ᠪᠠᠶ᠋ᠬᠠᠤᠪᠤᠭ᠎ᠠ ᠭᠠᠴᠠᠭᠠᠨ ᠤ ᠮᠠᠯᠴᠢᠳ ᠬᠠᠮᠳᠤ ᠶᠢᠨ ᠡᠵᠡᠩᠨᠡᠯᠳᠡ ᠶᠢᠨ ᠬᠡᠯᠪᠡᠷᠢ ᠪᠠᠷ ᠠᠮᠢ ᠠᠬᠤᠢ ᠪᠠᠨ ᠰᠠᠶᠢᠵᠢᠷᠠᠭᠤᠯᠤᠠ ᠠᠰᠢᠭ ᠤᠷᠤᠯᠭ᠎ᠠ ᠪᠠᠨ ᠨᠡᠮᠡᠭᠳᠡᠬᠦᠯᠦᠯ᠎ᠠ
ᠨᠡᠶᠢᠲᠡᠯᠡᠭᠰᠡᠨ ᠴᠠᠭ᠄
2020/4/27
     ᠨᠠᠶᠢᠷᠠᠭᠤᠯᠬᠤ ᠠᠴᠠ ᠡᠮᠦᠨᠡᠬᠢ ᠦᠬᠡ᠄ ᠮᠠᠨ ᠤ ᠠᠶᠢᠮᠠᠭ ᠨᠤᠳᠤᠭ ᠲᠡᠪᠢᠰᠬᠡᠷ ᠥᠷᠬᠡᠨ ᠠᠭᠤᠳᠠᠮ᠂ ᠪᠠᠶᠢᠭᠠᠯᠢ ᠶᠢᠨ ᠡᠬᠢ ᠰᠤᠷᠪᠤᠯᠵᠢ ᠡᠯᠪᠡᠭ ᠪᠠᠶᠠᠯᠢᠭ ᠪᠠᠶᠢᠳᠠᠭ ᠪᠤᠯᠬᠤᠷ ᠲᠤᠬᠠᠢ ᠶᠢᠨ ᠭᠠᠵᠠᠷ ᠤᠨ ᠡᠬᠢ ᠪᠠᠶᠠᠯᠢᠭ ᠲᠠᠭᠠᠨ ᠲᠦᠰᠢᠭᠯᠡᠨ ᠠᠵᠤ ᠥᠢᠯᠡᠰ ᠢ ᠬᠥᠭᠵᠢᠭᠦᠯᠭᠦ ᠲᠠᠪᠠᠭᠤᠯᠢᠭ ᠨᠥᠭᠦᠴᠡᠯ ᠲᠠᠢ ᠶᠤᠮ᠃ ᠮᠠᠨ ᠤ ᠠᠶᠢᠮᠠᠭ ᠤᠨ ᠮᠠᠯᠴᠢᠳ ᠭᠠᠵᠠᠷ ᠤᠷᠤᠨ ᠤ ᠲᠠᠪᠠᠭᠤᠯᠢᠭ ᠢ ᠠᠰᠢᠭᠯᠠᠨ ᠨᠤᠳᠤᠭ ᠪᠡᠯᠴᠢᠬᠡᠷ ᠤᠨ ᠠᠮᠢ ᠠᠬᠤᠢ ᠪᠠᠨ ᠰᠡᠷᠭᠦᠬᠡᠵᠤ᠂ ᠠᠮᠢ ᠠᠬᠤᠢ ᠶᠢᠨ ᠥᠷ᠎ᠡ ᠠᠰᠢᠭ ᠪᠠ ᠠᠵᠤ ᠠᠬᠤᠢ ᠶᠢᠨ ᠥᠷ᠎ᠡ ᠠᠰᠢᠭ ᠬᠥᠷᠳᠡᠭᠦ ᠴᠢᠨᠡᠬᠡᠯᠢᠭᠵᠢᠯ ᠤᠨ ᠵᠠᠮ ᠢᠶᠠᠷ ᠨᠢᠬᠡᠨᠳᠡ ᠵᠠᠮᠨᠠᠵᠤ ᠡᠬᠢᠯᠡᠭᠰᠡᠨ ᠪᠠᠶᠢᠨ᠎ᠠ᠃ ᠲᠡᠳᠡ ᠨᠤᠳᠤᠭ ᠪᠡᠯᠴᠢᠬᠡᠷ ᠢᠶᠠᠨ ᠥᠢᠵᠢᠭᠤᠯᠵᠤ ᠨᠤᠭᠤᠭᠠᠷᠠᠭᠤᠯᠬᠤ ᠥᠢᠯᠡᠳᠤᠯᠬᠡ ᠶᠢᠨ ᠲᠤᠮᠳᠠ ᠪᠠᠨ ᠬᠤᠤᠷ ᠢ ᠠᠰᠢᠭ ᠪᠤᠯᠭᠠᠵᠦ᠂ ᠡᠯᠡᠰᠤ ᠶᠢ ᠠᠯᠳᠠ ᠪᠤᠯᠭᠠᠨ᠂ ᠡᠯᠡᠰᠤᠨ ᠤ ᠡᠬᠢ ᠪᠠᠶᠠᠯᠢᠭ ᠤᠨ ᠠᠵᠤ ᠥᠢᠯᠡᠰ ᠤᠨ ᠡᠵᠡᠩᠨᠡᠯᠳᠡ ᠶᠢᠨ ᠬᠡᠯᠪᠡᠷᠢ ᠪᠠ ᠬᠥᠭᠵᠢᠯᠳᠡ ᠶᠢᠨ ᠬᠡᠯᠪᠡᠷᠢ ᠪᠠᠨ ᠬᠤᠪᠢᠷᠠᠭᠤᠯᠤᠨ᠂ ᠪᠤᠬᠢᠷᠳᠤᠯ ᠥᠬᠡᠢ ᠠᠵᠤ ᠥᠢᠯᠡᠰ ᠤᠨ ᠬᠥᠭᠵᠢᠯᠳᠡ ᠶᠢ ᠠᠬᠢᠭᠤᠯᠵᠤ᠂ ᠥᠵᠡᠰᠭᠦᠯᠡᠩᠳᠤ ᠰᠠᠶᠢᠬᠠᠨ ᠨᠤᠳᠤᠭ ᠤᠰᠤ ᠪᠠᠨ ᠪᠥᠳᠤᠬᠡᠨ ᠪᠠᠶᠢᠭᠤᠯᠵᠤ ᠪᠠᠶᠢᠭ᠎ᠠ ᠨᠢ ᠥᠨᠡᠬᠡᠷ ᠪᠢᠰᠢᠷᠡᠭᠦᠰᠢᠳᠠᠢ᠃ ᠥᠨᠡᠬᠡᠷ ︽ᠬᠥᠬᠡᠮᠳᠥᠭ ᠨᠤᠭᠤᠭᠠᠨ ᠠᠭᠤᠯᠠ ᠤᠰᠤ ᠪᠤᠯ ᠲᠠᠷᠤᠢ ᠠᠯᠳᠠ ᠮᠦᠡᠭᠬᠦᠨ ᠠᠭᠤᠯᠠ ᠮᠦᠨ︾ ᠬᠡᠬᠦ ᠤᠢᠢᠯᠠᠭᠠᠭᠳᠠᠬᠤᠨ ᠥᠨᠳᠤᠰᠤᠨ ᠱᠠᠳᠤ᠂ ᠮᠠᠯᠵᠢᠬᠤ ᠲᠠᠷᠢᠶᠠᠯᠠᠬᠤ ᠤᠷᠤᠨ ᠳᠤ ᠥᠢᠯᠡᠳᠤᠯᠬᠡᠵᠢᠬᠦᠯᠵᠤ᠂ ᠰᠠᠶᠢᠨ ᠰᠠᠶᠢᠬᠠᠨ ᠠᠯᠤᠰ ᠢᠷᠡᠬᠡᠳᠤᠢ ᠪᠠᠨ ᠪᠥᠳᠤᠬᠡᠨ ᠪᠠᠶᠢᠭᠤᠯᠬᠤ ᠳᠤ ᠵᠢᠯᠤᠭᠤᠳᠤᠮᠵᠢ ᠪᠤᠯᠵᠤ ᠪᠠᠶᠢᠨ᠎ᠠ᠃      ᠥᠢᠷ᠎ᠠ ᠳᠤ᠂ ᠠᠯᠠᠱᠠ ᠶᠢᠨ ᠲᠡᠬᠡᠳᠤ ᠰᠢᠨ᠎ᠡ ᠮᠡᠷᠬᠡᠵᠢᠯ ᠤᠨ ᠨᠡᠬᠡᠬᠡᠯᠳᠡ ᠶᠢᠨ ᠤᠷᠤᠨ ᠤ ᠤᠰᠤᠳᠠᠢ ᠪᠠᠯᠭᠠᠰᠤᠨ ᠤ ᠪᠠᠶ᠋ᠬᠠᠤᠪᠤᠭ᠎ᠠ ᠭᠠᠴᠠᠭᠠᠨ ᠤ ᠮᠠᠯᠴᠢᠳ ᠵᠠᠭ ᠲᠠᠷᠢᠬᠤ ᠠᠵᠢᠯ ᠳᠠᠭᠠᠨ ᠶᠠᠭᠠᠷᠠᠯᠳᠤᠵᠤ᠂ ᠡᠨᠡ ᠬᠠᠪᠤᠷ ᠤᠨ 10000 ᠮᠦ ᠪᠡᠯᠴᠢᠬᠡᠷ ᠲᠡᠭᠡᠨ ᠵᠠᠭ ᠲᠠᠷᠢᠵᠤ ᠨᠤᠭᠤᠭᠠᠷᠠᠭᠤᠯᠬᠤ ᠠᠵᠢᠯ ᠢᠶᠠᠨ ᠲᠥᠯᠤᠪᠯᠡᠭᠡ ᠶᠤᠰᠤᠭᠠᠷ ᠶᠠᠪᠤᠭᠳᠠᠭᠤᠯᠵᠤ ᠪᠠᠶᠢᠨ᠎ᠠ᠃      ᠮᠠᠯᠴᠢᠳ ᠬᠥᠬᠡᠮᠳᠥᠭ ᠨᠤᠭᠤᠭᠠᠨ ᠠᠭᠤᠯᠠ ᠤᠰᠤ ᠪᠤᠯ ᠲᠠᠷᠤᠢ ᠠᠯᠳᠠ ᠮᠦᠡᠭᠬᠦᠨ ᠠᠭᠤᠯᠠ ᠪᠤᠯᠬᠤ ᠤᠢᠢᠯᠠᠭᠠᠭᠳᠠᠬᠤᠨ ᠢ ᠮᠠᠯᠵᠢᠬᠤ ᠤᠷᠤᠨ ᠳᠤ ᠥᠢᠯᠡᠳᠤᠯᠬᠡᠵᠢᠭᠦᠯᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠭᠰᠠᠨ ᠪᠤᠬᠢᠷᠳᠤᠯ ᠥᠬᠡᠢ ᠬᠥᠭᠵᠢᠯᠳᠡ ᠶᠢ ᠪᠠᠷᠢᠮᠳᠠᠯᠠᠨ᠂ ᠡᠯᠡᠰᠤᠨ ᠤ ᠡᠬᠢ ᠪᠠᠶᠠᠯᠢᠭ ᠲᠠᠭᠠᠨ ᠲᠦᠰᠢᠭᠯᠡᠨ ᠠᠵᠤ ᠥᠢᠯᠡᠰ ᠢ ᠬᠥᠭᠵᠢᠭᠦᠯᠵᠦ᠂ ᠬᠠᠮᠳᠤᠪᠡᠷ ᠪᠡᠯᠡ ᠤᠷᠤᠭᠤᠯᠬᠤ᠂ ᠬᠠᠮᠳᠤᠪᠡᠷ ᠥᠢᠵᠢᠭᠤᠯᠬᠤ᠂ ᠬᠠᠮᠳᠤᠪᠡᠷ ᠠᠰᠢᠭ ᠬᠥᠷᠳᠡᠭᠦ ᠡᠵᠡᠩᠨᠡᠯᠳᠡ ᠶᠢᠨ ᠬᠡᠯᠪᠡᠷᠢ ᠪᠠᠷ ᠲᠠᠷᠢᠭᠰᠠᠨ ᠵᠠᠭ ᠠᠴᠠ ᠪᠠᠨ ᠨᠢᠬᠡᠨᠳᠡ ᠭᠤᠷᠪᠠᠨ ᠵᠢᠯ ᠲᠠᠷᠠᠭᠠᠯᠠᠨ ᠠᠰᠢᠭ ᠬᠥᠷᠳᠡᠵᠤ᠂ ᠡᠷᠤᠬᠡ ᠪᠥᠷᠢ ᠶᠢᠨ ᠵᠢᠯ ᠤᠨ ᠲᠡᠭᠰᠢᠳᠬᠡᠭᠰᠡᠨ ᠴᠡᠪᠡᠷ ᠤᠷᠤᠯᠭ᠎ᠠ ᠨᠢ 10 ᠲᠥᠮᠡᠨ ᠲᠥᠭᠦᠷᠢᠭ ᠢ ᠲᠠᠪᠠᠭᠰᠠᠨ ᠪᠠᠶᠢᠨ᠎ᠠ      ᠪᠠᠶ᠋ᠬᠠᠤᠪᠤᠭ᠎ᠠ ᠭᠠᠴᠠᠭ᠎ᠠ ᠮᠠᠯᠴᠢᠳ ᠤᠨ ᠪᠠᠶᠢᠷᠢ ᠪᠠᠯᠴᠢᠬᠡᠷ ᠤᠨ ᠪᠠᠶᠢᠳᠠᠯ ᠢ ᠥᠨᠳᠤᠰᠤᠯᠡᠵᠤ ᠪᠠᠶᠢᠭᠠᠳ ᠮᠠᠯᠴᠢᠨ ᠡᠷᠤᠬᠡ ᠪᠠᠨ 2 ᠲᠤᠭᠤᠶᠢᠯᠠᠩ ᠬᠤᠪᠢᠶᠠᠭᠰᠠᠨ ᠪᠠᠶᠢᠵᠠᠢ᠃ ᠬᠤᠪᠢᠶᠠᠭᠳᠠᠭᠰᠠᠨ 2 ᠲᠤᠭᠤᠶᠢᠯᠠᠩ ᠤᠨ ᠮᠠᠯᠴᠢᠳ ᠰᠠᠶᠢᠨ ᠲᠤᠷ᠎ᠠ ᠠᠴᠠ ᠪᠠᠨ ᠲᠤᠰᠪᠤᠷᠢ ᠪᠡᠯᠡ ᠮᠥᠩᠭᠦ᠂ ᠬᠥᠴᠤ ᠬᠥᠳᠡᠯᠮᠤᠷᠢ ᠪᠠᠨ ᠬᠠᠮᠳᠤᠳᠬᠠᠨ ᠨᠤᠳᠤᠭ ᠪᠡᠯᠴᠢᠬᠡᠷ ᠢᠶᠠᠨ ᠥᠢᠵᠢᠭᠤᠯᠵᠤ ᠨᠤᠭᠤᠭᠠᠷᠠᠭᠤᠯᠬᠤ᠂ ᠡᠯᠡᠰᠤᠨ ᠤ ᠡᠬᠢ ᠪᠠᠶᠠᠯᠢᠭ ᠤᠨ ᠠᠵᠤ ᠥᠢᠯᠡᠰ ᠢ ᠬᠥᠭᠵᠢᠭᠦᠯᠭᠦ ᠂ ᠠᠰᠢᠭ ᠤᠷᠤᠯᠭ᠎ᠠ ᠪᠠᠨ ᠨᠡᠮᠡᠭᠳᠡᠭᠦᠯᠭᠦ ᠠᠷᠬ᠎ᠠ ᠬᠡᠮᠵᠢᠶ᠎ᠡ ᠠᠪᠴᠠᠢ᠃ ᠬᠤᠶᠠᠳᠤᠭᠠᠷ ᠲᠤᠭᠤᠶᠢᠯᠠᠩ ᠨᠢ ᠨᠡᠶᠢᠳᠡ 14 ᠡᠷᠤᠬᠡ ᠪᠠᠷ ᠪᠥᠷᠢᠯᠳᠥᠭᠰᠡᠨ ᠮᠥᠷᠳᠡᠬᠡᠨ ᠭᠤᠴᠢᠭᠠᠳ ᠲᠥᠮᠡᠨ ᠮᠤ᠋ ᠪᠡᠯᠴᠢᠬᠡᠷ ᠲᠠᠢ᠃ 2017 ᠤᠨ ᠠᠴᠠ ᠡᠬᠢᠯᠡᠵᠤ ᠮᠠᠯᠴᠢᠳ ᠢᠶᠠᠨ ᠵᠤᠬᠢᠶᠠᠨ ᠪᠠᠶᠢᠭᠤᠯᠵᠤ ᠬᠠᠮᠳᠤ ᠶᠢᠨ ᠡᠵᠡᠩᠨᠡᠯᠳᠡ ᠶᠢᠨ ᠬᠡᠯᠪᠡᠷᠢ ᠪᠠᠷ ᠵᠢᠯ ᠪᠤᠯᠭᠠᠨ ᠲᠤᠰ ᠲᠤᠭᠤᠶᠢᠯᠠᠩ ᠤᠨ ᠢᠶᠠᠨ 10000 ᠮᠤ᠋ ᠪᠡᠯᠴᠢᠬᠡᠷ ᠢ ᠨᠤᠭᠤᠭᠠᠷᠠᠭᠤᠯᠵᠤ᠂ 3 ᠵᠢᠯ ᠳᠤ ᠨᠢᠬᠡᠨᠳᠡ 30000 ᠮᠤ᠋ ᠵᠠᠭ ᠲᠠᠷᠢᠭᠠᠳ ᠤᠢ ᠰᠢᠭᠤᠢ ᠪᠠ ᠨᠤᠳᠤᠭ ᠪᠡᠯᠴᠢᠬᠡᠷ ᠤᠨ ᠲᠤᠪᠴᠢᠶᠠᠨ ᠤ ᠥᠢᠵᠢᠭᠤᠯᠤᠯᠳᠠ ᠨᠤᠭᠤᠭᠠᠷᠠᠭᠤᠯᠤᠯᠳᠠ ᠶᠢᠨ ᠨᠥᠭᠦᠪᠤᠷᠢ ᠮᠥᠩᠭᠦ ᠶᠢ ᠬᠥᠷᠳᠡᠭᠰᠡᠨ ᠪᠠᠶᠢᠨ᠎ᠠ᠃      ᠲᠡᠳᠡ ᠭᠤᠤᠯᠳᠠᠭᠤ ᠡᠪᠡᠰᠤ ᠤᠷᠭᠤᠮᠠᠯ ᠥᠬᠡᠢ ᠲᠠᠴᠢᠷ ᠨᠢᠴᠤᠭᠦᠨ ᠪᠡᠯᠴᠢᠬᠡᠷ ᠪᠤᠶᠤ ᠡᠯᠡᠰᠥᠷᠬᠡᠭ ᠪᠡᠯᠴᠢᠬᠡᠷ ᠢᠶᠠᠨ ᠨᠤᠭᠤᠭᠠᠷᠠᠭᠤᠯᠵᠤ᠂ ᠲᠠᠬᠢᠨ ᠨᠤᠭᠤᠭᠠᠷᠠᠭᠤᠯᠤᠭᠰᠠᠨ ᠵᠠᠭ ᠤᠨ ᠤᠢ ᠳᠠᠭᠠᠨ ᠴᠠᠭᠠᠨ ᠭᠤᠶᠤᠤ ᠲᠠᠷᠢᠵᠤ ᠂ ᠡᠯᠡᠰᠤᠨ ᠤ ᠡᠬᠢ ᠪᠠᠶᠠᠯᠢᠭ ᠤᠨ ᠠᠵᠤ ᠥᠢᠯᠡᠰ ᠢ ᠬᠥᠭᠵᠢᠭᠦᠯᠤᠨ ᠬᠠᠮᠳᠤᠪᠡᠷ ᠴᠢᠨᠡᠬᠡᠯᠢᠭᠵᠢᠭᠦ ᠬᠠᠷᠠᠯᠳᠠ ᠲᠠᠢ᠃ ᠲᠤᠭᠤᠶᠢᠯᠠᠩ ᠤᠨ ᠵᠠᠭ ᠲᠠᠷᠢᠬᠤ ᠠᠵᠢᠯ ᠤᠨ ᠭᠤᠤᠯ ᠬᠠᠷᠢᠭᠤᠴᠠᠭᠴᠢ ᠲᠥᠮᠡᠨᠵᠢᠷᠭᠠᠯ ᠤᠨ ᠶᠠᠷᠢᠬᠤ ᠪᠠᠷ᠂ ᠬᠠᠮᠳᠤᠪᠡᠷ ᠡᠵᠡᠩᠨᠡᠭᠦ ᠶᠢᠨ ᠰᠠᠶᠢᠨ ᠲᠠᠯ᠎ᠠ ᠨᠢ ᠪᠡᠯᠡ ᠮᠥᠩᠭᠦ ᠴᠤᠭᠯᠠᠭᠤᠯᠬᠤ᠂ ᠬᠥᠳᠡᠯᠮᠤᠷᠢ ᠬᠥᠴᠤ ᠪᠠᠨ ᠲᠥᠪᠯᠡᠷᠡᠭᠦᠯᠭᠦ ᠪᠠ ᠵᠠᠭ ᠲᠠᠷᠢᠭᠰᠠᠨ ᠤ ᠲᠠᠷᠠᠭᠠᠬᠢ ᠠᠷᠠᠴᠢᠯᠠᠭ᠎ᠠ ᠲᠤᠳᠤᠮᠳᠠᠯᠭ᠎ᠠ ᠬᠢᠭᠦ ᠳᠤ ᠬᠢᠯᠪᠡᠷ ᠪᠤᠯᠤᠨ᠎ᠡ᠃ ᠲᠠᠷᠤᠢ ᠨᠢᠬᠡᠳᠤᠯᠳᠠᠢ ᠵᠢᠯᠤᠭᠤᠳᠴᠤ᠂ ᠨᠢᠬᠡᠳᠤᠯᠳᠠᠢ ᠬᠠᠮᠢᠶᠠᠷᠴᠤ᠂ ᠨᠢᠬᠡᠳᠤᠯᠳᠠᠢ ᠥᠢᠵᠢᠭᠤᠯᠬᠤ ᠤᠴᠢᠷ ᠠᠴᠠ ᠠᠵᠢᠯ ᠤᠨ ᠠᠬᠢᠴᠠ᠂ ᠥᠷ᠎ᠡ ᠪᠥᠳᠤᠮᠵᠢ ᠥᠨᠳᠤᠷ ᠪᠠᠶᠢᠳᠠᠭ ᠶᠤᠮ᠃ ᠬᠡᠷᠪᠡ ᠬᠤᠪᠢ ᠡᠷᠤᠬᠡ ᠪᠠᠷ ᠢᠶᠠᠨ ᠥᠢᠵᠢᠭᠤᠯᠵᠤ ᠨᠤᠭᠤᠭᠠᠷᠠᠭᠤᠯᠬᠤ ᠳᠤ ᠬᠥᠷᠪᠡᠯ ᠪᠡᠯᠡ ᠮᠥᠩᠭᠦ᠂ ᠬᠥᠳᠡᠯᠮᠤᠷᠢ ᠬᠥᠴᠤ ᠪᠥᠷ ᠲᠤᠳᠠᠭᠳᠠᠨ᠎ᠠ᠃ ᠡᠶᠢᠮᠤ ᠠᠴᠠ ᠬᠠᠮᠳᠤ ᠶᠢᠨ ᠬᠥᠴᠤᠨ ᠢ ᠠᠰᠢᠭᠯᠠᠬᠤ ᠨᠢ ᠮᠠᠰᠢ ᠴᠢᠬᠤᠯᠠ ᠶᠤᠮ ᠬᠡᠵᠦ ᠪᠠᠶᠢᠪᠠ᠃      ᠤᠳᠤ ᠲᠤᠰ ᠲᠤᠭᠤᠶᠢᠯᠠᠩ ᠤᠨ ᠮᠠᠯᠴᠢᠳ ᠤᠨ ᠨᠤᠳᠤᠭ ᠪᠡᠯᠴᠢᠬᠡᠷ ᠢᠶᠠᠨ ᠥᠢᠵᠢᠭᠤᠯᠵᠤ ᠨᠤᠭᠤᠭᠠᠷᠠᠭᠤᠯᠬᠤ ᠠᠵᠢᠯ ᠠᠮᠵᠢᠯᠳᠠ ᠤᠯᠵᠤ᠂ ᠵᠠᠷᠢᠮ ᠮᠠᠯᠴᠢᠳ ᠲᠠᠷᠢᠭᠰᠠᠨ ᠵᠠᠭ ᠤᠨ ᠤᠢ ᠳᠠᠭᠠᠨ ᠴᠠᠭᠠᠨ ᠭᠤᠶᠤᠤ ᠲᠠᠷᠢᠵᠤ ᠡᠬᠢᠯᠡᠭᠰᠡᠨ ᠪᠠᠶᠢᠨ᠎ᠠ᠃ ᠮᠥᠨᠴᠤ ᠨᠤᠳᠤᠭ ᠤᠨ ᠮᠠᠯᠴᠢᠳ ᠤᠨ ᠠᠮᠢ ᠠᠬᠤᠢ ᠪᠠᠨ ᠬᠠᠮᠠᠭᠠᠯᠠᠬᠤ᠂ ᠨᠤᠳᠤᠭ ᠪᠡᠯᠴᠢᠬᠡᠷ ᠢᠶᠠᠨ ᠨᠤᠭᠤᠭᠠᠷᠠᠭᠤᠯᠬᠤ ᠥᠵᠡᠯ ᠤᠬᠠᠮᠰᠠᠷ ᠢ ᠨᠡᠮᠡᠭᠳᠡᠭᠦᠯᠵᠤ᠂ ᠤᠷᠤᠨ ᠨᠤᠳᠤᠭ ᠤᠨ ᠡᠬᠢ ᠪᠠᠶᠠᠯᠢᠭ ᠢᠶᠠᠨ ᠠᠵᠤ ᠤᠢᠢᠯᠠᠰᠵᠢᠬᠦᠯᠤᠨ ᠬᠥᠭᠵᠢᠭᠦᠯᠵᠤ᠂ ᠠᠮᠢᠳᠤᠷᠠᠯ ᠤᠨ ᠬᠢᠷᠢ ᠲᠥᠪᠰᠢᠨ ᠢᠶᠠᠨ ᠲᠡᠬᠡᠭᠰᠢᠯᠡᠭᠦᠯᠭᠦ ᠢᠳᠡᠪᠬᠢᠵᠢᠯ ᠢ ᠲᠠᠶᠢᠴᠢᠯᠠᠵᠤ ᠴᠢᠳᠠᠭᠰᠠᠨ ᠪᠠᠶᠢᠨ᠎ᠠ᠃ ᠪᠠᠶ᠋ᠬᠠᠤᠪᠤᠭ᠎ᠠ ᠭᠠᠴᠠᠭᠠᠨ ᠤ ᠮᠠᠯᠴᠢᠨ ᠡᠷᠬᠡᠵᠠᠶᠠᠭ᠎ᠠ ᠤᠤᠯ ᠨᠢ ᠨᠤᠳᠤᠭ ᠪᠡᠯᠴᠢᠬᠡᠷ ᠤᠨ ᠨᠥᠭᠦᠪᠤᠷᠢ ᠠᠴᠠ ᠥᠬᠡᠷ᠎ᠡ ᠤᠷᠤᠯᠭ᠎ᠠ ᠥᠬᠡᠢ ᠪᠠᠶᠢᠭᠰᠠᠨ ᠶᠤᠮ᠃ ᠪᠠᠶᠠᠨᠬᠤᠳᠠ ᠳᠤ ᠤᠴᠢᠵᠤ ᠰᠤᠯᠠ ᠠᠵᠢᠯ ᠬᠢᠬᠡᠳ ᠪᠠᠭ᠎ᠠ ᠰᠠᠭ᠎ᠠ ᠤᠷᠤᠯᠭ᠎ᠠ ᠤᠯᠵᠤ ᠪᠠᠶᠢᠯ᠎ᠠ᠃ ︽ᠤᠳᠤ ᠪᠢᠳᠠ ᠬᠠᠮᠳᠤᠪᠡᠷ ᠵᠠᠭ ᠲᠠᠷᠢᠭᠠᠳ ᠵᠢᠯ ᠳᠡᠭᠡᠨ ᠠᠷᠪᠠᠭᠠᠳ ᠲᠥᠮᠡᠨ ᠲᠥᠭᠦᠷᠢᠭ ᠤᠨ ᠤᠷᠤᠯᠭ᠎ᠠ ᠤᠯᠵᠤ ᠪᠠᠶᠢᠨ᠎ᠠ᠃ ᠡᠨᠡ ᠤᠷᠤᠯᠭ᠎ᠠ ᠪᠠᠷ ᠢᠶᠠᠨ ᠪᠠᠶᠠᠨᠬᠤᠳᠠ᠂ ᠤᠰᠤᠳᠠᠢ ᠪᠠᠯᠭᠠᠰᠤᠨ ᠳᠤ ᠠᠰᠠᠷ ᠬᠤᠳᠠᠯᠳᠤᠵᠤ ᠠᠪᠤᠭᠰᠠᠨ ᠰᠢᠤ᠂ ᠬᠤᠳᠠ ᠬᠡᠰᠤᠵᠤ ᠰᠤᠯᠠ ᠠᠵᠢᠯ ᠬᠢᠭᠰᠡᠨ ᠠᠴᠠ ᠨᠤᠳᠤᠭ ᠢᠶᠠᠨ ᠨᠤᠭᠤᠭᠠᠷᠠᠭᠤᠯᠵᠤ ᠤᠷᠤᠯᠭ᠎ᠠ ᠪᠠᠨ ᠨᠡᠮᠡᠭᠳᠡᠭᠦᠯᠥᠭᠰᠡᠨ ᠨᠢ ᠲᠡᠬᠡᠷ᠎ᠡ ᠪᠠᠶᠢᠨ᠎ᠠ︾ ᠬᠡᠵᠤ ᠤᠯᠵᠠᠷᠬᠠᠨ ᠶᠡᠷᠢᠵᠦ ᠪᠠᠶᠢᠯ᠎ᠠ᠃      ᠤᠳᠤᠬᠠᠨ ᠳᠤ᠂ ᠲᠤᠰ ᠲᠤᠭᠤᠶᠢᠯᠠᠩ ᠤᠨ ᠮᠠᠯᠴᠢᠳ ᠬᠠᠮᠳᠤᠷᠠᠨ ᠵᠢᠯ ᠳᠡᠭᠡᠨ ᠲᠥᠴᠢᠬᠡᠳ ᠲᠥᠮᠡᠨ ᠲᠥᠭᠦᠷᠢᠭ ᠤᠨ ᠪᠡᠯᠡ ᠤᠷᠤᠭᠤᠯᠤᠨ ᠨᠤᠳᠤᠭ ᠤᠰᠤ ᠪᠠᠨ ᠥᠢᠵᠢᠭᠤᠯᠵᠤ ᠨᠤᠭᠤᠭᠠᠷᠠᠭᠤᠯᠵᠤ ᠪᠠᠶᠢᠨ᠎ᠠ᠃ ᠨᠢᠬᠡᠨᠳᠡ ᠵᠠᠭ ᠲᠠᠷᠢᠭᠰᠠᠨ ᠡᠯᠡᠰᠤᠷᠬᠡᠭ ᠭᠠᠵᠠᠷ ᠲᠤ ᠰᠠᠯᠬᠢ ᠰᠢᠷᠤᠢ ᠲᠡᠭᠳᠡᠭᠦ ᠨᠢ ᠮᠡᠳᠡᠭᠳᠡᠮ᠎ᠡ ᠪᠠᠭᠠᠰᠴᠤ᠂ ᠠᠮᠢ ᠠᠬᠤᠢ ᠶᠢᠨ ᠥᠷ᠎ᠡ ᠠᠰᠢᠭ᠂ ᠠᠵᠤ ᠠᠬᠤᠢ ᠶᠢᠨ ᠥᠷ᠎ᠠ ᠠᠰᠢᠭ᠂ ᠨᠡᠶᠢᠬᠡᠮ ᠤᠨ ᠥᠷ᠎ᠡ ᠠᠰᠢᠭ ᠢ ᠤᠶᠠᠯᠳᠤᠭᠤᠯᠤᠭᠰᠠᠨ ᠪᠠᠶᠠᠵᠢᠯ ᠤᠨ ᠬᠠᠷᠭᠤᠢ ᠨᠠᠭᠡᠭᠡᠭᠳᠠᠵᠤ ᠪᠠᠶᠢᠨ᠎ᠠ᠃                                        ᠵᠣᠬᠢᠶᠠᠭᠴᠢ᠄  ᠲᠠᠪᠰᠢᠯᠳᠤ ᠰᠠᠴᠡᠨᠪᠠᠳᠤ
 
ᠢᠷᠡᠯᠲᠡ᠄ ᠠᠯᠠᠱᠠ ᠶᠢᠨ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号