︽ᠠᠯᠠᠱᠠ ᠠᠶᠢᠮᠠᠭ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠳᠦᠷᠭᠡᠳᠬᠡᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/5/12
     ᠨᠢᠭᠡ᠂ ᠪᠢᠴᠢᠭ ᠮᠠᠲ᠋ᠧᠷᠢᠶᠠᠯ ᠢ ᠳᠣᠭᠳᠠᠭᠠᠭᠰᠠᠨ ᠴᠢᠬᠤᠯᠠ ᠴᠢᠨᠠᠷ      ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭ᠎ᠠ᠂ ᠮᠠᠨ ᠤ ᠠᠶᠢᠮᠠᠭ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠤᠯ ᠤᠨ ᠡᠳ᠋ ᠤᠨ ᠵᠠᠰᠠᠭ᠂ ᠤᠯᠤᠰ ᠤᠨ ᠭᠠᠵᠠᠷ ᠰᠢᠷᠣᠶ᠂ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠡᠮᠬᠢᠯᠡᠨ ᠨᠡᠶᠢᠯᠡᠭᠦᠯᠵᠦ ᠲᠠᠷᠢᠶᠠᠯᠠᠩ ᠮᠠᠯ ᠠᠵᠤ ᠠᠬᠤᠢ ᠬᠦᠳᠡᠭᠡ ᠳᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠲᠤ ᠰᠢᠯᠵᠢᠭᠦᠯᠦᠨ᠂ ᠤᠯᠤᠰ ᠠᠴᠠ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠦ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ︹ 2019 ︺ 50 ᠳ᠋ᠤᠭᠠᠷ ᠲᠣᠭᠠᠲᠤ︶᠂ ︽ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠣᠯᠳᠠ ᠶᠢᠨ ᠠᠷᠭ᠎ᠠ︾᠂ ︽ᠣᠳᠣᠬᠠᠨ ᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠳᠡᠯ︾ ︵ᠲᠠᠷᠢᠶᠠᠯᠠᠩ ᠪᠠᠶᠢᠭᠤᠯᠣᠯᠳᠠ ᠲᠠᠷᠬᠠᠭᠠᠭᠰᠠᠨ ︹ 2018 ︺ 1 ᠳ᠋ᠣᠭᠡᠷ ᠲᠣᠭᠠᠲᠤ︶ ᠵᠡᠷᠭᠡ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠵᠠᠯᠭᠠᠭ᠎ᠠ ᠪᠠᠷ ᠨᠡᠶᠢᠲᠡᠯᠡᠵᠦ᠂ ᠬᠠᠤᠯᠢ ᠲᠣᠭᠲᠠᠭᠠᠯ᠂ ᠲᠦᠷᠢᠮ ᠲᠣᠭᠲᠠᠭᠠᠯ᠂ ᠪᠠᠷᠢᠮᠵᠢᠶ᠎ᠠ ᠵᠡᠷᠭᠡ ᠲᠠᠯ᠎ᠠ ᠪᠠᠷ ᠢᠵᠢ ᠳᠦᠭᠦᠷ ᠲᠦᠷᠢᠮ ᠳᠣᠭᠳᠠᠭᠠᠵᠦ᠂ ᠬᠦᠴᠦᠨ ᠴᠢᠳᠠᠯ ᠢ ᠨᠢᠭᠲᠠᠷᠠᠭᠤᠯᠵᠤ᠂ ᠡᠯ᠎ᠡ ᠲᠠᠯ᠎ᠠ ᠶᠢ ᠬᠢᠵᠠᠭᠠᠷᠯᠠᠵᠤ᠂ ᠪᠦᠳᠦᠭᠡᠨ ᠪᠠᠶᠢᠭᠤᠯᠤᠯᠲᠠ ᠶᠢ ᠠᠬᠢᠭᠤᠯᠪᠠ᠃ ᠳᠡᠭᠡᠷᠡᠬᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠳᠤ ᠰᠠᠭᠤᠷᠢᠯᠠᠵᠤ᠂ ᠮᠠᠨ ᠤ ᠠᠶᠢᠮᠠᠭ ᠲᠤ ᠭᠠᠵᠠᠷ ᠣᠷᠣᠨ ᠤ ᠪᠣᠳᠠᠲᠤ ᠪᠠᠶᠢᠳᠠᠯ ᠳᠤ ᠴᠢᠭᠯᠡᠭᠦᠯᠦᠭᠰᠡᠨ ᠡᠷᠬᠡ ᠬᠠᠷᠢᠭᠤᠴᠠᠯᠭ᠎ᠠ ᠲᠣᠳᠣᠷᠬᠠᠢ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢᠶᠠᠷ ᠪᠦᠬᠦ ᠠᠶᠢᠮᠠᠭ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠵᠢᠯᠣᠭᠤᠳᠬᠤ ᠴᠢᠬᠤᠯᠠᠳᠠᠢ ᠪᠠᠶᠢᠨ᠎ᠠ᠃      ᠬᠤᠶᠠᠷ᠂ ᠲᠣᠭᠲᠠᠭᠠᠭᠰᠠᠨ ᠶᠠᠪᠤᠴᠠ ᠵᠢᠴᠢ ᠳᠣᠶᠢᠮᠣ ᠠᠭᠤᠯᠭ᠎ᠠ      ︽ᠠᠯᠠᠱᠠ ᠠᠶᠢᠮᠠᠭ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠳᠦᠷᠭᠡᠳᠭᠡᠨ ᠠᠬᠢᠭᠤᠯᠬᠤ ᠳᠣᠬᠠᠢ ᠬᠡᠷᠡᠭᠵᠢᠭᠦᠯᠬᠦ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ 2019 ᠣᠨ ᠤ 12 ᠰᠠᠷ᠎ᠠ ᠳᠤ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ ᠠᠴᠠ ᠳᠣᠭᠤᠷᠪᠢᠵᠦ ᠳᠠᠭᠤᠰᠬᠠᠪᠠ᠃ ︽ᠰᠠᠨᠠᠯ︾ ᠢ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠨᠠᠮ ᠤᠨ ᠳᠣᠭᠤᠶᠢᠯᠠᠩ ᠤᠨ ᠬᠤᠷᠠᠯ ᠢᠶᠠᠷ ᠶᠠᠷᠢᠯᠴᠠᠵᠤ ᠪᠠᠲᠤᠯᠠᠭᠰᠠᠨ ᠪᠥᠭᠡᠳ ᠡᠯ᠎ᠡ ᠬᠤᠰᠢᠭᠤᠨ ︵ᠲᠣᠭᠤᠷᠢᠭ︶ ᠤ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠶᠢᠮᠠᠭ ᠤᠨ ᠤᠰᠤᠨ ᠤ ᠶᠠᠪᠤᠳᠠᠯ ᠤᠨ ᠲᠣᠪᠴᠢᠶ᠎ᠠ᠂ ᠠᠶᠢᠮᠠᠭ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠥᠪ ᠤᠨ ᠰᠠᠨᠠᠯ ᠢ ᠥᠷᠭᠡᠨ ᠢᠶᠠᠷ ᠰᠣᠨᠣᠰᠴᠤ᠂ ᠡᠯ᠎ᠡ ᠬᠤᠰᠢᠭᠤ ᠲᠣᠭᠤᠷᠢᠭ ᠪᠠ ᠡᠯ᠎ᠡ ᠰᠠᠯᠠᠭ᠎ᠠ ᠮᠥᠴᠢᠷ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ 2020 ᠣᠨ ᠤ 3 ᠰᠠᠷ᠎ᠠ ᠶᠢᠨ 2 ᠤᠨ ᠡᠳᠦᠷ ᠠᠶᠢᠮᠠᠭ ᠤᠨ ᠵᠠᠬᠢᠷᠭ᠎ᠠ ᠳᠤ ᠳᠡᠪᠰᠢᠭᠦᠯᠦᠨ ᠬᠢᠨᠠᠨ ᠵᠦᠪᠯᠡᠬᠦᠯᠵᠦ ᠰᠣᠳᠣᠯᠣᠭᠤᠯᠣᠭᠠᠳ᠂ ᠠᠶᠢᠮᠠᠭ ᠤᠨ ᠵᠠᠬᠢᠷᠭ᠎ᠠ ᠶᠢᠨ ᠳᠤᠷᠠᠳᠤᠭᠰᠠᠨ ᠰᠠᠨᠠᠭᠤᠯᠭ᠎ᠠ ᠶᠢ ᠦᠨᠳᠦᠰᠦᠯᠡᠨ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠠᠴᠠ ᠳᠠᠷᠣᠮᠠᠯᠯᠠᠨ ᠲᠠᠷᠬᠠᠭᠠᠵᠤ ᠬᠡᠷᠡᠭᠵᠢᠬᠦᠯᠪᠡ᠃ ᠠᠭᠤᠯᠭ᠎ᠠ ᠨᠢ ᠶᠡᠷᠦᠩᠬᠡᠶ ᠱᠠᠭᠠᠷᠳᠠᠯᠭ᠎ᠠ᠂ ᠪᠥᠲᠥᠭᠡᠨ ᠪᠠᠶᠢᠭᠤᠯᠬᠤ ᠱᠠᠭᠠᠷᠳᠠᠯᠭ᠎ᠠ᠂ ᠪᠥᠲᠥᠭᠡᠨ ᠪᠠᠶᠢᠭᠤᠯᠬᠤ ᠪᠠᠷᠢᠮᠵᠢᠶ᠎ᠠ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠵᠢᠴᠢ ᠬᠠᠮᠢᠶᠠᠷᠴᠤ ᠬᠠᠮᠠᠭᠠᠯᠠᠬᠤ᠂ ᠬᠡᠷᠡᠭᠵᠢᠭᠦᠯᠬᠦ ᠠᠯᠬᠤᠮ ᠳᠠᠷᠠᠭ᠎ᠠ᠂ ᠪᠠᠳᠣᠯᠠᠭ᠎ᠠ ᠶᠢᠨ ᠠᠷᠭ᠎ᠠ ᠬᠡᠮᠵᠢᠶ᠎ᠡ ᠶᠢ ᠬᠠᠮᠤᠷᠴᠤ᠂ 2019 ᠣᠨ ᠠᠴᠠ 2023 ᠣᠨ ᠪᠣᠯᠲᠠᠯᠠᠬᠢ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠵᠢᠯᠣᠭᠤᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠃     ᠭᠤᠷᠪᠠ᠂ ᠪᠣᠳᠠᠳᠣ ᠵᠦᠢᠯᠡᠰ ᠤᠨ ᠲᠠᠶᠢᠯᠤᠮᠵᠢ     ︽ᠰᠠᠨᠠᠯ︾ ᠨᠢ ᠤᠯᠤᠰ ᠤᠨ ᠴᠢᠭᠯᠡᠯᠲᠡ ᠲᠥᠷᠦ ᠶᠢᠨ ᠪᠣᠳᠣᠯᠭ᠎ᠠ ᠶᠢᠨ ᠵᠢᠯᠣᠭᠤᠳᠤᠯᠭ᠎ᠠ ᠳᠣᠣᠷ᠎ᠠ᠂ ᠮᠠᠨ ᠤ ᠠᠶᠢᠮᠠᠭ ᠤᠨ ᠪᠦᠲᠦᠭᠡᠨ ᠪᠠᠶᠢᠭᠤᠯᠤᠯᠲᠠ ᠶᠢᠨ ᠪᠣᠳᠠᠲᠤ ᠪᠠᠶᠢᠳᠠᠯ ᠳᠤ ᠨᠡᠶᠢᠴᠡᠭᠰᠡᠨ ᠠᠷᠭ᠎ᠠ ᠬᠡᠮᠵᠢᠶ᠎ᠡ ᠨᠦᠭᠦᠳ ᠢ  ᠳᠣᠷᠠᠳᠪᠠ᠃ ᠬᠠᠷᠠᠯᠲᠠ ᠡᠭᠦᠷᠭᠡ ᠳᠤ ᠳᠣᠯᠣᠭᠠᠨ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠪᠣᠯᠤᠨ ᠣᠷᠣᠨ ᠪᠦᠰᠡᠵᠢᠭᠰᠡᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢᠨ ᠪᠠᠶᠢᠭᠤᠯᠤᠯᠲᠠ ᠶᠢ ᠬᠡᠷᠡᠭᠵᠢᠬᠦᠯᠦᠨ᠂  ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠭᠰᠠᠨ᠂ ᠤᠰᠤ ᠠᠷᠪᠢᠯᠠᠭᠰᠠᠨ ᠥᠨᠳᠥᠷ ᠦᠷ᠎ᠡ ᠪᠦᠲᠦᠮᠵᠢᠲᠡᠶ᠂ ᠣᠶᠤᠨ ᠤᠬᠠᠭᠠᠨ ᠢᠶᠠᠷ ᠬᠥᠲᠥᠯᠥᠨ ᠳᠠᠭᠠᠭᠤᠯᠤᠭᠰᠠᠨ ᠥᠨᠳᠥᠷ ᠪᠠᠷᠢᠮᠵᠢᠶᠠᠳᠣ ᠲᠠᠷᠢᠶᠠᠨ ᠭᠠᠵᠠᠷ ᠤᠨ ᠬᠡᠰᠡᠭ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠰᠡᠳᠬᠢᠴᠡ ᠶᠢ ᠪᠣᠶ ᠪᠣᠯᠭᠠᠬᠤ ᠬᠡᠷᠡᠭᠲᠡᠶ ᠬᠡᠵᠦ ᠳᠣᠷᠠᠳᠪᠠ᠃ ᠪᠦᠲᠦᠭᠡᠨ ᠪᠠᠶᠢᠭᠤᠯᠬᠤ ᠱᠠᠭᠠᠷᠳᠠᠯᠭ᠎ᠠ ᠶᠢᠨ ᠲᠠᠯ᠎ᠠ ᠪᠠᠷ᠂ ᠨᠢᠭᠡ ᠳᠤ᠂ ︽ᠠᠷᠪᠠᠨ ᠬᠤᠶᠠᠳᠣᠭᠠᠷ ᠳᠠᠪᠣᠨ ᠵᠢᠯ ᠤᠨ ᠳᠦᠯᠦᠪᠵᠢᠬᠦᠯᠬᠡ︾ ᠠᠴᠠ ᠨᠠᠰᠢᠬᠢ ᠲᠠᠷᠢᠶᠠᠨ ᠭᠠᠵᠠᠷ ᠢ ᠦᠨᠡᠯᠡᠨ ᠵᠢᠱᠢᠬᠦ ᠪᠠ ᠵᠢᠷᠣᠵᠦ ᠳᠦᠯᠦᠪᠯᠡᠨ ᠬᠥᠮᠥᠷᠭᠡ ᠳᠤ ᠣᠷᠣᠭᠤᠯᠤᠭᠰᠠᠨ ᠦᠷ᠎ᠡ ᠪᠦᠳᠦᠭᠡᠯ ᠲᠠᠢ ᠤᠶᠠᠯᠳᠤᠭᠤᠯᠵᠤ᠂ ᠤᠰᠤ ᠠᠷᠪᠢᠯᠠᠬᠤ ᠳᠠᠯ᠎ᠠ  ᠪᠠᠷ ᠳᠠᠷᠣᠭᠠᠰᠣ ᠶᠡᠬᠡᠲᠡᠶ ᠭᠠᠵᠠᠷ ᠳᠣᠤᠷᠠᠬᠢ ᠣᠰᠣ ᠶᠢ ᠠᠰᠢᠭᠯᠠᠭᠰᠠᠨ ᠤᠰᠤᠯᠠᠯᠲᠠ ᠶᠢᠨ ᠣᠷᠣᠨ ᠢ ᠡᠩ ᠲᠡᠷᠢᠭᠦᠨ ᠳᠤ ᠰᠣᠩᠭᠤᠵᠤ ᠥᠨᠳᠥᠷ ᠪᠦᠲᠦᠮᠵᠢᠲᠡᠶ ᠤᠰᠤ ᠠᠷᠪᠢᠯᠠᠬᠤ ᠪᠠᠷ ᠭᠤᠤᠯ ᠪᠣᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠬᠢᠬᠦ ᠰᠡᠳᠬᠢᠴᠡ ᠶᠢ ᠳᠣᠷᠠᠳᠪᠠ᠃ ᠬᠤᠶᠠᠷ ᠲᠤ᠂ ᠪᠠᠷᠠᠭᠤᠨ ᠤ ᠬᠦᠳᠡᠭᠡ᠂ ᠪᠠᠷᠠᠭᠤᠨ ᠬᠦᠳᠡᠭᠡ ᠳᠤ ᠮᠢᠩᠭᠠᠨ ᠮᠥ ᠶᠢᠨ ᠲᠠᠰ ᠤᠨ ᠵᠢᠱᠢᠶ᠎ᠡ ᠦᠵᠡᠭᠦᠯᠬᠦ ᠬᠤᠶᠠᠷ ᠬᠡᠰᠡᠭ ᠢ ᠳᠦᠪᠯᠡᠷᠡᠭᠦᠯᠦᠨ ᠪᠠᠶᠢᠭᠤᠯᠵᠤ᠂ ᠴᠢᠬᠢᠭ ᠢ ᠬᠡᠮᠵᠢᠨ ᠤᠰᠤᠯᠠᠯᠲᠠ ᠬᠢᠬᠦ᠂  ᠢᠨᠲ᠋ᠧᠷ ᠰᠦᠯᠵᠢᠶ᠎ᠡ +᠂ ᠭᠠᠩ ᠢ ᠡᠰᠡᠷᠭᠦᠴᠡᠨ ᠤᠰᠤ ᠶᠢ ᠬᠠᠳᠠᠭᠠᠯᠠᠬᠤ ᠰᠢᠨ᠎ᠡ ᠬᠡᠯᠪᠡᠷᠢ ᠶᠢᠨ ᠮᠠᠲ᠋ᠧᠷᠢᠶᠠᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠭᠤᠣᠯᠴᠢᠯᠠᠨ ᠳᠡᠯᠭᠡᠷᠡᠭᠦᠯᠦᠨ᠎ᠡ︔ ᠭᠤᠷᠪᠠ ᠳᠤ᠂ ᠤᠰᠤᠨ ᠠᠰᠢᠭᠯᠠᠯᠲᠠ ᠶᠢᠨ ᠲᠠᠷᠢᠶᠠᠯᠠᠩ ᠤᠨ ︽ᠡᠴᠦᠰ  ᠤᠨ ᠵᠦᠷᠢᠶ᠎ᠡ︾ ᠲᠠᠢ ᠪᠠᠶᠢᠬᠤ ᠠᠰᠠᠭᠤᠳᠠᠯ ᠢ ᠭᠤᠣᠯᠴᠢᠯᠠᠨ ᠰᠢᠢᠳᠪᠦᠷᠢᠯᠡᠵᠦ᠂ ᠳᠦᠷᠦᠭᠦᠦ ᠲᠥᠬᠦᠭᠡᠷᠦᠮᠵᠢ ᠶᠢ ᠡᠪᠳᠡᠵᠦ ᠰᠦᠢᠳᠭᠡᠭᠰᠡᠨ ᠠᠴᠠ ᠤᠰᠤᠨ ᠠᠰᠢᠭᠯᠠᠯᠲᠠ ᠶᠢᠨ ᠢᠵᠢ ᠪᠦᠷᠢᠨ ᠲᠥᠬᠦᠭᠡᠷᠦᠮᠵᠢ ᠶᠢ ᠳᠠᠮᠫᠤᠷᠠᠭᠤᠯᠬᠤ ᠠᠰᠠᠭᠤᠳᠠᠯ ᠢ ᠭᠤᠣᠯᠴᠢᠯᠠᠨ ᠰᠢᠢᠳᠪᠦᠷᠢᠯᠡᠨ᠎ᠡ︔ ᠲᠦᠷᠪᠡ ᠳᠤ᠂ ᠭᠠᠵᠠᠷ ᠳᠣᠣᠷᠠᠬᠢ ᠤᠰᠤ ᠶᠢ ᠠᠰᠢᠭᠯᠠᠬᠤ ᠪᠠ ᠨᠥᠬᠦᠪᠥᠷᠢᠯᠡᠬᠦ ᠶᠢ ᠲᠡᠩᠴᠡᠭᠦᠷᠢᠲᠡᠢ ᠪᠠᠶᠢᠯᠭᠠᠬᠤ᠂ ᠬᠦᠷᠦᠰᠦ ᠰᠢᠷᠣᠢ ᠶᠢᠨ ᠤᠯᠠᠨ ᠡᠬᠢᠲᠦ ᠪᠣᠬᠢᠷᠲᠤᠯ᠂ ᠪᠣᠬᠢᠷᠲᠤᠯ ᠦᠭᠡᠢ ᠲᠠᠷᠢᠶᠠᠯᠠᠩ ᠢ ᠬᠥᠭᠵᠢᠭᠦᠯᠬᠦ ᠶᠢ ᠬᠤᠶᠢᠰᠢᠳᠠ ᠶᠢᠨ ᠳᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠡᠭᠦᠰᠦᠯᠲᠡ ᠪᠣᠯᠭᠠᠨ᠎ᠠ︔ ᠲᠠᠪᠤ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠲᠠᠢ ᠤᠶᠠᠯᠳᠤᠭᠤᠯᠵᠤ᠂ ᠳᠠᠷᠢᠶᠠᠨ ᠭᠠᠵᠠᠷ ᠤᠨ ᠲᠥᠬᠦᠭᠡᠷᠦᠮᠵᠢ ᠪᠠ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢ ᠠᠪᠴᠠᠯᠳᠣᠭᠤᠯᠣᠨ᠎ᠠ᠃ ᠪᠦᠲᠦᠭᠡᠨ ᠪᠠᠶᠢᠭᠤᠯᠬᠤ ᠪᠠᠷᠢᠮᠵᠢᠶ᠎ᠠ ᠶᠢᠨ ᠲᠠᠯ᠎ᠠ ᠪᠠᠷ᠂ ᠳᠣᠯᠣᠭᠠᠨ ᠢᠵᠢ ᠪᠦᠷᠢᠳᠦᠬᠦᠯᠬᠦ ᠳᠣᠬᠠᠢ ᠪᠣᠳᠠᠲᠠᠶ ᠠᠵᠢᠯᠯᠠᠬᠤ ᠠᠭᠤᠯᠭ᠎ᠠ ᠶᠢ ᠨᠠᠷᠢᠯᠢᠭᠵᠢᠭᠤᠯᠤᠭᠰᠠᠨ ᠪᠥᠭᠡᠳ ᠪᠡᠶᠡᠯᠡᠭᠦᠯᠬᠦ ᠭᠡᠵᠦ ᠪᠠᠶᠢᠭ᠎ᠠ ᠪᠦᠲᠦᠭᠡᠨ ᠪᠠᠶᠢᠭᠤᠯᠤᠯᠲᠠ ᠶᠢᠨ ᠬᠠᠷᠠᠯᠳᠠ ᠶᠢ ᠨᠠᠷᠢᠯᠢᠭᠵᠢᠭᠤᠯᠤᠭᠰᠠᠨ ᠪᠠᠶᠢᠨ᠎ᠠ᠃ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠢᠴᠢ ᠬᠠᠮᠢᠶᠠᠷᠴᠤ ᠬᠠᠮᠠᠭᠠᠯᠠᠬᠤ ᠲᠠᠯ᠎ᠠ ᠪᠠᠷ᠂ ᠨᠢᠭᠡ ᠴᠣᠭᠴᠠᠵᠢᠭᠤᠯᠣᠭᠰᠠᠨ ᠠᠵᠢᠯᠯᠠᠭᠤᠯᠵᠤ ᠬᠠᠮᠠᠭᠠᠯᠠᠬᠤ ᠵᠠᠭᠪᠤᠷ ᠢᠶᠠᠷ᠂ ᠪᠦᠬᠦ ᠬᠤᠰᠢᠭᠤ ᠲᠣᠭᠤᠷᠢᠭ ᠢ ᠵᠢᠷᠤᠭᠯᠠᠨ ᠳᠦᠯᠦᠪᠯᠡᠵᠦ᠂ ᠪᠦᠬᠦ᠋ᠢᠯᠡ ᠰᠤᠮᠤ ᠪᠠᠯᠭᠠᠰᠤ ᠶᠢ ᠵᠠᠯᠭᠠᠯᠳᠤᠭᠤᠯᠤᠨ ᠠᠬᠢᠭᠤᠯᠵᠤ᠂ ᠵᠢᠷᠤᠭ ᠲᠥᠯᠥᠪᠯᠡᠭᠡ ᠬᠢᠵᠦ ᠪᠠᠶᠢᠭ᠎ᠠ ᠱᠠᠳᠣᠨ ᠳᠤ ᠳᠠᠭᠠᠭᠤᠯᠣᠭᠴᠢ ᠠᠵᠤ ᠠᠬᠤᠶᠢᠯᠠᠯ ᠠᠴᠠ ᠪᠦᠲᠦᠭᠡᠨ ᠪᠠᠶᠢᠭᠤᠯᠤᠯᠲᠠ ᠶᠢ ᠪᠦᠬᠦᠨ ᠢ ᠳᠠᠭᠠᠭᠠᠨ ᠠᠪᠬᠤ ᠶᠢ ᠵᠣᠷᠢᠭᠵᠢᠭᠤᠯᠬᠤ ᠰᠡᠳᠬᠢᠮᠵᠢ ᠶᠢ ᠳᠣᠷᠠᠳᠪᠠ᠃ ᠬᠡᠷᠡᠭᠵᠢᠭᠦᠯᠬᠦ ᠠᠯᠬᠤᠮ ᠳᠠᠷᠠᠭ᠎ᠠ ᠶᠢᠨ ᠲᠠᠯ᠎ᠠ ᠪᠠᠷ᠂ ᠡᠭᠦᠷᠭᠡ ᠬᠠᠷᠠᠯᠲᠠ ᠶᠢ ᠳᠣᠷᠠᠳᠬᠤ᠂ ᠲᠥᠷᠥᠯ ᠵᠦᠢᠯ ᠢ ᠲᠣᠭᠲᠠᠭᠠᠬᠤ ᠠᠴᠠ ᠪᠠᠶᠢᠭᠤᠯᠵᠦ ᠳᠠᠭᠤᠰᠣᠨ ᠬᠠᠮᠢᠶᠠᠷᠴᠤ ᠬᠠᠮᠠᠭᠠᠯᠠᠬᠤ᠂ ᠣᠯᠠᠨ ᠲᠠᠯ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ᠂ ᠰᠢᠯᠭᠠᠨ ᠬᠤᠷᠢᠶᠠᠵᠤ ᠰᠢᠯᠵᠢᠭᠦᠯᠦᠨ ᠲᠤᠰᠢᠶᠠᠬᠤ ᠵᠡᠷᠭᠡ ᠠᠵᠢᠯ ᠤᠨ ᠪᠠᠷᠢᠮᠵᠢᠶ᠎ᠠ ᠠᠯᠬᠤᠮ ᠳᠠᠷᠠᠭ᠎ᠠ ᠶᠢ ᠨᠠᠷᠢᠨ ᠲᠣᠳᠣᠷᠬᠠᠶ ᠪᠢᠴᠢᠪᠡ᠃ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠲᠠᠯ᠎ᠠ ᠪᠠᠷ᠂ ︽ᠵᠠᠰᠠᠭ ᠤᠨ ᠣᠷᠳᠣᠨ ᠤᠳᠤᠷᠢᠳᠬᠤ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠲᠦᠷᠦᠭᠦᠯᠡᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠳᠡᠭᠡᠳᠦ ᠳᠣᠣᠷᠠᠳᠤ ᠱᠠᠳᠣᠨ ᠤ ᠬᠢᠨ ᠬᠤᠯᠪᠣᠭᠠᠯᠠᠨ ᠬᠥᠳᠡᠯᠦᠯᠴᠡᠬᠦ︾ ᠰᠡᠳᠬᠢᠮᠵᠢ ᠶᠢ ᠳᠣᠷᠠᠳᠴᠦ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ  ᠳᠠᠬᠢ ᠣᠳᠣᠷᠢᠳᠬᠤ ᠦᠢᠯᠡᠳᠦᠯ ᠢ ᠴᠢᠬᠤᠯᠠᠴᠢᠯᠠᠨ᠂ ᠠᠶᠢᠮᠠᠭ ᠬᠤᠰᠢᠭᠤ ᠬᠤᠶᠠᠷ ᠱᠠᠲᠤᠨ ᠤ ᠬᠢᠨ ᠵᠠᠰᠠᠭ ᠤᠨ ᠣᠷᠳᠣᠨ ᠤ ᠳᠠᠯ᠎ᠠ ᠳᠤ ᠤᠳᠤᠷᠢᠳᠬᠤ ᠳᠤᠭᠤᠶᠢᠯᠠᠩ ᠪᠠᠶᠢᠭᠤᠯᠬᠤ ᠱᠠᠭᠠᠷᠳᠠᠯᠭ᠎ᠠ ᠶᠢ ᠳᠣᠷᠠᠳᠣᠭᠰᠠᠨ ᠤ ᠬᠠᠮᠲᠤ ᠲᠥᠷᠥᠯ ᠵᠦᠢᠯ ᠤᠨ ᠬᠠᠮᠢᠶᠠᠷᠤᠯᠲᠠ᠂ ᠪᠠᠯᠠ ᠮᠥᠩᠭᠦ ᠶᠢᠨ ᠪᠠᠲᠤᠯᠠᠭ᠎ᠠ᠂ ᠬᠢᠨᠠᠯᠲᠠ ᠲᠠᠯᠪᠢᠵᠤ ᠬᠢᠨᠠᠨ ᠰᠢᠯᠭᠠᠬᠤ᠂ ᠳᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠠᠯ᠎ᠠ ᠪᠠᠷ ᠬᠢ ᠠᠵᠢᠯ ᠤᠨ ᠬᠠᠷᠠᠯᠲᠠ ᠶᠢ ᠴᠢᠬᠤᠯᠠᠴᠢᠯᠠᠪᠠ᠃      ᠳᠠᠶᠢᠯᠣᠮᠵᠢ ᠬᠢᠭᠰᠡᠨ ᠨᠢ᠄ ᠠᠯᠠᠱᠠ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠨᠡᠭᠡᠭᠡᠨ ᠬᠥᠭᠵᠢᠭᠦᠯᠬᠦ  ᠠᠵᠢᠯ ᠤᠨ ᠰᠠᠯᠠᠭᠠᠨ ᠤ ᠳᠠᠷᠤᠭ᠎ᠠ ᠫᠸᠢ ᠰᠢᠤᠸᠠᠨ ᠬᠤᠤ            ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠬᠤᠯᠪᠣᠭᠠᠰᠣ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号