ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠪᠡᠬᠡᠵᠢᠩ ᠳᠤ ᠳᠡᠬᠦᠰᠪᠡ
ᠨᠡᠶᠢᠲᠡᠯᠡᠭᠰᠡᠨ ᠴᠠᠭ᠄
2020/5/29
     5 ᠰᠠᠷ᠎ᠠ ᠶᠢᠨ 28 ᠤ ᠡᠳᠤᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠪᠡᠬᠡᠵᠢᠩ ᠤᠨ ᠠᠷᠠᠳ ᠤᠨ ᠶᠡᠭᠡ ᠬᠤᠷᠠᠯ ᠤᠨ ᠳᠠᠩᠬᠢᠮ ᠳᠤ ᠳᠡᠬᠦᠰᠪᠡ᠃ ᠨᠠᠮ ᠪᠠ ᠲᠦᠷᠦ ᠶᠢᠨ ᠤᠳᠤᠷᠢᠳᠤᠯᠭ᠎ᠠ ᠰᠢ ᠶᠢᠨ ᠫᠢᠩ᠂ ᠯᠢ ᠺᠧ ᠴᠢᠶᠠᠩ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠨᠠᠷ ᠲᠡᠷᠢᠬᠦᠯᠡᠭᠴᠢᠳ ᠤᠨ ᠲᠠᠶᠢᠰᠠᠨ ᠳᠤ ᠰᠠᠭᠠᠳᠠᠵᠤ᠂ ᠯᠢ ᠵᠠᠨ ᠱᠦ ᠲᠠᠬᠦᠰᠬᠦ ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠵᠠᠢ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠬᠦᠳᠡᠷᠯᠡᠪᠡ
      5 ᠰᠠᠷ᠎ᠠ ᠶᠢᠨ 28 ᠤ ᠡᠳᠤᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠪᠡᠬᠡᠵᠢᠩ ᠤᠨ ᠠᠷᠠᠳ ᠤᠨ ᠶᠡᠭᠡ ᠬᠤᠷᠠᠯ ᠤᠨ ᠳᠠᠩᠬᠢᠮ ᠳᠤ ᠳᠡᠬᠦᠰᠪᠡ᠃ ᠶᠡᠭᠡ ᠬᠤᠷᠠᠯ ᠤᠨ ᠳᠡᠷᠢᠬᠦᠯᠡᠭᠴᠢᠳ ᠤᠨ ᠪᠦᠯᠬᠦᠮ ᠤᠨ ᠪᠠᠶᠢᠩᠭᠤ ᠶᠢᠨ ᠳᠡᠷᠢᠬᠦᠯᠡᠭᠴᠢ᠂ ᠬᠦᠢᠴᠡᠳᠬᠡᠭᠴᠢ ᠳᠡᠷᠢᠬᠦᠯᠡᠭᠴᠢ ᠯᠢ ᠵᠠᠨ ᠱᠦ ᠳᠡᠬᠦᠰᠬᠦ ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠵᠠᠢ᠃       ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠬᠦᠳᠡᠷᠯᠡᠪᠡ      ᠰᠢᠨᠬᠤᠸᠠ ᠬᠤᠷᠢᠶᠠᠨ ᠤ ᠪᠡᠬᠡᠵᠢᠩ ᠤᠨ 5 ᠰᠠᠷ᠎ᠠ ᠶᠢᠨ 28 ᠤ ᠴᠠᠬᠢᠯᠭᠠᠨ ᠮᠡᠳᠡᠭᠡ     ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠡᠯ᠎ᠡ ᠵᠦᠪᠯᠡᠬᠦ ᠵᠦᠢᠯ ᠢᠶᠠᠨ ᠳᠡᠬᠦᠰ ᠠᠮᠵᠢᠯᠳᠡ ᠲᠠᠢ ᠪᠡᠶᠡᠯᠡᠬᠦᠯᠦᠬᠡᠳ 28 ᠤ ᠦᠳᠡ ᠶᠢᠨ ᠬᠤᠶᠢᠨ᠎ᠠ ᠠᠷᠠᠳ ᠤᠨ ᠶᠡᠭᠡ ᠬᠤᠷᠠᠯ ᠤᠨ ᠳᠠᠩᠬᠢᠮ ᠳᠤ ᠳᠡᠬᠦᠰᠪᠡ᠃ ᠶᠡᠭᠡ ᠬᠤᠷᠠᠯ ᠠᠴᠠ ᠵᠠᠰᠠᠬ ᠤᠨ ᠤᠷᠳᠤᠨ ᠤ ᠠᠵᠢᠯ ᠤᠨ ᠢᠯᠡᠳᠬᠡᠯ᠂ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠬᠦᠯᠦᠯᠳᠡ ᠵᠡᠷᠬᠡ ᠶᠢ ᠵᠦᠪᠰᠢᠶᠡᠷᠡᠪᠡ᠃ ᠶᠡᠭᠡ ᠬᠤᠷᠠᠯ ᠠᠴᠠ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠬᠡᠨ ᠤ ᠬᠠᠤᠯᠢ ᠶᠢᠨ ᠪᠢᠴᠢᠭ︾ ᠢ ᠪᠠᠳᠤᠯᠠᠵᠥ᠂ ᠤᠯᠤᠰ ᠤᠨ ᠳᠡᠷᠢᠬᠦᠯᠡᠭᠴᠢ ᠰᠢ ᠶᠢᠨ ᠫᠢᠩ ᠲᠦᠴᠢᠨ ᠳᠠᠪᠤᠳᠤᠭᠠᠷ ᠳᠤᠭᠠᠳᠤ ᠳᠡᠷᠢᠬᠦᠯᠡᠭᠴᠢ ᠶᠢᠨ ᠵᠠᠷᠯᠢᠭ ᠲᠤ ᠭᠠᠷ ᠤᠨ ᠦᠰᠦᠭ ᠵᠢᠷᠤᠵᠥ ᠡᠨᠡᠬᠦ ᠬᠠᠤᠯᠢ ᠶᠢ ᠨᠡᠶᠢᠳᠡᠯᠡᠪᠡ᠃ ᠶᠡᠭᠡ ᠬᠤᠷᠠᠯ ᠠᠴᠠ ᠰᠢᠶᠠᠩᠭᠠᠩ ᠤᠨᠴᠠᠭᠠᠢ ᠵᠠᠰᠠᠬ ᠵᠠᠬᠢᠷᠭᠠᠨ ᠤ ᠤᠷᠤᠨ ᠤ ᠤᠯᠤᠰ ᠤᠨ ᠠᠮᠤᠷ ᠳᠦᠪᠰᠢᠨ ᠢ ᠬᠠᠮᠠᠭᠠᠯᠠᠬᠤ ᠬᠠᠤᠯᠢ ᠳᠦᠷᠢᠮ ᠪᠠ ᠬᠡᠷᠡᠭᠵᠢᠬᠦᠯᠬᠦ ᠳᠤᠬᠳᠠᠴᠠ ᠶᠢ ᠪᠠᠶᠢᠭᠤᠯᠤᠨ ᠪᠦᠷᠢᠨᠰᠢᠬᠦᠯᠬᠦ ᠳᠤᠬᠠᠢ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠳᠤᠬᠳᠠᠭᠠᠯ ᠢ ᠪᠠᠳᠤᠯᠠᠪᠠ᠃      ᠳᠡᠬᠦᠰᠬᠦ ᠬᠤᠷᠠᠯ ᠢ ᠶᠡᠭᠡ ᠬᠤᠷᠠᠯ ᠤᠨ ᠳᠡᠷᠢᠬᠦᠯᠡᠭᠴᠢᠳ ᠤᠨ ᠪᠦᠯᠬᠦᠮ ᠤᠨ ᠪᠠᠶᠢᠩᠭᠤ ᠶᠢᠨ ᠳᠡᠷᠢᠬᠦᠯᠡᠭᠴᠢ᠂ ᠬᠦᠢᠴᠡᠳᠬᠡᠭᠴᠢ ᠳᠡᠷᠢᠬᠦᠯᠡᠭᠴᠢ ᠯᠢ ᠵᠠᠨ ᠱᠦ ᠡᠷᠬᠢᠯᠡᠪᠡ᠃ ᠶᠡᠭᠡ ᠬᠤᠷᠠᠯ ᠤᠨ ᠳᠡᠷᠢᠬᠦᠯᠡᠭᠴᠢᠳ ᠤᠨ ᠪᠦᠯᠬᠦᠮ ᠤᠨ ᠪᠠᠶᠢᠩᠭᠤ ᠶᠢᠨ ᠳᠡᠷᠢᠬᠦᠯᠡᠭᠴᠢ᠂ ᠬᠦᠢᠴᠡᠳᠬᠡᠭᠴᠢ ᠳᠡᠷᠢᠬᠦᠯᠡᠭᠴᠢ ᠸᠠᠩ ᠴᠧᠨ᠂ ᠼᠤᠤ ᠵᠢᠶᠠᠨ ᠮᠢᠩ᠂ ᠵᠠᠩ ᠴᠦᠨ ᠰᠢᠶᠠᠨ᠂ ᠱᠧᠨ ᠶᠤᠸᠠᠢ ᠶᠤᠸᠠᠢ᠂ ᠵᠢᠢ ᠪᠢᠩ ᠰᠢᠤᠸᠠᠨ᠂ ᠡ᠋ᠶᠢᠯᠢᠭᠧᠩ · ᠢᠮᠢᠩᠪᠠᠭ᠋ᠠᠢ᠂ ᠸᠠᠠ ᠡᠸ᠋ ᠰᠢᠶᠠᠩ᠂ ᠴᠸᠠ ᠵᠦ᠂ ᠸᠠᠩ ᠳ᠋ᠦᠩ ᠮᠢᠩ᠂ ᠪᠠᠳᠮᠠᠫᠧᠷᠠᠩᠯᠠᠢ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠦ᠋ ᠸᠧᠢ ᠬᠤᠸᠠ᠂ ᠶᠠᠩ ᠵᠧᠨ ᠡᠤ ᠳᠡᠷᠢᠬᠦᠯᠡᠭᠴᠢᠳ ᠤᠨ ᠳᠠᠶᠢᠰᠠᠨ ᠤ ᠬᠦᠢᠴᠡᠳᠬᠡᠭᠴᠢ ᠳᠡᠷᠢᠬᠦᠯᠡᠭᠴᠢ ᠶᠢᠨ ᠰᠠᠭᠤᠳᠠᠯ ᠳᠤ ᠰᠠᠭᠠᠳᠠᠪᠠ᠃      ᠰᠢ ᠶᠢᠨ ᠫᠢᠩ᠂ ᠯᠢ ᠺᠧ ᠴᠢᠶᠠᠩ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠪᠤᠯᠤᠨ ᠶᠡᠭᠡ ᠬᠤᠷᠡᠯ ᠤᠨ ᠲᠡᠷᠢᠬᠦᠯᠡᠭᠴᠢᠳ ᠤᠨ ᠪᠦᠯᠬᠦᠮ ᠤᠨ ᠪᠦᠷᠢᠯᠳᠦᠬᠦᠨ ᠲᠡᠷᠢᠬᠦᠯᠡᠭᠴᠢᠳ ᠤᠨ ᠲᠠᠶᠢᠰᠠᠨ ᠳᠤ ᠰᠠᠭᠠᠳᠠᠵᠠᠢ᠃      ᠬᠤᠷᠡᠯ ᠳᠤ ᠤᠷᠤᠯᠴᠠᠬᠤ ᠶᠤᠰᠤᠳᠠᠢ ᠲᠦᠯᠥᠬᠡᠯᠡᠭᠴᠢ 2956 ᠬᠦᠮᠥᠨ᠂ 2886 ᠬᠦᠮᠥᠨ ᠬᠤᠷᠠᠯ ᠳᠤ ᠤᠷᠤᠯᠴᠠᠵᠥ᠂ 70 ᠬᠦᠮᠥᠨ ᠤᠷᠤᠯᠴᠠᠬᠰᠠᠠ ᠦᠬᠡᠢ᠂ ᠬᠤᠷᠡᠯ ᠳᠤ ᠤᠷᠤᠯᠴᠠᠬᠰᠠᠠ ᠬᠦᠮᠥᠨ ᠤ ᠲᠤᠭ᠎ᠠ ᠬᠠᠤᠯᠢ ᠳᠤ ᠲᠤᠭᠳᠠᠭᠠᠭᠰᠠᠠ ᠬᠦᠮᠥᠨ ᠤ ᠲᠤᠭ᠎ᠠ ᠳᠤ ᠨᠡᠶᠢᠴᠡᠪᠡ᠃      ᠦᠳᠡ ᠶᠢᠨ ᠬᠤᠶᠢᠨᠡᠬᠢ 3 ᠴᠠᠭ ᠲᠤ ᠯᠢ ᠵᠠᠨ ᠱᠦ ᠬᠤᠷᠡᠯ ᠡᠬᠢᠯᠡᠭᠰᠡᠡ ᠢ ᠵᠠᠷᠯᠠᠪᠠ᠃      ᠬᠤᠷᠡᠯ ᠠᠴᠠ ᠪᠠᠳᠤᠯᠠᠯᠳᠠ ᠬᠢᠬᠦ ᠪᠠᠷ ᠲᠡᠮᠵᠢᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠤᠨ ᠲᠤᠬᠠᠢ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠭᠤᠷᠪᠠᠳᠤᠭᠠᠷ ᠬᠤᠷᠡᠯ ᠤᠨ ᠰᠢᠢᠳᠪᠤᠷᠢ ᠶᠢ ᠪᠠᠳᠤᠯᠠᠪᠠ᠃ ᠰᠢᠢᠳᠪᠤᠷᠢ ᠳᠤ᠂ ᠬᠤᠷᠡᠯ ᠠᠴᠠ ᠲᠦᠷᠦ ᠶᠢᠨ ᠶᠠᠪᠤᠳᠠᠯ ᠤᠨ ᠬᠤᠷᠢᠶᠡᠨ ᠤ ᠦᠩᠬᠡᠷᠡᠭᠰᠡᠡ ᠵᠢᠯ ᠭᠠᠷᠤᠢ ᠶᠢᠨ ᠠᠵᠢᠯ ᠢ ᠬᠦᠢᠴᠡᠳ ᠨᠤᠳᠠᠯᠠᠵᠥ᠂ ᠢᠯᠡᠳᠬᠡᠯ ᠳᠤ ᠲᠤᠷᠠᠳᠤᠭᠰᠠᠠ 2020 ᠤᠨ ᠤ ᠠᠵᠥ ᠠᠬᠤᠢ ᠨᠡᠶᠢᠬᠡᠮ ᠤᠨ ᠬᠦᠭᠵᠢᠯᠳᠡ ᠶᠢᠨ ᠶᠡᠷᠤᠩᠬᠡᠢ ᠱᠠᠭᠠᠷᠳᠠᠯᠭ᠎ᠠ᠂ ᠭᠤᠤᠯ ᠬᠠᠷᠠᠯᠳᠡ ᠪᠤᠯᠤᠨ ᠭᠤᠤᠯᠳᠠᠯᠭᠠᠳᠤ ᠡᠬᠦᠷᠬᠡ ᠶᠢ ᠵᠦᠪᠰᠢᠶᠡᠷᠡᠵᠥ᠂ ᠲᠤᠰ ᠢᠯᠡᠳᠬᠡᠯ ᠢ ᠵᠦᠪᠰᠢᠶᠡᠷᠡᠬᠦ ᠪᠠᠷ ᠲᠤᠭᠳᠠᠵᠠᠢ ᠭᠡᠪᠡ᠃       ᠬᠤᠷᠡᠯ ᠠᠴᠠ ᠪᠠᠳᠤᠯᠠᠯᠳᠠ ᠬᠢᠬᠦ ᠪᠠᠷ ᠲᠠᠮᠵᠢᠨ ᠢᠷᠬᠡᠨ ᠤ ᠬᠠᠤᠯᠢ ᠶᠢᠨ ᠪᠢᠴᠢᠭ ᠢ ᠪᠠᠳᠤᠯᠠᠪᠠ᠃ ᠢᠷᠬᠡᠨ ᠤ ᠬᠠᠤᠯᠢ ᠶᠢᠨ ᠪᠢᠴᠢᠭ ᠢ 2021 ᠤᠨ ᠤ 1 ᠰᠠᠷ᠎ᠠ ᠶᠢᠨ 1 ᠤ ᠡᠳᠤᠷ ᠠᠴᠠ ᠡᠬᠢᠯᠡᠨ ᠬᠡᠷᠡᠭᠵᠢᠬᠦᠯᠥᠨ᠎ᠡ᠃       ᠬᠤᠷᠡᠯ ᠠᠴᠠ ᠪᠠᠳᠤᠯᠠᠯᠳᠠ ᠬᠢᠬᠦ ᠪᠠᠷ ᠲᠠᠮᠵᠢᠨ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠤᠷᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠲᠦᠷᠢᠮ ᠪᠠ ᠬᠡᠷᠡᠭᠵᠢᠬᠦᠯᠬᠦ ᠲᠤᠭᠳᠠᠴᠠ ᠶᠢ ᠪᠠᠶᠢᠭᠤᠯᠤᠨ ᠪᠦᠷᠢᠨᠰᠢᠬᠦᠯᠬᠦ ᠲᠤᠬᠠᠢ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠲᠤᠭᠳᠠᠭᠠᠯ ᠢ ᠪᠠᠳᠤᠯᠠᠪᠠ᠃ ᠲᠤᠭᠳᠠᠭᠠᠯ ᠢ ᠨᠡᠶᠢᠳᠡᠯᠡᠭᠰᠡᠡ ᠡᠳᠤᠷ ᠠᠴᠠ ᠡᠬᠢᠯᠡᠨ ᠬᠡᠷᠡᠭᠵᠢᠬᠦᠯᠥᠨ᠎ᠡ᠃       ᠬᠤᠷᠡᠯ ᠠᠴᠠ 2019 ᠤᠨ ᠤ ᠤᠯᠤᠰ ᠠᠷᠠᠳ ᠤᠨ ᠠᠵᠥ ᠠᠬᠤᠢ ᠪᠤᠯᠤᠨ ᠨᠡᠶᠢᠬᠡᠮ ᠤᠨ ᠬᠦᠭᠵᠢᠯᠳᠡ ᠶᠢᠨ ᠲᠦᠯᠥᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠬᠡᠳ 2020 ᠤᠨ ᠤ ᠤᠯᠤᠰ ᠠᠷᠠᠳ ᠤᠨ ᠠᠵᠥ ᠠᠬᠤᠢ ᠪᠤᠯᠤᠨ ᠨᠡᠶᠢᠬᠡᠮ ᠤᠨ ᠬᠦᠭᠵᠢᠯᠳᠡ ᠶᠢᠨ ᠲᠦᠯᠥᠪᠯᠡᠭᠡ ᠶᠢᠨ ᠲᠤᠬᠠᠢ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠭᠤᠷᠪᠠᠳᠤᠭᠠᠷ ᠬᠤᠷᠡᠯ ᠤᠨ ᠰᠢᠢᠳᠪᠤᠷᠢ ᠶᠢ ᠪᠠᠳᠤᠯᠠᠵᠥ᠂ 2019 ᠤᠨ ᠤ ᠤᠯᠤᠰ ᠠᠷᠠᠳ ᠤᠨ ᠠᠵᠥ ᠠᠬᠤᠢ ᠪᠤᠯᠤᠨ ᠨᠡᠶᠢᠬᠡᠮ ᠤᠨ ᠬᠦᠭᠵᠢᠯᠳᠡ ᠶᠢᠨ ᠲᠦᠯᠥᠪᠯᠡᠭᠡ ᠶᠢ ᠬᠡᠷᠡᠭᠵᠢᠬᠦᠯᠥᠭᠰᠡᠡ ᠪᠠᠶᠢᠳᠠᠯ ᠬᠢᠬᠡᠳ 2020 ᠤᠨ ᠤ ᠤᠯᠤᠰ ᠠᠷᠠᠳ ᠤᠨ ᠠᠵᠥ ᠠᠬᠤᠢ ᠪᠤᠯᠤᠨ ᠨᠡᠶᠢᠬᠡᠮ ᠤᠨ ᠬᠦᠭᠵᠢᠯᠳᠡ ᠶᠢᠨ ᠲᠦᠯᠥᠪᠯᠡᠭᠡ ᠶᠢᠨ ᠲᠦᠰᠦᠯ ᠤᠨ ᠲᠤᠬᠠᠢ ᠮᠡᠳᠡᠬᠦᠯᠥᠯᠳᠡ ᠶᠢ ᠵᠦᠪᠰᠢᠶᠡᠷᠡᠬᠦ ᠪᠠᠷ ᠲᠤᠭᠳᠠᠵᠥ᠂ 2020 ᠤᠨ ᠤ ᠤᠯᠤᠰ ᠠᠷᠠᠳ ᠤᠨ ᠠᠵᠥ ᠠᠬᠤᠢ ᠪᠤᠯᠤᠨ ᠨᠡᠶᠢᠬᠡᠮ ᠤᠨ ᠬᠦᠭᠵᠢᠯᠳᠡ ᠶᠢᠨ ᠲᠦᠯᠥᠪᠯᠡᠭᠡ ᠶᠢ ᠵᠦᠪᠰᠢᠶᠡᠷᠡᠪᠡ︔ 2019 ᠤᠨ ᠤ ᠲᠦᠪ ᠤᠨ ᠪᠡ ᠤᠷᠤᠨ ᠨᠤᠳᠤᠭ ᠤᠨ ᠲᠦᠰᠦᠪ ᠢ ᠬᠡᠷᠡᠭᠵᠢᠭᠦᠯᠦᠭᠰᠡᠡ ᠪᠠᠶᠢᠳᠠᠯ ᠬᠢᠬᠡᠳ 2020 ᠤᠨ ᠤ ᠲᠦᠪ ᠤᠨ ᠪᠡ ᠤᠷᠤᠨ ᠨᠤᠳᠤᠭ ᠤᠨ ᠲᠦᠰᠦᠪ ᠤᠨ ᠲᠤᠬᠠᠢ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠭᠤᠷᠪᠠᠳᠤᠭᠠᠷ ᠬᠤᠷᠡᠯ ᠤᠨ ᠰᠢᠢᠳᠪᠤᠷᠢ ᠶᠢ ᠪᠠᠳᠤᠯᠠᠵᠥ᠂ 2019 ᠤᠨ ᠤ ᠲᠦᠪ ᠤᠨ ᠪᠡ ᠤᠷᠤᠨ ᠨᠤᠳᠤᠭ ᠤᠨ ᠲᠦᠰᠦᠪ ᠢ ᠬᠡᠷᠡᠭᠵᠢᠭᠦᠯᠦᠭᠰᠡᠡ ᠪᠠᠶᠢᠳᠠᠯ ᠬᠢᠬᠡᠳ 2020 ᠤᠨ ᠤ ᠲᠦᠪ ᠤᠨ ᠪᠡ ᠤᠷᠤᠨ ᠨᠤᠳᠤᠭ ᠤᠨ ᠲᠦᠰᠦᠪ ᠤᠨ ᠲᠦᠰᠦᠯ ᠤᠨ ᠲᠤᠬᠠᠢ ᠮᠡᠳᠡᠬᠦᠯᠥᠯᠳᠡ ᠶᠢ ᠵᠦᠪᠰᠢᠶᠡᠷᠡᠬᠦ ᠪᠠᠷ ᠲᠤᠭᠳᠠᠵᠥ᠂ 2020 ᠤᠨ ᠤ ᠲᠦᠪ ᠤᠨ ᠲᠦᠰᠦᠪ ᠢ ᠵᠦᠪᠰᠢᠶᠡᠷᠡᠪᠡ᠃       ᠬᠤᠷᠠᠯ ᠠᠴᠠ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠠ ᠤ ᠠᠵᠢᠯ ᠤᠨ ᠮᠡᠳᠡᠭᠦᠯᠤᠯᠳᠡ ᠶᠢᠨ ᠲᠤᠬᠠᠢ ᠠᠷᠪᠠᠠ ᠭᠤᠷᠪᠠᠲᠤᠭᠠᠷ ᠬᠤᠭᠤᠴᠠᠭᠠᠠ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠲᠤᠭᠠᠷ ᠬᠤᠷᠠᠯ ᠤᠨ ᠰᠢᠢᠳᠪᠦᠷᠢ ᠶᠢ ᠪᠠᠲᠤᠯᠠᠪᠠ᠃ ᠰᠢᠢᠳᠪᠦᠷᠢ ᠳᠤ᠂ ᠬᠤᠷᠠᠯ ᠠᠴᠠ ᠠᠷᠪᠠᠠ ᠭᠤᠷᠪᠠᠲᠤᠭᠠᠷ ᠬᠤᠭᠤᠴᠠᠭᠠᠠ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠲᠤᠭᠠᠷ ᠬᠤᠷᠠᠯ ᠠᠴᠠ ᠨᠠᠰᠢᠬᠢ ᠪᠠᠶᠢᠩᠭᠤ ᠶᠢᠨ ᠬᠤᠷᠢᠶᠠᠠ ᠤ ᠠᠵᠢᠯ ᠢ ᠬᠦᠢᠴᠡᠳ ᠨᠤᠲᠠᠯᠠᠵᠦ᠂ ᠮᠡᠳᠡᠭᠦᠯᠤᠯᠳᠡ ᠳᠤ ᠲᠤᠷᠠᠲᠤᠭᠰᠠᠠ ᠬᠤᠶᠢᠰᠢᠲᠠ ᠶᠢᠨ ᠨᠢᠭᠡ ᠬᠤᠭᠤᠴᠠᠭᠠᠠ ᠤ ᠭᠤᠤᠯ ᠡᠬᠦᠷᠭᠡ ᠪᠤᠯᠤᠨ ᠠᠵᠢᠯ ᠤᠨ ᠲᠤᠬᠢᠷᠠᠭᠤᠯᠤᠯᠲᠠ ᠶᠢ ᠵᠦᠪᠰᠢᠶᠡᠷᠡᠵᠦ᠂ ᠡᠨᠡᠬᠦ ᠮᠡᠳᠡᠬᠦᠯᠦᠯᠳᠡ ᠶᠢ ᠵᠦᠪᠰᠢᠶᠡᠷᠡᠬᠦ ᠪᠠᠷ ᠲᠤᠭᠲᠠᠵᠠᠢ᠃       ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ ᠠᠷᠠᠳ ᠤᠨ ᠲᠡᠭᠡᠲᠦ ᠰᠢᠭᠦᠬᠦ ᠬᠤᠷᠢᠶᠠᠨ ᠤ ᠠᠵᠢᠯ ᠤᠨ ᠮᠡᠲᠡᠭᠦᠯᠦᠯᠲᠡ᠂ ᠠᠷᠠᠳ ᠤᠨ ᠲᠡᠭᠡᠲᠦ ᠪᠠᠶᠢᠴᠠᠭᠠᠬᠤ ᠬᠤᠷᠢᠶᠠᠠ ᠤ ᠠᠵᠢᠯ ᠤᠨ ᠮᠡᠲᠡᠭᠦᠯᠦᠯᠲᠡ ᠶᠢᠨ ᠲᠤᠬᠠᠢ ᠠᠷᠪᠠᠠ ᠭᠤᠷᠪᠠᠲᠤᠭᠠᠷ ᠬᠤᠭᠤᠴᠠᠭᠠᠠ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠲᠤᠭᠠᠷ ᠬᠤᠷᠠᠯ ᠤᠨ ᠰᠢᠢᠳᠪᠦᠷᠢ ᠶᠢ ᠪᠠᠲᠤᠯᠠᠵᠦ᠂ ᠡᠨᠡ ᠬᠤᠶᠠᠷ ᠮᠡᠲᠡᠭᠦᠯᠦᠯᠲᠡ ᠶᠢ ᠵᠦᠪᠰᠢᠶᠡᠷᠡᠬᠦ ᠪᠠᠷ ᠲᠤᠭᠲᠠᠵᠠᠢ᠃       ᠬᠤᠷᠠᠯ ᠠᠴᠠ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠠᠴᠠ ᠹᠧᠩ ᠵᠦᠩ ᠬᠤᠸᠠ ᠶᠢᠨ ᠠᠷᠪᠠᠠ ᠭᠤᠷᠪᠠᠲᠤᠭᠠᠷ ᠬᠤᠭᠤᠴᠠᠭᠠᠠ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠠ ᠤ ᠭᠡᠰᠢᠭᠦᠨ ᠤ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠬᠦᠯᠢᠶᠠᠠ ᠠᠪᠬᠤ ᠶᠢ ᠨᠤᠲᠠᠯᠠᠬᠤ ᠲᠤᠬᠠᠢ ᠠᠷᠪᠠᠠ ᠭᠤᠷᠪᠠᠲᠤᠭᠠᠷ ᠬᠤᠭᠤᠴᠠᠭᠠᠠ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠲᠤᠭᠠᠷ ᠬᠤᠷᠠᠯ ᠤᠨ ᠲᠤᠭᠲᠠᠭᠠᠯ ᠢ ᠪᠠᠲᠤᠯᠠᠵᠠᠢ᠃       ᠲᠠᠷᠠᠭ᠎ᠠ ᠨᠢ ᠯᠢ ᠵᠠᠠ ᠱᠦ ᠶᠠᠷᠢᠶ᠎ᠠ ᠲᠠᠯᠪᠢᠪᠠ᠃ ᠲᠡᠷᠡ᠂ ᠠᠷᠪᠠᠠ ᠭᠤᠷᠪᠠᠲᠤᠭᠠᠷ ᠬᠤᠭᠤᠴᠠᠭᠠᠠ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠲᠤᠭᠠᠷ ᠬᠤᠷᠠᠯ ᠡᠯ᠎ᠠ ᠵᠦᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠤ᠂ ᠨᠢᠭᠡ ᠤᠲᠠᠭ᠎ᠠ ᠶᠢᠨ ᠠᠷᠠᠳᠴᠢᠯᠠᠯ ᠲᠠᠢ᠂ ᠪᠦᠯᠬᠦᠮᠲᠡᠯ ᠲᠠᠢ᠂ ᠪᠤᠲᠠᠲᠠᠢ ᠶᠢ ᠡᠷᠬᠢᠮᠯᠡᠭᠰᠡᠡ᠂ ᠤᠷᠤᠭᠰᠢᠯᠠᠠ ᠲᠠᠪᠰᠢᠭᠰᠠᠠ ᠶᠡᠭᠡ ᠬᠤᠷᠠᠯ ᠪᠤᠯᠤᠭᠰᠠᠨ ᠪᠠᠶᠢᠨ᠎ᠠ᠃ ᠬᠤᠷᠠᠯ ᠠᠴᠠ ᠦᠩᠭᠡᠷᠡᠭᠰᠡᠡ ᠵᠢᠯ ᠭᠠᠷᠤᠢ ᠶᠢᠨ ᠲᠤᠷᠰᠢᠬᠢ ᠨᠠᠮ ᠪᠠ ᠤᠯᠤᠰ ᠤᠨ ᠠᠵᠢᠯ ᠢ ᠲᠡᠭᠡᠲᠦ ᠬᠡᠮᠵᠢᠶ᠎ᠠ ᠪᠠᠷ ᠦᠨᠡᠯᠡᠪᠡ᠃ ᠲᠦᠯᠦᠭᠡᠯᠡᠭᠴᠢᠳ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠠᠠ ᠤ ᠪᠠᠳᠦ ᠴᠢᠩᠭ᠎ᠠ ᠤᠲᠤᠷᠢᠲᠤᠯᠭ᠎ᠠ ᠲᠤᠤᠷ᠎ᠠ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠠᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠵᠢᠯᠤᠭᠤᠲᠤᠯᠭ᠎ᠠ ᠲᠤᠤᠷ᠎ᠠ᠂ ᠨᠠᠮ ᠤᠨ ᠲᠦᠪ ᠬᠤᠷᠢᠶᠠᠠ ᠤ ᠰᠢᠢᠳᠪᠦᠷᠢᠲᠦ ᠪᠤᠲᠤᠯᠭ᠎ᠠ ᠪᠠᠶᠢᠷᠢᠯᠠᠭᠤᠯᠤᠯᠲᠠ ᠶᠤᠰᠤᠭᠠᠷ ᠪᠦᠬᠦ ᠨᠠᠮ ᠪᠦᠬᠦ ᠤᠯᠤᠰ ᠤᠨ ᠦᠨᠲᠦᠰᠦᠲᠡᠡ ᠨᠦᠭᠦᠳ ᠤᠨ ᠠᠷᠠᠳ ᠲᠦᠮᠡᠡ ᠨᠢᠭᠲᠠᠷᠠᠠ ᠪᠦᠯᠬᠦᠮᠲᠡᠵᠦ᠂ ᠬᠦᠴᠢᠷ ᠪᠡᠷᠬᠡ ᠶᠢ ᠲᠤᠭᠤᠯᠤᠨ ᠨᠠᠮ ᠪᠠ ᠤᠯᠤᠰ ᠤᠨ ᠦᠢᠯᠡᠰ ᠤᠨ ᠬᠦᠭᠵᠢᠯᠲᠠ ᠶᠢᠨ ᠴᠢᠬᠤᠯᠠ ᠶᠡᠭᠡ ᠰᠢᠨ᠎ᠠ ᠠᠮᠵᠢᠯᠲᠠ ᠪᠦᠲᠦᠮᠵᠢ ᠤᠯᠬᠤ ᠶᠢ ᠠᠬᠢᠭᠤᠯᠵᠠᠢ᠃ ᠰᠢᠨ᠎ᠠ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠳᠡᠯᠭᠡᠷᠡᠭᠰᠡᠨ ᠤ ᠲᠠᠷᠠᠭ᠎ᠠ᠂ ᠰᠢ ᠶᠢᠨ ᠫᠢᠩ ᠶᠡᠷᠦᠩᠭᠡᠢ ᠱᠦᠵᠢ ᠪᠡᠶᠡᠴᠢᠯᠡᠨ ᠵᠢᠯᠤᠭᠤᠳᠤᠨ ᠪᠡᠶᠡᠴᠢᠯᠡᠨ ᠪᠠᠶᠢᠷᠢᠯᠠᠭᠤᠯᠵᠦ᠂ ᠰᠠᠷ᠎ᠠ ᠭᠠᠷᠤᠢ ᠶᠢᠨ ᠬᠤᠭᠤᠴᠠᠭ᠎ᠠ ᠬᠡᠷᠡᠭᠰᠡᠨ ᠬᠢᠵᠢᠭ ᠤᠨ ᠲᠡᠯᠭᠡᠷᠡᠬᠦ ᠪᠠᠶᠢᠲᠠᠯ ᠢ ᠠᠩᠬ᠎ᠠ ᠠᠯᠬᠤᠮ ᠬᠢᠵᠠᠭᠠᠷᠯᠠᠵᠦ᠂ 2 ᠰᠠᠷ᠎ᠠ ᠭᠠᠷᠤᠢ ᠶᠢᠨ ᠬᠤᠭᠤᠴᠠᠭ᠎ᠠ ᠬᠡᠷᠡᠭᠰᠡᠨ ᠲᠤᠰ ᠭᠠᠵᠠᠷ ᠤᠨ ᠡᠲᠦᠷ ᠪᠦᠷᠢ ᠶᠢᠨ ᠰᠢᠨ᠎ᠠ ᠪᠠᠷ ᠨᠡᠮᠡᠭᠲᠡᠬᠦ ᠡᠪᠡᠳᠴᠢᠨ ᠤ ᠵᠢᠱᠢᠶ᠎ᠠ ᠶᠢ ᠨᠢᠭᠡ ᠤᠷᠤᠨᠲᠤ ᠲᠤᠭ᠎ᠠ ᠲᠤᠲᠤᠷ᠎ᠠ ᠬᠢᠵᠠᠭᠠᠷᠯᠠᠵᠦ᠂ 3 ᠰᠠᠷ᠎ᠠ ᠭᠠᠷᠤᠢ ᠶᠢᠨ ᠬᠤᠭᠤᠴᠠᠭ᠎ᠠ ᠬᠡᠷᠡᠭᠰᠡᠨ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠴᠢᠬᠤᠯᠠ ᠶᠡᠭᠡ ᠪᠠᠶᠢᠯᠲᠤᠬᠤ ᠪᠤᠲᠤᠯᠭ᠎ᠠ ᠶᠢᠨ ᠦᠷ᠎ᠡ ᠪᠦᠳᠦᠭᠡᠯ ᠤᠯᠵᠠᠢ᠃ ᠮᠠᠠ ᠤ ᠤᠯᠤᠰ ᠰᠢᠭ᠋ 14 ᠳ᠋ᠦᠩᠰᠢᠭᠤᠷ ᠬᠦᠮᠦᠨ ᠠᠮᠠ ᠲᠠᠢ ᠲᠤᠮᠤ ᠤᠯᠤᠰ ᠲᠤ ᠠᠪᠴᠤ ᠬᠡᠯᠡᠪᠡᠯ ᠡᠨᠡᠬᠦ ᠠᠮᠵᠢᠯᠲᠠ ᠪᠦᠲᠦᠮᠵᠢ ᠨᠢ ᠲᠡᠶᠢᠮᠦ ᠬᠢᠯᠪᠠᠷᠬᠠᠨ ᠢᠶᠠᠷ ᠢᠷᠡᠭᠰᠡᠡ ᠪᠢᠰᠢ᠃ ᠡᠨᠡ ᠪᠤᠯ ᠲᠤᠮᠲᠠᠲᠤ ᠤᠯᠤᠰ ᠤᠨ ᠠᠷᠠᠳ ᠲᠦᠮᠠᠠ ᠤ ᠪᠠᠭᠠᠲᠤᠷᠯᠢᠭ ᠦᠢᠯᠡ ᠠᠵᠢᠯᠯᠠᠭ᠎ᠠ ᠮᠦᠨ᠂ ᠡᠨᠡ ᠪᠤᠯ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠬᠦᠴᠤᠨ ᠮᠦᠨ ᠭᠡᠪᠡ᠃      ᠯᠢ ᠵᠠᠨ ᠱᠦ᠂ ᠬᠤᠷᠠᠯ ᠠᠴᠠ ᠵᠠᠰᠠᠬ ᠤᠨ ᠤᠷᠳᠤᠨ ᠤ ᠠᠵᠢᠯ ᠤᠨ ᠢᠯᠡᠳᠬᠡᠯ ᠪᠤᠯᠤᠨ ᠪᠤᠰᠤᠳ ᠮᠡᠳᠡᠬᠦᠯᠤᠯᠳᠠ ᠶᠢ ᠬᠢᠨᠠᠨ ᠵᠦᠪᠯᠡᠵᠦ ᠵᠦᠪᠰᠢᠶᠡᠷᠡᠨ᠂ ᠬᠤᠶᠢᠰᠢᠳᠠ ᠶᠢᠨ ᠨᠢᠬᠡ ᠬᠤᠭᠤᠴᠠᠭᠠᠨ ᠤ ᠠᠵᠢᠯ ᠳᠤ ᠪᠠᠶᠢᠷᠢᠯᠠᠭᠤᠯᠤᠯᠳᠠ ᠬᠢᠵᠠᠢ᠃ ᠪᠢᠳᠠ ᠶᠡᠭᠡ ᠬᠤᠷᠠᠯ ᠤᠨ ᠵᠤᠷᠢᠬ ᠰᠠᠨᠠᠭ᠎ᠠ ᠶᠢ ᠨᠠᠷᠢᠨ ᠬᠢᠨᠠᠮᠠᠭᠠᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠬᠠᠤᠯᠢ ᠶᠤᠰᠤᠭᠠᠷ ᠲᠤᠰᠢᠶᠠᠯ ᠢᠶᠠᠨ ᠬᠦᠢᠴᠡᠳᠬᠡᠨ ᠡᠭᠦᠷᠭᠡ ᠬᠠᠷᠢᠭᠤᠴᠠᠯᠭ᠎ᠠ ᠡᠭᠦᠷᠬᠡᠯᠡᠵᠦ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠤ ᠠᠬᠤᠢ ᠨᠡᠶᠢᠬᠡᠮ ᠤᠨ ᠬᠦᠭᠵᠢᠯᠳᠠ ᠶᠢᠨ ᠠᠵᠢᠯ ᠢ ᠨᠢᠬᠡᠳᠤᠯᠳᠠᠢ ᠲᠦᠯᠤᠪᠵᠢᠬᠦᠯᠤᠨ ᠠᠬᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ ᠰᠢᠢᠳᠪᠤᠷᠢᠳᠤ ᠢᠯᠠᠯᠳᠠ ᠶᠢ ᠤᠯᠬᠤ ᠬᠠᠷᠠᠯᠳᠠ ᠡᠬᠦᠷᠬᠡ ᠶᠢ ᠪᠡᠶᠡᠯᠡᠬᠦᠯᠬᠦ ᠶᠢ ᠪᠠᠳᠤᠯᠠᠨ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠡᠷᠡᠭᠳᠠᠢ ᠭᠡᠪᠡ᠃      ᠯᠢ ᠵᠠᠨ ᠱᠦ᠂ ᠬᠤᠷᠠᠯ ᠠᠴᠠ ᠬᠢᠨᠠᠨ ᠵᠦᠪᠯᠡᠵᠦ ᠪᠠᠳᠤᠯᠠᠬᠰᠠᠨ ᠢᠷᠬᠡᠨ ᠤ ᠬᠠᠤᠯᠢ ᠶᠢᠨ ᠪᠢᠴᠢᠭ ᠪᠤᠯ ᠰᠢᠨ᠎ᠠ ᠳᠤᠮᠳᠠᠳᠤ ᠤᠯᠤᠰ ᠤᠨ ᠠᠩᠬᠠᠳᠠᠬᠴᠢ ᠬᠠᠤᠯᠢ ᠶᠢᠨ ᠪᠢᠴᠢᠭ ᠢᠶᠠᠷ ᠨᠡᠷᠡᠶᠢᠳᠦᠭᠰᠡᠨ ᠬᠠᠤᠯᠢ ᠴᠠᠭᠠᠵᠠ ᠪᠤᠯᠤᠨ᠎ᠠ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠠᠬᠢᠭᠤᠯᠬᠤ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠬᠠᠤᠯᠢ ᠴᠠᠭᠠᠵᠠ ᠶᠢᠨ ᠳᠣᠭᠳᠠᠯᠴᠠᠭ᠎ᠠ ᠶᠢ ᠲᠡᠬᠦᠯᠳᠡᠵᠢᠬᠦᠯᠬᠦ ᠴᠢᠬᠤᠯᠠ ᠪᠡᠯᠭᠡ ᠲᠡᠮᠳᠡᠭ ᠤᠨ ᠴᠢᠨᠠᠷᠳᠠᠢ ᠬᠠᠤᠯᠢ ᠲᠤᠬᠳᠠᠭᠠᠯᠳᠠ ᠪᠤᠯᠤᠨ᠎ᠠ᠂ ᠡᠨᠡ ᠨᠢ ᠰᠢᠨ᠎ᠠ ᠴᠠᠬ ᠦᠶ᠎ᠠ ᠶᠢᠨ ᠦᠬᠡᠷᠡᠴᠢᠯᠠᠯᠳᠠ ᠨᠡᠬᠡᠬᠡᠯᠳᠠ ᠪᠤᠯᠤᠨ ᠨᠡᠶᠢᠬᠡᠮ ᠵᠢᠷᠤᠮ ᠤᠨ ᠣᠳᠣᠬᠢᠴᠢᠯᠠᠯᠳᠠ ᠶᠢᠨ ᠪᠦᠳᠤᠬᠡᠨ ᠪᠠᠶᠢᠭᠤᠯᠤᠯᠳᠠ ᠳᠤ ᠨᠡᠩ ᠪᠦᠷᠢᠨ ᠲᠡᠬᠦᠯᠳᠡᠷ ᠢᠷᠬᠡᠨ ᠤ ᠬᠠᠤᠯᠢ ᠲᠦᠷᠢᠮ ᠤᠨ ᠪᠠᠳᠤᠯᠠᠭ᠎ᠠ ᠬᠠᠩᠭᠠᠬᠤ ᠨᠢ ᠯᠠᠪᠳᠠᠢ᠃ ᠪᠢᠳᠠ ᠲᠦᠷᠦᠭᠦᠯᠡᠨ ᠰᠤᠷᠤᠯᠴᠠᠵᠤ ᠤᠬᠠᠭᠤᠯᠤᠨ᠂ ᠡᠨᠡᠬᠦ ᠬᠠᠤᠯᠢ ᠴᠠᠭᠠᠵᠠ ᠶᠢ ᠵᠢᠷᠤᠮᠯᠠᠵᠤ᠂ ᠪᠦᠬᠦ ᠨᠡᠶᠢᠬᠡᠮ ᠳᠤ ᠡᠨᠡᠬᠦ ᠬᠠᠤᠯᠢ ᠶᠢᠨ ᠪᠢᠴᠢᠭ ᠢ ᠲᠦᠬᠡᠮᠡᠯᠵᠢᠬᠦᠯᠬᠦ ᠭᠡᠷᠡᠭᠳᠠᠢ᠃ ᠪᠦᠬᠦ ᠨᠡᠶᠢᠬᠡᠮ ᠢᠶᠠᠷ ᠢᠶᠠᠨ ᠤᠬᠠᠮᠰᠠᠷ ᠠᠴᠠ ᠪᠠᠨ ᠬᠠᠤᠯᠢ ᠶᠤᠰᠤᠭᠠᠷ ᠢᠷᠬᠡᠨ ᠤ ᠠᠵᠢᠯᠯᠠᠭ᠎ᠠ ᠦᠷᠨᠢᠬᠦᠯᠪᠡᠯ ᠢᠷᠬᠡᠨ ᠤ ᠬᠡᠷᠡᠭ ᠤᠨ ᠵᠢᠭᠤᠷᠠᠭᠠᠨ ᠢ ᠪᠠᠭᠠᠰᠬᠠᠨ᠂ ᠢᠷᠬᠡᠨ ᠤ ᠬᠡᠷᠡᠭ ᠤᠨ ᠵᠦᠷᠢᠴᠡᠯ ᠢ ᠰᠢᠢᠳᠪᠤᠷᠢᠯᠠᠵᠤ᠂ ᠨᠡᠶᠢᠬᠡᠮ ᠤᠨ ᠪᠤᠯᠪᠠᠰᠤᠨ᠂ ᠡᠶ᠎ᠡ ᠵᠤᠬᠢᠴᠠᠩᠭᠤᠢ᠂ ᠲᠤᠭᠳᠠᠭᠤᠨ ᠢ ᠠᠬᠢᠭᠤᠯᠵᠤ ᠴᠢᠳᠠᠬᠤ ᠶᠤᠮ ᠭᠡᠪᠡ᠃       ᠯᠢ ᠵᠠᠨ ᠱᠦ᠂ ᠬᠤᠷᠠᠯ ᠠᠴᠠ ᠰᠢᠶᠠᠩᠭᠠᠩ ᠤᠨᠴᠠᠭᠠᠢ ᠵᠠᠰᠠᠬ ᠵᠠᠬᠢᠷᠭᠠᠨ ᠤ ᠤᠷᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠲᠦᠷᠢᠮ ᠪᠠ ᠭᠡᠷᠡᠭᠵᠢᠬᠦᠯᠬᠦ ᠲᠤᠭᠳᠠᠴᠠ ᠶᠢ ᠪᠠᠶᠢᠭᠤᠯᠤᠨ ᠪᠦᠷᠢᠨᠰᠢᠭᠦᠯᠬᠦ ᠲᠤᠬᠠᠢ ᠲᠤᠬᠳᠠᠭᠠᠯ ᠢ ᠲᠤᠭᠳᠠᠭᠠᠪᠠ᠃ ᠡᠨᠡ ᠪᠤᠯ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠲᠦᠷᠪᠡᠳᠤᠭᠡᠷ ᠪᠦᠬᠦᠳᠠ ᠬᠤᠷᠠᠯ ᠤᠨ ᠵᠤᠷᠢᠬ ᠰᠠᠨᠠᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ︽ᠨᠢᠬᠡ ᠤᠯᠤᠰ ᠬᠤᠶᠠᠷ ᠪᠠᠶᠢᠭᠤᠯᠤᠯ︾ ᠤᠨ ᠲᠦᠷᠢᠮ ᠤᠨ ᠳᠣᠭᠳᠠᠯᠴᠠᠭ᠎ᠠ ᠶᠢᠨ ᠪᠠᠷᠢᠮᠳᠠᠯᠠᠨ ᠲᠡᠬᠦᠯᠳᠡᠷᠵᠢᠬᠦᠯᠵᠤ ᠪᠠᠶᠢᠭ᠎ᠠ ᠴᠢᠬᠤᠯᠠ ᠠᠷᠭ᠎ᠠ ᠬᠡᠮᠵᠢᠶ᠎ᠠ ᠪᠤᠯᠤᠨ᠎ᠠ᠂ ᠦᠨᠳᠤᠰᠤᠨ ᠬᠠᠤᠯᠢ ᠪᠤᠯᠤᠨ ᠰᠢᠶᠠᠩᠭᠠᠩ ᠤᠨᠴᠠᠭᠠᠢ ᠵᠠᠰᠠᠬ ᠵᠠᠬᠢᠷᠭᠠᠨ ᠤ ᠤᠷᠤᠨ ᠤ ᠦᠨᠳᠤᠰᠤ ᠪᠤᠯᠬᠤ ᠬᠠᠤᠯᠢ ᠳᠤ ᠨᠡᠶᠢᠴᠠᠵᠤ᠂ ᠰᠢᠶᠠᠩᠭᠠᠩ ᠤᠨ ᠠᠬ᠎ᠠ ᠲᠡᠬᠦᠤ ᠨᠠᠷ ᠢ ᠪᠠᠭᠳᠠᠭᠠᠬᠰᠠᠨ ᠪᠦᠬᠦ ᠳᠤᠮᠳᠠᠳᠤ ᠤᠯᠤᠰ ᠤᠨ ᠠᠷᠠᠳ ᠲᠦᠮᠡᠨ ᠤ ᠦᠨᠳᠤᠰᠤᠨ ᠠᠰᠢᠬ ᠲᠤᠰᠠ ᠳᠤ ᠨᠡᠶᠢᠴᠠᠵᠤ ᠪᠠᠶᠢᠨ᠎ᠠ᠃ ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠰᠢᠶᠠᠩᠭᠠᠩ ᠤᠨᠴᠠᠭᠠᠢ ᠵᠠᠰᠠᠬ ᠵᠠᠬᠢᠷᠭᠠᠨ ᠤ ᠤᠷᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠤᠯᠪᠤᠬᠳᠠᠯ ᠪᠦᠬᠦᠢ ᠬᠠᠤᠯᠢ ᠴᠠᠭᠠᠵᠠ ᠶᠢ ᠬᠠᠤᠯᠢ ᠶᠤᠰᠤᠭᠠᠷ ᠲᠤᠭᠳᠠᠭᠠᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠦᠭᠵᠢᠯᠳᠠ ᠶᠢᠨ ᠠᠰᠢᠬ ᠲᠤᠰᠠ ᠶᠢ ᠬᠠᠤᠯᠢ ᠶᠤᠰᠤᠭᠠᠷ ᠬᠠᠮᠠᠭᠠᠯᠠᠨ᠂ ᠰᠢᠶᠠᠩᠭᠠᠩ ᠤᠨ ᠦᠨᠢ ᠤᠳᠠᠭᠠᠨ ᠤ ᠠᠮᠤᠷ ᠲᠦᠪᠰᠢᠨ ᠪᠤᠯᠤᠨ ᠤᠷᠳᠤ ᠬᠤᠭᠤᠴᠠᠭᠠᠨ ᠤ ᠬᠦᠭᠵᠢᠯ ᠴᠡᠴᠡᠭᠯᠡᠯ ᠲᠤᠭᠳᠠᠭᠤᠨ ᠪᠠᠶᠢᠳᠠᠯ ᠢ ᠬᠠᠮᠠᠭᠠᠯᠠᠵᠤ᠂ ︽ᠨᠢᠬᠡ ᠤᠯᠤᠰ ᠬᠤᠶᠠᠷ ᠪᠠᠶᠢᠭᠤᠯᠤᠯ︾ ᠤᠨ ᠤᠢᠢᠯᠡᠰ ᠤᠨ ᠠᠯᠤᠰ ᠢ ᠵᠤᠷᠢᠨ ᠲᠤᠭᠳᠠᠭᠤᠨ ᠢᠶᠠᠷ ᠬᠦᠭᠵᠢᠬᠦ ᠶᠢ ᠪᠠᠳᠤᠯᠠᠨ᠎ᠠ ᠭᠡᠪᠡ᠃       ᠯᠢ ᠵᠠᠨ ᠱᠦ ᠬᠠᠮᠤᠭ ᠤᠨ ᠰᠡᠬᠦᠯ ᠳᠤ᠂ ᠳᠤᠮᠳᠠᠳᠤ ᠤᠯᠤᠰ ᠤᠨ ᠠᠷᠠᠳ ᠲᠦᠮᠡᠨ ᠠᠭᠤᠤ ᠶᠡᠭᠡ ᠡᠭᠦᠳᠦᠨ ᠪᠦᠲᠦᠭᠡᠬᠦ ᠵᠤᠷᠢᠭ ᠰᠠᠨᠠᠭ᠎ᠠ᠂ ᠠᠭᠤᠤ ᠶᠡᠭᠡ ᠲᠡᠮᠡᠴᠡᠯ ᠤᠨ ᠵᠤᠷᠢᠭ ᠰᠠᠨᠠᠭ᠎ᠠ᠂ ᠠᠭᠤᠤ ᠶᠡᠭᠡ ᠪᠦᠯᠬᠦᠮᠳᠡᠯ ᠤᠨ ᠵᠤᠷᠢᠭ ᠰᠠᠨᠠᠭ᠎ᠠ᠂ ᠠᠭᠤᠤ ᠶᠡᠭᠡ ᠬᠦᠰᠡᠯᠡᠩ ᠤᠨ ᠵᠤᠷᠢᠭ ᠰᠠᠨᠠᠭ᠎ᠠ ᠲᠠᠢ ᠶᠤᠮ᠂ ᠡᠨᠡ ᠪᠤᠯ ᠪᠢᠳᠡᠨ ᠤ ᠰᠠᠯᠬᠢ ᠪᠤᠷᠤᠭᠠᠨ ᠢ ᠬᠠᠶᠢᠬᠤᠷᠤᠯ ᠦᠭᠡᠢ ᠪᠠᠷ ᠭᠠᠪᠰᠢᠭᠠᠢᠢᠯᠠᠨ ᠤᠷᠤᠭᠰᠢᠯᠠᠬᠤ ᠦᠨᠳᠦᠰᠦᠨ ᠬᠦᠴᠦᠨ ᠪᠤᠯᠤᠨ᠎ᠠ᠃ ᠪᠢᠳᠡ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠦ᠂ ︽ᠳᠦᠷᠪᠡᠨ ᠤᠬᠠᠮᠰᠠᠷ︾ ᠢᠶᠠᠨ ᠴᠢᠩᠭᠠᠳᠬᠠᠨ᠂ ︽ᠳᠦᠷᠪᠡᠨ ᠢᠳᠡᠭᠡᠯ︾ ᠢᠶᠠᠨ ᠪᠠᠳᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠳᠠᠯᠠᠨ᠂ ᠠᠷᠠᠳ ᠲᠦᠮᠡᠨ ᠳᠤ ᠨᠢᠭᠳᠠ ᠲᠦᠰᠢᠭᠯᠡᠵᠤ᠂ ᠠᠷᠠᠳ ᠲᠦᠮᠡᠨ ᠳᠤ ᠲᠠᠰᠤᠷᠠᠯᠳᠠ ᠦᠭᠡᠢ ᠪᠤᠶᠠᠨ ᠦᠢᠯᠡᠳᠤᠨ᠂ ᠠᠷᠠᠳ ᠲᠦᠮᠡᠨ ᠤ ᠲᠤᠮᠳᠠ ᠪᠠᠳᠤ ᠦᠨᠳᠦᠰᠦᠯᠡᠵᠤ᠂ ᠰᠡᠳᠭᠢᠯ ᠨᠢᠭᠡᠳᠦᠨ ᠬᠦᠴᠦ ᠪᠠᠨ ᠬᠠᠮᠳᠤᠳᠬᠠᠨ ᠡᠷᠡᠮᠡᠬᠡᠶᠢᠯᠡᠨ ᠤᠷᠤᠭᠰᠢᠯᠠᠵᠤ᠂ ᠰᠢᠨ᠎ᠠ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠤᠨ ᠰᠢᠨ᠎ᠠ ᠬᠠᠭᠤᠳᠠᠰᠤ ᠶᠢ ᠪᠢᠴᠢᠭᠯᠡᠶ᠎ᠠ ᠭᠡᠪᠡ᠃       ᠦᠳᠡ ᠶᠢᠨ ᠬᠤᠶᠢᠨᠠᠬᠢ 3 ᠴᠠᠭ 35 ᠮᠢᠨᠦ᠋ᠲ ᠲᠤ ᠯᠢ ᠵᠠᠨ ᠱᠦ᠄ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠲᠡᠭᠦᠰᠪᠡ ᠭᠡᠵᠤ ᠵᠠᠷᠯᠠᠯ᠎ᠠ᠃ ᠶᠡᠭᠡ ᠬᠤᠷᠠᠯ ᠰᠦᠷ ᠵᠢᠪᠬᠤᠯᠠᠩᠳᠠᠢ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠲᠡᠭᠦᠰᠪᠠ᠃ᠲᠡᠷᠢᠭᠦᠯᠡᠭᠴᠢᠳ ᠤᠨ ᠲᠠᠶᠢᠰᠠᠨ ᠳᠤ ᠰᠠᠭᠠᠳᠠᠭᠰᠠᠳ ᠲᠤ ᠪᠠᠰᠠ᠄ ᠳ᠋ᠢᠩ ᠰᠢᠤᠸᠠᠢ ᠰᠢᠶᠠᠩ᠂ ᠯᠢᠦ ᠾᠧ᠂ ᠰᠢᠤᠢ ᠴᠢ ᠯᠢᠶᠠᠩ᠂ ᠰᠦᠨ ᠴᠦᠨ ᠯᠠᠨ᠂ ᠯᠢ ᠰᠢ᠂ ᠯᠢ ᠴᠢᠶᠠᠩ᠂ ᠯᠢ ᠬᠤᠩ ᠵᠦᠩ᠂ ᠶᠠᠩ ᠵᠢᠶᠧ ‍ᠤᠤᠢ᠂ ᠶᠠᠩ ᠰᠢᠶᠤᠤ ᠳ᠋ᠦ᠋᠂ ᠵᠠᠩ ᠶᠢᠤ ᠰᠢᠶᠠ᠂ ᠴᠧᠨ ᠰᠢ᠂ ᠴᠧᠨ ᠴᠢᠤᠸᠠᠨ ᠭᠦᠸᠧ᠂ ᠴᠧᠨ ᠮᠢᠨ ᠡᠯ᠂ ᠬᠤ᠋ ᠴᠦᠨ ᠬᠤᠸᠠ᠂ ᠭᠦᠸᠧ ᠱᠧᠩ ᠺᠦᠨ᠂ ᠬᠤᠸᠠᠩ ᠺᠦᠨ ᠮᠢᠩ᠂ ᠼᠠᠢ ᠴᠢ᠂ ᠶᠢᠤ ᠴᠢᠤᠸᠠᠨ᠂ ᠸᠧᠢ ᠹᠧᠩ ᠾᠧ᠂ ᠸᠠᠩ ᠶᠦᠩ᠂ ᠸᠠᠩ ᠢ᠂ ᠰᠢᠶᠤᠤ ᠵᠢᠶᠧ᠂ ᠵᠤᠤ ᠺᠧ ᡁᠢ᠂ ᠵᠸᠤ ᠴᠢᠶᠠᠩ᠂ ᠵᠠᠩ ᠵᠢᠶᠦ᠋ᠨ᠂ ᠵᠠᠩ ᠴᠢᠩ ᠯᠢ᠂ ᠯᠢᠦ ᠴᠢ ᠪᠤᠤ᠂ ᠳ᠋ᠦᠩ ᠵᠢᠶᠠᠨ ᠬᠤᠸᠠ᠂ ᠸᠠᠨ ᠭᠠᠩ᠂ ᠾᠧ ᠾᠸᠤ ᠬᠤᠸᠠ᠂ ᠯᠦ ᠵᠠᠨ ᠭᠦᠩ᠂ ᠸᠠᠩ ᠵᠧᠩ ᠸᠧᠢ᠂ ᠮᠠ ᠪᠢᠶᠤᠤ᠂ ᠴᠧᠨ ᠰᠢᠶᠤᠤ ᠭᠤᠸᠠᠩ᠂ ᠯᠢᠶᠠᠩ ᠵᠧᠨ ᠶᠢᠩ᠂ ᠰᠢᠶᠠ ᠪᠤᠤ ᠯᠦᠩ᠂ ᠶᠠᠩ ᠴᠤᠸᠠᠨ ᠲᠠᠩ᠂ ᠯᠢ ᠪᠢᠨ᠂ ᠪᠠᠭᠠᠳᠤᠷ᠂ ᠸᠠᠩ ᠶᠦᠩ ᠴᠢᠩ᠂ ᠾᠧ ᠯᠢ ᠹᠧᠩ᠂ ᠰᠦ᠋ ᠬᠤᠢ᠂ ᠵᠧᠩ ᠵᠢᠶᠠᠨ ᠪᠠᠩ᠂ ᠭᠦ᠋ ᠱᠧᠩ ᠽᠦ᠂ ᠯᠢᠦ ᠰᠢᠨ ᠴᠧᠩ᠂ ᠾᠧ ᠸᠧᠢ᠂ ᠱᠤᠤ ᠬᠤᠩ᠂ ᠭᠤᠤ ᠶᠦᠨ ᠯᠦᠩ ᠵᠢᠴᠢ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠨ ᠯᠢ ᠽᠦᠸᠧ ᠴᠧᠩ᠂ ᠮᠢᠶᠤᠤ ᠬᠤᠸᠠ᠂ ᠵᠠᠩ ᠱᠧᠩ ᠮᠢᠨ ᠨᠠᠷ ᠪᠤᠢ᠃       ᠲᠦᠪ ᠤᠨ ᠪᠠ ᠲᠦᠷᠦ ᠶᠢᠨ ᠪᠠᠶᠢᠭᠤᠯᠣᠯᠭ᠎ᠠ ᠶᠢᠨ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠴᠢᠯᠦᠭᠡᠯᠡᠬᠦ ᠴᠡᠷᠢᠭ ᠤᠨ ᠬᠤᠯᠪᠤᠭᠳᠠᠯ ᠪᠦᠬᠦᠢ ᠨᠢᠭᠡᠴᠡ᠂ ᠡᠯ᠎ᠠ ᠠᠷᠠᠳ ᠤᠨ ᠪᠦᠯᠬᠦᠮ ᠤᠨ ᠬᠤᠯᠪᠤᠭᠳᠠᠯ ᠪᠦᠬᠦᠢ ᠬᠠᠷᠢᠭᠤᠴᠠᠯᠭᠠᠳᠠᠨ ᠶᠡᠭᠡ ᠬᠤᠷᠠᠯ ᠳᠤ ᠰᠤᠯᠠ ᠤᠷᠤᠯᠴᠠᠭᠰᠠᠨ ᠪᠤᠶᠤ ᠶᠡᠭᠡ ᠬᠤᠷᠠᠯ ᠢ ᠰᠤᠯᠠ ᠰᠤᠨᠤᠰᠴᠠᠢ᠃       ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ ᠶᠡᠭᠡ ᠬᠤᠷᠠᠯ ᠢ ᠰᠤᠯᠠ ᠰᠤᠨᠤᠰᠴᠠᠢ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号