ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠭᠡᠷ᠎ᠠ ᠶᠢᠨ ᠠᠮᠢᠳᠠᠠ ᠢ ᠬᠠᠮᠠᠭᠠᠯᠠᠬᠤ ᠬᠠᠤᠯᠢ
ᠨᠡᠶᠢᠲᠡᠯᠡᠭᠰᠡᠨ ᠴᠠᠭ᠄
2020/5/20
     ᠭᠤᠷᠪᠡᠳᠦᠭᠠᠷ ᠵᠦᠢᠯ    ᠭᠡᠭᠡᠷ᠎ᠡ ᠶᠢᠨ ᠠᠮᠢᠲᠠᠨ ᠤ ᠡᠬᠢ ᠪᠠᠶᠠᠯᠢᠭ ᠤᠯᠤᠰ ᠲᠤ ᠦᠮᠴᠢᠯᠡᠭᠳᠡᠨ᠎ᠡ᠃ ᠤᠯᠤᠰ ᠠᠴᠠ ᠬᠠᠤᠯᠢ ᠶᠤᠰᠤᠭᠠᠷ ᠭᠡᠭᠡᠷ᠎ᠡ ᠶᠢᠨ ᠠᠮᠢᠲᠠᠨ ᠤ ᠲᠤᠬᠠᠢ ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ ᠬᠦᠮᠦᠨ ᠤ ᠬᠦᠴᠦ ᠪᠠᠷ ᠲᠡᠵᠢᠭᠡᠨ ᠦᠷᠡᠵᠢᠭᠦᠯᠬᠦ ᠵᠡᠷᠭᠡ ᠬᠠᠮᠠᠭᠠᠯᠠᠯᠲᠠ ᠵᠢᠴᠢ ᠬᠤᠯᠪᠤᠭᠳᠠᠯ ᠪᠦᠬᠦᠢ ᠠᠵᠢᠯᠯᠠᠭ᠎ᠠ ᠬᠢᠵᠤ ᠪᠠᠶᠢᠭ᠎ᠠ ᠵᠤᠬᠢᠶᠠᠨ ᠪᠠᠶᠢᠭᠤᠯᠤᠯᠲᠠ ᠪᠠ ᠬᠤᠪᠢ ᠬᠥᠮᠦᠨ ᠤ ᠬᠠᠤᠯᠢ ᠶᠤᠰᠤᠨ ᠤ ᠡᠷᠭᠡ ᠠᠰᠢᠭ ᠢ ᠪᠠᠲᠤᠯᠠᠨ᠎ᠠ᠃      ᠲᠦᠷᠪᠡᠳᠦᠭᠡᠷ ᠵᠦᠢᠯ    ᠤᠯᠤᠰ ᠠᠴᠠ ᠭᠡᠭᠡᠷ᠎ᠡ ᠶᠢᠨ ᠠᠮᠢᠲᠠᠨ ᠳᠤ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠂ ᠵᠢᠷᠤᠮᠵᠢᠭᠤᠨ ᠠᠰᠢᠭᠯᠠᠬᠤ᠂ ᠴᠢᠩᠭ᠎ᠠ ᠬᠢᠨᠠᠨ ᠬᠠᠮᠢᠶᠠᠷᠬᠤ ᠵᠠᠷᠴᠢᠮ ᠢ ᠭᠡᠷᠡᠭᠵᠢᠬᠦᠯᠵᠤ᠂ ᠭᠡᠭᠡᠷ᠎ᠡ ᠶᠢᠨ ᠠᠮᠢᠲᠠᠨ ᠤ ᠲᠤᠬᠠᠢ ᠰᠢᠨᠵᠢᠯᠡᠬᠦ ᠤᠬᠠᠭᠠᠨ ᠤ ᠰᠤᠳᠤᠯᠭᠠᠨ ᠦᠷᠨᠢᠬᠦᠯᠬᠦ ᠶᠢ ᠵᠤᠷᠢᠬᠵᠢᠭᠤᠯᠤᠨ᠂ ᠠᠷᠠᠳ ᠢᠷᠭᠡᠨ ᠤ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠮᠰᠠᠷ ᠢ ᠪᠤᠢ ᠪᠤᠯᠭᠠᠵᠦ᠂ ᠬᠦᠮᠦᠨ ᠪᠤᠯᠤᠨ ᠪᠠᠶᠢᠭᠠᠯᠢ ᠶᠢᠨ ᠡᠶ᠎ᠡ ᠵᠤᠬᠢᠴᠠᠯ ᠲᠠᠢ ᠬᠦᠭᠵᠢᠯᠲᠡ ᠶᠢ ᠠᠬᠢᠭᠤᠯᠤᠨ᠎ᠠ᠃      ᠲᠡᠪᠦᠳᠦᠭᠠᠷ ᠵᠦᠢᠯ    ᠤᠯᠤᠰ ᠠᠴᠠ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠤᠷᠤᠰᠢᠨ ᠠᠮᠢᠳᠤᠷᠠᠬᠤ ᠭᠠᠵᠠᠷ ᠢ ᠬᠠᠮᠠᠭᠠᠯᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠤᠷᠤᠰᠢᠨ ᠠᠮᠢᠳᠤᠷᠠᠬᠤ ᠭᠠᠵᠠᠷ ᠤᠨ ᠬᠤᠯᠪᠤᠭᠳᠠᠯ ᠪᠦᠬᠦᠢ ᠬᠠᠮᠠᠭᠠᠯᠠᠯᠲᠠ ᠶᠢᠨ ᠲᠦᠯᠦᠪᠵᠢᠭᠦᠯᠭᠡ ᠪᠠ ᠠᠷᠭ᠎ᠠ ᠬᠡᠮᠵᠢᠶ᠎ᠡ ᠶᠢ ᠲᠤᠭᠲᠠᠭᠠᠬᠤ ᠶᠢᠨ ᠬᠠᠮᠲᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠵᠠᠷᠤᠳᠠᠯ ᠢ ᠲᠦᠰᠦᠪ ᠲᠡᠭᠡᠨ ᠤᠷᠤᠭᠤᠯᠬᠤ ᠬᠡᠷᠡᠭᠲᠡᠢ᠃      ᠤᠯᠤᠰ ᠠᠴᠠ ᠠᠷᠠᠳ ᠢᠷᠭᠡᠨ᠂ ᠬᠠᠤᠯᠢ ᠶᠢᠨ ᠬᠦᠮᠦᠨ ᠪᠠ ᠪᠤᠰᠤᠳ ᠵᠤᠬᠢᠶᠠᠨ ᠪᠠᠶᠢᠭᠤᠯᠤᠯᠲᠠ ᠶᠢᠨ ᠬᠠᠨᠳᠢᠪᠯᠠᠬᠤ᠂ ᠲᠡᠳᠬᠦᠨ ᠲᠤᠰᠠᠯᠠᠬᠤ᠂ ᠰᠠᠶᠢᠨ ᠳᠤᠷ᠎ᠠ ᠶᠢᠨ ᠦᠢᠯᠡᠴᠢᠯᠡᠭᠡ ᠬᠠᠨᠭ᠍ᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠠᠵᠢᠯᠯᠠᠭ᠎ᠠ ᠳᠤ ᠬᠠᠤᠯᠢ ᠶᠤᠰᠤᠭᠠᠷ ᠤᠷᠤᠯᠴᠠᠬᠤ ᠶᠢ ᠵᠤᠷᠢᠠᠠᠵᠢᠭᠤᠯᠵᠤ ᠂ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠨᠡᠶᠢᠲᠡ ᠶᠢᠨ ᠠᠰᠠᠷᠠᠮᠵᠢ ᠶᠢᠨ ᠦᠢᠯᠡᠰ ᠢ ᠳᠡᠮᠵᠢᠨ᠎ᠠ᠃      ᠲᠤᠰ ᠬᠠᠤᠯᠢ ᠳᠤ ᠲᠤᠭᠲᠠᠭᠠᠭᠰᠠᠨ ᠭᠡᠭᠡᠷ᠎ᠡ ᠶᠢᠨ ᠠᠮᠢᠲᠠᠨ ᠤ ᠤᠷᠤᠰᠢᠨ ᠠᠮᠢᠳᠤᠷᠠᠬᠤ ᠭᠠᠵᠠᠷ ᠭᠡᠳᠡᠭ ᠨᠢ ᠭᠡᠭᠡᠷ᠎ᠡ ᠶᠢᠨ ᠠᠮᠢᠲᠠᠨ ᠤ ᠭᠡᠭᠡᠷ᠎ᠡ ᠶᠢᠨ ᠲᠦᠷᠰᠦ ᠶᠢᠨ ᠰᠦᠷᠦᠭ ᠤᠨ ᠦᠷᠡᠵᠢᠨ ᠠᠮᠢᠳᠤᠷᠠᠬᠤ ᠴᠢᠬᠤᠯᠠ ᠤᠷᠤᠨ ᠪᠦᠰᠡ ᠶᠢ ᠵᠢᠭᠠᠵᠤ ᠪᠠᠶᠢᠨ᠎ᠠ᠃    ᠵᠢᠷᠭᠤᠳᠦᠭᠠᠷ ᠵᠦᠢᠯ    ᠶᠠᠮᠠᠷᠪᠠ ᠵᠤᠬᠢᠶᠠᠨ ᠪᠠᠶᠢᠭᠤᠯᠤᠯᠲᠠ ᠪᠠ ᠬᠤᠪᠢ ᠬᠦᠮᠦᠨ ᠴᠦᠮ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠤᠷᠤᠰᠢᠨ ᠠᠮᠢᠳᠤᠷᠠᠬᠤ ᠭᠠᠵᠠᠷ ᠢ ᠬᠠᠮᠠᠭᠠᠯᠠᠬᠤ ᠡᠭᠦᠷᠭᠡ ᠲᠠᠢ᠃ ᠬᠠᠤᠯᠢ ᠠᠴᠠ ᠵᠦᠷᠢᠴᠡᠨ ᠭᠡᠭᠡᠷ᠎ᠡ ᠶᠢᠨ ᠠᠮᠢᠲᠠᠨ ᠢ ᠠᠩᠨᠠᠬᠤ᠂ ᠭᠡᠭᠡᠷ᠎ᠡ ᠶᠢᠨ ᠠᠮᠢᠲᠠᠨ ᠤ ᠤᠷᠤᠰᠢᠨ ᠠᠮᠢᠳᠤᠷᠠᠬᠤ ᠭᠠᠵᠠᠷ ᠢ ᠡᠪᠳᠡᠬᠦ ᠶᠢ ᠴᠠᠭᠠᠵᠠᠯᠠᠨ᠎ᠠ᠃      ᠶᠠᠮᠠᠷᠪᠠ ᠵᠤᠬᠢᠶᠠᠨ ᠪᠠᠶᠢᠭᠤᠯᠤᠯᠲᠠ ᠪᠠ ᠬᠤᠪᠢ ᠬᠦᠮᠦᠨ ᠴᠦᠮ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠤᠯᠭ᠎ᠠ ᠳᠤ ᠲᠤᠰ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠪᠤᠶᠤ ᠵᠠᠭᠠᠯᠳᠤᠬᠤ ᠡᠷᠬᠡ ᠲᠠᠢ᠃ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠠ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠪᠠᠶᠢᠭᠤᠯᠤᠯᠭ᠎ᠠ ᠢᠯᠡᠴᠢᠯᠡᠨ ᠮᠡᠳᠡᠭᠦᠯᠦᠯᠲᠡ ᠪᠤᠶᠤ ᠵᠠᠭᠠᠯᠳᠤᠯᠭ᠎ᠠ ᠶᠢ ᠴᠠᠭ ᠲᠤᠬᠠᠢ ᠳᠤᠨᠢ ᠬᠠᠤᠯᠢ ᠶᠤᠰᠤᠭᠠᠷ ᠰᠢᠢᠳᠪᠦᠷᠢᠯᠡᠬᠦ ᠬᠡᠷᠡᠭᠲᠡᠢ᠃      ᠲᠤᠯᠦᠳᠦᠭᠠᠷ ᠵᠦᠢᠯ    ᠲᠦᠷᠥ ᠶᠢᠨ ᠶᠠᠪᠤᠳᠠᠯ ᠤᠨ ᠬᠤᠷᠢᠶᠠᠨ ᠤ ᠤᠢ ᠰᠢᠭᠤᠢ ᠨᠤᠲᠤᠭ ᠪᠡᠯᠴᠢᠭᠡᠷ᠂ ᠵᠢᠭᠠᠰᠤᠨ ᠠᠵᠤ ᠠᠬᠤᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠦᠬᠦ ᠤᠯᠤᠰ ᠤᠨ ᠬᠠᠭᠤᠷᠠᠢ ᠶᠢᠨ ᠪᠠ ᠤᠰᠤᠨ ᠤ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠠᠵᠢᠯ ᠢ ᠲᠤᠰ ᠲᠤᠰ ᠡᠷᠬᠢᠯᠡᠨ ᠬᠠᠮᠢᠶᠠᠷᠤᠨ᠎ᠠ᠃ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠤ ᠤᠢ ᠰᠢᠭᠤᠢ ᠨᠤᠲᠤᠭ ᠪᠡᠯᠴᠢᠭᠡᠷ᠂ ᠵᠢᠭᠠᠰᠤᠨ ᠠᠵᠤ ᠠᠬᠤᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ ᠤᠷᠤᠨ ᠤ ᠪᠠᠨ ᠳᠤᠳᠤᠷᠠᠬᠢ ᠬᠠᠭᠤᠷᠠᠢ ᠶᠢᠨ ᠪᠠ ᠤᠰᠤᠨ ᠤ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠠᠵᠢᠯ ᠢ ᠲᠤᠰ ᠲᠤᠰ ᠡᠷᠬᠢᠯᠡᠨ ᠬᠠᠮᠢᠶᠠᠷᠤᠨ᠎ᠠ᠃      ᠨᠡᠢᠮᠡᠳᠦᠭᠠᠷ ᠵᠦᠢᠯ    ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠭᠤᠯᠭ᠎ᠠ ᠬᠦᠮᠦᠵᠢᠯ ᠪᠠ ᠰᠢᠨᠵᠢᠯᠡᠬᠦ ᠤᠬᠠᠭᠠᠨ ᠤ ᠮᠡᠳᠡᠯᠭᠡ ᠶᠢ ᠲᠦᠬᠡᠮᠡᠯᠵᠢᠭᠦᠯᠬᠦ ᠠᠵᠢᠯ ᠢ ᠴᠢᠩᠭᠠᠳᠬᠠᠵᠤ᠂ ᠦᠨᠳᠦᠰᠦᠨ ᠱᠠᠲᠤᠨ ᠤ ᠤᠯᠠᠨ ᠲᠦᠮᠡᠨᠴᠢ ᠴᠢᠨᠠᠷᠲᠠᠢ ᠦᠪᠡᠷᠲᠡᠭᠡᠨ ᠵᠠᠰᠠᠬᠤ ᠵᠤᠬᠢᠶᠠᠨ ᠪᠠᠶᠢᠭᠤᠯᠤᠯᠲᠠ᠂ ᠨᠡᠶᠢᠭᠡᠮ ᠤᠨ ᠵᠤᠬᠢᠶᠠᠨ ᠪᠠᠶᠢᠭᠤᠯᠤᠯᠲᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠠ᠂ ᠰᠠᠶᠢᠨ ᠳᠤᠷ᠎ᠠ ᠶᠢᠨ ᠠᠵᠢᠯᠯᠠᠭᠴᠢ ᠶᠢᠨ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠤᠭᠲᠠᠭᠠᠯ ᠪᠠ ᠬᠠᠮᠠᠭᠠᠯᠠᠬᠤ ᠮᠡᠳᠡᠯᠭᠡ ᠶᠢᠨ ᠲᠤᠬᠠᠢ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠬᠦ ᠶᠢ ᠵᠤᠷᠢᠠᠠᠵᠢᠭᠤᠯᠤᠨ ᠳᠡᠮᠵᠢᠬᠦ ᠬᠡᠷᠡᠭᠲᠡᠢ᠃      ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ᠂ ᠰᠤᠷᠭᠠᠭᠤᠯᠢ ᠰᠤᠷᠤᠭᠴᠢᠳ ᠲᠤ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠮᠡᠳᠡᠯᠭᠡ ᠶᠢᠨ ᠬᠦᠮᠦᠵᠢᠯ ᠬᠢᠬᠦ ᠬᠡᠷᠡᠭᠲᠡᠢ᠃      ᠰᠤᠨᠢᠨ ᠮᠡᠳᠡᠭᠡᠨ ᠤ ᠵᠠᠭᠤᠴᠢᠯᠠᠭᠤᠷ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠤᠭᠲᠠᠭᠠᠯ ᠪᠠ ᠬᠠᠮᠠᠭᠠᠯᠠᠬᠤ ᠮᠡᠳᠡᠯᠭᠡ ᠶᠢᠨ ᠲᠤᠬᠠᠢ ᠤᠬᠠᠭᠤᠯᠭ᠎ᠠ ᠦᠷᠨᠢᠭᠦᠯᠵᠦ᠂ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠬᠡᠷᠡᠭᠲᠡᠢ᠃      ᠶᠢᠰᠦᠳᠦᠭᠡᠷ ᠵᠦᠢᠯ    ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠲᠠᠯ᠎ᠠ ᠪᠠᠷ ᠢᠯᠡᠳᠳᠡ ᠠᠮᠵᠢᠯᠲᠠ ᠣᠯᠣᠭᠰᠠᠨ ᠵᠤᠬᠢᠶᠠᠨ ᠪᠠᠶᠢᠭᠤᠯᠤᠯᠲᠠ ᠪᠠ ᠬᠤᠪᠢ ᠬᠦᠮᠦᠨ ᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠠᠴᠠ ᠬᠦᠬᠢᠭᠦᠯᠦᠨ ᠱᠠᠩᠨᠠᠨ᠎ᠠ᠃           ᠬᠤᠶᠠᠳᠤᠭᠠᠷ ᠪᠦᠯᠦᠭ    ᠭᠡᠭᠡᠷ᠎ᠡ ᠶᠢᠨ ᠠᠮᠢᠲᠠᠨ ᠵᠢᠴᠢ ᠲᠡᠭᠦᠨ ᠤ ᠤᠷᠤᠰᠢᠨ ᠠᠮᠢᠳᠤᠷᠠᠬᠤ ᠭᠠᠵᠠᠷ ᠤᠨ ᠬᠠᠮᠠᠭᠠᠯᠠᠯᠲᠠ      ᠠᠷᠪᠠᠳᠤᠭᠠᠷ ᠵᠦᠢᠯ    ᠤᠯᠤᠰ ᠠᠴᠠ ᠭᠡᠭᠡᠷ᠎ᠡ ᠶᠢᠨ ᠠᠮᠢᠲᠠᠨ ᠢ ᠲᠦᠷᠦᠯ ᠠᠩᠭᠢᠯᠠᠨ ᠳᠡᠰ ᠬᠤᠪᠢᠶᠠᠵᠤ ᠬᠠᠮᠠᠭᠠᠯᠠᠨ᠎ᠠ᠃      ᠤᠯᠤᠰ ᠠᠴᠠ ᠬᠤᠪᠤᠷ ᠨᠠᠨᠳᠢᠨ᠂ ᠮᠦᠬᠦᠬᠦ ᠰᠢᠬᠠᠭᠰᠠᠨ ᠭᠡᠭᠡᠷ᠎ᠡ ᠶᠢᠨ ᠠᠮᠢᠲᠠᠨ ᠢ ᠭᠤᠤᠯᠳᠠᠯᠭ᠎ᠠ ᠲᠠᠢ ᠬᠠᠮᠠᠭᠠᠯᠠᠨ᠎ᠠ᠃ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠢ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠭᠡᠭᠡᠷ᠎ᠡ ᠶᠢᠨ ᠠᠮᠢᠲᠠᠨ ᠪᠠ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠭᠡᠭᠡᠷ᠎ᠡ ᠶᠢᠨ ᠠᠮᠢᠲᠠᠨ ᠭᠡᠵᠦ ᠬᠤᠪᠢᠶᠠᠨ᠎ᠠ᠃ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠤ ᠨᠡᠷᠡᠰ ᠢ ᠲᠦᠷᠦ ᠶᠢᠨ ᠶᠠᠪᠤᠳᠠᠯ ᠤᠨ ᠬᠤᠷᠢᠶᠠᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠤᠬᠢᠶᠠᠨ ᠪᠠᠶᠢᠭᠤᠯᠵᠤ ᠪᠠᠶᠢᠭᠠᠳ ᠰᠢᠨᠵᠢᠯᠡᠬᠦ ᠤᠬᠠᠭᠠᠨᠴᠢ ᠦᠨᠡᠯᠡᠨ ᠵᠢᠱᠢᠯᠲᠡ ᠬᠢᠭᠰᠡᠨ ᠤ ᠳᠠᠷᠠᠭ᠎ᠠ ᠲᠤᠭᠲᠠᠭᠠᠬᠤ ᠪᠦᠭᠡᠤᠡ ᠲᠠᠪᠤᠨ ᠵᠢᠯ ᠪᠦᠷᠢ ᠦᠨᠡᠯᠡᠨ ᠵᠢᠱᠢᠭᠰᠡᠨ ᠪᠠᠶᠢᠳᠠᠯ ᠢ ᠦᠨᠳᠦᠰᠦᠯᠡᠨ ᠨᠡᠷᠡᠰ ᠲᠤ ᠲᠤᠬᠢᠷᠠᠭᠤᠯᠤᠯᠲᠠ ᠬᠢᠨ᠎ᠠ᠃ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠤ ᠨᠡᠷᠡᠰ ᠢ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠤ ᠵᠦᠪᠰᠢᠶᠡᠷᠡᠭᠦᠯᠦᠭᠡᠳ ᠨᠡᠶᠢᠲᠡᠯᠡᠨ᠎ᠡ᠃      ᠤᠷᠤᠨ ᠨᠤᠲᠤᠭ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠭᠡᠳᠡᠭ ᠨᠢ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠠᠴᠠ ᠭᠠᠳᠠᠨ᠎ᠠ᠂ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠢ ᠵᠢᠭᠠᠵᠤ ᠪᠠᠶᠢᠨ᠎ᠠ᠃ ᠤᠷᠤᠨ ᠨᠤᠲᠤᠭ ᠤᠨ ᠭᠤᠤᠯᠳᠠᠯᠭ᠎ᠠ ᠲᠠᠢ ᠬᠠᠮᠠᠭᠠᠯᠠᠬᠤ ᠭᠡᠭᠡᠷ᠎ᠡ ᠶᠢᠨ ᠠᠮᠢᠲᠠᠨ ᠤ ᠨᠡᠷᠡᠰ ᠢ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠠᠴᠠ ᠵᠤᠬᠢᠶᠠᠨ ᠪᠠᠶᠢᠭᠤᠯᠵᠤ ᠪᠠᠶᠢᠭᠠᠳ ᠰᠢᠨᠵᠢᠯᠡᠬᠦ ᠤᠬᠠᠭᠠᠨᠴᠢ ᠦᠨᠡᠯᠡᠨ ᠵᠢᠱᠢᠯᠲᠡ ᠬᠢᠭᠰᠡᠨ ᠤ ᠳᠠᠷᠠᠭ᠎ᠠ ᠲᠤᠭᠲᠠᠭᠠᠵᠤ᠂ ᠲᠤᠬᠢᠷᠠᠭᠤᠯᠤᠯᠳᠠ ᠬᠢᠬᠦ ᠶᠢᠨ ᠬᠠᠮᠲᠤ ᠨᠡᠶᠢᠲᠡᠯᠡᠨ᠎ᠡ᠃      ᠠᠮᠢ ᠠᠬᠤᠢ ᠶᠢᠨ᠂ ᠰᠢᠨᠵᠢᠯᠡᠬᠦ ᠤᠬᠠᠭᠠᠨ ᠤ᠂ ᠨᠡᠶᠢᠭᠡᠮ ᠤᠨ ᠴᠢᠬᠤᠯᠠ ᠦᠨ᠎ᠡ ᠦᠷᠲᠡᠭ ᠲᠠᠢ ᠬᠠᠭᠤᠷᠠᠢ ᠶᠢᠨ ᠭᠡᠭᠡᠷ᠎ᠡ ᠶᠢᠨ ᠠᠮᠢᠲᠠᠨ ᠤ ᠨᠡᠷᠡᠰ ᠢ ᠲᠦᠷᠦ ᠶᠢᠨ ᠶᠠᠪᠤᠳᠠᠯ ᠤᠨ ᠬᠤᠷᠢᠶᠠᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠤᠬᠢᠶᠠᠨ ᠪᠠᠶᠢᠭᠤᠯᠵᠦ ᠪᠠᠶᠢᠭᠠᠳ ᠰᠢᠨᠵᠢᠯᠡᠬᠦ ᠤᠬᠠᠭᠠᠨᠴᠢ ᠦᠨᠡᠯᠡᠨ ᠵᠢᠱᠢᠯᠲᠡ ᠬᠢᠭᠰᠡᠨ ᠤ ᠲᠠᠷᠠᠭ᠎ᠠ ᠲᠤᠭᠲᠠᠭᠠᠵᠤ᠂ ᠲᠤᠬᠢᠷᠠᠭᠤᠯᠤᠯᠳᠠ ᠬᠢᠬᠦ ᠶᠢᠨ ᠬᠠᠮᠲᠤ ᠨᠡᠶᠢᠲᠡᠯᠡᠨ᠎ᠡ᠃      ᠠᠷᠪᠠᠨ ᠨᠢᠭᠡᠳᠦᠭᠡᠷ ᠵᠦᠢᠯ    ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠬᠤᠯᠪᠤᠭᠳᠠᠯ ᠪᠦᠬᠦᠢ ᠰᠢᠨᠵᠢᠯᠡᠭᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠲᠤᠭᠲᠠᠮᠠᠯ ᠬᠤᠭᠤᠴᠠᠭ᠎ᠠ ᠲᠠᠢ ᠪᠠᠷ ᠵᠤᠬᠢᠶᠠᠨ ᠪᠠᠶᠢᠭᠤᠯᠬᠤ ᠪᠤᠶᠤ ᠲᠡᠭᠦᠨ ᠳᠤ ᠨᠠᠶᠢᠳᠠᠵᠤ ᠪᠠᠶᠢᠭᠠᠳ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠤᠷᠤᠰᠢᠨ ᠠᠮᠢᠳᠤᠷᠠᠬᠤ ᠭᠠᠵᠠᠷ ᠤᠨ ᠪᠠᠶᠢᠳᠠᠯ ᠤᠨ ᠲᠤᠬᠠᠢ ᠪᠠᠶᠢᠴᠠᠭᠠᠯᠲᠠ᠂ ᠬᠢᠨᠠᠨ ᠬᠡᠮᠵᠢᠯᠲᠡ ᠪᠠ ᠦᠨᠡᠯᠡᠨ ᠵᠢᠱᠢᠯᠲᠡ ᠬᠢᠯᠭᠡᠵᠤ᠂ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠤᠷᠤᠰᠢᠨ ᠠᠮᠢᠳᠤᠷᠠᠬᠤ ᠭᠠᠵᠠᠷ ᠤᠨ ᠲᠤᠬᠠᠢ ᠳᠠᠩᠰᠠ ᠡᠪᠬᠡᠮᠡᠯ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃      ᠭᠡᠭᠡᠷ᠎ᠡ ᠶᠢᠨ ᠠᠮᠢᠲᠠᠨ ᠵᠢᠴᠢ ᠲᠡᠭᠦᠨ ᠤ ᠤᠷᠤᠰᠢᠨ ᠠᠮᠢᠳᠤᠷᠠᠬᠤ ᠭᠠᠵᠠᠷ ᠤᠨ ᠪᠠᠶᠢᠳᠠᠯ ᠤᠨ ᠲᠤᠬᠠᠢ ᠪᠠᠶᠢᠴᠠᠭᠠᠯᠲᠠ᠂ ᠬᠢᠨᠠᠨ ᠬᠡᠮᠵᠢᠯᠲᠡ ᠪᠠ ᠦᠨᠡᠯᠡᠨ ᠵᠢᠱᠢᠯᠳᠡ ᠳᠤ ᠲᠤᠤᠷ᠎ᠠ ᠵᠢᠭᠰᠠᠭᠠᠭᠰᠠᠨ ᠠᠭᠤᠯᠭ᠎ᠠ ᠶᠢ ᠪᠠᠭᠲᠠᠭᠠᠬᠤ ᠬᠡᠷᠡᠭᠲᠡᠢ᠄      ︵ᠨᠢᠭᠡ︶ ᠭᠡᠭᠡᠷ᠎ᠡ ᠶᠢᠨ ᠠᠮᠢᠲᠠᠨ ᠤ ᠭᠡᠭᠡᠷ᠎ᠡ ᠶᠢᠨ ᠲᠠᠷᠬᠠᠯᠲᠠ ᠶᠢᠨ ᠤᠷᠤᠨ ᠪᠦᠰᠡ᠂ ᠳᠦᠷᠰᠦ ᠶᠢᠨ ᠰᠦᠷᠦᠭ ᠤᠨ ᠲᠤᠭ᠎ᠠ ᠬᠡᠮᠵᠢᠶ᠎ᠡ ᠵᠢᠴᠢ ᠪᠦᠲᠦᠴᠡ︔ ︵ᠦᠷᠬᠦᠯᠵᠢᠯᠠᠯ ᠪᠤᠢ︶
 
ᠢᠷᠡᠯᠲᠡ᠄ ᠠᠯᠠᠱᠠ ᠶᠢᠨ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号