ᠲᠡᠤᠭᠡ ᠰᠤᠶᠤᠯ ᠪᠠ ᠪᠤᠳᠠᠰ ᠤᠨ ᠪᠤᠰᠤ ᠰᠤᠶᠤᠯ ᠤᠨ ᠦᠪ
ᠨᠡᠶᠢᠲᠡᠯᠡᠭᠰᠡᠨ ᠴᠠᠭ᠄
2020/4/13
      2018 ᠤᠨ ᠤ ᠡᠴᠤᠰ ᠪᠤᠯᠳᠠᠯ᠎ᠠ᠂ ᠠᠯᠠᠱᠨ ᠠᠶᠢᠮᠠᠭ ᠲᠤ ᠪᠠᠶᠢᠴᠠᠭᠠᠨ ᠢᠯᠡᠷᠡᠬᠦᠯᠦᠭᠰᠡᠨ ᠰᠢᠯᠵᠢᠬᠦᠯᠵᠦ ᠦᠯᠦ ᠪᠤᠯᠬᠤ ᠲᠡᠤᠭᠡ ᠶᠢᠨ ᠲᠤᠷᠠᠰᠬᠠᠯᠲᠤ ᠵᠦᠢᠯ ᠤᠨ 1250 ᠭᠠᠵᠠᠷ ᠪᠠᠶᠢᠵᠦ᠂ ᠡᠷᠳᠡᠨ ᠤ ᠬᠠᠭᠤᠴᠢ ᠪᠠᠭᠤᠷᠢ 929 ᠭᠠᠵᠠᠷ ᠢ ᠪᠠᠭᠳᠠᠭᠠᠨ᠎ᠠ᠂ ᠡᠷᠳᠡᠨ ᠤ ᠭᠡᠬᠦᠷ ᠣᠩᠭᠤᠨ 145 ᠭᠠᠵᠠᠷ ᠪᠤᠢ᠂ ᠡᠷᠳᠡᠨ ᠤ ᠪᠠᠷᠢᠯᠭ᠎ᠠ 27 ᠭᠠᠵᠠᠷ᠂ ᠴᠢᠯᠠᠭᠤᠨ ᠠᠭᠤᠢ ᠶᠢᠨ ᠰᠦᠮ᠎ᠠ ᠵᠢᠴᠢ ᠴᠢᠯᠠᠭᠤᠨ ᠰᠡᠶᠢᠯᠤᠮᠠᠯ 106 ᠭᠠᠵᠠᠷ ᠪᠠᠶᠢᠵᠦ  ᠂ ᠤᠶᠢᠷ᠎ᠠ ᠤᠲᠤ ᠦᠶ᠎ᠠ ᠶᠢᠨ ᠲᠡᠤᠭᠡ ᠶᠢᠨ ᠴᠢᠬᠤᠯᠨ ᠲᠤᠷᠠᠰᠬᠠᠯ ᠪᠠ ᠲᠦᠯᠦᠭᠡᠯᠡᠬᠦ ᠴᠢᠨᠠᠷᠲᠡᠢ ᠪᠠᠷᠢᠯᠭ᠎ᠠ 43 ᠭᠠᠵᠠᠷ ᠪᠤᠢ᠃ ᠡᠬᠦᠨ  ᠳᠤ᠂ ᠪᠦᠬᠦ ᠤᠯᠤᠰ ᠤᠨ ᠭᠤᠤᠯᠳᠠᠯᠭ᠎ᠠ ᠲᠠᠢ ᠲᠡᠤᠭᠡ ᠶᠢᠨ ᠲᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠠ 4 ᠭᠠᠵᠠᠷ ᠪᠠᠶᠢᠵᠦ᠂ ᠲᠤᠰ ᠲᠤᠰ ᠵᠢᠤᠢ ᠶᠠᠨ ᠤ ᠪᠠᠭᠤᠷᠢ ︵ᠬᠠᠷ᠎ᠠ ᠬᠤᠳᠠ ᠶᠢᠨ ᠪᠠᠭᠤᠷᠢ ᠪᠠᠭᠳᠠᠨ᠎ᠠ︶᠂ ᠬᠤᠯᠠᠳᠠᠬᠢᠨ ᠢ ᠲᠤᠭᠳᠠᠭᠠᠭᠴᠢ ᠬᠤᠷᠢᠶ᠎ᠠ᠂ ᠮᠠᠨᠲᠤᠯ ᠠᠭᠤᠯᠠᠨ ᠤ ᠬᠠᠳᠠᠨ ᠵᠢᠷᠤᠭ᠂ ᠵᠢᠷᠠᠨ ᠤ ᠰᠦᠮ᠎ᠠ ᠪᠤᠯᠤᠨ᠎ᠠ᠂ ᠦᠪᠠᠷᠳᠡᠭᠡᠨ ᠵᠠᠰᠠᠬᠤ ᠤᠷᠤᠨ ᠤ ᠳᠡᠰ ᠤᠨ ᠭᠤᠤᠯᠳᠠᠯᠭ᠎ᠠ ᠲᠠᠢ ᠲᠡᠤᠭᠡ ᠶᠢᠨ ᠲᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠠ 27 ᠭᠠᠵᠠᠷ ᠪᠠᠶᠢᠵᠦ᠂ ᠠᠶᠢᠮᠠᠭ ᠤᠨ ᠲᠡᠰ ᠤᠨ ᠭᠤᠤᠯᠳᠠᠯᠭ᠎ᠠ ᠲᠠᠢ ᠲᠡᠣᠭᠡ ᠶᠢᠨ ᠲᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠠ 220 ᠭᠠᠵᠠᠷ ᠪᠤᠢ᠃ ᠪᠦᠬᠦ ᠠᠶᠢᠮᠠᠭ ᠲᠤ ᠰᠢᠯᠵᠢᠬᠦᠯᠵᠦ ᠪᠤᠯᠬᠤ ᠲᠡᠤᠭᠡ ᠶᠢᠨ ᠲᠤᠷᠠᠰᠬᠠᠯᠲᠤ ᠵᠦᠢᠯ 43000 ᠪᠤᠢ᠃       ᠤᠲᠤ ᠪᠠᠶᠢᠭ᠎ᠠ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ 6 ᠪᠠᠶᠢᠵᠦ᠂ 8 ᠦᠪᠯᠡᠨ ᠵᠠᠯᠭᠠᠮᠵᠢᠯᠠᠭᠴᠢ ᠪᠣᠢ︔ ᠦᠪᠠᠷᠳᠡᠭᠡᠨ ᠵᠠᠰᠠᠬᠤ ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ 55 ᠪᠠᠶᠢᠵᠦ᠂  89 ᠦᠪᠯᠡᠨ ᠵᠠᠯᠭᠠᠮᠵᠢᠯᠠᠭᠴᠢ ᠪᠣᠢ︔ ᠠᠶᠢᠮᠠᠭ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ 93 ᠪᠠᠶᠢᠵᠦ᠂  287 ᠦᠪᠯᠡᠨ ᠵᠠᠯᠭᠠᠮᠵᠢᠯᠠᠭᠴᠢ ᠪᠣᠢ᠃       2008 ᠤᠨ ᠳᠤ᠂ ᠠᠯᠠᠱᠨ ᠠᠶᠢᠮᠠᠭ ᠤᠨ ᠪᠦᠬᠦᠯᠢ ᠬᠤᠨᠢ ᠰᠢᠷᠠᠬᠤ ᠮᠡᠷᠭᠡᠵᠢᠯ᠂ ᠭᠡᠪᠢᠰ ᠨᠡᠬᠡᠬᠦ ᠮᠡᠷᠭᠡᠵᠢᠯ᠂ ᠮᠤᠩᠭᠤᠯ ᠰᠢᠳᠠᠷ᠎ᠠ᠂ ᠱᠠᠯᠪᠤᠷ ᠪᠦᠭᠡ᠂ ᠴᠠᠮ᠂ ᠮᠤᠩᠭᠤᠯ ᠦᠨᠲᠤᠰᠦᠳᠠᠨ ᠤ ᠲᠡᠮᠡᠭᠡ ᠠᠷᠠᠴᠢᠯᠠᠬᠤ ᠵᠠᠩ ᠦᠢᠯᠨ ᠵᠡᠷᠭᠡ ᠪᠤᠳᠠᠰ ᠤᠨ ᠪᠤᠰᠤ ᠰᠤᠶᠤᠯ ᠤᠨ ᠦᠪ ᠤᠨ ᠵᠢᠷᠭᠤᠭᠠᠨ ᠲᠦᠷᠦᠯ ᠵᠦᠢᠯ ᠨᠢ ᠬᠤᠶᠠᠲᠤᠭᠠᠷ ᠪᠦᠯᠦᠭ ᠤᠨ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠨᠠᠷᠡᠰ ᠤᠨ ᠭᠠᠷᠴᠠᠭ ᠲᠤ ᠰᠣᠩᠭᠤᠭᠳᠠᠨ ᠣᠷᠣᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号