2020 · ᠡᠵᠠᠨ᠎ᠠ ᠶᠢᠨ ᠰᠤᠶᠤᠯ ᠵᠢᠭᠤᠯᠴᠢᠯᠠᠯ ᠤᠨ ᠬᠦᠭᠵᠢᠯᠳᠠ ᠶᠢᠨ ᠬᠤᠷᠠᠯ ᠵᠢᠴᠢ ᠠᠩᠬᠠᠳᠤᠭᠠᠷ ᠬᠤᠭᠤᠴᠠᠭᠠᠠ ᠤ ᠮᠤᠲ᠋ᠤᠷ ᠳᠡᠷᠭᠡᠠ ᠤ ᠰᠤᠶᠤᠯ ᠵᠢᠭᠤᠯᠴᠢᠯᠠᠯ ᠤᠨ ᠨᠠᠶᠢᠷ ᠪᠤᠯᠤᠯ᠎ᠠ
ᠨᠡᠶᠢᠲᠡᠯᠡᠭᠰᠡᠨ ᠴᠠᠭ᠄
2020/5/7
         ᠵᠢᠷᠤᠬ ᠪᠤᠯ᠂ ᠰᠤᠶᠤᠯ ᠵᠢᠭᠤᠯᠴᠢᠯᠠᠯ ᠤᠨ ᠨᠠᠶᠢᠷ ᠤᠨ ᠬᠥᠭᠵᠢᠶᠡᠨᠳᠤ ᠪᠠᠶᠢᠳᠠᠯ᠃ ︵ᠶᠡᠨ ᠴᠸᠠ ᠴᠸᠠ ᠰᠡᠬᠦᠳᠡᠷᠯᠡᠪᠡ︶      5 ᠰᠠᠷ᠎ᠠ ᠶᠢᠨ 1 ᠠᠴᠠ 3 ᠤ ᠡᠳᠦᠷ ᠪᠤᠯᠳᠠᠯ᠎ᠠ᠂ ᠡᠵᠡᠨ᠎ᠡ ᠬᠤᠰᠢᠭᠤᠨ ᠤ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ᠮᠣᠲ᠋ᠣᠷ ᠳᠡᠷᠭᠡᠠ ᠤ ᠰᠤᠶᠤᠯ ᠵᠢᠭᠤᠯᠴᠢᠯᠠᠯ ᠤᠨ ᠨᠠᠶᠢᠷ ᠲᠠᠯᠠᠶᠢᠬᠦ᠋ᠪ ᠪᠠᠯᠭᠠᠰᠤᠨ ᠳᠤ ᠶᠠᠪᠤᠭᠳᠠᠪᠠ᠃ ᠤᠷᠤᠠ ᠤ ᠳᠤᠳᠤᠷ᠎ᠠ ᠭᠠᠳᠠᠨᠠᠬᠢ 44 ᠵᠢᠭᠤᠯᠴᠢᠯᠠᠯ ᠤᠨ ᠠᠵᠤ ᠠᠬᠤᠢᠢᠯᠠᠯ᠂ 14 ᠭᠤᠤᠯ ᠪᠤᠯᠬᠤ ᠭᠡᠪᠯᠠᠯ ᠮᠡᠳᠡᠭᠡᠯᠠᠯ ᠤᠨ ᠨᠢᠬᠡᠴᠠ ᠪᠠ ᠪᠦᠬᠦ ᠤᠷᠤᠠ ᠤ 300 ᠰᠢᠬᠠᠮ ᠨᠠᠷᠠᠳᠤ ᠮᠤᠲ᠋ᠤᠷ ᠲᠡᠷᠭᠡᠨ ᠤ ᠠᠩᠬᠢ ᠶᠢᠨ ᠬᠢᠨ ᠡᠬᠢᠯᠡᠬᠦ ᠶᠤᠰᠤᠯᠠᠯ ᠳᠤ ᠤᠷᠤᠯᠴᠬᠠᠰᠠᠠ ᠪᠠᠶᠢᠨ᠎ᠠ᠃      ᠭᠤᠷᠪᠠᠨ ᠡᠳᠦᠷ ᠤᠨ ᠠᠵᠢᠯᠯᠠᠭᠠᠨ ᠤ ᠳᠤᠮᠳᠠ᠂ ᠣᠷᠣᠯᠴᠠᠭᠴᠢᠳ ᠮᠣᠲ᠋ᠣᠷ ᠲᠡᠷᠭᠡᠨ ᠤ ᠠᠩᠭᠢ ᠶᠢ ᠳᠠᠭᠠᠵᠤ ᠲᠣᠤᠷᠠᠶ ᠶᠢᠨ ᠤᠢ᠂ ᠴᠡᠭᠡ ᠪᠣᠭᠤᠮᠲᠠ᠂ ᠰᠤᠪᠨᠠᠭᠤᠷ᠂ ᠶᠡᠭᠡ ᠭᠤᠪᠢ ᠶᠢᠨ ᠲᠣᠤᠷᠠᠶ᠂ ᠬᠠᠷ᠎ᠠ ᠬᠤᠲᠠ ᠶᠢᠨ ᠪᠠᠭᠤᠷᠢ᠂ ᠬᠠᠴᠢᠨ ᠲᠤᠤᠷᠠᠢ ᠶᠢᠨ ᠤᠢ ᠵᠡᠷᠭᠡ ᠦᠵᠡᠮᠵᠢ ᠶᠢᠨ ᠣᠷᠣᠨ ᠢᠶᠠᠷ ᠬᠦᠷᠴᠦ᠂ ᠡᠵᠡᠨ᠎ᠡ ᠬᠤᠰᠢᠭᠤᠨ ᠤ ᠦᠵᠡᠰᠬᠦᠯᠡᠩᠲᠦ ᠰᠠᠶᠢᠬᠠᠨ ᠪᠠᠶᠢᠭᠠᠯᠢ ᠶᠢᠨ ᠥᠩᠭᠡ ᠦᠵᠡᠮᠵᠢ ᠶᠢ ᠰᠣᠨᠢᠷᠬᠠᠨ᠂ ᠥᠨᠢ ᠤᠳᠠᠭᠠᠨ ᠲᠡᠤᠬᠡ ᠰᠣᠶᠣᠯ ᠤᠨ ᠠᠭᠤᠯᠬᠤᠨ ᠪᠠ ᠥᠪᠡᠷᠮᠢᠴᠡ ᠣᠨᠴᠠᠯᠢᠭ ᠲᠠᠢ ᠴᠥᠭᠡᠨ ᠲᠣᠭᠠᠲᠤ ᠦᠨᠳᠦᠰᠦᠲᠡᠨ ᠤ ᠵᠠᠩ ᠤᠶᠢᠯᠡ ᠶᠢ ᠤᠶᠢᠯᠠᠭᠠᠬᠰᠠᠠ ᠪᠠᠶᠢᠨ᠎ᠠ᠃ ᠡᠵᠡᠨ᠎ᠡ ᠬᠤᠰᠢᠭᠤᠨ ᠤ ᠡᠯ᠎ᠡ ᠲᠣᠮᠣ ᠦᠵᠡᠮᠵᠢ ᠶᠢᠨ ᠣᠷᠣᠨ ᠤ ᠬᠢᠨ ᠡᠭᠦᠳᠡᠨ ᠪᠢᠯᠧᠲ ᠤᠨ ᠦᠨ᠎ᠠ ᠶᠢ ᠬᠠᠰᠤᠵᠤ ᠬᠡᠯᠳᠦᠷᠢᠬᠦᠯᠦᠨ ᠵᠢᠭᠤᠯᠴᠢᠯᠠᠭᠴᠢᠳ ᠲᠤ ᠨᠠᠩ ᠬᠦᠢᠴᠡᠳ ᠤᠶᠢᠯᠡᠴᠢᠯᠡᠭᠡ ᠬᠠᠩᠭᠠᠬᠰᠠᠠ ᠪᠠᠶᠢᠨ᠎ᠠ᠃ ᠠᠵᠢᠯᠯᠠᠭᠠᠨ ᠤ ᠬᠤᠭᠤᠴᠠᠭᠠᠨ ᠳᠤ ᠪᠠᠰᠠ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠬᠤᠷᠠᠯ ᠵᠢᠴᠢ ᠵᠢᠭᠤᠯᠴᠢᠯᠠᠯ ᠢ ᠲᠠᠨᠢᠯᠴᠠᠭᠤᠯᠬᠤ ᠬᠤᠷᠠᠯ ᠬᠢᠵᠦ᠂ ᠣᠷᠣᠯᠴᠠᠭᠰᠠᠨ ᠡᠯ᠎ᠡ ᠲᠣᠮᠣ ᠵᠢᠭᠤᠯᠴᠢᠯᠠᠯ ᠤᠨ ᠭᠠᠵᠠᠷ᠂ ᠵᠢᠭᠤᠯᠴᠢᠯᠠᠯ ᠤᠨ ᠠᠵᠤ ᠠᠬᠤᠶᠢᠯᠠᠯ ᠵᠢᠴᠢ ᠭᠤᠤᠯ ᠪᠣᠯᠬᠤ ᠵᠠᠭᠤᠴᠢᠯᠠᠭᠤᠷ ᠲᠤ ᠡᠵᠡᠨ᠎ᠡ ᠶᠢᠨ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠪᠠ ᠥᠪᠡᠷᠮᠢᠴᠡ ᠣᠨᠴᠠᠯᠢᠭ ᠲᠠᠢ ᠵᠠᠩ ᠦᠢᠯᠡ᠂ ᠰᠣᠶᠣᠯ ᠢ ᠲᠠᠨᠢᠯᠴᠠᠭᠤᠯᠵᠤ᠂ ᠡᠵᠡᠨ᠎ᠡ ᠬᠤᠰᠢᠭᠤᠨ ᠤ ᠡᠯ᠎ᠡ ᠲᠣᠮᠣ ᠦᠵᠡᠮᠵᠢ ᠶᠢᠨ ᠣᠷᠣᠨ ᠳᠤ ᠪᠠᠰᠠ ᠡᠨᠡ ᠵᠢᠯ ᠤᠨ ᠵᠢᠭᠤᠯᠴᠢᠯᠠᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠶᠢᠨ ᠬᠠᠮᠲᠤ᠂ ᠵᠢᠭᠤᠯᠴᠢᠯᠠᠯ ᠤᠨ ᠭᠠᠵᠠᠷ ᠪᠠ ᠵᠢᠭᠤᠯᠴᠢᠯᠠᠯ ᠤᠨ ᠠᠵᠤ ᠠᠬᠤᠶᠢᠯᠠᠯ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠬᠤ ᠵᠡᠷᠭᠡ ᠠᠵᠢᠯᠯᠠᠭ᠎ᠠ ᠶᠢ ᠦᠷᠨᠢᠬᠦᠯᠦᠭᠰᠡᠠ ᠪᠠᠶᠢᠨ᠎ᠠ᠃
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号