ᠠᠯᠠᠱᠠ ᠠᠶᠢᠮᠠᠭ ᠤᠯᠠᠭᠠᠨᠮᠥ᠋ᠴᠢᠷ ᠤᠨ ᠵᠣᠬᠢᠶᠠᠨ ᠪᠦᠲᠦᠭᠡᠯᠭᠡ ᠶᠢ ᠰᠢᠨᠵᠢᠯᠡᠬᠦ ᠤᠬᠠᠭᠠᠨᠴᠢ ᠪᠠᠷ ᠲᠦᠯᠦᠪᠯᠡᠵᠦ ᠪᠤᠢ
ᠨᠡᠶᠢᠲᠡᠯᠡᠭᠰᠡᠨ ᠴᠠᠭ᠄
2020/4/22
      ᠰᠢ ᠶᠢᠨ ᠫᠢᠩ ᠶᠡᠷᠦᠩᠬᠡᠶ ᠱᠦᠵᠢ ᠶᠢᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠳᠦ ᠢᠯᠠᠯᠲᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ  ᠶᠢᠨ ᠠᠵᠢᠯ ᠤᠨ ᠢᠯᠠᠯᠲᠠ ᠶᠢ ᠤᠯᠬᠤ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢᠨ ᠭᠤᠤᠯ ᠰᠡᠳᠦᠪᠲᠦ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠰᠠᠶᠢᠲᠤᠷ ᠬᠢᠵᠦ᠂ ᠲᠠᠯ᠎ᠠ ᠨᠤᠲᠤᠭ ᠤᠨ ᠰᠣᠶᠣᠯ ᠤᠨ ᠨᠠᠶᠢᠷ ᠪᠠ ᠬᠠᠮᠢᠶ᠎ᠠ ᠪᠦᠬᠦᠢ ᠤᠳᠬ᠎ᠠ ᠤᠷᠠᠯᠢᠭ ᠤᠨ ᠪᠦᠲᠦᠭᠡᠯ ᠤᠨ ᠤᠷᠤᠯᠳᠤᠭᠠᠨ ᠳᠤ ᠣᠷᠣᠯᠴᠠᠬᠤ ᠪᠡᠯᠡᠳᠬᠡᠯ ᠠᠵᠢᠯ ᠢ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠳᠤ ᠠᠯᠠᠱᠠ ᠠᠶᠢᠮᠠᠭ ᠤᠨ ᠬᠢᠨ ︽2020 ᠣᠨ ᠤ ᠪᠥᠬᠦ ᠠᠶᠢᠮᠠᠭ ᠤᠨ ᠤᠯᠠᠭᠠᠨᠮᠥ᠋ᠴᠢᠷ ᠤᠨ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠲᠥᠯᠥᠪᠯᠡᠭᠡ︾ ᠶᠢ ᠰᠤᠳᠤᠯᠤᠨ ᠲᠣᠭᠲᠠᠭᠠᠵᠤ᠂ ᠤᠯᠠᠭᠠᠨᠮᠥ᠋ᠴᠢᠷ ᠤᠨ ᠤᠷᠠᠯᠢᠭ ᠤᠨ ᠵᠣᠬᠢᠶᠠᠨ ᠪᠦᠲᠦᠭᠡᠯᠭᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪᠤᠢ᠃       ᠲᠤᠰ ᠤᠳᠠᠭᠠᠨ ᠤ ᠵᠣᠬᠢᠶᠠᠨ ᠪᠦᠲᠦᠭᠡᠯᠭᠡ ᠶᠢᠨ ᠲᠥᠯᠥᠪᠯᠡᠭᠡ ᠳᠤ ᠨᠡᠶᠢᠲᠡ 58 ᠪᠦᠲᠦᠭᠡᠯ ᠪᠠᠶᠢᠵᠤ᠂ ᠶᠠᠷᠢᠶᠠᠲᠤ ᠵᠦᠴᠦᠭᠡ ︽ᠨᠡᠭᠦᠳᠡᠯ ᠤᠨ ᠬᠤᠰᠢᠭᠤᠴᠢ︾᠂ ᠮᠣᠩᠭᠤᠯ ᠵᠦᠴᠦᠭᠡ ︽ᠪᠥᠬᠡ ᠱᠠᠯᠪᠢᠩ︾ ᠵᠡᠷᠭᠡ ᠭᠤᠤᠯᠳᠠᠯᠭ᠎ᠠ ᠲᠠᠢ ᠵᠦᠴᠦᠭᠡ ᠶᠢ ᠰᠢᠯᠢᠳᠡᠭᠵᠢᠭᠦᠯᠬᠦ ᠪᠠ ᠰᠢᠨ᠎ᠡ ᠪᠠᠷ ᠵᠤᠬᠢᠶᠠᠨ ᠪᠦᠲᠦᠭᠡᠭᠰᠡᠨ 17 ᠳᠠᠭᠤᠤ᠂ 21 ᠪᠥᠵᠢᠭ᠂ ᠬᠥᠭᠵᠢᠮ ᠤᠨ ᠪᠦᠲᠦᠭᠡᠯ 9 ᠪᠠ ᠱᠤᠭ ᠵᠦᠴᠦᠭᠡ ᠶᠢᠨ ᠪᠦᠲᠦᠭᠡᠯ 9 ᠶᠢ ᠪᠠᠭᠲᠠᠭᠠᠵᠤ ᠪᠠᠶᠢᠳᠠᠭ᠃       ᠳᠠᠷᠠᠭᠠᠴᠢ ᠪᠠᠷ ᠠᠶᠢᠮᠠᠭ᠂ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠰᠠᠯᠠᠭ᠎ᠠ ᠮᠥᠴᠢᠷ  ᠨᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ᠲᠡᠬᠡᠳᠦ ᠲᠤᠤᠷᠠᠳᠤ ᠱᠠᠲᠤ ᠪᠠᠷ ᠢᠶᠠᠨ ᠬᠤᠯᠪᠤᠭᠠᠯᠠᠨ᠂ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ ᠦᠢᠯᠡᠳᠪᠦᠷᠢᠯᠡᠬᠦ  ᠲᠣᠭᠲᠠᠴᠠ ᠶᠢ ᠴᠢᠷᠮᠠᠶᠢᠨ ᠪᠤᠢ ᠪᠣᠯᠭᠠᠨ᠎ᠠ᠃ ᠵᠣᠬᠢᠶᠠᠨ ᠪᠦᠲᠦᠭᠡᠯᠭᠡ ᠶᠢᠨ ᠲᠥᠯᠥᠪᠯᠡᠭᠡ ᠪᠠᠷ ᠵᠢᠯᠣᠭᠤᠳᠤᠮᠵᠢ ᠪᠣᠯᠭᠠᠨ᠂ ᠤᠯᠠᠭᠠᠨᠮᠥ᠋ᠴᠢᠷ ᠤᠨ ᠬᠢᠨ ᠢ ᠵᠣᠬᠢᠶᠠᠨ ᠪᠠᠶᠢᠭᠤᠯᠤᠨ ︽ᠠᠮᠢᠳᠤᠷᠠᠯ ᠳᠤ ᠭᠦᠨᠵᠡᠭᠡᠶᠢᠷᠡᠨ ᠠᠷᠠᠳ ᠲᠦᠮᠡᠨ ᠤ ᠳᠤᠮᠳᠠ ᠭᠦᠨᠵᠡᠭᠡᠶᠢᠷᠡᠬᠦ︾ ᠵᠣᠬᠢᠶᠠᠨ ᠪᠦᠲᠦᠭᠡᠬᠦ ᠠᠵᠢᠯᠯᠠᠭ᠎ᠠ ᠥᠷᠨᠢᠭᠦᠯᠵᠦ᠂ ᠭᠤᠣᠯ ᠰᠡᠳᠦᠪᠲᠦ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ᠂ ᠢᠯᠠᠩᠭᠤᠶ᠎ᠠ ᠪᠣᠳᠠᠲᠤ ᠠᠬᠤᠢ ᠶᠢᠨ ᠰᠡᠳᠦᠪᠲᠦ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠶᠡᠬᠡᠪᠡᠷ ᠠᠬᠢᠭᠤᠯᠵᠤ᠂ ᠰᠣᠶᠣᠯ ᠤᠨ ᠤᠤᠷ ᠲᠤᠨᠤᠳᠠᠰᠤ ᠭᠦᠨ᠂ ᠴᠠᠭ ᠦᠶ᠎ᠡ ᠶᠢᠨ ᠣᠨᠴᠠᠯᠢᠭ ᠢᠯᠡ ᠲᠣᠳᠣ᠂ ᠤᠷᠠᠯᠢᠭ ᠤᠨ ᠬᠢᠷᠢ ᠲᠦᠪᠰᠢᠨ ᠦᠨᠳᠦᠷ ᠤᠳᠬ᠎ᠠ ᠤᠷᠠᠯᠢᠭ ᠤᠨ ᠨᠢᠭᠡ ᠪᠦᠯᠦᠭ ᠪᠦᠲᠦᠭᠡᠯ ᠢ ᠵᠤᠬᠢᠶᠠᠨ ᠪᠦᠲᠦᠭᠡᠵᠦ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠷᠬᠡᠭ ᠶᠡᠭᠡ ᠥᠷᠲᠡᠭ ᠤᠨ ᠵᠢᠯᠣᠭᠤᠳᠬᠤ ᠬᠦᠴᠦᠨ᠂ ᠰᠣᠶᠣᠯ ᠤᠨ ᠨᠢᠭᠳᠠᠷᠠᠭᠤᠯᠬᠤ ᠬᠦᠴᠦᠨ ᠪᠠ ᠣᠶᠤᠨ ᠰᠠᠨᠠᠭᠠᠨ ᠤ ᠲᠦᠯᠬᠢᠴᠡ ᠬᠦᠴᠦᠨ ᠢ ᠬᠠᠩᠭᠠᠬᠤ ᠪᠤᠯᠤᠨ᠎ᠠ᠃                                                (ᠵᠣᠬᠢᠶᠠᠭᠴᠢ᠄ ᠤᠯᠠᠭᠠᠨᠲᠤᠶᠠᠭ᠎ᠠ)
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号