ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠭᠤᠷᠪᠠᠳᠤᠭᠠᠷ ᠬᠤᠷᠡᠯ ᠤᠨ ᠬᠤᠶᠠᠳᠤᠭᠠᠷ ᠪᠦᠬᠦᠳᠡ ᠬᠤᠷᠡᠯ ᠬᠤᠷᠠᠯᠳᠣᠪᠠ
ᠨᠡᠶᠢᠲᠡᠯᠡᠭᠰᠡᠨ ᠴᠠᠭ᠄
2020/5/27
      ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠭᠤᠷᠪᠠᠳᠤᠭᠠᠷ ᠬᠤᠷᠡᠯ 25 ᠤ ᠦᠳᠡ ᠶᠢᠨ ᠬᠤᠶᠢᠨ᠎ᠡ ᠠᠷᠠᠳ ᠤᠨ ᠶᠡᠭᠡ ᠬᠤᠷᠡᠯ ᠤᠨ ᠲᠠᠩᠬᠢᠮ ᠳᠤ ᠬᠤᠶᠠᠳᠤᠭᠠᠷ ᠪᠦᠬᠦᠳᠡ ᠬᠤᠷᠡᠯ ᠬᠤᠷᠠᠯᠳᠣᠵᠦ᠂ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠡᠨ ᠤ ᠠᠵᠢᠯ ᠤᠨ ᠮᠡᠳᠡᠬᠦᠯᠥᠯᠳᠡ ᠪᠤᠯᠤᠨ ᠠᠷᠠᠳ ᠤᠨ ᠲᠡᠬᠡᠳᠤ ᠰᠢᠬᠦᠬᠦ ᠬᠤᠷᠢᠶᠠᠨ ᠤ ᠠᠵᠢᠯ ᠤᠨ ᠮᠡᠳᠡᠬᠦᠯᠥᠯᠳᠡ᠂ ᠠᠷᠠᠳ ᠤᠨ ᠲᠡᠬᠡᠳᠤ ᠪᠠᠶᠢᠴᠠᠭᠠᠬᠤ ᠬᠤᠷᠢᠶᠡᠨ ᠤ ᠠᠵᠢᠯ ᠤᠨ ᠮᠡᠳᠡᠬᠦᠯᠥᠯᠳᠡ ᠶᠢ ᠰᠤᠨᠤᠰᠤᠬᠰᠡᠨ ᠪᠠ ᠬᠢᠨᠠᠨ ᠵᠦᠪᠯᠡᠵᠡᠢ᠃
     ᠰᠢ ᠶᠢᠨ ᠫᠢᠩ᠂ ᠯᠢ ᠺᠧ ᠴᠢᠶᠠᠩ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠨᠠᠷ ᠬᠤᠷᠡᠯ ᠳᠤ ᠤᠷᠤᠯᠴᠠᠪᠠ᠃      ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠡᠨ ᠤ ᠨᠠᠶᠢᠳᠠᠯᠭ᠎ᠠ ᠪᠠᠷ᠂ ᠬᠤᠷᠢᠶᠠᠨ ᠲᠠᠷᠤᠭ᠎ᠠ ᠯᠢ ᠵᠠᠨ ᠱᠦ ᠶᠡᠭᠡ ᠬᠤᠷᠡᠯ ᠳᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠡᠨ ᠤ ᠠᠵᠢᠯ ᠤᠨ ᠮᠡᠳᠡᠬᠦᠯᠥᠯᠳᠡ ᠬᠢᠪᠡ᠃ ᠲᠡᠷᠡ᠂ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠳᠡᠯᠭᠡᠷᠡᠭᠰᠡᠨ ᠠᠴᠠ ᠨᠠᠰᠢ᠂ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶ᠎ᠡ ᠨᠢ ᠨᠠᠮ ᠤᠨ ᠲᠦᠪ ᠬᠤᠷᠢᠶᠡᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠡᠷᠡᠰ ᠳᠣᠣᠱᠯᠠᠭᠤᠯᠵᠦ᠂ ᠦᠳᠳᠡᠷ ᠲᠦᠷᠬᠡᠨ ᠬᠦᠳᠡᠯᠥᠯᠴᠡᠨ ᠬᠠᠤᠯᠢ ᠶᠤᠰᠤᠭᠠᠷ ᠲᠤᠰᠢᠶᠠᠯ ᠢᠶᠠᠨ ᠬᠦᠢᠴᠡᠳᠬᠡᠵᠥ᠂ ᠬᠡᠬᠡᠷ᠎ᠡ ᠶᠢᠨ ᠠᠮᠢᠳᠠᠨ ᠢ ᠬᠠᠤᠯᠢ ᠪᠤᠰᠤ ᠪᠠᠷ ᠠᠷᠠᠯᠵᠢᠶᠠᠯᠠᠬᠤ ᠪᠠ ᠢᠳᠡᠬᠡᠨ ᠳᠤ ᠬᠡᠷᠡᠭᠯᠡᠬᠦ ᠶᠢ ᠪᠦᠬᠦ ᠲᠡᠯ᠎ᠡ ᠪᠠᠷ ᠴᠠᠭᠠᠵᠠᠯᠠᠬᠤ ᠲᠤᠬᠠᠢ ᠲᠤᠭᠳᠠᠭᠠᠯ ᠭᠠᠷᠭᠠᠨ᠂ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠬᠠᠤᠯᠢᠵᠢᠯ ᠤᠨ ᠪᠠᠳᠤᠯᠠᠭ᠎ᠠ ᠶᠢᠨ ᠳᠣᠭᠳᠠᠯᠴᠠᠭ᠎ᠠ ᠶᠢ ᠴᠢᠩᠭᠠᠳᠬᠠᠬᠤ ᠳᠣᠬᠠᠢ ᠬᠠᠤᠯᠢ ᠲᠤᠭᠳᠠᠭᠠᠬᠤ ᠪᠠ ᠬᠠᠤᠯᠢ ᠳᠤ ᠵᠠᠰᠠᠪᠤᠷᠢ ᠤᠷᠤᠭᠤᠯᠬᠤ ᠠᠵᠢᠯ ᠢ ᠪᠠᠶᠢᠷᠢᠯᠠᠭᠤᠯᠤᠨ ᠡᠬᠢᠯᠡᠬᠦᠯᠵᠥ᠂ ᠰᠠᠨᠠᠭᠠᠴᠢᠯᠠᠭ᠎ᠠ ᠠᠴᠠ ᠪᠠᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠠᠤᠯᠢ ᠴᠠᠭᠠᠵᠠ ᠶᠢ ᠤᠬᠠᠭᠤᠯᠤᠨ ᠲᠠᠶᠢᠯᠪᠤᠷᠢᠯᠠᠵᠥ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠥ ᠠᠬᠤᠢ ᠨᠡᠶᠢᠬᠡᠮ ᠤᠨ ᠬᠦᠭᠵᠢᠯᠳᠡ ᠳᠤ ᠬᠠᠤᠯᠢ ᠴᠠᠭᠠᠵᠠ ᠶᠢᠨ ᠲᠡᠮᠵᠢᠯᠬᠡ ᠬᠠᠩᠭᠠᠭᠰᠠᠠ ᠪᠠᠶᠢᠨ᠎ᠠ ᠬᠡᠪᠡ᠃
      ᠯᠢ ᠵᠠᠨ ᠱᠦ ᠮᠡᠳᠡᠬᠦᠯᠥᠯᠳᠡ ᠳᠡᠭᠡᠨ ᠨᠢᠬᠡ ᠵᠢᠯ ᠭᠠᠷᠤᠢ ᠶᠢᠨ ᠲᠤᠷᠰᠢᠬᠢ ᠪᠠᠶᠢᠩᠭᠤ ᠶᠢᠨ ᠬᠤᠷᠢᠶᠡᠨ ᠤ ᠠᠵᠢᠯ ᠤᠨ ᠪᠠᠶᠢᠳᠠᠯ ᠢ ᠳ᠋ᠦᠩᠨᠡᠵᠠᠢ᠄ 48 ᠵᠦᠢᠯ ᠤᠨ ᠬᠠᠤᠯᠢ ᠶᠢᠨ ᠲᠦᠰᠦᠯ᠂ ᠲᠤᠭᠳᠠᠭᠠᠯ ᠤᠨ ᠲᠦᠰᠦᠯ ᠢ ᠬᠢᠨᠡᠨ ᠵᠦᠪᠯᠡᠵᠥ᠂ 34 ᠵᠦᠢᠯ ᠢ ᠨᠢ ᠪᠠᠳᠤᠯᠠᠪᠠ︔ 39 ᠮᠡᠳᠡᠬᠦᠯᠥᠯᠳᠡ ᠶᠢ ᠰᠣᠨᠣᠰᠣᠨ ᠬᠢᠨᠠᠨ ᠵᠦᠪᠯᠡᠵᠥ᠂ 6 ᠬᠠᠤᠯᠢ ᠴᠠᠭᠠᠵᠠ ᠶᠢ ᠬᠡᠷᠡᠭᠵᠢᠬᠦᠯᠥᠭᠰᠡᠡ ᠪᠠᠶᠢᠳᠠᠯ ᠢ ᠪᠠᠶᠢᠴᠠᠭᠠᠵᠥ᠂ 3 ᠤᠳᠠᠭ᠎ᠠ ᠶᠢᠨ ᠲᠤᠰᠬᠠᠢ ᠰᠡᠳᠤᠪᠳᠤ ᠯᠠᠪᠯᠠᠭ᠎ᠠ᠂ 7 ᠵᠦᠢᠯ ᠤᠨ ᠲᠤᠰᠬᠠᠢ ᠰᠡᠳᠤᠪᠳᠤ ᠪᠠᠶᠢᠴᠠᠭᠠᠨ ᠰᠤᠳᠤᠯᠤᠯᠳᠡ ᠦᠷᠨᠢᠬᠦᠯᠤᠨ᠂ 1 ᠵᠦᠢᠯ ᠤᠨ ᠰᠢᠢᠳᠪᠤᠷᠢ ᠭᠠᠷᠭᠠᠪᠠ︔ 5 ᠬᠤᠶᠠᠷ ᠲᠠᠯ᠎ᠠ ᠶᠢᠨ ᠬᠡᠷ᠎ᠡ ᠶᠢ ᠵᠦᠪᠰᠢᠶᠡᠷᠡᠬᠦ ᠪᠠᠷ ᠲᠤᠭᠳᠠᠪᠠ︔ 282 ᠬᠦᠮᠥᠨ ᠤᠳᠠᠭ᠎ᠠ ᠶᠢᠨ ᠲᠦᠷᠦ ᠶᠢᠨ ᠪᠠᠶᠢᠭᠤᠯᠣᠯᠭ᠎ᠠ ᠶᠢᠨ ᠠᠵᠢᠯᠳᠠᠨ ᠢ ᠬᠠᠤᠯᠢ ᠶᠤᠰᠤᠭᠠᠷ ᠲᠤᠰᠢᠶᠠᠯ ᠳᠤ ᠲᠤᠮᠢᠯᠠᠬᠤ ᠪᠤᠶᠤ ᠲᠤᠰᠢᠶᠠᠯ ᠠᠴᠠ ᠨᠢ ᠪᠠᠭᠤᠯᠭᠠᠵᠦ᠂ ᠡᠯ᠎ᠡ ᠳᠦᠷᠦᠯ ᠤᠨ ᠠᠵᠢᠯ ᠳᠤ ᠰᠢᠨ᠎ᠡ ᠠᠬᠢᠴᠠ ᠲᠠᠢ ᠪᠤᠯᠵᠥ ᠰᠢᠨ᠎ᠡ ᠠᠮᠵᠢᠯᠳᠡ ᠪᠦᠳᠦᠮᠵᠢ ᠤᠯᠤᠬᠰᠠᠠ ᠪᠠᠶᠢᠨ᠎ᠠ᠃ ᠨᠢᠭᠡ ᠳᠤ ᠦᠨᠳᠦᠰᠦᠨ ᠬᠠᠤᠯᠢ ᠶᠢ ᠲᠦᠷᠦ ᠶᠢ ᠵᠠᠰᠠᠵᠤ ᠵᠠᠰᠠᠭ ᠢ ᠡᠷᠬᠢᠯᠡᠬᠦ ᠡᠯ᠎ᠡ ᠲᠠᠯ᠎ᠠ ᠳᠤ ᠪᠦᠬᠦ ᠲᠠᠯ᠎ᠠ ᠪᠠᠷ ᠬᠡᠷᠡᠭᠵᠢᠭᠦᠯᠬᠦ ᠶᠢ ᠦᠨᠡᠨᠬᠦ ᠪᠠᠲᠤᠯᠠᠪᠠ᠃ ᠤᠯᠤᠰ ᠤᠨ ᠭᠠᠪᠢᠶᠠᠨ ᠲᠡᠮᠳᠡᠭ ᠪᠠ ᠤᠯᠤᠰ ᠤᠨ ᠢᠷᠠᠭᠤ ᠠᠯᠳᠠᠷ ᠤᠨ ᠴᠣᠯᠠ ᠣᠯᠭᠤᠬᠤ ᠲᠤᠬᠠᠶ ᠲᠣᠭᠲᠠᠭᠠᠯ᠂ ᠡᠷᠡᠭᠦᠦ ᠰᠢᠳᠬᠡᠯ ᠭᠦᠢᠴᠡᠳᠬᠡᠵᠦ ᠪᠠᠶᠢᠭ᠎ᠠ ᠬᠡᠰᠡᠭ ᠶᠠᠯᠠᠲᠠᠨ ᠳᠤ ᠣᠨᠴᠠ ᠠᠭᠤᠴᠢᠯᠠᠯ ᠦᠵᠡᠭᠦᠯᠬᠦ ᠲᠤᠬᠠᠢ ᠲᠣᠭᠲᠠᠭᠠᠯ ᠭᠠᠷᠭᠠᠵᠤ᠂ ︽ᠰᠢᠶᠠᠩᠭᠠᠩ ᠣᠨᠴᠠᠭᠠᠶ ᠵᠠᠰᠠᠭ ᠵᠠᠬᠢᠷᠭᠠᠨ ᠤ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠲᠦᠷᠢᠮ ᠪᠠ ᠬᠡᠷᠡᠭᠵᠢᠬᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠲᠠᠭᠠᠯ ︵ᠲᠥᠰᠦᠯ︶︾ ᠢ ᠰᠤᠳᠤᠯᠤᠨ ᠲᠤᠭᠤᠷᠪᠢᠨ ᠲᠣᠭᠲᠠᠭᠠᠬᠰᠠᠨ ᠪᠥᠭᠡᠳ ᠬᠢᠨᠠᠨ ᠶᠠᠷᠢᠯᠴᠠᠵᠠᠢ᠃ ᠬᠤᠶᠠᠷ ᠲᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠳᠣᠭᠳᠠᠯᠴᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠬᠠᠮᠵᠢᠯᠴᠠᠬᠰᠠᠨ ᠪᠤᠶᠤ ᠲᠡᠭᠦᠨ ᠢ ᠠᠬᠢᠭᠤᠯᠵᠤ᠂ ᠴᠢᠬᠤᠯᠠ ᠶᠡᠭᠡ ᠥᠭᠡᠷᠡᠴᠢᠯᠡᠯᠲᠡ ᠶᠢ ᠬᠠᠤᠯᠢ ᠶᠢᠨ ᠦᠨᠳᠦᠰᠦᠯᠡᠯ ᠲᠠᠢ ᠪᠠᠶᠢᠯᠭᠠᠬᠤ ᠶᠢ ᠦᠨᠡᠨᠬᠦ ᠪᠠᠲᠤᠯᠠᠪᠠ︔ ᠴᠢᠨᠠᠷ ᠰᠠᠶᠢᠲᠠᠢ ᠬᠠᠤᠯᠢ ᠶᠢ ᠲᠣᠭᠲᠠᠭᠠᠬᠤ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠡ︔ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠠᠤᠯᠢ ᠲᠣᠭᠲᠠᠭᠠᠯᠲᠠ ᠶᠢ ᠲᠦᠷᠭᠡᠳᠬᠡᠪᠡ︔ ᠬᠢᠨᠠᠨ ᠪᠠᠶᠢᠴᠠᠭᠠᠬᠤ᠂ ᠬᠠᠤᠯᠢ ᠪᠠᠷᠢᠬᠤ᠂ ᠨᠡᠶᠢᠭᠡᠮ ᠤᠨ ᠵᠠᠰᠠᠯᠲᠠ᠂ ᠤᠯᠤᠰ ᠤᠨ ᠠᠮᠤᠷ ᠲᠦᠪᠰᠢᠨ ᠵᠡᠷᠭᠡ ᠬᠦᠷᠢᠶᠡᠨ ᠳᠠᠬᠢ ᠬᠠᠤᠯᠢ ᠲᠣᠭᠲᠠᠭᠠᠯᠲᠠ ᠶᠢ ᠴᠢᠩᠭᠠᠳᠬᠠᠵᠠᠢ᠃ ᠭᠤᠷᠪᠠ ᠳᠤ ᠬᠠᠤᠯᠢ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠣᠰᠣᠭᠠᠷ ᠴᠢᠬᠤᠯᠠ ᠶᠡᠭᠡ ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠶᠢᠨ ᠲᠣᠭᠤᠷᠢᠨ ᠳᠤ ᠬᠢᠨᠠᠯᠲᠠ ᠲᠠᠯᠪᠢᠬᠤ ᠠᠵᠢᠯ ᠢ ᠠᠬᠢᠭᠤᠯᠪᠠ᠃ ᠵᠠᠰᠠᠭ ᠵᠠᠬᠢᠷᠭᠠᠨ ᠤ ᠡᠷᠬᠡ᠂ ᠬᠢᠨᠠᠨ ᠪᠠᠶᠢᠴᠠᠭᠠᠬᠤ ᠡᠷᠬᠡ᠂ ᠰᠢᠭᠦᠨ ᠲᠠᠰᠤᠯᠬᠤ ᠡᠷᠬᠡ᠂ ᠪᠠᠶᠢᠴᠠᠭᠠᠬᠤ ᠡᠷᠬᠡ ᠶᠢ ᠬᠠᠤᠯᠢ ᠶᠣᠰᠣᠭᠠᠷ ᠵᠥᠪ ᠬᠡᠷᠡᠭᠵᠢᠭᠦᠯᠵᠦ᠂ ᠠᠷᠠᠳ ᠣᠯᠠᠨ ᠤ ᠰᠠᠨᠠᠭᠠᠰᠢᠷᠠᠵᠥ ᠪᠠᠶᠢᠭ᠎ᠠ ᠪᠠᠴᠢᠮ ᠶᠠᠪᠤᠳᠠᠯ ᠪᠤᠯᠤᠨ ᠬᠦᠴᠢᠷ ᠠᠰᠠᠭᠤᠳᠠᠯ ᠢ ᠠᠩᠬᠠᠷᠴᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠠᠷᠠᠳ ᠲᠦᠮᠡᠨ ᠳᠤ ᠨᠡᠩ ᠤᠯᠠᠨ ᠨᠡᠩ ᠡᠷᠬᠡ ᠲᠡᠭᠰᠢ ᠬᠦᠷᠲᠡᠭᠡᠨ᠂ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠥᠭᠡᠷᠡᠴᠢᠯᠡᠯᠲᠡ᠂ ᠰᠢᠪᠲᠤᠯᠤᠯᠳᠠ ᠶᠢᠨ ᠡᠭᠦᠷᠭᠡ ᠳᠤ ᠨᠡᠩ ᠰᠠᠶᠢᠨ ᠢᠶᠠᠷ ᠬᠦᠴᠦᠨ ᠨᠡᠮᠡᠷᠢᠯᠡᠵᠠᠢ᠃ ᠲᠦᠷᠪᠡ ᠳᠤ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠳᠡᠮᠵᠢᠬᠦ ᠪᠠ ᠲᠡᠭᠦᠨ ᠳᠤ ᠦᠢᠯᠡᠴᠢᠯᠡᠬᠦ ᠠᠵᠢᠯ ᠤᠨ ᠲᠦᠷᠢᠮ ᠲᠣᠭᠲᠠᠴᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ 35 ᠵᠤᠷᠪᠤᠰ ᠪᠣᠳᠠᠲᠠᠶ ᠠᠷᠭ᠎ᠠ ᠬᠡᠮᠵᠢᠶ᠎ᠡ ᠲᠣᠭᠲᠠᠭᠠᠵᠤ᠂ ᠲᠥᠯᠥᠭᠡᠯᠡᠭᠴᠢᠳ ᠤᠨ ᠰᠠᠨᠠᠯ ᠵᠥᠪᠯᠡᠯᠭᠡ ᠪᠣᠯᠤᠨ ᠰᠠᠨᠠᠭᠤᠯᠭ᠎ᠠ ᠶᠢ ᠨᠠᠷᠢᠨ ᠬᠢᠨᠠᠮᠠᠭᠠᠶ ᠰᠢᠢᠳᠪᠦᠷᠢᠯᠡᠵᠦ᠂ ᠲᠥᠯᠥᠭᠡᠯᠡᠭᠴᠢᠳ ᠤᠨ ᠬᠠᠤᠯᠢ ᠲᠣᠭᠲᠠᠭᠠᠬᠤ ᠠᠵᠢᠯ ᠳᠠᠬᠢ ᠦᠢᠯᠡᠳᠦᠯ ᠢ ᠪᠠᠳᠠᠷᠠᠭᠤᠯᠤᠨ᠂ ᠪᠠᠶᠢᠩᠭᠤ ᠶᠢᠨ ᠬᠤᠷᠢᠶ᠎ᠠ ᠪᠣᠯᠤᠨ ᠲᠥᠯᠥᠭᠡᠯᠡᠭᠴᠢᠳ ᠤᠨ ᠬᠠᠷᠢᠯᠴᠠᠭ᠎ᠠ ᠶᠢ ᠴᠢᠩᠭᠠᠳᠬᠠᠵᠤ᠂ ᠲᠥᠯᠥᠭᠡᠯᠡᠭᠴᠢᠳ ᠪᠣᠯᠤᠨ ᠠᠷᠠᠳ ᠣᠯᠠᠨ ᠤ ᠬᠤᠭᠤᠷᠣᠨᠳᠣᠬᠢ ᠬᠠᠷᠢᠯᠴᠠᠭ᠎ᠠ ᠶᠢ ᠨᠢᠭᠲᠠᠷᠠᠭᠤᠯᠤᠨ᠂ ᠲᠥᠯᠥᠭᠡᠯᠡᠭᠴᠢᠳ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠤᠨ ᠲᠦᠪᠰᠢᠨ ᠢ ᠳᠡᠭᠡᠭᠰᠢᠯᠡᠭᠦᠯᠵᠠᠢ᠃ ᠲᠠᠪᠤ ᠳᠤ ᠨᠠᠮ ᠪᠠ ᠤᠯᠤᠰ ᠤᠨ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠳᠤ ᠦᠢᠯᠡᠴᠢᠯᠡᠬᠦ ᠲᠣᠭᠤᠷᠢᠨ ᠳᠤ ᠭᠠᠳᠠᠭᠠᠳᠤ ᠬᠠᠷᠢᠯᠴᠠᠭᠠᠨ ᠤ ᠠᠵᠢᠯ ᠢ ᠥᠷᠨᠢᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠬᠠᠷᠢᠯᠴᠠᠭᠠᠨ ᠤ ᠠᠵᠢᠯ ᠤᠨ ᠰᠠᠨᠠᠭᠠᠴᠢᠯᠠᠭᠠᠲᠤ ᠴᠢᠨᠠᠷ᠂ ᠴᠢᠭᠯᠡᠯᠳᠦ ᠴᠢᠨᠠᠷ᠂ ᠨᠢᠭᠡᠳᠦᠯᠲᠡᠶ ᠲᠥᠯᠥᠪᠵᠢᠬᠦᠯᠬᠦ ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠠᠢ᠃ ᠵᠢᠷᠭᠤᠭ᠎ᠠ ᠳᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢ ᠤᠷᠭᠠᠨᠢᠭ ᠢᠶᠠᠷ ᠤᠶᠠᠯᠳᠤᠭᠤᠯᠬᠤ ᠳᠤᠭᠤᠷᠢᠨ ᠳᠤ ᠳᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠪᠠ᠃      ᠯᠢ ᠵᠠᠨ ᠱᠤ᠋᠂ ᠪᠠᠶᠢᠩᠭᠤ ᠶᠢᠨ ᠬᠤᠷᠢᠶᠠᠨ ᠤ ᠠᠵᠢᠯ ᠳᠤ ᠪᠠᠰᠠ ᠡᠳᠦᠢ ᠲᠡᠳᠦᠢ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ᠃ ᠪᠢᠳᠡ ᠲᠥᠯᠥᠭᠡᠯᠡᠭᠴᠢᠳ ᠪᠣᠯᠤᠨ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠳᠠᠷᠤᠤ ᠬᠢᠴᠢᠶᠡᠩᠭᠦᠶ ᠪᠠᠷ ᠰᠣᠨᠣᠰᠴᠤ᠂ ᠡᠯ᠎ᠡ ᠳᠦᠷᠦᠯ ᠤᠨ ᠠᠵᠢᠯ ᠢᠶᠠᠨ ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠤᠨ᠎ᠠ ᠬᠡᠪᠡ᠃      ᠯᠢ ᠵᠠᠨ ᠱᠦ ᠮᠡᠳᠡᠬᠦᠯᠥᠯᠳᠡ ᠳᠡᠭᠡᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠦᠷᠢᠮ ᠪᠤᠯ ᠤᠯᠤᠰ ᠤᠨ ᠵᠠᠰᠠᠯᠳᠠ ᠶᠢᠨ ᠳᠣᠭᠳᠠᠯᠴᠠᠭ᠎ᠠ ᠪᠤᠯᠤᠨ ᠵᠠᠰᠠᠯᠳᠠ ᠶᠢᠨ ᠴᠢᠳᠠᠪᠤᠷᠢ ᠶᠢ ᠲᠤᠯᠭᠠᠭᠤᠷᠢᠯᠠᠬᠤ ᠦᠨᠳᠦᠰᠦᠨ ᠤᠯᠤᠰ ᠲᠦᠷᠦ ᠶᠢᠨ ᠪᠠᠶᠢᠭᠤᠯᠤᠯ ᠪᠤᠯᠤᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠢᠮᠠᠭᠳᠠ ᠪᠠᠷᠢᠮᠳᠠᠯᠠᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠦᠷᠢᠮ ᠤᠨ ᠦᠢᠯᠡᠳᠦᠯᠭᠡ ᠶᠢᠨ ᠤᠨᠴᠠᠯᠢᠭ᠂ ᠴᠠᠭ ᠦᠶ᠎ᠠ ᠶᠢᠨ ᠤᠨᠴᠠᠯᠢᠭ ᠢ ᠲᠠᠰᠤᠷᠠᠯᠳᠠ ᠦᠭᠡᠢ ᠪᠠᠶᠠᠯᠢᠭᠵᠢᠭᠤᠯᠵᠤ᠂ ᠪᠠᠶᠢᠭᠤᠯᠤᠯ ᠤᠨ ᠳᠠᠪᠠᠭᠤᠯᠢᠭ ᠢ ᠤᠯᠤᠰ ᠤᠨ ᠵᠠᠰᠠᠯᠳᠠ ᠶᠢᠨ ᠦᠷ᠎ᠠ ᠪᠦᠲᠦᠮᠵᠢ ᠪᠤᠯᠭᠠᠨ ᠬᠤᠪᠢᠷᠠᠭᠤᠯᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠦᠷᠢᠮ ᠢᠶᠠᠷ ᠳᠠᠮᠵᠢᠨ ᠤᠯᠤᠰ ᠪᠠ ᠦᠨᠳᠦᠰᠦᠳᠡᠨ ᠤ ᠬᠤᠪᠢ ᠵᠠᠶᠠᠭ᠎ᠠ ᠶᠢ ᠠᠷᠠᠳ ᠲᠦᠮᠡᠨ ᠤ ᠭᠠᠷ ᠲᠤ ᠴᠢᠩᠭ᠎ᠠ ᠡᠵᠡᠮᠰᠢᠭᠦᠯᠬᠦ ᠬᠡᠷᠡᠭᠳᠠᠢ ᠭᠡᠵᠤ ᠴᠢᠬᠤᠯᠠᠴᠢᠯᠠᠪᠠ᠃      ᠯᠢ ᠵᠠᠨ ᠱᠦ᠂ 2020 ᠤᠨ ᠳᠤ ᠮᠠᠨ ᠤ ᠨᠠᠮ ᠠᠷᠠᠳ ᠲᠦᠮᠡᠨ ᠢ ᠳᠠᠭᠠᠭᠤᠯᠤᠨ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠳᠠ ᠶᠢ ᠪᠡᠶᠡᠯᠡᠭᠦᠯᠬᠦ ᠪᠤᠯᠤᠨ᠎ᠠ᠃ ᠪᠠᠶᠢᠩᠭᠤ ᠶᠢᠨ ᠬᠤᠷᠢᠶ᠎ᠠ ᠨᠢ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ ᠪᠦᠭᠦᠳᠠ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠳᠣᠣᠱᠯᠠᠭᠤᠯᠵᠦ᠂ ︽ᠳᠦᠷᠪᠡᠨ ᠤᠬᠠᠮᠰᠠᠷ︾ ᠢᠶᠠᠨ ᠴᠢᠩᠭᠠᠳᠬᠠᠨ ︽ᠳᠦᠷᠪᠡᠨ ᠢᠳᠡᠭᠡᠯ︾ ᠢᠶᠠᠨ ᠪᠠᠳᠤᠳᠬᠠᠵᠤ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ᠂ ᠠᠷᠠᠳ ᠲᠦᠮᠡᠨ ᠡᠷᠬᠡ ᠮᠡᠳᠡᠵᠤ ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢ ᠤᠷᠭᠠᠨᠢᠭ ᠢᠶᠠᠷ ᠤᠶᠠᠯᠳᠤᠭᠤᠯᠵᠤ᠂ ᠤᠯᠤᠰ ᠤᠨ ᠵᠠᠰᠠᠯᠳᠠ ᠶᠢᠨ ᠳᠣᠭᠳᠠᠯᠴᠠᠭ᠎ᠠ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠪᠠᠷ ᠭᠤᠤᠯᠳᠠᠭᠤᠯᠤᠨ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠶᠢ ᠨᠢᠭᠡᠳᠦᠯᠳᠠᠢ ᠲᠦᠯᠦᠪᠵᠢᠭᠦᠯᠦᠨ ᠠᠬᠢᠭᠤᠯᠬᠤ᠂ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠬᠤ ᠪᠠᠷ ᠭᠤᠤᠯᠳᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠶᠢᠨ ᠰᠢᠢᠳᠪᠦᠷᠢᠳᠤ ᠢᠯᠠᠯᠳᠠ ᠶᠢ ᠤᠯᠬᠤ ᠬᠠᠷᠠᠯᠳᠠ ᠡᠭᠦᠷᠭᠡ ᠶᠢ ᠪᠡᠶᠡᠯᠡᠭᠦᠯᠬᠦ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠᠷ ᠭᠤᠤᠯᠳᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠠᠵᠢᠯ ᠢ ᠨᠢᠭᠡᠳᠦᠯᠳᠠᠢ ᠲᠦᠯᠦᠪᠵᠢᠭᠦᠯᠦᠨ ᠠᠬᠢᠭᠤᠯᠵᠤ᠂ ᠲᠤᠭᠳᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠲᠠᠰᠤᠷᠠᠯᠳᠠ ᠦᠭᠡᠢ ᠰᠢᠨ᠎ᠠ ᠠᠮᠵᠢᠯᠳᠠ ᠰᠢᠨ᠎ᠠ ᠠᠬᠢᠴᠠ ᠲᠠᠢ ᠪᠤᠯᠬᠤ ᠶᠢ ᠠᠬᠢᠭᠤᠯᠤᠨ᠎ᠠ ᠭᠡᠪᠡ᠃      ᠯᠢ ᠵᠠᠨ ᠱᠦ ᠬᠤᠶᠢᠰᠢᠳᠠ ᠶᠢᠨ ᠨᠢᠭᠡ ᠬᠤᠭᠤᠴᠠᠭᠠᠨ ᠤ ᠠᠵᠢᠯ ᠤᠨ ᠭᠤᠤᠯ ᠡᠭᠦᠷᠭᠡ ᠶᠢᠨ ᠲᠤᠬᠠᠢ ᠵᠢᠷᠭᠤᠭᠠᠨ ᠲᠠᠯ᠎ᠠ ᠪᠠᠷ ᠶᠠᠷᠢᠪᠠ᠄ ᠦᠨᠳᠦᠰᠦᠨ ᠬᠠᠤᠯᠢ ᠶᠢ ᠪᠦᠬᠦ ᠲᠠᠯ᠎ᠠ ᠪᠠᠷ ᠬᠡᠷᠡᠭᠵᠢᠭᠦᠯᠬᠦ ᠶᠢ ᠪᠠᠳᠤᠯᠠᠨ᠎ᠠ︔ ᠴᠢᠬᠤᠯᠠ ᠬᠦᠷᠢᠶᠡᠨ ᠤ ᠬᠠᠤᠯᠢ ᠲᠤᠭᠳᠠᠭᠠᠬᠤ ᠠᠵᠢᠯ ᠢ ᠴᠢᠩᠭᠠᠳᠬᠠᠨ᠎ᠠ︔ ᠬᠢᠨᠠᠯᠳᠠ ᠲᠠᠯᠪᠢᠬᠤ ᠠᠵᠢᠯ ᠢ ᠬᠠᠤᠯᠢ ᠶᠤᠰᠤᠭᠠᠷ ᠰᠠᠶᠢᠳᠤᠷ ᠬᠢᠨ᠎ᠠ︔ ᠲᠦᠯᠦᠭᠡᠯᠡᠭᠴᠢᠳ ᠤᠨ ᠬᠠᠤᠯᠢ ᠶᠤᠰᠤᠭᠠᠷ ᠲᠤᠰᠢᠶᠠᠯ ᠢᠶᠠᠨ ᠭᠦᠢᠴᠡᠳᠭᠡᠬᠦ ᠶᠢ ᠳᠡᠮᠵᠢᠨ᠎ᠠ︔ ᠭᠠᠳᠠᠭᠠᠳᠤ ᠶᠠᠪᠤᠯᠴᠠᠭ᠎ᠠ ᠶᠢ ᠢᠳᠡᠪᠬᠢᠳᠠᠢ ᠦᠷᠨᠢᠭᠦᠯᠦᠨ᠎ᠠ︔ ᠪᠠᠶᠢᠩᠭᠤ ᠶᠢᠨ ᠬᠤᠷᠢᠶᠠᠨ ᠤ ᠲᠤᠰ ᠪᠡᠶ᠎ᠠ ᠶᠢᠨ ᠪᠠᠶᠢᠭᠤᠯᠤᠯᠳᠠ ᠶᠢ ᠴᠢᠩᠭᠠᠳᠬᠠᠨ᠎ᠠ᠃     ᠠᠷᠠᠳ ᠤᠨ ᠳᠡᠭᠡᠳᠤ ᠰᠢᠭᠦᠬᠦ ᠬᠤᠷᠢᠶᠠᠨ ᠤ ᠳᠠᠷᠤᠭ᠎ᠠ ᠵᠸᠤ ᠴᠢᠶᠠᠩ ᠠᠷᠠᠳ ᠤᠨ ᠳᠡᠭᠡᠳᠤ ᠰᠢᠭᠦᠬᠦ ᠬᠤᠷᠢᠶᠠᠨ ᠤ ᠡᠮᠦᠨ᠎ᠠ ᠠᠴᠠ ᠠᠵᠢᠯ ᠤᠨ ᠮᠡᠳᠡᠭᠦᠯᠦᠯᠳᠡ ᠬᠢᠬᠦ ᠳᠡᠭᠡᠨ᠂ 2019 ᠤᠨ ᠳᠤ᠂ ᠠᠷᠠᠳ ᠤᠨ ᠳᠡᠭᠡᠳᠤ ᠰᠢᠭᠦᠬᠦ ᠬᠤᠷᠢᠶ᠎ᠠ ᠨᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ︽ᠴᠢᠷᠮᠠᠶᠢᠵᠤ ᠪᠠᠶᠢᠭᠠᠳ ᠬᠠᠤᠯᠢ ᠴᠠᠭᠠᠵᠠ ᠶᠢᠨ ᠬᠡᠷᠡᠭ ᠪᠤᠯᠭᠠᠨ ᠠᠴᠠ ᠠᠷᠠᠳ ᠤᠯᠠᠨ ᠳᠤ ᠲᠦᠪ ᠭᠤᠤᠯᠴᠢ ᠰᠢᠳᠤᠷᠭᠤ ᠶᠤᠰᠤ ᠶᠢ ᠮᠡᠳᠡᠷᠡᠭᠦᠯᠬᠦ︾ ᠬᠠᠷᠠᠯᠳᠠ ᠪᠠᠷ ᠭᠤᠤᠯᠳᠠᠭᠤᠯᠵᠤ᠂ ᠶᠡᠭᠡ ᠲᠠᠯ᠎ᠠ ᠳᠤ ᠦᠢᠯᠡᠴᠢᠯᠡᠬᠦ᠂ ᠠᠷᠠᠳ ᠤᠨ ᠲᠦᠯᠦᠭᠡ ᠬᠠᠤᠯᠢ ᠪᠠᠷᠢᠬᠤ᠂ ᠲᠦᠪ ᠭᠤᠤᠯᠴᠢ ᠪᠠᠷ ᠬᠠᠤᠯᠢ ᠪᠠᠷᠢᠬᠤ ᠶᠢ ᠪᠠᠷᠢᠮᠳᠠᠯᠠᠪᠠ᠃ ᠠᠷᠠᠳ ᠤᠨ ᠳᠡᠭᠡᠳᠤ ᠰᠢᠬᠦᠬᠦ ᠬᠤᠷᠢᠶ᠎ᠠ 3.4 ᠲᠦᠮᠡᠨ ᠬᠡᠷᠡᠭ ᠢ ᠰᠢᠭᠦᠨ ᠲᠠᠰᠤᠯᠵᠤ᠂ ᠤᠷᠤᠨ ᠨᠤᠲᠤᠭ ᠤᠨ ᠡᠯ᠎ᠠ ᠱᠠᠳᠤᠨ ᠤ ᠰᠢᠭᠦᠬᠦ ᠬᠤᠷᠢᠶ᠎ᠠ 2902.2 ᠲᠦᠮᠡᠨ ᠬᠡᠷᠡᠭ ᠢ ᠰᠢᠭᠦᠨ ᠲᠠᠰᠤᠯᠵᠤ ᠭᠦᠢᠴᠡᠳᠭᠡᠪᠡ ᠭᠡᠵᠠᠢ᠃
     ᠵᠸᠤ ᠴᠢᠶᠠᠩ ᠨᠠᠢᠮᠠᠠ ᠲᠠᠯ᠎ᠠ ᠪᠠᠷ 2019 ᠤᠨ ᠤ ᠭᠤᠤᠯ ᠠᠵᠢᠯ ᠢᠶᠠᠨ ᠮᠡᠲᠡᠭᠦᠯᠵᠠᠢ᠄ ᠨᠢᠭᠡ ᠳᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠳᠣᠣᠱᠯᠠᠭᠤᠯᠵᠦ᠂ ᠨᠡᠩ ᠦᠨᠲᠦᠷ ᠲᠦᠪᠰᠢᠨ ᠲᠠᠢ ᠠᠮᠤᠷ ᠠᠮᠤᠭᠤᠯᠠᠩ ᠲᠤᠮᠲᠠᠲᠤ ᠤᠯᠤᠰ ᠤᠨ ᠪᠦᠲᠦᠭᠡᠡ ᠪᠠᠶᠢᠭᠤᠯᠤᠯᠲᠠ ᠶᠢ ᠠᠬᠢᠭᠤᠯᠪᠠ︔ ᠬᠤᠶᠠᠷ ᠲᠤ᠂ ᠰᠢᠨ᠎ᠠ ᠬᠦᠭᠵᠢᠯᠲᠠ ᠶᠢᠨ ᠤᠢᠢᠯᠠᠭᠠᠭᠲᠠᠬᠤᠨ ᠢ ᠡᠷᠡᠰ ᠭᠤᠶᠢᠪᠢᠰᠢ ᠦᠭᠡᠢ ᠳᠣᠣᠱᠯᠠᠭᠤᠯᠵᠦ᠂ ᠠᠵᠦ ᠠᠬᠤᠢ ᠨᠡᠶᠢᠭᠡᠮ ᠤᠨ ᠦᠷᠬᠦᠯᠵᠢᠯᠡᠡ ᠡᠷᠡᠭᠦᠯ ᠢᠶᠠᠷ ᠬᠦᠭᠵᠢᠬᠦ ᠳᠤ ᠦᠢᠯᠡᠴᠢᠯᠠᠪᠡ︔ ᠭᠤᠷᠪᠠ ᠳᠤ᠂ ᠠᠷᠠᠳ ᠤᠨ ᠲᠦᠯᠦᠭᠡ ᠬᠠᠤᠯᠢ ᠪᠠᠷᠢᠬᠤ᠂ ᠲᠦᠪ ᠭᠤᠤᠯᠴᠢ ᠪᠠᠷ ᠬᠠᠤᠯᠢ ᠪᠠᠷᠢᠬᠤ ᠶᠢ ᠪᠠᠷᠢᠮᠲᠠᠯᠠᠵᠤ᠂ ᠨᠡᠶᠢᠭᠡᠮ ᠤᠨ ᠲᠦᠪ ᠭᠤᠤᠯᠴᠢ ᠰᠢᠳᠤᠷᠭᠤ ᠶᠤᠰᠤ ᠶᠢ ᠬᠠᠮᠠᠭᠠᠯᠠᠪᠠ︔ ᠲᠦᠷᠪᠡ ᠳᠤ᠂ ᠠᠷᠠᠳ ᠲᠤ ᠲᠦᠭᠦᠮ ᠦᠵᠡᠭᠦᠯᠬᠦ ᠮᠦᠷᠳᠡᠬᠡᠨ ᠦᠨᠲᠦᠷ ᠪᠦᠲᠦᠮᠵᠢᠲᠠᠢ ᠪᠠᠷ ᠵᠦᠷᠢᠴᠡᠯ ᠵᠢᠭᠤᠷᠠᠯᠲᠤᠭᠠᠠ ᠢ ᠰᠢᠢᠳᠪᠦᠷᠢᠯᠡᠬᠦ ᠲᠤᠭᠲᠠᠴᠠ ᠶᠢ ᠪᠠᠶᠢᠭᠤᠯᠵᠦ᠂ ᠨᠡᠶᠢᠭᠡᠮ ᠤᠨ ᠵᠠᠰᠠᠯᠲᠠ ᠳᠤ ᠢᠲᠡᠪᠬᠢᠲᠠᠢ ᠤᠷᠤᠯᠴᠠᠪᠠ︔ ᠲᠠᠪᠤ ᠳᠤ᠂ ︽ᠭᠦᠢᠴᠡᠳᠭᠡᠬᠦ ᠳᠤ ᠬᠦᠴᠢᠷ ᠪᠠᠶᠢᠬᠤ ᠠᠰᠠᠭᠤᠲᠠᠯ ᠢ ᠦᠨᠲᠦᠰᠦᠨ ᠳᠡᠭᠡᠨ ᠰᠢᠢᠳᠪᠦᠷᠢᠯᠡᠭᠰᠡᠡ︾ ᠦᠷ᠎ᠡ ᠪᠦᠳᠦᠭᠡᠯ ᠢᠶᠠᠨ ᠪᠠᠬᠢᠵᠢᠭᠦᠯᠵᠦ᠂ ᠭᠦᠢᠴᠡᠳᠭᠡᠬᠦ ᠠᠵᠢᠯ ᠤᠨ ᠦᠨᠲᠦᠷ ᠲᠦᠪᠰᠢᠨ ᠪᠦᠬᠦᠢ ᠡᠷᠬᠢᠯᠳᠡ ᠶᠢ ᠪᠠᠳᠤᠯᠠᠪᠠ︔ ᠵᠢᠷᠭᠤᠭ᠎ᠠ ᠳᠤ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠪᠤᠯᠤᠨ ᠣᠶᠣᠨᠴᠢ ᠰᠢᠭᠦᠬᠦ ᠬᠤᠷᠢᠶᠠᠨ ᠤ ᠪᠠᠶᠢᠭᠤᠯᠤᠯᠲᠠ ᠶᠢ ᠬᠦᠨᠵᠡᠭᠡᠶᠢᠷᠡᠭᠦᠯᠵᠤ᠂ ᠬᠠᠤᠯᠢ ᠴᠠᠭᠠᠵᠠ ᠶᠢᠨ ᠶᠠᠰᠤ ᠴᠢᠨᠠᠷ᠂ ᠠᠮᠵᠢᠯᠲᠠ ᠪᠦᠲᠦᠮᠵᠢ ᠪᠤᠯᠤᠨ ᠤᠯᠠᠨ ᠢ ᠢᠳᠡᠭᠡᠭᠦᠯᠬᠦ ᠬᠦᠴᠤᠨ ᠢ ᠲᠠᠰᠤᠷᠠᠯᠲᠠ ᠦᠭᠡᠢ ᠲᠡᠭᠡᠭᠰᠢᠯᠡᠭᠦᠯᠪᠡ︔ ᠲᠤᠯᠤᠭ᠎ᠠ ᠳᠤ᠂ ᠬᠤᠪᠢᠰᠬᠠᠯᠵᠢᠯᠲᠠ᠂ ᠵᠢᠩᠬᠢᠨᠢᠴᠢᠯᠡᠯᠳᠡ᠂ ᠲᠤᠰᠬᠠᠢᠢᠵᠢᠯᠲᠠ᠂ ᠮᠡᠷᠭᠡᠵᠢᠯᠲᠠ ᠶᠢᠨ ᠴᠢᠭᠯᠡᠯ ᠢ ᠪᠠᠷᠢᠮᠲᠠᠯᠠᠵᠤ᠂ ᠠᠷᠠᠳ ᠤᠨ ᠰᠢᠭᠦᠬᠦ ᠬᠤᠷᠢᠶᠠᠠ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠪᠠ︔ ᠨᠠᠢᠮᠠ ᠳᠤ᠂ ᠤᠬᠠᠮᠰᠠᠷ ᠠᠴᠠ ᠪᠠᠨ ᠬᠢᠨᠠᠯᠲᠠ ᠲᠠᠯᠪᠢᠯᠲᠠ ᠶᠢ ᠬᠦᠯᠢᠶᠡᠵᠦ᠂ ᠠᠷᠠᠳ ᠤᠨ ᠰᠢᠭᠦᠭᠦ ᠬᠤᠷᠢᠶᠠᠠ ᠤ ᠠᠵᠢᠯ ᠢ ᠴᠢᠩᠭᠠᠳᠬᠠᠠ ᠰᠠᠶᠢᠵᠢᠷᠠᠭᠤᠯᠪᠠ᠃      ᠵᠸᠤ ᠴᠢᠶᠠᠩ᠂ 2020 ᠤᠨ ᠳᠤ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠡᠬᠦᠷᠭᠡ ᠪᠤᠯ ᠪᠠᠶᠢᠡᠭᠭᠤᠵᠢᠬᠰᠠᠨ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠪᠠ ᠠᠵᠦ ᠠᠬᠤᠢ ᠨᠡᠶᠢᠭᠡᠮ ᠤᠨ ᠡᠮᠬᠢ ᠲᠢᠭᠯᠢᠮ ᠢ ᠪᠦᠬᠦ ᠲᠠᠯ᠎ᠠ ᠪᠠᠷ ᠰᠡᠷᠭᠦᠭᠡᠬᠦ ᠳᠤ ᠴᠢᠷᠮᠠᠶᠢᠨ ᠦᠢᠯᠡᠴᠢᠯᠡᠵᠦ ᠪᠠᠳᠤᠯᠠᠭ᠎ᠠ ᠬᠠᠩᠭᠠᠨ᠂ ︽ᠵᠢᠷᠭᠤᠭ᠎ᠠ ᠶᠢ ᠲᠤᠭᠲᠠᠪᠤᠷᠢᠵᠢᠭᠤᠯᠬᠤ︾ ᠠᠵᠢᠯ ᠢ ᠰᠠᠶᠢᠳᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠬᠦᠷᠭᠡ ᠶᠢ ᠨᠠᠶᠢᠲᠠᠪᠤᠷᠢᠵᠢᠭᠤᠯᠤᠨ᠎ᠠ︔ ᠨᠡᠩ ᠦᠨᠲᠦᠷ ᠲᠦᠪᠰᠢᠨ ᠲᠠᠢ ᠠᠮᠤᠷ ᠠᠮᠤᠭᠤᠯᠠᠩ ᠲᠤᠮᠲᠠᠲᠤ ᠤᠯᠤᠰ ᠤᠨ ᠪᠦᠲᠦᠭᠡᠡ ᠪᠠᠶᠢᠭᠤᠯᠤᠯᠲᠠ ᠳᠤ ᠴᠢᠷᠮᠠᠶᠢᠨ ᠦᠢᠯᠡᠴᠢᠯᠡᠨ᠎ᠠ︔ ᠠᠵᠦ ᠠᠬᠤᠢ ᠶᠢᠨ ᠴᠢᠨᠠᠷ ᠰᠠᠶᠢᠲᠠᠢ ᠬᠦᠭᠵᠢᠯᠲᠠ ᠳᠤ ᠴᠢᠷᠮᠠᠶᠢᠨ ᠦᠢᠯᠡᠴᠢᠯᠡᠵᠦ᠂ ᠶᠠᠲᠠᠭᠤ ᠠᠴᠠ ᠠᠩᠭᠢᠵᠢᠷᠭᠤᠯᠬᠤ ᠰᠢᠪᠳᠣᠯᠣᠯᠳᠠ ᠶᠢᠨ ᠰᠢᠢᠳᠪᠦᠷᠢᠲᠦ ᠢᠯᠠᠯᠲᠠ ᠶᠢ ᠤᠯᠬᠤ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ  ᠪᠠᠶᠢᠭᠤᠯᠬᠤ ᠬᠠᠷᠠᠯᠲᠠ ᠡᠬᠦᠷᠭᠡ ᠪᠠᠷ ᠴᠢᠩᠭ᠎ᠠ ᠭᠤᠤᠯᠲᠠᠭᠤᠯᠤᠨ ᠬᠠᠤᠯᠢ ᠴᠠᠭᠠᠵᠠ ᠶᠢᠨ ᠦᠢᠯᠡᠴᠢᠯᠡᠭᠡ ᠪᠠᠨ ᠴᠢᠩᠭᠠᠳᠬᠠᠨ᠎ᠠ︔ ᠠᠷᠠᠳ ᠤᠨ ᠠᠮᠢᠲᠤᠷᠠᠯ ᠤᠨ ᠬᠠᠤᠯᠢ ᠴᠠᠭᠠᠵᠠ ᠶᠢᠨ ᠪᠠᠲᠤᠯᠠᠭ᠎ᠠ ᠶᠢ ᠴᠢᠷᠮᠠᠶᠢᠨ ᠴᠢᠩᠭᠠᠳᠬᠠᠨ᠂ ᠠᠵᠢᠯ ᠤᠯᠭᠤᠯᠲᠠ ᠳᠠᠬᠢ ᠤᠷᠤᠨ ᠪᠦᠰᠡ᠂ ᠬᠦᠢᠰᠦ ᠢᠯᠭᠠᠯ ᠵᠡᠷᠭᠡ ᠭᠠᠲᠠᠭᠤᠷᠴᠢᠯᠠᠯ ᠢ ᠬᠠᠤᠯᠢ ᠶᠤᠰᠤᠭᠠᠷ ᠡᠷᠡᠰ ᠵᠠᠯᠠᠷᠠᠭᠤᠯᠵᠦ᠂ ᠰᠢᠨ᠎ᠠ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠳᠤ ᠬᠠᠯᠲᠠᠪᠤᠷᠢᠯᠠᠭᠲᠠᠭᠰᠠᠠ ᠡᠪᠡᠳᠴᠢᠲᠠᠠ ᠤ ᠬᠦᠲᠡᠯᠮᠦᠷᠢ ᠶᠢᠨ ᠭᠡᠷ᠎ᠠ ᠶᠢᠨ ᠬᠠᠷᠢᠴᠠᠭ᠎ᠠ ᠶᠢ ᠬᠦᠴᠤᠨ ᠦᠭᠡᠢ ᠪᠤᠯᠭᠠᠬᠤ ᠠᠵᠢᠯᠯᠠᠭ᠎ᠠ ᠶᠢ ᠬᠠᠤᠯᠢ ᠶᠤᠰᠤᠭᠠᠷ ᠡᠷᠡᠰ ᠵᠠᠯᠠᠷᠠᠭᠤᠯᠤᠨ᠎ᠠ︔ ᠰᠢᠭᠦᠨ ᠲᠠᠰᠤᠯᠤᠯᠲᠠ ᠬᠢᠬᠦ ᠳᠣᠭᠳᠠᠯᠴᠠᠭ᠎ᠠ ᠪᠤᠯᠤᠨ ᠰᠢᠭᠦᠨ ᠲᠠᠰᠤᠯᠤᠯᠲᠠ ᠬᠢᠬᠦ ᠴᠢᠲᠠᠪᠤᠷᠢ ᠶᠢᠨ ᠤᠲᠤᠬᠢᠴᠢᠯᠠᠯᠲᠠ ᠶᠢ ᠴᠢᠷᠮᠠᠶᠢᠨ ᠠᠬᠢᠭᠤᠯᠵᠦ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠤᠨ ᠶᠡᠷᠦᠩᠭᠡᠶᠢᠯᠡᠭᠰᠡᠡ ᠢᠵᠢ ᠪᠦᠷᠢᠳᠦᠬᠦᠯᠬᠦ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠎ᠠ︔ ᠦᠨᠡᠡᠴᠢ ᠰᠢᠳᠤᠷᠭᠤ᠂ ᠠᠷᠢᠭᠤᠨ ᠴᠢᠭᠡᠴᠢ᠂ ᠬᠠᠷᠢᠭᠤᠴᠠᠯᠭ᠎ᠠ ᠡᠭᠦᠷᠭᠡᠯᠡᠳᠡᠭ ᠮᠡᠷᠭᠡᠰᠢᠵᠦ ᠴᠠᠭᠠᠷᠠᠬᠰᠠᠨ ᠬᠠᠤᠯᠢ ᠴᠠᠭᠠᠵᠠ ᠶᠢᠨ ᠡᠩᠨᠡᠭᠡ ᠶᠢ ᠴᠢᠷᠮᠢᠢᠨ ᠪᠠᠶᠢᠭᠤᠯᠤᠨ᠎ᠠ ᠬᠡᠪᠡ᠃        ᠠᠷᠠᠳ ᠤᠨ ᠲᠡᠭᠡᠲᠦ ᠪᠠᠶᠢᠴᠠᠭᠠᠬᠤ ᠬᠤᠷᠢᠶᠠᠠ ᠤ ᠪᠠᠶᠢᠴᠠᠭᠠᠬᠤ ᠲᠠᠷᠤᠭ᠎ᠠ ᠵᠠᠩ ᠵᠢᠶᠦ᠋ᠨ ᠠᠷᠠᠳ ᠤᠨ ᠲᠡᠭᠡᠲᠦ ᠪᠠᠶᠢᠴᠠᠭᠠᠬᠤ ᠬᠤᠷᠢᠶᠠᠨ ᠤ ᠡᠮᠦᠨ᠎ᠡ ᠠᠴᠠ ᠠᠵᠢᠯ ᠤᠨ ᠮᠡᠲᠡᠭᠦᠯᠦᠯᠲᠡ ᠬᠢᠬᠦ ᠳᠡᠭᠡᠨ᠂ ᠨᠢᠲᠤᠨᠤᠨ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠠᠠ ᠤ ᠪᠠᠳᠤ ᠴᠢᠩᠭ᠎ᠠ ᠤᠲᠤᠷᠢᠲᠤᠯᠭ᠎ᠠ ᠲᠤᠤᠷ᠎ᠠ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠬᠦᠨ ᠤ ᠪᠠᠶᠢᠩᠭᠤ ᠶᠢᠨ ᠬᠤᠷᠢᠶ᠎ᠠ ᠶᠢᠨ ᠴᠢᠩᠭ᠎ᠠ ᠬᠢᠨᠠᠯᠲᠠ ᠲᠠᠯᠪᠢᠯᠲᠠ ᠲᠤᠤᠷ᠎ᠠ᠂ ᠠᠷᠠᠳ ᠤᠨ ᠲᠡᠭᠡᠲᠦ ᠪᠠᠶᠢᠴᠠᠭᠠᠬᠤ ᠬᠤᠷᠢᠶ᠎ᠠ ᠤᠯᠤᠰ ᠲᠦᠷᠦ ᠶᠢ ᠡᠷᠬᠢᠮᠯᠡᠡ᠂ ᠶᠡᠭᠡ ᠲᠠᠯ᠎ᠠ ᠶᠢ ᠬᠠᠷᠠᠭᠠᠯᠵᠠᠵᠦ᠂ ᠬᠦᠭᠵᠢᠯᠲᠠ ᠶᠢ ᠡᠷᠢᠯᠭᠢᠯᠠᠨ᠂ ᠦᠪᠡᠷ ᠢ ᠪᠠᠨ ᠬᠦᠴᠦᠷᠭᠡᠭᠵᠢᠭᠦᠯᠬᠦ ᠶᠢ ᠴᠢᠬᠤᠯᠠᠴᠢᠯᠠᠵᠦ᠂ ᠡᠯ᠎ᠠ ᠵᠦᠢᠯ ᠤᠨ ᠪᠠᠶᠢᠴᠠᠭᠠᠬᠤ ᠠᠵᠢᠯ ᠳᠤ ᠰᠢᠨ᠎ᠠ ᠠᠬᠢᠯᠲᠠ ᠲᠠᠢ ᠪᠤᠯᠵᠠᠢ᠃ ᠮᠡᠲᠡᠭᠦᠯᠦᠯᠲᠡ ᠳᠡᠭᠡᠨ ᠪᠠᠶᠢᠴᠠᠭᠠᠬᠤ ᠲᠤᠰᠢᠶᠠᠯ ᠢᠶᠠᠨ ᠬᠦᠢᠴᠡᠳᠭᠡᠵᠦ ︽ᠬᠢᠵᠢᠭ︾ ᠲᠠᠢ ᠲᠡᠮᠡᠴᠡᠭᠰᠡᠡ ᠪᠠᠶᠢᠲᠠᠯ᠂ 2019 ᠤᠨ ᠤ ᠠᠵᠢᠯ ᠤᠨ ᠡᠷᠬᠢᠴᠡᠭᠦᠯᠦᠯ ᠪᠤᠯᠤᠨ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠢᠷᠠᠭᠤᠯᠤᠯᠲᠠ ᠶᠢ ᠲᠤᠰ ᠲᠤᠰ ᠲᠠᠨᠢᠯᠴᠠᠭᠤᠯᠪᠠ᠃
      ᠵᠠᠩ ᠵᠢᠶᠦ᠋ᠨ᠂ 2020 ᠤᠨ ᠤ 2 ᠰᠠᠷ᠎ᠠ ᠠᠴᠠ 4 ᠰᠠᠷ᠎ᠠ ᠪᠤᠯᠳᠠᠯ᠎ᠠ᠂ ᠪᠠᠶᠢᠴᠠᠭᠠᠬᠤ ᠪᠠᠶᠢᠭᠤᠯᠣᠯᠭ᠎ᠠ  ᠶᠢᠨ ᠬᠢᠨ ᠬᠢᠵᠢᠭ ᠤᠨ ᠪᠠᠶᠢᠳᠠᠯ ᠳᠤ ᠬᠤᠯᠪᠤᠬᠳᠠᠬᠰᠠᠨ ᠨᠡᠶᠢᠳᠠ 3700 ᠭᠠᠷᠤᠢ ᠡᠷᠡᠬᠦᠤ ᠶᠢᠨ ᠬᠡᠷᠡᠭᠳᠡᠨ ᠢ ᠪᠠᠷᠢᠪᠴᠢᠯᠠᠬᠤ ᠪᠠᠷ ᠵᠦᠪᠰᠢᠶᠡᠷᠡᠵᠤ᠂ 2500 ᠭᠠᠷᠤᠢ ᠬᠦᠮᠤᠨ ᠢ ᠵᠠᠭᠠᠯᠳᠤᠵᠤ᠂ 2800 ᠭᠠᠷᠤᠢ ᠬᠤᠯᠪᠤᠬᠳᠠᠯ ᠪᠦᠬᠦᠢ ᠨᠡᠶᠢᠳᠠ ᠳᠤ ᠠᠰᠢᠭ ᠬᠦᠷᠳᠡᠭᠡᠬᠦ ᠵᠠᠭᠠᠯᠳᠤᠯᠭ᠎ᠠ ᠶᠢᠨ ᠭᠡᠷᠡᠭ ᠢ ᠰᠢᠢᠳᠪᠤᠷᠢᠯᠡᠭᠰᠡᠨ ᠪᠠᠶᠢᠨ᠎ᠠ᠃ 2019 ᠤᠨ ᠳᠤ᠂ ᠪᠦᠬᠦ ᠤᠯᠤᠰ ᠤᠨ ᠪᠠᠶᠢᠴᠠᠭᠠᠬᠤ ᠪᠠᠶᠢᠭᠤᠯᠣᠯᠭ᠎ᠠ ᠶᠢᠨ ᠬᠢᠨ ᠨᠡᠶᠢᠳᠠ ᠡᠯ᠎ᠠ ᠵᠦᠢᠯ ᠤᠨ 314 ᠲᠦᠮᠡᠨ ᠭᠡᠷᠡᠭ ᠢ ᠰᠢᠢᠳᠪᠤᠷᠢᠯᠠᠵᠤ᠂ 2018 ᠤᠨ ᠤ ᠬᠢ ᠠᠴᠠ 9.7% ᠪᠠᠷ ᠨᠡᠮᠡᠭᠳᠠᠵᠠᠢ᠃ ᠨᠢᠬᠡ ᠳᠤ ᠢᠳᠡᠪᠬᠢᠳᠠᠢ ᠤᠷᠤᠯᠴᠠᠨ ᠤᠯᠤᠰ ᠤᠨ ᠵᠠᠰᠠᠯᠳᠠ ᠶᠢ ᠠᠬᠢᠭᠤᠯᠵᠤ᠂ ᠠᠵᠤ ᠠᠬᠤᠢ ᠨᠡᠶᠢᠬᠡᠮ ᠤᠨ ᠬᠦᠭᠵᠢᠯᠳᠠ ᠶᠢᠨ ᠶᠡᠭᠡ ᠲᠠᠯ᠎ᠠ ᠳᠤ ᠤᠢᠢᠯᠡᠴᠢᠯᠡᠪᠡ᠃ ᠤᠯᠤᠰ ᠤᠨ ᠤᠯᠤᠰ ᠲᠦᠷᠤ ᠶᠢᠨ ᠠᠮᠤᠷ ᠲᠦᠪᠰᠢᠨ ᠪᠤᠯᠤᠨ ᠨᠡᠶᠢᠬᠡᠮ ᠤᠨ ᠲᠤᠭᠳᠠᠭᠤᠨ ᠪᠠᠶᠢᠳᠠᠯ ᠢ ᠡᠷᠡᠰ ᠬᠠᠮᠠᠭᠠᠯᠠᠵᠤ᠂ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠲᠤᠰᠬᠠᠢ ᠲᠡᠮᠡᠴᠡᠯ ᠢ ᠬᠠᠤᠯᠢ ᠶᠤᠰᠤᠭᠠᠷ ᠴᠢᠩᠭ᠎ᠠ ᠠᠬᠢᠭᠤᠯᠵᠤ᠂ ᠭᠤᠷᠪᠠᠨ ᠶᠡᠭᠡ ᠰᠢᠪᠳᠣᠯᠣᠯᠳᠠ ᠶᠢᠨ ᠠᠵᠢᠯ ᠤᠨ ᠢᠯᠠᠯᠳᠠ ᠶᠢ ᠤᠯᠬᠤ ᠳᠤ ᠯᠠᠪᠳᠠᠭᠤᠨ ᠪᠠᠳᠤᠳᠠᠢ ᠰᠠᠶᠢᠳᠤᠷ ᠤᠢᠢᠯᠡᠴᠢᠯᠠᠨ᠂ ᠠᠵᠤ ᠠᠬᠤᠢᠢᠯᠠᠯ ᠤᠨ ᠡᠵᠡᠩᠨᠠᠯᠳᠠ ᠬᠦᠭᠵᠢᠯᠳᠠ ᠶᠢ ᠨᠡᠩ ᠪᠤᠳᠠᠳᠠᠢ ᠲᠡᠮᠵᠢᠵᠤ᠂ ᠢᠳᠡᠪᠬᠢᠳᠠᠢ ᠪᠠᠷ ᠠᠵᠢᠯᠯᠠᠵᠦ ᠰᠢᠨ᠎ᠠ ᠶᠢ ᠡᠬᠦᠳᠬᠦ ᠶᠢ ᠠᠬᠢᠭᠤᠯᠤᠨ᠂ ᠢᠯᠵᠠᠷᠠᠯ ᠢ ᠡᠰᠡᠷᠬᠦᠴᠡᠬᠦ ᠲᠡᠮᠡᠴᠡᠯ ᠢ ᠯᠠᠪᠳᠠᠭᠤᠨ ᠪᠠᠳᠤᠳᠠᠢ ᠠᠬᠢᠭᠤᠯᠵᠤ᠂ ᠤᠯᠠᠨ ᠲᠦᠮᠡᠨ ᠤ ᠵᠠᠬᠢᠳᠠᠯ ᠪᠦᠬᠦᠨ ᠳᠤ ᠬᠠᠷᠢᠭᠤ ᠦᠭᠬᠦ ᠲᠦᠷᠢᠮ ᠢ ᠴᠢᠩ ᠰᠡᠳᠬᠢᠯ ᠠᠴᠠ ᠪᠠᠨ ᠨᠠᠶᠢᠳᠠᠪᠤᠷᠢᠵᠢᠭᠤᠯᠵᠤ᠂ ᠭᠡᠷᠡᠭ ᠢ ᠰᠢᠢᠳᠪᠤᠷᠢᠯᠡᠬᠦ ᠳᠤ ᠰᠠᠭᠤᠷᠢᠯᠠᠨ ᠨᠡᠶᠢᠬᠡᠮ ᠤᠨ ᠬᠠᠤᠯᠢᠵᠢᠯ ᠤᠨ ᠦᠵᠡᠯᠳᠠ ᠶᠢ ᠬᠦᠳᠤᠯᠤᠨ ᠲᠠᠭᠠᠭᠤᠯᠵᠠᠢ᠃ ᠬᠤᠶᠠᠷ ᠲᠤ ᠴᠠᠬ ᠦᠶ᠎ᠡ ᠶᠢᠨ ᠬᠦᠭᠵᠢᠯᠳᠠ ᠶᠢ ᠲᠠᠭᠠᠭᠰᠠᠨ ᠮᠦᠷᠳᠡᠬᠡᠨ ᠳᠡᠬᠦᠨ ᠲᠠᠢ ᠵᠤᠬᠢᠴᠠᠵᠤ᠂ ᠬᠠᠤᠯᠢ ᠪᠠᠷ ᠬᠢᠨᠠᠯᠳᠠ ᠲᠠᠯᠪᠢᠬᠤ ᠬᠠᠷᠢᠭᠤᠴᠠᠯᠭ᠎ᠠ ᠪᠠᠨ ᠯᠠᠪᠳᠠᠭᠤᠨ ᠪᠠᠳᠤᠳᠠᠢ ᠬᠦᠢᠴᠡᠳᠬᠡᠪᠠ᠃ ᠡᠷᠡᠬᠦᠤ ᠶᠢᠨ ᠭᠡᠷᠡᠭ ᠤᠨ ᠪᠠᠶᠢᠴᠠᠭᠠᠯᠳᠠ ᠶᠢ ᠴᠢᠷᠮᠠᠶᠢᠨ ᠰᠢᠯᠢᠳᠡᠭᠵᠢᠬᠦᠯᠵᠤ᠂ ᠢᠷᠬᠡᠨ ᠤ ᠭᠡᠷᠡᠭ ᠤᠨ ᠬᠢᠨᠠᠯᠳᠠ ᠶᠢ ᠬᠦᠴᠦᠷᠭᠡᠭᠵᠢᠬᠦᠯᠤᠨ᠂ ᠵᠠᠰᠠᠬ ᠵᠠᠬᠢᠷᠭᠠᠨ ᠤ ᠪᠠᠶᠢᠴᠠᠭᠠᠯᠳᠠ ᠶᠢ ᠪᠤᠳᠠᠳᠠᠶᠢᠵᠢᠭᠤᠯᠵᠦ᠂ ᠨᠡᠶᠢᠳᠠ ᠳᠤ ᠠᠰᠢᠭ ᠬᠦᠷᠳᠡᠭᠡᠬᠦ ᠵᠠᠭᠠᠯᠳᠤᠯᠭ᠎ᠠ ᠶᠢᠨ ᠪᠠᠶᠢᠴᠠᠭᠠᠯᠳᠠ ᠶᠢ ᠰᠠᠶᠢᠳᠤᠷ ᠬᠢᠵᠠᠢ᠃ ᠭᠤᠷᠪᠠ ᠳᠤ ᠲᠤᠰ ᠪᠠᠶ᠎ᠠ ᠶᠢᠨ ᠪᠠᠶᠢᠭᠤᠯᠤᠯᠳᠠ ᠪᠠᠨ ᠴᠢᠩᠭ᠎ᠠ ᠠᠳᠬᠤᠵᠤ᠂ ᠪᠠᠶᠢᠴᠠᠭᠠᠬᠤ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠪᠠᠨ ᠲᠡᠭᠡᠭᠰᠢᠯᠡᠬᠦᠯᠪᠠ᠃ ᠨᠠᠮ ᠤᠨ ᠤᠯᠤᠰ ᠲᠦᠷᠤ ᠶᠢᠨ ᠪᠠᠶᠢᠭᠤᠯᠤᠯᠳᠠ ᠶᠢ ᠲᠡᠷᠢᠬᠦᠨ ᠳᠤ ᠲᠠᠯᠪᠢᠵᠤ᠂ ᠪᠠᠶᠢᠴᠠᠭᠠᠬᠤ ᠲᠤᠬᠠᠢᠢᠯᠠᠬᠰᠠᠨ ᠠᠵᠢᠯ ᠤᠨ ᠪᠠᠶᠢᠭᠤᠯᠤᠯᠳᠠ ᠶᠢᠨ ᠰᠢᠨ᠎ᠠ ᠶᠢ ᠡᠬᠦᠳᠤᠨ᠂ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠳᠠᠯᠠᠵᠠᠢ᠃ ᠲᠦᠷᠪᠡ ᠳᠤ ᠠᠷᠠᠳ ᠲᠦᠮᠡᠨ ᠤ ᠬᠢᠨᠠᠯᠳᠠ ᠶᠢ ᠤᠬᠠᠮᠰᠡᠷ ᠠᠴᠠ ᠪᠠᠨ ᠬᠦᠯᠢᠶᠠᠵᠦ᠂ ᠪᠠᠶᠢᠴᠠᠭᠠᠬᠤ ᠡᠷᠬᠡ ᠶᠢ ᠢᠯᠡ ᠪᠠᠷ ᠬᠡᠷᠡᠭᠵᠢᠭᠦᠯᠵᠠᠢ ᠬᠡᠪᠡ᠃       ᠵᠠᠩ ᠵᠢᠶᠦ᠋ᠨ᠂ ᠡᠨᠡ ᠵᠢᠯ ᠪᠤᠯ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠤᠷᠢᠳᠦ ᠢᠯᠠᠯᠳᠠ ᠶᠢ ᠤᠯᠬᠤ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ ᠰᠢᠢᠳᠪᠤᠷᠢᠳᠤ ᠵᠢᠯ ᠪᠤᠯᠤᠨ᠎ᠠ᠂ ᠬᠢᠵᠢᠭ ᠤᠨ ᠪᠠᠶᠢᠳᠠᠯ ᠠᠴᠠ ᠪᠤᠯᠤᠬᠰᠠᠨ ᠰᠢᠨ᠎ᠠ ᠦᠷᠢᠰᠤᠯᠳᠤᠭᠡᠨ ᠳᠤ ᠲᠤᠯᠭᠠᠷᠠᠵᠦ ᠪᠠᠶᠢᠭ᠎ᠠ ᠪᠠᠶᠢᠳᠠᠯ ᠲᠤᠤᠷ᠎ᠠ ᠪᠠᠶᠢᠴᠠᠭᠠᠬᠤ ᠪᠠᠶᠢᠭᠤᠯᠣᠯᠭ᠎ᠠ ᠶᠢᠨ ᠬᠢᠨ ᠡᠷᠬᠡᠪᠰᠢ ᠵᠤᠷᠢᠬᠳᠠᠢ ᠪᠠᠷ ᠬᠠᠷᠢᠭᠤᠴᠠᠯᠭ᠎ᠠ ᠡᠬᠦᠷᠬᠡᠯᠠᠵᠤ ᠴᠢᠷᠮᠠᠶᠢᠨ ᠠᠵᠢᠯᠯᠠᠬᠤ ᠭᠡᠷᠡᠭᠳᠠᠢ᠃ ᠨᠠᠮ ᠤᠨ ᠬᠠᠷᠢᠴᠠᠯᠠᠰᠢᠬᠦᠢ ᠤᠳᠤᠷᠢᠳᠤᠯᠭ᠎ᠠ ᠶᠢ ᠢᠮᠠᠬᠳᠠ ᠪᠠᠷᠢᠮᠳᠠᠯᠠᠵᠤ᠂   ︽ᠳᠣᠯᠭᠤᠷ ᠵᠣᠷᠢᠯᠳᠠ ᠪᠠᠨ ᠪᠠᠳᠣ ᠴᠡᠭᠡᠵᠢᠯᠡᠵᠦ ᠳᠠᠷᠬᠠᠨ ᠬᠠᠷᠢᠭᠤᠴᠠᠯᠭ᠎ᠠ ᠡᠬᠦᠷᠬᠡᠯᠠᠬᠦ︾ ᠶᠢ ᠢᠮᠠᠬᠳᠠ ᠪᠠᠷᠢᠮᠳᠠᠯᠠᠨ᠂ ︽ᠲᠤᠭᠳᠠᠭᠤᠨ ᠢᠶᠠᠷ ᠠᠬᠢᠭᠤᠯᠬᠤ᠂ ᠨᠠᠶᠢᠳᠠᠪᠤᠷᠢᠵᠢᠭᠤᠯᠬᠤ᠂ ᠲᠡᠭᠡᠭᠰᠢᠯᠡᠬᠦᠯᠬᠦ︾ ᠶᠢ ᠢᠮᠠᠬᠳᠠ ᠪᠠᠷᠢᠮᠳᠠᠯᠠᠵᠤ᠂ ᠲᠡᠭᠡᠳᠤ ᠬᠡᠮᠵᠢᠶᠠᠨ ᠤ ᠤᠯᠤᠰ ᠲᠦᠷᠤ ᠶᠢᠨ ᠤᠬᠠᠮᠰᠠᠷ᠂ ᠬᠠᠤᠯᠢᠵᠢᠯ ᠤᠨ ᠤᠬᠠᠮᠰᠠᠷ᠂ ᠪᠠᠶᠢᠴᠠᠭᠠᠬᠤ ᠤᠬᠠᠮᠰᠠᠷ ᠢᠶᠠᠷ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠪᠤᠯᠤᠨ ᠦᠨᠳᠤᠰᠤᠨ ᠬᠠᠤᠯᠢ ᠪᠠ ᠬᠠᠤᠯᠢ ᠴᠠᠭᠠᠴᠠ ᠠᠴᠠ ᠤᠯᠭᠤᠬᠰᠠᠨ ᠡᠬᠦᠷᠬᠡ ᠬᠠᠷᠢᠭᠤᠴᠠᠯᠭ᠎ᠠ ᠶᠢ ᠪᠤᠳᠠᠳᠠᠢ ᠨᠠᠶᠢᠳᠠᠪᠤᠷᠢᠵᠢᠭᠤᠯᠬᠤ ᠭᠡᠷᠡᠭᠳᠠᠢ ᠬᠡᠪᠡ᠃       ᠬᠤᠷᠡᠯ ᠳᠤ ᠤᠷᠤᠯᠴᠠᠬᠤ ᠶᠤᠰᠤᠳᠠᠢ ᠲᠦᠯᠥᠬᠡᠯᠡᠭᠴᠢ 2956 ᠬᠦᠮᠦᠨ᠂ 2886 ᠬᠦᠮᠥᠨ ᠤᠷᠤᠯᠴᠠᠵᠥ᠂ 70 ᠬᠦᠮᠥᠨ ᠤᠷᠤᠯᠴᠠᠭᠰᠠᠨ ᠦᠭᠡᠢ᠂ ᠬᠤᠷᠠᠯ ᠳᠤ ᠤᠷᠤᠯᠴᠠᠭᠰᠠᠠ ᠬᠦᠮᠥᠨ ᠤ ᠲᠤᠭ᠎ᠠ ᠬᠠᠤᠯᠢ ᠳᠤ ᠲᠤᠭᠳᠠᠭᠠᠭᠰᠠᠨ ᠬᠦᠮᠥᠨ ᠤ ᠲᠤᠭ᠎ᠠ ᠳᠤ ᠨᠡᠶᠢᠴᠡᠨ᠎ᠠ᠃       ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠬᠦᠯᠡᠭᠴᠢ᠂ ᠬᠦᠢᠴᠡᠳᠭᠡᠭᠴᠢ ᠲᠡᠷᠢᠬᠦᠯᠡᠭᠴᠢ ᠸᠠᠩ ᠴᠧᠨ ᠬᠤᠷᠠᠯ ᠢ ᠡᠷᠬᠢᠯᠠᠪᠠ᠃ ᠶᠡᠭᠡ ᠬᠤᠷᠡᠯ ᠤᠨ ᠲᠡᠷᠢᠬᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠬᠦᠯᠡᠭᠴᠢ᠂ ᠬᠦᠢᠴᠡᠳᠬᠡᠭᠴᠢ ᠲᠡᠷᠢᠬᠦᠯᠡᠭᠴᠢ ᠼᠤᠤ ᠵᠢᠶᠠᠨ ᠮᠢᠩ᠂ ᠵᠠᠩ ᠴᠦᠨ ᠰᠢᠶᠠᠨ᠂ ᠱᠧᠨ ᠶᠤᠸᠠᠢ ᠶᠤᠸᠠᠢ᠂ ᠵᠢᠢ ᠪᠢᠩ ᠰᠢᠤᠸᠠᠨ᠂ ᠡ᠋ᠶᠢᠯᠢᠭᠧᠩ · ᠢᠮᠢᠩᠪᠠᠭ᠋ᠠᠢ᠂ ᠸᠠᠨ ᠡᠸ᠋ ᠰᠢᠶᠠᠩ᠂ ᠴᠧᠨ ᠵᠦ᠂ ᠸᠠᠩ ᠳ᠋ᠦᠩ ᠮᠢᠩ᠂ ᠪᠠᠳᠮᠠᠫᠧᠷᠡᠩᠯᠠᠢ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠦ᠋ ᠸᠧᠢ ᠬᠤᠸᠠ᠂ ᠶᠠᠩ ᠵᠧᠨ ᠦ᠋ ᠲᠡᠷᠢᠬᠦᠯᠡᠭᠴᠢᠳ ᠤᠨ ᠲᠠᠶᠢᠰᠠᠨ ᠤ ᠬᠦᠢᠴᠡᠳᠬᠡᠭᠴᠢ ᠲᠡᠷᠢᠬᠦᠯᠡᠭᠴᠢ ᠶᠢᠨ ᠰᠠᠭᠤᠳᠠᠯ ᠳᠤ ᠰᠠᠭᠠᠳᠠᠪᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号