ᠰᠤᠷᠭᠠᠭᠤᠯᠢ ᠶᠢᠨ ᠬᠦᠷᠢᠶᠠᠨ ᠳᠤ ᠲᠡᠯᠭᠡᠷᠡᠭᠰᠡᠨ ᠦᠨᠳᠦᠰᠦᠳᠡᠨ ᠤ ᠪᠦᠯᠬᠦᠮᠳᠡᠯ ᠤᠨ ᠴᠡᠴᠡᠭ
ᠨᠡᠶᠢᠲᠡᠯᠡᠭᠰᠡᠨ ᠴᠠᠭ᠄
2020/5/8
     ᠠᠯᠠᠱᠠ ᠶᠢᠨ ᠬᠤᠶᠠᠷᠬᠤᠳᠳᠤᠭ ᠤᠨ ᠰᠤᠷᠭᠠᠭᠤᠯᠢ ᠪᠤᠯ ᠮᠠᠨ ᠤ ᠠᠶᠢᠮᠠᠭ ᠤᠨ ᠴᠣᠷᠢ ᠶᠢᠨ ᠭᠠᠭᠴᠠ ᠶᠢᠰᠦᠨ ᠵᠢᠯ ᠤᠨ ᠲᠦᠷᠢᠮᠳᠦ ᠮᠤᠩᠭᠤᠯ ᠬᠢᠳᠡᠳ ᠨᠠᠶᠢᠯᠡᠭᠰᠡᠨ ᠰᠤᠷᠭᠠᠭᠤᠯᠢ ᠪᠤᠯᠤᠨ᠎ᠠ᠃ ᠤᠯᠠᠨ ᠵᠢᠯ ᠤᠨ ᠲᠤᠷᠰᠢ᠂ ︽ᠬᠠᠷᠢᠯᠴᠠᠨ ᠬᠠᠪᠰᠤᠷᠤᠯᠴᠠᠵᠤ᠂ ᠵᠤᠯ ᠵᠢᠷᠭᠠᠯ ᠲᠠᠢ ᠡᠶ᠎ᠡ ᠨᠠᠶᠢᠷᠳᠠᠢ︾ ᠪᠠᠶᠢᠬᠤ ᠰᠤᠷᠭᠠᠭᠤᠯᠢ ᠡᠷᠬᠢᠯᠡᠬᠦ ᠦᠵᠡᠯᠳᠡ ᠶᠢ ᠪᠠᠷᠢᠮᠳᠠᠯᠠᠵᠤ᠂ ᠦᠨᠳᠦᠰᠦᠳᠡᠨ ᠤ ᠪᠦᠯᠬᠦᠮᠳᠠᠯ ᠤᠨ ᠬᠦᠮᠦᠵᠢᠯ ᠢ ᠰᠤᠷᠭᠠᠭᠤᠯᠢ ᠶᠢᠨ ᠬᠦᠷᠢᠶᠠᠨ ᠤ ᠰᠤᠶᠤᠯ ᠤᠨ ᠪᠠᠶᠢᠭᠤᠯᠤᠯᠳᠠ ᠳᠤ ᠠᠭᠤᠰᠬᠠᠵᠤ᠂ ᠪᠦᠬᠦ ᠰᠤᠷᠭᠠᠭᠤᠯᠢ ᠶᠢᠨ ᠡᠯ᠎ᠠ ᠦᠨᠳᠦᠰᠦᠳᠡᠨ ᠤ ᠪᠠᠭᠰᠢ ᠰᠤᠷᠤᠬᠴᠢ ᠶᠢᠨ ᠲᠤᠮᠳᠠ ︽ᠲᠦᠷᠪᠡ ᠶᠢ ᠬᠠᠮᠳᠤᠪᠠᠷ ᠠᠳᠬᠤᠬᠤ︾ ︽ᠵᠢᠷᠭᠤᠭᠠᠨ ᠬᠦᠮᠦᠵᠢᠯ︾ ᠤᠨ ᠰᠢᠷᠢᠰ ᠠᠵᠢᠯᠯᠠᠭ᠎ᠠ ᠦᠷᠨᠢᠬᠦᠯᠵᠤ᠂ ᠬᠠᠷᠢᠯᠴᠠᠨ ᠰᠤᠷᠤᠯᠴᠠᠬᠤ᠂ ᠪᠦᠯᠬᠦᠮᠳᠡᠯ ᠲᠠᠢ ᠨᠦᠬᠦᠷᠰᠡᠭ ᠰᠠᠶᠢᠨ ᠰᠠᠶᠢᠬᠠᠨ ᠰᠤᠷᠭᠠᠭᠤᠯᠢ ᠶᠢᠨ ᠬᠦᠷᠢᠶᠠᠨ ᠤ ᠰᠤᠶᠤᠯ ᠤᠨ ᠠᠭᠤᠷ ᠠᠮᠢᠰᠬᠤᠯ ᠢ ᠪᠦᠷᠢᠯᠳᠦᠬᠦᠯᠤᠨ᠂ ᠦᠨᠳᠦᠰᠦᠳᠡᠨ ᠤ ᠪᠦᠯᠬᠦᠮᠳᠡᠯ ᠤᠨ ᠴᠡᠴᠡᠭ ᠰᠤᠷᠭᠠᠭᠤᠯᠢ ᠶᠢᠨ ᠬᠦᠷᠢᠶᠠᠨ ᠤ ᠦᠨᠴᠦᠭ ᠪᠤᠯᠤᠩ ᠳᠤ ᠲᠠᠯᠬᠡᠷᠡᠵᠠᠢ᠃      ᠠᠯᠠᠱᠠ ᠶᠢᠨ ᠬᠤᠶᠠᠷᠬᠤᠳᠳᠤᠭ ᠤᠨ ᠰᠤᠷᠭᠠᠭᠤᠯᠢ ᠤᠳᠤᠬᠠᠨ 26 ᠠᠩᠬᠢ᠂ 461 ᠰᠤᠷᠤᠬᠴᠢ ᠲᠠᠢ᠂ ᠡᠬᠦᠨ ᠳᠤ 8 ᠮᠤᠩᠭᠤᠯ ᠠᠩᠬᠢ ᠪᠠᠶᠢᠵᠤ᠂ 29% ᠶᠢ ᠡᠵᠡᠯᠡᠵᠤ ᠪᠠᠶᠢᠨ᠎ᠠ᠃ ᠮᠠᠨ ᠤ ᠠᠶᠢᠮᠠᠭ ᠤᠨ ᠴᠣᠷᠢ ᠶᠢᠨ ᠭᠠᠭᠴᠠ ᠮᠤᠩᠭᠤᠯ ᠬᠢᠳᠡᠳ ᠨᠠᠶᠢᠯᠡᠭᠰᠡᠨ ᠰᠤᠷᠭᠠᠭᠤᠯᠢ ᠪᠤᠯᠤᠬᠰᠠᠨ ᠤ ᠬᠤᠪᠢ ᠳᠤ᠂ ︽ᠦᠨᠳᠦᠰᠦᠳᠡᠨ ᠤ ᠪᠦᠯᠬᠦᠮᠳᠠᠯ ᠤᠨ ᠭᠤᠤᠯ ᠬᠦᠭ ᠠᠶᠠᠰ ᠢ ᠴᠢᠪᠬᠠᠳᠠᠵᠤ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤ ᠴᠤᠬᠴᠠᠯᠠᠬᠤ︾ ᠪᠠᠷ ᠭᠤᠤᠯ ᠱᠤᠭᠤᠮ ᠪᠤᠯᠭᠠᠵᠤ᠂ ᠦᠨᠳᠦᠰᠦᠳᠡᠨ ᠤ ᠪᠦᠯᠬᠦᠮᠳᠡᠯ ᠤᠨ ᠬᠦᠮᠦᠵᠢᠯ ᠢ ᠡᠳᠦᠷ ᠲᠤᠳᠤᠮ ᠤᠨ ᠰᠤᠷᠤᠯᠴᠠᠯᠭ᠎ᠠ ᠤᠬᠠᠭᠤᠯᠭ᠎ᠠ ᠬᠦᠮᠦᠵᠢᠯ ᠤᠨ ᠪᠦᠬᠦ ᠶᠠᠪᠤᠴᠠ ᠳᠤ ᠠᠭᠤᠰᠤᠯᠴᠠᠭᠤᠯᠵᠤ ᠪᠠᠶᠢᠨ᠎ᠠ᠃ ᠰᠤᠷᠭᠠᠭᠤᠯᠢ ᠶᠢᠨ ᠵᠠᠬᠢᠷᠤᠯ ᠨᠢᠶᠧ ᠸᠧᠨ ᠶᠤᠸᠠᠨ᠄ ︽ᠰᠤᠷᠭᠠᠭᠤᠯᠢ ᠠᠴᠠ ᠰᠤᠷᠭᠠᠭᠤᠯᠢ ᠡᠬᠢᠯᠡᠬᠦ ᠠᠩᠬᠠᠨ ᠤ ᠬᠢᠴᠢᠶᠠᠯ᠂ ᠤᠯᠤᠰ ᠤᠨ ᠲᠤᠭ ᠮᠠᠨᠳᠤᠭᠤᠯᠬᠤ᠂ ᠦᠨᠳᠦᠰᠦᠳᠡᠨ ᠤ ᠪᠦᠯᠬᠦᠮᠳᠡᠯ ᠤᠨ ᠵᠤᠬᠢᠶᠠᠯ ᠡᠯᠰᠡᠬᠦ᠂ ᠮᠤᠩᠭᠤᠯ ᠢᠷᠦᠬᠡᠯ ᠮᠠᠬᠳᠠᠭᠠᠯ ᠤᠨ ᠤᠷᠤᠯᠳᠤᠭᠠᠨ ᠦᠷᠨᠢᠬᠦᠯᠬᠦ ᠪᠠᠷ ᠲᠠᠮᠵᠢᠭᠤᠯᠤᠨ ᠦᠨᠳᠦᠰᠦᠳᠡᠨ ᠤ ᠪᠦᠯᠬᠦᠮᠳᠡᠯ ᠤᠨ ᠭᠤᠤᠯ ᠰᠡᠳᠤᠪᠳᠤ ᠬᠦᠮᠦᠵᠢᠯ ᠬᠢᠵᠤ᠂ ᠡᠯ᠎ᠠ ᠦᠨᠳᠦᠰᠦᠳᠡᠨ ᠤ ᠵᠠᠯᠠᠭᠤᠴᠤᠳ ᠪᠠᠭᠠᠴᠤᠳ ᠲᠤ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠤᠢ ᠪᠤᠯᠭᠠᠬᠤ ᠶᠢ ᠤᠳᠤᠷᠢᠳᠴᠤ᠂ ᠲᠤᠮᠳᠠᠳᠤ ᠶᠢᠨ ᠦᠨᠳᠦᠰᠦᠳᠡᠨ ᠢᠶᠠᠨ ᠬᠠᠶᠢᠷᠠᠯᠠᠬᠤ ᠬᠦᠮᠦᠵᠢᠯ ᠬᠢᠵᠤ ᠪᠠᠶᠢᠨ᠎ᠠ︾ ᠬᠡᠵᠤ ᠲᠠᠨᠢᠯᠴᠠᠭᠤᠯᠤᠨ᠎ᠠ᠃      ︽ᠦᠨᠳᠦᠰᠦᠳᠡᠨ ᠤ ᠪᠦᠯᠬᠦᠮᠳᠠᠯ ᠤᠨ ᠬᠦᠮᠦᠵᠢᠯ ᠢ ᠬᠡᠦᠬᠡᠳ ᠠᠴᠠ ᠡᠬᠢᠯᠡᠨ ᠠᠳᠬᠤᠬᠤ︾ ᠦᠵᠡᠯᠳᠡ ᠶᠢ ᠪᠠᠷᠢᠮᠳᠠᠯᠠᠨ᠂ ᠦᠨᠳᠦᠰᠦᠳᠡᠨ ᠤ ᠪᠦᠯᠬᠦᠮᠳᠠᠯ ᠲᠠᠪᠰᠢᠯᠳᠠ ᠶᠢᠨ ᠬᠦᠮᠦᠵᠢᠯ ᠢ ᠴᠢᠩᠭᠠᠳᠬᠠᠬᠤ ᠶᠢ ᠴᠢᠬᠤᠯᠠ ᠭᠤᠤᠯᠳᠠᠯᠭ᠎ᠠ ᠪᠤᠯᠭᠠᠨ ᠠᠳᠬᠤᠵᠤ᠂ ᠰᠤᠷᠭᠠᠭᠤᠯᠢ ᠶᠢᠨ ᠬᠦᠷᠢᠶᠠᠨ ᠤ ᠰᠤᠶᠤᠯ ᠤᠨ ᠪᠠᠶᠢᠭᠤᠯᠤᠯᠳᠠ ᠳᠤ ᠠᠭᠤᠰᠤᠯᠴᠠᠭᠤᠯᠤᠨ ᠤᠷᠤᠭᠤᠯᠵᠠᠢ᠃ ᠭᠤᠤᠯ ᠰᠡᠳᠤᠪᠳᠤ ᠠᠩᠬᠢ ᠶᠢᠨ ᠬᠤᠷᠠᠯ᠂ ᠰᠠᠮᠪᠠᠷ᠎ᠠ ᠶᠢᠨ ᠰᠤᠨᠢᠨ᠂ ᠮᠡᠳᠡᠯᠭᠡ ᠶᠢᠨ ᠤᠷᠤᠯᠳᠤᠭᠠᠨ᠂ ᠤᠬᠠᠭᠤᠯᠭ᠎ᠠ ᠶᠢᠨ ᠬᠦᠨᠳᠡᠯᠡᠨ ᠪᠢᠴᠢᠬᠡᠰᠦ ᠡᠯᠬᠦᠬᠦ ᠵᠡᠷᠭᠡ ᠬᠡᠯᠪᠡᠷᠢ ᠪᠠᠷ ᠦᠨᠳᠦᠰᠦᠳᠡᠨ ᠤ ᠪᠦᠯᠬᠦᠮᠳᠡᠯ ᠤᠨ ᠤᠬᠠᠭᠤᠯᠭ᠎ᠠ ᠬᠢᠬᠦ ᠶᠢᠨ ᠬᠠᠮᠳᠤ᠂ ᠰᠤᠷᠭᠠᠭᠤᠯᠢ ᠶᠢᠨ ᠬᠦᠷᠢᠶᠠᠨ ᠤ ᠰᠤᠶᠤᠯ ᠤᠷᠠᠯᠢᠭ ᠤᠨ ᠨᠠᠶᠢᠷ᠂ ᠪᠠᠶ᠎ᠠ ᠶᠢᠨ ᠲᠠᠮᠢᠷ ᠤᠨ ᠤᠷᠤᠯᠳᠤᠭᠠᠨ᠂ ᠬᠦᠳᠡᠭᠡ ᠶᠢᠨ ᠪᠠᠭᠠᠴᠤᠳ ᠤᠨ ᠤᠷᠳᠤᠨ ᠵᠡᠷᠭᠡ ᠬᠦᠳᠡᠯᠭᠡᠭᠡᠨ ᠢᠶᠠᠷ ᠠᠴᠢᠶᠠᠯᠠᠬᠴᠢ ᠪᠤᠯᠭᠠᠵᠤ᠂ ᠮᠤᠩᠭᠤᠯ ᠬᠢᠳᠡᠳ ᠪᠠᠭᠰᠢ ᠰᠤᠷᠤᠬᠴᠢ ︽ᠬᠠᠮᠳᠤᠪᠠᠷ ᠨᠢᠬᠡ ᠲᠠᠭᠤᠤ ᠲᠠᠭᠤᠯᠠᠬᠤ︾ ︽ᠬᠠᠮᠳᠤᠪᠠᠷ ᠨᠢᠬᠡ ᠪᠦᠵᠢᠭ ᠪᠦᠵᠢᠭᠯᠡᠬᠦ︾ ︽ᠬᠠᠮᠳᠤᠪᠠᠷ ᠨᠢᠬᠡ ᠵᠢᠷᠤᠭ ᠵᠢᠷᠤᠬᠤ︾ ︽ᠬᠠᠮᠳᠤᠪᠠᠷ ᠨᠢᠬᠡ ᠲᠦᠷᠦᠯ ᠤᠨ ᠤᠷᠤᠯᠳᠤᠭᠠᠨ ᠳᠤ ᠤᠷᠤᠯᠴᠠᠬᠤ︾ ᠰᠢᠷᠢᠰ ᠠᠵᠢᠯᠯᠠᠭ᠎ᠠ ᠦᠷᠨᠢᠬᠦᠯᠦᠨ᠂ ᠬᠠᠷᠢᠯᠴᠠᠨ ᠰᠤᠷᠤᠯᠴᠠᠬᠤ᠂ ᠪᠦᠯᠬᠦᠮᠳᠠᠯ ᠲᠠᠢ ᠨᠦᠬᠦᠷᠰᠡᠭ ᠲᠤᠮᠤ ᠬᠡᠷ ᠪᠦᠯᠢ ᠶᠢ ᠪᠠᠶᠢᠭᠤᠯᠤᠨ ᠴᠤᠬᠴᠠᠯᠠᠵᠤ ᠪᠠᠶᠢᠨ᠎ᠠ᠃      ᠮᠤᠩᠭᠤᠯ ᠠᠩᠬᠢ ᠶᠢᠨ ᠲᠤᠯᠤᠭ᠎ᠠ ᠨᠠᠢᠮᠠᠳᠤᠭᠠᠷ ᠤᠨ ᠤ ᠬᠢᠳᠡᠳ ᠬᠡᠯᠡᠨ ᠤ ᠪᠠᠭᠰᠢ ᠬᠤ᠋ ᠤᠶᠤᠨᠬᠡᠷᠡᠯ᠄      ︽ᠰᠤᠷᠭᠠᠭᠤᠯᠢ ᠶᠢᠨ ᠮᠤᠩᠭᠤᠯ ᠢᠶᠠᠷ ᠬᠢᠴᠢᠶᠡᠯᠯᠡᠬᠦ ᠪᠠᠭᠰᠢ ᠨᠠᠷ ᠦᠨᠳᠦᠰᠦᠳᠡᠨ ᠤ ᠪᠦᠯᠬᠦᠮᠳᠡᠯ ᠤᠨ ᠤᠬᠠᠭᠤᠯᠭ᠎ᠠ ᠬᠦᠮᠦᠵᠢᠯ ᠢ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠤᠰᠤ ᠰᠤᠷᠳᠠᠬᠤᠨ ᠤ ᠪᠠᠶᠢᠭᠤᠯᠤᠯᠳᠠ ᠶᠢ ᠴᠢᠩᠭᠠᠳᠬᠠᠬᠤ ᠴᠢᠬᠤᠯᠠ ᠠᠭᠤᠯᠭ᠎ᠠ ᠪᠤᠯᠭᠠᠨ ᠬᠢᠴᠢᠶᠠᠯ ᠬᠦᠮᠦᠵᠢᠯ ᠳᠡᠭᠡᠨ ᠤᠷᠤᠭᠤᠯᠵᠤ᠂ ᠪᠠᠶᠠᠯᠢᠭ ᠠᠭᠤᠯᠭ᠎ᠠ ᠪᠦᠬᠦᠢ ᠨᠡᠶᠢᠬᠡᠮ ᠤᠨ ᠦᠢᠯᠡᠳᠦᠯᠬᠡ ᠪᠠ ᠰᠤᠶᠤᠯ ᠤᠨ ᠠᠵᠢᠯᠯᠠᠭ᠎ᠠ ᠪᠠᠷ ᠪᠠᠭᠰᠢ ᠰᠤᠷᠤᠬᠴᠢ ᠶᠢᠨ ᠦᠨᠳᠦᠰᠦᠳᠡᠨ ᠤ ᠪᠦᠯᠬᠦᠮᠳᠠᠯ ᠤᠨ ᠲᠤᠬᠠᠢ ᠤᠬᠠᠮᠰᠠᠷ ᠢ ᠥᠨᠡᠨᠬᠦ ᠲᠡᠬᠡᠭᠰᠢᠯᠡᠬᠦᠯᠵᠤ ᠪᠠᠶᠢᠨ᠎ᠠ᠃ ᠡᠬᠦᠨ ᠠᠴᠠ ᠭᠠᠳᠠᠨ᠎ᠠ᠂ ᠰᠤᠷᠭᠠᠭᠤᠯᠢ ᠠᠴᠠ ᠨᠠᠮ ᠤᠨ ᠬᠡᠰᠢᠬᠦᠨ ᠪᠠᠭᠰᠢ ᠠᠴᠠ ᠴᠦᠬᠡᠨ ᠲᠤᠭᠠᠳᠤ ᠦᠨᠳᠦᠰᠦᠳᠡᠨ ᠤ ᠰᠤᠷᠤᠬᠴᠢ ᠶᠢ ᠬᠠᠪᠰᠤᠷᠬᠤ᠂ ᠬᠢᠳᠡᠳ ᠨᠠᠮ ᠤᠨ ᠬᠡᠰᠢᠬᠦᠨ ᠪᠠᠭᠰᠢ ᠠᠴᠠ ᠴᠦᠬᠡᠨ ᠲᠤᠭᠠᠳᠤ ᠦᠨᠳᠦᠰᠦᠳᠡᠨ ᠤ ᠪᠠᠭᠰᠢ ᠲᠠᠢ ᠬᠤᠯᠪᠤᠭ᠎ᠠ ᠪᠠᠷᠢᠬᠤ᠂ ᠬᠢᠳᠡᠳ ᠠᠩᠬᠢ ᠨᠢ ᠮᠤᠩᠭᠤᠯ ᠠᠩᠬᠢ ᠲᠠᠢ ᠬᠤᠯᠪᠤᠭ᠎ᠠ ᠪᠠᠷᠢᠬᠤ᠂ ᠬᠢᠳᠡᠳ ᠡᠪᠯᠡᠯ ᠤᠨ ᠬᠡᠰᠢᠬᠦᠨ ᠮᠤᠩᠭᠤᠯ ᠡᠪᠯᠡᠯ ᠤᠨ ᠬᠡᠰᠢᠬᠦᠨ ᠲᠠᠢ ᠬᠤᠯᠪᠤᠭ᠎ᠠ ᠪᠠᠷᠢᠬᠤ ᠵᠡᠷᠭᠡ ᠠᠵᠢᠯᠯᠠᠭ᠎ᠠ ᠶᠢ ᠪᠠᠶᠢᠡᠭᠭᠤ ᠦᠷᠨᠢᠬᠦᠯᠵᠤ ᠪᠠᠶᠢᠳᠠᠭ︾ ᠬᠡᠵᠤ ᠶᠠᠷᠢᠨ᠎ᠠ᠃      ︽ᠬᠤᠤᠰ ᠬᠡᠯᠡᠨ︾ ᠤ ᠰᠤᠷᠤᠯᠴᠠᠯᠭ᠎ᠠ ᠪᠤᠯ ᠲᠤᠰ ᠰᠤᠷᠭᠠᠭᠤᠯᠢ ᠶᠢᠨ ᠨᠢᠬᠡᠨ ᠤᠨᠴᠠᠯᠢᠭ ᠪᠤᠯᠤᠨ᠎ᠠ᠃ ︽ᠬᠤᠤᠰ ᠬᠡᠯᠡᠨ︾ ᠤ ᠰᠤᠷᠤᠯᠴᠠᠯᠭ᠎ᠠ ᠶᠢ ᠠᠬᠢᠭᠤᠯᠬᠤ ᠪᠠᠷ᠂ ᠲᠤᠰ ᠰᠤᠷᠭᠠᠭᠤᠯᠢ ᠨᠢ ︽ᠬᠤᠤᠰ ᠬᠡᠯᠡᠨ︾ ᠤ ᠪᠠᠭᠰᠢ ᠶᠢ ᠲᠠᠪᠳᠠᠨ ᠪᠤᠯᠪᠠᠰᠤᠷᠠᠭᠤᠯᠬᠤ ᠲᠦᠯᠦᠪᠯᠡᠭᠡ᠂ ︽ᠬᠤᠤᠰ ᠬᠡᠯᠡᠨ︾ ᠤ ᠪᠠᠭᠰᠢ ᠶᠢ ᠰᠢᠯᠭᠠᠨ ᠬᠢᠨᠠᠬᠤ ᠨᠠᠷᠢᠨ ᠲᠦᠷᠢᠮ ᠪᠠ ᠵᠢᠭᠠᠨ ᠰᠤᠷᠭᠠᠯᠳᠠ ᠶᠢᠨ ᠶᠠᠰᠤ ᠴᠢᠨᠠᠷ ᠤᠨ ᠪᠠᠷᠢᠮᠵᠢᠶ᠎ᠠ ᠲᠤᠬᠳᠠᠭᠠᠬᠤ ᠶᠢᠨ ᠬᠠᠮᠳᠤ ᠲᠤᠰᠬᠠᠢ ᠲᠦᠷᠦᠯ ᠤᠨ ᠵᠠᠷᠤᠳᠠᠯ ᠮᠦᠡᠭᠬᠦ ᠭᠠᠷᠭᠠᠵᠤ ︽ᠬᠤᠤᠰ ᠬᠡᠯᠡᠨ︾ ᠤ ᠬᠦᠮᠦᠵᠢᠯ ᠦᠷᠨᠢᠬᠦᠯᠵᠤ ᠪᠠᠶᠢᠨ᠎ᠠ᠃ ᠰᠤᠷᠭᠠᠭᠤᠯᠢ ᠪᠠᠰᠠ ︽ᠬᠤᠤᠰ ᠬᠡᠯᠡᠨ︾ ᠤ ᠲᠠᠭᠤᠤ ᠰᠢᠯᠦᠭ ᠤᠨ ᠤᠷᠤᠯᠳᠤᠭᠠᠨ᠂ ᠶᠠᠷᠢᠶ᠎ᠠ ᠢᠯᠡᠳᠬᠡᠯ ᠤᠨ ᠤᠷᠤᠯᠳᠤᠭᠠᠨ᠂ ᠬᠢᠴᠢᠶᠡᠯᠯᠡᠭᠡ ᠶᠢᠨ ᠤᠷᠤᠯᠳᠤᠭᠠᠨ᠂ ᠵᠢᠭᠠᠨ ᠰᠤᠷᠭᠠᠯᠳᠠ ᠶᠢᠨ ᠲᠤᠷᠰᠢᠯᠭ᠎ᠠ ᠰᠤᠯᠢᠯᠴᠠᠬᠤ ᠵᠡᠷᠭᠡ ᠤᠯᠠᠨ ᠬᠡᠯᠪᠡᠷᠢ ᠪᠠᠷ ᠮᠤᠩᠭᠤᠯ ᠬᠢᠳᠡᠳ ᠪᠠᠭᠰᠢ ᠰᠤᠷᠤᠬᠴᠢ ᠶᠢᠨ ᠬᠠᠷᠢᠯᠴᠠᠭ᠎ᠠ ᠶᠢ ᠴᠢᠩᠭᠠᠳᠬᠠᠵᠤ ᠪᠠᠶᠢᠨ᠎ᠠ᠃      ᠨᠢᠶᠧ ᠸᠧᠨ ᠶᠤᠸᠠᠨ᠄ ︽ᠦᠨᠳᠦᠰᠦᠳᠡᠨ ᠤ ᠰᠤᠷᠭᠠᠨ ᠬᠦᠮᠦᠵᠢᠯ ᠢ ᠡᠩ ᠲᠡᠷᠢᠬᠦᠨ ᠳᠤ ᠬᠦᠭᠵᠢᠬᠦᠯᠬᠦ ᠶᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠵᠤ᠂ ᠴᠦᠬᠡᠨ ᠲᠤᠭᠠᠳᠤ ᠦᠨᠳᠦᠰᠦᠳᠡᠨ ᠤ ᠰᠤᠷᠤᠬᠴᠢ ᠶᠢ ᠬᠠᠯᠠᠮᠵᠢᠯᠠᠬᠤ ᠪᠠᠷ᠂ ᠰᠤᠷᠭᠠᠭᠤᠯᠢ ᠶᠢᠨ ᠮᠤᠩᠭᠤᠯ ᠢᠶᠠᠷ ᠬᠢᠴᠢᠶᠡᠯᠯᠡᠵᠤ ᠪᠠᠶᠢᠭ᠎ᠠ ᠰᠤᠷᠤᠬᠴᠢ ᠠᠴᠠ ᠰᠦᠢᠳᠬᠡᠯ ᠬᠤᠷᠢᠶᠠᠬᠤ ᠦᠬᠡᠢ ᠪᠠᠶᠢᠬᠤ ᠶᠢ ᠪᠠᠳᠤᠯᠠᠬᠰᠠᠨ ᠰᠠᠭᠤᠷᠢᠨ ᠲᠡᠬᠡᠷ᠎ᠠ᠂ ᠴᠦᠬᠡᠨ ᠲᠤᠭᠠᠳᠤ ᠦᠨᠳᠦᠰᠦᠳᠡᠨ ᠤ ᠰᠤᠷᠤᠬᠴᠢ ᠳᠤ ᠲᠡᠳᠬᠦᠮᠵᠢ ᠶᠢᠨ ᠮᠦᠡᠭᠬᠦ ᠪᠠ ᠠᠮᠢᠳᠤᠷᠠᠯ ᠤᠨ ᠨᠦᠬᠦᠪᠦᠷᠢ ᠮᠦᠡᠭᠬᠦ ᠬᠦᠷᠳᠡᠬᠡᠵᠤ ᠪᠠᠶᠢᠨ᠎ᠠ︾ ᠬᠡᠵᠤ ᠲᠠᠨᠢᠯᠴᠠᠭᠤᠯᠪᠠ᠃
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号