ᠠᠵᠦ ᠠᠬᠤᠢ — ᠭᠤᠷᠪᠠᠲᠤᠭᠠᠷ ᠠᠵᠤ ᠦᠢᠯᠡᠰ
ᠨᠡᠶᠢᠲᠡᠯᠡᠭᠰᠡᠨ ᠴᠠᠭ᠄
2020/3/5
      2018 ᠤᠨ ᠳᠤ᠂ ᠠᠯᠠᠱᠨ ᠠᠶᠢᠮᠠᠭ ᠤᠨ ᠨᠠᠶᠢᠭᠡᠮ ᠤᠨ ᠭᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠣᠭᠰᠠᠨ ᠶᠠᠷᠤᠩᠭᠡᠢ ᠭᠡᠮᠵᠢᠶ᠎ᠠ ᠨᠢ 82.9 ᠳ᠋ᠦᠩᠰᠢᠭᠤᠷ ᠲᠦᠬᠦᠷᠢᠭ ᠲᠤ ᠬᠦᠷᠴᠦ᠂ ᠠᠳᠠᠯᠢ ᠬᠤᠭᠤᠴᠠᠭᠠᠨ  ᠤ ᠬᠢ ᠠᠴᠠ 8.0% ᠢᠶᠠᠷ ᠨᠡᠮᠡᠭᠳᠡᠪᠠ᠃ ᠬᠠᠷᠢᠶᠠᠯᠠᠭᠳᠠᠬᠤ ᠭᠠᠵᠠᠷ ᠢᠶᠠᠷ ᠨᠢ ᠪᠦᠷᠢᠳᠭᠡᠪᠡᠯ ᠬᠤᠳᠠ ᠪᠠᠯᠭᠠᠰᠤ ᠶᠢᠨ ᠭᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠣᠭᠰᠠᠨ ᠭᠡᠮᠵᠢᠶ᠎ᠠ ᠨᠢ 75.0 ᠳ᠋ᠦᠩᠰᠢᠭᠤᠷ ᠲᠦᠬᠦᠷᠢᠭ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 8.0% ᠢᠶᠠᠷ ᠨᠠᠮᠡᠭᠳᠡᠪᠠ︔ ᠬᠦᠳᠡᠭᠡ ᠲᠤᠰᠬᠤᠨ ᠤ ᠭᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠣᠭᠰᠠᠨ ᠶᠠᠷᠤᠩᠭᠡᠢ ᠭᠡᠮᠵᠢᠶ᠎ᠠ ᠨᠢ 7.9 ᠳ᠋ᠦᠩᠰᠢᠭᠤᠷ ᠲᠦᠬᠦᠷᠢᠭ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 8.4% ᠢᠶᠠᠷ ᠨᠡᠮᠡᠭᠳᠡᠪᠠ᠃ ᠪᠦᠭᠡᠮ ᠢᠶᠠᠷ ᠪᠣᠷᠣᠯᠠᠭᠤᠯᠬᠤ ᠦᠢᠯᠡᠰ ᠤᠨ ᠳᠠᠸᠠᠷ ᠢ ᠪᠣᠷᠣᠯᠠᠭᠤᠯᠣᠭᠰᠠᠨ ᠭᠡᠮᠵᠢᠶ᠎ᠠ ᠨᠢ 90.6 ᠳ᠋ᠦᠩᠰᠢᠭᠤᠷ ᠲᠦᠬᠦᠷᠢᠭ᠂ ᠵᠢᠵᠢᠭᠯᠡᠨ ᠪᠣᠷᠣᠯᠠᠭᠤᠯᠬᠤ ᠦᠢᠯᠡᠰ ᠤᠨ ᠳᠠᠸᠠᠷ  ᠢ ᠪᠣᠷᠣᠯᠠᠭᠤᠯᠣᠭᠰᠠᠨ ᠭᠡᠮᠵᠢᠶ᠎ᠠ ᠨᠢ 114.7 ᠳ᠋ᠦᠩᠰᠢᠭᠤᠷ ᠲᠦᠬᠦᠷᠢᠭ ᠪᠠᠶᠢᠵᠦ᠂ ᠠᠳᠠᠯᠢ ᠬᠤᠭᠤᠴᠠᠭᠠᠨ ᠤ ᠬᠢ  ᠠᠴᠠ ᠲᠤᠰ ᠲᠤᠰ 23.0% ᠪᠠ 11.0% ᠢᠶᠠᠷ ᠨᠡᠮᠡᠭᠳᠡᠪᠠ︔ ᠬᠤᠨᠤᠭ ᠪᠠᠭᠤᠳᠠᠯ ᠤᠨ ᠦᠢᠯᠡᠰ ᠤᠨ ᠡᠵᠡᠩᠨᠡᠯᠳᠡ ᠶᠢᠨ ᠣᠷᠣᠯᠭ᠎ᠠ ᠨᠢ 6.6 ᠳ᠋ᠦᠩᠰᠢᠭᠤᠷ ᠲᠦᠬᠦᠷᠢᠭ᠂ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠳᠡ ᠶᠢᠨ ᠣᠷᠣᠯᠭ᠎ᠠ ᠨᠢ 27.9 ᠳ᠋ᠦᠩᠰᠢᠭᠤᠷ ᠲᠦᠬᠦᠷᠢᠭ ᠪᠠᠶᠢᠵᠦ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 7.9% ᠪᠠ 9.0% ᠢᠶᠠᠷ ᠨᠡᠮᠡᠭᠳᠡᠪᠠ᠃       2018 ᠤᠨ ᠳᠤ᠂ ᠠᠯᠠᠱᠨ ᠠᠶᠢᠮᠠᠭ ᠤᠨ ᠭᠠᠳᠠᠭᠠᠳᠣ ᠠᠴᠠ ᠤᠷᠤᠭᠤᠯᠵᠦ ᠭᠠᠳᠠᠭᠠᠳᠣ ᠳᠤ ᠭᠠᠷᠭᠠᠭᠰᠠᠨ ᠶᠠᠷᠤᠩᠭᠡᠢ ᠠᠷᠠᠯᠵᠢᠶ᠎ᠠ ᠨᠢ 51.1 ᠳ᠋ᠦᠩᠰᠢᠭᠤᠷ ᠲᠦᠬᠦᠷᠢᠭ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 17.7% ᠪᠠᠷ ᠨᠡᠮᠡᠭᠳᠡᠪᠠ᠃ ᠡᠬᠦᠨ ᠳᠤ᠂ ᠭᠠᠳᠠᠭᠠᠲᠤ ᠠᠴᠠ ᠤᠷᠤᠭᠤᠯᠤᠭᠰᠠᠨ ᠠᠷᠠᠯᠵᠢᠶ᠎ᠠ ᠨᠢ 44.7 ᠳ᠋ᠦᠩᠰᠢᠭᠤᠷ ᠲᠦᠬᠦᠷᠢᠭ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 18.7% ᠪᠠᠷ ᠨᠡᠮᠡᠭᠳᠡᠪᠠ︔ ᠭᠠᠳᠠᠭᠠᠲᠤ ᠳᠤ ᠭᠠᠷᠭᠠᠭᠰᠠᠨ ᠠᠷᠠᠯᠵᠢᠶ᠎ᠠ ᠨᠢ 6.4 ᠳ᠋ᠦᠩᠰᠢᠭᠤᠷ ᠲᠦᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.2% ᠢᠶᠠᠷ ᠨᠡᠮᠡᠭᠳᠡᠪᠠ᠃ ᠴᠡᠭᠡ ᠪᠤᠭᠤᠮᠳᠠ ᠪᠠᠷ ᠦᠩᠭᠡᠷᠡᠭᠰᠡᠨ ᠪᠠᠷᠠᠭᠠᠨ ᠤ ᠭᠡᠮᠵᠢᠶ᠎ᠠ ᠨᠢ 1415.9 ᠲᠦᠮᠠᠨ ᠲᠤᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠪᠠ᠃ ᠡᠬᠦᠨ ᠳᠤ᠂ ᠭᠠᠳᠠᠭᠠᠲᠤ  ᠠᠴᠠ ᠤᠷᠤᠭᠤᠯᠤᠭᠰᠠᠨ ᠲᠦᠬᠦᠭᠡᠢ ᠨᠡᠬᠦᠷᠡᠰᠤ 1415.6 ᠲᠦᠮᠠᠨ ᠲᠤᠨ ᠪᠠᠶᠢᠵᠦ᠂ ᠠᠳᠠᠯᠢ ᠬᠤᠭᠤᠴᠠᠭᠠᠨ ᠤ ᠬᠢ  ᠠᠴᠠ 6.2% ᠢᠶᠠᠷ ᠨᠡᠮᠡᠭᠳᠡᠪᠠ᠃       2018 ᠤᠨ ᠳᠤ᠂ ᠠᠯᠠᠱᠨ ᠠᠶᠢᠮᠠᠭ ᠤᠨ ᠪᠦᠬᠦ ᠵᠢᠯ ᠳᠡᠭᠡᠨ ᠬᠦᠯᠢᠶᠠᠨ ᠵᠣᠴᠢᠯᠠᠭᠰᠠᠨ ᠲᠤᠲᠤᠭᠠᠲᠤ ᠭᠠᠳᠠᠭᠠᠲᠤ ᠶᠢᠨ ᠵᠢᠭᠤᠯᠴᠢᠯᠠᠭᠰᠠᠳ ᠤᠨ ᠲᠤᠭ᠎ᠠ 1928.1 ᠲᠦᠮᠠᠨ ᠬᠦᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 54.2% ᠢᠶᠠᠷ ᠨᠡᠮᠡᠭᠳᠡᠪᠠ᠃ ᠡᠬᠦᠨ ᠳᠤ᠂ ᠤᠯᠤᠰ ᠤᠨ ᠲᠤᠲᠤᠭᠠᠲᠤ ᠶᠢᠨ ᠬᠤᠨᠤᠭᠯᠠᠭᠰᠠᠨ ᠵᠢᠭᠤᠯᠴᠢᠯᠠᠭᠰᠠᠳ ᠤᠨ ᠲᠤᠭ᠎ᠠ 673.3 ᠲᠦᠮᠠᠨ ᠬᠦᠮᠦᠨ ᠤᠳᠠᠭ᠎ᠠ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 33.8% ᠪᠠᠷ ᠨᠡᠮᠡᠭᠳᠡᠪᠠ︔ ᠬᠢᠯᠢ ᠪᠠᠷ ᠦᠩᠭᠡᠷᠡᠵᠦ ᠵᠣᠭᠠᠴᠠᠭᠰᠠᠨ ᠵᠢᠭᠤᠯᠴᠢᠯᠠᠭᠰᠠᠳ ᠤᠨ ᠲᠤᠭ᠎ᠠ 12.3 ᠲᠦᠮᠠᠨ ᠬᠦᠮᠦᠨ ᠤᠳᠠᠭ᠎ᠠ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 3.9% ᠪᠠᠷ ᠨᠡᠮᠡᠭᠳᠡᠪᠠ︔  ᠬᠤᠨᠤᠭ ᠪᠠᠭᠤᠬᠤ ᠦᠬᠡᠢ ᠪᠠᠷ ᠵᠤᠭᠠᠴᠠᠭᠰᠠᠨ ᠵᠤᠴᠢᠳ ᠤᠨ ᠲᠤᠭ᠎ᠠ 1242.6 ᠲᠦᠮᠠᠨ ᠬᠦᠮᠦᠨ ᠤᠳᠠᠭ᠎ᠠ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 69.1% ᠪᠠᠷ ᠨᠡᠮᠡᠭᠳᠡᠪᠠ᠃ ᠪᠦᠬᠦ ᠵᠢᠯ  ᠤᠨ ᠵᠢᠭᠤᠯᠴᠢᠯᠠᠯ ᠤᠨ ᠤᠷᠤᠯᠭ᠎ᠠ ᠨᠢ 174.2 ᠳ᠋ᠦᠩᠰᠢᠭᠤᠷ ᠲᠦᠬᠦᠷᠢᠭ ᠢ ᠡᠭᠦᠳᠴᠦ᠂ ᠠᠳᠠᠯᠢ ᠬᠤᠭᠤᠴᠠᠭᠠᠨ ᠤ  ᠬᠢ ᠠᠴᠠ 39.0% ᠢᠶᠠᠷ ᠨᠡᠮᠡᠭᠳᠡᠪᠠ᠃ ᠡᠬᠦᠨ ᠳᠤ᠂ ᠤᠯᠤᠰ ᠤᠨ ᠲᠣᠲᠤᠭᠠᠲᠤ ᠶᠢᠨ ᠬᠤᠨᠤᠭᠯᠠᠭᠰᠠᠨ ᠵᠢᠭᠤᠯᠴᠢᠯᠠᠯ ᠤᠨ ᠤᠷᠤᠯᠭ᠎ᠠ 131.4 ᠳ᠋ᠦᠩᠰᠢᠭᠤᠷ ᠲᠦᠬᠦᠷᠢᠭ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 35.2% ᠢᠶᠠᠷ ᠨᠡᠮᠡᠭᠳᠡᠪᠠ︔ ᠬᠢᠯᠢ ᠪᠠᠷ ᠦᠩᠭᠡᠷᠡᠵᠦ ᠵᠣᠭᠠᠴᠠᠭᠰᠠᠨ ᠵᠢᠭᠤᠯᠴᠢᠯᠠᠯ ᠤᠨ ᠤᠷᠤᠯᠭ᠎ᠠ 4.8 ᠳ᠋ᠦᠩᠰᠢᠭᠤᠷ ᠲᠦᠬᠦᠷᠢᠭ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠪᠠ︔ ᠬᠤᠨᠤᠭ ᠪᠠᠭᠤᠬᠤ ᠦᠬᠡᠢ ᠪᠠᠷ ᠵᠣᠭᠠᠴᠠᠭᠰᠠᠨ ᠵᠢᠭᠤᠯᠴᠢᠯᠠᠯ ᠤᠨ ᠤᠷᠤᠯᠭ᠎ᠠ 38.0 ᠳ᠋ᠦᠩᠰᠢᠭᠤᠷ ᠲᠦᠬᠦᠷᠢᠭ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 61.0% ᠢᠶᠠᠷ ᠨᠡᠮᠡᠭᠳᠡᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号