ᠴᠠᠭᠠᠨ ᠭᠤᠶᠤᠤ ᠪᠠᠷ ᠥᠢᠯᠡᠳᠪᠤᠷᠢᠯᠡᠭᠰᠡᠨ ᠨᠢᠭᠤᠷ ᠤᠨ ᠨᠠᠭᠠᠯᠳᠠ ᠵᠠᠬ ᠎ᠠ ᠳᠤ ᠭᠠᠷᠤᠯ᠎ᠠ
ᠨᠡᠶᠢᠲᠡᠯᠡᠭᠰᠡᠨ ᠴᠠᠭ᠄
2020/5/20
      ᠡᠨᠡ ᠵᠢᠯ ᠤᠨ ᠡᠬᠢ ᠪᠠᠷ᠂ ᠠᠯᠠᠱᠠ ᠶᠢᠨ ᠱᠠᠩ ᠷᠥᠩ ᠶᠤᠸᠠᠨ ᠠᠮᠢᠳᠤ ᠪᠤᠳᠠᠰ ᠤᠨ ᠰᠢᠨᠵᠢᠯᠡᠭᠡ ᠮᠡᠷᠬᠡᠵᠢᠯ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠴᠠᠭᠠᠨ ᠭᠤᠶᠤᠤ ᠪᠠᠷ ᠨᠢᠭᠤᠷ ᠤᠨ ᠨᠠᠭᠠᠯᠳᠠ ᠥᠢᠯᠡᠳᠪᠤᠷᠢᠯᠡᠵᠤ ᠵᠠᠬ᠎ᠠ ᠲᠡᠯᠬᠡᠭᠦᠷ ᠲᠤ ᠭᠠᠷᠭᠠᠭᠰᠠᠨ ᠪᠠᠶᠢᠨ᠎ᠠ᠃       ᠠᠯᠠᠱᠠ ᠶᠢᠨ ᠱᠠᠩ ᠷᠥᠩ ᠶᠤᠸᠠᠨ ᠠᠮᠢᠳᠤ ᠪᠤᠳᠠᠰ ᠤᠨ ᠰᠢᠨᠵᠢᠯᠡᠭᠡ ᠮᠡᠷᠬᠡᠵᠢᠯ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ 2014 ᠤᠨ ᠳᠤ ᠪᠠᠶᠢᠭᠤᠯᠤᠭᠳᠠᠵᠤ᠂ ᠵᠠᠭ ᠲᠠᠷᠢᠬᠤ᠂ ᠴᠠᠭᠠᠨ ᠭᠤᠶᠤᠤ ᠲᠠᠷᠢᠬᠤ ᠪᠠ ᠴᠠᠭᠠᠨ ᠭᠤᠶᠤᠤ ᠶᠢᠨ ᠥᠢᠯᠡᠳᠤᠯ ᠢ ᠰᠤᠳᠤᠯᠤᠨ ᠪᠥᠳᠤᠬᠡᠭᠳᠡᠭᠦᠨ ᠪᠤᠯᠭᠠᠨ ᠥᠢᠯᠡᠳᠪᠤᠷᠢᠯᠡᠭᠦ᠂ ᠥᠢᠯᠡᠳᠭᠦᠨ ᠢᠶᠠᠨ ᠪᠤᠷᠤᠯᠠᠭᠤᠯᠬᠤ᠂ ᠠᠮᠢ ᠠᠬᠤᠢ ᠵᠢᠭᠤᠯᠴᠢᠯᠠᠯ ᠢ ᠤᠶᠠᠯᠳᠤᠭᠤᠯᠤᠨ ᠬᠥᠭᠵᠢᠭᠦᠯᠭᠦ ᠪᠠᠷ ᠬᠠᠷᠠᠯᠳᠠ ᠪᠠᠨ ᠪᠤᠯᠭᠠᠭᠰᠠᠨ ᠠᠮᠢ ᠠᠬᠤᠢ ᠶᠢᠨ ᠠᠵᠤ ᠥᠢᠯᠡᠰ ᠤᠨ ᠺᠤᠮᠫᠠᠨᠢ ᠪᠤᠯᠤᠨ᠎ᠡ᠃ ᠮᠥᠨᠴᠤ ᠠᠯᠠᠱᠠ ᠶᠢᠨ ᠴᠠᠭᠠᠨ ᠭᠤᠶᠤᠤ᠂ ᠤᠯᠠᠭᠠᠨ ᠭᠤᠶᠤᠤ ᠵᠡᠷᠬᠡ ᠡᠯᠡᠰᠤᠨ ᠤ ᠤᠷᠭᠤᠮᠠᠯ ᠢᠶᠠᠷ ᠭᠤᠤᠯᠯᠠᠭᠰᠠᠨ ᠡᠯᠡᠰᠤᠨ ᠤ ᠠᠵᠤ ᠥᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠤᠨ ᠬᠥᠭᠵᠢᠭᠦᠯᠵᠤ᠂ ᠠᠮᠢ ᠠᠬᠤᠢ ᠶᠢᠨ ᠪᠠᠶᠢᠭᠤᠯᠤᠯᠳᠠ ᠪᠠ ᠠᠵᠤ ᠠᠬᠤᠢ ᠶᠢᠨ ᠬᠥᠭᠵᠢᠯᠳᠡ ᠶᠢ ᠤᠶᠠᠯᠳᠤᠭᠤᠯᠤᠨ ᠴᠠᠭᠠᠨ ᠭᠤᠶᠤᠤ ᠶᠢᠨ ᠠᠵᠤ ᠥᠢᠯᠡᠰ ᠤᠨ ᠬᠥᠭᠵᠢᠯᠳᠡ ᠶᠢᠨ ᠰᠢᠨ᠎ᠡ ᠵᠠᠮ ᠢ ᠨᠡᠬᠡᠬᠡᠵᠤ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠳᠤ ᠬᠤᠪᠢ ᠨᠡᠮᠡᠷᠢᠯᠡᠵᠤ ᠪᠠᠶᠢᠭ᠎ᠠ ᠠᠯᠠᠱᠠ ᠠᠶᠢᠮᠠᠭ ᠤᠨ ᠳᠠᠷᠢᠶᠠᠯᠠᠩ ᠮᠠᠯ ᠠᠵᠦ ᠠᠬᠤᠢ ᠶᠢ ᠬᠥᠭᠵᠢᠭᠦᠯᠭᠦ ᠲᠤᠯᠤᠭᠠᠶᠢᠯᠠᠭᠴᠢ ᠠᠵᠤ ᠠᠬᠤᠶᠢᠯᠠᠯ ᠪᠠ ᠥᠪᠡᠷᠳᠡᠬᠡᠨ ᠵᠠᠰᠠᠬᠤ ᠤᠷᠤᠨ ᠤ ᠲᠡᠰ ᠤᠨ ᠶᠠᠳᠠᠭᠤ ᠶᠢ ᠲᠡᠳᠭᠦᠭᠦ ᠲᠤᠯᠤᠭᠠᠶᠢᠯᠠᠭᠴᠢ ᠠᠵᠤ ᠠᠬᠤᠶᠢᠯᠠᠯ ᠪᠤᠯᠬᠤ ᠶᠤᠮ᠃       ᠤᠳᠤ ᠲᠤᠰ ᠺᠤᠮᠫᠠᠨᠢ ᠨᠢ ᠴᠠᠭᠠᠨ ᠭᠤᠶᠤᠤ ᠪᠠᠷ ᠨᠢᠭᠤᠷ ᠤᠨ ᠨᠠᠭᠠᠯᠳᠠ ᠥᠢᠯᠡᠳᠪᠤᠷᠢᠯᠡᠵᠤ ᠪᠤᠷᠤᠯᠠᠭᠤᠯᠬᠤ ᠠᠴᠠ ᠭᠠᠳᠠᠨ᠎ᠠ ᠴᠠᠭᠠᠨ ᠭᠤᠶᠤᠤ ᠪᠠᠷ ᠥᠢᠯᠡᠳᠪᠤᠷᠢᠯᠡᠭᠰᠡᠨ ᠨᠢᠭᠤᠷ ᠤᠬᠢᠶᠠᠬᠤ ᠰᠢᠩᠬᠡᠨ᠂ ᠰᠥᠷᠴᠢᠭᠦ ᠰᠢᠩᠬᠡᠨ ᠪᠠ ᠴᠠᠭᠠᠨ ᠭᠤᠶᠤᠤ ᠶᠢᠨ ᠠᠭᠤᠯᠤᠭᠳᠠᠴᠠ ᠲᠠᠢ ᠥᠵᠤᠮ ᠤᠨ ᠠᠷᠢᠬᠢ᠂ ᠴᠠᠭᠠᠨ ᠭᠤᠶᠤᠤ ᠶᠢᠨ ᠴᠠᠢ᠂ ᠴᠠᠭᠠᠨ ᠭᠤᠶᠤᠤ ᠶᠢᠨ ᠺᠤᠹᠧ᠂ ᠴᠠᠭᠠᠨ ᠭᠤᠶᠤᠤ ᠶᠢᠨ ᠤᠮᠳᠠᠭᠠᠨ ᠵᠡᠷᠬᠡ ᠴᠠᠭᠠᠨ ᠭᠤᠶᠤᠤ ᠪᠠᠷ ᠬᠢᠭᠰᠡᠨ ᠠᠷᠪᠠᠭᠠᠳ ᠲᠥᠷᠥᠯ ᠤᠨ ᠰᠢᠷᠢᠰ ᠪᠥᠳᠤᠬᠡᠭᠳᠡᠭᠦᠨ ᠢ ᠵᠠᠬ᠎ᠠ ᠲᠡᠯᠬᠡᠭᠦᠷ ᠲᠤ ᠭᠠᠷᠭᠠᠭᠰᠠᠨ ᠪᠠᠶᠢᠨ᠎ᠠ᠃ ᠲᠠᠷᠤᠢ ᠴᠠᠭᠠᠨ ᠭᠤᠶᠤᠤ ᠶᠢ ᠵᠥᠪᠬᠡᠨ ᠠᠯᠠᠱᠠ ᠨᠤᠳᠤᠭ ᠤᠨ ᠤᠨᠴᠠ ᠭᠠᠷᠤᠯᠳᠠ ᠪᠠᠷ ᠥᠵᠡᠵᠤ ᠪᠥᠭᠦᠯᠢ ᠪᠠᠷ ᠨᠢ ᠪᠤᠷᠤᠯᠠᠭᠤᠯᠳᠠᠭ ᠤᠯᠠᠮᠵᠢᠯᠠᠯᠳᠤ ᠪᠤᠷᠤᠯᠠᠭᠤᠯᠭ᠎ᠠ ᠶᠢᠨ ᠬᠡᠯᠪᠡᠷᠢ ᠶᠢ ᠡᠪᠳᠡᠵᠤ᠂ ᠡᠯ᠎ᠡ ᠲᠥᠷᠥᠯ ᠤᠨ ᠭᠤᠶᠤᠯᠠᠯ ᠤᠨ ᠪᠥᠳᠤᠬᠡᠭᠳᠡᠭᠦᠨ ᠪᠤᠶᠤ ᠢᠳᠡᠬᠡᠨ ᠤᠮᠳᠠᠭᠠᠨ ᠤ ᠪᠥᠳᠤᠬᠡᠭᠳᠡᠭᠦᠨ ᠪᠤᠯᠭᠠᠵᠤ ᠥᠢᠯᠡᠳᠪᠤᠷᠢᠯᠡᠬᠡᠳ ᠥᠷᠬᠡᠨ ᠤᠯᠠᠨ ᠬᠡᠷᠡᠭᠯᠡᠭᠴᠢᠳ ᠪᠠ ᠬᠤᠯᠠ ᠥᠢᠷ᠎ᠠ ᠶᠢᠨ ᠵᠤᠭᠠᠴᠠᠭᠰᠠᠳ ᠲᠤ ᠪᠤᠷᠤᠯᠠᠭᠤᠯᠬᠤ ᠪᠤᠷᠤᠯᠠᠭᠤᠯᠭ᠎ᠠ ᠶᠢᠨ ᠰᠢᠨ᠎ᠡ ᠬᠡᠯᠪᠡᠷᠢ ᠶᠢ ᠡᠬᠦᠤᠠᠴᠠᠢ᠃       ᠴᠠᠭᠠᠨ ᠭᠤᠶᠤᠤ ᠶᠢᠨ ᠪᠥᠳᠤᠬᠡᠭᠳᠡᠭᠦᠨ ᠢ ᠥᠢᠯᠡᠳᠪᠤᠷᠢᠯᠡᠨ ᠪᠤᠷᠤᠯᠠᠭᠤᠯᠬᠤ ᠪᠠᠷ ᠳᠠᠮᠵᠢᠭᠤᠯᠣᠨ ᠠᠯᠠᠱᠠ ᠶᠢᠨ ᠱᠠᠩ ᠷᠥᠩ ᠶᠤᠸᠠᠨ ᠠᠮᠢᠳᠤ ᠪᠤᠳᠠᠰ ᠤᠨ ᠰᠢᠨᠵᠢᠯᠡᠭᠡ ᠮᠡᠷᠬᠡᠵᠢᠯ ᠤᠨ ᠬᠢᠵᠠᠭᠠᠷᠳᠤ ᠺᠤᠮᠫᠠᠨᠢ ᠤᠷᠤᠨ ᠨᠤᠳᠤᠭ ᠤᠨ ᠡᠯᠡᠰᠤᠨ ᠤ ᠠᠵᠤ ᠥᠢᠯᠡᠰ ᠢ ᠬᠥᠭᠵᠢᠭᠦᠯᠵᠤ᠂ ᠡᠯᠡᠰᠤᠨ ᠤ ᠠᠵᠤ ᠥᠢᠯᠡᠰ ᠤᠨ ᠨᠡᠷᠡᠳᠤ ᠲᠡᠮᠳᠡᠭ ᠢ ᠡᠭᠦᠳᠭᠦ ᠶᠢᠨ ᠲᠠᠭᠠᠤ ︽ᠺᠤᠮᠫᠠᠨᠢ + ᠮᠠᠯᠴᠢᠨ ᠲᠠᠷᠢᠶᠠᠴᠢᠨ + ᠬᠤᠷᠰᠢᠶᠠᠵᠢᠯ︾ ᠤᠨ ᠬᠡᠯᠪᠡᠷᠢ ᠪᠠᠷ ᠶᠠᠳᠠᠭᠤ ᠬᠥᠴᠢᠷᠳᠡᠯᠳᠠᠢ ᠮᠠᠯᠴᠢᠨ ᠲᠠᠷᠢᠶᠠᠴᠢᠨ ᠡᠷᠤᠬᠡ ᠶᠢᠨ ᠠᠰᠢᠭ ᠤᠷᠤᠯᠭ᠎ᠠ ᠶᠢ ᠨᠡᠮᠡᠭᠳᠡᠭᠦᠯᠵᠤ ᠪᠠᠶᠢᠨ᠎ᠠ᠃ ᠺᠤᠮᠫᠠᠨᠢ ᠶᠢᠨ ᠲᠠᠭᠠᠭᠠᠮᠠᠯ ᠸᠠᠩ ᠯᠧᠢ ᠶᠠᠷᠢᠬᠤ ᠳᠠᠭᠠᠨ᠄ ︽ᠮᠠᠨ ᠤ ᠺᠤᠮᠫᠠᠨᠢ ᠠᠯᠠᠱᠠ ᠵᠡᠭᠦᠨ ᠬᠤᠰᠢᠭᠤᠨ ᠤ ᠪᠠᠶᠠᠨᠬᠤᠳᠠ ᠪᠠᠯᠭᠠᠰᠤᠨ ᠤ ᠰᠥᠮᠡᠳᠤ ᠭᠠᠴᠠᠭᠠᠨ ᠳᠤ ᠪᠠᠶᠢᠭ᠎ᠠ 3 ᠲᠥᠮᠡᠨ ᠮᠤ᠋ ᠴᠠᠭᠠᠨ ᠭᠤᠶᠤᠤ ᠲᠠᠷᠢᠬᠤ ᠰᠠᠭᠤᠷᠢᠨ ᠭᠠᠵᠠᠷ ᠲᠤ ᠲᠤᠰ ᠭᠠᠴᠠᠭᠠᠨ ᠤ ᠲᠠᠩᠰᠠᠯᠠᠵᠤ ᠺᠠᠷᠲᠯᠠᠭᠰᠠᠨ ᠶᠠᠳᠠᠭᠤ ᠬᠥᠴᠢᠷᠳᠡᠯᠳᠠᠢ ᠮᠠᠯᠴᠢᠨ ᠡᠷᠤᠬᠡ ᠲᠠᠢ ᠬᠠᠮᠳᠤᠷᠠᠨ ᠠᠵᠢᠯᠯᠠᠬᠤ ᠬᠡᠷ᠎ᠡ ᠲᠤᠭᠳᠠᠵᠤ᠂ ᠡᠯᠡᠰᠤᠨ ᠤ ᠠᠵᠤ ᠥᠢᠯᠡᠰ ᠢᠶᠠᠷ ᠲᠡᠳᠡᠨᠡᠷ ᠢ ᠲᠠᠶᠢᠴᠢᠯᠠᠨ ᠠᠰᠢᠭ ᠤᠷᠤᠯᠭ᠎ᠠ ᠤᠯᠭᠤᠵᠤ ᠪᠤᠢ᠃ ᠬᠤᠶᠢᠰᠢᠳᠠ ᠴᠠᠭᠠᠨ ᠭᠤᠶᠤᠤ ᠪᠠᠷ ᠥᠢᠯᠡᠳᠪᠤᠷᠢᠯᠡᠭᠰᠡᠨ ᠨᠡᠩ ᠤᠯᠠᠨ ᠰᠢᠨ᠎ᠡ ᠪᠥᠳᠤᠬᠡᠭᠳᠡᠭᠦᠨ ᠢ ᠰᠤᠳᠤᠯᠤᠨ ᠭᠠᠷᠭᠠᠵᠤ ᠠᠯᠠᠱᠠ ᠶᠢᠨ ᠡᠯᠡᠰᠤᠨ ᠤ ᠠᠵᠤ ᠥᠢᠯᠡᠰ ᠤᠨ ᠬᠥᠭᠵᠢᠯᠳᠡ ᠶᠢ ᠠᠬᠢᠭᠤᠯᠤᠨ᠎ᠡ︾ ᠬᠡᠯ᠎ᠡ᠃
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号