ᠨᠡᠶᠢᠭᠡᠮ ᠤᠨ ᠠᠵᠢᠯ ᠦᠢᠯᠡᠰ — ᠰᠢᠨᠵᠢᠯᠡᠭᠡ ᠮᠡᠷᠭᠡᠵᠢᠯ
ᠨᠡᠶᠢᠲᠡᠯᠡᠭᠰᠡᠨ ᠴᠠᠭ᠄
2020/3/26
      ︽ᠠᠷᠪᠠᠨ ᠬᠤᠶᠠᠲᠤᠭᠠᠷ ᠲᠠᠪᠤᠨ ᠵᠢᠯ︾ ᠤᠨ ᠲᠦᠯᠦᠪᠵᠢᠬᠦᠯᠭᠡ ᠠᠴᠠ ᠨᠠᠰᠢ᠂ ᠠᠯᠠᠱᠨ ᠠᠶᠢᠮᠠᠭ ᠨᠢ ᠤᠯᠤᠰ᠂ ᠦᠪᠠᠷᠳᠡᠭᠡᠨ ᠵᠠᠰᠠᠬᠤ ᠤᠷᠤᠨ᠂ ᠠᠶᠢᠮᠠᠭ ᠤᠨ ᠱᠠᠳᠣᠨ ᠤ ᠡᠯ᠎ᠠ ᠲᠦᠷᠦᠯ ᠤᠨ ᠰᠢᠨᠵᠢᠯᠡᠭᠡ ᠮᠡᠷᠭᠡᠵᠢᠯ ᠤᠨ ᠲᠦᠯᠦᠪᠯᠡᠭᠡ ᠶᠢᠨ ᠲᠦᠷᠦᠯ ᠵᠦᠢᠯ ᠢ ᠨᠠᠶᠢᠳᠠ 377 ᠵᠤᠬᠢᠶᠠᠨ ᠪᠠᠶᠢᠭᠤᠯᠣᠨ ᠬᠡᠷᠡᠭᠵᠢᠬᠦᠯᠵᠦ᠂ ᠨᠠᠶᠢᠳᠠ 2.77 ᠳ᠋ᠦᠩᠰᠢᠭᠤᠷ ᠲᠦᠬᠦᠷᠢᠭ ᠤᠨ ᠪᠠᠯᠨ ᠤᠷᠤᠭᠤᠯᠵᠦ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠰᠢᠨᠵᠢᠯᠡᠭᠡ ᠮᠡᠷᠭᠡᠵᠢᠯ ᠤᠨ ᠲᠠᠪᠰᠢᠯᠳᠠ ᠶᠢᠨ 7 ᠲᠦᠷᠦᠯ ᠤᠨ ᠱᠠᠩᠨᠠᠯ ᠢ ᠬᠦᠷᠳᠡᠪᠠ᠃ 2017 ᠤᠨ ᠳᠤ᠂ ᠤᠷᠤᠨ ᠨᠤᠲᠤᠭ ᠤᠨ ᠡᠳ᠋ ᠤᠨ ᠵᠠᠰᠠᠭ ᠤᠨ ᠰᠢᠨᠵᠢᠯᠡᠭᠡ ᠮᠡᠷᠭᠡᠵᠢᠯ ᠤᠨ ᠳᠠᠯ᠎ᠠ ᠶᠢᠨ ᠵᠠᠷᠤᠯᠭ᠎ᠠ ᠨᠢ ᠡᠳ᠋ ᠤᠨ ᠵᠠᠰᠠᠭ  ᠤᠨ ᠵᠠᠷᠤᠯᠭ᠎ᠠ ᠶᠢᠨ ᠬᠠᠷᠢᠴᠠᠯ ᠤᠨ 0.39% ᠶᠢ ᠡᠵᠡᠯᠡᠵᠦ᠂ ᠪᠦᠬᠦ ᠨᠠᠶᠢᠭᠡᠮ ᠤᠨ ᠰᠣᠳᠣᠯᠭᠠᠨ ᠪᠠ ᠲᠤᠷᠰᠢᠯᠳᠠ ᠨᠡᠭᠡᠭᠡᠨ ᠬᠦᠭᠵᠢᠬᠦᠯᠦᠯᠳᠡ ︵R&D︶ ᠶᠢᠨ ᠵᠠᠷᠤᠳᠠᠯ ᠨᠢ ᠤᠯᠤᠰ ᠤᠨ ᠲᠤᠲᠤᠭᠠᠲᠤ ᠶᠢᠨ ᠦᠢᠯᠡᠳᠪᠤᠷᠢᠯᠠᠯ ᠤᠨ ᠶᠠᠷᠤᠩᠭᠡᠢ ᠦᠷᠳᠡᠭ ︵GDP︶ ᠲᠠᠬᠢ ᠡᠵᠡᠯᠡᠬᠦ ᠬᠠᠷᠢᠴᠠᠯ ᠨᠢ 0.51% ᠪᠠᠶᠢᠵᠦ᠂ ᠪᠦᠬᠦ ᠨᠠᠶᠢᠭᠡᠮ ᠤᠨ ᠰᠢᠨᠵᠢᠯᠡᠬᠦ ᠤᠬᠠᠭᠠᠨ ᠤ ᠰᠣᠳᠣᠯᠭᠠᠨ ᠨᠡᠭᠡᠭᠡᠨ ᠬᠦᠭᠵᠢᠬᠦᠯᠦᠯᠳᠡ ᠶᠢᠨ ᠵᠠᠷᠤᠳᠠᠯ 13190 ᠲᠦᠮᠠᠨ ᠲᠦᠬᠦᠷᠢᠭ ᠢ ᠳᠠᠶᠢᠴᠢᠯᠠᠪᠠ᠃ 2018 ᠤᠨ ᠤ ᠡᠴᠤᠰ ᠪᠣᠯᠳᠠᠯ᠎ᠠ᠂ ᠪᠦᠬᠦ ᠠᠶᠢᠮᠠᠭ ᠤᠨ ᠪᠦᠲᠤᠮᠵᠢᠲᠡᠢ ᠡᠬᠦᠲᠤᠨ ᠪᠦᠲᠤᠭᠡᠭᠰᠡᠨ ᠲᠤᠰᠬᠠᠢ ᠠᠰᠢᠭ ᠨᠢ 48 ᠪᠠᠶᠢᠵᠦ᠂ ᠲᠦᠮᠠᠨ ᠬᠦᠮᠦᠨ ᠪᠦᠷᠢ ᠳᠤ ᠨᠣᠭᠳᠠᠬᠤ ᠡᠬᠦᠲᠤᠨ ᠪᠦᠲᠤᠭᠡᠭᠰᠡᠨ ᠲᠤᠰᠬᠠᠢ ᠠᠰᠢᠭ ᠨᠢ 2 ᠪᠤᠢ᠃ ᠲᠡᠭᠡᠲᠤ ᠰᠢᠨ᠎ᠠ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠭᠡ ᠮᠠᠷᠭᠡᠵᠢᠯ ᠤᠨ ᠨᠡᠭᠡᠭᠡᠨ ᠬᠦᠭᠵᠢᠬᠦᠯᠦᠯᠳᠡ ᠶᠢᠨ ᠰᠢᠨ᠎ᠠ ᠮᠠᠶ᠋ᠢᠭ ᠤᠨ ᠪᠠᠶᠢᠭᠤᠯᠤᠮᠵᠢ᠂ ᠠᠺᠠᠳᠧᠮᠢᠴᠢ ᠲᠤᠰᠬᠠᠢ ᠮᠠᠷᠭᠡᠵᠢᠯᠳᠠᠨ ᠤ ᠠᠵᠢᠯ ᠤᠨ ᠦᠷᠳᠡᠭᠡ᠂ ᠰᠢᠨᠵᠢᠯᠡᠭᠡ ᠮᠠᠷᠭᠡᠵᠢᠯ ᠤᠨ ᠠᠵᠤ ᠠᠬᠤᠶᠢᠯᠠᠯ ᠤᠨ ᠪᠣᠶᠢᠵᠢᠭᠤᠯᠣᠭᠴᠢ᠂ ᠭᠤᠤᠯᠳᠠᠯᠭ᠎ᠠ ᠲᠠᠢ ᠲᠤᠷᠰᠢᠯᠳᠠ  ᠶᠢᠨ ᠲᠠᠰᠤᠭ ᠵᠡᠷᠭᠡ ᠰᠢᠨᠵᠢᠯᠡᠭᠡ ᠮᠠᠷᠭᠡᠵᠢᠯ ᠤᠨ ᠰᠢᠨ᠎ᠠ ᠶᠢ ᠡᠬᠦᠳᠬᠦ ᠡᠯ᠎ᠠ ᠲᠦᠷᠦᠯ ᠤᠨ ᠲᠠᠪᠴᠠᠩ ᠠᠴᠢᠶᠠᠯᠠᠪᠤᠷᠢ 157 ᠪᠤᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号