠪᠠᠷ ᠬᠤᠪᠢ ᠨᠡᠮᠡᠷᠢ ᠦᠵᠡᠭᠦᠯᠬᠦ ᠲᠡᠮᠡᠴᠡᠯ ᠤᠨ ᠵᠣᠷᠢᠭ ᠰᠠᠨᠠᠭ᠎ᠠ ᠶᠢ ᠢᠯᠡᠷᠡᠭᠦᠯᠦᠨ᠂ ᠰᠦᠷ ᠳᠠᠯᠠᠶᠢᠴᠠᠲᠠᠢ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ᠂ ᠳᠦᠪᠯᠡᠷᠡᠯ ᠤᠨ ᠬᠦᠴᠦᠨ ᠢ ᠪᠠᠳᠠᠷᠠᠭᠤᠯᠵᠤ᠂ ᠪᠦᠬᠦ ᠠᠶᠢᠮᠠᠭ ᠤᠨ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠡᠷᠴᠢᠮᠳᠡᠢ ᠬᠠᠮᠠᠭᠠᠯᠠᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠲᠣᠭᠲᠠᠭᠤᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠳᠠᠯᠪᠢᠵᠦ ᠰᠠᠶᠢᠨ ᠰᠠᠶᠢᠬᠠᠨ ᠡᠬᠢᠯᠡᠯᠲᠡ ᠶᠢ ᠪᠣᠢ ᠪᠣᠯᠭᠠᠪᠠ᠃ ᠡᠨᠡ ᠵᠢᠯ ᠤᠨ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠨᠢ ᠥᠩᠭᠡᠷᠡᠭᠰᠡᠨ ᠵᠢᠯ ᠤᠨ ᠬᠢ ᠬᠠᠷᠢᠴᠠᠭᠤᠯᠪᠠᠯ ᠪᠠᠭ᠋ᠠᠨ ᠬᠤᠶᠢᠰᠢᠯᠠᠪᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠠᠶᠢᠵᠠᠮ ᠢᠶᠠᠨ ᠲᠦᠷᠭᠡᠳᠬᠡᠵᠦ᠂ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠬᠤ ᠶᠢ ᠡᠩ ᠲᠡᠷᠢᠭᠦᠨ ᠳᠤ ᠵᠣᠬᠢᠶᠠᠨ ᠪᠠᠶᠢᠭᠤᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠨᠦᠯᠦᠭᠡ ᠠᠴᠠ ᠪᠤᠯᠤᠭᠰᠠᠨ ᠰᠠᠭᠠᠳᠠᠭᠰᠠᠨ ᠠᠵᠢᠯ ᠢᠶᠠᠨ ᠨᠥᠬᠦᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠣᠭᠲᠠᠭᠠᠭᠰᠠᠨ ᠬᠠᠷᠠᠯᠲᠠ ᠡᠭᠦᠷᠭᠡ ᠲᠠᠢ ᠴᠠᠭ ᠢᠮᠠᠭᠲᠠ ᠠᠯᠬᠤᠭ᠎ᠠ ᠪᠠᠨ ᠨᠢᠬᠡᠳᠭᠡᠨ᠂ ᠬᠦᠷᠦᠯᠴᠡᠬᠦ ᠦᠭᠡᠶ ᠲᠠᠯ᠎ᠠ ᠪᠠᠨ ᠡᠷᠢᠵᠦ᠂ ᠡᠯ᠎ᠡ ᠲᠠᠯ᠎ᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ  ᠪᠠᠳᠣᠯᠠᠬᠤ ᠬᠡᠷᠡᠭᠳᠡᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号