ᠠᠯᠠᠱᠠ ᠠᠶᠢᠮᠠᠭ ᠤᠨ ᠲᠡᠬᠡᠲᠦ ᠭᠤᠷᠪᠠ ᠪᠤᠯᠤᠨ ᠠᠩᠬ᠎ᠠ ᠭᠤᠷᠪᠠ ᠶᠢᠨ ᠬᠢᠴᠢᠶᠠᠯ ᠡᠬᠢᠯᠡᠯ᠎ᠠ
ᠨᠡᠶᠢᠲᠡᠯᠡᠭᠰᠡᠨ ᠴᠠᠭ᠄
2020/3/31
          ᠵᠢᠷᠤᠭ ᠪᠤᠯ᠂ ᠰᠤᠷᠤᠭᠴᠢᠤᠨ ᠬᠢᠴᠢᠶᠠᠯ ᠤᠨ ᠭᠡᠷ ᠲᠡᠭᠡᠨ ᠠᠩᠬᠠᠨ ᠤ ᠬᠢᠴᠢᠶᠠᠯ ᠢᠶᠠᠨ ᠤᠷᠤᠯ᠎ᠠ᠃        ︵ᠶᠠᠩ ᠰᠠᠴᠠᠨ ᠰᠡᠬᠦᠳᠡᠷᠯᠡᠪᠡ︶       3 ᠰᠠᠷ᠎ᠠ ᠶᠢᠨ 30 ᠤ ᠡᠳᠦᠷ᠂ ᠮᠠᠨ ᠤ ᠠᠶᠢᠮᠠᠭ ᠤᠨ ᠲᠡᠬᠡᠲᠦ ᠭᠤᠷᠪᠠ ᠪᠤᠯᠤᠨ ᠠᠩᠬ᠎ᠠ ᠭᠤᠷᠪᠠ ᠶᠢᠨ ᠤᠨ ᠤ ᠰᠤᠷᠤᠭᠴᠢᠳ ᠬᠢᠴᠢᠶᠠᠯ ᠢᠶᠠᠨ ᠡᠬᠢᠯᠡᠬᠦᠯᠤᠨ᠂ 3000 ᠭᠠᠷᠤᠢ ᠰᠤᠷᠤᠭᠴᠢ ᠰᠤᠷᠭᠠᠭᠤᠯᠢ ᠶᠢᠨ ᠬᠦᠷᠢᠶᠠᠨ ᠳᠡᠭᠡᠨ ᠪᠤᠴᠠᠵᠦ᠂ ᠠᠩᠬᠠᠨ ᠤ ᠬᠢᠴᠢᠶᠠᠯ ᠢᠶᠠᠨ ᠤᠷᠤᠭᠰᠠᠨ ᠪᠠᠶᠢᠨ᠎ᠠ᠃       ᠲᠤᠰ ᠡᠳᠦᠷ ᠤᠨ ᠦᠷᠯᠦᠬᠡ ᠰᠤᠷᠪᠤᠯᠵᠢᠯᠠᠭᠴᠢ ᠠᠯᠠᠱᠠ ᠮᠤᠩᠭᠤᠯ ᠦᠨᠳᠦᠰᠦᠳᠠᠨ ᠤ ᠪᠦᠷᠢᠨ ᠲᠤᠮᠳᠠᠲᠦ ᠰᠤᠷᠭᠠᠭᠤᠯᠢ ᠳᠤ ᠬᠦᠷᠬᠦ ᠳᠤ᠂ ᠰᠤᠷᠭᠠᠭᠤᠯᠢ ᠶᠢᠨ ᠪᠠᠭᠰᠢ ᠠᠵᠢᠯᠳᠠᠳ ᠰᠤᠷᠭᠠᠭᠤᠯᠢ ᠶᠢᠨ ᠡᠬᠦᠳᠡ᠂ ᠪᠠᠶᠢᠷᠢ ᠶᠢᠨ ᠠᠰᠠᠷ ᠤᠨ ᠡᠬᠦᠳᠡ᠂ ᠬᠢᠴᠢᠶᠡᠯᠯᠡᠬᠦ ᠠᠰᠠᠷ ᠤᠨ ᠡᠬᠦᠳᠡ᠂ ᠠᠩᠭᠢ ᠶᠢᠨ ᠭᠡᠷ ᠤᠨ ᠡᠬᠦᠳᠡᠨ ᠳᠤ ᠰᠤᠷᠤᠭᠴᠢᠳ ᠤᠨ ᠪᠡᠶ᠎ᠡ ᠶᠢᠨ ᠳᠣᠯᠠᠭᠠᠨ ᠢ ᠬᠡᠮᠵᠢᠵᠦ ᠪᠠᠶᠢᠯ᠎ᠠ᠃ ᠲᠤᠰ ᠰᠤᠷᠭᠠᠭᠤᠯᠢ ᠶᠢᠨ ᠬᠢᠨ ᠬᠢᠵᠢᠭ ᠤᠨ ᠬᠤᠭᠤᠴᠠᠭᠠᠨ ᠳᠠᠬᠢ ᠬᠢᠴᠢᠶᠠᠯ ᠲᠦᠷᠦᠯ ᠤᠨ ᠤᠷᠤᠭᠰᠢᠳᠡᠢ ᠶᠠᠪᠤᠭᠳᠠᠬᠤ ᠶᠢ ᠪᠠᠳᠤᠯᠠᠬᠤ ᠶᠢᠨ ᠲᠤᠰᠠᠳᠠ᠂ ᠠᠩᠭᠢ ᠪᠣᠯᠭᠠᠨ ᠳᠤ ᠵᠦᠪᠬᠡᠨ 25 ᠰᠤᠷᠤᠭᠴᠢ ᠬᠢᠴᠢᠶᠠᠯᠯᠡᠵᠦ ᠪᠤᠯᠬᠤ ᠪᠠᠷ ᠲᠤᠭᠳᠠᠭᠠᠵᠦ᠂ ᠰᠢᠷᠡᠭᠡ ᠪᠣᠯᠭᠠᠨ ᠤ ᠬᠤᠭᠤᠷᠤᠨᠳᠤ 1 ᠮᠧᠲᠷ ᠵᠠᠶᠢᠲᠠᠢ ᠪᠠᠶᠢᠬᠤ ᠶᠢ ᠪᠠᠳᠤᠯᠠᠨ᠂ ᠰᠣᠷᠣᠭᠴᠢᠳ ᠠᠩᠭᠢ ᠶᠢᠨ ᠬᠡᠷ ᠲᠡᠭᠡᠨ ᠬᠤᠭᠤᠯᠠᠯᠠᠵᠣ᠂ ᠦᠳᠡ ᠶᠢᠨ ᠬᠢᠴᠢᠶᠡᠯ ᠪᠠᠭᠤᠬᠤ ᠪᠤᠶᠤ ᠤᠷᠤᠢ ᠶᠢᠨ ᠳᠠᠪᠳᠠᠯᠭ᠎ᠠ ᠶᠢᠨ ᠲᠠᠷᠠᠭ᠎ᠠ ᠠᠩᠭᠢ ᠶᠢᠨ ᠬᠡᠷ ᠢᠶᠠᠨ ᠲᠤᠤᠱᠳᠡᠢ ᠠᠷᠢᠭᠤᠳᠬᠠᠵᠦ ᠪᠤᠢ᠃ ᠬᠢᠴᠢᠶᠡᠯᠯᠡᠬᠦ ᠠᠰᠠᠷ ᠤᠨ ᠭᠤᠳᠤᠮᠵᠢ᠂ ᠠᠰᠠᠷ ᠤᠨ ᠱᠠᠳᠣ᠂ ᠱᠠᠳᠣᠨ ᠤ ᠪᠠᠷᠢᠭᠤᠯ ᠢ ᠲᠤᠰ ᠲᠠᠪᠬᠤᠷ ᠤᠨ ᠣᠨ ᠤ ᠲᠤᠭᠤᠶᠢᠯᠡᠩ ᠠᠴᠠ ᠬᠠᠷᠢᠭᠤᠴᠠᠨ ᠠᠷᠢᠭᠤᠳᠬᠠᠵᠤ᠂ ᠬᠢᠴᠢᠶᠡᠯᠯᠡᠬᠦ ᠠᠰᠠᠷ ᠤᠨ ᠵᠣᠷᠯᠣᠩ ᠳᠤ ᠲᠤᠰᠬᠠᠢ ᠬᠦᠮᠦᠨ ᠲᠤᠬᠢᠷᠠᠭᠤᠯᠤᠨ᠂ ᠲᠤᠭᠳᠠᠮᠠᠯ ᠬᠤᠭᠤᠴᠠᠭ᠎ᠠ ᠲᠠᠢ ᠠᠷᠢᠭᠤᠳᠬᠠᠵᠦ᠂ ᠪᠠᠶᠢᠷᠢ ᠶᠢᠨ ᠠᠰᠠᠷ ᠤᠨ ᠲᠠᠪᠬᠤᠷᠭ᠎ᠠ ᠪᠣᠯᠭᠠᠨ ᠳᠤ ᠨᠢᠭᠡ ᠪᠠᠭᠰᠢ ᠲᠣᠬᠢᠷᠠᠭᠤᠯᠤᠨ᠂ ᠪᠠᠶᠢᠷᠢ ᠶᠢᠨ ᠭᠡᠷ᠂ ᠭᠤᠳᠤᠮᠵᠢ᠂ ᠣᠰᠣᠨ ᠭᠡᠷ᠂ ᠵᠣᠷᠯᠣᠩ ᠵᠡᠷᠭᠡ ᠭᠠᠵᠠᠷ ᠢ ᠠᠷᠢᠭᠤᠳᠬᠠᠵᠦ᠂ ᠰᠣᠷᠣᠭᠴᠢᠳ ᠬᠢᠴᠢᠶᠡᠯ ᠳᠡᠭᠡᠨ ᠶᠠᠪᠤᠭᠰᠠᠨ ᠤ ᠬᠤᠶᠢᠨ᠎ᠠ ᠡᠬᠦᠳᠡ ᠴᠤᠩᠬᠤ ᠶᠢ ᠨᠡᠭᠡᠭᠡᠵᠦ ᠰᠠᠯᠬᠢ ᠵᠢᠪᠠᠷ ᠨᠡᠪᠲᠡᠷᠡᠭᠦᠯᠵᠦ ᠪᠣᠢ᠃ ᠡᠬᠦᠨ ᠤ ᠬᠠᠮᠲᠦ᠂ ᠠᠷᠢᠭᠤᠳᠬᠠᠯ ᠤᠨ ᠲᠡᠮᠳᠡᠭᠯᠡᠯ ᠢ ᠢᠯᠡ ᠲᠠᠯᠪᠢᠨ᠂ ᠪᠠᠭᠰᠢ ᠰᠤᠷᠤᠭᠴᠢ ᠠᠴᠠ ᠠᠷᠢᠭᠤᠳᠬᠠᠯ ᠤᠨ ᠠᠵᠢᠯ ᠳᠤ ᠬᠢᠨᠠᠯᠲᠠ ᠳᠠᠯᠪᠢᠵᠦ᠂ ᠬᠢᠵᠢᠭ ᠤᠨ ᠰᠡᠷᠭᠡᠶᠢᠯᠡᠯᠳᠡ ᠶᠢ ᠴᠢᠩᠭ᠎ᠠ ᠠᠳᠬᠤᠨ᠂ ᠰᠣᠷᠭᠠᠭᠤᠯᠢ ᠶᠢᠨ ᠬᠦᠷᠢᠶᠠᠨ ᠤ ᠠᠮᠦᠷ ᠲᠦᠪᠰᠢᠨ ᠣᠷᠴᠢᠨ ᠢ ᠭᠦᠴᠦᠯᠠᠨ ᠪᠣᠢ ᠪᠣᠯᠭᠠᠵᠣ ᠪᠠᠶᠢᠨ᠎ᠠ᠃       ︽ᠪᠢᠳᠠ ᠰᠣᠷᠭᠠᠭᠤᠯᠢ ᠡᠬᠢᠯᠡᠬᠦ ᠪᠡᠯᠡᠳᠭᠡᠯ ᠠᠵᠢᠯ ᠢᠶᠠᠨ ᠰᠠᠶᠢᠨ ᠬᠢᠵᠠᠢ᠂ ᠰᠣᠷᠣᠭᠴᠢᠳ ᠢᠶᠠᠨ ᠳᠣᠰᠴᠣ ᠠᠪᠴᠢᠷᠠᠭᠰᠠᠨ ᠤ ᠲᠠᠷᠠᠭ᠎ᠠ 3 ᠣᠳᠠᠭᠠᠨ ᠤ ᠪᠡᠶ᠎ᠠ ᠶᠢᠨ ᠪᠠᠶᠢᠴᠠᠭᠠᠯᠳᠠ ᠬᠢᠵᠦ᠂ ᠳᠡᠳᠡᠨᠠᠷ ᠤᠨ ᠰᠣᠷᠣᠯᠴᠠᠵᠤ ᠠᠮᠢᠳᠣᠷᠠᠬᠤ ᠣᠷᠴᠢᠨ ᠳᠣᠭᠤᠷᠢᠨ ᠤ ᠡᠯ᠎ᠡ ᠳᠠᠯ᠎ᠠ ᠶᠢᠨ ᠠᠵᠢᠯ ᠢ ᠪᠦᠷᠢᠨ ᠪᠠᠶᠢᠷᠢᠯᠠᠭᠤᠯᠣᠭᠠᠳ ᠦᠨᠣᠳᠣᠷ ᠠᠴᠠ ᠵᠢᠩᠭᠢᠨᠢ ᠪᠠᠷ ᠬᠢᠴᠢᠶᠡᠯᠯᠡᠵᠠᠢ᠃ ᠰᠣᠷᠣᠭᠴᠢᠳ ᠤᠨ ᠰᠣᠷᠣᠯᠴᠠᠬᠤ ᠪᠠᠶᠢᠳᠠᠯ ᠭᠡᠪ ᠤᠨ ᠪᠠᠶᠢᠳᠠᠯ ᠳᠠᠭᠠᠨ ᠪᠤᠢ᠂ ᠪᠢᠳᠠ ᠰᠦᠯᠵᠢᠶᠡᠨ ᠳᠡᠭᠡᠷ᠎ᠠ ᠡᠷᠳᠡ ᠬᠢᠴᠢᠶᠡᠯᠯᠡᠭᠰᠡᠨ ᠣᠴᠢᠷ ᠠᠴᠠ ᠰᠣᠷᠣᠭᠴᠢᠳ ᠰᠣᠷᠭᠠᠭᠤᠯᠢ ᠳᠠᠭᠠᠨ ᠢᠷᠡᠭᠡᠳ ᠰᠡᠳᠬᠢᠯ ᠰᠠᠨᠠᠭ᠎ᠠ ᠳᠣᠭᠳᠠᠪᠣᠷᠢ ᠦᠭᠡᠢ ᠪᠠᠶᠢᠬᠤ ᠪᠠᠶᠢᠳᠠᠯ ᠣᠷᠣᠰᠢᠬᠤ ᠦᠭᠡᠢ᠂ ᠵᠦᠪᠭᠡᠨ ᠳᠡᠳᠡᠨᠠᠷ ᠤᠨ ᠬᠢᠴᠢᠶᠡᠯ ᠣᠷᠣᠬᠤ ᠣᠷᠣᠨ ᠪᠠᠶᠢᠷᠢ ᠨᠢ ᠰᠣᠯᠢᠭᠳᠠᠭᠰᠠᠨ ᠣᠴᠢᠷ ᠠᠴᠠ ᠬᠢᠴᠢᠶᠡᠯ ᠨᠤᠮ ᠢᠶᠠᠨ ᠰᠣᠷᠣᠯᠴᠠᠬᠤ ᠳᠤ ᠰᠤᠨᠢᠷᠬᠠᠯ ᠲᠠᠢ ᠪᠠᠶᠢᠨ᠎ᠠ᠃ ᠵᠠᠷᠢᠮ ᠰᠣᠷᠣᠭᠴᠢ ᠳᠤ ᠠᠪᠴᠣ ᠭᠡᠯᠡᠪᠡᠯ ᠰᠣᠷᠭᠠᠭᠤᠯᠢ ᠳᠠᠭᠠᠨ ᠰᠣᠷᠣᠯᠴᠠᠬᠤ ᠨᠢ ᠦᠷᠢᠰᠦᠯᠳᠦᠭᠡᠨ ᠢᠶᠠᠷ ᠰᠠᠶᠢᠨ ᠣᠴᠢᠷ ᠠᠴᠠ ᠰᠣᠷᠣᠯᠴᠠᠬᠤ ᠳᠤ ᠨᠡᠩ ᠣᠷᠮ᠎ᠠ ᠲᠠᠢ ᠪᠣᠯᠵᠡᠢ︾ ᠭᠡᠵᠣ ᠳᠡᠭᠡᠳᠣ ᠭᠤᠷᠪᠠ ᠶᠢᠨ ᠵᠢᠭᠠᠨ ᠰᠣᠷᠭᠠᠯᠳᠠ ᠶᠢᠨ ᠳᠣᠭᠤᠶᠢᠯᠠᠩ ᠤᠨ ᠳᠠᠷᠤᠭ᠎ᠠ ᠠᠯᠳᠠᠨᠴᠡᠴᠡᠭ ᠪᠠᠭᠰᠢ ᠶᠠᠷᠢᠵᠦ ᠪᠠᠶᠢᠯ᠎ᠠ᠃ ᠳᠡᠭᠡᠳᠣ ᠭᠤᠷᠪᠠ ᠶᠢᠨ ᠠᠷᠪᠠᠨ ᠨᠢᠭᠡᠳᠣᠭᠡᠷ ᠠᠩᠭᠢ ᠶᠢᠨ ᠳᠡᠮᠵᠢᠨ᠎ᠡ᠂ ᠬᠢᠵᠢᠭ ᠤᠨ ᠣᠨᠴᠣᠭᠤᠢ ᠪᠠᠶᠢᠳᠠᠯ ᠠᠴᠠ ᠪᠣᠯᠵᠣ ᠪᠢᠳᠠ ᠭᠡᠷ ᠲᠡᠭᠡᠨ 1 ᠰᠠᠷ᠎ᠠ ᠭᠠᠷᠦᠢ ᠰᠦᠯᠵᠢᠶᠡᠨ ᠳᠡᠭᠡᠷ᠎ᠠ ᠬᠢᠴᠢᠶᠡᠯ ᠤᠷᠤᠵᠠᠢ᠂ ᠣᠳᠣᠬᠠᠨ ᠳᠤ ᠪᠦᠬᠦ ᠣᠯᠣᠰ ᠤᠨ ᠬᠢᠵᠢᠭ ᠤᠨ ᠪᠠᠶᠢᠳᠠᠯ ᠨᠡᠯᠢᠶᠡᠳ ᠨᠠᠮᠳᠠᠵᠣ᠂ ᠪᠦᠬᠦ ᠬᠦᠮᠣᠰ ᠤᠨ ᠴᠢᠷᠮᠠᠶᠢᠯᠭ᠎ᠠ ᠳᠣᠣᠷ᠎ᠠ ᠪᠢᠳᠠ ᠰᠣᠷᠭᠠᠭᠤᠯᠢ ᠳᠠᠭᠠᠨ ᠢᠷᠡᠭᠡᠳ ᠬᠢᠴᠢᠶᠡᠯᠯᠡᠯ᠎ᠡ᠃ ᠪᠦᠬᠦᠳᠡᠭᠡᠷ ᠢᠶᠠᠨ ᠴᠢᠷᠮᠠᠶᠢᠵᠣ ᠪᠠᠶᠢᠭ᠎ᠠ ᠪᠣᠯᠬᠤᠷ ᠪᠢᠳᠠ ᠪᠠᠰᠠ ᠠᠳᠠᠯᠢᠬᠠᠨ ᠴᠢᠷᠮᠠᠶᠢᠨ ᠰᠣᠷᠣᠯᠴᠠᠭᠠᠳ ᠣᠯᠣᠰ ᠤᠨ ᠰᠢᠯᠭᠠᠯᠳᠠ ᠳᠤ ᠦᠨᠳᠣᠷ ᠬᠢᠷᠢ ᠪᠦᠳᠦᠮᠵᠢ ᠤᠯᠬᠤ ᠪᠠᠷ ᠴᠢᠷᠮᠠᠶᠢᠨ᠎ᠠ ᠬᠡᠵᠦ ᠪᠠᠶᠢᠯ᠎ᠠ᠃                                           ︵ᠵᠣᠬᠢᠶᠠᠭᠴᠢ᠄ ᠨᠠᠷᠠᠨ᠎ᠠ      ᠶᠠᠩ ᠰᠠᠴᠠᠨ︶
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号