ᠠᠯᠠᠱᠠ ᠮᠦᠽᠧᠶ ᠳᠤ ᠬᠤᠪᠢᠰᠬᠠᠯ ᠤᠨ ᠣᠯᠠ ᠮᠦᠷ ᠪᠦᠬᠦᠢ ᠰᠣᠶᠣᠯ ᠤᠨ ᠬᠤᠶᠠᠷ ᠴᠢᠬᠤᠯᠠ ᠬᠠᠳᠠᠭᠠᠯᠠᠮᠵᠢ ᠨᠡᠮᠡᠭᠳᠡᠪᠡ
ᠨᠡᠶᠢᠲᠡᠯᠡᠭᠰᠡᠨ ᠴᠠᠭ᠄
2020/4/9
                          ᠳ᠋ᠠᠨᠢᠽᠠᠨ᠎ᠠ ᠶᠢᠨ ᠭᠡᠷᠡᠭᠯᠠᠵᠤ ᠪᠠᠶᠢᠭᠰᠠᠨ ᠬᠤᠶᠠᠷ ᠫᠤᠤ᠃       ᠣᠶᠢᠷ᠎ᠠ ᠳᠤ᠂ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠤ᠋ ᠲᠧᠯᠸᠢᠰ ᠳᠣᠪᠴᠢᠶᠠᠨ ᠤ ᠵᠣᠬᠢᠴᠠᠭᠤᠯᠭ᠎ᠠ ᠳᠣᠣᠷ᠎ᠠ᠂ ᠠᠯᠠᠱᠠ ᠮᠦᠽᠧᠶ ᠪᠣᠯᠣᠨ ᠠᠯᠠᠱᠠ ᠵᠡᠬᠦᠨ ᠬᠤᠰᠢᠭᠤᠨ ᠤ ᠳᠣᠳᠣᠭᠠᠳᠣ ᠶᠢ ᠬᠠᠮᠠᠭᠠᠯᠠᠬᠤ ᠳᠣᠪᠴᠢᠶ᠎ᠠ ᠶᠢ ᠢᠳᠡᠪᠬᠢᠳᠡᠢ ᠵᠣᠯᠭᠠᠭᠤᠯᠵᠣ᠂ ᠥᠪᠥᠷ ᠮᠣᠩᠭᠤᠯ ᠤᠨ ᠳᠡᠣᠭᠡᠨ ᠨᠠᠷᠠᠲᠤ ᠬᠥᠮᠦᠨ ᠳ᠋ᠠᠨᠢᠽᠠᠨ᠎ᠠ ᠶᠢᠨ ᠠᠮᠢᠳᠤ ᠰᠡᠷᠡᠭᠦᠨ ᠪᠠᠶᠢᠬᠤ ᠳᠠᠭᠠᠨ ᠬᠡᠷᠡᠭᠯᠡᠵᠦ ᠪᠠᠶᠢᠭᠰᠠᠨ ᠰᠠᠷᠢᠰᠤᠲᠤ ᠫᠤᠤ ᠪᠠ ᠪᠷᠤᠨᠢᠨ ᠫᠤᠤ ᠶᠢ ᠠᠯᠠᠱᠠ ᠮᠦᠽᠧᠶ ᠳᠤ ᠰᠢᠯᠵᠢᠬᠦᠯᠣᠨ ᠦᠭᠴᠣ ᠦᠨᠢᠳᠡ ᠬᠠᠳᠠᠭᠠᠯᠠᠭᠤᠯᠤᠨ᠂ ᠠᠯᠠᠱᠠ ᠶᠢᠨ ᠬᠤᠪᠢᠰᠬᠠᠯ  ᠤᠨ ᠣᠯᠠ ᠮᠦᠷ ᠪᠦᠬᠦᠢ ᠰᠣᠶᠣᠯ ᠳᠤ ᠲᠡᠦᠬᠡ ᠶᠢᠨ ᠲᠤᠷᠠᠰᠬᠠᠯᠳᠤ ᠵᠦᠢᠯ ᠤᠨ ᠬᠤᠶᠠᠷ ᠬᠠᠳᠠᠭᠠᠯᠠᠮᠵᠢ ᠰᠢᠨ᠎ᠠ ᠪᠠᠷ ᠨᠡᠮᠡᠭᠳᠡᠭᠰᠡᠨ ᠪᠠᠶᠢᠨ᠎ᠠ᠃ ᠡᠨᠡᠬᠦ ᠬᠤᠶᠠᠷ ᠵᠦᠢᠯ ᠤᠨ ᠲᠡᠤᠬᠡ ᠶᠢᠨ ᠳᠤᠷᠠᠰᠬᠠᠯᠲᠤ ᠵᠦᠢᠯ ᠨᠢ ᠴᠥᠮ ᠵᠠᠬᠢᠶᠠᠯᠠᠨ ᠦᠢᠯᠡᠳᠦᠭᠦᠯᠦᠭᠰᠡᠨ ᠮᠠᠶ᠋ᠢᠭ ᠤᠨ ᠪᠠᠶᠢᠵᠤ᠂ ᠭᠠᠳᠠᠷ ᠲᠠᠯ᠎ᠠ ᠳᠠᠭᠠᠨ ᠬᠤᠸᠠᠷ ᠴᠡᠴᠡᠭ ᠤᠨ ᠬᠡ ᠤᠭᠠᠯᠵᠠ ᠶᠢ ᠰᠡᠶᠢᠯᠦᠭᠰᠡᠨ ᠪᠠᠶᠢᠪᠠ᠂ ᠬᠤᠷᠢᠶᠠᠨ ᠬᠠᠳᠠᠭᠠᠯᠠᠬᠤ ᠠᠴᠠ ᠡᠮᠦᠨ᠎ᠡ ᠬᠠᠷᠪᠣᠬᠤ ᠴᠢᠳᠠᠮᠵᠢ ᠶᠢ ᠡᠭᠦᠷᠢᠳᠡ ᠦᠭᠡᠶᠢᠰᠭᠡᠨ᠂ ᠳᠡᠯᠭᠡᠨ ᠦᠵᠡᠭᠦᠯᠬᠦ ᠪᠠ ᠬᠤᠷᠢᠶᠠᠨ ᠬᠠᠳᠠᠭᠠᠯᠠᠬᠤ ᠠᠮᠤᠷ ᠳᠦᠪᠰᠢᠨ ᠤ ᠱᠠᠭᠠᠷᠳᠠᠯᠭ᠎ᠠ ᠳᠤ ᠨᠡᠶᠢᠴᠡᠬᠦ ᠶᠢ ᠦᠨᠡᠨᠬᠦ ᠪᠠᠳᠣᠯᠠᠵᠡᠢ᠃       ᠳ᠋ᠠᠨᠢᠽᠠᠨ᠎ᠠ ︵1905 — 1968 ᠣᠨ︶᠂ ᠮᠣᠩᠭᠤᠯ ᠦᠨᠳᠦᠰᠦᠲᠡᠨ᠂ 1904 ᠣᠨ ᠤ 1 ᠰᠠᠷ᠎ᠠ ᠳᠤ ᠠᠯᠠᠱᠠ ᠬᠤᠰᠢᠭᠤᠨ ᠤ ᠬᠤᠯᠠᠳᠠᠬᠢᠨ ᠢ ᠳᠤᠭᠳᠠᠭᠠᠬᠴᠢ ᠬᠤᠷᠢᠶ᠎ᠠ ᠶᠢᠨ ᠸᠠᠩ ᠤᠨ ᠣᠷᠳᠣᠨ ᠳᠤ ᠲᠦᠷᠦᠵᠡᠢ᠃ 1931 ᠣᠨ ᠤ 12 ᠰᠠᠷ᠎ᠠ ᠳᠤ ᠠᠯᠠᠱᠠ ᠬᠤᠰᠢᠭᠤᠨ ᠤ ᠠᠷᠪᠠᠳᠣᠭᠠᠷ ᠵᠠᠰᠠᠭ ᠨᠣᠶᠠᠨ ᠤ ᠳᠣᠰᠢᠶᠠᠯ ᠢ ᠵᠠᠯᠭᠠᠮᠵᠢᠯᠠᠵᠦ᠂ ᠤᠷᠢᠳ ᠬᠤᠵᠢᠳ ᠭᠤᠮᠢᠨᠳᠠᠩ ᠤᠨ ᠲᠥᠪ ᠬᠤᠷᠢᠶᠠᠨ ᠤ ᠭᠦᠢᠴᠡᠳᠬᠡᠭᠴᠢ ᠭᠡᠰᠢᠭᠦᠨ᠂ ᠮᠣᠩᠭᠤᠯ ᠲᠥᠪᠡᠳ ᠤᠨ ᠵᠦᠪᠯᠡᠯ ᠤᠨ ᠭᠡᠰᠢᠬᠦᠨ᠂ ᠵᠠᠰᠠᠭ ᠵᠠᠬᠢᠷᠭᠠᠨ ᠤ ᠬᠤᠷᠢᠶᠠᠨ ᠤ ᠵᠦᠪᠯᠡᠭᠴᠢ᠂ ᠪᠠᠷᠠᠭᠤᠨ ᠬᠤᠶᠢᠲᠤ ᠶᠢᠨ ᠴᠡᠷᠢᠭ ᠵᠠᠰᠠᠭ ᠤᠨ ᠨᠣᠶᠠᠳ ᠤᠨ ᠵᠠᠬᠢᠷᠭ᠎ᠠ ᠶᠢᠨ ᠵᠥᠪᠯᠡᠭᠴᠢ᠂ ᠨᠢᠩᠰᠢᠶᠠ ᠮᠤᠵᠢ ᠶᠢᠨ ᠵᠠᠰᠠᠭ ᠤᠨ ᠣᠷᠳᠣᠨ ᠤ ᠭᠡᠰᠢᠭᠦᠨ ᠵᠡᠷᠭᠡ ᠳᠡᠭᠡᠳᠦ ᠳᠡᠰ ᠤᠨ ᠲᠤᠰᠢᠶᠠᠯ ᠢ ᠡᠬᠦᠷᠭᠡᠯᠡᠵᠣ ᠪᠠᠶᠢᠪᠠ᠃ 1949 ᠤᠨ ᠤ 9 ᠰᠠᠷ᠎ᠠ ᠶᠢᠨ 23 ᠤ ᠡᠳᠦᠷ᠂ ᠳ᠋ᠠᠨᠢᠽᠠᠨ᠎ᠠ ᠪᠦᠬᠦ ᠬᠤᠰᠢᠭᠤᠨ ᠤ ᠠᠷᠠᠳ ᠢᠷᠬᠡᠳ ᠢ ᠲᠦᠯᠦᠬᠡᠯᠡᠨ᠂ ᠮᠠᠤ ᠽᠧ ᠳ᠋ᠦᠩ ᠳᠤ ᠴᠠᠬᠢᠯᠭᠠᠨ ᠮᠡᠳᠡᠭᠡ ᠢᠯᠡᠬᠡᠵᠤ᠂ ᠭᠤᠮᠢᠨᠳᠠᠩ ᠤᠨ ᠵᠠᠰᠠᠭ ᠠᠴᠠ ᠰᠠᠯᠵᠤ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠶᠢ ᠬᠦᠷᠢᠶᠡᠯᠡᠬᠦ ᠪᠠᠨ ᠢᠯᠡᠳᠭᠡᠵᠡᠢ᠃ ᠤᠯᠤᠰ ᠪᠠᠶᠢᠭᠤᠯᠤᠭᠳᠠᠭᠰᠠᠨ ᠤ ᠳᠠᠷᠠᠭ᠎ᠠ ᠳ᠋ᠠᠨᠢᠽᠠᠨ᠎ᠠ ᠨᠢᠩᠰᠢᠶᠠ ᠮᠤᠵᠢ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠪᠠᠷᠠᠭᠤᠨ ᠬᠤᠶᠢᠲᠤ ᠣᠷᠣᠨ ᠤ ᠴᠡᠷᠢᠭ ᠵᠠᠰᠠᠭ ᠤᠨ ᠵᠥᠪᠯᠡᠯ ᠤᠨ ᠭᠡᠰᠢᠭᠦᠨ᠂ ᠪᠠᠷᠠᠭᠤᠨ ᠬᠤᠶᠢᠳᠣ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠡᠳ᠋ ᠲᠡᠷᠢᠭᠦᠯᠡᠭᠴᠢ᠂ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠤᠨ ᠳᠡᠳ᠋ ᠡᠷᠬᠢᠯᠡᠭᠴᠢ᠂ ᠭᠠᠨᠰᠦ ᠮᠤᠵᠢ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠥᠪᠯᠡᠯ ᠤᠨ ᠳᠡᠳ᠋ ᠲᠡᠷᠢᠭᠦᠯᠡᠭᠴᠢ ᠵᠡᠷᠭᠡ ᠲᠤᠰᠢᠶᠠᠯ ᠢ ᠬᠠᠷᠢᠭᠤᠴᠠᠵᠤ ᠥᠩᠭᠡᠷᠡᠪᠡ᠃       ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠳ᠋ᠠᠨᠢᠽᠠᠨ᠎ᠠ ᠬᠠᠳᠣᠨᠳᠣᠬᠤᠢ ᠰᠢᠶᠠᠨ ᠤ 17 ᠲᠦᠮᠡᠨ ᠮᠦ ᠭᠠᠵᠠᠷ ᠲᠠᠷᠢᠶᠠᠨ ᠤ ᠲᠦᠷᠢᠶᠡᠰᠦ ᠶᠢ ᠰᠠᠶᠢᠨ ᠳᠤᠷ᠎ᠠ ᠠᠴᠠ ᠪᠠᠨ ᠬᠠᠰᠤᠵᠤ᠂ ᠬᠠᠳᠣᠨᠳᠣᠬᠤᠢ ᠰᠢᠶᠠᠨ ᠤ ᠭᠠᠵᠠᠷ ᠳᠠᠷᠢᠶᠠᠨ ᠤ ᠥᠭᠡᠷᠡᠴᠢᠯᠡᠯᠲᠡ ᠶᠢ ᠤᠷᠤᠭᠰᠢᠲᠠᠢ ᠪᠡᠶᠡᠯᠡᠭᠦᠯᠦᠭᠰᠡᠨ ᠪᠥᠭᠡᠳ ᠬᠤᠯᠠᠳᠠᠬᠢᠨ ᠢ ᠳᠤᠭᠳᠠᠭᠠᠬᠴᠢ ᠬᠤᠷᠢᠶ᠎ᠠ ᠪᠣᠯᠤᠨ ᠠᠯᠠᠱᠠ ᠠᠭᠤᠯᠠ ᠳᠠᠭᠠᠤ ᠶᠢᠨ ᠭᠠᠵᠠᠷ ᠰᠢᠷᠣᠢ ᠶᠢ ᠲᠠᠷᠢᠶᠠᠴᠢᠳ ᠲᠤ ᠬᠤᠪᠢᠶᠠᠨ ᠥᠭᠴᠦ᠂ ᠬᠤᠯᠠᠳᠠᠬᠢᠨ ᠢ ᠳᠤᠭᠳᠠᠭᠠᠬᠴᠢ ᠬᠤᠷᠢᠶ᠎ᠠ ᠪᠣᠯᠤᠨ ᠠᠯᠠᠱᠠ ᠠᠭᠤᠯᠠ ᠳᠠᠭᠠᠤ ᠣᠷᠣᠨ ᠤ ᠲᠠᠷᠢᠶᠠᠯᠠᠩ ᠤᠨ ᠬᠤᠷᠰᠢᠶᠠᠵᠢᠯ ᠢ ᠪᠡᠶᠡᠯᠡᠭᠦᠯᠵᠦ᠂ ᠬᠥᠷᠥᠩᠭᠡᠲᠦ ᠶᠣᠰᠣᠨ ᠤ ᠦᠢᠯᠡᠳᠪᠦᠷᠢ ᠬᠤᠳᠠᠯᠳᠤᠭ᠎ᠠ ᠪᠣᠯᠤᠨ ᠭᠠᠷ ᠦᠢᠯᠡᠳᠪᠦᠷᠢᠴᠢᠨ ᠳᠤ ᠨᠡᠶᠢᠭᠡᠮ ᠵᠢᠷᠤᠮ ᠤᠨ ᠥᠭᠡᠷᠡᠴᠢᠯᠡᠯᠲᠡ ᠬᠢᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠡᠢ᠃ ᠲᠡᠷᠡ᠂ ᠤᠯᠤᠰ ᠤᠨ ᠡᠵᠡᠩᠨᠡᠯᠳᠡ ᠬᠤᠳᠠᠯᠳᠤᠭ᠎ᠠ ᠶᠢᠨ ᠦᠢᠯᠡᠰ᠂ ᠡᠳ᠋ ᠤᠨ ᠵᠠᠰᠠᠭ ᠭᠠᠶᠢᠯᠢ ᠶᠢ ᠨᠢᠭᠡᠳᠦᠬᠦᠯᠬᠦ᠂ ᠰᠣᠶᠣᠯ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠵᠤ ᠬᠠᠨᠳᠢᠪᠯᠠᠬᠤ ᠪᠠ ᠬᠦᠭᠡᠨᠠᠭᠤᠷ ᠲᠥᠪᠡᠳ ᠤᠨ ᠵᠠᠰᠠᠮᠠᠯ ᠵᠠᠮ ᠢ ᠪᠠᠶᠢᠭᠤᠯᠬᠤ ᠳᠤ ᠴᠥᠮ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠲᠡᠷᠢᠭᠦᠯᠡᠭᠴᠢ ᠮᠠᠤ ᠽᠧ ᠳ᠋ᠦᠩ ᠪᠣᠯᠤᠨ ᠶᠡᠷᠦᠩᠬᠡᠶ ᠰᠠᠶᠢᠳ ᠵᠧᠤ ᠧᠨ ᠯᠠᠶ ᠶᠢᠨ ᠳᠣᠲᠣᠨᠣ ᠠᠭᠤᠯᠵᠠᠯᠲᠠ ᠶᠢ ᠣᠯᠠᠨᠲᠠ ᠬᠦᠯᠢᠶᠡᠪᠡ᠃       ᠳ᠋ᠠᠨᠢᠽᠠᠨ᠎ᠠ ᠶᠢᠨ ᠦᠯᠡᠳᠡᠭᠡᠭᠰᠡᠨ ᠡᠳ᠋ ᠪᠣᠳᠠᠰ ᠢ ᠬᠠᠮᠠᠭᠠᠯᠠᠬᠤ ᠪᠠ ᠰᠤᠳᠤᠯᠬᠤ ᠠᠵᠢᠯ ᠢ ᠥᠷᠨᠢᠭᠦᠯᠵᠦ᠂ ᠭᠠᠳᠠᠭᠰᠢ ᠳᠡᠯᠭᠡᠨ ᠦᠵᠡᠭᠦᠯᠬᠦ ᠠᠷᠭ᠎ᠠ ᠮᠠᠶ᠋ᠢᠭ ᠢᠶᠠᠷ ᠳ᠋ᠠᠨᠢᠽᠠᠨ᠎ᠠ ᠶᠢᠨ ᠠᠯᠠᠱᠠ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠢ ᠳᠠᠭᠠᠭᠤᠯᠤᠨ ᠨᠠᠶᠢᠷᠠᠮᠳᠠᠯ ᠢᠶᠠᠷ ᠴᠢᠯᠥᠭᠡᠯᠡᠬᠦ ᠵᠠᠮ ᠢᠶᠠᠷ ᠵᠠᠮᠨᠠᠭᠰᠠᠨ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ᠂ ᠨᠡᠶᠢᠭᠡᠮ ᠵᠢᠷᠤᠮᠲᠤ ᠥᠭᠡᠷᠡᠴᠢᠯᠡᠯᠲᠡ ᠵᠡᠷᠭᠡ ᠲᠠᠯ᠎ᠠ ᠳᠤ ᠦᠵᠡᠬᠦᠯᠦᠭᠰᠡᠨ ᠠᠤᠭ᠎ᠠ ᠶᠡᠭᠡ ᠲᠡᠦᠬᠡᠨ ᠬᠤᠪᠢ ᠨᠠᠮᠠᠷᠢ ᠶᠢ ᠭᠠᠳᠠᠬᠰᠢ ᠲᠡᠯᠭᠡᠨ ᠦᠵᠡᠬᠦᠯᠬᠦ ᠪᠤᠯᠤᠨ᠎ᠠ᠃                                                        (ᠵᠣᠬᠢᠶᠠᠭᠴᠢ᠄ ᠨᠠᠷᠠᠨ᠎ᠠ)
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号