ᠠᠵᠦ ᠠᠬᠤᠢ — ᠬᠤᠶᠠᠲᠤᠭᠠᠷ ᠠᠵᠤ ᠦᠢᠯᠡᠰ
ᠨᠡᠶᠢᠲᠡᠯᠡᠭᠰᠡᠨ ᠴᠠᠭ᠄
2020/3/4
      2018 ᠤᠨ ᠳᠤ᠂ ᠠᠯᠠᠱᠨ ᠠᠶᠢᠮᠠᠭ ᠤᠨ ᠠᠵᠤ ᠦᠢᠯᠡᠳᠪᠤᠷᠢ ᠶᠢᠨ ᠶᠡᠷᠦᠩᠬᠡᠢ ᠨᠡᠮᠡᠭᠳᠡᠯ ᠦᠷᠳᠡᠭ ᠨᠢ ᠲᠡᠭᠡᠷ᠎ᠠ ᠵᠢᠯ ᠤᠨ ᠬᠢ ᠠᠴᠠ 12.2% ᠪᠠᠷ ᠨᠡᠮᠡᠭᠳᠡᠵᠦ᠂ ᠡᠬᠦᠨ ᠳᠤ᠂ ᠭᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠨᠡᠮᠡᠭᠳᠡᠯ ᠦᠷᠳᠡᠭ ᠨᠢ 12.6% ᠪᠠᠷ ᠨᠡᠮᠡᠭᠳᠡᠪᠠ᠃ ᠭᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠳᠣᠳᠣᠷ᠎ᠠ ᠤᠯᠤᠰ ᠠᠴᠠ ᠬᠤᠪᠢ ᠡᠵᠡᠮᠰᠢᠭᠰᠡᠨ ᠠᠵᠤ ᠠᠬᠤᠶᠢᠯᠠᠯ ᠤᠨ  ᠨᠡᠮᠡᠭᠳᠡᠯ ᠦᠷᠳᠡᠭ ᠨᠢ 3.4% ᠪᠠᠷ ᠨᠡᠮᠡᠭᠳᠡᠪᠠ︔ ᠬᠤᠪᠢᠴᠠᠭᠠᠲᠤ ᠲᠦᠷᠢᠮ ᠤᠨ ᠠᠵᠤ ᠠᠬᠤᠶᠢᠯᠠᠯ ᠤᠨ ᠨᠡᠮᠡᠭᠳᠡᠯ ᠦᠷᠳᠡᠭ ᠨᠢ 12.5% ᠪᠠᠷ ᠨᠡᠮᠡᠭᠳᠡᠪᠠ︔ ᠭᠠᠳᠠᠭᠠᠲᠤ ᠶᠢᠨ ᠠᠷᠠᠯᠵᠢᠶᠠᠴᠢᠨ ᠵᠢᠴᠢ ᠰᠢᠶᠠᠩᠭᠠᠩ ᠤᠤᠮᠧᠨ ᠲᠠᠶᠢᠸᠠᠨ  ᠤ ᠪᠠᠯᠨ ᠤᠷᠤᠭᠤᠯᠤᠭᠰᠠᠨ ᠠᠵᠤ ᠠᠬᠤᠶᠢᠯᠠᠯ ᠤᠨ ᠨᠡᠮᠡᠭᠳᠡᠯ ᠦᠷᠳᠡᠭ ᠨᠢ 23.7% ᠪᠠᠷ ᠨᠡᠮᠡᠭᠳᠡᠪᠠ᠃ ᠭᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠳᠣᠳᠣᠷ᠎ᠠ᠂ ᠬᠦᠩᠭᠡᠨ ᠠᠵᠤ ᠦᠢᠯᠡᠳᠪᠤᠷᠢ ᠶᠢᠨ  ᠨᠡᠮᠡᠭᠳᠡᠯ ᠦᠷᠳᠡᠭ ᠨᠢ 0.9% ᠪᠠᠷ ᠪᠠᠭᠤᠷᠠᠪᠠ︔ ᠬᠦᠨᠲᠤ ᠠᠵᠤ ᠦᠢᠯᠡᠳᠪᠤᠷᠢ ᠶᠢᠨ ᠨᠡᠮᠡᠭᠳᠡᠯ ᠦᠷᠳᠡᠭ ᠨᠢ 13.0% ᠪᠠᠷ ᠨᠡᠮᠡᠭᠳᠡᠪᠠ  ᠃       ᠭᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠭᠤᠤᠯ ᠦᠢᠯᠡᠳᠬᠦᠨ ᠤ ᠭᠠᠷᠤᠯᠳᠠ ᠶᠢᠨ ᠭᠡᠮᠵᠢᠶ᠎ᠠ ᠠᠴᠠ ᠦᠵᠠᠪᠠᠯ᠂ ᠠᠯᠠᠱᠨ ᠠᠶᠢᠮᠠᠭ ᠤᠨ ᠪᠦᠲᠤᠬᠦᠯᠢᠭ ᠲᠠᠪᠤᠰᠤ ᠶᠢᠨ ᠭᠠᠷᠤᠯᠳᠠ ᠨᠢ 119.3 ᠲᠦᠮᠠᠨ ᠲᠤᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.6% ᠪᠠᠷ ᠪᠠᠭᠤᠷᠠᠪᠠ︔ ᠲᠠᠮᠤᠷ ᠤᠨ ᠠᠭᠤᠷᠬᠠᠢ  ᠶᠢᠨ ᠲᠦᠬᠦᠭᠡᠢ ᠬᠦᠳᠡᠷ ᠤᠨ ᠭᠠᠷᠤᠯᠳᠠ ᠨᠢ 13.9 ᠲᠦᠮᠠᠨ ᠲᠤᠨ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 52.2% ᠢᠶᠠᠷ ᠪᠠᠭᠤᠷᠠᠪᠠ︔ ᠲᠠᠪᠤᠰᠤᠨ ᠬᠦᠴᠢᠯ ᠤᠨ ᠭᠠᠷᠤᠯᠳᠠ ᠨᠢ 12.4 ᠲᠦᠮᠠᠨ ᠲᠤᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.4% ᠪᠠᠷ ᠨᠡᠮᠡᠭᠳᠡᠪᠠ︔ ᠱᠦᠢᠨᠢ ᠶᠢᠨ ᠭᠠᠷᠤᠯᠳᠠ ᠨᠢ 60.1 ᠲᠦᠮᠠᠨ ᠲᠤᠨ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 22.1% ᠪᠠᠷ ᠪᠠᠭᠤᠷᠠᠪᠠ᠃       2018 ᠤᠨ ᠳᠤ᠂ ᠠᠯᠠᠱᠨ ᠠᠶᠢᠮᠠᠭ ᠤᠨ ᠬᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠪᠡᠶᠡᠯᠡᠬᠦᠯᠦᠭᠰᠡᠨ ᠭᠤᠤᠯ ᠡᠵᠡᠩᠨᠡᠯᠳᠡ ᠶᠢᠨ ᠲᠤᠬᠠᠶᠢᠯᠠᠭᠰᠠᠨ ᠠᠵᠢᠯ ᠤᠨ ᠤᠷᠤᠯᠭ᠎ᠠ ᠨᠢ ᠲᠡᠭᠡᠷ᠎ᠠ ᠵᠢᠯ ᠤᠨ ᠬᠢ ᠠᠴᠠ 12.6% ᠪᠠᠷ ᠨᠡᠮᠡᠭᠳᠡᠵᠤ᠂ ᠠᠰᠢᠭ ᠣᠷᠣᠯᠭ᠎ᠠ ᠶᠢᠨ ᠶᠠᠷᠤᠩᠭᠡᠢ ᠭᠡᠮᠵᠢᠶ᠎ᠠ ᠨᠢ 142.8% ᠪᠠᠷ ᠨᠡᠮᠡᠭᠳᠠᠪᠠ᠃ ᠭᠠᠷᠣᠵᠠᠳᠠᠯ ᠲᠠᠢ ᠠᠵᠤ ᠠᠬᠤᠶᠢᠯᠠᠯ ᠤᠨ ᠭᠠᠷᠣᠵᠠᠳᠠᠭᠰᠠᠨ ᠭᠡᠮᠵᠢᠶ᠎ᠠ ᠨᠢ ᠠᠳᠠᠯᠢ ᠬᠤᠭᠤᠴᠠᠭᠠᠨ ᠤ ᠬᠢ ᠠᠴᠠ 31.4% ᠪᠠᠷ ᠪᠭᠤᠷᠠᠪᠠ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号