ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠮᠥᠩᠬᠡ᠄ ᠬᠢᠯᠢ ᠬᠢᠵᠠᠭᠠᠷ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠳᠣᠭᠳᠠᠯᠴᠠᠭ᠎ᠠ ᠶᠢᠨ ᠪᠠᠶᠢᠭᠤᠯᠤᠯᠲᠠ ᠶᠢ ᠲᠡᠳᠬᠦᠨ ᠳᠡᠮᠵᠢᠬᠦ ᠡᠷᠴᠢᠮ ᠢ ᠴᠢᠩᠭᠠᠷᠠᠭᠤᠯᠬᠤ ᠴᠢᠬᠤᠯᠠᠳᠠᠢ
ᠨᠡᠶᠢᠲᠡᠯᠡᠭᠰᠡᠨ ᠴᠠᠭ᠄
2020/5/27
      5 ᠰᠠᠷ᠎ᠠ ᠶᠢᠨ 23 ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠡᠭᠡᠷ᠎ᠡ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳ᠋ᠦᠩᠹᠧᠩ ᠰᠠᠨᠰᠠᠷ ᠤᠨ ᠬᠤᠲᠠ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠂ ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠲᠥᠯᠥᠭᠡᠯᠡᠭᠴᠢ ᠰᠠᠨᠠᠭᠤᠯᠬᠤ ᠪᠠᠷ᠂ ᠬᠢᠯᠢ ᠬᠢᠵᠠᠭᠠᠷ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠳᠣᠭᠳᠠᠯᠴᠠᠭ᠎ᠠ ᠶᠢᠨ ᠪᠠᠶᠢᠭᠤᠯᠣᠯᠳᠠ ᠶᠢ ᠲᠡᠳᠬᠦᠬᠦ ᠡᠷᠴᠢᠮ ᠢ ᠴᠢᠩᠭᠠᠷᠠᠭᠤᠯᠬᠤ ᠴᠢᠬᠤᠯᠠᠳᠠᠢ ᠬᠡᠪᠡ᠃       ᠳᠡᠭᠡᠷᠡᠬᠢ ᠰᠠᠨᠠᠭᠤᠯᠭ᠎ᠠ ᠶᠢᠨ ᠲᠤᠬᠠᠶ ᠮᠥᠩᠬᠡ ᠲᠥᠯᠥᠭᠡᠯᠡᠭᠴᠢ ᠰᠣᠷᠪᠣᠯᠵᠢᠯᠠᠭ᠎ᠠ ᠬᠦᠯᠢᠶᠡᠬᠦ ᠳᠡᠭᠡᠨ᠂ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠳᠣᠭᠳᠠᠯᠴᠠᠭ᠎ᠠ ᠶᠢᠨ ᠪᠠᠶᠢᠭᠤᠯᠤᠯᠲᠠ ᠨᠢ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠶᠢ ᠠᠬᠢᠭᠤᠯᠬᠤ ᠳᠤ ᠪᠠᠶᠢᠪᠠᠰᠤ ᠵᠣᠬᠢᠬᠤ ᠠᠭᠤᠯᠭ᠎ᠠ ᠪᠣᠯᠤᠨ᠎ᠠ᠃ ᠠᠷᠠᠳ ᠲᠦᠮᠡᠨ ᠤ ᠡᠷᠡᠭᠦᠯ ᠮᠡᠨᠳᠦ ᠠᠵᠠ ᠵᠢᠷᠭᠠᠯ ᠲᠠᠢ ᠰᠢᠭᠤᠳ ᠬᠤᠯᠪᠣᠭᠳᠠᠵᠤ ᠪᠠᠶᠢᠳᠠᠭ᠃ ︽ᠡᠵᠡᠨ᠎ᠡ ᠬᠤᠰᠢᠭᠤᠨ ᠤ ᠭᠠᠵᠠᠷ ᠵᠦᠢ ᠶᠢᠨ ᠣᠷᠣᠨ ᠪᠠᠶᠢᠷᠢ ᠣᠨᠴᠣᠭᠤᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠠᠶᠢᠷᠢ ᠰᠠᠭᠤᠷᠢ ᠴᠢᠬᠤᠯᠠ ᠪᠠᠶᠢᠳᠠᠭ᠃ ᠭᠡᠪᠡᠴᠦ ᠬᠥᠭᠵᠢᠯᠲᠡ ᠶᠢᠨ ᠰᠠᠭᠤᠷᠢ ᠪᠠᠭᠤᠷᠠᠢ ᠪᠠᠶᠢᠵᠦ ᠵᠠᠷᠤᠳᠠᠯ ᠤᠨ ᠪᠠᠲᠤᠯᠠᠭ᠎ᠠ ᠬᠦᠷᠦᠯᠴᠡᠬᠦ  ᠦᠭᠡᠢ᠂ ᠴᠢᠳᠠᠪᠤᠷᠢᠲᠠᠨ ᠶᠡᠬᠡᠪᠡᠷ ᠳᠤᠲᠠᠭᠳᠠᠵᠤ᠂ ᠲᠤᠬᠠᠢ ᠶᠢᠨ ᠭᠠᠵᠠᠷ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠨᠥᠬᠦᠴᠡᠯ ᠬᠠᠷᠢᠴᠠᠩᠭᠤᠢ ᠠᠨᠠᠢ ᠪᠠᠶᠢᠵᠤ᠂ ᠢᠯᠠᠩᠭᠤᠶ᠎ᠠ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠴᠢᠳᠠᠪᠤᠷᠢ ᠬᠦᠷᠦᠯᠴᠡᠬᠦ ᠦᠭᠡᠢ᠂ ᠰᠠᠭᠤᠷᠢ ᠲᠥᠬᠦ‌‍ᠭᠡᠷᠦᠮᠵᠢ ᠬᠤᠴᠣᠷᠤᠩᠭᠤᠢ᠂ ᠬᠢᠨᠠᠨ ᠬᠡᠮᠵᠢᠬᠦ ᠴᠢᠳᠠᠪᠤᠷᠢ ᠠᠨᠠᠢ ᠵᠡᠷᠭᠡ ᠠᠰᠠᠭᠤᠳᠠᠯ ᠨᠢ ᠪᠦᠬᠦ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠠᠵᠢᠯ ᠢ ᠰᠢᠭᠤᠳ ᠬᠢᠵᠠᠭᠠᠷᠯᠠᠵᠤ ᠪᠠᠶᠢᠨ᠎ᠠ᠃︾ ᠮᠥᠩᠬᠡ ᠰᠤᠷᠪᠤᠯᠵᠢᠯᠠᠭᠴᠢ ᠳᠤ ᠬᠡᠯᠡᠬᠦ ᠳᠡᠭᠡᠨ᠂ ᠣᠶᠢᠷ᠎ᠠ ᠶᠢᠨ ᠵᠢᠯ ᠳᠤ᠂ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢᠨ ᠭᠦᠨᠵᠡᠭᠡᠶᠢᠷᠡᠨ ᠠᠬᠢᠬᠤ ᠶᠢ ᠳᠠᠭᠠᠯᠳᠤᠨ᠂ ᠬᠦᠮᠦᠰ ᠤᠨ ᠵᠣᠷᠴᠢᠯᠳᠠ ᠪᠠ ᠣᠯᠠᠨ ᠤᠯᠤᠰ ᠤᠨ ᠠᠷᠠᠯᠵᠢᠶᠠᠨ ᠤ ᠶᠠᠪᠤᠯᠴᠠᠭ᠎ᠠ ᠤᠯᠠᠮ ᠣᠯᠠᠰᠢᠷᠠᠵᠤ᠂ ᠬᠢᠯᠢ ᠬᠢᠵᠠᠭᠠᠷ᠂ ᠪᠣᠭᠤᠮᠲᠠ ᠶᠢᠨ ᠣᠷᠣᠨ ᠤ ᠬᠠᠯᠳᠠᠪᠤᠷᠢᠲᠤ ᠡᠪᠡᠳᠴᠢᠨ ᠤ ᠬᠠᠯᠳᠠᠪᠤᠷᠢᠯᠠᠬᠤ ᠲᠦᠭᠰᠢᠭᠦᠷᠢ ᠡᠳᠦᠷ ᠢᠷᠡᠬᠦᠶ᠎ᠡ ᠨᠡᠮᠡᠭᠳᠡᠵᠦ᠂ ᠡᠵᠡᠨ᠎ᠡ ᠬᠤᠰᠢᠭᠤ ᠨᠢ ᠠᠶᠢᠮᠠᠭ ᠤᠨ ᠳᠦᠪ᠂  ᠣᠷᠣᠨ ᠤ ᠲᠥᠪ ᠪᠠ ᠣᠶᠢᠷ᠎ᠠ ᠬᠠᠪᠢ ᠶᠢᠨ ᠮᠤᠵᠢ ᠣᠷᠣᠨ ᠤ ᠲᠥᠪ ᠬᠤᠲᠠ ᠠᠴᠠ ᠨᠡᠯᠢᠶᠡᠳ ᠬᠤᠯᠠ ᠪᠠᠶᠢᠵᠤ᠂ ᠲᠤᠬᠠᠶ ᠶᠢᠨ ᠭᠠᠵᠠᠷ ᠤᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠳᠣᠭᠳᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠬᠤ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠠᠶᠢᠨ᠎ᠠ ᠬᠡᠪᠡ᠃       ᠮᠥᠩᠬᠡ ᠶᠢᠨ ᠲᠠᠨᠢᠯᠴᠠᠭᠤᠯᠤᠭᠰᠠᠨ ᠢᠶᠠᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠰᠣᠩᠭᠤᠭᠳᠠᠭᠰᠠᠨ ᠤ ᠳᠠᠷᠠᠭ᠎ᠠ᠂ ᠲᠡᠷᠡ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠭᠰᠠᠨ ᠰᠢ ᠶᠢᠨ ᠫᠢᠩ ᠶᠡᠷᠦᠩᠬᠡᠢ ᠱᠦᠵᠢ ᠳᠤ ᠨᠢᠭᠤᠷᠲᠠᠨ ᠬᠠᠷᠢᠭᠤ ᠮᠡᠳᠡᠭᠦᠯᠦᠯᠲᠡ ᠬᠢᠭᠰᠡᠨ ᠪᠥᠭᠡᠳ ᠶᠡᠭᠡ ᠬᠤᠷᠠᠯ ᠳᠤ 6 ᠵᠤᠷᠪᠤᠰ ᠰᠠᠨᠠᠭᠤᠯᠭ᠎ᠠ ᠳᠡᠪᠰᠢᠭᠦᠯᠵᠡᠢ᠃ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠳᠡᠭᠡᠷ᠎ᠡ᠂ ︽ᠬᠢᠯᠢ ᠬᠢᠵᠠᠭᠠᠷ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠳᠣᠭᠳᠠᠯᠴᠠᠭ᠎ᠠ ᠶᠢᠨ ᠪᠠᠶᠢᠭᠤᠯᠤᠯᠲᠠ ᠶᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠬᠤ︾ ᠳᠣᠬᠠᠢ ᠰᠠᠨᠠᠭᠤᠯᠭ᠎ᠠ ᠠᠴᠠ ᠭᠠᠳᠠᠨ᠎ᠠ᠂ ᠲᠡᠷᠡ ᠪᠠᠰᠠ ᠪᠠᠳᠠᠢ ᠶᠢᠨ ᠵᠢᠷᠠᠨ ᠤ ᠡᠯᠡᠰᠦᠨ ᠴᠦᠯ ᠢ ᠳᠡᠯᠡᠬᠡᠢ ᠶᠢᠨ ᠪᠠᠶᠢᠭᠠᠯᠢ ᠶᠢᠨ ᠥᠪ ᠢᠶᠠᠷ ᠮᠡᠳᠡᠭᠦᠯᠬᠦ ᠶᠢ ᠠᠬᠢᠭᠤᠯᠬᠤ ᠲᠤᠬᠠᠢ ᠰᠠᠨᠠᠭᠤᠯᠭ᠎ᠠ᠂ ᠬᠠᠷ᠎ᠠ ᠭᠤᠣᠯ ᠤᠨ ᠰᠠᠪᠠ ᠭᠠᠵᠠᠷ ᠤᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠬᠦ ᠶᠢ ᠬᠠᠤᠯᠢ ᠲᠣᠭᠲᠠᠭᠠᠬᠤ ᠲᠤᠬᠠᠢ ᠰᠠᠨᠠᠭᠤᠯᠭ᠎ᠠ ᠳᠡᠪᠰᠢᠭᠦᠯᠵᠡᠢ᠃ ︽ᠡᠲᠡᠭᠡᠷ ᠰᠠᠨᠠᠭᠤᠯᠭ᠎ᠠ ᠨᠢ ᠴᠥᠮ ᠠᠯᠠᠱᠠ ᠠᠶᠢᠮᠠᠭ ᠪᠣᠯᠤᠨ ᠡᠵᠡᠨ᠎ᠡ ᠬᠤᠰᠢᠭᠤᠨ ᠤ ᠠᠵᠤ ᠠᠬᠤᠶ ᠨᠡᠶᠢᠭᠡᠮ ᠤᠨ ᠬᠦᠭᠵᠢᠯᠳᠡ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠠᠷᠠᠳ ᠤᠨ ᠠᠮᠢᠳᠤᠷᠠᠯ ᠤᠨ ᠪᠣᠳᠠᠲᠤ ᠬᠡᠷᠡᠭᠴᠡᠭᠡ ᠳᠤ ᠰᠠᠭᠤᠷᠢᠯᠠᠵᠦ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠡᠲᠡᠭᠡᠳ ᠤᠨ ᠰᠠᠨᠠᠯ ᠢ ᠥᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ᠂ ᠠᠶᠢᠮᠠᠭ ᠤᠨ ᠨᠠᠮ ᠤᠨ ᠬᠤᠷᠢᠶ᠎ᠠ ᠠᠴᠠ ᠲᠤᠰᠬᠠᠶ ᠰᠡᠳᠦᠪ ᠢᠶᠠᠷ ᠰᠣᠳᠣᠯᠵᠦ ᠬᠠᠮᠤᠭ ᠤᠨ ᠡᠴᠦᠰ ᠲᠤ ᠳᠣᠭᠳᠠᠭᠠᠨ ᠳᠤᠷᠠᠳᠤᠭᠰᠠᠨ ᠶᠣᠮ᠃ ᠡᠨᠡ ᠨᠢ ᠪᠦᠷ ᠣᠷᠣᠨ ᠨᠤᠲᠤᠭ ᠤᠨ ᠪᠠᠴᠢᠮ ᠰᠢᠢᠳᠪᠦᠷᠢᠯᠡᠬᠦ ᠴᠢᠬᠤᠯᠠᠲᠠᠶ ᠪᠥᠭᠡᠳ ᠤᠯᠤᠰ ᠤᠨ ᠲᠠᠯ᠎ᠠ ᠠᠴᠠ ᠠᠬᠢᠭᠤᠯᠬᠤ ᠴᠢᠬᠤᠯᠠᠳᠠᠢ ᠴᠢᠬᠤᠯᠠ ᠶᠡᠭᠡ ᠠᠰᠠᠭᠤᠳᠠᠯ ᠪᠣᠯᠤᠨ᠎ᠠ᠃ ᠠᠯᠠᠱᠠ ᠶᠢᠨ ᠢᠷᠡᠭᠡᠳᠦᠢ ᠶᠢᠨ ᠬᠥᠭᠵᠢᠯᠲᠡ ᠳᠤ ᠲᠦᠢᠯ ᠤᠨ ᠴᠢᠬᠤᠯᠠ ᠶᠤᠮ᠃︾ ᠭᠡᠵᠦ ᠮᠥᠩᠬᠡ ᠬᠡᠯᠡᠪᠡ᠃       ᠮᠥᠩᠬᠡ᠂ ᠲᠠᠷᠠᠭᠠᠴᠢ ᠶᠢᠨ ᠠᠯᠬᠤᠮ ᠳᠤ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠣᠰᠣᠭᠠᠷ᠂ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠣᠷᠢᠵᠢᠭᠤᠯᠵᠦ᠂ ᠠᠯᠮᠠᠶᠢᠷᠠᠨ ᠬᠤᠶᠢᠷᠭᠤᠰᠢᠵᠦ ᠠᠵᠢᠯ ᠠᠴᠠ ᠬᠠᠯᠠᠰᠢᠷᠠᠬᠤ ᠦᠵᠡᠯ ᠰᠠᠨᠠᠭ᠎ᠠ ᠶᠢ ᠡᠷᠡᠰ ᠠᠷᠢᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠳᠣᠷᠣᠭᠰᠢᠯᠠᠭᠤᠯᠬᠤ ᠦᠭᠡᠢ᠂ ᠠᠷᠭ᠎ᠠ ᠬᠡᠮᠵᠢᠶ᠎ᠡ ᠶᠢ ᠪᠠᠭᠠᠰᠬᠠᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠴᠡᠭᠡ ᠪᠣᠭᠤᠮᠲᠠ ᠶᠢᠨ ︽ᠬᠢᠵᠢᠭ ᠭᠠᠳᠠᠭᠠᠳᠤ ᠠᠴᠠ ᠳᠠᠮᠵᠢᠨ ᠳᠠᠷᠬᠠᠬᠤ ᠶᠢ ᠰᠡᠷᠭᠡᠶᠢᠯᠡᠬᠦ︾ ᠠᠵᠢᠯ ᠢ ᠥᠴᠦᠬᠡᠨ ᠴᠦ ᠴᠠᠯᠠᠭᠠᠶᠢᠷᠠᠬᠤ ᠦᠬᠡᠢ ᠰᠠᠶᠢᠲᠤᠷ ᠠᠳᠬᠤᠵᠤ᠂ ᠬᠢᠵᠢᠭ ᠤᠨ ᠲᠦᠭᠰᠢᠭᠦᠷᠢ ᠶᠢ ᠡᠷᠡᠰ ᠬᠤᠷᠢᠭᠯᠠᠨ᠎ᠠ︔ ᠡᠭᠦᠨ ᠤ ᠬᠠᠮᠲᠤ ᠭᠤᠷᠪᠠᠨ ᠶᠡᠭᠡ ᠰᠢᠪᠳᠣᠯᠣᠯᠳᠠ  ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠢᠯᠠᠯᠲᠠ ᠣᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠨ᠎ᠠ ᠬᠡᠪᠡ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号