ᠠᠯᠠᠱᠨ ᠠᠶᠢᠮᠠᠭ ᠤᠨ ᠵᠢᠭᠤᠯᠴᠢᠯᠠᠯ ᠤᠨ ᠭᠡᠷᠡᠭᠯᠡᠭᠡᠨ ᠢ ᠠᠬᠢᠭᠤᠯᠬᠤ ᠰᠠᠨᠠᠯ ︵ᠲᠤᠷᠰᠢᠨ ᠭᠡᠷᠡᠭᠵᠢᠬᠦᠯᠬᠦ︶
ᠨᠡᠶᠢᠲᠡᠯᠡᠭᠰᠡᠨ ᠴᠠᠭ᠄
2020/5/20
      ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠰᠤᠶᠤᠯ ᠵᠢᠭᠤᠯᠴᠢᠯᠠᠯ ᠤᠨ ᠭᠡᠷᠡᠭᠯᠡᠭᠡᠨ  ᠤ ᠲᠠᠯᠳᠠ ᠬᠦᠴᠦᠨ ᠢ ᠤᠯᠠᠮ ᠨᠢᠭᠡ ᠠᠯᠬᠤᠮ ᠵᠤᠷᠢᠭᠵᠢᠭᠤᠯᠬᠤ ᠲᠤᠬᠠᠢ ᠰᠠᠨᠠᠯ︾ ︵ᠲᠦᠷᠦ ᠠᠯᠪᠠᠨ ᠲᠠᠷᠬᠠᠭᠠᠭᠰᠠᠨ    ﹇2019﹈ 41 ᠳ᠋ᠤᠭᠡᠷ ᠲᠤᠭᠠᠲᠤ︶ ᠪᠠ ᠤᠯᠤᠰ ᠤᠨ ᠬᠦᠭᠵᠢᠬᠦᠯᠦᠯᠳᠡ ᠦᠭᠡᠷᠡᠴᠢᠯᠡᠯᠳᠡ  ᠶᠢᠨ ᠵᠦᠪᠯᠠᠯ ᠤᠨ      ︽ᠭᠡᠷᠡᠭᠯᠡᠭᠡᠨ ᠤ ᠶᠠᠰᠤ ᠴᠢᠨᠠᠷ ᠢ ᠲᠡᠭᠡᠭᠰᠢᠯᠡᠬᠦᠯᠦᠨ ᠦᠷᠭᠡᠳᠬᠡᠬᠦ ᠶᠢ ᠠᠬᠢᠭᠤᠯᠵᠦ ᠤᠯᠤᠰ  ᠤᠨ ᠲᠤᠲᠤᠭᠠᠲᠤᠬᠢ ᠬᠦᠴᠦᠷᠭᠡᠭ ᠵᠠᠬ᠎ᠠ ᠲᠡᠯᠭᠡᠬᠦᠷ ᠢ ᠪᠤᠢ ᠪᠤᠯᠭᠠᠬᠤ ᠲᠤᠬᠠᠢ ᠭᠡᠷᠡᠭᠵᠢᠬᠦᠯᠬᠦ ᠰᠠᠨᠠᠯ︾ ︵ᠬᠦᠭᠵᠢᠬᠦᠯᠦᠯᠳᠡ ᠦᠭᠡᠷᠡᠴᠢᠯᠡᠯᠳᠡ ᠠᠵᠢᠯ ᠤᠯᠭᠤᠯᠳᠠ ﹇2020﹈ 293 ᠳ᠋ᠤᠭᠠᠷ ᠲᠤᠭᠠᠲᠤ︶ ᠤᠨ ᠱᠠᠭᠠᠷᠳᠠᠯᠭ᠎ᠠ ᠶᠤᠰᠤᠭᠠᠷ᠂ ᠠᠷᠠᠳ ᠤᠯᠠᠨ ᠤ ᠰᠠᠶᠢᠨ ᠰᠠᠶᠢᠬᠠᠨ ᠠᠮᠢᠲᠤᠷᠠᠯ ᠤᠨ ᠬᠦᠭᠡᠭᠡᠴᠡᠯᠲᠤᠯ ᠤᠨ ᠲᠠᠰᠤᠷᠠᠯᠳᠠ ᠦᠭᠡᠢ ᠲᠡᠭᠡᠭᠰᠢᠯᠡᠯᠳᠡ ᠶᠢ ᠬᠠᠩᠭᠠᠵᠦ ᠭᠡᠷᠡᠭᠯᠡᠭᠡᠨ ᠤ ᠢᠳᠡᠭᠡᠯ ᠵᠤᠷᠢᠭ ᠢ ᠬᠦᠪᠴᠢᠯᠠᠵᠦ᠂ ᠦᠷᠭᠡᠨ ᠤᠯᠠᠨ ᠰᠠᠭᠤᠭᠠᠯᠢ ᠠᠷᠠᠳ ᠤᠨ ᠡᠷᠡᠬᠦᠯ ᠮᠠᠨᠲᠤ ᠪᠠᠷ ᠰᠠᠨᠠᠭ᠎ᠠ ᠠᠮᠤᠷ ᠵᠤᠭᠠᠴᠠᠬᠤ ᠶᠢ ᠬᠦᠲᠤᠯᠤᠨ ᠵᠢᠯᠤᠭᠤᠳᠴᠦ᠂ ᠬᠢᠵᠢᠭ ᠤᠨ ᠲᠠᠷᠠᠭᠠᠬᠢ ᠵᠢᠭᠤᠯᠴᠢᠯᠠᠯ ᠤᠨ ᠭᠡᠷᠡᠭᠯᠡᠭᠡᠨ ᠢ ᠲᠦᠷᠭᠡᠭᠡᠨ ᠬᠦᠭᠵᠢᠬᠦᠯᠵᠦ᠂ ᠮᠠᠨ ᠤ ᠠᠶᠢᠮᠠᠭ ᠤᠨ ᠬᠢᠵᠢᠭ ᠤᠨ ᠲᠠᠷᠠᠭᠠᠬᠢ ᠠᠵᠤ ᠠᠬᠤᠢ ᠨᠠᠶᠢᠭᠡᠮ ᠤᠨ ᠬᠦᠭᠵᠢᠯᠳᠡ ᠶᠢᠨ ᠲᠤᠭᠳᠠᠭᠤᠨ ᠠᠬᠢᠯᠳᠠ ᠳᠤ ᠬᠦᠴᠦᠯᠠᠬᠦ ᠶᠢᠨ ᠲᠤᠰᠠᠳᠠ᠂ ᠲᠤᠰ ᠮᠡᠳᠡᠭᠳᠡᠯ ᠢ ᠤᠨᠴᠠᠭᠠᠶᠢᠯᠠᠨ  ᠲᠤᠭᠳᠠᠭᠠᠪᠠ᠂ ᠪᠤᠳᠠᠲᠠᠢ ᠠᠭᠤᠯᠭ᠎ᠠ ᠨᠢ ᠲᠤᠤᠷᠠᠬᠢ ᠮᠠᠲᠤ᠄      ᠨᠢᠭᠡ᠂ ᠰᠠᠭᠤᠭᠠᠯᠢ ᠠᠷᠠᠳ ᠤᠨ ᠡᠷᠡᠬᠦᠯ ᠮᠠᠨᠲᠤ ᠪᠠᠷ ᠵᠤᠭᠠᠴᠠᠬᠤ ᠶᠢ ᠬᠦᠲᠤᠯᠤᠨ ᠵᠢᠯᠤᠭᠤᠲᠤᠨ᠎ᠠ᠃       ︽ᠵᠤᠭᠠᠴᠠᠬᠤ ᠨᠢ ᠡᠷᠡᠬᠦᠯ ᠮᠠᠨᠲᠤ ᠶᠢᠨ ᠲᠦᠯᠦᠭᠡ᠂ ᠡᠷᠡᠬᠦᠯ ᠮᠠᠨᠲᠤ ᠪᠠᠷ ᠵᠤᠭᠠᠴᠠᠬᠤ︾ ᠭᠡᠷᠡᠭᠯᠡᠭᠡᠨ ᠤ ᠤᠨᠤᠯᠵᠢᠬᠤᠨ ᠢ ᠰᠠᠨᠠᠭᠠᠴᠢᠯᠠᠵᠦ᠂ ︽ᠠᠯᠠᠱᠠᠴᠤᠳ ᠠᠯᠠᠱᠨ ᠳᠠᠭᠠᠨ ᠵᠤᠭᠠᠴᠠᠬᠤ᠂ ᠤᠶᠢᠷ᠎ᠠ ᠬᠠᠪᠢ ᠶᠢᠨ ᠬᠦᠮᠦᠰ ᠠᠯᠠᠱᠨ ᠳᠤ ᠢᠷᠡᠵᠦ ᠵᠤᠭᠠᠴᠠᠬᠤ︾ ᠶᠢ ᠠᠮᠤᠷ ᠲᠦᠪᠰᠢᠨ ᠡᠮᠬᠢ ᠵᠢᠷᠤᠮ ᠲᠠᠢ ᠲᠦᠯᠬᠢᠨ ᠠᠬᠢᠭᠤᠯᠵᠦ᠂ ᠵᠢᠭᠤᠯᠴᠢᠨ  ᠳᠤ ᠦᠢᠯᠡᠴᠢᠯᠡᠬᠦ ᠭᠠᠵᠠᠷ ᠤᠨ ᠬᠢᠨ ᠤ ᠡᠷᠡᠬᠦᠯ ᠮᠠᠨᠲᠤ ᠪᠠᠷ ᠭᠤᠤᠯ ᠰᠡᠲᠤᠪ ᠪᠤᠯᠭᠠᠭᠰᠠᠨ ᠵᠢᠭᠤᠯᠴᠢᠯᠠᠯ ᠤᠨ ᠡᠯ᠎ᠠ ᠲᠦᠷᠦᠯ ᠤᠨ ᠪᠦᠲᠤᠭᠡᠭᠳᠡᠬᠦᠨ ᠪᠠ ᠵᠠᠮ ᠱᠤᠭᠤᠮ ᠢ  ᠲᠦᠯᠦᠪᠯᠡᠬᠦ ᠶᠢ ᠨᠢ ᠲᠠᠮᠵᠢᠵᠦ᠂ ᠦᠷᠭᠡᠨ ᠤᠯᠠᠨ ᠰᠠᠭᠤᠭᠠᠯᠢ ᠠᠷᠠᠳ ᠤᠨ ᠴᠢᠯᠤᠭᠡᠲᠡᠢ ᠵᠤᠭᠠᠴᠠᠬᠤ᠂ ᠮᠠᠰᠢᠨ ᠢᠶᠠᠨ ᠪᠠᠷᠢᠵᠦ ᠵᠤᠭᠠᠴᠠᠬᠤ᠂ ᠭᠡᠷ ᠪᠦᠯᠢ ᠪᠠᠷ ᠢᠶᠠᠨ ᠵᠤᠭᠠᠴᠠᠬᠤ᠂ ᠴᠦᠭᠡᠨ ᠬᠦᠮᠦᠨ ᠲᠠᠢ ᠵᠢᠵᠢᠭ ᠪᠦᠯᠬᠦᠮ ᠪᠠᠶᠢᠭᠤᠯᠤᠨ ᠵᠤᠭᠠᠴᠠᠬᠤ ᠵᠡᠷᠭᠡ ᠠᠷᠭ᠎ᠠ ᠪᠠᠷᠢᠯ ᠢ ᠠᠪᠴᠦ ᠡᠷᠡᠬᠦᠯ ᠮᠠᠨᠲᠤ ᠠᠮᠤᠷ ᠲᠦᠪᠰᠢᠨ ᠢᠶᠠᠷ ᠵᠤᠭᠠᠴᠠᠬᠤ ᠶᠢ ᠬᠦᠲᠤᠯᠤᠨ ᠵᠢᠯᠤᠭᠤᠲᠤᠨ᠎ᠠ᠃ ᠪᠦᠬᠦ ᠠᠶᠢᠮᠠᠭ ᠤᠨ ᠦᠷᠭᠡᠨ ᠤᠯᠠᠨ ᠺᠠᠳ᠋ᠷ ᠠᠵᠢᠯᠳᠠᠨ ᠠᠵᠢᠯᠴᠢᠨ ᠲᠤᠯᠤᠭᠠᠶᠢᠯᠠᠨ ᠵᠤᠭᠠᠴᠠᠬᠤ ᠶᠢ ᠵᠤᠷᠢᠭᠵᠢᠭᠤᠯᠤᠨ᠎ᠠ᠃      ᠬᠤᠶᠠᠷ᠂ ᠦᠵᠠᠮᠵᠢ ᠶᠢᠨ ᠤᠷᠤᠨ ᠤ ᠡᠬᠦᠳᠡᠨ ᠪᠢᠯᠧᠲ ᠤᠨ ᠦᠨ᠎ᠠ ᠶᠢ ᠬᠢᠮᠳᠠᠷᠠᠭᠤᠯᠬᠤ ᠪᠠ ᠤᠲᠤᠨ ᠲᠡᠰ  ᠤᠨ ᠪᠠᠭᠤᠳᠠᠯ ᠤᠨ ᠬᠤᠨᠤᠭ ᠤᠨ ᠰᠦᠢᠳᠭᠡᠯ ᠬᠤᠭᠤᠯᠠᠨ ᠤ ᠰᠦᠢᠳᠭᠡᠯ ᠢ ᠬᠢᠮᠳᠠᠷᠠᠭᠤᠯᠬᠤ ᠠᠵᠢᠯ ᠢ ᠶᠠᠪᠤᠭᠳᠠᠭᠤᠯᠤᠨ᠎ᠠ᠃ A ᠲᠡᠰ ᠤᠨ ᠦᠵᠠᠮᠵᠢ ᠶᠢᠨ ᠤᠷᠤᠨ ᠤ ᠡᠬᠦᠳᠡᠨ ᠪᠢᠯᠧᠲ ᠤᠨ ᠦᠨ᠎ᠠ ᠶᠢ ᠪᠠᠭᠤᠷᠠᠭᠤᠯᠵᠦ᠂ ᠦᠵᠠᠮᠵᠢ ᠶᠢᠨ ᠤᠷᠤᠨ ᠤ ᠡᠬᠦᠳᠡᠨ ᠪᠢᠯᠧᠲ ᠤᠨ ᠦᠨ᠎ᠠ ᠶᠢ ᠬᠢᠮᠳᠠᠷᠠᠭᠤᠯᠬᠤ ᠠᠵᠢᠯ ᠢ ᠶᠠᠪᠤᠭᠳᠠᠭᠤᠯᠤᠨ᠎ᠠ᠃ ᠦᠵᠠᠮᠵᠢ ᠶᠢᠨ ᠤᠷᠤᠨ ᠤ ᠡᠬᠦᠳᠡᠨ ᠪᠢᠯᠧᠲ ᠤᠨ ᠦᠨ᠎ᠠ ᠶᠢ ᠬᠠᠰᠤᠵᠦ ᠬᠡᠯᠲᠤᠷᠢᠬᠦᠯᠬᠦ ᠠᠷᠠᠳ ᠢ ᠬᠠᠷᠠᠭᠠᠯᠵᠠᠬᠤ ᠬᠦᠴᠦᠯᠠᠴᠠ ᠶᠢ ᠨᠡᠮᠡᠭᠳᠡᠬᠦᠯᠵᠦ᠂ ᠪᠦᠬᠦ ᠠᠶᠢᠮᠠᠭ ᠤᠨ ᠡᠯ᠎ᠠ A ᠲᠡᠰ ᠤᠨ ᠵᠢᠭᠤᠯᠴᠢᠯᠠᠯ ᠤᠨ ᠤᠷᠤᠨ ᠨᠢ ᠵᠢᠭᠤᠯᠴᠢᠯᠠᠯ ᠤᠨ ᠰᠡᠯᠡᠬᠦᠦ ᠤᠯᠠᠷᠢᠯ ᠳᠤ ᠦᠵᠠᠮᠵᠢ ᠶᠢᠨ ᠤᠷᠤᠨ ᠳᠤ ᠤᠷᠤᠵᠦ ᠵᠤᠭᠠᠴᠠᠭᠰᠠᠨ ᠠᠯᠠᠱᠨ ᠶᠢᠨ ᠡᠷᠤᠭᠡ ᠠᠮᠨ ᠲᠠᠢ ᠰᠠᠭᠤᠭᠠᠯᠢ ᠠᠷᠠᠳ ︵ᠬᠦᠴᠦᠨ ᠲᠠᠢ ᠪᠠᠶ᠎ᠠ ᠶᠢᠨ ᠦᠨᠠᠮᠯᠠᠯ ᠪᠠᠶᠢᠬᠤ︶ ᠲᠤ ᠡᠬᠦᠳᠡᠨ ᠪᠢᠯᠧᠲ ᠢ ᠪᠦᠬᠦᠨ  ᠢ ᠭᠡᠯᠲᠤᠷᠢᠬᠦᠯᠬᠦ ᠬᠠᠷᠠᠭᠠᠯᠵᠠᠯ ᠬᠦᠷᠳᠡᠭᠡᠬᠦ ᠶᠢ ᠵᠤᠷᠢᠭᠵᠢᠭᠤᠯᠵᠦ᠂ ᠠᠶᠢᠮᠠᠭ ᠤᠨ ᠭᠠᠳᠠᠨᠠᠬᠢ ᠵᠢᠭᠤᠯᠴᠢᠨ ᠳᠤ ᠡᠬᠦᠳᠡᠨ ᠪᠢᠯᠧᠲ ᠢ ᠬᠠᠭᠠᠰ ᠦᠨ᠎ᠠ ᠪᠠᠷ ᠬᠠᠷᠠᠭᠠᠯᠵᠠᠬᠤ ᠲᠦᠷᠦ ᠶᠢᠨ ᠪᠤᠲᠤᠯᠭ᠎ᠠ ᠶᠢ ᠭᠡᠷᠡᠭᠵᠢᠬᠦᠯᠵᠦ᠂ ︽ᠬᠢᠵᠢᠭ ᠢ ᠰᠡᠷᠭᠡᠶᠢᠯᠡᠬᠦ︾ ᠡᠮᠤᠨ᠎ᠠ ᠹᠷᠤᠨᠲ ᠤᠨ ᠪᠦᠬᠦ ᠡᠮᠨᠡᠯᠭᠡ ᠶᠢᠨ ᠠᠵᠢᠯᠳᠠᠨ᠂ ︽ᠬᠤᠪᠸᠢ ᠮᠤᠵᠢ ᠶᠢ ᠲᠤᠰᠠᠯᠠᠭᠰᠠᠨ ᠡᠮᠴᠢᠯᠡᠭᠡᠨ ᠤ ᠠᠩᠬᠢ︾ ᠶᠢᠨ ᠪᠦᠷᠢᠯᠲᠤᠬᠦᠨ ᠤ ᠲᠤᠰ ᠬᠦᠮᠦᠨ ᠵᠢᠴᠢ ᠤᠶᠢᠷ᠎ᠠ ᠰᠠᠲᠤᠨ ︵1 ᠬᠦᠮᠦᠨ ᠢᠶᠠᠷ ᠬᠢᠵᠠᠭᠠᠷᠯᠠᠨ᠎ᠠ︶ ᠳᠤ ᠬᠦᠴᠦᠨ ᠲᠠᠢ ᠦᠨᠠᠮᠯᠠᠯ ᠢᠶᠠᠷ ᠨᠢ ᠤᠳᠠᠭ᠎ᠠ ᠶᠢ ᠬᠢᠵᠠᠭᠠᠷᠯᠠᠬᠤ ᠦᠭᠡᠢ ᠪᠠᠷ ᠵᠢᠭᠤᠯᠴᠢᠯᠠᠯ ᠤᠨ ᠤᠷᠤᠨ ᠳᠤ ᠤᠷᠤᠬᠤ ᠶᠢ ᠬᠠᠷᠠᠭᠠᠯᠵᠠᠵᠦ᠂ ᠲᠡᠷᠡᠴᠢᠯᠠᠨ ᠤᠨᠴᠠᠭᠠᠢ ᠬᠦᠮᠦᠰ ᠤᠨ ᠡᠬᠦᠳᠡᠨ ᠪᠢᠯᠧᠲ ᠤᠨ ᠦᠨ᠎ᠠ ᠶᠢ ᠬᠠᠰᠤᠵᠦ ᠭᠡᠯᠲᠤᠷᠢᠬᠦᠯᠬᠦ ᠲᠦᠷᠦ ᠶᠢᠨ ᠪᠤᠲᠤᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠠ ᠤᠲᠤᠨ ᠲᠡᠰ ᠤᠨ ᠪᠠᠭᠤᠳᠠᠯ  ᠨᠢ ᠠᠯᠠᠱᠨ ᠶᠢᠨ ᠡᠷᠤᠭᠡ ᠠᠮᠨ ᠲᠠᠢ ᠰᠠᠭᠤᠭᠠᠯᠢ ᠠᠷᠠᠳ ᠲᠤ ᠨᠢᠭᠡᠲᠤᠯᠲᠡᠢ ︽ᠭᠡᠯᠡᠯᠴᠡᠭᠡᠷ ᠤᠨ ᠦᠨ᠎ᠠ︾ ᠪᠠᠷ ᠬᠤᠨᠤᠭᠯᠠᠬᠤ ᠪᠠ ᠬᠤᠭᠤᠯᠠᠯᠠᠬᠤ ᠳᠤ ᠦᠨ᠎ᠠ ᠶᠢ ᠨᠢ ᠬᠢᠮᠳᠠᠷᠠᠭᠤᠯᠵᠦ ᠬᠠᠷᠠᠭᠠᠯᠵᠠᠬᠤ ᠶᠢ ᠲᠦᠯᠬᠢᠨ ᠠᠬᠢᠭᠤᠯᠤᠨ᠎ᠠ᠃      ᠭᠤᠷᠪᠠ᠂ ᠣᠬᠠᠭᠤᠯᠭ᠎ᠠ ᠡᠵᠡᠩᠨᠡᠨ ᠪᠤᠷᠤᠯᠠᠭᠤᠯᠤᠯᠲᠠ ᠶᠢᠨ ᠲᠡᠯᠭᠡᠷᠡᠬᠦᠯᠦᠯᠲᠡ ᠶᠢ ᠦᠷᠨᠢᠬᠦᠯᠦᠨ᠎ᠠ᠃ ᠡᠯ᠎ᠠ ᠬᠤᠰᠢᠭᠤ ᠤᠷᠤᠨ᠂ ᠡᠯ᠎ᠠ ᠱᠠᠲᠤᠨ ᠤ ᠰᠤᠶᠤᠯ ᠵᠢᠭᠤᠯᠴᠢᠯᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠦᠷᠭᠡᠭᠡᠨ ︽ᠤᠷᠢᠨ ᠤᠷᠤᠭᠤᠯᠬᠤ︾ ᠰᠤᠶᠤᠯ ᠵᠢᠭᠤᠯᠴᠢᠯᠠᠯ ᠤᠨ ᠲᠠᠨᠢᠯᠴᠠᠭᠤᠯᠬᠤ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠵᠦ᠂ ᠬᠦᠷᠰᠢ ᠵᠡᠷᠭᠡᠯᠡᠳᠡᠭᠡ ᠭᠠᠵᠠᠷ ᠤᠷᠤᠨ ᠵᠢᠴᠢ ᠵᠤᠭᠠᠴᠠᠭᠰᠠᠳ ᠤᠨ ᠭᠤᠤᠯ ᠢᠷᠡᠯᠲᠡ ᠶᠢᠨ ᠵᠠᠬ᠎ᠠ ᠳᠡᠯᠭᠡᠬᠦᠷ ᠤᠨ ᠵᠢᠭᠤᠯᠴᠢᠯᠠᠯ ᠤᠨ ᠬᠤᠳᠠᠯᠳᠤᠭᠠᠴᠢᠨ ᠤ ᠠᠯᠠᠱᠠ ᠳᠤ ᠢᠷᠡᠵᠦ ᠮᠠᠲ᠋ᠧᠷᠢᠶᠠᠯ ᠴᠤᠭᠯᠠᠭᠤᠯᠵᠤ ᠦᠵᠡᠮᠵᠢ ᠰᠤᠨᠢᠷᠬᠠᠬᠤ ᠶᠢ ᠢᠲᠡᠪᠬᠢᠳᠠᠢ ᠬᠦᠯᠢᠶᠡᠨ ᠠᠪᠴᠦ᠂ ᠡᠷᠡᠬᠦᠯ ᠡᠩᠬᠡ᠂ ᠴᠡᠴᠡᠭᠲᠦ ᠤᠯᠠᠷᠢᠯ᠂  ᠡᠴᠢᠭᠡ ᠡᠬᠡ ᠦᠷ᠎ᠠ ᠬᠡᠦᠬᠡᠳ᠂ ᠦᠪᠡᠷᠲᠡᠭᠡᠨ ᠲᠡᠷᠭᠡ ᠪᠠᠷᠢᠵᠦ ᠵᠤᠭᠠᠴᠠᠬᠤ᠂ ᠰᠤᠳᠤᠯᠤᠨ ᠰᠤᠷᠤᠯᠴᠠᠬᠤ ᠵᠡᠷᠭᠡ ᠭᠤᠤᠯ ᠰᠡᠳᠦᠪᠲᠦ ᠵᠢᠭᠤᠯᠴᠢᠯᠠᠯ ᠤᠨ ᠡᠵᠡᠩᠨᠡᠨ ᠪᠤᠷᠤᠯᠠᠭᠤᠯᠬᠤ ᠬᠦᠳᠡᠯᠭᠡᠭᠡᠨ ᠪᠠ ︽ᠠᠯᠠᠱᠠ ᠶᠢᠨ ᠡᠷᠡᠬᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠭᠠᠵᠠᠷ︾᠂ ︽ᠰᠦᠯᠵᠢᠶᠡᠨ ᠤᠳᠤ ᠵᠢᠭᠤᠯᠴᠢᠯᠠᠯ ᠤᠨ ᠤᠷᠤᠨ︾ ᠵᠡᠷᠭᠡ ᠵᠢᠭᠤᠯᠴᠢᠯᠠᠯ ᠤᠨ ᠪᠦᠲᠦᠭᠡᠭᠳᠡᠬᠦᠨ ᠢ ᠤᠬᠠᠭᠤᠯᠤᠨ ᠲᠠᠨᠢᠯᠴᠠᠭᠤᠯᠤᠨ᠎ᠠ᠃ ᠵᠢᠭᠤᠯᠴᠢᠯᠠᠯ ᠤᠨ ᠠᠵᠦ ᠠᠬᠤᠶᠢᠯᠠᠯ ᠬᠢᠬᠡᠳ ᠠᠵᠢᠯᠴᠢᠨ ᠤ ᠡᠪᠯᠡᠯ ᠤᠨ ᠵᠤᠬᠢᠶᠠᠨ ᠪᠠᠶᠢᠭᠤᠯᠤᠯᠳᠠ᠂ ᠡᠯ᠎ᠠ ᠠᠵᠢᠯ ᠲᠦᠷᠦᠯ‌‍ᠦᠨ ᠨᠡᠶᠢᠬᠡᠮᠯᠢᠭ ︵ᠬᠡᠷᠡᠯ ᠵᠢᠷᠤᠭ᠂ ᠠᠭᠤᠯᠠ ᠠᠪᠠᠷᠢᠬᠤ᠂ ᠤᠷᠠᠨ ᠵᠢᠷᠤᠭ ᠤᠨ ᠨᠡᠶᠢᠬᠡᠮᠯᠢᠭ ᠮᠡᠲᠦ︶ ᠵᠡᠷᠭᠡ ᠲᠠᠢ ᠬᠠᠮᠳᠤᠷᠠᠨ ︽ᠦᠵᠡᠰᠬᠦᠯᠡᠩᠲᠦ ᠠᠯᠠᠱᠠ ᠨᠤᠲᠤᠭ ᠲᠠᠭᠠᠨ ᠡᠩ ᠦᠭᠡᠢ ᠬᠠᠶᠢᠷᠠᠳᠠᠢ︾ ᠬᠡᠷᠡᠯ ᠵᠢᠷᠤᠭ᠂ ᠵᠢᠭᠤᠯᠴᠢᠯᠠᠯ ᠤᠨ ᠳᠡᠮᠳᠡᠭᠯᠡᠯ᠂ ᠤᠷᠠᠨ ᠵᠢᠷᠤᠭ ᠤᠨ ᠪᠦᠲᠦᠭᠡᠯ ᠤᠨ ᠤᠷᠤᠯᠳᠤᠭᠠᠨ ᠪᠤᠶᠤ ᠤᠷᠠᠨ ᠪᠦᠲᠦᠭᠡᠯ ᠤᠨ ᠱᠠᠩᠨᠠᠯᠲᠦ ᠬᠦᠳᠡᠯᠭᠡᠭᠡᠨ ᠢ ᠦᠷᠨᠢᠬᠦᠯᠵᠦ᠂ ᠡᠯ᠎ᠠ ᠬᠤᠰᠢᠭᠤ ᠤᠷᠤᠨ ᠤ ᠤᠨᠴᠠᠯᠢᠭᠲᠤ ᠡᠬᠢ ᠪᠠᠶᠠᠯᠢᠭ ᠲᠠᠭᠠᠨ ᠲᠦᠰᠢᠭᠯᠡᠨ ᠴᠡᠴᠡᠭ ᠰᠤᠨᠢᠷᠬᠠᠬᠤ᠂ ᠠᠭᠤᠯᠠ ᠠᠪᠠᠷᠢᠬᠤ᠂ ᠲᠤᠭᠤᠢ ᠤᠨᠤᠬᠤ᠂ ᠬᠡᠬᠡᠷᠡᠯᠡᠬᠦ ᠵᠡᠷᠭᠡ ᠡᠷᠡᠬᠦᠯᠵᠢᠯ ᠢᠶᠠᠷ ᠭᠤᠤᠯ ᠰᠡᠳᠦᠪ ᠪᠤᠯᠭᠠᠭᠰᠠᠨ ᠵᠢᠭᠤᠯᠴᠢᠯᠠᠯ ᠤᠨ ᠬᠦᠳᠡᠯᠭᠡᠭᠡᠨ ᠦᠷᠨᠢᠬᠦᠯᠬᠦ ᠶᠢ ᠵᠤᠷᠢᠭᠵᠢᠭᠤᠯᠤᠨ᠂ ᠵᠢᠭᠤᠯᠴᠢᠯᠠᠯ ᠤᠨ ᠲᠠᠳᠠᠬᠤ ᠬᠦᠴᠦᠨ ᠢ ᠳᠡᠭᠡᠭᠰᠢᠯᠡᠬᠦᠯᠦᠨ᠂ ᠬᠢᠵᠢᠭ ᠤᠨ ᠳᠠᠷᠠᠭᠠᠬᠢ ᠵᠠᠬ᠎ᠠ ᠳᠡᠯᠭᠡᠬᠦᠷ ᠤᠨ ᠬᠡᠷᠡᠭᠴᠡᠭᠡ ᠱᠠᠭᠠᠷᠳᠠᠯᠭ᠎ᠠ ᠲᠠᠢ ᠵᠤᠬᠢᠴᠠᠨ᠎ᠠ᠃      ᠳᠦᠷᠪᠠ᠂ ᠵᠢᠭᠤᠯᠴᠢᠯᠠᠯ ᠤᠨ ᠬᠡᠷᠡᠭᠯᠡᠭᠡᠨ ᠤ ᠺᠠᠷᠲ ︵ᠳᠡᠮᠳᠡᠭᠲᠦ︶ ᠲᠠᠷᠬᠠᠭᠠᠬᠤ ᠶᠢ ᠵᠤᠷᠢᠭᠵᠢᠭᠤᠯᠤᠨ᠎ᠠ᠃ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠭᠤᠯᠴᠢᠯᠠᠯ ᠤᠨ ᠭᠠᠵᠠᠷ᠂ ᠣᠳᠣᠨ ᠲᠠᠰ ᠤᠨ ᠪᠠᠭᠤᠳᠠᠯ ᠤᠨ        ︽ᠬᠠᠮᠳᠤᠷᠠᠯᠴᠠᠵᠦ ᠬᠠᠮᠳᠤ ᠪᠠᠷ ᠠᠰᠢᠭ ᠬᠦᠷᠲᠡᠬᠦ︾ ᠡᠵᠡᠩᠨᠡᠨ ᠪᠣᠷᠣᠯᠠᠭᠤᠯᠬᠤ ᠪᠠᠶᠢᠯᠳᠤᠬᠤ ᠪᠣᠳᠣᠯᠭ᠎ᠠ ᠬᠡᠷᠡᠭᠵᠢᠭᠦᠯᠬᠦ ᠶᠢ ᠳᠡᠮᠵᠢᠵᠦ᠂ ᠵᠢᠭᠤᠯᠴᠢᠯᠠᠯ ᠤᠨ ᠬᠡᠷᠡᠭᠯᠡᠭᠡᠨ ᠤ ᠺᠠᠷᠲ ᠢ ᠬᠠᠮᠲᠤᠷᠠᠨ ᠲᠠᠷᠬᠠᠭᠠᠵᠤ᠂ ᠺᠠᠷᠲ ᠡᠵᠡᠮᠰᠢᠭᠴᠢ ᠳᠤ ᠳᠥᠭᠦᠮ ᠳᠥᠲᠡ᠂ ᠬᠠᠷᠠᠭᠠᠯᠵᠠᠯᠲᠤ ᠦᠢᠯᠡᠴᠢᠯᠡᠭᠡ ᠬᠠᠩᠭᠠᠨ᠂ ᠵᠢᠭᠤᠯᠴᠢᠯᠠᠯ ᠤᠨ ᠬᠡᠷᠡᠭᠯᠡᠭᠡ ᠶᠢ ᠢᠳᠡᠪᠬᠢᠲᠡᠶ ᠬᠦᠲᠦᠯᠦᠨ ᠵᠢᠯᠣᠭᠤᠳᠤᠨ᠎ᠠ᠃ ᠡᠯ᠎ᠡ ᠬᠤᠰᠢᠭᠤ ᠤᠷᠤᠨ ᠤ ᠰᠣᠶᠣᠯ ᠤᠨ ᠰᠢᠨ᠎ᠡ ᠶᠢ ᠡᠭᠦᠳᠬᠦ ᠳᠡᠯᠭᠡᠭᠦᠷ᠂ ᠣᠨᠴᠠᠯᠢᠭᠲᠤ ᠨᠣᠮ ᠤᠨ ᠳᠡᠯᠭᠡᠭᠦᠷ᠂ ᠰᠤᠶᠤᠯ ᠴᠡᠩᠭᠡᠯ ᠤᠨ ᠲᠠᠯᠠᠪᠤᠷ ᠵᠡᠷᠭᠡ ᠣᠯᠠᠨ ᠲᠥᠷᠥᠯ ᠤᠨ ᠡᠵᠡᠩᠨᠡᠯᠲᠡ ᠶᠢᠨ ᠬᠡᠯᠪᠡᠷᠢ ᠶᠢᠨ ᠬᠡᠷᠡᠭᠯᠡᠭᠡᠨ ᠤ ᠲᠦᠪᠯᠡᠷᠡᠯ ᠤᠨ ᠭᠠᠵᠠᠷ ᠪᠠᠶᠢᠭᠤᠯᠬᠤ ᠶᠢ ᠵᠣᠷᠢᠭᠵᠢᠭᠤᠯᠤᠨ᠎ᠠ᠃      ᠲᠠᠪᠤ᠂ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠪᠠ ᠡᠯ᠎ᠡ ᠲᠥᠷᠥᠯ ᠤᠨ ᠰᠣᠶᠣᠯ ᠦᠵᠡᠰᠬᠦᠯᠡᠩ ᠤᠨ ᠤᠷᠳᠤᠨ ᠲᠠᠯᠠᠪᠤᠷ ᠢᠶᠠᠷ ᠵᠢᠭᠤᠯᠴᠢᠯᠠᠯ ᠤᠨ ᠴᠢᠳᠠᠮᠵᠢ ᠶᠢ ᠰᠢᠯᠢᠳᠡᠭᠵᠢᠭᠦᠯᠬᠦ ᠶᠢ ᠳᠠᠮᠵᠢᠨ᠎ᠠ᠃ ᠪᠣᠳᠠᠰ ᠤᠨ ᠪᠤᠰᠤ ᠰᠣᠶᠣᠯ ᠤᠨ ᠥᠪ ᠤᠨ ᠭᠤᠤᠯ ᠰᠡᠳᠦᠪᠲᠦ ᠵᠢᠭᠤᠯᠴᠢᠯᠠᠯ ᠢ ᠨᠡᠭᠡᠭᠡᠨ ᠬᠥᠭᠵᠢᠭᠦᠯᠬᠦ ᠶᠢ ᠳᠠᠮᠵᠢᠵᠤ᠂ ᠨᠢᠭᠡ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠭᠠᠵᠠᠷ ᠢ ᠡᠭᠦᠳᠦᠨ ᠪᠠᠶᠢᠭᠤᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠳᠠᠷᠬᠠᠨ ᠪᠠᠭᠰᠢ ᠶᠢᠨ ᠠᠵᠢᠯᠯᠠᠬᠤ ᠲᠠᠰᠤᠭ᠂ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠠᠵᠢᠯ  ᠤᠨ  ᠭᠠᠵᠠᠷ  ᠤᠨ ᠵᠢᠭᠤᠯᠴᠢᠯᠠᠯ ᠤᠨ ᠣᠷᠣᠨ ᠵᠠᠶ ᠳᠤ ᠣᠷᠣᠬᠤ ᠶᠢ ᠵᠣᠷᠢᠭᠵᠢᠭᠤᠯᠵᠤ᠂ ᠠᠯᠠᠱᠠ ᠶᠢᠨ ᠰᠣᠶᠣᠯ ᠵᠢᠭᠤᠯᠴᠢᠯᠠᠯ ᠤᠨ ᠣᠨᠴᠠᠯᠢᠭ ᠲᠠᠢ ᠵᠢᠭᠤᠯᠴᠢᠯᠠᠯ ᠤᠨ ᠪᠦᠲᠦᠭᠡᠭᠳᠡᠬᠦᠨ᠂ ᠳᠤᠷᠠᠰᠬᠠᠯ ᠤᠨ ᠡᠳ᠋ ᠪᠠ ᠤᠷᠠᠨ ᠰᠠᠶᠢᠬᠠᠨ ᠤ ᠲᠣᠭᠯᠠᠯᠲᠠ ᠵᠦᠴᠦᠭᠡ ᠶᠢ ᠭᠦᠨᠵᠡᠭᠡᠶ ᠨᠡᠭᠡᠭᠡᠨ ᠬᠥᠭᠵᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠬᠦᠨ᠂ ᠰᠣᠶᠣᠯ ᠤᠨ ᠡᠭᠦᠳᠦᠯᠲᠡ ᠶᠢᠨ ᠦᠢᠯᠡᠳᠬᠦᠨ ᠤ ᠦᠵᠡᠮᠵᠢ ᠶᠢᠨ ᠣᠷᠣᠨ ᠳᠤ ᠣᠷᠣᠬᠤ ᠶᠢ ᠠᠬᠢᠭᠤᠯᠵᠤ᠂ ᠤᠯᠠᠭᠠᠨᠮᠥ᠋ᠴᠢᠷ ᠬᠢᠭᠡᠳ ᠦᠵᠡᠮᠵᠢ ᠶᠢᠨ ᠣᠷᠣᠨ ᠬᠠᠮᠲᠤᠷᠠᠨ ᠲᠤᠬᠠᠢ ᠶᠢᠨ ᠭᠠᠵᠠᠷ ᠲᠤ ᠤᠷᠠᠨ ᠰᠠᠶᠢᠬᠠᠨ ᠤ ᠲᠣᠭᠯᠠᠯᠲᠠ ᠭᠠᠷᠭᠠᠬᠤ ᠶᠢ ᠵᠣᠷᠢᠭᠵᠢᠭᠤᠯᠤᠨ᠂ ᠦᠵᠡᠮᠵᠢ ᠶᠢᠨ ᠣᠷᠣᠨ ᠤ ᠦᠢᠯᠡᠳᠬᠦᠨ ᠤ ᠬᠠᠩᠭᠠᠯᠭ᠎ᠠ ᠶᠢᠨ ᠡᠵᠡᠩᠨᠡᠯᠲᠡ ᠶᠢᠨ ᠪᠠᠶᠢᠳᠠᠯ ᠢ ᠪᠠᠶᠠᠯᠢᠭᠵᠢᠭᠤᠯᠵᠤ᠂ ᠬᠡᠷᠡᠭᠯᠡᠭᠡᠨ ᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠵᠢᠭᠤᠯᠴᠢᠯᠠᠭᠴᠢᠳ ᠤᠨ ᠬᠡᠷᠡᠭᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠵᠢᠷᠭᠤᠭ᠎ᠠ᠂ ᠪᠠᠶᠢᠩᠭᠤᠵᠢᠭᠰᠠᠨ᠂ ᠥᠪᠡᠷᠮᠢᠴᠡ ᠣᠨᠴᠠᠯᠢᠭ ᠲᠠᠢ ᠰᠥᠨᠢ ᠶᠢᠨ ᠰᠣᠶᠣᠯ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠨᠢᠬᠡ ᠪᠦᠯᠦᠭ ᠲᠥᠷᠥᠯ ᠵᠦᠢᠯ ᠢ ᠨᠡᠭᠡᠭᠡᠨ ᠬᠥᠭᠵᠢᠭᠦᠯᠵᠦ᠂ ᠰᠣᠶᠣᠯ ᠵᠢᠭᠤᠯᠴᠢᠯᠠᠯ ᠤᠨ ᠰᠦᠯᠵᠢᠶᠡᠨ ᠤ ᠬᠡᠷᠡᠭᠯᠡᠭᠡ᠂ ᠵᠠᠬᠢᠶᠠᠯᠠᠭ᠎ᠠ ᠶᠢᠨ ᠬᠡᠷᠡᠭᠯᠡᠭᠡ᠂ ᠪᠡᠶᠡᠴᠢᠯᠡᠨ ᠣᠶᠢᠯᠠᠭᠠᠬᠤ ᠬᠡᠷᠡᠭᠯᠡᠭᠡ ᠵᠡᠷᠭᠡ ᠬᠡᠷᠡᠭᠯᠡᠭᠡᠨ ᠤ ᠰᠢᠨ᠎ᠡ ᠬᠠᠯᠠᠮᠰᠢᠯ ᠴᠡᠭ ᠢ ᠢᠳᠡᠪᠬᠢᠲᠡᠶ ᠪᠤᠢ ᠪᠤᠯᠭᠠᠨ᠎ᠠ᠃ ᠠᠮᠤᠷ ᠲᠦᠪᠰᠢᠨ ᠢ ᠪᠠᠲᠤᠯᠠᠵᠤ᠂ ᠠᠷᠠᠳ ᠢ ᠦᠢᠮᠡᠬᠦᠯᠬᠦ  ᠠᠴᠠ ᠵᠠᠶᠢᠯᠠᠰᠬᠢᠭᠰᠡᠨ ᠪᠠᠶᠢᠳᠠᠯ ᠳᠣᠣᠷ᠎ᠠ᠂ ᠨᠥᠬᠦᠴᠡᠯ ᠲᠠᠢ ᠭᠠᠵᠠᠷ ᠣᠷᠣᠨ ᠤ ᠰᠥᠨᠢ ᠪᠠᠷ ᠵᠤᠭᠠᠴᠠᠬᠤ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠵᠤ᠂ ᠰᠣᠶᠣᠯ ᠪᠠ ᠵᠢᠭᠤᠯᠴᠢᠯᠠᠯ ᠤᠨ ᠲᠠᠯᠠᠪᠤᠷ ᠤᠨ ᠰᠥᠨᠢ ᠶᠢᠨ ᠬᠤᠭᠤᠯᠠ ᠤᠮᠳᠠ᠂ ᠪᠠᠷᠠᠭ᠎ᠠ ᠬᠤᠳᠠᠯᠳᠤᠭᠠᠨ ᠤ ᠦᠢᠯᠡᠴᠢᠯᠡᠭᠡ ᠶᠢ ᠰᠢᠯᠢᠳᠡᠭᠵᠢᠬᠦᠯᠵᠦ᠂ ᠰᠥᠨᠢ ᠶᠢᠨ ᠰᠣᠶᠣᠯ ᠤᠨ ᠲᠣᠭᠯᠠᠯᠲᠠ ᠶᠢᠨ ᠵᠠᠬ᠎ᠠ ᠳᠡᠯᠭᠡᠭᠦᠷ ᠢ ᠪᠠᠶᠠᠯᠢᠭᠵᠢᠭᠤᠯᠤᠨ᠂ ᠮᠦᠽᠧᠢ᠂ ᠨᠣᠮ ᠤᠨ ᠰᠠᠩ ᠵᠡᠷᠭᠡ ᠶᠢᠨ ᠰᠥᠨᠢ ᠶᠢᠨ ᠵᠦᠢ ᠵᠣᠬᠢᠰᠲᠠᠢ ᠡᠵᠡᠩᠨᠡᠯᠲᠡ ᠨᠡᠭᠡᠭᠡᠯᠲᠡ ᠶᠢ ᠵᠣᠷᠢᠭᠵᠢᠭᠤᠯᠵᠤ᠂ 24 ᠴᠠᠭ ᠤᠨ ᠨᠣᠮ ᠤᠨ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠰᠥᠨᠢ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠳᠤ ᠺᠠᠷᠲ ᠵᠠᠷᠤᠬᠤ ᠬᠡᠰᠡᠭ ᠭᠠᠵᠠᠷ ᠢ ᠭᠠᠷᠭᠠᠨ᠎ᠠ᠃      ᠳᠣᠯᠤᠭ᠎ᠠ᠂ ᠵᠢᠭᠤᠯᠴᠢᠯᠠᠯ ᠤᠨ ᠦᠢᠯᠡᠴᠢᠯᠡᠬᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠤᠷᠢᠳᠠᠯ ᠳᠣᠣᠷ᠎ᠠ᠂ ᠡᠯ᠎ᠡ ᠬᠤᠰᠢᠭᠤ ᠲᠣᠭᠤᠷᠢᠭ ᠤᠨ ᠰᠣᠶᠣᠯ ᠵᠢᠭᠤᠯᠴᠢᠯᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠨᠢ ᠬᠠᠷᠢᠶᠠᠲᠤ ᠣᠷᠣᠨ ᠤ ᠵᠢᠭᠤᠯᠴᠢᠯᠠᠯ ᠤᠨ ᠦᠢᠯᠡᠴᠢᠯᠡᠭᠡᠨ ᠤ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠬᠠᠮᠲᠤ ᠪᠡᠶᠡᠯᠡᠬᠦᠯᠵᠦ᠂ ᠵᠢᠭᠤᠯᠴᠢᠯᠠᠯ ᠤᠨ ᠡᠯᠧᠮᠧᠨ᠋ᠲ ᠢ ᠲᠡᠭᠦᠯᠳᠡᠷᠵᠢᠭᠦᠯᠵᠦ᠂ ᠬᠡᠷᠡᠭᠯᠡᠭᠡᠨ ᠤ ᠬᠡᠯᠬᠢᠶᠡᠰᠦ ᠶᠢ ᠰᠠᠭᠠᠳ ᠦᠭᠡᠢ ᠨᠡᠪᠲᠡᠷᠡᠭᠦᠯᠦᠨ᠎ᠡ᠃ ᠵᠢᠭᠤᠯᠴᠢᠯᠠᠯ ᠤᠨ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠶᠢ ᠬᠥᠲᠥᠯᠥᠨ ᠵᠢᠯᠣᠭᠤᠳᠴᠤ᠂ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠵᠤ ᠪᠢᠯᠧᠲ ᠬᠤᠳᠠᠯᠳᠤᠨ ᠠᠪᠬᠤ ᠶᠢ ᠰᠠᠨᠠᠭᠠᠴᠢᠯᠠᠨ᠂ ᠠᠶᠤᠯ ᠦᠭᠡᠢ ᠦᠢᠯᠡᠳᠪᠦᠷᠢᠯᠡᠯ ᠢ ᠴᠢᠩᠭᠠᠷᠠᠭᠤᠯᠤᠨ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠵᠢᠭᠤᠯᠴᠢᠯᠠᠯ ᠤᠨ ᠢᠯᠡᠴᠢᠯᠡᠨ ᠵᠠᠭᠠᠯᠳᠤᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠬᠦ ᠬᠡᠷᠡᠭᠲᠡᠶ᠃      ᠨᠠᠢᠮᠠ᠂ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠦᠭᠤᠳᠤᠯᠭ᠎ᠠ ᠶᠢ ᠴᠢᠩᠭᠠᠳᠬᠠᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠰᠣᠨᠢᠨ ᠮᠡᠳᠡᠭᠡᠨ ᠤ ᠵᠠᠭᠤᠴᠢᠯᠠᠭᠤᠷ ᠤᠨ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ ᠲᠣᠭᠤᠷᠢᠨ ᠳᠤ᠂ ᠣᠯᠠᠨ ᠬᠠᠷᠠᠭᠠᠰᠤ᠂ ᠣᠯᠠᠨ ᠬᠡᠯᠪᠡᠷᠢ ᠮᠠᠶ᠋ᠢᠭ᠂ ᠣᠯᠠᠨ ᠠᠷᠭ᠎ᠠ ᠵᠠᠮ ᠢᠶᠠᠷ ᠥᠷᠭᠡᠨ ᠳᠡᠯᠭᠡᠷ ᠤᠬᠠᠭᠤᠯᠤᠨ ᠮᠡᠳᠡᠭᠡᠯᠡᠬᠦ ᠠᠵᠢᠯᠯᠠᠭ᠎ᠠ ᠶᠢ ᠥᠷᠨᠢᠭᠦᠯᠵᠦ᠂ ᠡᠯ᠎ᠡ ᠬᠤᠰᠢᠭᠤ ᠲᠣᠭᠤᠷᠢᠭ ᠡᠯ᠎ᠡ ᠵᠢᠭᠤᠯᠴᠢᠯᠠᠯ ᠤᠨ ᠠᠵᠤ ᠠᠬᠤᠶᠢᠯᠠᠯ ᠤᠨ ᠵᠢᠭᠤᠯᠴᠢᠯᠠᠯ ᠤᠨ ᠬᠡᠷᠡᠭᠯᠡᠭᠡ ᠶᠢ ᠳᠠᠶᠢᠴᠢᠯᠠᠬᠤ ᠭᠢᠯᠠᠰ ᠴᠡᠭ ᠢ ᠴᠠᠭ ᠲᠤᠬᠠᠶ ᠳᠤᠨᠢ ᠨᠡᠶᠢᠲᠡᠯᠡᠨ ᠮᠡᠳᠡᠭᠡᠯᠡᠵᠦ᠂ ᠵᠢᠭᠤᠯᠴᠢᠯᠠᠯ ᠤᠨ ᠬᠡᠷᠡᠭᠯᠡᠭᠡᠨ ᠤ ᠬᠠᠯᠠᠮᠰᠢᠯ ᠴᠡᠭ ᠢ ᠬᠦᠢᠴᠡᠳ ᠤᠬᠠᠭᠤᠯᠤᠨ  ᠲᠠᠨᠢᠯᠴᠠᠭᠤᠯᠵᠦ᠂ ᠤᠶᠢᠯᠠᠭᠠᠯᠲᠠ ᠪᠠᠨ ᠦᠷᠭᠡᠳᠭᠡᠨ᠂ ᠵᠢᠭᠤᠯᠴᠢᠯᠠᠯ ᠤᠨ ᠬᠡᠷᠡᠭᠯᠡᠭᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠬᠡᠷᠡᠭᠲᠡᠶ᠃      ᠡᠯ᠎ᠡ ᠬᠤᠰᠢᠭᠤ ᠲᠣᠭᠤᠷᠢᠭ ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠦᠢᠯᠡᠴᠢᠯᠡᠭᠡ ᠶᠢ ᠪᠠᠲᠤᠯᠠᠬᠤ ᠡᠭᠦᠷᠭᠡ ᠴᠢᠳᠠᠪᠤᠷᠢ ᠪᠠᠨ ᠴᠢᠩᠭᠠᠳᠬᠠᠵᠤ᠂ ᠲᠣᠰ ᠮᠡᠳᠡᠭᠳᠡᠯ ᠤᠨ ᠱᠠᠭᠠᠷᠳᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠤᠨ᠂ ᠪᠤᠳᠠᠳᠠᠢ ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠨ ᠨᠡᠶᠢᠲᠡᠯᠡᠵᠦ᠂ ᠬᠡᠷᠡᠭᠯᠡᠭᠡ ᠶᠢ ᠲᠡᠭᠡᠭᠰᠢᠯᠡᠬᠦᠯᠦᠨ᠂ ᠠᠵᠤ ᠠᠬᠤᠢ ᠶᠢᠨ ᠰᠡᠷᠬᠦᠨ ᠬᠥᠭᠵᠢᠯᠲᠡ ᠶᠢ ᠠᠬᠢᠭᠤᠯᠬᠤ ᠶᠡᠭᠡ ᠲᠠᠯ᠎ᠠ ᠠᠴᠠ ᠡᠭᠦᠰᠴᠦ᠂ ᠣᠯᠠᠨ ᠨᠡᠶᠢᠲᠡ ᠶᠢᠨ ᠤᠬᠠᠭᠤᠯᠭ᠎ᠠ ᠪᠠ ᠬᠥᠲᠥᠯᠥᠨ  ᠵᠢᠯᠤᠭᠤᠳᠤᠯᠭ᠎ᠠ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠰᠠᠭᠤᠭᠠᠯᠢ ᠠᠷᠠᠳ ᠤᠨ ᠵᠤᠭᠠᠴᠠᠬᠤ ᠦᠵᠡᠯ ᠤᠬᠠᠮᠰᠠᠷ ᠢ ᠲᠡᠭᠡᠭᠰᠢᠯᠡᠬᠦᠯᠵᠦ᠂ ᠲᠤᠬᠠᠢ ᠶᠢᠨ ᠭᠠᠵᠠᠷ ᠤᠨ A ᠲᠠᠰ ᠤᠨ ᠦᠵᠡᠮᠵᠢ ᠶᠢᠨ ᠣᠷᠣᠨ᠂ ᠣᠳᠣᠨ ᠲᠠᠰ ᠤᠨ ᠵᠣᠴᠢᠳ ᠤᠨ ᠪᠠᠭᠤᠳᠠᠯ᠂ ᠵᠢᠭᠤᠯᠴᠢᠯᠠᠯ ᠤᠨ ᠭᠠᠵᠠᠷ᠂ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠤᠳᠤᠨ ᠳᠡᠰ ᠤᠨ ᠡᠷᠦᠬᠡ ᠵᠡᠷᠭᠡ ᠵᠢᠭᠤᠯᠴᠢᠯᠠᠯ ᠳᠤ ᠬᠤᠯᠪᠣᠭᠳᠠᠭᠰᠠᠨ ᠠᠵᠤ ᠠᠬᠤᠶᠢᠯᠠᠯ ᠤᠨ ᠬᠠᠮᠢᠶ᠎ᠠ ᠪᠥᠬᠦᠶ ᠠᠪᠴᠠᠯᠳᠤᠭᠤᠯᠬᠤ ᠠᠵᠢᠯ ᠢ ᠰᠠᠶᠢᠲᠤᠷ ᠬᠢᠬᠦ ᠶᠢ ᠨᠢ ᠰᠢᠮᠳᠠᠭᠤᠯᠤᠨ ᠵᠢᠯᠤᠭᠤᠳᠴᠦ᠂ ᠡᠯ᠎ᠡ ᠵᠦᠢᠯ ᠤᠨ ᠠᠵᠢᠯ ᠤᠨ ᠪᠣᠳᠠᠲᠠᠶᠢᠵᠢᠭᠤᠯᠤᠯᠲᠠ ᠶᠢ ᠦᠨᠡᠨᠬᠦ ᠪᠠᠲᠤᠯᠠᠵᠤ᠂ ᠵᠢᠭᠤᠯᠴᠢᠯᠠᠯ ᠤᠨ ᠬᠡᠷᠡᠭᠯᠡᠭᠡ ᠶᠢ ᠦᠨᠡᠨᠬᠦ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠪᠦᠲᠦᠮᠵᠢᠲᠡᠶ ᠬᠥᠳᠡᠯᠭᠡᠭᠴᠢ ᠬᠦᠴᠦᠨ ᠪᠣᠯᠭᠠᠬᠤ ᠬᠡᠷᠡᠭᠲᠡᠶ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号