ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠳᠤᠭᠤᠶᠢᠯᠠᠩ ᠬᠤᠪᠢᠶᠠᠵᠤ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠣᠯᠢ ᠶᠢᠨ ᠪᠢᠴᠢᠭ ︵ᠲᠥᠰᠥᠯ︶︾ ᠢ ᠬᠢᠨᠠᠨ ᠵᠥᠪᠯᠡᠪᠡ ᠱᠢ ᠲᠠᠢ ᠹᠸᠡᠭ ᠪᠦ᠋ ᠰᠢᠶᠤᠤ ᠯᠢᠨ ᠯᠢ ᠰᠢᠤ ᠯᠢᠩ ᠯᠢ ᠵᠢᠢ ᠾᠸᠡᠭ ᠦᠭᠡ ᠬᠡᠯᠡᠵᠠᠢ
ᠨᠡᠶᠢᠲᠡᠯᠡᠭᠰᠡᠨ ᠴᠠᠭ᠄
2020/5/26
      5 ᠰᠠᠷ᠎ᠠ ᠶᠢᠨ 24 ᠤ ᠦᠳᠡ ᠶᠢᠨ ᠬᠤᠶᠢᠨ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠰᠠᠭᠤᠭ᠎ᠠ ᠭᠠᠵᠠᠷ ᠲᠠᠭᠠᠨ ᠳᠤᠭᠤᠶᠢᠯᠠᠩ ᠬᠤᠪᠢᠶᠠᠬᠰᠠᠨ ᠬᠤᠷᠠᠯ ᠬᠢᠵᠦ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ ︵ᠲᠦᠰᠦᠯ︶︾ ᠢ ᠬᠢᠨᠠᠨ ᠵᠦᠪᠯᠡᠪᠡ᠃       ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠤᠨ ᠲᠠᠷᠤᠭ᠎ᠠ ᠱᠢ ᠲᠠᠢ ᠹᠸᠡᠭ᠂ ᠪᠦᠯᠭᠦᠮ ᠤᠨ ᠲᠡᠳ᠋ ᠲᠠᠷᠤᠭ᠎ᠠ ᠪᠦ᠋ ᠰᠢᠶᠤᠤ ᠯᠢᠨ᠂ ᠯᠢ ᠰᠢᠤ ᠯᠢᠩ ᠦᠭᠡ ᠬᠡᠯᠡᠵᠠᠢ᠃ ᠪᠦᠯᠭᠦᠮ ᠤᠨ ᠲᠡᠳ᠋ ᠲᠠᠷᠤᠭ᠎ᠠ ᠯᠢᠤ ᠴᠢ ᠹᠠᠨ ᠳᠤᠭᠤᠶᠢᠯᠠᠩ ᠬᠤᠪᠢᠶᠠᠬᠰᠠᠨ ᠬᠤᠷᠠᠯ ᠢ ᠡᠷᠭᠢᠯᠡᠭᠦ ᠶᠢᠨ ᠬᠠᠮᠳᠤ ᠦᠭᠡ ᠬᠡᠯᠡᠵᠦ᠂ ᠪᠦᠯᠭᠦᠮ ᠤᠨ ᠲᠡᠳ᠋ ᠲᠠᠷᠤᠭ᠎ᠠ ᠸᠠᠩ ᠪᠦᠸᠧ ᠳᠤᠭᠤᠶᠢᠯᠠᠩ ᠬᠤᠪᠢᠶᠠᠬᠰᠠᠨ ᠬᠤᠷᠠᠯ ᠢ ᠡᠷᠬᠢᠯᠡᠪᠡ᠃ ᠶᠡᠭᠡ ᠬᠤᠷᠠᠯ ᠤᠨ ᠬᠠᠤᠯᠢ ᠶᠢᠨ ᠲᠦᠰᠦᠯ ᠤᠨ ᠳᠤᠭᠤᠶᠢᠯᠠᠩ ᠤᠨ ᠬᠠᠮᠢᠶ᠎ᠠ ᠪᠦᠭᠦᠢ ᠨᠦᠭᠦᠳ ᠬᠤᠷᠠᠯ ᠳᠤ ᠤᠷᠤᠯᠴᠠᠨ ᠰᠠᠨᠠᠯ ᠰᠤᠨᠤᠰᠪᠠ᠃       ᠱᠢ ᠲᠠᠢ ᠹᠸᠡᠭ᠂ ᠶᠡᠭᠡ ᠬᠤᠷᠠᠯ ᠳᠤ ᠲᠡᠪᠰᠢᠭᠦᠯᠵᠤ ᠬᠢᠨᠠᠨ ᠵᠦᠪᠯᠡᠭᠦᠯᠦᠭᠰᠡᠨ ᠢᠷᠭᠡᠨ ᠤ ᠬᠠᠤᠯᠢ ᠶᠢᠨ ᠪᠢᠴᠢᠭ ᠤᠨ ᠲᠦᠰᠦᠯ ᠨᠢ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠤᠨᠤᠯ ᠪᠤᠯᠤᠨ ᠨᠠᠮ ᠤᠨ ᠲᠦᠪ ᠬᠤᠷᠢᠶᠠᠨ ᠤ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠦᠭᠦ ᠲᠠᠯ᠎ᠠ ᠪᠠᠷ ᠳᠣᠣᠱᠯᠠᠭᠤᠯᠵᠦ᠂ ᠦᠨᠳᠤᠰᠤᠨ ᠬᠠᠤᠯᠢ ᠶᠢᠨ ᠵᠤᠷᠢᠭ ᠰᠠᠨᠠᠭ᠎ᠠ ᠶᠢ ᠭᠦᠢᠴᠡᠳ ᠢᠯᠡᠷᠡᠭᠦᠯᠵᠦ᠂ ᠲᠤᠮᠳᠠᠳᠤ ᠤᠯᠤᠰ ᠤᠨ ᠤᠨᠴᠠᠯᠢᠭ ᠲᠠᠢ᠂ ᠴᠠᠬ ᠦᠶ᠎ᠠ ᠶᠢᠨ ᠤᠨᠴᠠᠯᠢᠭ ᠢ ᠢᠯᠡᠷᠡᠭᠦᠯᠦᠭᠰᠡᠨ᠂ ᠠᠷᠠᠳ ᠲᠦᠮᠡᠨ ᠤ ᠬᠦᠰᠡᠯ ᠪᠤᠳᠤᠯ ᠢ ᠲᠤᠰᠬᠠᠬᠰᠠᠨ ᠰᠠᠶᠢᠨ ᠬᠠᠤᠯᠢ ᠶᠢᠨ ᠪᠢᠴᠢᠭ ᠪᠣᠯᠵᠠᠢ᠂ ᠪᠠᠶᠢᠭᠤᠯᠤᠯ ᠤᠨ ᠢᠳᠡᠭᠡᠯ ᠢ ᠢᠯᠡᠷᠡᠭᠦᠯᠬᠦ᠂ ᠪᠦᠭᠦ ᠤᠯᠤᠰ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠢᠶᠠᠨ ᠪᠡᠶᠡᠯᠡᠭᠦᠯᠭᠦ ᠶᠢ ᠪᠠᠳᠤᠯᠠᠬᠤ ᠰᠠᠶᠢᠨ ᠬᠠᠤᠯᠢ ᠶᠢᠨ ᠪᠢᠴᠢᠭ ᠪᠣᠯᠵᠠᠢ᠃ ᠢᠷᠭᠡᠨ ᠤ ᠬᠠᠤᠯᠢ ᠶᠢᠨ ᠪᠢᠴᠢᠭ ᠢ ᠨᠠᠶᠢᠷᠠᠭᠤᠯᠤᠨ ᠲᠤᠭᠤᠷᠪᠢᠵᠤ ᠲᠠᠭᠤᠰᠬᠠᠬᠰᠠᠨ ᠨᠢ ᠮᠠᠨ ᠤ ᠤᠯᠤᠰ ᠤᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠳᠣᠭᠳᠠᠯᠴᠠᠭ᠎ᠠ ᠪᠤᠯᠪᠠᠰᠤᠷᠠᠨ ᠲᠡᠭᠦᠯᠳᠡᠷᠵᠢᠭᠰᠡᠨ ᠤ ᠪᠡᠯᠭᠡ ᠳᠡᠮᠳᠡᠭ ᠪᠣᠯᠣᠨ᠎ᠠ᠂ ᠲᠡᠷᠡ ᠨᠢ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠳᠣᠭᠳᠠᠯᠴᠠᠭ᠎ᠠ ᠶᠢᠨ ᠪᠠᠶᠢᠭᠤᠯᠤᠯᠳᠠ ᠳᠤ ᠰᠠᠭᠤᠷᠢ ᠴᠢᠨᠠᠷᠳᠠᠢ ᠲᠦᠷᠢᠮ ᠬᠠᠨᠭ᠍ᠭᠠᠵᠦ᠂ ᠨᠡᠶᠢᠭᠡᠮ ᠵᠢᠷᠤᠮ ᠤᠨ ᠬᠠᠤᠯᠢᠵᠢᠯ ᠤᠨ ᠤᠯᠤᠰ ᠢ ᠪᠦᠳᠦᠬᠡᠨ ᠪᠠᠶᠢᠭᠤᠯᠬᠤ ᠳᠤ ᠴᠢᠬᠤᠯᠠ ᠬᠦᠰᠢᠶ᠎ᠠ ᠲᠤᠷᠠᠰᠬᠠᠯ ᠤᠨ ᠠᠴᠢ ᠬᠤᠯᠪᠤᠬᠳᠠᠯ ᠲᠠᠢ ᠶᠤᠮ᠃ ᠢᠷᠭᠡᠨ ᠤ ᠬᠠᠤᠯᠢ ᠶᠢᠨ ᠪᠢᠴᠢᠭ ᠤᠨ ᠲᠦᠰᠦᠯ ᠳᠤ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠪᠠᠷᠢᠮᠳᠠᠯᠠᠵᠦ᠂ ᠢᠷᠭᠡᠨ ᠤ ᠬᠡᠷᠡᠭ ᠤᠨ ᠡᠷᠭᠡ ᠶᠢ ᠬᠠᠮᠠᠭᠠᠯᠠᠬᠤ ᠶᠢ ᠵᠤᠷᠢᠯᠳᠠ ᠪᠠ ᠲᠤᠰᠤᠯᠳᠠ ᠪᠠᠨ ᠪᠤᠯᠭᠠᠨ᠂ ᠠᠷᠠᠳ ᠲᠦᠮᠡᠨ ᠤ ᠡᠳᠦᠷ ᠢᠷᠡᠭᠦᠶ᠎ᠠ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠳᠤᠷ ᠬᠠᠨᠭ᠍ᠭᠠᠵᠦ᠂ ᠮᠠᠨ ᠤ ᠤᠯᠤᠰ ᠤᠨ ᠢᠷᠭᠡᠨ ᠤ ᠬᠡᠷᠡᠭ ᠤᠨ ᠡᠷᠭᠡ ᠶᠢᠨ ᠬᠠᠮᠠᠭᠠᠯᠠᠯᠳᠠ ᠶᠢ ᠰᠢᠨ᠎ᠠ ᠳᠡᠭᠳᠡᠷ ᠲᠤ ᠭᠠᠷᠭᠠᠪᠠ᠃ ᠢᠷᠭᠡᠨ ᠤ ᠬᠠᠤᠯᠢ ᠶᠢᠨ ᠪᠢᠴᠢᠭ ᠤᠨ ᠲᠦᠰᠦᠯ ᠴᠠᠬ ᠦᠶ᠎ᠠ ᠶᠢᠨ ᠱᠠᠭᠠᠷᠳᠠᠯᠭ᠎ᠠ ᠶᠢ ᠠᠶᠠᠳᠠᠨ ᠲᠠᠭᠠᠵᠦ᠂ ᠨᠡᠶᠢᠭᠡᠮ ᠤᠨ ᠠᠵᠢᠯᠯᠠᠭᠠᠨ ᠤ ᠦᠨᠳᠤᠰᠤᠨ ᠵᠢᠷᠣᠮ ᠢ ᠴᠢᠨᠠᠭᠰᠢᠳᠠ ᠬᠦᠭᠵᠢᠭᠦᠯᠦᠨ ᠲᠡᠭᠦᠯᠳᠡᠷᠵᠢᠭᠦᠯᠵᠦ᠂ ᠤᠯᠤᠰ ᠤᠨ ᠵᠠᠰᠠᠯᠳᠠ ᠶᠢᠨ ᠳᠣᠭᠳᠠᠯᠴᠠᠭ᠎ᠠ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠭᠢᠴᠢᠯᠠᠯᠳᠠ ᠶᠢ ᠪᠡᠶᠡᠯᠡᠭᠦᠯᠬᠦ ᠳᠤ ᠴᠢᠬᠤᠯᠠ ᠬᠠᠤᠯᠢᠵᠢᠯ ᠤᠨ ᠪᠠᠳᠤᠯᠠᠭ᠎ᠠ ᠬᠠᠨᠭ᠍ᠭᠠᠵᠦ᠂ ᠮᠠᠨ ᠤ ᠤᠯᠤᠰ ᠤᠨ ᠪᠠᠶᠢᠭᠤᠯᠤᠯ ᠤᠨ ᠲᠠᠪᠠᠭᠤᠯᠢᠭ ᠢ ᠤᠯᠤᠰ ᠤᠨ ᠵᠠᠰᠠᠯᠳᠠ ᠶᠢᠨ ᠣᠷ᠎ᠠ ᠴᠢᠳᠠᠪᠣᠷᠢ ᠪᠤᠯᠭᠠᠨ ᠬᠤᠪᠢᠷᠠᠭᠤᠯᠬᠤ ᠳᠤ ᠴᠢᠬᠤᠯᠠ ᠠᠴᠢ ᠬᠤᠯᠪᠤᠬᠳᠠᠯ ᠲᠠᠢ ᠮᠦᠷᠳᠡᠭᠡᠨ ᠠᠯᠤᠰ ᠬᠡᠲᠦ ᠶᠢᠨ ᠨᠦᠯᠦᠭᠡ ᠲᠠᠢ ᠬᠡᠵᠤ ᠬᠡᠯᠡᠪᠡ᠃       ᠪᠦ᠋ ᠰᠢᠶᠤᠤ ᠯᠢᠨ᠂ ᠢᠷᠭᠡᠨ ᠤ ᠬᠠᠤᠯᠢ ᠶᠢᠨ ᠪᠢᠴᠢᠭ ᠤᠨ ᠲᠦᠰᠦᠯ ᠨᠢ ᠮᠠᠨ ᠤ ᠤᠯᠤᠰ ᠤᠨ ᠢᠷᠭᠡᠨ ᠤ ᠬᠠᠤᠯᠢ ᠶᠢᠨ ᠬᠦᠷᠢᠶᠠᠨ ᠳᠤ ᠤᠷᠳᠤ ᠬᠤᠭᠤᠴᠠᠭ᠎ᠠ ᠪᠠᠷ ᠣᠷᠣᠰᠢᠭᠰᠠᠭᠠᠷ ᠢᠷᠡᠭᠰᠨᠨ ᠬᠠᠤᠯᠢ ᠲᠤᠬᠳᠠᠭᠠᠯᠳᠠ ᠳᠠᠷᠠᠬᠠᠢ ᠪᠣᠳᠠᠷᠬᠠᠢ᠂ ᠴᠢᠨᠠᠭᠰᠢᠯᠠᠪᠠᠯ ᠳᠠᠩ ᠢᠶᠠᠷ ᠬᠡᠷᠡᠭᠵᠢᠭᠦᠯᠭᠦ ᠬᠠᠤᠯᠢ ᠨᠤᠭᠤᠳ ᠨᠢ ᠬᠤᠭᠤᠷᠤᠨᠳᠤ ᠪᠠᠨ ᠨᠢᠭᠡᠳᠤᠯ ᠦᠭᠡᠢ ᠪᠠᠶᠢᠭᠰᠠᠨ ᠠᠰᠠᠭᠤᠳᠠᠯ ᠢ ᠪᠦᠲᠦᠮᠵᠢᠳᠠᠢ ᠰᠢᠢᠳᠪᠤᠷᠢᠯᠡᠵᠦ᠂ ᠨᠡᠶᠢᠭᠡᠮ ᠤᠨ ᠡᠷᠭᠡ ᠲᠡᠭᠰᠢ ᠰᠢᠳᠤᠷᠭᠤ ᠶᠤᠰᠤ ᠶᠢ ᠬᠠᠮᠠᠭᠠᠯᠠᠬᠤ᠂ ᠤᠯᠤᠰ ᠤᠨ ᠵᠠᠰᠠᠯᠳᠠ ᠶᠢᠨ ᠳᠣᠭᠳᠠᠯᠴᠠᠭ᠎ᠠ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠭᠢᠴᠢᠯᠠᠯᠳᠠ ᠶᠢ ᠠᠬᠢᠭᠤᠯᠬᠤ ᠳᠤ ᠴᠢᠬᠤᠯᠠ ᠦᠢᠯᠡᠳᠤᠯ ᠦᠵᠡᠭᠦᠯᠬᠦ ᠨᠢ ᠯᠠᠪᠳᠠᠢ᠃ ᠲᠦᠰᠦᠯ ᠨᠢ ᠴᠠᠬ ᠦᠶ᠎ᠠ ᠶᠢᠨ ᠬᠦᠭᠵᠢᠯᠳᠠ ᠶᠢᠨ ᠬᠡᠷᠡᠭᠴᠡᠭᠡ ᠶᠢ ᠠᠶᠠᠳᠠᠨ ᠲᠠᠭᠠᠵᠦ᠂ ᠠᠷᠠᠳ ᠲᠦᠮᠡᠨ ᠤ ᠠᠩᠬᠠᠷᠤᠨ ᠬᠠᠯᠠᠮᠵᠢᠯᠠᠵᠦ ᠪᠠᠶᠢᠭ᠎ᠠ ᠢᠳᠡᠵᠦ ᠡᠮᠦᠰᠭᠦ ᠶᠠᠪᠤᠵᠦ ᠰᠠᠭᠤᠬᠤ ᠵᠡᠷᠭᠡ ᠠᠰᠠᠭᠤᠳᠠᠯ ᠢ ᠴᠦᠮ ᠳᠦᠷᠢᠮᠵᠢᠬᠦᠯᠦᠨ ᠪᠠᠳᠤᠯᠠᠵᠦ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠭᠦᠢᠴᠡᠳ ᠢᠯᠡᠷᠡᠭᠦᠯᠵᠦ᠂ ᠠᠷᠠᠳ ᠲᠦᠮᠡᠨ ᠤ ᠡᠷᠭᠡ ᠠᠰᠢᠭ ᠢ ᠨᠡᠩ ᠰᠠᠶᠢᠳᠤᠷ ᠬᠠᠮᠠᠭᠠᠯᠠᠨ᠂ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠵᠦ᠂ ᠬᠦᠮᠦᠨ ᠤ ᠪᠦᠭᠦ ᠲᠠᠯ᠎ᠠ ᠶᠢᠨ ᠬᠦᠭᠵᠢᠯᠳᠠ ᠶᠢ ᠠᠬᠢᠭᠤᠯᠬᠤ ᠳᠤ ᠮᠠᠰᠢ ᠴᠢᠬᠤᠯᠠ ᠠᠴᠢ ᠬᠤᠯᠪᠤᠭᠳᠠᠯ ᠲᠠᠢ ᠬᠡᠵᠤ ᠬᠡᠯᠡᠪᠡ᠃       ᠯᠢ ᠰᠢᠤ ᠯᠢᠩ᠂ ᠢᠷᠭᠡᠨ ᠤ ᠬᠠᠤᠯᠢ ᠶᠢᠨ ᠪᠢᠴᠢᠭ ᠢ ᠨᠠᠶᠢᠷᠠᠭᠤᠯᠤᠨ ᠲᠤᠭᠤᠷᠪᠢᠬᠤ ᠪᠣᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠲᠦᠷᠪᠡᠳᠦᠭᠡᠷ ᠪᠦᠭᠦᠳᠡ ᠬᠤᠷᠠᠯ ᠠᠴᠠ ᠲᠤᠷᠠᠳᠤᠬᠰᠠᠨ ᠴᠢᠬᠤᠯᠠ ᠶᠡᠭᠡ ᠬᠠᠤᠯᠢ ᠲᠤᠬᠳᠠᠭᠠᠬᠤ ᠡᠭᠦᠷᠭᠡ ᠪᠣᠯᠣᠨ᠎ᠠ᠃ ᠪᠦᠬᠦ ᠨᠠᠶᠢᠷᠠᠭᠤᠯᠤᠨ ᠲᠤᠭᠤᠷᠪᠢᠬᠤ ᠶᠠᠪᠤᠴᠠ ᠳᠤ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠡᠭᠡᠳᠤ ᠬᠡᠮᠵᠢᠶ᠎ᠡ ᠪᠠᠷ ᠴᠢᠬᠤᠯᠠᠴᠢᠯᠠᠨ ᠴᠢᠩᠭ᠎ᠠ ᠬᠦᠴᠤᠳᠠᠢ ᠤᠯᠤᠰ ᠲᠦᠷᠦ ᠶᠢᠨ ᠪᠠᠳᠤᠯᠠᠭ᠎ᠠ ᠬᠠᠨᠭ᠍ᠭᠠᠵᠦ᠂ ᠰᠢᠨᠵᠢᠯᠡᠭᠦ ᠤᠬᠠᠭᠠᠨᠴᠢ ᠪᠠᠷ ᠬᠠᠤᠯᠢ ᠲᠤᠬᠳᠠᠭᠠᠬᠤ᠂ ᠠᠷᠠᠳᠴᠢᠯᠠᠯ ᠢᠶᠠᠷ ᠬᠠᠤᠯᠢ ᠲᠤᠬᠳᠠᠭᠠᠬᠤ᠂ ᠬᠠᠤᠯᠢ ᠶᠤᠰᠤᠭᠠᠷ ᠬᠠᠤᠯᠢ ᠲᠤᠬᠳᠠᠭᠠᠬᠤ ᠵᠠᠷᠴᠢᠮ ᠢ ᠢᠯᠡᠷᠡᠭᠦᠯᠵᠦ᠂ ᠤᠳᠤ ᠦᠶ᠎ᠠ ᠶᠢᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠵᠢᠷᠤᠮᠯᠠᠯ ᠪᠤᠯᠤᠨ ᠤᠯᠠᠮᠵᠢᠯᠠᠯᠳᠤ ᠰᠢᠯᠢᠳᠡᠭ ᠬᠠᠤᠯᠢ ᠴᠠᠭᠠᠵᠠ ᠶᠢᠨ ᠰᠤᠶᠤᠯ ᠢ ᠠᠭᠤᠰᠤᠯᠴᠠᠭᠤᠯᠤᠨ᠂ ᠨᠡᠶᠢᠭᠡᠮ ᠤᠨ ᠪᠤᠯᠪᠠᠰᠤᠨ ᠤ ᠲᠠᠪᠰᠢᠯᠳᠠ ᠶᠢᠨ ᠦᠷ᠎ᠠ ᠪᠦᠲᠦᠭᠡᠯ ᠢ ᠰᠢᠩᠭᠡᠭᠡᠨ ᠠᠪᠴᠤ᠂ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢᠨ ᠱᠠᠭᠠᠷᠳᠠᠯᠭ᠎ᠠ ᠶᠢ ᠢᠯᠡᠷᠡᠭᠦᠯᠵᠠᠢ᠂ ᠲᠡᠷᠡ ᠨᠢ ᠲᠤᠮᠳᠠᠳᠤ ᠤᠯᠤᠰ ᠤᠨ ᠤᠨᠴᠠᠯᠢᠭ ᠲᠠᠢ᠂ ᠴᠠᠬ ᠦᠶ᠎ᠠ ᠶᠢᠨ ᠱᠠᠭᠠᠷᠳᠠᠯᠭ᠎ᠠ ᠳᠤ ᠵᠤᠬᠢᠴᠠᠭᠰᠠᠨ᠂ ᠣᠯᠠᠩᠬᠢ ᠠᠷᠠᠳ ᠲᠦᠮᠡᠨ ᠤ ᠬᠦᠰᠡᠯ ᠰᠠᠨᠠᠭ᠎ᠠ ᠶᠢ ᠲᠤᠰᠬᠠᠵᠠᠢ᠃ ᠪᠢ ᠡᠨᠡᠬᠦ ᠬᠠᠤᠯᠢ ᠴᠠᠭᠠᠵᠠ ᠶᠢ ᠪᠦᠷᠢᠮᠤᠰᠤᠨ ᠵᠦᠪᠰᠢᠶᠡᠷᠡᠨ᠎ᠠ ᠬᠡᠵᠤ ᠬᠡᠯᠡᠵᠠᠢ᠃       ᠯᠢ ᠵᠢᠢ ᠾᠸᠡᠭ ᠲᠦᠯᠦᠭᠡᠯᠡᠭᠴᠢ᠂ ᠢᠷᠭᠡᠨ ᠤ ᠬᠠᠤᠯᠢ ᠶᠢᠨ ᠪᠢᠴᠢᠭ ᠤᠨ ᠲᠦᠰᠦᠯ ᠳᠤ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢᠨ ᠱᠠᠭᠠᠷᠳᠠᠯᠭ᠎ᠠ ᠶᠢ ᠭᠦᠢᠴᠡᠳ ᠢᠯᠡᠷᠡᠭᠦᠯᠵᠤ᠂ ᠬᠠᠤᠯᠢ ᠪᠠᠷ ᠤᠯᠤᠰ ᠢᠶᠠᠨ ᠵᠠᠰᠠᠬᠤ ᠪᠠ ᠶᠤᠰᠤ ᠰᠤᠷᠳᠠᠬᠤᠨ ᠢᠶᠠᠷ ᠤᠯᠤᠰ ᠢᠶᠠᠨ ᠵᠠᠰᠠᠬᠤ ᠶᠢ ᠤᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠪᠠ᠃ ᠠᠷᠠᠳ ᠤᠨ ᠶᠠᠪᠤᠳᠠᠯ ᠪᠤᠯ ᠢᠷᠭᠡᠨ ᠤ ᠬᠠᠤᠯᠢ ᠶᠢᠨ ᠪᠢᠴᠢᠭ ᠤᠨ ᠳᠦᠷᠢᠮᠵᠢᠬᠦᠯᠬᠦ ᠭᠤᠤᠯᠳᠠᠯᠭ᠎ᠠ ᠲᠠᠢ ᠬᠦᠷᠢᠶ᠎ᠠ ᠪᠣᠯᠣᠨ᠎ᠠ᠂ ᠢᠷᠭᠡᠨ ᠤ ᠬᠠᠤᠯᠢ ᠶᠢᠨ ᠪᠢᠴᠢᠭ ᠢ ᠳᠣᠭᠳᠠᠭᠠᠬᠤ ᠨᠢ ᠪᠢᠳᠡᠨ ᠳᠤ ᠰᠢᠨ᠎ᠠ ᠴᠠᠬ ᠦᠶ᠎ᠠ ᠶᠢᠨ ᠠᠷᠠᠳ ᠤᠨ ᠶᠠᠪᠤᠳᠠᠯ ᠤᠨ ᠠᠵᠢᠯ ᠢ ᠴᠢᠨᠠᠭᠰᠢᠳᠠ ᠰᠠᠶᠢᠳᠤᠷ ᠬᠢᠭᠦ ᠳᠤ ᠬᠠᠤᠯᠢᠵᠢᠯ ᠤᠨ ᠴᠢᠬᠤᠯᠠ ᠪᠠᠳᠤᠯᠠᠭ᠎ᠠ ᠬᠠᠨᠭ᠍ᠭᠠᠬᠤ ᠨᠢ ᠯᠠᠪᠳᠠᠢ ᠭᠡᠵᠤ ᠬᠡᠯᠡᠪᠡ᠃       ᠯᠢᠨ ᠱᠤᠤ ᠴᠦᠨ᠂ ᠮᠠ ᠰᠢᠤᠸᠠᠢ ᠵᠢᠶᠦ᠋ᠨ᠂ ᠨᠠᠰᠤᠨᠮᠦ᠋ᠡᠭᠭᠡ᠂ ᠤᠷᠳᠤ᠂ ᠵᠠᠩ ᠵᠢᠶᠠᠨ ᠮᠢᠨ᠂ ᠢᠤᠢ ᠰᠢᠤᠢ ᠪᠦᠸᠧ᠂ ᠶᠠᠩ ᠽᠦᠡᠭ ᠷᠧᠨ᠂ ᠯᠢ ᠴᠢ ᠯᠢᠨ ᠵᠡᠷᠭᠡ ᠲᠦᠯᠦᠭᠡᠯᠡᠭᠴᠢ ᠦᠭᠡ ᠬᠡᠯᠡᠪᠡ᠃ ᠤᠯᠠᠨ ᠢᠶᠠᠷ ᠢᠶᠠᠨ᠂ ᠢᠷᠭᠡᠨ ᠤ ᠬᠠᠤᠯᠢ ᠶᠢᠨ ᠪᠢᠴᠢᠭ ᠢ ᠨᠠᠶᠢᠷᠠᠭᠤᠯᠤᠨ ᠲᠤᠭᠤᠷᠪᠢᠭᠰᠠᠨ ᠨᠢ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ ᠲᠡᠭᠦᠯᠳᠡᠷᠵᠢᠭᠦᠯᠭᠦ ᠶᠢᠨ ᠠᠬᠤᠶᠢᠴᠢ ᠬᠡᠷᠡᠭᠴᠡᠭᠡ ᠪᠣᠯᠣᠨ᠎ᠠ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠠᠭᠢᠭᠤᠯᠬᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠳᠣᠭᠳᠠᠯᠴᠠᠭ᠎ᠠ ᠶᠢ ᠲᠡᠭᠦᠯᠳᠡᠷᠵᠢᠭᠦᠯᠭᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ ᠭᠡᠵᠦ ᠦᠵᠡᠬᠦ ᠶᠢᠨ ᠬᠠᠮᠳᠣ᠂ ᠡᠨᠡ ᠣᠳᠠᠭ᠎ᠠ ᠶᠢᠨ ᠶᠡᠭᠡ ᠬᠤᠷᠠᠯ ᠠᠴᠠ ᠢᠷᠭᠡᠨ ᠤ ᠬᠠᠤᠯᠢ ᠶᠢᠨ ᠪᠢᠴᠢᠭ ᠤᠨ ᠲᠦᠰᠦᠯ ᠢ ᠬᠢᠨᠠᠨ ᠵᠦᠪᠯᠡᠵᠤ ᠪᠠᠳᠤᠯᠠᠬᠤ ᠶᠢ ᠵᠦᠪᠰᠢᠶᠡᠷᠡᠵᠦ ᠪᠠᠶᠢᠬᠤ ᠪᠠᠨ ᠢᠯᠡᠷᠬᠡᠶᠢᠯᠡᠪᠡ᠃ ᠲᠦᠯᠦᠭᠡᠯᠡᠭᠴᠢᠳ ᠪᠠᠰᠠ ᠪᠤᠳᠠᠳᠠᠢ ᠵᠠᠰᠠᠪᠣᠷᠢ ᠣᠷᠣᠭᠤᠯᠬᠤ ᠰᠠᠨᠠᠯ ᠲᠤᠷᠠᠳᠴᠠᠢ᠃
 
ᠢᠷᠡᠯᠲᠡ᠄ ᠥᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号