ᠠᠯᠠᠱᠠ ᠠᠶᠢᠮᠠᠭ ᠤᠨ ᠳᠠᠷᠢᠶᠠᠯᠠᠩ ᠮᠠᠯ ᠠᠵᠦ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠦᠭᠡᠷᠡᠴᠢᠯᠡᠯᠳᠡ ᠶᠢᠨ ᠠᠵᠢᠯ ᠤᠨ ᠬᠡᠷᠡᠭᠵᠢᠬᠦᠯᠬᠦ ᠳᠦᠰᠦᠯ
ᠨᠡᠶᠢᠲᠡᠯᠡᠭᠰᠡᠨ ᠴᠠᠭ᠄
2020/4/29
      ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠲᠠᠷᠢᠶᠠᠯᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠬᠦᠨᠵᠡᠭᠡᠶᠢᠷᠡᠬᠦᠯᠬᠦ ᠲᠤᠬᠠᠶ ᠵᠢᠯᠣᠭᠤᠳᠬᠤ ᠰᠠᠨᠠᠯ︾ ︵ᠲᠥᠪ ᠠᠯᠪᠠᠨ ᠲᠠᠷᠬᠠᠭᠠᠭᠰᠠᠨ ﹇2018﹈ 61 ᠳ᠋ᠦ᠋ᠭᠡᠷ ᠲᠣᠭᠠᠲᠤ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠵᠠᠮ ᠬᠠᠷᠢᠯᠴᠠᠭ᠎ᠠ ᠲᠡᠭᠡᠭᠡᠪᠦᠷᠢ᠂ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠰᠣᠶᠣᠯ  ᠤᠨ ᠵᠠᠬ᠎ᠠ ᠳᠡᠯᠭᠡᠭᠦᠷ᠂ ᠵᠠᠬ᠎ᠠ ᠳᠡᠯᠭᠡᠭᠦᠷ ᠤᠨ ᠬᠢᠨᠠᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ ﹇2019﹈ 20 ᠳ᠋ᠤᠭᠠᠷ ᠲᠣᠭᠠᠲᠤ︶ ᠪᠣᠯᠤᠨ ︽ᠰᠤᠮᠤ ᠰᠢᠶᠠᠩ ᠪᠠᠯᠭᠠᠰᠤ ᠪᠠ ᠵᠡᠭᠡᠯᠢ ᠭᠤᠳᠤᠮᠵᠢ  ᠶᠢᠨ ᠦᠨᠳᠦᠰᠦᠨ ᠱᠠᠲᠤᠨ ᠤ ᠨᠢᠭᠡᠳᠬᠡᠨ ᠬᠢᠨᠠᠨ ᠵᠥᠪᠰᠢᠶᠡᠷᠡᠬᠦ ᠦᠶᠯᠡᠴᠢᠯᠡᠭᠡᠨ ᠤ ᠬᠠᠤᠯᠢ ᠬᠡᠷᠡᠭᠵᠢᠭᠦᠯᠬᠦ ᠬᠦᠴᠦᠨ ᠢ ᠦᠭᠡᠷᠡᠴᠢᠯᠡᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ ﹇2019﹈ 22 ᠳ᠋ᠤᠭᠠᠷ ᠲᠤᠭᠠᠲᠤ︶ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠪᠦᠬᠦ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠤᠯᠠᠮ ᠨᠢᠭᠡ ᠠᠯᠬᠤᠮ ᠬᠦᠨᠵᠡᠭᠡᠶᠢᠷᠡᠬᠦᠯᠬᠦ ᠶᠢᠨ ᠲᠦᠯᠦᠭᠡ᠂ ᠮᠠᠨ ᠤ ᠠᠶᠢᠮᠠᠭ ᠤᠨ ᠪᠤᠳᠠᠳᠠᠢ ᠪᠠᠶᠢᠳᠠᠯ ᠲᠠᠢ ᠤᠶᠠᠯᠳᠤᠭᠤᠯᠤᠨ᠂ ᠳᠣᠤᠷᠠᠬᠢ ᠮᠡᠲᠦ ᠬᠡᠷᠡᠭᠵᠢᠭᠦᠯᠬᠦ ᠲᠥᠰᠦᠯ ᠢ ᠲᠣᠭᠲᠠᠭᠠᠪᠠ᠃       ᠨᠢᠭᠡ᠂ ᠶᠡᠷᠦᠩᠬᠡᠶ ᠱᠠᠭᠠᠷᠳᠠᠯᠭ᠎ᠠ       ︵ᠨᠢᠭᠡ︶ ᠵᠢᠯᠣᠭᠤᠳᠬᠤ ᠦᠵᠡᠯ ᠰᠠᠨᠠᠭ᠎ᠠ       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ  ᠲᠤᠤᠱᠯᠠᠭᠤᠯᠵᠦ᠂ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠨ ᠳᠠᠬᠢ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠶᠢ ᠨᠢᠬᠡᠳᠬᠡᠨ᠂ ᠬᠠᠤᠯᠢ ᠬᠡᠷᠡᠭᠵᠢᠭᠦᠯᠬᠦ ᠲᠣᠭᠲᠠᠴᠠ ᠶᠢ ᠰᠢᠨ᠎ᠡ ᠪᠠᠷ ᠡᠭᠦᠳᠴᠦ᠂ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠡᠷᠬᠡ ᠬᠠᠷᠢᠭᠤᠴᠠᠯᠭ᠎ᠠ ᠲᠣᠳᠣᠷᠬᠠᠶ᠂ ᠳᠡᠭᠡᠳᠦ ᠳᠣᠤᠷᠠᠳᠤ ᠱᠠᠲᠤ ᠨᠡᠪᠲᠡᠷᠡᠯᠴᠡᠭᠰᠡᠨ᠂ ᠵᠢᠯᠣᠭᠤᠳᠣᠯᠭ᠎ᠠ ᠢᠯᠭᠤᠮ ᠰᠢᠯᠤᠭᠤᠨ᠂ ᠠᠵᠢᠯ ᠨᠢ ᠥᠨᠳᠥᠷ ᠪᠦᠲᠦᠮᠵᠢᠲᠡᠶ᠂ ᠬᠦᠴᠦᠲᠡᠶ ᠪᠠᠲᠤᠯᠠᠭ᠎ᠠ ᠪᠦᠬᠦᠢ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠢᠰᠲ᠋ᠧᠮᠵᠢ ᠶᠢ ᠪᠠᠶᠢᠭᠤᠯᠤᠨ᠎ᠠ᠃       ︵ᠬᠤᠶᠠᠷ︶ ᠶᠡᠷᠦᠩᠬᠡᠶ ᠬᠠᠷᠠᠯᠲᠠ       ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠨ᠂ ᠤᠯᠤᠰ ᠲᠥᠷᠥ ᠶᠢᠨ ᠪᠠᠳᠣ ᠢᠲᠡᠭᠡᠯ ᠵᠣᠷᠢᠭ ᠲᠠᠢ᠂ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠪᠣᠯᠪᠠᠰᠤᠷᠠᠩᠭᠤᠶ᠂ ᠬᠠᠤᠯᠢ ᠬᠡᠷᠡᠭᠵᠢᠬᠦᠯᠦᠯᠲᠡ ᠨᠢ ᠲᠦᠷᠢᠮᠵᠢᠭᠰᠡᠨ᠂ ᠤᠯᠠᠨ ᠲᠦᠮᠡᠨ ᠰᠡᠳᠬᠢᠯ ᠬᠠᠨᠤᠮᠵᠢᠲᠠᠶ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢ ᠵᠣᠬᠢᠶᠠᠨ ᠪᠠᠶᠢᠭᠤᠯᠵᠤ᠂ ᠪᠥᠬᠦ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠲᠦᠷᠢᠮᠵᠢᠬᠦᠨ ᠲᠤᠬᠢᠷᠠᠭᠤᠯᠬᠤ᠂ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠶᠢ ᠲᠦᠪᠯᠡᠷᠡᠬᠦᠯᠦᠨ ᠬᠡᠷᠡᠭᠵᠢᠭᠦᠯᠬᠦ᠂ ᠬᠠᠤᠯᠢ ᠬᠡᠷᠡᠭᠵᠢᠭᠦᠯᠬᠦ ᠠᠵᠢᠯᠲᠠᠨ ᠢ ᠴᠢᠩᠭ᠎ᠠ ᠬᠠᠮᠢᠶᠠᠷᠬᠤ᠂ ᠬᠠᠤᠯᠢ ᠬᠡᠷᠡᠭᠵᠢᠬᠦᠯᠬᠦ ᠨᠥᠬᠦᠴᠡᠯ ᠢ ᠭᠦᠶᠴᠡᠳ ᠪᠠᠲᠤᠯᠠᠬᠤ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠢᠯᠡᠳᠲᠡ ᠴᠢᠩᠭᠠᠷᠠᠭᠤᠯᠬᠤ ᠶᠢ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠬᠦᠯᠬᠦ ᠶᠢᠨ ᠲᠦᠯᠦᠭᠡ᠂ ᠲᠠᠷᠢᠶᠠᠯᠠᠩ ᠬᠥᠳᠡᠭᠡ ᠲᠣᠰᠬᠤᠨ ᠤ ᠵᠠᠰᠠᠯᠲᠠ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠬᠦᠴᠦᠲᠡᠢ ᠬᠠᠤᠯᠢ ᠪᠠᠷ ᠵᠠᠰᠠᠬᠤ ᠪᠠᠲᠤᠯᠠᠭ᠎ᠠ ᠶᠢ ᠬᠠᠩᠭᠠᠬᠤ ᠬᠡᠷᠡᠭᠲᠡᠶ᠃       ︵ᠭᠤᠷᠪᠠ︶ ᠦᠨᠳᠦᠰᠦᠨ ᠵᠠᠷᠴᠢᠮ       ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠬᠤ ᠬᠡᠷᠡᠭᠳᠡᠢ᠃ ᠶᠡᠷᠦᠩᠬᠡᠶ ᠱᠦᠵᠢ ᠰᠢ ᠶᠢᠨ ᠫᠢᠩ ᠤᠨ ᠭᠤᠤᠯᠯᠠᠬᠤ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠠᠯᠢᠪᠠ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠬᠤ ᠶᠢ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠡᠯ᠎ᠡ ᠲᠠᠯ᠎ᠠ ᠪᠠ ᠪᠥᠬᠦ ᠶᠠᠪᠤᠴᠠ ᠳᠤ ᠲᠤᠤᠱᠯᠠᠭᠤᠯᠬᠤ ᠬᠡᠷᠡᠭᠲᠡᠶ᠃       ᠰᠢᠯᠢᠳᠡᠭᠴᠢᠯᠡᠭᠰᠡᠨ ᠬᠠᠮᠵᠢᠯᠴᠠᠭᠰᠠᠨ ᠥᠨᠳᠥᠷ ᠪᠦᠲᠦᠮᠵᠢᠲᠡᠶ ᠪᠠᠶᠢᠬᠤ ᠶᠢ ᠪᠠᠷᠢᠮᠳᠠᠯᠠᠬᠤ ᠬᠡᠷᠡᠭᠳᠡᠢ᠃ ᠬᠠᠤᠯᠢ ᠬᠡᠷᠡᠭᠵᠢᠭᠦᠯᠬᠦ ᠵᠦᠶᠯᠡᠰ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠳᠦᠷᠢᠮᠵᠢᠬᠦᠯᠦᠨ ᠴᠣᠮᠬᠠᠳᠬᠠᠵᠤ᠂ ᠱᠠᠲᠤ ᠳᠠᠪᠬᠤᠷᠭ᠎ᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠠᠤᠯᠢ ᠬᠡᠷᠡᠭᠵᠢᠭᠦᠯᠬᠦ ᠬᠦᠨᠳᠦᠴᠡ ᠶᠢ ᠳᠣᠷᠣᠭᠰᠢ ᠰᠢᠯᠵᠢᠭᠦᠯᠬᠦ ᠶᠢ ᠠᠬᠢᠭᠤᠯᠵᠤ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠴᠢᠳᠠᠪᠬᠢ ᠶᠢ ᠲᠡᠭᠡᠭᠰᠢᠯᠡᠬᠦᠯᠬᠦ ᠬᠡᠷᠡᠭᠳᠡᠢ᠃ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ᠂ ᠵᠠᠰᠠᠭ ᠵᠠᠬᠢᠷᠭᠠᠨ ᠤ ᠪᠠᠶᠢᠴᠠᠭᠠᠯᠲᠠ᠂ ᠵᠠᠰᠠᠭ ᠵᠠᠬᠢᠷᠭᠠᠨ ᠤ ᠠᠯᠪᠠᠳᠠᠯᠭ᠎ᠠ ᠵᠡᠷᠭᠡ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠨᠡᠶᠢᠯᠡᠭᠦᠯᠦᠨ ᠨᠢᠭᠡᠳᠭᠡᠵᠦ᠂ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢ ᠨᠢᠬᠡᠳᠭᠡᠨ ᠪᠠᠶᠢᠭᠤᠯᠵᠦ᠂ ᠨᠢᠭᠡᠳᠦᠯᠲᠡᠶ ᠬᠠᠤᠯᠢ ᠬᠡᠷᠡᠭᠵᠢᠭᠦᠯᠬᠦ ᠶᠢ ᠪᠡᠶᠡᠯᠡᠬᠦᠯᠬᠦ ᠬᠡᠷᠡᠭᠲᠡᠶ᠃       ᠪᠦᠬᠦ ᠲᠠᠯ᠎ᠠ ᠪᠠᠷ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠬᠤ ᠬᠡᠷᠡᠭᠳᠡᠢ᠃ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠡᠷᠬᠡ ᠲᠤᠰᠢᠶᠠᠯ ᠢᠶᠠᠨ ᠬᠠᠤᠯᠢ ᠶᠣᠰᠣᠭᠠᠷ ᠬᠦᠢᠴᠡᠳᠭᠡᠨ᠂ ᠬᠠᠤᠯᠢ ᠬᠡᠷᠡᠭᠵᠢᠭᠦᠯᠬᠦ ᠶᠠᠪᠤᠴᠠ ᠶᠢ ᠲᠡᠭᠦᠯᠳᠡᠷᠵᠢᠭᠦᠯᠦᠨ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠳᠦᠷᠢᠮᠵᠢᠬᠦᠯᠵᠦ᠂ ᠬᠠᠤᠯᠢ ᠶᠢ ᠴᠢᠩᠭ᠎ᠠ ᠳᠦᠷᠢᠮᠵᠢᠬᠦᠯᠦᠨ ᠲᠥᠪ ᠭᠤᠤᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠪᠡᠶᠡᠯᠡᠭᠦᠯᠵᠦ᠂ ᠬᠠᠤᠯᠢ ᠬᠡᠷᠡᠭᠵᠢᠭᠦᠯᠬᠦ ᠬᠢᠨᠠᠯᠲᠠ ᠶᠢ ᠴᠢᠩᠭᠠᠳᠬᠠᠨ᠂ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠠᠤᠯᠢ ᠬᠡᠷᠡᠭᠵᠢᠬᠦᠯᠦᠯᠲᠡ ᠨᠢ ᠪᠠᠲᠤᠯᠠᠭ᠎ᠠ ᠲᠠᠢ᠂ ᠡᠷᠬᠡ ᠲᠠᠢ ᠪᠣᠯ ᠵᠠᠪᠠᠯ ᠬᠠᠷᠢᠭᠤᠴᠠᠯᠭ᠎ᠠ ᠲᠠᠢ ᠪᠠᠶᠢᠬᠤ᠂ ᠡᠷᠬᠡ ᠪᠠᠨ ᠬᠡᠷᠡᠭᠯᠡᠬᠦ ᠳᠤ ᠬᠢᠨᠠᠯᠲᠠ ᠶᠢ ᠬᠦᠯᠢᠶᠡᠬᠦ᠂ ᠬᠠᠤᠯᠢ ᠶᠢ ᠵᠦᠷᠢᠴᠡᠪᠡᠯ ᠬᠠᠷᠢᠭᠤᠴᠠᠯᠭ᠎ᠠ ᠨᠡᠬᠡᠮᠵᠢᠯᠡᠬᠦ ᠶᠢ ᠪᠡᠶᠡᠯᠡᠭᠦᠯᠬᠦ ᠬᠡᠷᠡᠭᠲᠡᠶ᠃       ᠬᠤᠶᠠᠷ᠂ ᠭᠤᠣᠯ ᠡᠭᠦᠷᠭᠡ       ︵ᠨᠢᠭᠡ︶ ᠬᠠᠤᠯᠢ ᠬᠡᠷᠡᠭᠵᠢᠭᠦᠯᠬᠦ ᠡᠩᠨᠡᠭᠡ ᠶᠢ ᠨᠢᠬᠡᠳᠭᠡᠨ ᠨᠡᠶᠢᠯᠡᠭᠦᠯᠦᠨ᠎ᠡ       ᠱᠠᠲᠤ ᠳᠠᠪᠬᠤᠷᠭ᠎ᠠ ᠶᠢ ᠴᠦᠬᠡᠳᠭᠡᠬᠦ᠂ ᠡᠩᠨᠡᠭᠡ ᠶᠢ ᠨᠢᠭᠡᠳᠭᠡᠨ ᠨᠡᠶᠢᠯᠡᠭᠦᠯᠬᠦ᠂ ᠦᠷ᠎ᠡ ᠪᠦᠲᠦᠮᠵᠢ ᠶᠢ ᠲᠡᠭᠡᠭᠰᠢᠯᠡᠬᠦᠯᠬᠦ᠂ ᠨᠢᠭᠡ ᠰᠠᠯᠠᠭ᠎ᠠ ᠮᠥᠴᠢᠷ ᠲᠤ ᠨᠢᠬᠡ ᠬᠠᠤᠯᠢ ᠬᠡᠷᠡᠭᠵᠢᠭᠦᠯᠬᠦ ᠡᠩᠨᠡᠭᠡ ᠶᠢ ᠪᠠᠶᠢᠭᠤᠯᠬᠤ ᠱᠠᠭᠠᠷᠳᠠᠯᠭ᠎ᠠ ᠶᠤᠰᠤᠭᠠᠷ᠂ ᠮᠠᠯ ᠡᠮᠨᠡᠯᠭᠡ ᠮᠠᠯ ᠤᠨ ᠡᠮ᠂ ᠮᠠᠯ ᠵᠢᠭᠦᠷᠲᠡᠨ ᠢ ᠨᠢᠲᠤᠯᠬᠤ᠂ ᠦᠷ᠎ᠡ᠂ ᠪᠣᠷᠳᠣᠭᠤᠷ᠂ ᠲᠠᠷᠢᠶᠠᠨ ᠡᠮ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠲᠦᠬᠦᠭᠡᠷᠦᠮᠵᠢ ᠶᠢᠨ ᠬᠢᠨᠠᠨ ᠬᠠᠮᠢᠶᠠᠷᠤᠯᠲᠠ᠂  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ᠂ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ᠂  ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠵᠢᠴᠢ ᠭᠠᠵᠠᠷ ᠰᠢᠷᠣᠶ  ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ  ᠤᠨ ᠬᠠᠮᠢᠶᠠᠷᠤᠯᠲᠠ᠂ ᠲᠡᠵᠢᠭᠡᠯ ᠪᠣᠷᠳᠤᠭ᠎ᠠ ᠪᠣᠯᠤᠨ ᠪᠣᠷᠳᠣᠭᠠᠨ ᠤ ᠨᠡᠮᠡᠯᠲᠡ ᠡᠳ᠋᠂ ᠠᠮᠢᠲᠠᠨ ᠤ ᠡᠷᠡᠭᠦᠯ ᠬᠠᠮᠠᠭᠠᠯᠠᠯ᠂ ᠦᠷ᠎ᠡ ᠮᠠᠯ ᠵᠢᠭᠦᠷᠲᠡᠨ᠂ ᠵᠢᠭᠠᠰᠤᠨ ᠶᠠᠪᠤᠳᠠᠯ ᠤᠨ ᠬᠠᠮᠢᠶᠠᠷᠤᠯᠲᠠ᠂ ᠲᠠᠷᠢᠶᠠᠯᠠᠩ ᠮᠠᠯ ᠠᠵᠤ ᠠᠬᠤᠢ ᠶᠢᠨ ᠭᠧᠨ ᠰᠢᠯᠵᠢᠬᠦᠯᠬᠦ ᠠᠮᠤᠷ ᠲᠦᠪᠰᠢᠨ᠂ ᠠᠮᠢᠲᠠᠨ ᠤᠷᠭᠤᠮᠠᠯ ᠤᠨ ᠬᠢᠵᠢᠭ ᠤᠨ ᠪᠠᠶᠢᠴᠠᠭᠠᠯᠲᠠ᠂ ᠤᠷᠭᠤᠮᠠᠯ ᠤᠨ ᠰᠢᠨ᠎ᠡ ᠡᠭᠦᠯᠳᠡᠷ ᠢ ᠬᠠᠮᠠᠭᠠᠯᠠᠬᠤ᠂ ᠰᠢᠨ᠎ᠡ ᠰᠣᠷᠭᠤᠭ ᠰᠦ ᠰᠠᠭᠠᠯᠢ ᠬᠤᠳᠠᠯᠳᠤᠨ ᠠᠪᠴᠤ ᠲᠡᠭᠡᠭᠡᠪᠦᠷᠢᠯᠡᠬᠦ ᠭᠤᠭᠴᠤᠭ᠎ᠠ ᠵᠡᠷᠭᠡ  ᠶᠢ ᠠᠳᠠᠯᠢ ᠱᠠᠲᠤᠨ ᠤ ᠲᠠᠷᠢᠶᠠᠯᠠᠩ ᠮᠠᠯ ᠠᠵᠦ ᠠᠬᠤᠢ ᠶᠢᠨ ᠰᠠᠯᠠᠭ᠎ᠠ ᠮᠥᠴᠢᠷ ᠤᠨ ᠳᠣᠲᠣᠭᠠᠳᠤ ᠳᠠᠬᠢ ᠪᠠᠶᠢᠭᠤᠯᠤᠮᠵᠢ ᠵᠢᠴᠢ ᠬᠠᠷᠢᠶ᠎ᠠ ᠪᠠᠶᠢᠭᠤᠯᠭ᠎ᠠ ᠨᠢᠭᠡᠴᠡ ᠳᠤ ᠪᠠᠶᠢᠭ᠎ᠠ ᠵᠠᠰᠠᠭ ᠵᠠᠬᠢᠷᠭᠠᠨ ᠤ ᠰᠢᠳᠭᠡᠯ ᠵᠢᠴᠢ ᠵᠠᠰᠠᠭ ᠵᠠᠬᠢᠷᠭᠠᠨ ᠤ ᠰᠢᠳᠭᠡᠯ ᠲᠠᠢ ᠬᠠᠮᠢᠶ᠎ᠠ ᠪᠦᠬᠦᠢ ᠵᠠᠰᠠᠭ ᠵᠠᠬᠢᠷᠭᠠᠨ ᠤ ᠪᠠᠶᠢᠴᠠᠭᠠᠯᠲᠠ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠡᠬᠦᠷᠭᠡ ᠴᠢᠳᠠᠪᠬᠢ ᠶᠢ ᠰᠠᠯᠭᠠᠬᠤ ᠳᠤ ᠲᠤᠬᠢᠷᠠᠭᠤᠯᠵᠦ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠨᠢᠭᠡᠳᠭᠡᠨ ᠪᠠᠶᠢᠭᠤᠯᠵᠦ᠂ ᠲᠠᠷᠢᠶᠠᠯᠠᠩ ᠮᠠᠯ ᠠᠵᠦ ᠠᠬᠤᠢ ᠶᠢᠨ ᠰᠠᠯᠠᠭ᠎ᠠ ᠮᠦᠴᠢᠷ ᠤᠨ ᠨᠡᠷ᠎ᠡ ᠪᠠᠷ ᠬᠠᠤᠯᠢ ᠶᠢ ᠨᠢᠬᠡᠳᠦᠯᠳᠡᠢ ᠲᠦᠪᠯᠡᠷᠡᠬᠦᠯᠦᠨ ᠬᠡᠷᠡᠭᠵᠢᠭᠦᠯᠦᠨ᠎ᠡ᠃       ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ  ᠶᠢ ᠵᠣᠬᠢᠶᠠᠨ ᠪᠠᠶᠢᠭᠤᠯᠤᠭᠰᠠᠨ ᠤ ᠳᠠᠷᠠᠭ᠎ᠠ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠤᠤᠯ ᠤᠨ ᠳᠣᠲᠣᠭᠠᠳᠤ ᠳᠠᠬᠢ ᠪᠠᠶᠢᠭᠤᠯᠤᠮᠵᠢ ᠵᠢᠴᠢ ᠬᠠᠷᠢᠶ᠎ᠠ ᠪᠠᠶᠢᠭᠤᠯᠭ᠎ᠠ ᠨᠢᠭᠡᠴᠡ ᠦᠷᠭᠦᠯᠵᠢᠯᠡᠨ ᠵᠠᠰᠠᠭ ᠵᠠᠬᠢᠷᠭᠠᠨ ᠤ ᠵᠥᠪᠰᠢᠶᠡᠷᠡᠯ᠂ ᠠᠵᠢᠯ ᠲᠥᠷᠥᠯ ᠤᠨ ᠬᠠᠮᠢᠶᠠᠷᠤᠯᠲᠠ᠂ ᠮᠡᠷᠭᠡᠵᠢᠯ ᠳᠡᠯᠭᠡᠷᠡᠭᠦᠯᠬᠦ᠂ ᠵᠤᠷᠰᠢᠯ ᠶᠣᠰᠣᠭᠠᠷ ᠬᠢᠨᠠᠨ ᠬᠡᠮᠵᠢᠬᠦ᠂ ᠰᠢᠯᠭᠠᠨ ᠪᠠᠶᠢᠴᠠᠭᠠᠵᠤ ᠬᠡᠮᠵᠢᠬᠦ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠡᠭᠦᠷᠭᠡ ᠴᠢᠳᠠᠪᠤᠷᠢ ᠶᠢ ᠳᠠᠬᠢᠵᠤ ᠡᠭᠦᠷᠭᠡᠯᠡᠬᠦ ᠦᠭᠡᠶ᠃ ᠠᠵᠢᠯᠲᠠᠨ ᠤ ᠤᠷᠤᠵᠦ ᠭᠠᠷᠬᠤ ᠵᠠᠩᠬᠢᠯᠠᠭ᠎ᠠ ᠶᠢ ᠴᠢᠩᠭ᠎ᠠ ᠠᠳᠬᠤᠵᠤ᠂  ︽ᠣᠷᠣᠨ ᠲᠤᠭ᠎ᠠ  ᠨᠢ ᠤᠴᠢᠷ ᠶᠠᠪᠤᠳᠠᠯ ᠢ ᠳᠠᠭᠠᠵᠤ ᠶᠠᠪᠤᠬᠤ᠂ ᠬᠥᠮᠦᠨ ᠨᠢ ᠣᠷᠣᠨ ᠲᠤᠭ᠎ᠠ ᠪᠠᠨ ᠳᠠᠭᠠᠵᠤ ᠶᠠᠪᠤᠬᠤ︾ ᠵᠠᠷᠴᠢᠮ ᠶᠣᠰᠣᠭᠠᠷ᠂ ᠬᠠᠤᠯᠢ ᠬᠡᠷᠡᠭᠵᠢᠭᠦᠯᠬᠦ ᠡᠩᠨᠡᠭᠡ ᠶᠢ ᠡᠮᠬᠢ ᠵᠢᠷᠤᠮ ᠲᠠᠢ ᠪᠠᠷ ᠨᠢᠭᠡᠳᠬᠡᠨ ᠨᠡᠶᠢᠯᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠥᠷᠥᠯ ᠤᠨ ᠠᠯᠪᠠᠲᠠᠨ ᠤ ᠬᠠᠮᠢᠶᠠᠷᠤᠯᠲᠠ ᠶᠢᠨ ᠲᠦᠷᠢᠮᠵᠢᠯ ᠤᠨ ᠱᠠᠭᠠᠷᠳᠠᠯᠭ᠎ᠠ  ᠳᠤ ᠨᠡᠶᠢᠴᠡᠭᠰᠡᠨ ᠬᠥᠮᠦᠰ ᠢ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ  ᠳᠤ ᠬᠤᠪᠢᠶᠠᠷᠢᠯᠠᠨ ᠣᠷᠣᠭᠤᠯᠵᠤ᠂ ᠵᠠᠷᠴᠢᠮ ᠳᠡᠭᠡᠷ᠎ᠡ ᠪᠠᠨ ᠣᠳᠣ ᠶᠢᠨ ᠪᠠᠶᠢᠭ᠎ᠠ ᠲᠠᠷᠢᠶᠠᠯᠠᠩ ᠮᠠᠯ ᠠᠵᠤ ᠠᠬᠤᠶ ᠶᠢᠨ ᠬᠠᠤᠯᠢ ᠬᠡᠷᠡᠭᠵᠢᠭᠦᠯᠬᠦ ᠠᠵᠢᠯᠲᠠᠨ ᠤ ᠣᠷᠣᠨ ᠲᠤᠭ᠎ᠠ ᠨᠢ ᠠᠵᠢᠯ ᠤᠨ ᠪᠠᠶᠢᠷᠢ ᠳᠠᠭᠠᠨ ᠪᠠᠶᠢᠳᠠᠭ ᠯᠠ ᠶᠤᠮ ᠪᠣᠯ ᠪᠦᠬᠦᠨ ᠢ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠳᠤ ᠰᠢᠯᠵᠢᠭᠦᠯᠦᠨ ᠣᠷᠣᠭᠤᠯᠵᠤ ᠪᠣᠯᠤᠨ᠎ᠠ᠃  ᠨᠢᠭᠡᠳᠭᠡᠨ ᠪᠠᠶᠢᠭᠤᠯᠤᠭᠰᠠᠨ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠠᠳᠠᠯᠢ ᠪᠤᠰᠤ ᠰᠢᠨᠵᠢ ᠴᠢᠨᠠᠷ ᠪᠦᠬᠦᠢ ᠣᠷᠣᠨ ᠲᠤᠭ᠎ᠠ ᠳᠤ ᠬᠤᠯᠪᠤᠭᠳᠠᠬᠤ ᠠᠰᠠᠭᠤᠳᠠᠯ ᠢ ᠨᠢᠬᠡᠳᠭᠡᠨ ᠵᠤᠬᠢᠶᠠᠨ ᠪᠠᠶᠢᠭᠤᠯᠵᠦ᠂ ᠣᠳᠣᠬᠠᠨ ᠤ ᠪᠠᠶᠢᠳᠠᠯ ᠢ ᠨᠢ ᠪᠠᠲᠤᠯᠠᠵᠤ᠂ ᠲᠥᠪ᠂ ᠥᠪᠡᠷᠲᠡᠭᠡᠨ ᠵᠠᠰᠠᠬᠤ ᠣᠷᠣᠨ ᠠᠴᠠ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠣᠳᠣᠷᠬᠠᠶᠢᠯᠠᠭᠰᠠᠨ ᠤ ᠳᠠᠷᠠᠭ᠎ᠠ ᠠᠯᠬᠤᠮ ᠠᠯᠬᠤᠮ ᠢᠶᠠᠷ ᠲᠦᠷᠢᠮᠵᠢᠬᠦᠯᠦᠨ᠎ᠡ᠃       ︵ᠬᠤᠶᠠᠷ︶ ᠱᠠᠳᠤ ᠳᠠᠪᠬᠤᠷᠭ᠎ᠠ ᠶᠢᠨ ᠲᠤᠰᠢᠶᠠᠯ ᠬᠠᠷᠢᠭᠤᠴᠠᠯᠭ᠎ᠠ ᠶᠢ ᠵᠤᠬᠢᠴᠠᠭᠤᠯᠤᠨ ᠰᠢᠯᠤᠭᠤᠳᠬᠠᠨ᠎ᠠ       ᠠᠯᠠᠱᠠ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠰᠠᠯᠪᠤᠷᠢ ᠠᠩᠭᠢ ᠶᠢ ᠬᠡᠪ ᠢᠶᠠᠷ ᠨᠢ ᠦᠯᠡᠳᠡᠭᠡᠵᠦ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠬᠦᠳᠡᠭᠡ ᠲᠤᠰᠬᠤᠨ ᠮᠠᠯᠴᠢᠨ ᠤᠷᠤᠨ ᠤ ᠲᠣᠪᠴᠢᠶ᠎ᠠ ᠳᠤ ᠬᠠᠷᠢᠶᠠᠯᠠᠭᠤᠯᠤᠨ᠂ ᠠᠯᠠᠱᠠ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶᠠᠨ ᠤ ᠨᠡᠷ᠎ᠡ ᠪᠠᠷ ᠨᠢᠭᠡᠳᠦᠯᠲᠡᠶ ᠬᠠᠤᠯᠢ ᠬᠡᠷᠡᠭᠵᠢᠭᠦᠯᠦᠨ᠎ᠡ᠃ ᠭᠤᠤᠯᠳᠠᠭᠤ ᠬᠠᠤᠯᠢ ᠴᠠᠭᠠᠵᠠ ᠬᠠᠤᠯᠢ ᠲᠣᠭᠲᠠᠭᠠᠯ ᠠᠴᠠ ᠠᠶᠢᠮᠠᠭ ᠤᠨ ᠲᠣᠰ ᠱᠠᠲᠤᠨ ᠳᠤ ᠣᠯᠭᠤᠭᠰᠠᠨ ᠬᠠᠤᠯᠢ ᠬᠡᠷᠡᠭᠵᠢᠬᠦᠯᠬᠦ ᠡᠭᠦᠷᠭᠡ ᠬᠠᠷᠢᠭᠤᠴᠠᠯᠭ᠎ᠠ ᠶᠢ ᠬᠦᠢᠴᠡᠳᠭᠡᠨ᠎ᠡ︔ ᠣᠷᠣᠨ ᠪᠦᠰᠡ ᠠᠯᠤᠰᠯᠠᠭᠰᠠᠨ᠂ ᠪᠥᠬᠦ ᠠᠶᠢᠮᠠᠭ ᠲᠤ ᠨᠥᠯᠥᠭᠡ ᠲᠠᠢ ᠴᠢᠬᠤᠯᠠ ᠶᠡᠭᠡ ᠪᠤᠳᠤᠯᠢᠶᠠᠨᠲᠠᠶ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠣᠨ᠎ᠠ︔ ᠪᠥᠬᠦ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠰᠢᠰᠲ᠋ᠧᠮᠵᠢ ᠶᠢᠨ ᠪᠠᠶᠢᠭᠤᠯᠤᠯᠲᠠ ᠪᠠ ᠬᠠᠤᠯᠢ ᠬᠡᠷᠡᠭᠵᠢᠭᠦᠯᠬᠦ ᠠᠵᠢᠯ ᠳᠤ ᠬᠢᠨᠠᠯᠲᠠ ᠲᠠᠯᠪᠢᠵᠤ ᠵᠢᠯᠤᠭᠤᠳᠤᠨ᠎ᠠ︔ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠠᠴᠠ ᠲᠤᠰᠢᠶᠠᠭᠰᠠᠨ ᠪᠤᠰᠤᠳ ᠡᠭᠦᠷᠭᠡ ᠶᠢ ᠳᠠᠭᠠᠭᠠᠨ ᠭᠦᠶᠴᠡᠳᠬᠡᠨ᠎ᠡ᠃      ᠠᠯᠠᠱᠠ ᠵᠡᠭᠦᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠶ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠪᠠᠶᠢᠭᠤᠯᠤᠮᠵᠢ ᠶᠢᠨ ᠣᠳᠣᠬᠢ ᠪᠠᠶᠢᠳᠠᠯ ᠢ ᠬᠡᠪ ᠢᠶᠠᠷ ᠨᠢ ᠦᠯᠡᠳᠡᠭᠡᠵᠦ᠂ ᠬᠥᠮᠦᠨ᠂ ᠡᠳ᠋᠂ ᠪᠣᠳᠠᠰ᠂ ᠲᠤᠭ᠎ᠠ ᠪᠦᠷᠢᠳᠬᠡᠯ ᠵᠡᠷᠭᠡ ᠬᠠᠮᠢᠶᠠᠷᠤᠯᠲᠠ ᠶᠢᠨ ᠠᠷᠭ᠎ᠠ ᠵᠠᠮ ᠢ ᠰᠢᠯᠤᠭᠤᠳᠬᠠᠵᠤ᠂ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ᠂ ᠠᠯᠪᠠᠨ ᠵᠠᠷᠤᠳᠠᠯ ᠢ ᠪᠠᠭᠤᠯᠭᠠᠬᠤ ᠵᠡᠷᠭᠡ ᠪᠣᠳᠠᠲᠠᠶ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠲᠠᠰ ᠳᠠᠷᠠᠭᠠᠯᠠᠯ ᠢᠶᠠᠷ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃ ᠬᠠᠷᠢᠶ᠎ᠠ ᠣᠷᠣᠨ ᠤ ᠳᠣᠲᠣᠷᠠᠬᠢ ᠡᠳᠦᠷ ᠲᠤᠲᠤᠮ  ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠣᠯᠤᠨ ᠡᠩ ᠤᠨ ᠬᠡᠷᠡᠭ ᠢ ᠪᠠᠶᠢᠴᠠᠭᠠᠨ ᠰᠢᠶᠳᠪᠦᠷᠢᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠠᠴᠠ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠨ ᠳᠠᠬᠢ ᠬᠢᠨᠠᠯᠲᠠ ᠲᠠᠯᠪᠢᠵᠦ ᠵᠢᠯᠣᠭᠤᠳᠬᠤ ᠠᠵᠢᠯ ᠢ ᠬᠠᠷᠢᠭᠤᠴᠠᠵᠤ᠂ ᠪᠤᠰᠤᠳ ᠬᠦᠷᠢᠶ᠎ᠠ ᠭᠡᠪᠴᠢᠶᠠᠨ ᠤ ᠡᠬᠦᠷᠭᠡ ᠲᠤᠰᠢᠶᠠᠯ ᠢ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠬᠢᠨᠠᠯᠳᠠ ᠲᠠᠯᠪᠢᠨ ᠵᠢᠯᠤᠭᠤᠳᠬᠤ ᠶᠢ ᠬᠠᠷᠢᠭᠤᠴᠠᠵᠦ᠂ ᠡᠬᠦᠷᠭᠡ ᠲᠤᠰᠢᠶᠠᠯ ᠤᠨ ᠰᠢᠯᠵᠢᠯᠳᠡ ᠪᠠ ᠵᠠᠯᠭᠠᠯᠳᠠ ᠶᠢᠨ ᠠᠵᠢᠯ ᠢ ᠰᠠᠶᠢᠲᠤᠷ ᠬᠢᠨ᠎ᠠ᠃      ᠠᠯᠠᠱᠨ ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠠᠷᠤᠩᠭᠡᠶᠢᠯᠡᠭᠰᠡᠨ ᠵᠠᠰᠠᠭ ᠵᠠᠬᠢᠷᠭᠠᠨ  ᠤ ᠬᠠᠤᠯᠢ ᠭᠡᠷᠡᠭᠵᠢᠬᠦᠯᠬᠦ ᠶᠡᠭᠡ ᠠᠩᠬᠢ ᠶᠢ ᠡᠮᠬᠢᠯᠠᠨ ᠨᠠᠶᠢᠯᠡᠬᠦᠯᠵᠦ ᠪᠠᠶᠢᠭᠤᠯᠤᠨ᠂ ︽ᠲᠤᠪᠴᠢᠶ᠎ᠠ ᠠᠩᠬᠢ ᠶᠢ ᠨᠠᠶᠢᠯᠡᠬᠦᠯᠦᠨ ᠨᠢᠭᠡ ᠪᠤᠯᠭᠠᠬᠤ︾ ᠪᠠᠶᠢᠭᠤᠯᠤᠮᠵᠢ ᠶᠢ ᠶᠠᠪᠤᠭᠳᠠᠭᠤᠯᠵᠦ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠰᠢᠨᠵᠢᠯᠠᠬᠦ ᠤᠬᠠᠭᠠᠨ ᠲᠧᠭᠨᠢᠭ ᠮᠠᠷᠭᠡᠵᠢᠯ ᠤᠨ ᠲᠤᠪᠴᠢᠶ᠎ᠠ ᠠᠴᠠ ᠬᠠᠮᠢᠶᠠᠷᠤᠨ᠎ᠠ᠃ ᠤᠲᠤ ᠪᠠᠶᠢᠭ᠎ᠠ ᠲᠠᠷᠢᠶᠠᠯᠠᠩ ᠮᠠᠯ ᠠᠵᠤ ᠠᠬᠤᠢ ᠶᠢᠨ ᠶᠠᠷᠤᠩᠭᠡᠶᠢᠯᠡᠭᠰᠡᠨ ᠬᠠᠤᠯᠢ ᠭᠡᠷᠡᠭᠵᠢᠬᠦᠯᠬᠦ ᠪᠠᠶᠢᠭᠤᠯᠤᠮᠵᠢ ᠶᠢᠨ ᠰᠠᠭᠤᠷᠢᠨ ᠲᠡᠭᠡᠷ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠤᠨ ᠲᠤᠲᠤᠭᠠᠲᠤ ᠪᠠᠶᠢᠭᠤᠯᠤᠮᠵᠢ ᠵᠢᠴᠢ ᠬᠠᠷᠢᠶᠠᠯᠠᠭᠳᠠᠵᠦ ᠪᠦᠬᠦᠢ ᠨᠢᠭᠡᠴᠠ ᠶᠢᠨ ᠲᠤᠲᠤᠷ᠎ᠠ ᠲᠠᠷᠬᠠᠭᠠᠭᠳᠠᠭᠰᠠᠨ ᠵᠠᠰᠠᠭ ᠵᠠᠬᠢᠷᠭᠠᠨ ᠤ ᠲᠤᠷᠭᠠᠭᠤᠯᠢ ᠵᠢᠴᠢ ᠵᠠᠰᠠᠭ ᠵᠠᠬᠢᠷᠭᠠᠨ ᠤ ᠲᠤᠷᠭᠠᠭᠤᠯᠢ ᠶᠢᠨ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠪᠠᠶᠢᠴᠠᠭᠠᠯᠳᠠ᠂ ᠵᠠᠰᠠᠭ ᠵᠠᠬᠢᠷᠭᠠᠨ ᠤ ᠠᠯᠪᠠᠳᠠᠬᠤ ᠡᠬᠦᠷᠭᠡ ᠲᠤᠰᠢᠶᠠᠯ ᠢ ᠪᠦᠬᠦᠨ ᠢ ᠰᠠᠯᠭᠠᠭᠰᠠᠨ ᠢ ᠡᠮᠬᠢᠯᠠᠨ ᠨᠠᠶᠢᠯᠡᠬᠦᠯᠵᠦ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠤᠨ ᠨᠠᠷ᠎ᠠ ᠪᠠᠷ ᠬᠠᠤᠯᠢ ᠶᠢ ᠨᠢᠭᠡᠲᠤᠯᠲᠡᠢ ᠭᠡᠷᠡᠭᠵᠢᠬᠦᠯᠦᠨ᠎ᠠ᠃ ᠬᠠᠷᠢᠶ᠎ᠠ ᠲᠤᠭᠤᠷᠢᠭ ᠤᠨ ᠡᠲᠤᠷ ᠲᠤᠲᠤᠮ ᠤᠨ ᠬᠠᠤᠯᠢ ᠭᠡᠷᠡᠭᠵᠢᠬᠦᠯᠬᠦ ᠪᠠᠶᠢᠴᠠᠭᠠᠯᠳᠠ ᠪᠠ ᠡᠩ ᠤᠨ ᠭᠡᠷᠡᠭ ᠤᠨ ᠪᠠᠶᠢᠴᠠᠭᠠᠨ ᠰᠢᠢᠳᠪᠤᠷᠢᠯᠠᠬᠦ ᠡᠬᠦᠷᠭᠡ ᠲᠤᠰᠢᠶᠠᠯ ᠢ ᠡᠬᠦᠷᠭᠡᠯᠡᠨ᠎ᠠ︔ ᠬᠠᠷᠢᠶ᠎ᠠ ᠲᠤᠭᠤᠷᠢᠭ ᠤᠨ ᠰᠤᠮᠤ ᠪᠠᠯᠭᠠᠰᠤ ᠪᠠ ᠵᠡᠭᠡᠯᠢ ᠭᠤᠲᠤᠮᠵᠢ ᠶᠢᠨ ᠶᠠᠷᠤᠩᠭᠡᠶᠢᠯᠡᠭᠰᠡᠨ ᠬᠠᠤᠯᠢ ᠭᠡᠷᠡᠭᠵᠢᠬᠦᠯᠬᠦ ᠪᠠᠶᠢᠭᠤᠯᠤᠮᠵᠢ ᠢᠶᠠᠨ ᠲᠠᠷᠢᠶᠠᠯᠠᠩ ᠮᠠᠯ ᠠᠵᠤ ᠠᠬᠤᠢ ᠶᠢᠨ ᠭᠡᠪᠴᠢᠶᠠᠨ ᠳᠠᠬᠢ ᠬᠠᠤᠯᠢ ᠭᠡᠷᠡᠭᠵᠢᠬᠦᠯᠬᠦ ᠠᠵᠢᠯ ᠳᠤ ᠬᠢᠨᠠᠯᠳᠠ ᠲᠠᠯᠪᠢᠵᠦ ᠵᠢᠯᠤᠭᠤᠳᠬᠤ ᠶᠢ ᠬᠠᠷᠢᠭᠤᠴᠠᠨ᠎ᠠ᠃      ᠡᠵᠠᠨ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠶᠡᠭᠡ ᠠᠩᠬᠢ ᠶᠢ ᠡᠮᠬᠢᠯᠠᠵᠦ ᠨᠠᠶᠢᠯᠡᠬᠦᠯᠦᠨ ᠵᠤᠬᠢᠶᠠᠨ ᠪᠠᠶᠢᠭᠤᠯᠵᠦ᠂ ︽ᠲᠤᠪᠴᠢᠶ᠎ᠠ ᠠᠩᠬᠢ ᠶᠢ ᠨᠠᠶᠢᠯᠡᠬᠦᠯᠦᠨ ᠨᠢᠭᠡ ᠪᠤᠯᠭᠠᠬᠤ︾ ᠪᠠᠶᠢᠭᠤᠯᠤᠮᠵᠢ ᠶᠢ ᠶᠠᠪᠤᠭᠳᠠᠭᠤᠯᠵᠦ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠲᠧᠭᠨᠢᠭ ᠮᠠᠷᠭᠡᠵᠢᠯ ᠤᠨ ᠲᠤᠪᠴᠢᠶ᠎ᠠ ᠠᠴᠠ ᠬᠠᠮᠢᠶᠠᠷᠤᠨ᠎ᠠ᠃ ᠤᠲᠤ ᠪᠠᠶᠢᠭ᠎ᠠ ᠲᠠᠷᠢᠶᠠᠯᠠᠩ ᠮᠠᠯ ᠠᠵᠤ ᠠᠬᠤᠢ ᠶᠢᠨ ᠶᠠᠷᠤᠩᠭᠡᠶᠢᠯᠡᠭᠰᠡᠨ ᠬᠠᠤᠯᠢ ᠭᠡᠷᠡᠭᠵᠢᠬᠦᠯᠬᠦ ᠪᠠᠶᠢᠭᠤᠯᠤᠮᠵᠢ ᠶᠢᠨ ᠰᠠᠭᠤᠷᠢᠨ ᠲᠡᠭᠡᠷ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠤᠨ ᠲᠤᠲᠤᠭᠠᠲᠤ ᠪᠠᠶᠢᠭᠤᠯᠤᠮᠵᠢ ᠵᠢᠴᠢ ᠬᠠᠷᠢᠶᠠᠯᠠᠭᠳᠠᠵᠦ ᠪᠦᠬᠦᠢ ᠨᠢᠭᠡᠴᠠ ᠶᠢᠨ ᠲᠤᠲᠤᠷ᠎ᠠ ᠲᠠᠷᠬᠠᠭᠠᠭᠳᠠᠭᠰᠠᠨ ᠵᠠᠰᠠᠭ ᠵᠠᠬᠢᠷᠭᠠᠨ ᠤ ᠲᠤᠷᠭᠠᠭᠤᠯᠢ ᠵᠢᠴᠢ ᠵᠠᠰᠠᠭ ᠵᠠᠬᠢᠷᠭᠠᠨ ᠤ ᠲᠤᠷᠭᠠᠭᠤᠯᠢ ᠶᠢᠨ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠪᠠᠶᠢᠴᠠᠭᠠᠯᠳᠠ᠂ ᠵᠠᠰᠠᠭ ᠵᠠᠬᠢᠷᠭᠠᠨ ᠤ ᠠᠯᠪᠠᠳᠠᠬᠤ ᠡᠬᠦᠷᠭᠡ ᠲᠤᠰᠢᠶᠠᠯ ᠢ ᠪᠦᠬᠦᠨ ᠢ ᠰᠠᠯᠭᠠᠭᠰᠠᠨ ᠢ ᠡᠮᠬᠢᠯᠠᠨ ᠨᠠᠶᠢᠯᠡᠬᠦᠯᠵᠦ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠤᠨ ᠨᠠᠷ᠎ᠠ ᠪᠠᠷ ᠬᠠᠤᠯᠢ ᠶᠢ ᠨᠢᠭᠡᠲᠤᠯᠲᠡᠢ ᠭᠡᠷᠡᠭᠵᠢᠬᠦᠯᠦᠨ᠎ᠠ᠃ ᠬᠠᠷᠢᠶ᠎ᠠ ᠲᠤᠭᠤᠷᠢᠭ ᠤᠨ ᠡᠲᠤᠷ ᠲᠤᠲᠤᠮ ᠤᠨ ᠬᠠᠤᠯᠢ ᠭᠡᠷᠡᠭᠵᠢᠬᠦᠯᠬᠦ ᠪᠠᠶᠢᠴᠠᠭᠠᠯᠳᠠ ᠪᠠ ᠡᠩ ᠤᠨ ᠭᠡᠷᠡᠭ ᠤᠨ ᠪᠠᠶᠢᠴᠠᠭᠠᠨ ᠰᠢᠢᠳᠪᠤᠷᠢᠯᠠᠬᠦ ᠡᠬᠦᠷᠭᠡ ᠲᠤᠰᠢᠶᠠᠯ ᠢ ᠡᠬᠦᠷᠭᠡᠯᠡᠨ᠎ᠠ︔ ᠬᠠᠷᠢᠶ᠎ᠠ ᠲᠤᠭᠤᠷᠢᠭ ᠤᠨ ᠰᠤᠮᠤ ᠪᠠᠯᠭᠠᠰᠤ ᠪᠠ ᠵᠡᠭᠡᠯᠢ ᠭᠤᠲᠤᠮᠵᠢ ᠶᠢᠨ ᠶᠠᠷᠤᠩᠭᠡᠶᠢᠯᠡᠭᠰᠡᠨ ᠬᠠᠤᠯᠢ ᠭᠡᠷᠡᠭᠵᠢᠬᠦᠯᠬᠦ ᠪᠠᠶᠢᠭᠤᠯᠤᠮᠵᠢ ᠢᠶᠠᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶᠠᠨ ᠳᠠᠬᠢ ᠬᠠᠤᠯᠢ ᠭᠡᠷᠡᠭᠵᠢᠬᠦᠯᠬᠦ ᠳᠤ ᠬᠢᠨᠠᠯᠳᠠ ᠲᠠᠯᠪᠢᠵᠦ ᠵᠢᠯᠤᠭᠤᠳᠬᠤ ᠶᠢ ᠬᠠᠷᠢᠭᠤᠴᠠᠨ᠎ᠠ᠃      ᠲᠦᠷᠪᠠᠨ ᠨᠡᠭᠡᠭᠡᠯᠳᠡ ᠶᠢᠨ ᠤᠷᠤᠨ᠂ ᠵᠢᠱᠢᠶ᠎ᠠ ᠦᠵᠠᠬᠦᠯᠬᠦ ᠲᠤᠭᠤᠷᠢᠭ ᠲᠤ ᠲᠠᠷᠢᠶᠠᠯᠠᠩ ᠮᠠᠯ ᠠᠵᠤ ᠠᠬᠤᠢ  ᠶᠢᠨ ᠶᠠᠷᠤᠩᠭᠡᠶᠢᠯᠡᠭᠰᠡᠨ ᠬᠠᠤᠯᠢ ᠭᠡᠷᠡᠭᠵᠢᠬᠦᠯᠬᠦ ᠪᠠᠶᠢᠭᠤᠯᠤᠮᠵᠢ ᠶᠢ ᠠᠰ ᠲᠤᠨᠢ ᠪᠠᠶᠢᠭᠤᠯᠬᠤ ᠦᠭᠡᠢ᠂ ᠡᠲᠤᠷ ᠲᠤᠲᠤᠮ  ᠤᠨ ᠬᠠᠤᠯᠢ ᠭᠡᠷᠡᠭᠵᠢᠬᠦᠯᠬᠦ ᠪᠠᠶᠢᠴᠠᠭᠠᠯᠳᠠ᠂ ᠡᠩ ᠤᠨ ᠭᠡᠷᠡᠭ ᠢ ᠪᠠᠶᠢᠴᠠᠭᠠᠨ ᠰᠢᠢᠳᠪᠤᠷᠢᠯᠠᠬᠦ ᠠᠵᠢᠯ ᠢ ᠨᠡᠭᠡᠭᠡᠯᠳᠡ  ᠶᠢᠨ ᠤᠷᠤᠨ᠂ ᠵᠢᠱᠢᠶ᠎ᠠ ᠦᠵᠡᠬᠦᠯᠬᠦ ᠲᠤᠭᠤᠷᠢᠭ ᠤᠨ ᠪᠠᠶᠢᠭᠤᠯᠤᠭᠰᠠᠨ ᠶᠠᠷᠤᠩᠭᠡᠶᠢᠯᠡᠭᠰᠡᠨ ᠬᠠᠤᠯᠢ ᠭᠡᠷᠡᠭᠵᠢᠬᠦᠯᠬᠦ ᠲᠤᠪᠴᠢᠶ᠎ᠠ ᠬᠠᠷᠢᠭᠤᠴᠠᠵᠦ᠂ ᠬᠠᠷᠢᠶᠠᠯᠠᠭᠳᠠᠬᠤ ᠭᠠᠵᠠᠷ ᠤᠨ ᠬᠢᠨ᠋ᠨᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠴᠢᠩᠭᠠᠳᠬᠠᠵᠦ᠂ ᠪᠤᠰᠤᠳ ᠬᠦᠷᠢᠶᠠᠨ ᠳᠠᠬᠢ ᠡᠬᠦᠷᠭᠡ ᠲᠤᠰᠢᠶᠠᠯ ᠤᠨ ᠭᠡᠪᠴᠢᠶᠠᠨ ᠳᠤ ᠬᠤᠯᠪᠤᠭᠳᠠᠪᠠᠯ᠂ ᠨᠡᠭᠡᠭᠡᠯᠳᠡ  ᠶᠢᠨ ᠤᠷᠤᠨ᠂ ᠵᠢᠱᠢᠶ᠎ᠠ ᠦᠵᠡᠬᠦᠯᠬᠦ ᠲᠤᠭᠤᠷᠢᠭ ᠤᠨ ᠬᠠᠮᠢᠶᠠᠷᠤᠯᠳᠠ ᠶᠢᠨ ᠵᠦᠪᠯᠠᠯ ᠪᠤᠳᠠᠲᠠᠢ ᠪᠠᠶᠢᠳᠠᠯ ᠢᠶᠠᠨ ᠦᠨᠲᠤᠰᠦᠯᠠᠨ ᠦᠪᠠᠷ ᠢᠶᠠᠨ ᠲᠤᠭᠳᠠᠭᠠᠵᠦ᠂ ᠲᠠᠷᠢᠶᠠᠯᠠᠩ ᠮᠠᠯ ᠠᠵᠤ ᠠᠬᠤᠢ ᠶᠢᠨ ᠬᠠᠮᠢᠶ᠎ᠠ ᠪᠦᠬᠦᠢ ᠠᠵᠢᠯ ᠢᠶᠠᠨ ᠬᠤᠰᠢᠭᠤᠨ ᠤ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠲᠠᠢ ᠬᠠᠮᠵᠢᠯᠴᠠᠭ᠎ᠠ ᠪᠠᠨ ᠴᠢᠩᠭᠠᠳᠬᠠᠨ᠎ᠠ᠃ ᠬᠢᠨᠠᠯᠳᠠ ᠲᠠᠯᠪᠢᠵᠦ ᠵᠢᠯᠤᠭᠤᠳᠬᠤ ᠠᠵᠢᠯ ᠢ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠶᠡᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠰᠠᠯᠪᠤᠷᠢ ᠠᠩᠬᠢ ᠬᠠᠷᠢᠭᠤᠴᠠᠨ᠎ᠠ᠃      ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠠ ᠭᠡᠪᠴᠢᠶ᠎ᠠ ᠶᠢ ᠰᠤᠮᠤ ᠪᠠᠯᠭᠠᠰᠤᠨ ᠤ ᠡᠯ᠎ᠠ ᠲᠦᠷᠦᠯ ᠤᠨ ᠦᠷᠳᠡᠭᠡ ᠳᠤ ᠪᠠᠶᠢᠭᠤᠯᠵᠦ᠂ ᠠᠯᠬᠤᠮ ᠠᠯᠬᠤᠮ ᠢᠶᠠᠷ ᠰᠤᠮᠤ ᠪᠠᠯᠭᠠᠰᠤ᠂ ᠵᠡᠭᠡᠯᠢ ᠭᠤᠲᠤᠮᠵᠢ ᠶᠢᠨ ᠬᠤᠯᠪᠤᠭᠳᠠᠯ ᠪᠦᠬᠦᠢ ᠪᠠᠶᠢᠭᠤᠯᠤᠮᠵᠢ ᠶᠢ ᠡᠮᠬᠢᠯᠠᠨ ᠨᠠᠶᠢᠯᠡᠬᠦᠯᠵᠦ᠂ ᠬᠠᠤᠯᠢ ᠭᠡᠷᠡᠭᠵᠢᠬᠦᠯᠬᠦ ᠠᠵᠢᠯ ᠢ ᠰᠤᠮᠤ ᠪᠠᠯᠭᠠᠰᠤ᠂ ᠵᠡᠭᠡᠯᠢ ᠭᠤᠲᠤᠮᠵᠢ ᠶᠢᠨ ᠪᠠᠶᠢᠭᠤᠯᠤᠭᠰᠠᠨ ᠶᠠᠷᠤᠩᠭᠡᠶᠢᠯᠡᠭᠰᠡᠨ ᠬᠠᠤᠯᠢ ᠭᠡᠷᠡᠭᠵᠢᠬᠦᠯᠬᠦ ᠪᠠᠶᠢᠭᠤᠯᠤᠮᠵᠢ ᠠᠴᠠ ᠡᠬᠦᠷᠭᠡᠯᠡᠵᠦ᠂ ᠰᠤᠮᠤ ᠪᠠᠯᠭᠠᠰᠤ ᠪᠠ ᠵᠡᠭᠡᠯᠢ ᠭᠤᠲᠤᠮᠵᠢ ᠶᠢᠨ ᠨᠠᠷ᠎ᠠ ᠪᠠᠷ ᠬᠠᠤᠯᠢ ᠭᠡᠷᠡᠭᠵᠢᠬᠦᠯᠬᠦ ᠠᠵᠢᠯ ᠢ ᠦᠷᠨᠢᠬᠦᠯᠪᠠᠯ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠡᠷᠭᠡ ᠶᠢᠨ ᠤᠴᠢᠷ ᠵᠦᠢᠯ ᠢ ᠬᠠᠤᠯᠢ ᠳᠤ ᠲᠤᠭᠳᠠᠭᠠᠭᠰᠠᠨ ᠲᠡᠰ ᠲᠡᠷᠠᠭᠠᠯᠠᠯ ᠪᠠ ᠱᠠᠭᠠᠷᠳᠠᠯᠭ᠎ᠠ ᠶᠤᠰᠤᠭᠠᠷ ᠬᠦᠢᠴᠡᠳᠭᠡᠵᠦ᠂ ᠦᠨᠲᠤᠰᠤᠨ ᠱᠠᠲᠤᠨ ᠤ ᠨᠢᠭᠡᠨ ᠰᠠᠯᠠᠭ᠎ᠠ ᠠᠩᠬᠢ ᠶᠢ ᠪᠤᠢ ᠪᠤᠯᠭᠠᠨ ᠬᠠᠤᠯᠢ ᠭᠡᠷᠡᠭᠵᠢᠬᠦᠯᠦᠯᠳᠡ ᠶᠢ ᠬᠠᠮᠢᠶᠠᠷᠤᠨ᠎ᠠ᠃ ᠰᠢᠶᠠᠩ ᠪᠠᠯᠭᠠᠰᠤ ᠶᠢᠨ ᠶᠠᠷᠤᠩᠭᠡᠶᠢᠯᠡᠭᠰᠡᠨ ᠬᠠᠤᠯᠢ ᠭᠡᠷᠡᠭᠵᠢᠬᠦᠯᠬᠦ ᠬᠢᠭᠡᠳ ᠬᠤᠰᠢᠭᠤ ᠰᠢᠶᠠᠨ ᠤ ᠱᠠᠲᠤᠨ ᠤ ᠲᠤᠰᠬᠠᠢ ᠬᠠᠤᠯᠢ ᠭᠡᠷᠡᠭᠵᠢᠬᠦᠯᠬᠦ ᠶᠢ ᠬᠠᠮᠵᠢᠯᠴᠠᠭᠤᠯᠬᠤ ᠲᠤᠭᠳᠠᠴᠠ ᠶᠢ ᠪᠠᠶᠢᠭᠤᠯᠵᠦ ᠤᠯᠠᠨ ᠰᠠᠯᠠᠭ᠎ᠠ ᠮᠦᠴᠢᠷ ᠲᠠᠢ ᠬᠠᠮᠲᠤᠷᠠᠨ ᠰᠢᠢᠳᠪᠤᠷᠢᠯᠠᠬᠦ ᠤᠴᠢᠷ ᠵᠦᠢᠯ ᠤᠨ ᠵᠤᠬᠢᠴᠠᠭᠤᠯᠤᠨ ᠬᠠᠮᠵᠢᠯᠴᠠᠵᠦ ᠰᠢᠮᠳᠠᠭᠤᠯᠤᠨ ᠬᠦᠢᠴᠡᠳᠭᠡᠬᠦ ᠲᠤᠭᠳᠠᠴᠠ ᠶᠢ ᠪᠠᠶᠢᠭᠤᠯᠤᠨ᠎ᠠ᠃      ᠲᠡᠭᠡᠲᠤ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠬᠠᠤᠯᠢ ᠭᠡᠷᠡᠭᠵᠢᠬᠦᠯᠬᠦ ᠪᠠᠶᠢᠭᠤᠯᠤᠮᠵᠢ ᠨᠢ ᠪᠤᠳᠠᠲᠠᠢ ᠭᠡᠷᠡᠭ ᠤᠴᠢᠷ ᠢᠶᠠᠨ ᠲᠤᠤᠷ᠎ᠠ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠪᠠᠶᠢᠭᠤᠯᠤᠮᠵᠢ ᠳᠤ ᠬᠠᠮᠢᠶᠠᠷᠤᠭᠤᠯᠬᠤ ᠶᠢ ᠵᠢᠭᠠᠨ ᠲᠤᠭᠳᠠᠭᠠᠵᠦ᠂ ᠴᠢᠬᠤᠯᠨ ᠲᠠᠢ ᠦᠶ᠎ᠠ ᠳᠤ ᠲᠤᠤᠷ᠎ᠠ ᠱᠠᠲᠤᠨ ᠤ ᠬᠠᠷᠢᠶ᠎ᠠ ᠳᠤ ᠬᠠᠮᠢᠶᠠᠷᠤᠭᠳᠠᠬᠤ ᠭᠡᠷᠡᠭ ᠤᠴᠢᠷ ᠢ ᠬᠠᠮᠢᠶᠠᠷᠴᠦ ᠪᠤᠯᠤᠨ᠎ᠠ᠂ ᠲᠤᠤᠷ᠎ᠠ ᠱᠠᠲᠤᠨ ᠤ ᠬᠠᠤᠯᠢ ᠭᠡᠷᠡᠭᠵᠢᠬᠦᠯᠦᠯᠳᠡ ᠨᠢ ᠬᠠᠤᠯᠢ ᠠᠴᠠ ᠵᠦᠷᠢᠴᠡᠭᠰᠡᠨ᠂ ᠬᠠᠤᠯᠢ ᠭᠡᠷᠡᠭᠵᠢᠬᠦᠯᠦᠯᠳᠡ ᠨᠢ ᠵᠤᠬᠢᠰ ᠦᠭᠡᠢ ᠪᠤᠶᠤ ᠬᠠᠤᠯᠢ  ᠳᠤ ᠲᠤᠭᠳᠠᠭᠠᠭᠰᠠᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ ᠦᠭᠡᠢ ᠪᠤᠯ ᠵᠠᠷᠯᠢᠭ ᠪᠠᠭᠤᠯᠭᠠᠵᠦ ᠵᠠᠯᠠᠷᠠᠭᠤᠯᠬᠤ ᠪᠤᠶᠤ ᠰᠢᠭᠤᠳ ᠵᠠᠯᠠᠷᠠᠭᠤᠯᠤᠨ᠎ᠠ᠃      ︵ᠭᠤᠷᠪᠠ︶ ᠬᠠᠤᠯᠢ ᠭᠡᠷᠡᠭᠵᠢᠬᠦᠯᠬᠦ ᠠᠵᠢᠯᠯᠠᠭ᠎ᠠ ᠶᠢ ᠲᠦᠷᠢᠮᠵᠢᠬᠦᠯᠦᠨ᠎ᠠ      ᠬᠠᠤᠯᠢ ᠭᠡᠷᠡᠭᠵᠢᠬᠦᠯᠬᠦ ᠠᠵᠢᠯᠳᠠᠨ ᠤ ᠦᠨᠠᠮᠯᠠᠯ ᠲᠠᠢ ᠪᠠᠷ ᠠᠵᠢᠯ ᠤᠨ ᠪᠠᠶᠢᠷᠢᠨ ᠳᠤ ᠭᠠᠷᠬᠤ ᠪᠠ ᠬᠢᠷᠢ ᠭᠡᠮ  ᠤᠨ ᠬᠠᠮᠢᠶᠠᠷᠤᠯᠳᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠬᠠᠤᠯᠢ ᠭᠡᠷᠡᠭᠵᠢᠬᠦᠯᠬᠦ ᠦᠨᠡᠮᠯᠠᠯ ᠦᠭᠡᠢ ᠪᠤᠯ ᠬᠠᠤᠯᠢ ᠭᠡᠷᠡᠭᠵᠢᠬᠦᠯᠬᠦ ᠠᠵᠢᠯᠯᠠᠭ᠎ᠠ ᠳᠤ ᠤᠷᠤᠯᠴᠠᠵᠦ ᠪᠤᠯᠬᠤ ᠦᠭᠡᠢ᠃ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠦᠯᠳᠡ ᠶᠢᠨ ᠦᠭᠡᠷᠡᠴᠢᠯᠠᠯᠳᠠ ᠶᠢᠨ ᠲᠠᠷᠠᠭ᠎ᠠ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠤᠨ ᠤᠤᠯ ᠤᠨ ᠲᠤᠲᠤᠭᠠᠲᠤ ᠪᠠᠶᠢᠭᠤᠯᠤᠮᠵᠢ ᠵᠢᠴᠢ ᠠᠯᠢᠪᠠ ᠬᠠᠷᠢᠶᠠᠯᠠᠭᠳᠠᠬᠤ ᠪᠠᠶᠢᠭᠤᠯᠤᠮᠵᠢ ᠨᠢ ᠲᠠᠷᠢᠶᠠᠯᠠᠩ ᠮᠠᠯ ᠠᠵᠤ ᠠᠬᠤᠢ ᠶᠢᠨ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠪᠠᠶᠢᠭᠤᠯᠤᠮᠵᠢ ᠶᠢᠨ ᠨᠢᠭᠡᠲᠣᠯᠲᠡᠢ ᠭᠡᠷᠡᠭᠵᠢᠬᠦᠯᠬᠦ ᠵᠠᠰᠠᠭ ᠵᠠᠬᠢᠷᠭᠠᠨ ᠤ ᠲᠤᠷᠭᠠᠭᠤᠯᠢ ᠶᠢᠨ ᠡᠷᠭᠡ ᠶᠢ ᠭᠡᠷᠡᠭᠵᠢᠬᠦᠯᠵᠦ ᠪᠤᠯᠬᠤ ᠦᠭᠡᠢ᠂ ᠦᠷᠬᠦᠯᠵᠢᠯᠠᠨ ᠭᠡᠷᠡᠭᠵᠢᠬᠦᠯᠪᠠᠯ᠂ ᠠᠯᠢᠪᠠ ᠭᠡᠷᠡᠭᠵᠢᠬᠦᠯᠦᠭᠰᠡᠨ ᠵᠠᠰᠠᠭ ᠵᠠᠬᠢᠷᠭᠠᠨ ᠤ ᠲᠤᠷᠭᠠᠭᠤᠯᠢ ᠶᠢ ᠦᠭᠡᠶᠢᠰᠭᠡᠨ᠎ᠠ᠃ ᠡᠯ᠎ᠠ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠪᠠᠶᠢᠭᠤᠯᠤᠮᠵᠢ ᠨᠢ ᠬᠠᠤᠯᠢ  ᠳᠤ ᠲᠤᠭᠳᠠᠭᠠᠭᠰᠠᠨ ᠡᠬᠦᠷᠭᠡ ᠲᠤᠰᠢᠶᠠᠯ ᠢ ᠴᠢᠩᠭ᠎ᠠ ᠭᠡᠷᠡᠭᠵᠢᠬᠦᠯᠵᠦ᠂ ᠬᠠᠤᠯᠢ ᠶᠤᠰᠤᠭᠠᠷ ᠵᠠᠰᠠᠭ ᠵᠠᠬᠢᠷᠭᠠᠴᠢᠯᠠᠬᠤ᠂ ᠠᠷᠠᠳ ᠤᠨ ᠲᠦᠯᠦᠭᠡ ᠬᠠᠤᠯᠢ ᠭᠡᠷᠡᠭᠵᠢᠬᠦᠯᠬᠦ ᠦᠵᠨᠯ ᠰᠠᠨᠠᠭ᠎ᠠ ᠶᠢ ᠪᠠᠲᠤ ᠪᠠᠬᠢ ᠪᠤᠢ ᠪᠤᠯᠭᠠᠵᠦ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠠ ᠭᠡᠪᠴᠢᠶᠠᠨ ᠤ ᠡᠯ᠎ᠠ ᠲᠦᠷᠦᠯ ᠤᠨ ᠬᠠᠤᠯᠢ ᠴᠠᠭᠠᠵᠠ ᠬᠠᠤᠯᠢ ᠲᠦᠷᠢᠮ ᠢ ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠴᠢᠩᠭ᠎ᠠ ᠰᠢᠳᠭᠡᠵᠦ᠂ ᠪᠦᠬᠦ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠠᠶᠤᠯᠬᠦᠢ ᠦᠢᠯᠡᠳᠪᠤᠷᠢᠯᠠᠯ ᠪᠠ ᠤᠨ ᠠᠰᠢᠭ ᠰᠢᠮ᠎ᠠ ᠲᠠᠷᠢᠶᠠᠯᠠᠩ ᠤᠨ ᠪᠦᠲᠣᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠳᠤ ᠴᠢᠩᠭ᠎ᠠ ᠬᠦᠴᠦᠨ ᠲᠠᠢ ᠬᠠᠤᠯᠢ ᠪᠠᠷ ᠵᠠᠰᠠᠬᠤ ᠪᠠᠲᠤᠯᠠᠭ᠎ᠠ ᠶᠢ ᠬᠠᠩᠭᠠᠵᠦ ᠦᠭᠬᠦᠨ᠎ᠠ  ᠃      ︵ᠲᠦᠷᠪᠠ︶ ᠬᠠᠤᠯᠢ ᠭᠡᠷᠡᠭᠵᠢᠬᠦᠯᠬᠦ ᠤᠴᠢᠷ ᠵᠦᠢᠯ ᠢ ᠲᠦᠷᠢᠮᠵᠢᠬᠦᠯᠦᠨ᠎ᠠ      ᠬᠠᠤᠯᠢ ᠭᠡᠷᠡᠭᠵᠢᠬᠦᠯᠬᠦ ᠪᠠᠷᠢᠮᠵᠢᠶᠠᠯᠠᠭᠰᠠᠨ ᠪᠦᠲᠤᠭᠡᠨ ᠪᠠᠶᠢᠭᠤᠯᠤᠯᠳᠠ ᠶᠢ ᠴᠢᠩᠭᠠᠳᠬᠠᠵᠦ᠂ ᠬᠠᠤᠯᠢ ᠭᠡᠷᠡᠭᠵᠢᠬᠦᠯᠬᠦ ᠤᠴᠢᠷ ᠵᠦᠢᠯ ᠤᠨ ᠨᠠᠷᠢᠨ ᠵᠦᠢᠯᠡᠰ ᠤᠨ ᠬᠠᠮᠢᠶᠠᠷᠤᠯᠳᠠ ᠶᠢᠨ ᠲᠦᠷᠢᠮ ᠢ ᠭᠡᠷᠡᠭᠵᠢᠬᠦᠯᠵᠦ᠂ ᠲᠡᠷᠡᠴᠢᠯᠠᠨ ᠬᠠᠤᠯᠢ ᠶᠤᠰᠤᠭᠠᠷ ᠴᠠᠭ ᠲᠤᠬᠠᠢ ᠳᠤᠨᠢ ᠬᠦᠳᠡᠯᠤᠩᠬᠦᠢ ᠪᠠᠷ ᠲᠤᠬᠢᠷᠠᠭᠤᠯᠤᠨ᠎ᠠ᠃ ᠲᠤᠷᠭᠠᠭᠤᠯᠢ ᠲᠤᠰᠢᠶᠠᠭᠰᠠᠨ ᠵᠤᠭᠤᠰ ᠢ ᠰᠠᠯᠭᠠᠬᠤ ᠪᠠ ᠤᠷᠤᠯᠭ᠎ᠠ ᠵᠠᠷᠤᠯᠭ᠎ᠠ ᠶᠢᠨ ᠬᠤᠶᠠᠷ ᠱᠤᠭᠤᠮ ᠤᠨ ᠬᠠᠮᠢᠶᠠᠷᠤᠯᠳᠠ ᠶᠢᠨ ᠲᠦᠷᠢᠮ ᠢ ᠴᠢᠩᠭ᠎ᠠ ᠭᠡᠷᠡᠭᠵᠢᠬᠦᠯᠦᠨ᠎ᠠ᠃ ᠲᠠᠷᠢᠶᠠᠯᠠᠩ ᠮᠠᠯ ᠠᠵᠤ ᠠᠬᠤᠢ ᠶᠢᠨ ᠶᠠᠷᠤᠩᠭᠡᠶᠢᠯᠡᠭᠰᠡᠨ ᠵᠠᠰᠠᠭ ᠵᠠᠬᠢᠷᠭᠠᠨ  ᠤ ᠬᠠᠤᠯᠢ ᠭᠡᠷᠡᠭᠵᠢᠬᠦᠯᠬᠦ ᠮᠡᠳᠡᠭᠡ ᠵᠠᠩᠬᠢ ᠶᠢᠨ ᠲᠠᠪᠴᠠᠩ ᠤᠨ ᠪᠠᠶᠢᠭᠤᠯᠤᠯᠳᠠ ᠶᠢ ᠪᠦᠷᠢᠨᠰᠢᠬᠦᠯᠦᠨ ᠲᠡᠬᠦᠯᠳᠡᠷᠵᠢᠬᠦᠯᠬᠦ  ᠶᠢ ᠲᠦᠷᠭᠡᠳᠭᠡᠨ᠂ ᠮᠡᠳᠡᠭᠡ ᠵᠠᠩᠬᠢ ᠪᠠᠨ ᠬᠠᠮᠲᠤ ᠪᠠᠷ ᠬᠤᠪᠢᠶᠠᠯᠴᠠᠬᠤ ᠶᠢ ᠪᠠᠶᠠᠯᠡᠬᠦᠯᠵᠦ᠂ ︽ᠢᠨᠲ᠋ᠧᠷᠨᠧᠲ  + ᠬᠠᠤᠯᠢ ᠭᠡᠷᠡᠭᠵᠢᠬᠦᠯᠬᠦ︾ ᠶᠢ ᠲᠦᠯᠬᠢᠨ ᠠᠬᠢᠭᠤᠯᠵᠦ᠂ ᠬᠠᠤᠯᠢ ᠭᠡᠷᠡᠭᠵᠢᠬᠦᠯᠬᠦ ᠠᠷᠭ᠎ᠠ ᠭᠡᠯᠪᠠᠷᠢ ᠶᠢ ᠰᠢᠯᠢᠳᠡᠭᠵᠢᠬᠦᠯᠤᠨ ᠰᠠᠶᠢᠵᠢᠷᠠᠭᠤᠯᠵᠦ᠂ ᠬᠠᠤᠯᠢ ᠭᠡᠷᠡᠭᠵᠢᠬᠦᠯᠬᠦ ᠦᠷ᠎ᠠ ᠪᠦᠲᠤᠮᠵᠢ ᠶᠢ ᠲᠡᠭᠡᠭᠰᠢᠯᠡᠬᠦᠯᠦᠨ᠎ᠠ᠃ ︽ᠬᠤᠶᠠᠷ ᠢ ᠰᠤᠭᠤᠴᠢᠨ ᠪᠠᠶᠢᠴᠠᠭᠠᠬᠤ᠂ ᠨᠢᠭᠡ ᠶᠢ ᠢᠯᠨ ᠪᠤᠯᠭᠠᠬᠤ︾ ᠬᠢᠨᠠᠯᠳᠠ ᠬᠠᠮᠢᠶᠠᠷᠤᠯᠳᠠ ᠪᠠᠷ ᠦᠨᠲᠤᠰᠤᠨ ᠠᠷᠭ᠎ᠠ ᠪᠠᠷᠢᠯ ᠪᠤᠯᠭᠠᠬᠤ᠂ ᠭᠤᠤᠯᠳᠠᠯᠭ᠎ᠠ ᠲᠠᠢ ᠬᠢᠨᠠᠯᠳᠠ ᠬᠠᠮᠢᠶᠠᠷᠤᠯᠳᠠ ᠪᠠᠷ ᠨᠦᠬᠦᠪᠤᠷᠢᠯᠠᠬᠦ᠂ ᠢᠳᠡᠭᠡᠮᠵᠢᠲᠤ ᠬᠢᠨᠠᠯᠳᠠ ᠬᠠᠮᠢᠶᠠᠷᠤᠯᠳᠠ ᠪᠠᠷ ᠰᠠᠭᠤᠷᠢ ᠪᠤᠯᠭᠠᠭᠰᠠᠨ ᠰᠢᠨ᠎ᠠ ᠭᠡᠯᠪᠠᠷᠢ ᠶᠢᠨ ᠬᠢᠨᠠᠯᠳᠠ ᠬᠠᠮᠢᠶᠠᠷᠤᠯᠳᠠ ᠶᠢᠨ ᠲᠤᠭᠳᠠᠴᠠ ᠶᠢ ᠪᠦᠷᠢᠨᠰᠢᠬᠦᠯᠵᠦ᠂ ᠢᠳᠡᠭᠡᠯ ᠠᠯᠳᠠᠬᠤ ᠶᠢ ᠬᠠᠮᠲᠤᠷᠠᠨ ᠵᠠᠯᠬᠠᠭᠠᠨ ᠴᠡᠭᠡᠷᠯᠠᠬᠦᠯᠬᠦ ᠲᠦᠷᠢᠮ ᠢ ᠪᠠᠶᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠲᠡᠰ ᠲᠠᠷᠠᠭᠠᠯᠠᠯ ᠢ ᠲᠡᠬᠦᠯᠳᠡᠷᠵᠢᠬᠦᠯᠵᠦ᠂ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠦᠯᠳᠡ ᠶᠢᠨ ᠨᠠᠶᠢᠳᠡᠯᠡᠬᠦ ᠲᠦᠷᠢᠮ᠂ ᠬᠠᠤᠯᠢ ᠭᠡᠷᠡᠭᠵᠢᠬᠦᠯᠤᠯᠳᠠ ᠶᠢᠨ ᠪᠦᠬᠦ ᠶᠠᠪᠤᠴᠠ ᠶᠢ ᠲᠡᠮᠳᠡᠭᠯᠡᠬᠦ ᠲᠦᠷᠢᠮ᠂ ᠴᠢᠬᠤᠯᠨ ᠶᠡᠭᠡ ᠬᠠᠤᠯᠢ ᠭᠡᠷᠡᠭᠵᠢᠬᠦᠯᠬᠦ ᠲᠤᠭᠳᠠᠭᠠᠯ ᠤᠨ ᠬᠠᠤᠯᠢ ᠲᠦᠷᠢᠮ ᠤᠨ ᠬᠢᠨ᠋ᠨᠨ ᠬᠠᠷᠭᠤᠭᠤᠯᠬᠤ ᠲᠦᠷᠢᠮ ᠢ ᠶᠠᠪᠤᠭᠳᠠᠭᠤᠯᠵᠦ᠂ ᠬᠠᠤᠯᠢ ᠭᠡᠷᠡᠭᠵᠢᠬᠦᠯᠦᠯᠳᠡ ᠳᠤ ᠬᠢᠨᠠᠯᠳᠠ ᠲᠡᠯᠪᠢᠬᠤ ᠶᠢ ᠴᠢᠩᠭᠠᠳᠬᠠᠵᠦ᠂ ᠲᠤᠲᠤᠭᠠᠲᠤ ᠶᠢᠨ᠂ ᠱᠠᠲᠤ ᠲᠠᠪᠬᠤᠷᠭ᠎ᠠ ᠶᠢᠨ ᠪᠠ ᠭᠠᠳᠠᠨ᠎ᠠ ᠠᠴᠠ ᠬᠢᠨᠠᠯᠳᠠ ᠲᠠᠯᠪᠢᠬᠤ ᠲᠤᠭᠳᠠᠴᠠ ᠶᠢ ᠲᠡᠬᠦᠯᠳᠡᠷᠵᠢᠬᠦᠯᠵᠦ᠂ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠬᠢᠭᠡᠳ ᠡᠷᠡᠬᠦᠦ ᠶᠢᠨ ᠭᠡᠷᠡᠭ ᠤᠨ ᠬᠠᠤᠯᠢ ᠴᠠᠭᠠᠵᠠ  ᠶᠢᠨ ᠵᠠᠯᠭᠠᠯᠲᠤᠬᠤ ᠲᠤᠭᠳᠠᠴᠠ ᠶᠢ ᠪᠦᠷᠢᠨᠰᠢᠬᠦᠯᠦᠨ᠎ᠠ᠃      ︵ᠲᠠᠪᠤ︶ ᠬᠠᠤᠯᠢ ᠭᠡᠷᠡᠭᠵᠢᠬᠦᠯᠬᠦ ᠪᠠᠲᠤᠯᠠᠭ᠎ᠠ ᠶᠢ ᠴᠢᠩᠭᠠᠳᠬᠠᠨ᠎ᠠ      ᠲᠠᠷᠢᠶᠠᠯᠠᠩ ᠮᠠᠯ ᠠᠵᠤ ᠠᠬᠤᠢ ᠶᠢᠨ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠠᠵᠢᠯᠯᠠᠭᠠᠨ ᠤ ᠵᠠᠷᠤᠳᠠᠯ᠂ ᠬᠠᠤᠯᠢ ᠭᠡᠷᠡᠭᠵᠢᠬᠦᠯᠬᠦ ᠲᠤᠨᠤᠭ ᠲᠦᠬᠦᠭᠡᠷᠤᠮᠵᠢ ᠶᠢᠨ ᠪᠠᠶᠢᠭᠤᠯᠤᠯᠳᠠ ᠶᠢᠨ ᠵᠠᠷᠤᠳᠠᠯ᠂ ᠬᠤᠤᠷ ᠬᠦᠨᠦᠭᠡᠯ ᠲᠠᠢ ᠡᠳ᠋ ᠪᠤᠳᠠᠰ ᠢ ᠲᠤᠷᠭᠠᠨ ᠬᠤᠷᠢᠶᠠᠵᠦ ᠰᠢᠢᠳᠪᠤᠷᠢᠯᠠᠨ ᠲᠤᠬᠢᠷᠠᠭᠤᠯᠬᠤ ᠵᠠᠷᠤᠳᠠᠯ ᠵᠡᠷᠭᠡ ᠶᠢ ᠠᠳᠠᠯᠢ ᠱᠠᠲᠤᠨ ᠤ ᠡᠳ᠋ ᠤᠨ  ᠵᠠᠰᠠᠭ ᠤᠨ ᠲᠦᠰᠦᠪ ᠲᠤ ᠤᠷᠤᠭᠤᠯᠵᠦ᠂ ᠡᠯ᠎ᠠ ᠱᠠᠲᠤᠨ ᠤ ᠡᠳ᠋ ᠤᠨ ᠵᠠᠰᠠᠭ ᠠᠴᠠ ᠬᠤᠯᠪᠤᠭᠳᠠᠯ ᠪᠦᠬᠦᠢ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠵᠦ᠂ ᠬᠠᠤᠯᠢ ᠭᠡᠷᠡᠭᠵᠢᠬᠦᠯᠬᠦ ᠠᠵᠢᠯ ᠤᠨ ᠭᠡᠷᠡᠭᠴᠡᠭᠡ ᠱᠠᠭᠠᠷᠳᠠᠯᠭ᠎ᠠ ᠶᠢᠨ ᠬᠠᠩᠭᠠᠯᠳᠠ ᠶᠢ ᠦᠨ᠋ᠨᠨᠬᠦ ᠪᠠᠲᠤᠯᠠᠨ᠎ᠠ᠃  ᠬᠠᠮᠢᠶ᠎ᠠ ᠪᠦᠬᠦᠢ ᠬᠠᠤᠯᠢ ᠭᠡᠷᠡᠭᠵᠢᠬᠦᠯᠬᠦ ᠲᠦᠷᠢᠮᠵᠢᠲᠤ ᠬᠤᠪᠴᠠᠰᠤ ᠪᠠ ᠢᠯᠡᠷᠭᠡᠶᠢᠯᠠᠯ ᠵᠢᠴᠢ ᠬᠠᠤᠯᠢ ᠭᠡᠷᠡᠭᠵᠢᠬᠦᠯᠬᠦ ᠳᠤ ᠭᠡᠷᠡᠭᠯᠡᠬᠦ ᠵᠢᠵᠢᠬᠦᠷ ᠤᠨ ᠲᠡᠷᠭᠡ ᠤᠨᠤᠭ᠎ᠠ ᠲᠤᠨᠤᠭ ᠲᠦᠬᠦᠭᠡᠷᠤᠮᠵᠢ ᠶᠢ ᠲᠦᠪ ᠬᠤᠷᠢᠶ᠎ᠠ᠂ ᠦᠪᠠᠷᠳᠡᠭᠡᠨ ᠵᠠᠰᠠᠬᠤ ᠤᠷᠤᠨ ᠤ ᠨᠢᠭᠡᠲᠤᠯᠲᠡᠢ ᠲᠤᠭᠳᠠᠭᠠᠯ ᠶᠤᠰᠤᠭᠠᠷ ᠭᠡᠷᠡᠭᠵᠢᠬᠦᠯᠦᠨ᠎ᠠ᠃ ᠬᠠᠤᠯᠢ ᠭᠡᠷᠡᠭᠵᠢᠬᠦᠯᠬᠦ ᠠᠵᠢᠯᠳᠠᠨ ᠤ ᠠᠵᠢᠯ ᠮᠠᠷᠭᠡᠵᠢᠯ ᠤᠨ ᠪᠠᠲᠤᠯᠠᠭ᠎ᠠ ᠶᠢ ᠴᠢᠩᠭᠠᠳᠬᠠᠵᠦ᠂ ᠲᠠᠷᠢᠶᠠᠯᠠᠩ ᠮᠠᠯ ᠠᠵᠤ ᠠᠬᠤᠢ ᠶᠢᠨ ᠬᠤᠤᠷ ᠬᠦᠨᠦᠭᠡᠯ ᠪᠠ ᠠᠮᠢᠳᠠᠨ ᠤ ᠡᠷᠡᠬᠦᠯ ᠬᠠᠮᠠᠭᠠᠯᠠᠯ ᠤᠨ ᠠᠵᠢᠯ ᠤᠨ ᠨᠦᠬᠦᠪᠤᠷᠢ ᠮᠦᠩᠬᠦ ᠶᠢ  ᠡᠳ᠋ᠯᠠᠵᠦ᠂ ᠬᠦᠮᠦᠨ ᠤ ᠪᠠᠶ᠎ᠠ ᠶᠢᠨ ᠰᠠᠨᠠᠭᠠᠨ ᠳᠤ ᠦᠭᠡᠢ ᠭᠡᠨᠡᠲᠤᠯ ᠤᠨ ᠲᠠᠭᠠᠳᠬᠠᠯ ᠢ ᠬᠤᠳᠠᠯᠲᠤᠨ ᠠᠪᠬᠤ ᠵᠡᠷᠭᠡ ᠠᠷᠭ᠎ᠠ ᠮᠠᠶ᠋ᠢᠭ ᠢ ᠬᠠᠶᠢᠨ ᠰᠦᠪᠡᠭᠴᠢᠯᠡᠬᠦ ᠪᠠᠷ ᠲᠠᠮᠵᠢᠭᠤᠯᠵᠦ ᠠᠵᠢᠯ ᠤᠨ ᠡᠮᠤᠨ᠎ᠠ ᠹᠷᠤᠨᠲ ᠲᠡᠭᠡᠷ᠎ᠠ ᠪᠠᠶᠢᠭ᠎ᠠ ᠬᠠᠤᠯᠢ ᠭᠡᠷᠡᠭᠵᠢᠬᠦᠯᠬᠦ ᠠᠵᠢᠯᠳᠠᠨ ᠤ ᠠᠵᠢᠯ ᠮᠡᠷᠭᠡᠵᠢᠯ ᠤᠨ ᠭᠡᠨᠡᠲᠤᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠠ᠃ ᠠᠬᠠᠮᠠᠳ ᠠᠵᠢᠯᠳᠠᠨ ᠳᠤ ᠤᠤᠯ ᠤᠨ ᠠᠷᠭ᠎ᠠ᠂ ᠵᠠᠯᠠᠭᠤᠴᠤᠳ ᠲᠤ ᠰᠢᠨ᠎ᠡ ᠠᠷᠭ᠎ᠠ ᠠᠪᠬᠤ ᠵᠠᠷᠴᠢᠮ ᠶᠤᠰᠤᠭᠠᠷ᠂ ᠺᠠᠳ᠋ᠷ ᠠᠵᠢᠯᠳᠠᠨ ᠠᠵᠢᠯᠴᠢᠨ ᠤ ᠠᠵᠢᠯ ᠪᠠ ᠴᠠᠯᠢᠩ ᠤᠯᠭᠤᠮᠵᠢ ᠶᠢ ᠵᠤᠬᠢᠰᠲᠡᠢ ᠲᠤᠬᠢᠷᠠᠭᠤᠯᠵᠦ᠂ ᠲᠤᠰᠬᠠᠢ ᠮᠠᠷᠭᠡᠵᠢᠯ ᠤᠨ ᠴᠢᠳᠠᠪᠤᠷᠢᠳᠠᠨ ᠢ ᠤᠷᠤᠭᠤᠯᠵᠦ ᠴᠢᠳᠠᠬᠤ ᠪᠠ ᠦᠯᠡᠳᠡᠭᠡᠵᠦ ᠴᠢᠳᠠᠬᠤ ᠪᠤᠯᠭᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠤᠨ ᠲᠤᠲᠤᠷ᠎ᠠ ᠪᠠᠨ ᠠᠵᠢᠯ ᠤᠨ ᠬᠤᠪᠢᠶᠠᠷᠢᠯᠠᠯ  ᠢᠶᠠᠨ ᠵᠤᠬᠢᠴᠠᠭᠤᠯᠤᠨ ᠬᠠᠮᠵᠢᠯᠴᠠᠬᠤ ᠲᠤᠭᠳᠠᠴᠠ ᠶᠢ ᠪᠠᠶᠢᠭᠤᠯᠵᠦ᠂ ᠶᠠᠷᠤᠩᠭᠡᠶᠢᠯᠡᠭᠰᠡᠨ ᠬᠠᠤᠯᠢ ᠭᠡᠷᠡᠭᠵᠢᠬᠦᠯᠬᠦ ᠠᠩᠬᠢ ᠬᠢᠭᠡᠳ ᠠᠵᠢᠯ ᠲᠦᠷᠦᠯ ᠤᠨ ᠬᠠᠮᠢᠶᠠᠷᠤᠯᠳᠠ᠂ ᠮᠠᠷᠭᠡᠵᠢᠯ ᠤᠨ ᠲᠡᠯᠭᠡᠷᠡᠬᠦᠯᠦᠯᠳᠡ᠂ ᠪᠠᠶᠢᠴᠠᠭᠠᠨ ᠰᠢᠯᠭᠠᠵᠦ ᠪᠠᠶᠢᠴᠠᠭᠠᠨ ᠭᠡᠮᠵᠢᠬᠦ ᠵᠡᠷᠭᠡ ᠪᠤᠰᠤᠳ ᠪᠠᠶᠢᠭᠤᠯᠤᠮᠵᠢ ᠲᠠᠢ ᠬᠠᠮᠵᠢᠯᠴᠠᠨ ᠠᠵᠢᠯᠯᠠᠬᠤ ᠶᠢ ᠴᠢᠩᠭᠠᠳᠬᠠᠵᠦ᠂ ᠦᠪᠠᠷ ᠦᠪᠠᠷ ᠤᠨ ᠢᠶᠠᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠦ᠂ ᠠᠵᠢᠯ ᠤᠨ  ᠬᠠᠮᠲᠤᠷᠠᠯ ᠬᠦᠴᠦᠨ ᠢ ᠪᠤᠢ ᠪᠤᠯᠭᠠᠨ᠎ᠠ᠃ ᠠᠳᠠᠯᠢ ᠪᠤᠰᠤ ᠱᠠᠲᠤ ᠲᠠᠪᠬᠤᠷᠭ᠎ᠠ᠂ ᠠᠳᠠᠯᠢ ᠪᠤᠰᠤ ᠭᠠᠵᠠᠷ ᠤᠷᠤᠨ ᠤ ᠲᠠᠷᠢᠶᠠᠯᠠᠩ ᠮᠠᠯ ᠠᠵᠤ ᠠᠬᠤᠢ  ᠶᠢᠨ ᠰᠠᠯᠠᠭ᠎ᠠ ᠮᠦᠴᠢᠷ ᠤᠨ ᠬᠤᠭᠤᠷᠤᠨᠲᠤᠬᠢ ᠬᠠᠤᠯᠢ ᠭᠡᠷᠡᠭᠵᠢᠬᠦᠯᠬᠦ ᠬᠠᠮᠵᠢᠯᠴᠠᠭ᠎ᠠ ᠪᠠ ᠬᠠᠮᠲᠤᠷᠠᠯᠴᠠᠭᠠᠨ ᠤ ᠬᠠᠤᠯᠢ ᠭᠡᠷᠡᠭᠵᠢᠬᠦᠯᠬᠦ ᠲᠤᠭᠳᠠᠴᠠ ᠶᠢ ᠴᠢᠩᠭᠠᠳᠬᠠᠨ᠎ᠠ᠃ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠳᠠ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ᠂ ᠪᠠᠶᠢᠭᠠᠯᠢ ᠶᠢᠨ ᠡᠬᠢ ᠪᠠᠶᠠᠯᠢᠭ᠂ ᠲᠤᠲᠤᠭᠠᠲᠤ ᠶᠢ ᠬᠠᠮᠠᠭᠠᠯᠠᠬᠤ ᠵᠡᠷᠭᠡ ᠰᠠᠯᠠᠭ᠎ᠠ ᠮᠦᠴᠢᠷ ᠤᠨ ᠵᠤᠬᠢᠴᠠᠭᠤᠯᠤᠨ ᠬᠠᠮᠵᠢᠯᠴᠠᠬᠤ ᠲᠤᠭᠳᠠᠴᠠ ᠶᠢ ᠲᠡᠬᠦᠯᠳᠡᠷᠵᠢᠬᠦᠯᠵᠦ᠂ ᠪᠠᠶᠢᠳᠠᠯ ᠢᠶᠠᠨ ᠮᠡᠳᠡᠭᠳᠡᠬᠦ ᠪᠠ ᠭᠡᠷᠡᠭ ᠤᠨ ᠪᠠᠶᠢᠳᠠᠯ ᠢ ᠬᠠᠮᠲᠤ ᠪᠠᠷ ᠵᠦᠪᠳᠡᠯᠴᠡᠬᠦ ᠶᠢ ᠴᠢᠩᠭᠠᠳᠬᠠᠵᠦ᠂ ᠬᠤᠯᠪᠤᠭᠠᠯᠠᠨ ᠬᠠᠤᠯᠢ ᠭᠡᠷᠡᠭᠵᠢᠬᠦᠯᠬᠦ ᠦᠢᠯᠡᠲᠤᠯ ᠢ ᠪᠠᠳᠠᠷᠠᠭᠤᠯᠤᠨ᠎ᠠ᠃      ᠭᠤᠷᠪᠠ᠂ ᠵᠤᠬᠢᠶᠠᠨ ᠪᠠᠶᠢᠭᠤᠯᠵᠦ ᠭᠡᠷᠡᠭᠵᠢᠬᠦᠯᠬᠦ      ︵ᠨᠢᠭᠡ︶ ᠤᠲᠤᠷᠢᠲᠤᠯᠭ᠎ᠠ ᠪᠠᠨ ᠴᠢᠩᠭᠠᠳᠬᠠᠵᠦ᠂ ᠨᠢᠭᠡᠲᠤᠯᠲᠡᠢ ᠲᠦᠯᠦᠪᠯᠡᠨ ᠪᠠᠶᠢᠷᠢᠯᠠᠭᠤᠯᠤᠨ᠎ᠠᠡᠯ᠎ᠠ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠲᠤᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠡᠷᠭᠡᠪᠰᠢ ᠲᠡᠷᠢᠶᠠᠯᠠᠩ ᠮᠠᠯ ᠠᠵᠤ ᠠᠬᠤᠢ ᠶᠢᠨ ᠶᠠᠷᠤᠩᠭᠡᠶᠢᠯᠡᠭᠰᠡᠨ ᠬᠠᠤᠯᠢ ᠭᠡᠷᠡᠭᠵᠢᠬᠦᠯᠬᠦ ᠦᠭᠡᠷᠡᠴᠢᠯᠡᠯᠳᠡ ᠶᠢᠨ ᠴᠢᠬᠤᠯᠨ ᠶᠡᠭᠡ ᠠᠴᠢ ᠬᠤᠯᠪᠤᠭᠳᠠᠯ ᠢ ᠬᠦᠢᠴᠡᠳ ᠲᠠᠨᠢᠵᠦ᠂ ᠬᠠᠤᠯᠢ ᠭᠡᠷᠡᠭᠵᠢᠬᠦᠯᠬᠦ ᠦᠭᠡᠷᠡᠴᠢᠯᠡᠯᠳᠡ ᠶᠢ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠶᠠᠷᠤᠩᠭᠡᠢ ᠪᠠᠶᠢᠷᠢᠯᠠᠭᠤᠯᠤᠯᠳᠠ ᠳᠤ ᠤᠷᠤᠭᠤᠯᠵᠦ ᠨᠢᠭᠡᠲᠤᠯᠲᠡᠢ  ᠲᠦᠯᠪᠯᠠᠨ ᠪᠤᠲᠤᠯᠬᠢᠯᠠᠵᠦ᠂ ᠵᠤᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠦ᠂ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠦᠭᠡᠷᠡᠴᠢᠯᠠᠯᠳᠠ ᠶᠢᠨ ᠠᠵᠢᠯ ᠢ ᠢᠳᠡᠪᠬᠢᠲᠡᠢ ᠲᠡᠮᠵᠢᠨ᠎ᠠ᠃ ᠡᠯ᠎ᠠ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠡᠷᠭᠡᠪᠰᠢ ᠦᠭᠡᠷᠡᠴᠢᠯᠡᠯᠳᠡ ᠶᠢᠨ ᠠᠵᠢᠯ ᠤᠨ ᠵᠢᠯᠤᠭᠤᠲᠤᠯᠭ᠎ᠠ ᠶᠢ ᠴᠢᠩᠭᠠᠳᠬᠠᠵᠦ᠂ ᠵᠤᠬᠢᠶᠠᠨ ᠪᠠᠶᠢᠭᠤᠯᠤᠯᠳᠠ᠂ ᠪᠠᠶᠢᠭᠤᠯᠤᠮᠵᠢ ᠶᠢᠨ ᠤᠷᠤᠨ ᠲᠤᠭ᠎ᠠ᠂ ᠬᠠᠤᠯᠢ ᠴᠠᠭᠠᠵᠠ᠂ ᠡᠳ᠋ ᠤᠨ ᠵᠠᠰᠠᠭ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠠᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠦᠴᠢᠷ ᠲᠠᠢ ᠬᠠᠮᠲᠤᠷᠠᠨ ᠦᠭᠡᠷᠡᠴᠢᠯᠡᠯᠳᠡ ᠶᠢᠨ ᠶᠠᠪᠤᠴᠠ ᠲᠤᠮᠳᠠᠬᠢ ᠠᠰᠠᠭᠤᠳᠠᠯ ᠢ ᠴᠠᠭ ᠲᠤᠬᠠᠢ ᠳᠤᠨᠢ ᠰᠤᠲᠤᠯᠤᠨ ᠰᠢᠢᠳᠪᠤᠷᠢᠯᠠᠨ᠎ᠠ᠃      ︵ᠬᠤᠶᠠᠷ︶ ᠲᠦᠷᠭᠡᠭᠡᠨ ᠭᠡᠷᠡᠭᠵᠢᠬᠦᠯᠵᠦ᠂ ᠠᠬᠢᠴᠠ ᠪᠠᠨ ᠦᠨ᠋ᠬᠬᠦ ᠪᠠᠲᠤᠯᠠᠨ᠎ᠠ      ᠲᠦᠪ ᠬᠤᠷᠢᠶ᠎ᠠ᠂ ᠦᠪᠠᠷᠳᠡᠭᠡᠨ ᠵᠠᠰᠠᠬᠤ ᠤᠷᠤᠨ᠂ ᠠᠶᠢᠮᠠᠭ ᠤᠨ ᠨᠠᠮ ᠤᠨ ᠬᠤᠷᠢᠶ᠎ᠠ ᠶᠢᠨ ᠦᠭᠡᠷᠡᠴᠢᠯᠠᠯᠳᠠ  ᠶᠢᠨ ᠰᠢᠢᠳᠪᠤᠷᠢᠲᠤ ᠪᠤᠲᠤᠯᠭ᠎ᠠ ᠪᠠᠶᠢᠷᠢᠯᠠᠭᠤᠯᠤᠯᠳᠠ ᠶᠢᠨ ᠵᠤᠷᠢᠭ ᠰᠠᠨᠠᠭ᠎ᠠ ᠶᠢᠨ ᠦᠨᠠᠨ ᠪᠤᠳᠠᠲᠤ ᠴᠢᠨᠠᠷ ᠪᠠ ᠠᠭᠤᠯᠭ᠎ᠠ ᠶᠢᠨ ᠴᠢᠬᠤᠯᠨ ᠠᠴᠢ ᠬᠤᠯᠪᠤᠭᠳᠠᠯ ᠢ ᠵᠦᠪ ᠤᠨᠤᠪᠴᠢᠲᠠᠢ ᠡᠵᠡᠮᠰᠢᠵᠦ᠂ ᠲᠤᠰ ᠲᠦᠰᠦᠯ ᠤᠨ ᠲᠤᠲᠤᠷᠬᠠᠢ ᠱᠠᠭᠠᠷᠳᠠᠯᠭ᠎ᠠ ᠶᠤᠰᠤᠭᠠᠷ᠂ ᠦᠭᠡᠷᠡᠴᠢᠯᠠᠯᠳᠠ ᠶᠢ ᠲᠦᠯᠬᠢᠨ ᠠᠬᠢᠭᠤᠯᠬᠤ ᠬᠦᠴᠦᠯᠠᠴᠠ ᠶᠢ ᠲᠦᠷᠭᠡᠳᠭᠡᠵᠦ᠂ ᠪᠤᠳᠠᠲᠠᠢ ᠨᠠᠶᠢᠳᠠᠪᠤᠷᠢᠵᠢᠭᠤᠯᠬᠤ ᠠᠷᠭ᠎ᠠ ᠪᠠᠷᠢᠯ ᠢ ᠨᠠᠷᠢᠯᠢᠭᠵᠢᠭᠤᠯᠵᠦ᠂ ᠪᠦᠬᠦ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠶᠠᠷᠤᠩᠭᠡᠶᠢᠯᠡᠭᠰᠡᠨ ᠬᠠᠤᠯᠢ ᠭᠡᠷᠡᠭᠵᠢᠬᠦᠯᠬᠦ ᠦᠭᠡᠷᠡᠴᠢᠯᠡᠯᠳᠡ ᠶᠢ 2020 ᠤᠨ ᠤ 4 ᠰᠠᠷ᠎ᠠ ᠶᠢᠨ 30 ᠤ ᠡᠲᠤᠷ ᠠᠴᠠ ᠡᠮᠤᠨ᠎ᠠ ᠪᠠᠶᠠᠯᠡᠬᠦᠯᠵᠦ᠂ ᠠᠵᠢᠯ ᠤᠨ ᠡᠩᠨᠡᠭᠡ ᠪᠠᠨ ᠡᠮᠬᠢᠯᠠᠨ ᠵᠤᠬᠢᠶᠠᠨ ᠪᠠᠶᠢᠭᠤᠯᠵᠦ ᠨᠠᠶᠢᠳᠠᠪᠤᠷᠢᠵᠢᠭᠤᠯᠬᠤ᠂ ᠡᠬᠦᠷᠭᠡ ᠲᠤᠰᠢᠶᠠᠯ ᠤᠷᠤᠨ ᠲᠤᠭ᠎ᠠ ᠪᠠᠨ ᠲᠤᠲᠤᠷᠬᠠᠢ ᠨᠠᠶᠢᠳᠠᠪᠤᠷᠢᠵᠢᠭᠤᠯᠬᠤ᠂ ᠬᠠᠤᠯᠢ ᠭᠡᠷᠡᠭᠵᠢᠬᠦᠯᠬᠦ ᠠᠵᠢᠯᠳᠠᠨ ᠶᠢ ᠨᠠᠶᠢᠳᠠᠪᠤᠷᠢᠵᠢᠭᠤᠯᠬᠤ᠂ ᠵᠠᠷᠤᠳᠠᠯ ᠲᠤᠨᠤᠭ ᠲᠦᠬᠦᠭᠡᠷᠤᠮᠵᠢ ᠶᠢᠨ ᠪᠠᠲᠤᠯᠠᠭ᠎ᠠ ᠪᠠᠨ ᠨᠠᠶᠢᠳᠠᠪᠤᠷᠢᠵᠢᠭᠤᠯᠬᠤ ᠶᠢ ᠦᠨ᠋ᠨᠨᠬᠦ ᠪᠠᠲᠤᠯᠠᠬᠤ ᠭᠡᠷᠡᠭᠲᠡᠢ᠃ ᠠᠵᠢᠯ ᠢᠶᠠᠨ ᠠᠭᠤᠰᠤᠯᠴᠠᠭᠤᠯᠬᠤ᠂ ᠠᠵᠢᠯ ᠤᠨ ᠡᠩᠨᠡᠭᠡ  ᠪᠠᠨ ᠠᠭᠤᠰᠤᠯᠴᠠᠭᠤᠯᠬᠤ᠂ ᠭᠡᠷᠡᠭ ᠤᠴᠢᠷ ᠪᠠ ᠡᠷᠭᠡ ᠪᠠᠨ ᠲᠤᠲᠤᠷᠬᠠᠢ ᠵᠠᠭᠠᠭᠯᠠᠨ ᠰᠠᠯᠭᠠᠬᠤ ᠵᠡᠷᠭᠡ ᠠᠵᠢᠯ ᠢᠶᠠᠨ ᠨᠠᠷᠢᠯᠢᠭ ᠪᠤᠳᠠᠲᠠᠢ ᠬᠢᠵᠦ᠂ ᠲᠤᠭᠳᠠᠭᠰᠠᠨ ᠴᠠᠭ ᠤᠨ ᠬᠢᠵᠠᠭᠠᠷᠯᠠᠯ ᠲᠤᠲᠤᠷ᠎ᠠ ᠦᠭᠡᠷᠡᠴᠢᠯᠠᠯᠳᠠ ᠶᠢᠨ ᠠᠵᠢᠯ ᠢᠶᠠᠨ ᠪᠠᠶᠠᠯᠡᠬᠦᠯᠵᠦ᠂ ᠵᠢᠱᠢᠭᠰᠡᠨ ᠬᠠᠷᠠᠯᠳᠠ ᠳᠠᠭᠠᠨ ᠬᠦᠷᠴᠦ᠂ ᠵᠢᠱᠢᠭᠰᠡᠨ ᠦᠷ᠎ᠠ ᠪᠦᠲᠤᠮᠵᠢ ᠶᠢ ᠪᠠᠶᠠᠯᠡᠬᠦᠯᠦᠨ᠎ᠠ᠃      ︵ᠭᠤᠷᠪᠠ︶ ᠰᠠᠬᠢᠯᠭ᠎ᠠ ᠪᠠᠲᠤ ᠶᠢ ᠴᠢᠩᠳᠠᠯᠠᠵᠦ᠂ ᠨᠠᠶᠢᠳᠠᠪᠤᠷᠢᠵᠢᠭᠤᠯᠤᠯᠳᠠ ᠶᠢ ᠰᠠᠶᠢᠲᠤᠷ ᠠᠳᠬᠤᠨ᠎ᠠ      ᠨᠠᠮ ᠤᠨ ᠲᠦᠪ ᠬᠤᠷᠢᠶ᠎ᠠ ᠶᠢᠨ ᠦᠭᠡᠷᠡᠴᠢᠯᠠᠯᠳᠠ ᠶᠢᠨ ᠰᠢᠢᠳᠪᠤᠷᠢᠲᠤ ᠪᠤᠲᠤᠯᠭ᠎ᠠ ᠪᠠᠶᠢᠷᠢᠯᠠᠭᠤᠯᠤᠯᠳᠠ ᠶᠢᠨ ᠡᠷᠭᠡ ᠬᠦᠨᠲᠤᠲᠤ ᠴᠢᠨᠠᠷ ᠪᠠ ᠲᠦᠪ ᠴᠢᠩᠭ᠎ᠠ ᠴᠢᠨᠠᠷ ᠢ ᠡᠷᠡᠰ ᠬᠠᠮᠠᠭᠠᠯᠠᠵᠦ᠂ ᠤᠷᠤᠨ ᠲᠤᠭ᠎ᠠ᠂ ᠵᠤᠬᠢᠶᠠᠨ ᠪᠠᠶᠢᠭᠤᠯᠤᠯᠳᠠ ᠠᠵᠢᠯᠳᠠᠨ ᠤ ᠶᠠᠪᠤᠳᠠᠯ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠪᠠ ᠤᠯᠤᠰ ᠤᠨ ᠦᠮᠴᠢᠯᠠᠯᠲᠤ ᠡᠳ᠋ ᠬᠦᠷᠤᠩᠭᠡ ᠶᠢᠨ ᠬᠠᠮᠢᠶᠠᠷᠤᠯᠳᠠ ᠶᠢᠨ ᠲᠤᠭᠳᠠᠭᠠᠯ ᠢ ᠴᠢᠩᠭ᠎ᠠ ᠭᠡᠷᠡᠭᠵᠢᠬᠦᠯᠵᠦ᠂ ᠪᠠᠶᠢᠭᠤᠯᠤᠮᠵᠢ  ᠶᠢᠨ ᠦᠭᠡᠷᠡᠴᠢᠯᠡᠯᠳᠡ᠂ ᠡᠬᠦᠷᠭᠡ ᠲᠤᠰᠢᠶᠠᠯ ᠤᠨ ᠲᠤᠬᠢᠷᠠᠭᠤᠯᠤᠯᠳᠠ ᠳᠤ ᠬᠤᠯᠪᠤᠭᠳᠠᠬᠤ ᠨᠢᠭᠡᠴᠡ᠂ ᠠᠵᠢᠯᠳᠠᠨ ᠡᠷᠭᠡᠪᠰᠢ ᠶᠡᠭᠡ ᠲᠠᠯ᠎ᠠ ᠶᠢ ᠲᠠᠭᠠᠵᠦ᠂ ᠱᠠᠭᠠᠷᠳᠠᠯᠭ᠎ᠠ ᠶᠤᠰᠤᠭᠠᠷ ᠴᠠᠭ ᠲᠤᠬᠠᠢ ᠳᠤᠨᠢ ᠤᠷᠤᠨ ᠪᠠᠶᠢᠷᠢᠨ ᠳᠠᠭᠠᠨ ᠬᠦᠷᠴᠦ᠂ ᠶᠠᠮᠠᠷᠪᠠ ᠨᠢᠭᠡ ᠰᠢᠯᠳᠠᠭᠠᠨ ᠢᠶᠠᠷ ᠦᠭᠡᠷᠡᠴᠢᠯᠡᠯᠳᠡ ᠶᠢ ᠬᠠᠷᠰᠢᠯᠠᠬᠤ ᠪᠠ ᠴᠠᠭ ᠢ ᠰᠠᠭᠠᠳᠠᠭᠠᠵᠦ ᠪᠤᠯᠬᠤ ᠦᠭᠡᠢ᠃ ᠦᠵᠠᠯ ᠰᠠᠨᠠᠭ᠎ᠠ ᠤᠯᠤᠰ ᠲᠦᠷᠦ ᠶᠢᠨ ᠠᠵᠢᠯ ᠢᠶᠠᠨ ᠴᠢᠩᠭᠠᠳᠬᠠᠵᠦ᠂ ᠡᠯ᠎ᠠ ᠲᠦᠷᠦᠯ ᠤᠨ ᠠᠵᠢᠯ ᠤᠨ ᠲᠡᠭᠡᠲᠤ ᠲᠤᠤᠷᠠᠲᠤ ᠱᠠᠲᠤᠨ ᠤ ᠬᠠᠷᠢᠯᠴᠠᠭ᠎ᠠ ᠬᠤᠯᠪᠤᠭ᠎ᠠ᠂ ᠠᠵᠢᠯ ᠤᠨ ᠡᠷᠭᠢᠯᠳᠡ ᠶᠢᠨ ᠰᠠᠭᠠᠳ ᠦᠭᠡᠢ ᠨᠠᠪᠳᠡᠷᠡᠬᠦ  ᠶᠢ ᠦᠨ᠋ᠨᠨᠬᠦ ᠪᠠᠲᠤᠯᠠᠵᠦ᠂ ᠦᠭᠡᠷᠡᠴᠢᠯᠡᠯᠳᠡ ᠶᠢᠨ ᠠᠵᠢᠯ ᠢᠶᠠᠨ ᠳᠣᠭᠳᠠᠪᠣᠷᠢᠳᠠᠢ ᠡᠮᠬᠢ ᠵᠢᠷᠤᠮ ᠲᠠᠢ ᠶᠠᠪᠤᠭᠳᠠᠭᠤᠯᠤᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号