ᠲᠠᠪᠤᠳᠤᠭᠠᠷ ᠬᠤᠭᠤᠴᠠᠭᠠᠨ ᠤ ︽ᠠᠯᠠᠱᠠ · ᠤᠬᠢ ᠨᠤᠯᠤᠤᠷ︾ ᠤᠨ ᠦᠷ᠎ᠠ ᠶᠢᠨ ᠮᠠᠯ ᠤᠨ ᠰᠢᠯᠭᠠᠷᠠᠭᠤᠯᠤᠯᠳᠠ ᠲᠡᠬᠦᠰᠴᠠᠢ
ᠨᠡᠶᠢᠲᠡᠯᠡᠭᠰᠡᠨ ᠴᠠᠭ᠄
2020/5/20
           ᠵᠢᠷᠤᠭ ᠪᠤᠯ᠂ ᠲᠤᠰᠬᠠᠢ ᠮᠡᠷᠭᠡᠵᠢᠯᠳᠠᠳ ᠲᠤᠬᠠᠢ ᠶᠢᠨ ᠲᠠᠯᠠᠪᠠᠢ ᠳᠤ ᠢᠮᠠᠭᠠᠨ ᠤ ᠬᠥᠨᠳᠤ ᠶᠢ ᠬᠡᠮᠵᠢᠵᠤ ᠪᠠᠶᠢᠭ᠎ᠠ ᠨᠢ᠃      ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠤᠨ ᠲᠣᠪᠴᠢ᠊ ᠡᠶ᠎ᠡ ᠠᠴᠠ ᠭᠤᠣᠯᠯᠠᠨ ᠡᠷᠬᠢᠯᠡᠭᠰᠡᠨ ᠲᠠᠪᠤᠳᠤᠭᠠᠷ ᠬᠤᠭᠤᠴᠠᠭᠠᠨ ᠤ ︽ᠠᠯᠠᠱᠠ · ᠤᠬᠢ ᠨᠤᠯᠤᠤᠷ︾ ᠤᠨ ᠨᠤᠯᠤᠤᠷ ᠤᠨ ᠦᠷ᠎ᠠ ᠶᠢᠨ ᠢᠮᠠᠭᠠᠨ ᠤ ᠰᠢᠯᠭᠠᠷᠠᠭᠤᠯᠤᠯᠳᠠ ᠠᠮᠵᠢᠯᠲᠠ ᠲᠠᠢ ᠲᠡᠭᠦᠰᠦᠭᠰᠡᠨ ᠪᠠᠶᠢᠨ᠎ᠠ᠃      ᠲᠣᠰ ᠤᠳᠠᠭᠠᠨ ᠤ ᠰᠢᠯᠭᠠᠷᠠᠭᠤᠯᠤᠯᠳᠠ ᠨᠢ ᠡᠷᠬᠡ ᠲᠡᠭᠰᠢ᠂ ᠲᠥᠪ ᠭᠤᠤᠯᠴᠢ᠂ ᠢᠯᠡ ᠲᠤᠳᠤ ᠪᠠᠶᠢᠬᠤ ᠵᠠᠷᠴᠢᠮ ᠢ ᠪᠠᠷᠢᠮᠲᠠᠯᠠᠨ᠂ ᠨᠠᠰᠤᠨ ᠳᠤ ᠬᠥᠷᠦᠭᠰᠡᠡ ᠤᠬᠤᠨ᠎ᠠ᠂ ᠰᠢᠳᠤᠯᠡᠩ ᠤᠬᠤᠨ᠎ᠠ᠂ ᠥᠷ᠎ᠠ ᠶᠢᠨ ᠡᠮ᠎ᠠ ᠢᠮᠠᠭ᠎ᠠ᠂ ᠥᠬᠢᠨ ᠰᠢᠳᠤᠯᠡᠩ ᠵᠡᠷᠭᠡ 4 ᠲᠤᠭᠤᠢᠢᠯᠠᠩ ᠬᠤᠪᠢᠶᠠᠵᠤ᠂ 3 ᠬᠤᠰᠢᠭᠤᠨ ᠤ 3 ᠦᠷ᠎ᠠ ᠶᠢᠨ ᠮᠠᠯ ᠤᠨ ᠰᠠᠭᠤᠷᠢᠨ ᠭᠠᠵᠠᠷ ᠤᠨ 27 ᠮᠠᠯᠵᠢᠬᠤ ᠡᠷᠦᠬᠡ ᠶᠢᠨ 86 ᠨᠣᠯᠤᠤᠷ ᠤᠨ ᠢᠮᠠᠭ᠎ᠠ ᠶᠢ ᠰᠢᠯᠭᠠᠷᠠᠭᠤᠯᠪᠠ᠃ ᠦᠷ᠎ᠠ ᠶᠢᠨ ᠢᠮᠠᠭᠠᠠ ᠤ ᠪᠡᠶ᠎ᠡ ᠶᠢᠨ ᠬᠡᠯᠪᠡᠷᠢ ᠰᠢᠨᠵᠢ᠂ ᠨᠤᠯᠤᠤᠷ ᠤᠨ ᠬᠥᠨᠳᠤ᠂ ᠨᠠᠷᠢᠴᠠ᠂ ᠤᠷᠳᠤ᠂ ᠭᠠᠷᠤᠯᠳᠠ ᠵᠡᠷᠬᠡ 5 ᠲᠠᠯ᠎ᠠ ᠠᠴᠠ ᠬᠢᠨᠠᠠ ᠲᠣᠭᠲᠠᠭᠠᠬᠤ ᠪᠠᠷ ᠳᠠᠮᠵᠢᠨ᠂ ᠣᠨᠴᠠ ᠲᠡᠰ ᠲᠤ 4 ᠢᠮᠠᠭ᠎ᠠ᠂ ᠨᠢᠭᠡᠳᠦᠭᠡᠷ ᠲᠡᠰ ᠲᠤ 8 ᠢᠮᠠᠭ᠎ᠠ᠂ ᠬᠤᠶᠠᠳᠤᠭᠠᠷ ᠲᠡᠰ ᠲᠤ 16 ᠢᠮᠠᠭ᠎ᠠ᠂ ᠭᠤᠷᠪᠠᠳᠤᠭᠠᠷ ᠲᠡᠰ ᠲᠤ 12 ᠢᠮᠠᠭ᠎ᠠ ᠶᠢ ᠲᠤᠳᠤᠷᠠᠭᠤᠯᠪᠠ᠃ ᠠᠯᠠᠱᠠ ᠵᠡᠭᠦᠨ ᠬᠤᠰᠢᠭᠤᠨ ᠤ ᠦᠷ᠎ᠠ ᠶᠢᠨ ᠮᠠᠯ ᠤᠨ ᠰᠠᠭᠤᠷᠢᠨ ᠭᠠᠵᠠᠷ ᠪᠤᠯᠤᠨ ᠠᠯᠠᠱᠠ ᠵᠡᠭᠦᠨ ᠬᠤᠰᠢᠭᠤᠨ ᠤ ᠵᠢᠷᠠᠲᠠᠶ ᠪᠠᠯᠭᠠᠰᠤᠨ ᠤ ᠲᠠᠷᠡᠲᠤ ᠭᠠᠴᠠᠭᠠᠨ ᠤ ᠮᠠᠯᠴᠢᠨ ᠡᠤ ᠹᠧᠩ ᠯᠢᠶᠠᠨ ᠤ ᠨᠤᠯᠤᠤᠷ ᠤᠨ ᠢᠮᠠᠭ᠎ᠠ ᠨᠢ ᠨᠠᠰᠤᠨ ᠳᠤ ᠬᠦᠷᠦᠭᠰᠡᠨ ᠤᠬᠤᠨ᠎ᠠ ᠶᠢᠨ ᠳᠤᠭᠤᠶᠢᠯᠠᠩ ᠪᠣᠯᠤᠨ ᠰᠢᠳᠤᠯᠠᠩ ᠤᠬᠤᠨ᠎ᠠ ᠶᠢᠨ ᠳᠤᠭᠤᠶᠢᠯᠠᠩ ᠤᠨ ᠣᠨᠴᠠ ᠳᠡᠰ ᠤᠨ ᠱᠠᠩ ᠭᠥᠷᠳᠡᠵᠤ᠂ ᠠᠯᠠᠱᠠ ᠵᠡᠭᠦᠨ ᠬᠤᠰᠢᠭᠤᠨ ᠤ ᠵᠢᠷᠨᠲᠠᠶ ᠪᠠᠯᠭᠠᠰᠤᠨ ᠤ ᠬᠠᠰᠴᠢᠮᠡᠭ ᠪᠣᠯᠤᠨ ᠠᠯᠠᠱᠠ ᠪᠠᠷᠠᠭᠤᠨ ᠬᠤᠰᠢᠭᠤᠨ ᠤ ᠴᠠᠭᠠᠨ ᠨᠣᠯᠣᠤᠷᠲᠦ ᠢᠮᠠᠭᠠᠨ ᠤ ᠦᠷ᠎ᠠ ᠶᠢᠨ ᠮᠠᠯ ᠤᠨ ᠰᠠᠭᠤᠷᠢᠨ ᠭᠠᠵᠠᠷ ᠤᠨ ᠢᠮᠠᠭ᠎ᠠ ᠨᠢ ᠨᠠᠰᠤ ᠬᠦᠢᠴᠡᠭᠰᠡᠡ ᠦᠷ᠎ᠠ ᠶᠢᠨ ᠡᠮ᠎ᠠ ᠢᠮᠠᠭ᠎ᠠ ᠪᠤᠯᠤᠨ ᠥᠬᠢᠨ ᠰᠢᠳᠦᠯᠡᠩ ᠤᠨ ᠲᠤᠭᠤᠢᠢᠯᠠᠩ ᠤᠨ ᠤᠨᠴᠠ ᠳᠡᠰ ᠤᠨ ᠱᠠᠩ ᠬᠦᠷᠳᠡᠭᠰᠡᠨ ᠪᠠᠶᠢᠨ᠎ᠠ᠃      ᠠᠯᠠᠱᠠ ᠶᠢᠨ ᠴᠠᠭᠠᠨ ᠨᠣᠯᠤᠤᠷᠲᠦ ᠢᠮᠠᠭ᠎ᠠ ᠪᠤᠯ ᠤᠯᠤᠰ ᠤᠨ ᠭᠤᠤᠯᠳᠠᠯᠭᠠᠳᠤ ᠤᠳᠤᠮ ᠤᠨ ᠡᠬᠢ ᠪᠠᠶᠠᠯᠢᠭ ᠪᠠ ᠭᠤᠤᠯᠳᠠᠯᠭᠠᠳᠤ ᠬᠠᠮᠠᠭᠠᠯᠠᠯᠲᠠ ᠶᠢᠨ ᠡᠭᠦᠯᠳᠡᠷ ᠮᠥᠨ᠃ ᠦᠢᠷ᠎ᠡ ᠶᠢᠨ ᠵᠢᠯ ᠤᠨ ᠲᠤᠷᠰᠢ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠰᠢᠷᠭᠠᠭᠤ ᠴᠢᠷᠮᠠᠶᠢᠯᠭ᠎ᠠ ᠪᠣᠯᠤᠨ ᠮᠠᠯᠴᠢᠳ ᠤᠨ ᠢᠳᠡᠪᠬᠢᠵᠢᠯ ᠢᠶᠠᠷ᠂ ᠪᠦᠬᠦ ᠠᠶᠢᠮᠠᠭ ᠤᠨ ᠴᠠᠭᠠᠨ ᠨᠤᠯᠤᠤᠷᠲᠦ ᠢᠮᠠᠭᠠᠨ ᠤ ᠦᠢᠯᠡᠰ ᠢᠯᠡᠷᠬᠡᠶ ᠦᠷ᠎ᠡ ᠪᠦᠲᠦᠮᠵᠢ ᠣᠯᠤᠭᠰᠠᠨ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ ᠣᠳᠣᠬᠠᠨ ᠳᠤ ᠪᠦᠬᠦ ᠠᠶᠢᠮᠠᠭ ᠲᠤ ᠨᠠᠶᠢᠳᠠ 56 ᠲᠦᠮᠡᠨ ᠲᠤᠯᠤᠭᠠᠢ ᠨᠣᠯᠤᠤᠷ ᠤᠨ ᠢᠮᠠᠭ᠎ᠠ ᠲᠠᠢ᠂ ᠮᠠᠯ ᠤᠨ ᠶᠡᠷᠦᠩᠬᠡᠶ ᠲᠣᠭᠠᠨ ᠤ 50% ᠶᠢ ᠡᠵᠡᠯᠡᠵᠦ᠂ ᠵᠢᠯ ᠤᠨ ᠨᠣᠯᠤᠤᠷ ᠤᠨ ᠭᠠᠷᠤᠯᠲᠠ 220 ᠲᠣᠨ ᠳᠤ ᠬᠦᠷᠴᠦ ᠪᠤᠢ᠃                                              ( ᠵᠣᠬᠢᠶᠠᠭᠴᠢ᠄  ᠡᠷᠳᠡᠨᠢᠴᠡᠴᠡᠭ )
 
ᠢᠷᠡᠯᠲᠡ᠄ ᠠᠯᠠᠱᠠ ᠶᠢᠨ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号