ᠪᠦᠬᠦᠳᠠ ᠨᠡᠶᠢᠷᠡᠮᠳᠡᠬᠤ ᠲᠤᠮᠳᠡᠳᠦ ᠠᠷᠡᠦᠠ ᠤᠯᠦᠰ ᠤᠨ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠦᠯᠢ
ᠨᠡᠶᠢᠲᠡᠯᠡᠭᠰᠡᠨ ᠴᠠᠭ᠄
2020/5/8
                                           ︵1988 ᠤᠠ ᠤ 11 ᠰᠡᠷ᠎ᠠ ᠶᠢᠨ 8 ᠤ ᠡᠳᠦᠷ ᠲᠤᠯᠤᠳᠦᠭᠠᠷ ᠬᠤᠭᠤᠴᠡᠭᠠᠠ ᠤ ᠪᠦᠬᠦ ᠤᠯᠤᠰ ᠤᠨ ᠠᠷᠡᠦᠠ ᠤᠨ ᠲᠦᠯᠦᠭᠡᠯᠡᠭᠴᠢᠦᠠ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠠᠨ ᠤ ᠲᠦᠷᠪᠡᠳᠤᠭᠡᠷ ᠬᠤᠷᠡᠯᠳᠦᠭᠠᠠ ᠠᠴᠠ ᠪᠡᠳᠦᠯᠡᠪᠡ      2004 ᠤᠨ ᠤ 8 ᠰᠠᠷ᠎ᠠ ᠶᠢᠨ 28 ᠤ ᠡᠳᠤᠷ ᠤᠨ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠᠨ ᠨᠢᠭᠡᠳᠤᠭᠡᠷ ᠬᠤᠷᠠᠯᠳᠤᠭᠠᠨ ᠤ ︽︿ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠡᠭᠡᠷ᠎ᠠ ᠶᠢᠨ ᠠᠮᠢᠲᠠᠨ ᠢ ᠬᠠᠮᠠᠭᠠᠯᠠᠬᠤ ᠬᠠᠤᠯᠢ﹀ ᠳᠤ ᠵᠠᠰᠠᠪᠤᠷᠢ ᠤᠷᠤᠭᠤᠯᠬᠤ ᠲᠤᠬᠠᠢ ᠲᠤᠭᠳᠠᠭᠠᠯ︾ ᠢ ᠦᠨᠳᠤᠰᠥᠯᠡᠨ ᠠᠩᠬ᠎ᠠ ᠤᠳᠠᠭ᠎ᠠ ᠵᠠᠰᠠᠪᠠ      2009 ᠤᠨ ᠤ 8 ᠰᠠᠷ᠎ᠠ ᠶᠢᠨ 27 ᠤ ᠡᠳᠦᠷ ᠤᠨ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠᠳᠤᠭᠠᠷ ᠬᠤᠷᠠᠯᠳᠤᠭᠠᠨ ᠤ ︽ᠬᠡᠰᠡᠭ ᠬᠠᠤᠯᠢ ᠴᠠᠭᠠᠵᠠ ᠳᠤ ᠵᠠᠰᠠᠪᠤᠷᠢ ᠤᠷᠤᠭᠤᠯᠬᠤ ᠲᠤᠬᠠᠢ ᠲᠤᠭᠲᠠᠭᠠᠯ︾ ᠢ ᠦᠨᠳᠦᠰᠦᠯᠡᠨ ᠬᠤᠶᠠᠳᠠᠬᠢ ᠤᠳᠠᠭ᠎ᠠ ᠵᠠᠰᠠᠪᠠ      2016 ᠤᠨ ᠤ 7 ᠰᠠᠷ᠎ᠠ ᠶᠢᠨ 2 ᠤᠨ ᠡᠳᠦᠷ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯᠳᠤᠭᠠᠨ ᠠᠴᠠ ᠵᠠᠰᠠᠵᠤ ᠲᠤᠭᠲᠠᠭᠠᠪᠠ      2018 ᠤᠨ ᠤ 10 ᠰᠠᠷ᠎ᠠ ᠶᠢᠨ 26 ᠤ ᠡᠳᠦᠷ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠵᠢᠷᠭᠤᠳᠤᠭᠠᠷ ᠬᠤᠷᠠᠯᠳᠤᠭᠠᠨ ᠤ ︽︿ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠭᠡᠷ᠎ᠠ ᠶᠢᠨ ᠠᠮᠢᠳᠠᠨ ᠢ ᠬᠠᠮᠠᠭᠠᠯᠠᠬᠤ ᠬᠠᠤᠯᠢ﹀ ᠵᠡᠷᠭᠡ ᠠᠷᠪᠠᠨ ᠲᠠᠪᠤᠨ ᠬᠠᠤᠯᠢ ᠳᠤ ᠵᠠᠰᠠᠪᠤᠷᠢ ᠤᠷᠤᠭᠤᠯᠬᠤ ᠲᠤᠬᠠᠢ ᠲᠤᠭᠳᠠᠭᠠᠯ︾ ᠢ ᠦᠨᠳᠦᠰᠦᠯᠡᠨ ᠭᠤᠷᠪᠠᠳᠠᠬᠢ ᠤᠳᠠᠭ᠎ᠠ ᠵᠠᠰᠠᠪᠠ︶            ᠭᠠᠷᠴᠠᠭ      ᠨᠢᠭᠡᠳᠦᠭᠡᠷ ᠪᠦᠯᠦᠭ ᠶᠡᠷᠦᠩᠭᠡᠢ ᠲᠦᠷᠢᠮ      ᠬᠤᠶᠡᠳᠦᠭᠠᠷ ᠪᠦᠯᠦᠭ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠤᠷᠤᠰᠢᠨ ᠠᠮᠢᠳᠤᠷᠠᠬᠤ ᠭᠠᠵᠠᠷ ᠤᠨ ᠬᠠᠮᠠᠭᠠᠯᠠᠯᠲᠠ      ᠭᠤᠷᠪᠡᠳᠦᠭᠠᠷ ᠪᠦᠯᠦᠭ ᠭᠡᠭᠡᠷ᠎ᠡ ᠶᠢᠨ ᠠᠮᠢᠲᠠᠨ ᠤ ᠬᠠᠮᠢᠶᠠᠷᠤᠯᠲᠠ      ᠲᠦᠷᠪᠡᠳᠦᠭᠡᠷ ᠪᠦᠯᠦᠭ ᠬᠠᠤᠯᠢ ᠶᠢᠨ ᠬᠠᠷᠢᠭᠤᠴᠠᠯᠭ᠎ᠠ      ᠲᠡᠪᠦᠳᠦᠭᠠᠷ ᠪᠦᠯᠦᠭ ᠲᠡᠭᠠᠯᠳᠦᠭᠤᠯᠦᠬᠰᠡᠠ ᠲᠦᠷᠢᠮ            ᠨᠢᠭᠡᠳᠦᠭᠡᠷ ᠪᠦᠯᠦᠭ ᠶᠡᠷᠦᠩᠬᠡᠢ ᠳᠦᠷᠢᠮ       ᠨᠢᠭᠡᠳᠦᠭᠡᠷ ᠵᠦᠢᠯ   ᠭᠡᠭᠡᠷ᠎ᠡ ᠶᠢᠨ ᠠᠮᠢᠲᠠᠨ ᠢ ᠬᠠᠮᠠᠭᠠᠯᠠᠨ᠂ ᠬᠤᠪᠤᠷ ᠨᠠᠨᠳᠢᠨ᠂ ᠮᠦᠬᠦᠬᠦ ᠰᠢᠬᠠᠭᠰᠠᠨ ᠭᠡᠭᠡᠷ᠎ᠡ ᠶᠢᠨ ᠠᠮᠢᠲᠠᠨ ᠢ ᠠᠪᠦᠷᠠᠵᠤ᠂ ᠠᠮᠢᠳᠤ ᠪᠤᠳᠠᠰ ᠤᠨ ᠤᠯᠠᠨ ᠶᠠᠩᠵᠤᠲᠤ ᠴᠢᠨᠠᠷ ᠪᠠ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠨ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠶᠢᠨ ᠲᠦᠯᠤᠭᠡ᠂ ᠲᠤᠰ ᠬᠠᠤᠯᠢ ᠶᠢ ᠲᠤᠭᠲᠠᠭᠠᠪᠠ᠃      ᠬᠤᠶᠡᠳᠦᠭᠠᠷ ᠵᠦᠢᠯ    ᠪᠦᠬᠦᠳᠠ ᠨᠡᠶᠢᠷᠡᠮᠳᠡᠬᠤ ᠲᠤᠮᠳᠡᠳᠦ ᠠᠷᠡᠦᠠ ᠤᠯᠦᠰ ᠤᠨ ᠨᠤᠲᠤᠭ ᠳᠡᠪᠢᠰᠭᠡᠷ ᠪᠤᠯᠤᠨ ᠬᠠᠮᠢᠶᠠᠷᠤᠨ ᠬᠠᠷᠢᠶᠠᠯᠠᠬᠤ ᠪᠤᠰᠤᠳ ᠳᠠᠯᠠᠢ ᠶᠢᠨ ᠤᠷᠤᠨ ᠳᠤ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠵᠢᠴᠢ ᠬᠤᠯᠪᠤᠭᠳᠠᠯ ᠪᠦᠬᠦᠢ ᠠᠵᠢᠯᠯᠠᠭ᠎ᠠ ᠶᠢ ᠬᠢᠬᠦ ᠳᠤ ᠲᠤᠰ ᠬᠠᠤᠯᠢ ᠶᠢ ᠲᠤᠬᠢᠷᠠᠭᠤᠯᠤᠨ ᠬᠡᠷᠡᠭᠯᠡᠨ᠎ᠡ᠃      ᠲᠤᠰ ᠬᠠᠦᠯᠢ ᠳᠤ ᠬᠠᠮᠠᠭᠠᠯᠠᠬᠤ ᠪᠠᠷ ᠲᠤᠭᠳᠠᠭᠠᠭᠰᠠᠨ ᠭᠡᠭᠡᠷ᠎ᠡ ᠶᠢᠨ ᠠᠮᠢᠲᠠᠨ ᠭᠡᠳᠡᠭ ᠨᠢ ᠬᠤᠪᠤᠷ ᠨᠠᠨᠳᠢᠨ᠂ ᠮᠦᠬᠦᠬᠦ ᠰᠢᠬᠠᠭᠰᠠᠨ ᠬᠠᠭᠤᠷᠠᠢ ᠶᠢᠨ ᠪᠠ ᠤᠰᠤᠨ ᠤ ᠭᠡᠭᠡᠷ᠎ᠡ ᠶᠢᠨ ᠠᠮᠢᠲᠠᠨ ᠪᠤᠯᠤᠨ ᠠᠮᠢ ᠠᠬᠤᠢ᠂ ᠰᠢᠨᠵᠢᠯᠡᠬᠦ ᠤᠬᠠᠭᠠᠨ᠂ ᠨᠡᠶᠢᠭᠡᠮ ᠤᠨ ᠴᠢᠬᠤᠯᠠ ᠦᠨ᠎ᠡ ᠴᠡᠨ᠎ᠡ ᠲᠠᠢ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠵᠢᠭᠠᠵᠤ ᠪᠠᠶᠢᠨ᠎ᠠ᠃      ᠲᠤᠰ ᠬᠠᠤᠯᠢ ᠳᠤ ᠲᠤᠭᠲᠠᠭᠠᠭᠰᠠᠨ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠭᠡᠳᠡᠭ ᠨᠢ ᠭᠡᠭᠡᠷ᠎ᠡ ᠶᠢᠨ ᠠᠮᠢᠲᠠᠨ ᠤ ᠪᠦᠬᠦᠯᠢ ᠴᠤᠭᠴᠠ ︵ᠦᠨᠳᠡᠭᠡ ᠶᠢ ᠪᠠᠭᠲᠠᠭᠠᠨ᠎ᠠ︶᠂ ᠨᠢᠭᠡ ᠬᠡᠰᠡᠭ ᠵᠢᠴᠢ ᠲᠡᠭᠦᠨ ᠤ ᠡᠬᠦᠰᠦᠮᠡᠯ ᠪᠤᠳᠠᠰ ᠢ ᠵᠢᠭᠠᠵᠤ ᠪᠠᠶᠢᠨ᠎ᠠ᠃ ᠬᠤᠪᠤᠷ ᠨᠠᠨᠳᠢᠨ᠂ ᠮᠥᠬᠦᠬᠦ ᠰᠢᠬᠠᠭᠰᠠᠨ ᠤᠰᠤᠨ ᠤ ᠭᠡᠭᠡᠷ᠎ᠡ ᠶᠢᠨ ᠠᠮᠢᠲᠠᠨ ᠠᠴᠠ ᠭᠠᠳᠠᠨᠠᠬᠢ ᠪᠤᠰᠤᠳ ᠤᠰᠤᠨ ᠤ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠳᠤ ︽ᠪᠦᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠢᠭᠠᠰᠤᠨ ᠠᠵᠤ ᠠᠬᠤᠢ ᠶᠢᠨ ᠬᠠᠤᠯᠢ︾ ᠵᠡᠷᠭᠡ ᠬᠤᠯᠪᠤᠭᠳᠠᠯ ᠪᠦᠬᠦᠢ ᠬᠠᠤᠯᠢ ᠴᠠᠭᠠᠵᠠ ᠶᠢᠨ ᠲᠤᠭᠲᠠᠭᠠᠯ ᠢ ᠭᠡᠷᠡᠭᠯᠡᠨ᠎ᠡ᠃      ᠭᠤᠷᠪᠡᠳᠦᠭᠠᠷ ᠵᠦᠢᠯ    ᠭᠡᠭᠡᠷ᠎ᠡ ᠶᠢᠨ ᠠᠮᠢᠲᠠᠨ ᠤ ᠡᠬᠢ ᠪᠠᠶᠠᠯᠢᠭ ᠤᠯᠤᠰ ᠲᠤ ᠦᠮᠴᠢᠯᠡᠭᠳᠡᠨ᠎ᠡ᠃ ᠤᠯᠤᠰ ᠠᠴᠠ ᠬᠠᠤᠯᠢ ᠶᠤᠰᠤᠭᠠᠷ ᠭᠡᠭᠡᠷ᠎ᠡ ᠶᠢᠨ ᠠᠮᠢᠲᠠᠨ ᠤ ᠲᠤᠬᠠᠢ ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ ᠬᠦᠮᠦᠨ ᠤ ᠬᠦᠴᠦ ᠪᠠᠷ ᠲᠡᠵᠢᠭᠡᠨ ᠦᠷᠡᠵᠢᠭᠦᠯᠬᠦ ᠵᠡᠷᠭᠡ ᠬᠠᠮᠠᠭᠠᠯᠠᠯᠲᠠ ᠵᠢᠴᠢ ᠬᠤᠯᠪᠤᠭᠳᠠᠯ ᠪᠦᠬᠦᠢ ᠠᠵᠢᠯᠯᠠᠭ᠎ᠠ ᠬᠢᠵᠤ ᠪᠠᠶᠢᠭ᠎ᠠ ᠵᠤᠬᠢᠶᠠᠨ ᠪᠠᠶᠢᠭᠤᠯᠤᠯᠲᠠ ᠪᠠ ᠬᠤᠪᠢ ᠬᠥᠮᠦᠨ ᠤ ᠬᠠᠤᠯᠢ ᠶᠤᠰᠤᠨ ᠤ ᠡᠷᠭᠡ ᠠᠰᠢᠭ ᠢ ᠪᠠᠲᠤᠯᠠᠨ᠎ᠠ᠃      ᠲᠦᠷᠪᠡᠳᠦᠭᠡᠷ ᠵᠦᠢᠯ    ᠤᠯᠤᠰ ᠠᠴᠠ ᠭᠡᠭᠡᠷ᠎ᠡ ᠶᠢᠨ ᠠᠮᠢᠲᠠᠨ ᠳᠤ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠂ ᠵᠢᠷᠤᠮᠵᠢᠭᠤᠨ ᠠᠰᠢᠭᠯᠠᠬᠤ᠂ ᠴᠢᠩᠭ᠎ᠠ ᠬᠢᠨᠠᠨ ᠬᠠᠮᠢᠶᠠᠷᠬᠤ ᠵᠠᠷᠴᠢᠮ ᠢ ᠭᠡᠷᠡᠭᠵᠢᠬᠦᠯᠵᠤ᠂ ᠭᠡᠭᠡᠷ᠎ᠡ ᠶᠢᠨ ᠠᠮᠢᠲᠠᠨ ᠤ ᠲᠤᠬᠠᠢ ᠰᠢᠨᠵᠢᠯᠡᠬᠦ ᠤᠬᠠᠭᠠᠨ ᠤ ᠰᠤᠳᠤᠯᠭᠠᠨ ᠦᠷᠨᠢᠬᠦᠯᠬᠦ ᠶᠢ ᠵᠤᠷᠢᠬᠵᠢᠭᠤᠯᠤᠨ᠂ ᠠᠷᠠᠳ ᠢᠷᠭᠡᠨ ᠤ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠮᠰᠠᠷ ᠢ ᠪᠤᠢ ᠪᠤᠯᠭᠠᠵᠦ᠂ ᠬᠦᠮᠦᠨ ᠪᠤᠯᠤᠨ ᠪᠠᠶᠢᠭᠠᠯᠢ ᠶᠢᠨ ᠡᠶ᠎ᠡ ᠵᠤᠬᠢᠴᠠᠯ ᠲᠠᠢ ᠬᠦᠭᠵᠢᠯᠲᠡ ᠶᠢ ᠠᠬᠢᠭᠤᠯᠤᠨ᠎ᠠ᠃     ᠲᠡᠪᠦᠳᠦᠭᠠᠷ ᠵᠦᠢᠯ    ᠤᠯᠤᠰ ᠠᠴᠠ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠤᠷᠤᠰᠢᠨ ᠠᠮᠢᠳᠤᠷᠠᠬᠤ ᠭᠠᠵᠠᠷ ᠢ ᠬᠠᠮᠠᠭᠠᠯᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠤᠷᠤᠰᠢᠨ ᠠᠮᠢᠳᠤᠷᠠᠬᠤ ᠭᠠᠵᠠᠷ ᠤᠨ ᠬᠤᠯᠪᠤᠭᠳᠠᠯ ᠪᠦᠬᠦᠢ ᠬᠠᠮᠠᠭᠠᠯᠠᠯᠲᠠ ᠶᠢᠨ ᠲᠦᠯᠦᠪᠵᠢᠭᠦᠯᠭᠡ ᠪᠠ ᠠᠷᠭ᠎ᠠ ᠬᠡᠮᠵᠢᠶ᠎ᠡ ᠶᠢ ᠲᠤᠭᠲᠠᠭᠠᠬᠤ ᠶᠢᠨ ᠬᠠᠮᠲᠤ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠵᠠᠷᠤᠳᠠᠯ ᠢ ᠲᠦᠰᠦᠪ ᠲᠡᠭᠡᠨ ᠤᠷᠤᠭᠤᠯᠬᠤ ᠬᠡᠷᠡᠭᠲᠡᠢ᠃      ᠤᠯᠤᠰ ᠠᠴᠠ ᠠᠷᠠᠳ ᠢᠷᠭᠡᠨ᠂ ᠬᠠᠤᠯᠢ ᠶᠢᠨ ᠬᠦᠮᠦᠨ ᠪᠠ ᠪᠤᠰᠤᠳ ᠵᠤᠬᠢᠶᠠᠨ ᠪᠠᠶᠢᠭᠤᠯᠤᠯᠲᠠ ᠶᠢᠨ ᠬᠠᠨᠳᠢᠪᠯᠠᠬᠤ᠂ ᠲᠡᠳᠬᠦᠨ ᠲᠤᠰᠠᠯᠠᠬᠤ᠂ ᠰᠠᠶᠢᠨ ᠳᠤᠷ᠎ᠠ ᠶᠢᠨ ᠦᠢᠯᠡᠴᠢᠯᠡᠭᠡ ᠬᠠᠨᠭ᠍ᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠠᠵᠢᠯᠯᠠᠭ᠎ᠠ ᠳᠤ ᠬᠠᠤᠯᠢ ᠶᠤᠰᠤᠭᠠᠷ ᠤᠷᠤᠯᠴᠠᠬᠤ ᠶᠢ ᠵᠤᠷᠢᠠᠠᠵᠢᠭᠤᠯᠵᠤ ᠂ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠨᠡᠶᠢᠲᠡ ᠶᠢᠨ ᠠᠰᠠᠷᠠᠮᠵᠢ ᠶᠢᠨ ᠦᠢᠯᠡᠰ‌ᠢ ᠳᠡᠮᠵᠢᠨ᠎ᠠ᠃      ᠲᠤᠰ ᠬᠠᠤᠯᠢ ᠳᠤ ᠲᠤᠭᠲᠠᠭᠠᠭᠰᠠᠨ ᠭᠡᠭᠡᠷ᠎ᠡ ᠶᠢᠨ ᠠᠮᠢᠲᠠᠨ ᠤ ᠤᠷᠤᠰᠢᠨ ᠠᠮᠢᠳᠤᠷᠠᠬᠤ ᠭᠠᠵᠠᠷ ᠭᠡᠳᠡᠭ ᠨᠢ ᠭᠡᠭᠡᠷ᠎ᠡ ᠶᠢᠨ ᠠᠮᠢᠲᠠᠨ ᠤ ᠭᠡᠭᠡᠷ᠎ᠡ ᠶᠢᠨ ᠲᠦᠷᠰᠦ ᠶᠢᠨ ᠰᠦᠷᠦᠭ ᠤᠨ ᠦᠷᠡᠵᠢᠨ ᠠᠮᠢᠳᠤᠷᠠᠬᠤ ᠴᠢᠬᠤᠯᠠ ᠤᠷᠤᠨ ᠪᠦᠰᠡ ᠶᠢ ᠵᠢᠭᠠᠵᠤ ᠪᠠᠶᠢᠨ᠎ᠠ᠃      ᠵᠢᠷᠭᠤᠳᠦᠭᠠᠷ ᠵᠦᠢᠯ    ᠶᠠᠮᠠᠷᠪᠠ ᠵᠤᠬᠢᠶᠠᠨ ᠪᠠᠶᠢᠭᠤᠯᠤᠯᠲᠠ ᠪᠠ ᠬᠤᠪᠢ ᠬᠦᠮᠦᠨ ᠴᠦᠮ ᠭᠡᠭᠡᠷ᠎ᠡ ᠶᠢᠨ ᠠᠮᠢᠲᠠᠨ ᠵᠢᠴᠢ ᠲᠡᠭᠦᠨ ᠤ ᠤᠷᠤᠰᠢᠨ ᠠᠮᠢᠳᠤᠷᠠᠬᠤ ᠭᠠᠵᠠᠷ ᠢ ᠬᠠᠮᠠᠭᠠᠯᠠᠬᠤ ᠡᠭᠦᠷᠭᠡ ᠲᠠᠢ᠃ ᠬᠠᠤᠯᠢ ᠠᠴᠠ ᠵᠦᠷᠢᠴᠡᠨ ᠭᠡᠭᠡᠷ᠎ᠡ ᠶᠢᠨ ᠠᠮᠢᠲᠠᠨ ᠢ ᠠᠩᠨᠠᠬᠤ᠂ ᠭᠡᠭᠡᠷ᠎ᠡ ᠶᠢᠨ ᠠᠮᠢᠲᠠᠨ ᠤ ᠤᠷᠤᠰᠢᠨ ᠠᠮᠢᠳᠤᠷᠠᠬᠤ ᠭᠠᠵᠠᠷ ᠢ ᠡᠪᠳᠡᠬᠦ ᠶᠢ ᠴᠠᠭᠠᠵᠠᠯᠠᠨ᠎ᠠ᠃      ᠶᠠᠮᠠᠷᠪᠠ ᠵᠤᠬᠢᠶᠠᠨ ᠪᠠᠶᠢᠭᠤᠯᠤᠯᠲᠠ ᠪᠠ ᠬᠤᠪᠢ ᠬᠦᠮᠦᠨ ᠴᠦᠮ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠤᠯᠭ᠎ᠠ ᠳᠤ ᠲᠤᠰ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠪᠤᠶᠤ ᠵᠠᠭᠠᠯᠳᠤᠬᠤ ᠡᠷᠬᠡ ᠲᠠᠢ᠃ ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠠ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠪᠠᠶᠢᠭᠤᠯᠤᠯᠭ᠎ᠠ ᠢᠯᠡᠴᠢᠯᠡᠨ ᠮᠡᠳᠡᠭᠦᠯᠦᠯᠲᠡ ᠪᠤᠶᠤ ᠵᠠᠭᠠᠯᠳᠤᠯᠭ᠎ᠠ ᠶᠢ ᠴᠠᠭ ᠲᠤᠬᠠᠢ ᠳᠤᠨᠢ ᠬᠠᠤᠯᠢ ᠶᠤᠰᠤᠭᠠᠷ ᠰᠢᠢᠳᠪᠦᠷᠢᠯᠡᠬᠦ ᠬᠡᠷᠡᠭᠲᠡᠢ᠃     ᠲᠤᠯᠦᠳᠦᠭᠠᠷ ᠵᠦᠢᠯ    ᠲᠦᠷᠥ ᠶᠢᠨ ᠶᠠᠪᠤᠳᠠᠯ ᠤᠨ ᠬᠤᠷᠢᠶᠠᠨ ᠤ ᠤᠢ ᠰᠢᠭᠤᠢ ᠨᠤᠲᠤᠭ ᠪᠡᠯᠴᠢᠭᠡᠷ᠂ ᠵᠢᠭᠠᠰᠤᠨ ᠠᠵᠤ ᠠᠬᠤᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠦᠬᠦ ᠤᠯᠤᠰ ᠤᠨ ᠬᠠᠭᠤᠷᠠᠢ ᠶᠢᠨ ᠪᠠ ᠤᠰᠤᠨ ᠤ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠠᠵᠢᠯ ᠢ ᠲᠤᠰ ᠲᠤᠰ ᠡᠷᠬᠢᠯᠡᠨ ᠬᠠᠮᠢᠶᠠᠷᠤᠨ᠎ᠠ᠃ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠤ ᠤᠢ ᠰᠢᠭᠤᠢ ᠨᠤᠲᠤᠭ ᠪᠡᠯᠴᠢᠭᠡᠷ᠂ ᠵᠢᠭᠠᠰᠤᠨ ᠠᠵᠤ ᠠᠬᠤᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ ᠤᠷᠤᠨ ᠤ ᠪᠠᠨ ᠳᠤᠳᠤᠷᠠᠬᠢ ᠬᠠᠭᠤᠷᠠᠢ ᠶᠢᠨ ᠪᠠ ᠤᠰᠤᠨ ᠤ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠠᠵᠢᠯ ᠢ ᠲᠤᠰ ᠲᠤᠰ ᠡᠷᠬᠢᠯᠡᠨ ᠬᠠᠮᠢᠶᠠᠷᠤᠨ᠎ᠠ᠃      ᠨᠡᠢᠮᠡᠳᠦᠭᠠᠷ ᠵᠦᠢᠯ    ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠭᠤᠯᠭ᠎ᠠ ᠬᠦᠮᠦᠵᠢᠯ ᠪᠠ ᠰᠢᠨᠵᠢᠯᠡᠬᠦ ᠤᠬᠠᠭᠠᠨ ᠤ ᠮᠡᠳᠡᠯᠭᠡ ᠶᠢ ᠲᠦᠬᠡᠮᠡᠯᠵᠢᠭᠦᠯᠬᠦ ᠠᠵᠢᠯ ᠢ ᠴᠢᠩᠭᠠᠳᠬᠠᠵᠤ᠂ ᠦᠨᠳᠦᠰᠦᠨ ᠱᠠᠲᠤᠨ ᠤ ᠤᠯᠠᠨ ᠲᠦᠮᠡᠨᠴᠢ ᠴᠢᠨᠠᠷᠲᠠᠢ ᠦᠪᠡᠷᠲᠡᠭᠡᠨ ᠵᠠᠰᠠᠬᠤ ᠵᠤᠬᠢᠶᠠᠨ ᠪᠠᠶᠢᠭᠤᠯᠤᠯᠲᠠ᠂ ᠨᠡᠶᠢᠭᠡᠮ ᠤᠨ ᠵᠤᠬᠢᠶᠠᠨ ᠪᠠᠶᠢᠭᠤᠯᠤᠯᠲᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠠ᠂ ᠰᠠᠶᠢᠨ ᠳᠤᠷ᠎ᠠ ᠶᠢᠨ ᠠᠵᠢᠯᠯᠠᠭᠴᠢ ᠶᠢᠨ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠤᠭᠲᠠᠭᠠᠯ ᠪᠠ ᠬᠠᠮᠠᠭᠠᠯᠠᠬᠤ ᠮᠡᠳᠡᠯᠭᠡ ᠶᠢᠨ ᠲᠤᠬᠠᠢ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠬᠦ᠋ᠢ ᠵᠤᠷᠢᠠᠠᠵᠢᠭᠤᠯᠤᠨ ᠳᠡᠮᠵᠢᠬᠦ ᠬᠡᠷᠡᠭᠲᠡᠢ᠃      ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ᠂ ᠰᠤᠷᠭᠠᠭᠤᠯᠢ ᠰᠤᠷᠤᠭᠴᠢᠳ ᠲᠤ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠮᠡᠳᠡᠯᠭᠡ ᠶᠢᠨ ᠬᠦᠮᠦᠵᠢᠯ ᠬᠢᠬᠦ ᠬᠡᠷᠡᠭᠲᠡᠢ᠃      ᠰᠤᠨᠢᠨ ᠮᠡᠳᠡᠭᠡᠨ ᠤ ᠵᠠᠭᠤᠴᠢᠯᠠᠭᠤᠷ ᠭᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠤᠭᠲᠠᠭᠠᠯ ᠪᠠ ᠬᠠᠮᠠᠭᠠᠯᠠᠬᠤ ᠮᠡᠳᠡᠯᠭᠡ ᠶᠢᠨ ᠲᠤᠬᠠᠢ ᠤᠬᠠᠭᠤᠯᠭ᠎ᠠ ᠦᠷᠨᠢᠭᠦᠯᠵᠦ᠂ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠬᠡᠷᠡᠭᠲᠡᠢ᠃     ᠶᠢᠰᠦᠳᠦᠭᠡᠷ ᠵᠦᠢᠯ    ᠭᠡᠭᠡᠷ᠎ᠡ ᠶᠢᠨ ᠠᠮᠢᠲᠠᠨ ᠤ ᠬᠠᠮᠠᠭᠠᠯᠠᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠲᠠᠯ᠎ᠠ ᠪᠠᠷ ᠢᠯᠡᠳᠳᠡ ᠠᠮᠵᠢᠯᠲᠠ ᠣᠯᠣᠭᠰᠠᠨ ᠵᠤᠬᠢᠶᠠᠨ ᠪᠠᠶᠢᠭᠤᠯᠤᠯᠲᠠ ᠪᠠ ᠬᠤᠪᠢ ᠬᠦᠮᠦᠨ ᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠠᠴᠠ ᠬᠦᠬᠢᠭᠦᠯᠦᠨ ᠱᠠᠩᠨᠠᠨ᠎ᠠ᠃                                                                       ︵ᠦᠷᠬᠦᠯᠵᠢᠯᠠᠯ ᠪᠤᠢ︶  
 
ᠢᠷᠡᠯᠲᠡ᠄ ᠠᠯᠠᠱᠠ ᠶᠢᠨ ᠡᠳᠦᠷ ᠤᠨ ᠰᠦ᠋‌‍ᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号