ᠡᠷᠭᠢᠯᠳᠡᠲᠤ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠠ ᠨᠢ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠶᠢᠨ ᠲᠤᠯᠭᠠᠭᠤᠷᠢ ᠪᠤᠯᠵᠤ ᠪᠠᠶᠢᠨ᠎ᠠ
ᠨᠡᠶᠢᠲᠡᠯᠡᠭᠰᠡᠨ ᠴᠠᠭ᠄
2020/5/25
      ᠠᠯᠠᠱᠠ ᠵᠡᠬᠦᠨ ᠬᠤᠰᠢᠭᠤᠨ ᠤ ᠤᠨᠳᠤᠷᠤᠯᠲᠤ ᠪᠠᠯᠭᠠᠰᠤᠨ ᠤ ᠳ᠋ᠧ ᠮᠢᠨ ᠬᠤᠷᠰᠢᠶᠠᠵᠢᠯ ᠨᠢ ︽ᠠᠷᠠᠳ ᠠᠴᠠ ᠡᠷᠬᠢᠯᠡᠵᠤ᠂ ᠠᠷᠠᠳ ᠠᠴᠠ ᠬᠠᠮᠢᠶᠠᠷᠦᠨ᠂ ᠠᠷᠠᠳ ᠲᠤ ᠠᠰᠢᠭ ᠬᠦᠷᠳᠡᠭᠡᠬᠦ︾ ᠴᠢᠭᠯᠡᠯᠲᠡ ᠶᠤᠰᠤᠭᠠᠷ᠂ ︽ᠨᠠᠮ ᠤᠨ ᠡᠭᠦᠷ + ᠬᠤᠷᠰᠢᠶᠠᠵᠢᠯ + ᠲᠠᠷᠢᠶᠠᠴᠢᠨ ᠡᠷᠦᠬᠡ︾ ᠭᠡᠬᠦ ᠠᠰᠢᠭ ᠲᠤᠰᠠ ᠶᠢᠨ ᠬᠤᠯᠪᠤᠭᠠᠰᠤ ᠪᠠᠶᠢᠭᠤᠯᠤᠮᠵᠢ ᠶᠢ ᠪᠠᠶᠢᠭᠤᠯᠤᠨ᠂ ᠲᠠᠷᠢᠮᠠᠯ᠂ ᠬᠠᠰᠢᠶᠠᠯᠠᠨ ᠲᠡᠵᠢᠭᠡᠵᠤ ᠦᠷᠡᠵᠢᠭᠦᠯᠬᠦ ᠪᠠ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠤᠨ ᠪᠤᠷᠤᠯᠠᠭᠤᠯᠬᠤ ᠡᠷᠭᠢᠯᠳᠡᠳᠤ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠪᠠᠷ‌ᠣᠶᠢᠷ᠎ᠠ ᠣᠷᠴᠢᠮ ᠤᠨ 6 ᠭᠠᠴᠠᠭᠠᠨ ᠤ 106 ᠡᠷᠦᠬᠡ ᠮᠠᠯᠴᠢᠨ ᠲᠠᠷᠢᠶᠠᠴᠢᠨ ᠢ ᠬᠤᠷᠰᠢᠶᠠᠵᠢᠯ ᠳᠤ ᠲᠦᠰᠢᠭᠯᠡᠭᠦᠯᠦᠨ ᠠᠮᠢᠳᠤᠷᠠᠯ ᠤᠨ ᠲᠦᠪᠰᠢᠨ ᠢ ᠨᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠬᠡᠢ ᠨᠡᠶᠢᠲᠡ 208 ᠲᠦᠮᠡᠨ ᠲᠦᠭᠦᠷᠢᠭ ᠤᠨ ᠤᠷᠤᠯᠭ᠎ᠠ ᠬᠤᠪᠢᠶᠠᠨ᠂ ᠤᠨᠳᠤᠷᠤᠯᠲᠤ ᠪᠠᠯᠭᠠᠰᠤᠨ ᠤ ᠠᠵᠤ ᠠᠬᠤᠢ ᠶᠢᠨ ᠬᠦᠭᠵᠢᠯᠲᠡ ᠶᠢ ᠪᠦᠲᠦᠮᠵᠢᠲᠠᠢ ᠠᠬᠢᠭᠤᠯᠤᠭᠰᠠᠨ ᠪᠠᠶᠢᠨ᠎ᠠ᠃       ᠳ᠋ᠧ ᠮᠢᠨ ᠬᠤᠷᠰᠢᠶᠠᠵᠢᠯ ᠤᠨ ᠡᠮ ᠤᠨ ᠮᠠᠲ᠋ᠧᠷᠢᠶᠠᠯ ᠢ ᠪᠤᠯᠪᠠᠰᠤᠷᠠᠭᠤᠯᠬᠤ ᠦᠷᠦᠭᠡᠨ ᠳᠤ ᠤᠨᠳᠤᠷᠤᠯᠲᠤ ᠪᠠᠯᠭᠠᠰᠤᠨ ᠤ ᠰᠠᠶᠢᠬᠠᠨᠲᠠᠯ᠎ᠠ ᠭᠠᠴᠠᠭᠠᠨ ᠤ ᠲᠠᠷᠢᠶᠠᠴᠢᠨ ᠵᠠᠩ ᠶᠥᠩ ᠰᠢᠦ ᠶᠠᠭ ᠬᠤᠨᠴᠢᠷ ᠢ ᠰᠢᠯᠢᠨ ᠰᠤᠩᠭᠤᠵᠤ ᠬᠡᠰᠡᠭᠯᠡᠨ ᠬᠡᠷᠴᠢᠵᠤ ᠪᠠᠶᠢᠯ᠎ᠠ᠃ ᠵᠠᠩ ᠶᠥᠩ ᠰᠢᠦ ᠶᠢᠨ ᠬᠢᠨ ᠪᠣᠯ ᠰᠠᠶᠢᠬᠠᠨᠲᠠᠯ᠎ᠠ ᠭᠠᠴᠠᠭᠠᠨ ᠤ ᠳᠠᠩᠰᠠᠯᠠᠵᠤ ᠺᠠᠷᠲᠯᠠᠬᠰᠠᠨ ᠶᠠᠳᠠᠭᠤ ᠬᠦᠴᠢᠷᠳᠡᠯᠲᠡᠢ ᠡᠷᠦᠬᠡ᠂ ᠲᠡᠳᠡᠨᠡᠶᠢᠬᠢᠨ ᠵᠦᠪᠬᠡᠨ ᠲᠠᠷᠢᠶ᠎ᠠ ᠲᠠᠷᠢᠬᠤ ᠳᠤ ᠲᠦᠰᠢᠭᠯᠡᠳᠡᠭ ᠤᠴᠢᠷ ᠠᠴᠠ ᠣᠷᠤᠯᠭ᠎ᠠ ᠨᠢ ᠭᠤᠷᠪᠠᠨ ᠬᠡᠣᠬᠡᠳ ᠤᠨ ᠰᠤᠷᠤᠯᠭ᠎ᠠ ᠶᠢᠨ ᠰᠦᠢᠳᠬᠡᠯ ᠵᠢᠴᠢ ᠭᠡᠷ ᠤᠨ ᠵᠠᠷᠤᠯᠭ᠎ᠠ ᠳᠤ ᠬᠦᠷᠦᠯᠴᠡᠬᠦ ᠦᠭᠡᠢ᠃ ᠵᠠᠩ ᠶᠥᠩ ᠰᠢᠦ ᠬᠡᠷᠭᠡᠢ ᠲᠠᠢ ᠪᠠᠨ ᠬᠤᠶᠠᠭᠤᠯᠠ ᠭᠠᠳᠠᠭᠰᠢ ᠭᠠᠷᠴᠤ ᠬᠦᠯᠦᠰᠦᠨ ᠠᠵᠢᠯ ᠬᠢᠶ᠎ᠡ ᠭᠡᠬᠦ ᠳᠤ ᠠᠷᠤ ᠭᠡᠷ ᠪᠤᠯᠤᠨ ᠬᠡᠣᠬᠡᠳ ᠢᠶᠠᠨ ᠬᠠᠷᠠᠭᠠᠯᠵᠠᠬᠤ ᠳᠤ ᠳᠦᠬᠦᠮ ᠦᠭᠡᠢ ᠪᠠᠶᠢᠯ᠎ᠠ᠃ ᠭᠠᠴᠠᠭᠠᠨ ᠤ ᠨᠠᠮ ᠤᠨ ᠡᠭᠦᠷ ᠤᠨ ᠲᠤᠬᠢᠷᠠᠭᠤᠯᠭ᠎ᠠ ᠳᠣᠣᠷ᠎ᠠ ᠲᠡᠷᠡ ᠭᠡᠷ ᠤᠨ ᠬᠦᠮᠦᠨ ᠲᠠᠢ ᠪᠠᠨ ᠬᠠᠮᠲᠤ ᠭᠠᠴᠠᠭᠠᠨ ᠳᠠᠭᠠᠨ ᠪᠠᠶᠢᠭ᠎ᠠ ᠳ᠋ᠧ ᠮᠢᠨ ᠬᠤᠷᠰᠢᠶᠠᠵᠢᠯ ᠳᠤ ᠠᠵᠢᠯᠯᠠᠵᠠᠢ᠂ ᠡᠨᠡ ᠨᠢ ᠲᠡᠳᠡᠨ ᠤ ᠭᠡᠷ ᠠᠴᠠ ᠣᠶᠢᠷᠠᠬᠠᠨ ᠪᠠᠶᠢᠵᠤ ᠬᠠᠪᠤᠷ ᠤᠨ ᠶᠠᠭᠠᠷᠠᠤ ᠴᠠᠭ ᠲᠤ ᠲᠠᠷᠢᠶ᠎ᠠ ᠪᠠᠨ ᠲᠠᠷᠢᠬᠤ ᠳᠤᠨᠢ ᠴᠤ ᠳᠦᠬᠦᠮ ᠪᠤᠯᠵᠠᠢ᠃       ᠵᠠᠩ ᠶᠥᠩ ᠰᠢᠦ ᠲᠠᠢ ᠠᠳᠠᠯᠢ ᠪᠠᠷ ᠣᠶᠢᠷ᠎ᠠ ᠣᠷᠴᠢᠮ ᠤᠨ ᠭᠠᠴᠠᠭᠠᠨ ᠤ 30 ᠭᠠᠷᠦᠢ ᠲᠠᠷᠢᠶᠠᠴᠢᠨ ᠳ᠋ᠧ ᠮᠢᠨ ᠬᠤᠷᠰᠢᠶᠠᠵᠢᠯ ᠳᠤ ᠬᠦᠯᠦᠰᠦᠨ ᠠᠵᠢᠯ ᠬᠢᠵᠤ᠂ ᠡᠬᠦᠨ ᠳᠤ ᠪᠠᠰᠠ 4 ᠵᠡᠮᠳᠡᠭ ᠬᠦᠮᠦᠨ ᠪᠣᠢ᠃ ᠵᠡᠮᠳᠡᠭ ᠬᠦᠮᠦᠨ ᠤ ᠠᠵᠢᠯ ᠣᠯᠬᠤ ᠳᠤ ᠬᠦᠴᠢᠷ ᠠᠰᠠᠭᠤᠳᠠᠯ ᠢ ᠰᠢᠢᠳᠪᠤᠷᠢᠯᠡᠬᠦ ᠶᠢᠨ ᠲᠦᠯᠦᠬᠡ᠂ ᠬᠤᠷᠰᠢᠶᠠᠵᠢᠯ ᠨᠢ ᠵᠡᠮᠳᠡᠭ ᠬᠦᠮᠦᠨ ᠤ ᠦᠢᠯᠡᠰ ᠪᠦᠲᠦᠭᠡᠵᠤ ᠠᠵᠢᠯ ᠣᠯᠬᠤ ᠰᠠᠭᠤᠷᠢᠨ ᠭᠠᠵᠠᠷ ᠢ ᠲᠤᠰᠬᠠᠶᠢᠯᠠᠨ ᠪᠠᠶᠢᠭᠤᠯᠵᠤ᠂ ᠵᠢᠯ ᠪᠦᠷᠢ ᠤᠨᠳᠤᠷᠤᠯᠲᠤ ᠪᠠᠯᠭᠠᠰᠤᠨ ᠤ 26 ᠵᠡᠮᠳᠡᠭ ᠬᠦᠮᠦᠨ ᠤ ᠡᠮ ᠡᠮᠨᠡᠯᠭᠡ ᠶᠢᠨ ᠳᠠᠭᠠᠳᠬᠠᠯ ᠪᠤᠯᠤᠨ ᠨᠡᠶᠢᠬᠡᠮ ᠤᠨ ᠪᠠᠲᠤᠯᠠᠭ᠎ᠠ ᠶᠢᠨ ᠮᠦᠩᠭᠦ ᠶᠢ ᠨᠢ ᠲᠤᠰᠢᠶᠠᠵᠤ ᠥᠭᠬᠦ ᠶᠢᠨ ᠬᠠᠮᠲᠤ ᠠᠵᠢᠯ ᠣᠯᠬᠤ ᠰᠠᠨᠠᠭ᠎ᠠ ᠲᠠᠢ ᠵᠡᠮᠳᠡᠭ ᠬᠦᠮᠦᠨ ᠢ ᠬᠤᠷᠰᠢᠶᠠᠵᠢᠯ ᠳᠠᠭᠠᠨ ᠲᠤᠬᠢᠷᠠᠭᠤᠯᠵᠤ ᠠᠵᠢᠯᠯᠠᠭᠤᠯᠳᠠᠭ ᠪᠠᠶᠢᠨ᠎ᠠ᠃ ᠬᠤᠷᠰᠢᠶᠠᠵᠢᠯ ᠨᠢ ᠤᠨᠳᠤᠷᠤᠯᠲᠦ ᠪᠠᠯᠭᠠᠰᠤᠨ ᠤ ︽ᠭᠤᠷᠪᠠ ᠶᠢ ᠲᠤᠰᠬᠤᠨ ᠳᠤ ᠬᠦᠷᠭᠡᠵᠦ ᠭᠤᠷᠪᠠ ᠶᠢ ᠡᠷᠦᠭᠡ ᠳᠤ ᠬᠦᠷᠬᠡᠬᠦ︾ ᠬᠤᠶᠠᠷ ᠭᠠᠴᠠᠭ᠎ᠠ ᠲᠠᠢ ᠶᠠᠳᠠᠭᠤ ᠶᠢ ᠲᠡᠳᠭᠦᠬᠦ ᠬᠡᠯᠡᠯᠴᠡᠭᠡᠷ ᠲᠤᠭᠲᠠᠵᠤ᠂ ᠪᠡᠯᠡ ᠮᠦᠩᠭᠦ ᠪᠠᠷ ᠬᠤᠪᠢ ᠣᠷᠤᠭᠤᠯᠬᠤ ᠠᠷᠭ᠎ᠠ ᠮᠠᠶ᠋ᠢᠭ ᠢ ᠬᠡᠷᠡᠭᠯᠡᠨ᠂ ᠣᠷᠤᠭᠤᠯᠤᠭᠰᠠᠨ ᠪᠡᠯᠡ ᠮᠦᠩᠭᠦ ᠶᠢᠨ 12% ᠤᠨ ᠬᠠᠷᠢᠴᠠᠯ ᠶᠤᠰᠤᠭᠠᠷ᠂ ᠶᠠᠳᠠᠭᠤ ᠬᠦᠴᠢᠷᠳᠡᠯᠲᠡᠢ 46 ᠡᠷᠦᠭᠡ ᠳᠤ ᠵᠢᠯ ᠪᠦᠷᠢ ᠡᠷᠦᠭᠡ ᠳᠤ ᠰᠢᠭᠤᠳ ᠨᠦᠬᠦᠪᠦᠷᠢᠯᠡᠬᠦ ᠠᠷᠭ᠎ᠠ ᠪᠠᠷ ᠠᠰᠢᠭ ᠬᠤᠪᠢᠶᠠᠵᠤ ᠦᠭᠴᠤ ᠪᠤᠢ᠃ ᠭᠠᠴᠠᠭᠠᠨ ᠤ ᠨᠠᠮ ᠤᠨ ᠡᠭᠦᠷ ᠤᠨ ᠬᠠᠪᠰᠤᠷᠤᠯᠭ᠎ᠠ ᠲᠤᠬᠢᠷᠠᠭᠤᠯᠭ᠎ᠠ ᠳᠣᠣᠷ᠎ᠠ᠂ ᠴᠦᠭᠡᠨ ᠲᠣᠭᠠᠲᠤ ᠦᠨᠳᠦᠰᠦᠲᠡᠨ ᠤ ᠬᠦᠭᠵᠢᠯᠲᠡ ᠶᠢᠨ ᠰᠠᠭᠤᠷᠢ ᠮᠥᠩᠭᠦᠨ ᠤ ᠲᠦᠷᠦᠯ ᠵᠦᠢᠯ ᠢ ᠭᠤᠶᠤᠴᠢᠯᠠᠵᠤ᠂ ᠬᠤᠷᠰᠢᠶᠠᠵᠢᠯ ᠤᠨ ᠲᠦᠬᠦᠭᠡᠷᠦᠮᠵᠢ ᠶᠢ ᠲᠡᠭᠦᠯᠳᠡᠷᠵᠢᠭᠦᠯᠦᠭᠰᠡᠨ ᠤ ᠰᠠᠭᠤᠷᠢᠨ ᠳᠡᠭᠡᠷ᠎ᠡ ᠵᠢᠯ ᠪᠦᠷᠢ ᠰᠠᠶᠢᠬᠠᠨᠲᠠᠯ᠎ᠠ ᠭᠠᠴᠠᠭᠠᠨ ᠳᠤ 5 ᠲᠦᠮᠡ ᠭᠠᠷᠦᠢ ᠲᠦᠭᠦᠷᠢᠭ ᠤᠨ ᠣᠷᠣᠯᠭ᠎ᠠ ᠬᠤᠪᠢᠶᠠᠨ ᠭᠠᠴᠠᠭᠠᠨ ᠤ ᠬᠠᠮᠳᠣ ᠶᠢᠨ ᠠᠵᠤ ᠠᠬᠤᠢ ᠶᠢ ᠬᠦᠭᠵᠢᠭᠦᠯᠬᠦ ᠳᠤ ᠲᠤᠰᠠᠯᠠᠮᠵᠢ ᠦᠵᠡᠭᠦᠯᠪᠡ᠃       ᠳ᠋ᠧ ᠮᠢᠨ ᠬᠤᠷᠰᠢᠶᠠᠵᠢᠯ ᠨᠢ ᠲᠤᠬᠠᠢ ᠶᠢᠨ ᠭᠠᠵᠠᠷ ᠤᠨ ᠲᠠᠷᠢᠶᠠᠴᠢᠨ ᠢ ᠳᠠᠶᠢᠴᠢᠯᠠᠨ ᠴᠢᠨᠡᠭᠡᠯᠢᠭᠵᠢᠯ ᠤᠨ ᠵᠠᠮ ᠢᠶᠠᠷ ᠬᠦᠲᠦᠯᠬᠦ ᠶᠢᠨ ᠬᠠᠮᠲᠤ᠂ ᠲᠠᠷᠢᠵᠤ ᠲᠡᠵᠢᠭᠡᠨ ᠦᠷᠡᠵᠢᠭᠦᠯᠬᠦ ᠦᠢᠯᠡᠰ ᠢ ᠬᠦᠭᠵᠢᠭᠦᠯᠬᠦ ᠪᠠᠷ ᠰᠠᠭᠤᠷᠢ ᠪᠤᠯᠭᠠᠵᠤ᠂ 5000 ᠮᠦ ᠭᠠᠵᠠᠷ ᠢ ᠡᠷᠭᠢᠯᠲᠡ ᠳᠤ ᠣᠷᠣᠭᠤᠯᠤᠨ᠂ ᠡᠷᠳᠡᠨᠢ ᠰᠢᠰᠢ᠂ ᠬᠢᠲᠡᠳ ᠡᠮ ᠤᠨ ᠮᠠᠲ᠋ᠧᠷᠢᠶᠠᠯ ᠢ ᠲᠠᠷᠢᠵᠤ ᠵᠢᠯ ᠤᠨ ᠠᠵᠤ ᠠᠬᠤᠢ ᠶᠢᠨ ᠦᠷ᠎ᠡ ᠠᠰᠢᠭ ᠨᠢ 400 ᠭᠠᠷᠦᠢ ᠲᠦᠮᠡᠨ ᠲᠦᠭᠦᠷᠢᠭ ᠲᠤ ᠬᠦᠷᠴᠡᠢ᠃ ᠲᠡᠵᠢᠭᠡᠨ ᠦᠷᠡᠵᠢᠭᠦᠯᠬᠦ ᠬᠤᠶᠠᠷ ᠰᠠᠭᠤᠷᠢᠨ ᠭᠠᠵᠠᠷ ᠢ ᠪᠠᠶᠢᠭᠤᠯᠵᠤ᠂ 1300 ᠭᠠᠷᠦᠢ ᠬᠤᠨᠢ᠂ 500 ᠭᠠᠷᠦᠢ ᠰᠢᠯᠢᠳᠡᠭ ᠡᠭᠦᠯᠳᠡᠷ ᠤᠨ ᠢᠳᠡᠰᠢᠨ ᠦᠬᠡᠷ ᠢ ᠬᠤᠳᠠᠯᠳᠤᠨ ᠠᠪᠴᠤ᠂ ᠲᠠᠷᠢᠮᠠᠯ ᠢ ᠡᠮᠬᠢ ᠳᠠᠷᠠᠭᠠᠯᠠᠯ ᠲᠠᠢ ᠠᠰᠢᠭᠯᠠᠬᠤ ᠶᠢ ᠪᠡᠶᠡᠯᠡᠬᠦᠯᠦᠨ ᠲᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠠᠮᠢ ᠠᠬᠤᠢ ᠶᠢᠨ ᠡᠷᠭᠢᠯᠲᠡ ᠶᠢᠨ ᠵᠠᠭᠪᠤᠷ ᠢ ᠠᠩᠬ᠎ᠠ ᠠᠯᠬᠤᠮ ᠪᠦᠷᠢᠯᠳᠦᠭᠦᠯᠪᠡ᠃ ᠠᠵᠤ ᠦᠢᠯᠡᠰ ᠤᠨ ᠬᠡᠪᠴᠢᠶ᠎ᠡ ᠪᠠᠨ ᠦᠷᠭᠡᠳᠭᠡᠬᠦ ᠶᠢᠨ ᠲᠦᠯᠦᠭᠡ᠂ ᠵᠢᠯ ᠳᠤ 3 ᠲᠦᠮᠡᠨ ᠲᠣᠨ ᠡᠷᠳᠡᠨᠢ ᠰᠢᠰᠢ ᠬᠠᠳᠠᠭᠠᠬᠤ ᠬᠦᠮᠤᠷᠭᠡ ᠶᠢ ᠪᠠᠶᠢᠭᠤᠯᠤᠭᠰᠠᠨ ᠰᠠᠭᠤᠷᠢᠨ ᠳᠡᠭᠡᠷ᠎ᠡ 2018 ᠣᠨ ᠳᠤ ᠬᠤᠷᠰᠢᠶᠠᠵᠢᠯ ᠨᠢ ᠪᠠᠰᠠ 500 ᠲᠦᠮᠡ ᠰᠢᠬᠠᠮ ᠲᠦᠭᠦᠷᠢᠭ ᠤᠨ ᠪᠡᠯᠡ ᠣᠷᠣᠭᠤᠯᠵᠤ᠂ ᠬᠢᠲᠡᠳ ᠡᠮ ᠤᠨ ᠮᠠᠲ᠋ᠧᠷᠢᠶᠠᠯ ᠢ ᠪᠤᠯᠪᠠᠰᠤᠷᠠᠭᠤᠯᠬᠤ ᠰᠠᠭᠤᠷᠢᠨ ᠭᠠᠵᠠᠷ ᠢ ᠪᠠᠶᠢᠭᠤᠯᠵᠤ᠂ ᠴᠢᠨᠠᠭᠰᠢᠳᠠ ᠬᠢᠲᠡᠳ ᠡᠮ ᠤᠨ ᠮᠠᠲ᠋ᠧᠷᠢᠶᠠᠯ ᠢ ᠲᠠᠷᠢᠵᠤ ᠪᠣᠯᠪᠠᠰᠤᠷᠠᠭᠤᠯᠵᠤ ᠪᠤᠷᠤᠯᠠᠭᠤᠯᠬᠤ ᠠᠵᠤ ᠦᠢᠯᠡᠰ ᠤᠨ ᠨᠢᠭᠡ ᠴᠣᠭᠴᠠᠵᠢᠯᠲᠠ ᠶᠢ ᠪᠡᠶᠡᠯᠡᠭᠦᠯᠪᠡ᠃
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号