ᠡᠩ ᠤᠨ ᠡᠬᠦᠳᠡᠨ ᠡᠮᠨᠡᠯᠭᠡ ᠶᠢᠨ ᠮᠤᠩᠭᠤᠯ ᠡᠮ ᠤᠨ ᠰᠦᠢᠳᠭᠡᠯ ᠢ ᠲᠠᠩᠰᠠ ᠴᠠᠶᠢᠷᠠᠭᠤᠯᠵᠦ ᠪᠤᠯᠬᠤ ᠪᠤᠯᠤᠯ᠎ᠠ
ᠨᠡᠶᠢᠲᠡᠯᠡᠭᠰᠡᠨ ᠴᠠᠭ᠄
2020/5/8
     ᠲᠤᠰ ᠰᠤᠨᠢᠨ ᠤ ᠮᠡᠳᠡᠭᠡ ᠤᠶᠢᠷ᠎ᠠ ᠶᠢᠨ ᠡᠳᠦᠷ᠂ ᠰᠤᠷᠪᠤᠯᠵᠢᠯᠠᠭᠴᠢ ᠠᠯᠠᠱᠠ ᠵᠡᠬᠦᠨ ᠬᠤᠰᠢᠭᠤᠨ ᠤ ᠡᠮ ᠡᠮᠨᠡᠯᠭᠡ ᠶᠢᠨ ᠲᠠᠭᠠᠳᠬᠠᠯ ᠤᠨ ᠬᠠᠮᠢᠶᠠᠷᠤᠯᠳᠠ ᠶᠢᠨ ᠲᠦᠪ ᠠᠴᠠ ᠤᠶᠢᠯᠠᠭᠠᠭᠰᠠᠨ ᠢᠶᠠᠷ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠩ ᠤᠨ ᠡᠬᠦᠳᠡᠨ ᠡᠮᠨᠡᠯᠭᠡ ᠳᠤ ᠡᠮᠨᠡᠬᠦᠯᠦᠨ ᠡᠮ ᠠᠪᠬᠤ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠬᠤ ᠶᠢᠨ ᠲᠤᠯᠠᠳᠠ᠂ ᠠᠯᠠᠱᠠ ᠵᠡᠬᠦᠨ ᠬᠤᠰᠢᠭᠤᠨ ᠤ ᠡᠮ ᠡᠮᠨᠡᠯᠭᠡ ᠶᠢᠨ ᠲᠠᠭᠠᠳᠬᠠᠯ ᠤᠨ ᠬᠠᠮᠢᠶᠠᠷᠤᠯᠳᠠ ᠶᠢᠨ ᠲᠦᠪ ᠠᠴᠠ ᠠᠶᠢᠮᠠᠭ ᠤᠨ ᠮᠤᠩᠭᠤᠯ ᠡᠮᠨᠡᠯᠭᠡ ᠶᠢᠨ ᠬᠤᠷᠢᠶ᠎ᠠ᠂ ᠠᠯᠠᠱᠠ ᠵᠡᠬᠦᠨ ᠬᠤᠰᠢᠭᠤᠨ ᠤ ᠡᠷᠠᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠲᠠᠢ ᠬᠠᠷᠢᠴᠠᠨ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠩ ᠤᠨ ᠡᠬᠦᠳᠡᠨ ᠡᠮᠨᠡᠯᠭᠡ ᠳᠤ ᠡᠮᠴᠢᠯᠡᠬᠦᠯᠦᠨ ᠬᠡᠷᠡᠭᠯᠡᠭᠰᠡᠨ ᠠᠶᠢᠮᠠᠭ ᠤᠨ ᠮᠤᠩᠭᠤᠯ ᠡᠮᠨᠡᠯᠭᠡ ᠶᠢᠨ ᠬᠤᠷᠢᠶ᠎ᠠ ᠶᠢᠨ ᠦᠪᠡᠰᠦᠪᠡᠨ ᠦᠢᠯᠡᠳᠦᠭᠰᠡᠨ ᠤᠯᠤᠰ ᠤᠨ ᠲᠡᠰ ᠤᠨ ᠡᠮ ᠤᠨ ᠵᠦᠢᠯ ︵ᠮᠤᠩᠭᠤᠯ ᠡᠮ︶ ᠢ ᠡᠮ ᠡᠮᠨᠡᠯᠭᠡ ᠶᠢᠨ ᠲᠠᠭᠠᠳᠬᠠᠯ ᠤᠨ ᠡᠩ ᠤᠨ ᠡᠬᠦᠳᠡᠨ ᠡᠮᠨᠡᠯᠭᠡ ᠶᠢᠨ ᠲᠠᠩᠰᠠ ᠴᠠᠶᠢᠷᠠᠭᠤᠯᠬᠤ ᠬᠦᠷᠢᠶ᠎ᠡ ᠬᠡᠪᠴᠢᠶᠡᠨ ᠳᠤ ᠤᠷᠤᠭᠤᠯᠬᠤ ᠪᠠᠷ ᠪᠤᠯᠵᠦ᠂ ᠠᠶᠢᠮᠠᠭ ᠤᠨ ᠮᠤᠩᠭᠤᠯ ᠡᠮᠨᠡᠯᠭᠡ ᠶᠢᠨ ᠬᠤᠷᠢᠶ᠎ᠠ ᠶᠢᠨ ᠡᠮ ᠡᠮᠨᠡᠯᠭᠡ ᠶᠢᠨ ᠪᠦᠯᠦᠭᠯᠡᠯ ᠤᠨ 23 ᠦᠨᠳᠦᠰᠦᠨ ᠱᠠᠳᠤᠨ ᠤ ᠡᠷᠡᠬᠦᠯ ᠬᠠᠮᠠᠭᠠᠯᠠᠯ ᠤᠨ ᠭᠡᠰᠢᠬᠦᠨ ᠪᠠᠶᠢᠭᠤᠯᠤᠮᠵᠢ ᠲᠠᠢ ᠵᠦᠪᠯᠡᠯᠴᠡᠭᠡᠷ ᠲᠤᠭᠳᠠᠪᠠ᠃      ᠠᠯᠠᠱᠠ ᠵᠡᠬᠦᠨ ᠬᠤᠰᠢᠭᠤᠨ ᠤ ᠡᠮ ᠡᠮᠨᠡᠯᠭᠡ ᠶᠢᠨ ᠲᠠᠭᠠᠳᠬᠠᠯ ᠤᠨ ᠬᠠᠮᠢᠶᠠᠷᠤᠯᠳᠠ ᠶᠢᠨ ᠲᠦᠪ ᠠᠴᠠ ᠠᠶᠢᠮᠠᠭ ᠤᠨ ᠮᠤᠩᠭᠤᠯ ᠡᠮᠨᠡᠯᠭᠡ ᠶᠢᠨ ᠬᠤᠷᠢᠶ᠎ᠠ ᠶᠢᠨ ᠡᠮ ᠡᠮᠨᠡᠯᠭᠡ ᠶᠢᠨ ᠪᠦᠯᠦᠭᠯᠡᠯ ᠤᠨ 23 ᠭᠡᠰᠢᠬᠦᠨ ᠦᠨᠳᠦᠰᠦᠨ ᠱᠠᠳᠤᠨ ᠤ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠲᠠᠢ 2020 ᠤᠨ ᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠩ ᠤᠨ ᠡᠬᠦᠳᠡᠨ ᠡᠮᠨᠡᠯᠭᠡ ᠶᠢᠨ ᠰᠦᠢᠳᠭᠡᠯ ᠢ ᠨᠦᠬᠦᠪᠦᠷᠢᠯᠡᠨ ᠦᠭᠬᠦ ᠵᠦᠪᠯᠡᠯᠴᠡᠭᠡᠷ ᠲᠤᠭᠳᠠᠵᠦ᠂ ᠡᠪᠡᠳᠴᠢᠳᠡᠨ ᠤ ᠡᠮᠨᠡᠬᠦᠯᠦᠭᠰᠡᠨ ᠲᠦᠷᠦᠯ ᠢ 50% ᠪᠠᠷ ᠲᠠᠩᠰᠠ ᠴᠠᠶᠢᠷᠠᠭᠤᠯᠬᠤ ᠪᠠᠷ ᠪᠤᠯᠵᠡᠢ᠃      ᠠᠶᠢᠮᠠᠭ ᠤᠨ ᠮᠤᠩᠭᠤᠯ ᠡᠮᠨᠡᠯᠭᠡ ᠶᠢᠨ ᠬᠤᠷᠢᠶ᠎ᠠ ᠶᠢᠨ ᠡᠮ ᠡᠮᠨᠡᠯᠭᠡ ᠶᠢᠨ ᠪᠦᠯᠦᠭᠯᠡᠯ ᠤᠨ 23 ᠦᠨᠳᠦᠰᠦᠨ ᠱᠠᠳᠤᠨ ᠤ ᠡᠷᠡᠬᠦᠯ ᠬᠠᠮᠠᠭᠠᠯᠠᠯ ᠤᠨ ᠭᠡᠰᠢᠬᠦᠨ ᠪᠠᠶᠢᠭᠤᠯᠤᠮᠵᠢ᠄      ᠪᠠᠶᠠᠨᠬᠤᠳᠠ ᠶᠢᠨ ᠡᠮᠤᠨ᠎ᠡ ᠲᠤᠭᠤᠷᠢᠯᠳᠠ ᠵᠠᠮ ᠤᠨ ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠦᠪ᠂ ᠪᠠᠶᠠᠨᠬᠤᠳᠠ ᠶᠢᠨ ᠵᠡᠬᠦᠨ ᠬᠤᠳᠠ ᠲᠤᠭᠤᠷᠢᠭ ᠤᠨ ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠦᠪ᠂ ᠪᠠᠶᠠᠨᠬᠤᠳᠠ ᠶᠢᠨ ᠦᠭᠡᠯᠡᠳ ᠪᠠᠷᠠᠭᠤᠨ ᠵᠠᠮ ᠤᠨ ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠦᠪ᠂ ᠪᠠᠶᠠᠨᠬᠤᠳᠠ ᠶᠢᠨ ᠪᠠᠷᠠᠭᠤᠨ ᠬᠤᠳᠠ ᠲᠤᠭᠤᠷᠢᠭ ᠤᠨ ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠦᠪ᠂ ᠵᠢᠷᠠᠳᠠᠢ ᠮᠤᠩᠭᠤᠯ ᠡᠮᠨᠡᠯᠭᠡ ᠶᠢᠨ ᠲᠦᠪ ᠡᠷᠡᠬᠦᠯ ᠬᠠᠮᠠᠭᠠᠯᠠᠯ ᠤᠨ ᠬᠤᠷᠢᠶ᠎ᠠ᠂ ᠪᠠᠷᠠᠭᠤᠨ ᠪᠡᠯ ᠤᠨ ᠲᠦᠪ ᠡᠷᠡᠬᠦᠯ ᠬᠠᠮᠠᠭᠠᠯᠠᠯ ᠤᠨ ᠬᠤᠷᠢᠶ᠎ᠠ᠂ ᠤᠨᠳᠤᠷᠤᠯᠳᠤ ᠶᠢᠨ ᠲᠦᠪ ᠡᠷᠡᠬᠦᠯ ᠬᠠᠮᠠᠭᠠᠯᠠᠯ ᠤᠨ ᠬᠤᠷᠢᠶ᠎ᠠ᠂ ᠵᠡᠬᠦᠨ ᠪᠡᠯ ᠤᠨ ᠲᠦᠪ ᠡᠷᠡᠬᠦᠯ ᠬᠠᠮᠠᠭᠠᠯᠠᠯ ᠤᠨ ᠬᠤᠷᠢᠶ᠎ᠠ᠂ ᠤᠯᠠᠨᠪᠤᠯᠠᠭ ᠤᠨ ᠲᠦᠪ ᠡᠷᠡᠬᠦᠯ ᠬᠠᠮᠠᠭᠠᠯᠠᠯ ᠤᠨ ᠬᠤᠷᠢᠶ᠎ᠠ᠂ ᠦᠯᠵᠡᠢ ᠶᠢᠨ ᠲᠦᠪ ᠡᠷᠡᠬᠦᠯ ᠬᠠᠮᠠᠭᠠᠯᠠᠯ ᠤᠨ ᠬᠤᠷᠢᠶ᠎ᠠ᠂ ᠴᠤᠭᠳᠤᠬᠦ᠋ᠷᠢᠶ᠎ᠡ ᠶᠢᠨ ᠮᠤᠩᠭᠤᠯ ᠡᠮᠨᠡᠯᠭᠡ ᠶᠢᠨ ᠡᠷᠡᠬᠦᠯ ᠬᠠᠮᠠᠭᠠᠯᠠᠯ ᠤᠨ ᠬᠤᠷᠢᠶ᠎ᠠ᠂ ᠢᠩᠭᠡᠨ ᠤ ᠡᠷᠡᠬᠦᠯ ᠬᠠᠮᠠᠭᠠᠯᠠᠯ ᠤᠨ ᠬᠤᠷᠢᠶ᠎ᠠ᠂ ᠴᠠᠭᠠᠨᠪᠤᠯᠠᠭ ᠤᠨ ᠡᠷᠡᠬᠦᠯ ᠬᠠᠮᠠᠭᠠᠯᠠᠯ ᠤᠨ ᠬᠤᠷᠢᠶ᠎ᠠ᠂ ᠬᠤᠩᠭᠤᠷᠠᠦ᠋ᠯᠤᠩ ᠤᠨ ᠡᠷᠡᠬᠦᠯ ᠬᠠᠮᠠᠭᠠᠯᠠᠯ ᠤᠨ ᠬᠤᠷᠢᠶ᠎ᠠ᠂ ᠰᠢᠯᠢᠭᠤᠤᠯ ᠤᠨ ᠡᠷᠡᠬᠦᠯ ᠬᠠᠮᠠᠭᠠᠯᠠᠯ ᠤᠨ ᠬᠤᠷᠢᠶ᠎ᠠ᠂ ᠪᠠᠶᠠᠨᠨᠢᠷᠤᠭᠤᠨ ᠰᠤᠮᠤᠨ ᠤ ᠡᠷᠡᠬᠦᠯ ᠬᠠᠮᠠᠭᠠᠯᠠᠯ ᠤᠨ ᠬᠤᠷᠢᠶ᠎ᠠ᠂ ᠪᠠᠶᠠᠨᠮᠦ᠋ᠷᠡᠡ ᠰᠤᠮᠤᠨ ᠤ ᠡᠷᠡᠬᠦᠯ ᠬᠠᠮᠠᠭᠠᠯᠠᠯ ᠤᠨ ᠬᠤᠷᠢᠶ᠎ᠠ᠂ ᠡᠷᠬᠡᠬᠠᠰᠢᠬ᠎ᠠ ᠰᠤᠮᠤᠨ ᠤ ᠡᠷᠡᠬᠦᠯ ᠬᠠᠮᠠᠭᠠᠯᠠᠯ ᠤᠨ ᠬᠤᠷᠢᠶ᠎ᠠ᠂ ᠬᠠᠨ ᠠᠭᠤᠯᠠ ᠶᠢᠨ ᠡᠷᠡᠬᠦᠯ ᠬᠠᠮᠠᠭᠠᠯᠠᠯ ᠤᠨ ᠬᠤᠷᠢᠶ᠎ᠠ᠂ ᠲᠦᠬᠦᠮ ᠤᠨ ᠡᠷᠡᠬᠦᠯ ᠬᠠᠮᠠᠭᠠᠯᠠᠯ ᠤᠨ ᠬᠤᠷᠢᠶ᠎ᠠ᠂ ᠬᠤᠤᠰᠪᠦ᠋ᠷᠢᠳᠦ ᠶᠢᠨ ᠡᠷᠡᠬᠦᠯ ᠬᠠᠮᠠᠭᠠᠯᠠᠯ ᠤᠨ ᠬᠤᠷᠢᠶ᠎ᠠ᠂ ᠴᠠᠬᠠᠷ ᠤᠨ ᠬᠦᠳᠡᠭᠡ ᠶᠢᠨ ᠡᠷᠡᠬᠦᠯ ᠬᠠᠮᠠᠭᠠᠯᠠᠯ ᠤᠨ ᠬᠤᠷᠢᠶ᠎ᠠ᠂ ᠲᠤᠩᠭᠠᠯᠠᠭ ᠨᠠᠭᠤᠷ ᠤᠨ ᠡᠷᠡᠬᠦᠯ ᠬᠠᠮᠠᠭᠠᠯᠠᠯ ᠤᠨ ᠬᠤᠷᠢᠶ᠎ᠠ ᠪᠤᠯᠤᠨ᠎ᠠ᠃
 
ᠢᠷᠡᠯᠲᠡ᠄ ᠠᠯᠠᠱᠠ ᠶᠢᠨ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号