ᠭᠤᠶᠠᠴᠢ ᠦᠭᠡᠢ ᠰᠡᠳᠬᠢᠯ ᠤᠨ ᠤᠨᠳᠤᠷᠤᠭ᠎ᠠ ᠳᠤ ᠥᠩᠭᠡ ᠶᠢᠨ ᠴᠡᠴᠡᠭᠡᠰ ᠮᠢᠷᠠᠯᠵᠠᠨ᠎ᠠ
ᠨᠡᠶᠢᠲᠡᠯᠡᠭᠰᠡᠨ ᠴᠠᠭ᠄
2020/6/1
     — ᠡᠵᠡᠨ᠎ᠡ ᠬᠤᠰᠢᠭᠤᠨ ᠤ ᠰᠠᠶᠢᠬᠠᠨᠲᠤᠤᠷᠡᠢ ᠰᠤᠮᠤᠨ ᠤ ᠮᠦᠡᠭᠬᠦᠲᠦ ᠭᠠᠴᠠᠭᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠤᠰᠢᠭᠤᠴᠢ ᠳᠠᠭᠠᠭᠤᠯᠤᠭᠴᠢ ᠤᠶᠤᠨᠰᠤᠶᠤᠯ ᠢ ᠲᠡᠮᠳᠡᠭᠯᠡᠪᠡ      ᠡᠭᠡᠯ ᠶᠡᠷᠦᠮᠳᠡᠭ ᠠᠵᠢᠯ ᠤᠨ ᠪᠠᠶᠢᠷᠢ ᠠᠭᠤᠤ ᠬᠥᠮᠥᠰ ᠢ ᠪᠦᠲᠦᠭᠡᠳᠡᠭ ᠪᠣᠯ ᠲᠡᠭᠦᠨ ᠤ ᠳᠣᠲᠣᠷᠠᠬᠢ ᠨᠢᠭᠡ ᠨᠢ ᠤᠶᠤᠨᠰᠤᠶᠤᠯ ᠪᠠᠶᠢᠵᠤ ᠲᠠᠭᠠᠷᠠᠭ᠎ᠠ᠃ ᠲᠡᠷᠡ ᠮᠠᠨᠢ ᠲᠡᠰᠪᠦᠷᠢ ᠲᠡᠪᠴᠢᠶᠡᠷᠢ᠂ ᠤᠶᠢᠭ᠎ᠠ ᠦᠭᠡᠢ ᠰᠡᠳᠬᠢᠯ ᠤᠨ ᠪᠠᠷᠢᠮᠲᠠᠯᠠᠯ᠂ ᠠᠷᠠᠳ ᠲᠠᠭᠠᠨ ᠭᠡᠰᠡᠨ ᠭᠤᠶᠠᠴᠢ ᠦᠭᠡᠢ ᠰᠡᠳᠬᠢᠯ ᠢᠶᠠᠷ ᠢᠶᠠᠨ ᠨᠤᠲᠤᠭ ᠤᠨ ᠠᠷᠠᠳ ᠲᠦᠮᠡᠨ ᠤ ᠰᠡᠳᠬᠢᠯ ᠳᠤ ᠣᠳᠣ ᠪᠣᠯᠤᠨ ᠭᠡᠷᠡᠯᠲᠦᠵᠠᠢ᠃ 1997 ᠣᠨ ᠳᠤ ᠡᠵᠡᠨ᠎ᠡ ᠬᠤᠰᠢᠭᠤᠨ ᠤ ᠰᠠᠶᠢᠬᠠᠨᠲᠤᠤᠷᠡᠢ ᠰᠤᠮᠤᠨ ᠤ ᠮᠦᠩᠬᠦᠲᠦ ᠭᠠᠴᠠᠭᠠᠨ ᠤ ᠨᠠᠮ ᠤᠨ ᠡᠭᠦᠷ ᠤᠨ ᠱᠦᠵᠢ ᠶᠢᠨ ᠲᠤᠰᠢᠶᠠᠯ ᠳᠤ ᠭᠠᠷᠴᠤ᠂ 2012 ᠣᠨ ᠳᠤ ᠭᠠᠴᠠᠭᠠᠨ ᠤ ᠨᠠᠮ ᠤᠨ ᠡᠭᠦᠷ ᠤᠨ ᠱᠦᠵᠢ ᠪᠤᠯᠤᠨ ᠭᠠᠴᠠᠭᠠᠨ ᠳᠠᠷᠤᠭ᠎ᠠ ᠶᠢᠨ ᠬᠤᠣᠰ ᠲᠤᠰᠢᠶᠠᠯ ᠢ ᠬᠠᠷᠢᠭᠤᠴᠠᠵᠦ ᠡᠬᠢᠯᠡᠵᠠᠢ᠃ ᠨᠠᠮ ᠤᠨ ᠭᠡᠰᠢᠭᠦᠨ ᠪᠣᠯᠣᠭᠰᠠᠨ ᠤ ᠬᠤᠪᠢ ᠳᠤ ᠲᠡᠷᠡ ᠮᠠᠨᠢ ᠴᠠᠭ ᠢᠮᠠᠭᠲᠠ ᠨᠠᠮ ᠤᠨ ᠭᠡᠰᠢᠭᠦᠨ ᠤ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠨ ᠦᠨᠳᠦᠰᠦᠲᠡᠨ ᠤ ᠪᠦᠯᠬᠦᠮᠳᠡᠯ ᠤᠨ ᠡᠮᠦᠨ᠎ᠡ ᠡᠩᠨᠡᠭᠡᠨ ᠳᠤ ᠭᠠᠪᠰᠢᠭᠠᠶᠢᠯᠠᠭᠰᠠᠨ ᠪᠠᠶᠢᠨ᠎ᠠ᠃ ᠠᠵᠢᠯ ᠤᠨ ᠳᠤᠮᠳᠠ ᠪᠠᠨ ᠲᠡᠷᠡ ᠮᠠᠨᠢ ᠭᠠᠴᠠᠭᠠᠨ ᠤ ᠡᠯ᠎ᠡ ᠦᠨᠳᠦᠰᠦᠲᠡᠨ ᠤ ᠠᠷᠠᠳ ᠲᠦᠮᠡᠨ ᠢ ᠳᠠᠭᠠᠭᠤᠯᠤᠨ ᠬᠠᠮᠲᠤᠪᠠᠷ ᠤᠷᠤᠭᠰᠢᠯᠠᠨ ᠳᠠᠪᠰᠢᠵᠤ ᠠᠷᠠᠳ ᠣᠯᠠᠨ ᠤ ᠢᠲᠡᠭᠡᠯ ᠬᠦᠨᠳᠦᠳᠬᠡᠯ ᠢ ᠤᠯᠤᠭᠰᠠᠭᠠᠷ ᠢᠷᠠᠵᠠᠢ᠃      ᠢᠲᠡᠭᠡᠯ ᠰᠡᠳᠬᠢᠯ ᠤᠨ ᠪᠠᠷᠢᠮᠲᠠᠯᠠᠯ      ᠦᠨᠳᠦᠰᠦᠨ ᠱᠠᠲᠤᠨ ᠤ ᠴᠥᠭᠡᠨ ᠲᠣᠭᠠᠲᠤ ᠦᠨᠳᠦᠰᠦᠲᠡᠨ ᠤ ᠺᠠᠳ᠋ᠷ ᠪᠣᠯᠣᠭᠰᠠᠨ ᠤ ᠬᠤᠪᠢ ᠳᠤ ᠤᠶᠤᠨᠰᠤᠶᠤᠯ ᠰᠤᠷᠤᠯᠴᠠᠯᠭ᠎ᠠ ᠪᠠᠨ ᠰᠡᠳᠬᠢᠯ ᠤᠨ ᠪᠠᠷᠢᠮᠲᠠᠯᠠᠯ ᠪᠣᠯᠭᠠᠭᠰᠠᠭᠠᠷ ᠢᠷᠡᠭᠰᠡᠨ ᠠᠵᠢ᠃ ︽ᠣᠯᠠᠨ ᠲᠦᠮᠡᠨ ᠤ ᠠᠵᠢᠯ ᠢ ᠰᠠᠶᠢᠨ ᠬᠢᠶ᠎ᠡ ᠭᠡᠪᠡᠯ ᠵᠠᠪᠠᠯ ᠲᠥᠷᠥ ᠶᠢᠨ ᠪᠣᠳᠣᠯᠭ᠎ᠠ᠂ ᠬᠢᠬᠦ ᠭᠡᠵᠦ ᠪᠠᠶᠢᠭ᠎ᠠ ᠠᠵᠢᠯ ᠢᠶᠠᠨ ᠲᠡᠳᠡᠨᠡᠷ ᠲᠤ ᠣᠶᠢᠯᠠᠭᠠᠭᠤᠯᠬᠤ ᠬᠡᠷᠡᠭᠲᠡᠢ᠃ ᠶᠣᠰᠣ ᠤᠴᠢᠷ ᠢ ᠰᠠᠶᠢᠬᠠᠨ ᠲᠠᠶᠢᠯᠪᠤᠷᠢᠯᠠᠵᠤ ᠴᠢᠳᠠᠪᠠᠯ ᠣᠯᠠᠨ ᠲᠦᠮᠡᠨ ᠤ ᠢᠲᠡᠭᠡᠯ ᠢ ᠣᠯᠵᠤ ᠪᠣᠯᠣᠨ᠎ᠠ︾ ᠭᠡᠵᠦ ᠲᠡᠷᠡ ᠮᠠᠨᠢ ᠶᠠᠷᠢᠭᠰᠠᠨ ᠶᠤᠮ᠃ ᠤᠶᠤᠨᠰᠤᠶᠤᠯ ᠣᠨᠣᠯ ᠬᠢᠭᠡᠳ ᠲᠥᠷᠥ ᠶᠢᠨ ᠪᠣᠳᠣᠯᠭ᠎ᠠ ᠶᠢ ᠰᠤᠷᠤᠯᠴᠠᠬᠤ ᠪᠠᠨ ᠦᠷᠭᠦᠯᠵᠢ ᠴᠢᠩᠭᠠᠳᠬᠠᠵᠤ᠂ ᠭᠠᠴᠠᠭᠠᠨ ᠤ ︽ᠬᠤᠶᠠᠷ ᠵᠥᠪᠯᠡᠯ︾ ᠢᠶᠠᠨ ᠵᠣᠬᠢᠶᠠᠨ ᠪᠠᠶᠢᠭᠤᠯᠵᠤ ᠪᠠᠶᠢᠭᠠᠳ ᠨᠠᠮ ᠤᠨ ᠲᠦᠪ ᠬᠤᠷᠢᠶ᠎ᠠ᠂ ᠦᠪᠡᠷᠳᠡᠬᠡᠨ ᠵᠠᠰᠠᠬᠤ ᠤᠷᠤᠨ ᠪᠤᠯᠤᠨ ᠠᠶᠢᠮᠠᠭ ᠬᠤᠰᠢᠭᠤᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠬᠢᠭᠡᠳ ᠵᠠᠬ᠎ᠠ ᠳᠡᠯᠭᠡᠭᠦᠷ ᠤᠨ ᠠᠵᠤ ᠠᠬᠤᠢ᠂ ᠬᠠᠤᠯᠢ ᠳᠦᠷᠢᠮ᠂ ᠤᠳᠤᠬᠢᠴᠢᠯᠠᠭᠰᠠᠨ ᠬᠠᠮᠢᠶᠠᠷᠤᠯᠲᠠ ᠵᠡᠷᠭᠡ ᠲᠠᠯ᠎ᠠ ᠶᠢᠨ ᠮᠡᠳᠡᠯᠭᠡ ᠶᠢ ᠬᠠᠮᠲᠤᠪᠠᠷ ᠰᠤᠷᠤᠯᠴᠠᠵᠤ ᠣᠶᠣᠨ ᠲᠠᠷᠢᠬᠢ ᠪᠠᠨ ᠵᠡᠪᠰᠡᠭᠯᠡᠨ᠂ ᠨᠢᠮᠪᠠᠢ ᠣᠪᠣᠷ ᠦᠢᠯᠡᠰᠴᠢ ᠰᠡᠳᠬᠢᠯ ᠢᠶᠠᠷ ᠢᠶᠠᠨ ᠶᠡᠷᠦᠮᠳᠡᠭ ᠠᠵᠢᠯ ᠤᠨ ᠪᠠᠶᠢᠷᠢᠨ ᠳᠡᠭᠡᠷ᠎ᠡ ᠶᠡᠷᠦ ᠪᠤᠰᠤ ᠶᠢᠨ ᠦᠷ᠎ᠡ ᠪᠦᠲᠦᠮᠵᠢ ᠶᠢ ᠡᠭᠦᠳᠴᠦ ᠤᠯᠠᠨ ᠲᠦᠮᠡᠨ ᠤ ᠲᠠᠭᠠᠰᠢᠶᠠᠯ ᠢ ᠬᠦᠷᠲᠡᠭᠰᠡᠨ ᠪᠠᠶᠢᠨ᠎ᠠ᠃      ᠲᠡᠷᠡ ᠥᠪᠡᠷ ᠤᠨ ᠪᠡᠶ᠎ᠡ ᠪᠠᠷ ᠢᠶᠠᠨ ᠲᠣᠯᠣᠭᠠᠶᠢᠯᠠᠨ ᠨᠠᠮ ᠤᠨ ᠰᠠᠬᠢᠯᠭ᠎ᠠ ᠪᠠᠲᠤ ᠪᠠ ᠤᠯᠤᠰ ᠤᠨ ᠬᠠᠤᠯᠢ ᠳᠦᠷᠢᠮ ᠢ ᠴᠢᠩᠭ᠎ᠠ ᠰᠠᠬᠢᠵᠤ᠂ ᠨᠠᠮ ᠤᠨ ᠰᠢᠢᠳᠪᠦᠷᠢ ᠶᠢ ᠬᠢᠨᠠᠮᠠᠭᠠᠢ ᠬᠡᠷᠡᠭᠵᠢᠭᠦᠯᠦᠨ᠂ ᠨᠠᠮ ᠤᠨ ᠪᠦᠯᠬᠦᠮᠳᠡᠯ ᠬᠢᠭᠡᠳ ᠨᠢᠭᠲᠠᠷᠠᠯ ᠢ ᠬᠠᠮᠠᠭᠠᠯᠠᠵᠤ᠂ ᠴᠠᠭ ᠢᠮᠠᠭᠲᠠ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠤ ᠬᠤᠰᠢᠭᠤᠴᠢ ᠴᠢᠨᠠᠷ ᠢᠶᠠᠷ ᠥᠪᠡᠷ ᠢ ᠪᠠᠨ ᠴᠢᠩᠭ᠎ᠠ ᠱᠠᠭᠠᠷᠳᠠᠵᠤ᠂ ᠶᠡᠷᠦᠩᠬᠡᠶᠢᠯᠡᠭᠰᠡᠨ ᠬᠡᠪ ᠰᠤᠷᠲᠠᠯ ᠪᠠ ᠦᠨᠳᠦᠰᠦᠨ ᠱᠠᠲᠤᠨ ᠤ ᠠᠵᠢᠯ ᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠭᠰᠡᠭᠡᠷ ᠢᠷᠡᠭᠰᠡᠨ ᠪᠠᠶᠢᠨ᠎ᠠ᠃ ᠥᠪᠡᠷ ᠢᠶᠠᠨ ᠲᠠᠰᠤᠷᠠᠯᠲᠠ ᠦᠭᠡᠢ ᠳᠠᠪᠰᠢᠬᠤ ᠶᠢᠨ ᠬᠠᠮᠲᠤ ᠭᠠᠴᠠᠭᠠᠨ ᠤ ᠡᠯ᠎ᠡ ᠲᠥᠷᠥᠯ ᠤᠨ ᠠᠵᠢᠯ ᠢ ᠨᠠᠷᠢᠨ ᠠᠳᠬᠤᠵᠤ᠂ ᠨᠠᠮ ᠤᠨ ᠵᠣᠬᠢᠶᠠᠨ ᠪᠠᠶᠢᠭᠤᠯᠤᠯᠲᠠ ᠠᠴᠠ ᠲᠤᠰᠢᠶᠠᠭᠰᠠᠨ ᠠᠵᠢᠯ ᠤᠳ ᠢ ᠳᠠᠪᠠᠭᠤᠯᠤᠨ ᠪᠡᠶᠡᠯᠡᠭᠦᠯᠵᠡᠢ᠃ ᠲᠡᠷᠡ ᠥᠪᠡᠷ ᠤᠨ ᠴᠢᠷᠮᠠᠶᠢᠯᠭ᠎ᠠ ᠪᠠᠷ ︽ᠭᠤᠷᠪᠠ ᠶᠢ ᠠᠳᠬᠤᠬᠤ︾ ᠶᠢ ᠪᠡᠶᠡᠯᠡᠭᠦᠯᠵᠦ ᠴᠢᠳᠠᠭᠰᠠᠨ ᠶᠤᠮ᠃ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠳᠤ ᠲᠦᠰᠢᠭᠯᠡᠨ ᠮᠠᠯᠴᠢᠨ ᠲᠠᠷᠢᠶᠠᠴᠢᠳ ᠢ ᠳᠠᠶᠢᠴᠢᠯᠠᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠪᠠᠨ ᠳᠣᠷᠣᠭᠰᠢ ᠰᠢᠯᠵᠢᠭᠦᠯᠵᠦ᠂ ᠡᠭᠦᠷᠭᠡ ᠪᠠᠨ ᠪᠤᠲᠠᠲᠠᠶᠢᠵᠢᠭᠤᠯᠤᠨ ᠦᠨᠳᠦᠰᠦᠨ ᠱᠠᠲᠤ ᠶᠢ ᠠᠳᠬᠤᠬᠤ ᠪᠠᠨ ᠪᠡᠶᠡᠯᠡᠭᠦᠯᠵᠡᠢ᠃ ᠡᠯ᠎ᠡ ᠵᠦᠢᠯ ᠤᠨ ᠠᠵᠢᠯᠯᠠᠭ᠎ᠠ ᠶᠢᠨ ᠬᠡᠯᠪᠡᠷᠢ ᠶᠢ ᠨᠠᠷᠢᠯᠢᠭ ᠲᠥᠰᠦᠪᠯᠡᠵᠦ᠂ ᠦᠷᠭᠦᠯᠵᠢ ᠶᠢᠨ ᠴᠢᠨᠠᠷᠲᠠᠢ ᠪᠠᠷ ᠣᠯᠠᠨ ᠲᠦᠮᠡᠨ ᠤ ᠬᠦᠷᠢᠶᠡᠯᠡᠯ ᠢ ᠣᠯᠣᠭᠰᠠᠨ ᠰᠢᠨ᠎ᠡ ᠰᠡᠪᠡᠭᠦᠨ ᠬᠥᠳᠡᠯᠭᠡᠭᠡᠨ ᠢ ᠥᠷᠨᠢᠭᠦᠯᠵᠦ ᠠᠴᠢᠶᠠᠯᠠᠭᠴᠢ ᠶᠢ ᠠᠳᠬᠤᠬᠤ ᠶᠢ ᠭᠦᠢᠴᠡᠳᠬᠡᠵᠦ ᠴᠢᠳᠠᠭᠰᠠᠨ ᠪᠠᠶᠢᠨ᠎ᠠ᠃ ᠡᠯ᠎ᠡ ᠵᠦᠢᠯ ᠤᠨ ᠤᠬᠠᠭᠤᠯᠭ᠎ᠠ ᠶᠢᠨ ᠠᠷᠭ᠎ᠠ ᠪᠠᠷᠢᠯ ᠢ ᠭᠦᠢᠴᠡᠳ ᠠᠰᠢᠭᠯᠠᠨ ᠦᠨᠳᠦᠰᠦᠲᠡᠨ ᠤ ᠪᠦᠯᠬᠦᠮᠳᠡᠯ ᠳᠤᠮᠳᠠ ᠴᠢᠬᠤᠯᠠ ᠦᠢᠯᠡᠳᠦᠯ ᠦᠵᠡᠭᠦᠯᠦᠨ᠂ ᠡᠯ᠎ᠡ ᠵᠦᠢᠯ ᠤᠨ ᠬᠥᠳᠡᠯᠭᠡᠭᠡᠨ ᠤ ᠲᠠᠯᠠᠪᠠᠢ ᠶᠢ ᠦᠨᠳᠦᠰᠦᠲᠡᠨ ᠤ ᠪᠦᠯᠬᠦᠮᠳᠡᠯ ᠢ ᠤᠬᠠᠭᠤᠯᠬᠤ ᠹᠷᠣᠨᠲ ᠢᠶᠠᠷ ᠪᠦᠲᠦᠭᠡᠨ ᠪᠠᠶᠢᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠳᠤ ᠠᠰᠢᠭᠲᠠᠢ᠂ ᠦᠨᠳᠦᠰᠦᠲᠡᠨ ᠪᠦᠯᠬᠦᠮᠳᠡᠭᠰᠡᠨ ᠰᠠᠶᠢᠨ ᠰᠠᠶᠢᠬᠠᠨ ᠣᠷᠴᠢᠨ ᠢ ᠪᠤᠢ ᠪᠣᠯᠭᠠᠵᠤ ᠴᠢᠳᠠᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠲᠡᠷᠡ ᠮᠠᠨᠢ ᠭᠠᠴᠠᠭᠠᠨ ᠤ ᠠᠷᠠᠳ ᠤᠨ ᠬᠥᠳᠡᠯᠭᠡᠭᠡᠨ ᠤ ᠥᠷᠥᠭᠡ ᠵᠡᠷᠭᠡ ᠭᠠᠵᠠᠷ ᠢ ᠠᠰᠢᠭᠯᠠᠨ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠪᠠᠷ ᠡᠯ᠎ᠡ ᠵᠦᠢᠯ ᠤᠨ ᠪᠣᠯᠪᠠᠰᠤᠷᠠᠯ ᠢ ᠥᠷᠨᠢᠭᠦᠯᠦᠨ ᠮᠠᠯᠴᠢᠨ ᠲᠠᠷᠢᠶᠠᠴᠢᠳ ᠤᠨ ᠦᠵᠡᠯ ᠰᠠᠨᠠᠭᠠᠨ ᠤ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠦᠭᠰᠡᠨ ᠪᠠᠶᠢᠨ᠎ᠠ᠃      ᠴᠢᠨᠡᠭᠡᠯᠢᠭᠵᠢᠯ ᠤᠨ ᠳᠠᠭᠠᠭᠤᠯᠤᠭᠴᠢ      ᠴᠥᠭᠡᠨ ᠲᠣᠭᠠᠲᠤ ᠦᠨᠳᠦᠰᠦᠲᠡᠨ ᠤ ᠺᠠᠳ᠋ᠷ ᠪᠣᠯᠣᠭᠰᠠᠨ ᠤ ᠬᠤᠪᠢ ᠳᠤ ᠲᠡᠷᠡ ᠮᠠᠨᠢ ᠠᠵᠢᠯ ᠤᠨ ᠳᠤᠮᠳᠠ ᠥᠪᠡᠷ ᠢ ᠪᠠᠨ ᠴᠢᠩᠭ᠎ᠠ ᠱᠠᠭᠠᠷᠳᠠᠵᠤ ᠶᠣᠰᠣ ᠰᠤᠷᠲᠠᠬᠤᠨ ᠤ ᠬᠢᠷᠢ ᠲᠦᠪᠰᠢᠨ ᠪᠠ ᠰᠣᠶᠣᠯ ᠮᠡᠳᠡᠯᠭᠡ ᠪᠠᠨ ᠳᠡᠭᠡᠭᠰᠢᠯᠡᠭᠦᠯᠦᠨ ᠦᠢᠷ᠎ᠡ ᠬᠠᠪᠢ ᠶᠢᠨ ᠤᠯᠤᠰ ᠤᠳ ᠢᠶᠠᠨ ᠨᠥᠯᠥᠭᠡᠯᠡᠭᠰᠡᠨ ᠪᠠᠶᠢᠨ᠎ᠠ᠃ ᠪᠦᠬᠦ ᠲᠠᠯ᠎ᠠ ᠶᠢᠨ ᠵᠣᠭᠰᠣᠴᠠ ᠠᠴᠠ ᠨᠠᠮ ᠪᠠ ᠠᠷᠠᠳ ᠲᠦᠮᠡᠨ ᠳᠡᠭᠡᠨ ᠬᠡᠷᠡᠭ ᠲᠠᠢ ᠦᠭᠡ ᠶᠢ ᠬᠡᠯᠡᠵᠦ ᠠᠰᠢᠭᠲᠠᠢ ᠶᠠᠪᠤᠳᠠᠯ ᠢ ᠬᠢᠵᠦ ᠦᠷᠭᠦᠯᠵᠢ ᠭᠠᠴᠠᠭᠠᠨ ᠤ ︽ᠬᠤᠶᠠᠷ ᠵᠥᠪᠯᠡᠯ︾ ᠲᠠᠢ ᠬᠠᠮᠲᠤᠪᠠᠷ ᠰᠤᠮᠤᠨ ᠤ ᠬᠥᠭᠵᠢᠯᠲᠡ ᠶᠢᠨ ᠲᠤᠬᠠᠢ ᠶᠠᠷᠢᠯᠴᠠᠨ᠂ ᠬᠠᠮᠲᠤ ᠠᠵᠢᠯᠲᠠᠨ ᠮᠠᠯᠴᠢᠨ ᠲᠠᠷᠢᠶᠠᠴᠢᠨ ᠲᠠᠢ ᠵᠢᠷᠦᠬᠡ ᠰᠡᠳᠬᠢᠯ ᠢᠶᠠᠨ ᠬᠤᠯᠪᠣᠨ ᠠᠵᠢᠯᠯᠠᠨ᠎ᠠ᠃ ᠵᠢᠩᠬᠢᠨᠢ ᠨᠠᠮ ᠤᠨ ᠭᠡᠰᠢᠭᠦᠨ ᠭᠡᠳᠡᠭ ᠬᠠᠮᠢᠭ᠎ᠠ ᠪᠠᠶᠢᠭᠰᠠᠨ ᠴᠤ ᠬᠠᠮᠤᠭ ᠤᠨ ᠰᠢᠯᠢᠳᠡᠭ ᠲᠡᠷᠢᠭᠦᠨ ᠤ ᠬᠥᠮᠥᠨ ᠪᠠᠶᠢᠬᠤ ᠶᠣᠰᠣᠲᠠᠢ᠂ ᠶᠠᠮᠠᠷ ᠠᠵᠢᠯ ᠢ ᠬᠢᠭᠰᠡᠨ ᠴᠤ ᠪᠦᠷ ᠰᠠᠶᠢᠨ ᠬᠢᠬᠦ ᠬᠡᠷᠡᠭᠲᠡᠢ ᠭᠡᠳᠡᠭ ᠢ ᠲᠡᠷᠡ ᠲᠣᠳᠣ ᠣᠶᠢᠯᠠᠭᠠᠨ᠎ᠠ᠃ ᠢᠩᠭᠢᠪᠡᠯ ᠰᠠᠶ᠋ᠢ ᠣᠯᠠᠨ ᠲᠦᠮᠡᠨ ᠢᠶᠠᠨ ᠨᠢᠭᠲᠠᠷᠠᠭᠤᠯᠤᠨ ᠪᠦᠯᠬᠦᠮᠳᠡᠭᠦᠯᠵᠦ᠂ ᠲᠣᠭᠲᠠᠭᠤᠨ ᠤ ᠳᠤᠮᠳᠠ ᠬᠥᠭᠵᠢᠯᠲᠡ ᠶᠢ ᠡᠷᠢᠯᠬᠢᠯᠡᠨ ᠴᠢᠨᠡᠭᠡᠯᠢᠭᠵᠢᠯ ᠤᠨ ᠵᠠᠮ ᠢᠶᠠᠷ ᠵᠠᠮᠨᠠᠵᠤ ᠴᠢᠳᠠᠨ᠎ᠠ᠃      ᠪᠦᠬᠦ ᠠᠶᠢᠮᠠᠭ ᠠᠴᠠ ︽ᠰᠢᠯᠵᠢᠬᠦᠯᠤᠨ ᠬᠦᠭᠵᠢᠬᠦᠯᠬᠦ︾ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠮᠠᠯᠴᠢᠳ ᠰᠢᠨ᠎ᠡ ᠠᠮᠢᠳᠤᠷᠠᠯ ᠢᠶᠠᠨ ᠬᠡᠷᠬᠢᠨ ᠡᠬᠢᠯᠡᠭᠦᠯᠬᠦ ᠲᠤᠬᠠᠢ ᠡᠷᠡᠭᠡᠯᠵᠡᠵᠦ ᠪᠠᠶᠢᠬᠤ ᠳᠤ ᠲᠡᠷᠡ ᠮᠠᠨᠢ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠰᠤᠳᠤᠯᠤᠭᠰᠠᠨ ᠰᠠᠭᠤᠷᠢᠨ ᠲᠠᠭᠡᠷ᠎ᠠ ᠰᠢᠯᠵᠢᠬᠦ ᠶᠢᠨ ᠵᠠᠩᠭᠢᠯᠠᠭ᠎ᠠ ᠪᠠ ᠬᠦᠴᠢᠷᠳᠡᠯ ᠨᠢ ᠮᠠᠯᠴᠢᠳ ᠢ ︽ᠤᠢᠢᠯᠠᠤᠠᠪᠤᠷᠢᠯᠠᠯ ᠢ ᠬᠤᠪᠢᠷᠠᠭᠤᠯᠬᠤ᠂ ᠠᠮᠢᠳᠤᠷᠠᠯ ᠲᠣᠭᠲᠠᠭᠤᠨ ᠪᠠᠶᠢᠬᠤ᠂ ᠴᠢᠨᠡᠭᠡᠯᠢᠭᠵᠢᠵᠦ ᠴᠢᠳᠠᠬᠤ︾ ᠳᠤ ᠪᠠᠶᠢᠨ᠎ᠠ ᠭᠡᠰᠡᠨ ᠢ ᠮᠡᠳᠡᠭᠰᠡᠨ ᠪᠠᠶᠢᠨ᠎ᠠ᠃      ᠭᠠᠴᠠᠭᠠᠨ ᠤ ᠠᠷᠠᠳ ᠤᠨ ᠡᠷᠡᠭᠡᠯᠵᠡᠭᠡ ᠶᠢ ᠲᠠᠶᠢᠯᠬᠤ ᠶᠢᠨ ᠲᠤᠰᠠᠳᠠ ᠤᠯᠠᠨ ᠲᠦᠮᠡᠨ ᠢᠶᠠᠨ ᠳᠠᠭᠠᠭᠤᠯᠤᠨ ᠴᠢᠨᠡᠭᠡᠯᠢᠭᠵᠢᠯ ᠤᠨ ᠰᠢᠨ᠎ᠡ ᠵᠠᠮ ᠢ ᠡᠷᠢᠯᠬᠢᠯᠡᠨ ᠭᠠᠷᠭᠠᠵᠠᠢ᠃ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠨᠢᠭᠡᠳᠦᠭᠡᠷ ᠪᠠᠶᠢᠷᠢᠨ ᠳᠤ ᠲᠠᠯᠪᠢᠵᠤ ᠲᠤᠬᠠᠢ ᠶᠢᠨ ᠭᠠᠵᠠᠷ ᠲᠤᠨᠢ ᠬᠦᠷᠴᠦ ᠲᠥᠷᠥ ᠶᠢᠨ ᠪᠣᠳᠣᠯᠭ᠎ᠠ ᠶᠢ ᠤᠬᠠᠭᠤᠯᠬᠤ ᠶᠢ ᠪᠠᠷᠢᠮᠲᠠᠯᠠᠨ ᠮᠠᠯᠴᠢᠨ ᠲᠠᠷᠢᠶᠠᠴᠢᠳ ᠢ ᠵᠣᠬᠢᠶᠠᠨ ᠪᠠᠶᠢᠭᠤᠯᠵᠤ ᠨᠡᠭᠦᠭᠰᠡᠨ ᠭᠠᠵᠠᠷ ᠲᠤ ᠣᠴᠢᠭᠤᠯᠤᠨ ᠪᠠᠶᠢᠴᠠᠭᠠᠨ ᠦᠵᠡᠭᠦᠯᠵᠦ ᠰᠤᠷᠤᠯᠴᠠᠭᠤᠯᠤᠨ ᠠᠮᠢ ᠠᠬᠤᠢ ᠶᠢᠨ ᠮᠠᠭᠤᠳᠠᠯ ᠠᠴᠠ ᠪᠣᠯᠣᠭᠰᠠᠨ ᠦᠷ᠎ᠡ ᠳ᠋ᠦᠩ ᠢ ᠲᠠᠨᠢᠵᠤ ᠨᠡᠭᠦᠭᠰᠡᠨ ᠤ ᠳᠠᠷᠠᠭᠠᠬᠢ ᠠᠮᠢᠳᠤᠷᠠᠯ ᠤᠨ ᠬᠦᠰᠡᠯ ᠣᠯᠭᠤᠵᠤ ᠲᠡᠳᠡᠨᠡᠷ ᠤᠨ ᠨᠡᠭᠦᠬᠦ ᠢᠳᠡᠪᠬᠢᠵᠢᠯ ᠢ ᠳᠠᠶᠢᠴᠢᠯᠠᠵᠤ ᠴᠢᠳᠠᠭᠰᠠᠨ ᠪᠠᠶᠢᠨ᠎ᠠ᠃ ᠲᠡᠷᠡ ᠮᠠᠨᠢ ᠪᠣᠳᠠᠲᠠᠢ ᠦᠢᠯᠡ ᠠᠵᠢᠯᠯᠠᠭ᠎ᠠ ᠪᠠᠷ ᠢᠶᠠᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠭᠠᠷᠭᠠᠵᠤ᠂ ᠮᠠᠯᠴᠢᠨ ᠲᠠᠷᠢᠶᠠᠴᠢᠳ ᠤᠨ ᠰᠡᠳᠬᠢᠯ ᠳᠠᠬᠢ ᠬᠥᠳᠡᠭᠡ ᠠᠵᠤ ᠠᠬᠤᠢ ᠶᠢ ᠬᠥᠭᠵᠢᠭᠦᠯᠬᠦ ᠬᠤᠰᠢᠭᠤᠴᠢ ᠨᠢ ᠪᠣᠯᠣᠭᠰᠠᠨ ᠪᠠᠶᠢᠨ᠎ᠠ᠃      ᠡᠭᠦᠨ ᠤ ᠬᠠᠮᠲᠤ᠂ ᠲᠡᠷᠡ ᠮᠠᠨᠢ ᠥᠪᠡᠷ ᠤᠨ ᠪᠡᠶ᠎ᠡ ᠪᠠᠷ ᠢᠶᠠᠨ ᠲᠣᠯᠣᠭᠠᠶᠢᠯᠠᠨ ᠳᠠᠯᠠᠶᠢᠬᠦ᠋ᠪ ᠪᠠᠯᠭᠠᠰᠤᠨ ᠤ ᠨᠠᠷᠢᠠᠭᠤᠤᠯ ᠰᠢᠨ᠎ᠡ ᠲᠣᠭᠤᠷᠢᠭ ᠲᠤ ᠪᠦᠬᠦ ᠬᠤᠰᠢᠭᠤᠨ ᠤ ᠠᠩᠬᠠᠳᠠᠭᠴᠢ ᠮᠠᠯ ᠤᠨ ᠮᠢᠬᠠᠨ ᠤ ᠲᠥᠷᠥᠯ ᠤᠨ ᠮᠣᠩᠭᠤᠯ ᠬᠤᠭᠤᠯᠠᠨ ᠭᠡᠷ ᠪᠣᠯᠬᠤ ︽ᠮᠦᠡᠭᠬᠦᠳᠤ ᠬᠤᠭᠤᠯᠠᠨ ᠭᠡᠷ︾ ᠢ ᠨᠡᠭᠡᠭᠡᠵᠡᠢ᠃ ᠬᠤᠭᠤᠯᠠᠨ ᠭᠡᠷ ᠢ ᠨᠡᠭᠡᠭᠡᠭᠰᠡᠨ ᠠᠴᠠ ᠨᠠᠰᠢ ᠲᠡᠭᠦᠨ ᠤ ᠵᠢᠯ ᠤᠨ ᠣᠷᠣᠯᠭ᠎ᠠ ᠲᠠᠪᠢᠨ ᠲᠦᠮᠠᠨ ᠲᠦᠬᠦᠷᠢᠭ ᠢ ᠳᠠᠪᠠᠭᠰᠠᠨ ᠲᠡᠮᠳᠡᠭᠯᠡᠯ ᠲᠠᠢ᠃ ᠡᠨᠡ ᠨᠢ ᠬᠤᠰᠢᠭᠤᠴᠢ ᠦᠢᠯᠡᠳᠦᠯ ᠢᠶᠠᠨ ᠭᠠᠷᠭᠠᠭᠰᠠᠨ ᠤ ᠬᠠᠮᠲᠤ ᠨᠡᠭᠦᠭᠰᠡᠨ ᠠᠮᠵᠢᠯᠲᠠ ᠲᠠᠢ ᠵᠢᠱᠢᠶ᠎ᠡ ᠪᠣᠯᠵᠠᠢ᠃ ᠥᠪᠡᠷ ᠢᠶᠠᠨ ᠴᠢᠨᠡᠭᠡᠯᠢᠭᠵᠢᠭᠰᠡᠨ ᠲᠡᠷᠡ ᠮᠠᠨᠢ ᠮᠠᠯᠴᠢᠨ ᠲᠠᠷᠢᠶᠠᠴᠢᠳ ᠤᠨ ᠵᠣᠷᠢᠭᠲᠠᠢ ᠪᠠᠷ ᠦᠢᠯᠡᠰ ᠪᠦᠲᠦᠭᠡᠬᠦ ᠶᠢ ᠵᠣᠷᠢᠭᠵᠢᠭᠤᠯᠵᠤ ᠥᠪᠡᠷ ᠤᠨ ᠠᠷᠭ᠎ᠠ ᠲᠤᠷᠰᠢᠯᠭ᠎ᠠ ᠪᠠᠨ ᠭᠤᠷᠪᠠᠳᠤᠭᠠᠷ ᠠᠵᠤ ᠦᠢᠯᠡᠰ ᠡᠷᠬᠢᠯᠡᠬᠦ ᠰᠠᠨᠠᠭ᠎ᠠ ᠲᠠᠢ ᠬᠥᠮᠥᠰ ᠲᠤ ᠬᠠᠷᠠᠮ ᠦᠭᠡᠢ ᠵᠢᠭᠠᠨ ᠥᠭᠴᠦ ᠲᠡᠳᠡᠨᠡᠷ ᠢ ᠳᠡᠮᠵᠢᠨ ᠵᠢᠭᠡᠯᠡᠯᠭᠡ ᠣᠯᠭᠤᠨ᠂ ᠠᠷᠭ᠎ᠠ ᠭᠠᠷᠭᠠᠵᠤ ᠬᠥᠭᠵᠢᠯᠲᠡ ᠶᠢᠨ ᠵᠠᠮ ᠢ ᠡᠷᠢᠯᠬᠢᠯᠡᠵᠡᠢ᠃ ᠲᠡᠭᠦᠨ ᠤ ᠨᠥᠯᠥᠭᠡᠯᠡᠯ ᠪᠠ ᠳᠠᠶᠢᠴᠢᠯᠠᠯᠲᠠ ᠳᠣᠣᠷ᠎ᠠ ᠮᠦᠡᠭᠬᠦᠳᠤ ᠭᠠᠴᠠᠭᠠᠨ ᠤ 120 ᠡᠷᠦᠬᠡ ᠠᠴᠠ 89 ᠡᠷᠦᠬᠡ ᠨᠢ ᠨᠢᠭᠡᠨᠲᠡ ᠨᠠᠷᠢᠠᠭᠤᠤᠯ ᠰᠢᠨ᠎ᠡ ᠲᠣᠭᠤᠷᠢᠭ ᠲᠤ ᠨᠡᠭᠦᠵᠦ᠂ ᠡᠭᠦᠨ ᠤ ᠳᠣᠲᠣᠷ᠎ᠠ 39 ᠡᠷᠦᠬᠡ ᠨᠢ ᠠᠮᠵᠢᠯᠲᠠ ᠲᠠᠢ ᠪᠠᠷ ᠥᠪᠡᠷ ᠤᠨ ᠠᠵᠤ ᠦᠢᠯᠡᠰ ᠲᠠᠢ ᠪᠤᠯᠤᠭᠰᠠᠨ ᠪᠠᠶᠢᠨ᠎ᠠ᠃ ᠡᠳᠡᠭᠡᠷ ᠬᠥᠮᠥᠰ ᠬᠤᠭᠤᠯᠠᠨ ᠭᠡᠷ᠂ ᠪᠠᠭᠤᠳᠠᠯ᠂ ᠵᠥᠭᠡᠭᠡᠪᠦᠷᠢ᠂ ᠰᠡᠯᠪᠢᠨ ᠵᠠᠰᠠᠬᠤ᠂ ᠭᠠᠩᠨᠠᠯᠲᠠ ᠵᠡᠷᠭᠡ ᠠᠳᠠᠯᠢ ᠪᠤᠰᠤ ᠶᠢᠨ ᠠᠵᠢᠯ ᠲᠥᠷᠥᠯ ᠢ ᠡᠷᠬᠢᠯᠡᠵᠦ ᠵᠢᠯ ᠤᠨ ᠣᠷᠣᠯᠭ᠎ᠠ 6 — 20 ᠲᠦᠮᠠᠡ ᠲᠦᠬᠦᠷᠢᠭ ᠲᠤ ᠬᠦᠷᠦᠭᠰᠡᠨ ᠪᠠᠶᠢᠨ᠎ᠠ᠃ ᠤᠷᠢᠳᠠᠪᠠᠷ ᠴᠢᠨᠡᠭᠡᠯᠢᠭᠵᠢᠭᠰᠡᠨ ᠨᠢ ᠳᠠᠭᠠᠭᠤᠯᠬᠤ᠂ ᠡᠷᠦᠬᠡ ᠡᠷᠦᠬᠡ ᠪᠠᠨ ᠳᠠᠶᠢᠴᠢᠯᠠᠬᠤ᠂ ᠬᠥᠷᠰᠢ ᠨᠢᠭᠡᠨ ᠢᠶᠠᠨ ᠬᠠᠪᠰᠤᠷᠬᠤ ᠵᠡᠷᠭᠡ ᠬᠡᠯᠪᠡᠷᠢ ᠶᠢ ᠪᠤᠢ ᠪᠣᠯᠭᠠᠵᠠᠢ᠃ ᠲᠡᠭᠦᠨ ᠤ ᠳᠠᠶᠢᠴᠢᠯᠠᠯᠲᠠ ᠳᠣᠣᠷ᠎ᠠ ᠭᠠᠴᠠᠭᠠᠨ ᠤ ᠠᠷᠠᠳ ᠣᠯᠠᠨ ᠢᠳᠡᠭ ᠢᠳᠡᠭ ᠢᠶᠠᠷ ᠪᠣᠯᠪᠠᠰᠤᠨ ᠴᠢᠨᠡᠭᠡᠯᠢᠭᠵᠢᠭᠰᠡᠨ ᠨᠠᠶᠢᠷᠠᠮᠳᠠᠭᠤ ᠠᠮᠢᠳᠤᠷᠠᠯ ᠥᠭᠡᠳᠡ ᠠᠯᠬᠤᠭ᠎ᠠ ᠨᠢᠭᠡᠲᠡᠢ ᠤᠷᠤᠭᠰᠢᠯᠠᠨ᠎ᠠ᠃      ᠭᠤᠶᠠᠴᠢ ᠦᠭᠡᠢ ᠰᠡᠳᠬᠢᠯ ᠤᠨ ᠤᠨᠳᠤᠷᠤᠭ᠎ᠠ      ᠮᠦᠡᠭᠬᠦᠳᠤ ᠭᠠᠴᠠᠭᠠᠨ ᠤ ᠨᠠᠮ ᠤᠨ ᠡᠭᠦᠷ ᠤᠨ ᠱᠦᠵᠢ ᠶᠢᠨ ᠠᠵᠢᠯ ᠢ ᠬᠢᠵᠦ ᠪᠠᠶᠢᠭ᠎ᠠ ᠲᠡᠷᠡ ᠡᠭᠦᠷᠭᠡ ᠬᠦᠨᠳᠦ ᠭᠡᠳᠡᠭ ᠢᠶᠠᠨ ᠮᠡᠳᠡᠨ᠎ᠡ᠃ ᠣᠯᠠᠨ ᠵᠢᠯ ᠤᠨ ᠲᠤᠷᠰᠢ ᠠᠷᠠᠳ ᠤᠨ ᠠᠮᠢᠳᠤᠷᠠᠯ ᠢ ᠬᠠᠯᠠᠮᠵᠢᠯᠠᠬᠤ ᠶᠢ ᠠᠵᠢᠯ ᠤᠨ ᠢᠶᠠᠨ ᠨᠢᠭᠡᠳᠦᠭᠡᠷ ᠪᠠᠶᠢᠷᠢᠨ ᠳᠤ ᠲᠠᠯᠪᠢᠭᠰᠠᠭᠠᠷ ᠢᠷᠡᠵᠠᠢ᠃ ᠨᠢᠭᠡ ᠨᠠᠮ ᠤᠨ ᠭᠡᠰᠢᠭᠦᠨ ᠨᠢᠭᠡ ᠠᠴᠠ ᠬᠤᠶᠠᠷ ᠡᠷᠦᠬᠡ ᠲᠠᠢ ᠬᠤᠯᠪᠣᠭᠠᠯᠠᠵᠤ ᠵᠢᠯ ᠪᠦᠷᠢ ᠳᠤ ᠠᠳᠠᠭ ᠲᠠᠭᠠᠨ ᠨᠢᠭᠡ ᠪᠣᠳᠠᠲᠠᠢ ᠠᠵᠢᠯ ᠬᠢᠬᠦ ᠬᠡᠷᠡᠭᠲᠡᠢ ᠭᠡᠰᠡᠨ ᠴᠢᠩᠭ᠎ᠠ ᠱᠠᠭᠠᠷᠳᠠᠯᠭ᠎ᠠ ᠪᠠᠶᠢᠳᠠᠭ᠃ ᠭᠤᠣᠯᠳᠠᠭᠤ ᠠᠮᠢᠳᠤᠷᠠᠯ ᠬᠦᠴᠢᠷᠳᠡᠯᠲᠡᠢ ᠡᠷᠦᠬᠡ᠂ ᠭᠠᠭᠴᠠ ᠭᠤᠤᠨᠢ ᠬᠥᠭᠰᠢᠨ᠂ ᠲᠠᠪᠤᠨ ᠪᠠᠲᠤᠯᠠᠭᠠᠲᠤ ᠡᠷᠦᠬᠡ᠂ ᠬᠥᠳᠡᠯᠮᠦᠷᠢ ᠬᠦᠴᠦ ᠳᠤᠲᠠᠭᠤ ᠠᠶᠢᠯ ᠤᠨ ᠠᠮᠢᠳᠤᠷᠠᠯ ᠳᠤᠮᠳᠠᠬᠢ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠠᠪᠤᠳᠠᠯ ᠪᠢᠯᠡ᠃ ᠲᠡᠷᠡ ᠮᠠᠨᠢ ᠲᠣᠯᠣᠭᠠᠶᠢᠯᠠᠨ ᠭᠠᠴᠠᠭᠠᠨ ᠤ ᠠᠷᠠᠳ ᠤᠨ ᠬᠠᠮᠤᠭ ᠤᠨ ᠦᠨᠳᠦᠰᠦᠨ ᠰᠠᠭᠤᠷᠢ ᠠᠵᠢᠯ ᠳᠤ ᠰᠢᠮᠳᠠᠵᠤ ᠪᠣᠳᠠᠲᠠᠢ ᠳᠤ ᠰᠠᠭᠤᠷᠢᠯᠠᠨ ᠣᠯᠠᠨ ᠲᠦᠮᠡᠨ ᠳᠤ ᠪᠣᠳᠠᠲᠠᠢ ᠰᠠᠶᠢᠨ ᠠᠵᠢᠯ ᠢ ᠬᠢᠵᠦ ᠬᠦᠨᠳᠦᠳᠬᠡᠯ ᠲᠠᠭᠠᠰᠢᠶᠠᠯ ᠢᠲᠡᠭᠡᠯ ᠢ ᠣᠯᠣᠭᠰᠠᠨ ᠪᠠᠶᠢᠨ᠎ᠠ᠃      ᠲᠡᠷᠡ ᠮᠠᠨᠢ 31000 ᠲᠥᠭᠦᠷᠢᠭ ᠭᠠᠷᠭᠠᠵᠤ ᠠᠮᠢᠳᠤᠷᠠᠯ ᠬᠦᠴᠢᠷᠳᠡᠯᠲᠡᠢ ᠲᠦᠷᠪᠠᠨ ᠰᠤᠷᠤᠭᠴᠢ ᠶᠢ ᠲᠤᠰᠠᠯᠠᠨ ᠰᠤᠷᠤᠯᠭ᠎ᠠ ᠶᠢ ᠨᠢ ᠠᠮᠵᠢᠯᠲᠠ ᠲᠠᠢ ᠲᠡᠭᠦᠰᠬᠡᠭᠰᠡᠨ ᠪᠠᠶᠢᠨ᠎ᠠ᠃ ᠪᠠᠰᠠ ᠭᠠᠴᠠᠭᠠᠨ ᠤ ᠭᠠᠭ᠋ᠠᠢ ᠲᠡᠵᠢᠭᠡᠵᠦ ᠪᠠᠶᠢᠭ᠎ᠠ ᠡᠷᠤᠭᠡ ᠳᠤ 500 ᠺᠢᠯᠣᠭ᠍ᠷᠠᠮ ᠲᠡᠵᠢᠭᠡᠯ ᠪᠣᠷᠳᠤᠭ᠎ᠠ ᠲᠤᠰᠠᠯᠠᠵᠤ ᠲᠠᠭᠠᠷᠠᠭᠰᠠᠨ ᠴᠠᠬ ᠲᠤ ᠳᠠᠬᠤ ᠬᠦᠷᠭᠡᠭᠰᠡᠨ ᠤᠴᠢᠷ ᠪᠣᠯᠵᠠᠢ᠃ ᠵᠢᠭᠡᠯᠡᠯᠭᠡ ᠪᠠᠨ ᠴᠠᠭ ᠲᠠᠭᠠᠨ ᠪᠤᠴᠠᠭᠠᠵᠤ ᠳᠡᠶᠢᠯᠬᠦ ᠦᠭᠡᠢ ᠨᠢᠭᠡ ᠡᠷᠦᠬᠡ ᠶᠢᠨ ᠵᠢᠭᠡᠯᠡᠯᠭᠡ ᠶᠢ ᠲᠥᠯᠥᠵᠦ ᠥᠭᠴᠡᠢ᠃ ᠭᠠᠴᠠᠭᠠᠨ ᠤ ᠪᠠᠨ 39 ᠡᠷᠦᠬᠡ ᠬᠥᠳᠡᠯᠮᠦᠷᠢ ᠬᠦᠴᠦ ᠢᠯᠡᠭᠦᠦ ᠠᠶᠢᠯ ᠢ ᠬᠤᠭᠤᠯᠠᠨ ᠭᠡᠷ᠂ ᠵᠥᠭᠡᠭᠡᠪᠦᠷᠢ ᠵᠡᠷᠭᠡ ᠭᠤᠷᠪᠠᠳᠤᠭᠠᠷ ᠠᠵᠤ ᠤᠢᠢᠯᠠᠰ ᠲᠤ ᠲᠣᠬᠢᠷᠠᠭᠤᠯᠵᠤ᠂ 25 ᠭᠡᠷ ᠪᠦᠯᠢ ᠶᠢᠨ ᠵᠥᠷᠢᠴᠡᠯ᠂ 29 ᠨᠤᠲᠤᠭ ᠪᠡᠯᠴᠢᠭᠡᠷ ᠤᠨ ᠵᠥᠷᠢᠴᠡᠯ ᠢ ᠰᠢᠢᠳᠪᠦᠷᠢᠯᠡᠵᠦ᠂ ᠲᠠᠪᠤᠨ ᠪᠠᠲᠤᠯᠠᠭᠠᠲᠤ ᠡᠷᠦᠬᠡ ᠶᠢ ᠬᠤᠷᠢ ᠢᠯᠡᠭᠦᠦ ᠵᠢᠯ ᠳᠡᠮᠵᠢᠭᠰᠡᠭᠡᠷ ᠢᠷᠡᠭᠰᠡᠨ ᠪᠠᠶᠢᠨ᠎ᠠ᠃ ᠡᠶᠢᠮᠦᠷᠬᠦᠦ ᠵᠢᠱᠢᠶ᠎ᠡ ᠶᠢ ᠣᠶᠤᠨᠰᠣᠶᠣᠯ ᠤᠨ ᠪᠡᠶ᠎ᠡ ᠳᠡᠭᠡᠷ᠎ᠡ ᠠᠴᠠ ᠳᠤᠷᠠᠳᠤᠭᠠᠳ ᠪᠠᠷᠠᠬᠤ ᠪᠢᠰᠢ ᠳ᠋ᠠ᠃ ᠠᠵᠢᠯ ᠤᠨ ᠳᠤᠮᠳᠠ ᠲᠡᠷᠡ ᠮᠠᠨᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠠᠵᠢᠯ ᠢ ᠢᠳᠡᠪᠬᠢᠲᠡᠢ ᠬᠠᠪᠰᠤᠷᠴᠤ ︽ᠨᠢᠭᠡ ᠬᠡᠷᠡᠭ ᠢ ᠨᠢᠭᠡ ᠵᠥᠪᠯᠡᠬᠦ︾ ᠡᠳ᠋ ᠤᠨ ᠵᠠᠰᠠᠭ ᠤᠨ ᠨᠥᠬᠦᠪᠥᠷᠢ ᠶᠢᠨ ᠲᠥᠷᠥᠯ ᠵᠦᠢᠯ ᠢᠶᠠᠷ ᠳᠠᠮᠵᠢᠨ ᠭᠠᠴᠠᠭᠠᠨ ᠤ ᠰᠠᠭᠤᠷᠢ ᠪᠦᠲᠦᠭᠡᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠡᠢ᠃ 26 ᠲᠦᠮᠡᠨ ᠲᠥᠭᠦᠷᠢᠭ ᠤᠨ ᠪᠡᠯᠡ ᠭᠤᠶᠤᠴᠢᠯᠠᠵᠤ ᠮᠦᠡᠭᠬᠦᠳᠤ ᠭᠠᠴᠠᠭᠠᠨ ᠤ ᠠᠯᠪᠠᠨ ᠤ ᠭᠠᠵᠠᠷ ᠤᠨ ᠬᠠᠲᠠᠭᠤᠷᠠᠭᠤᠯᠤᠯᠲᠠ ᠬᠢᠬᠦ᠂ ᠰᠠᠷᠠᠯᠵᠢ ᠬᠡᠷᠡᠮ ᠴᠣᠩᠬᠤ ᠵᠡᠷᠭᠡ ᠳᠤ ᠬᠡᠷᠡᠭᠯᠡᠭᠰᠡᠨ ᠪᠠᠶᠢᠨ᠎ᠠ᠃ 42 ᠲᠦᠮᠡᠨ ᠲᠥᠭᠦᠷᠢᠭ ᠭᠤᠶᠤᠴᠢᠯᠠᠨ ᠭᠠᠴᠠᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠭᠡᠷ ᠬᠥᠳᠡᠯᠭᠡᠭᠡᠨ ᠤ ᠲᠠᠯᠠᠪᠤᠷ ᠲᠤ ᠬᠡᠷᠡᠭᠯᠡᠵᠦ᠂ 49.1314 ᠲᠦᠮᠡᠨ ᠲᠥᠭᠦᠷᠢᠭ ᠭᠤᠶᠤᠴᠢᠯᠠᠨ ᠭᠠᠴᠠᠭᠠᠨ ᠤ ᠳᠦᠷᠢ ᠲᠥᠷᠬᠦ ᠶᠢ ᠭᠤᠸᠠᠵᠢᠭᠤᠯᠤᠨ᠂ 170 ᠢᠯᠡᠭᠦᠦ ᠲᠦᠮᠡᠨ ᠲᠥᠭᠦᠷᠢᠭ ᠭᠤᠶᠤᠴᠢᠯᠠᠨ ᠭᠠᠴᠠᠭᠠᠨ ᠤ ᠱᠦᠢᠨᠢ ᠵᠠᠮ ᠢ ᠵᠠᠰᠠᠵᠤ᠂ 130 ᠢᠯᠡᠭᠦᠦ ᠲᠦᠮᠡᠨ ᠲᠥᠭᠦᠷᠢᠭ ᠭᠤᠶᠤᠴᠢᠯᠠᠨ ᠭᠠᠴᠠᠭᠠᠨ ᠤ ᠵᠠᠮ ᠠᠴᠠ ᠮᠠᠯᠴᠢᠨ ᠲᠠᠷᠢᠶᠠᠴᠢᠳ ᠤᠨ ᠪᠠᠶᠢᠷᠢ ᠪᠡᠯᠴᠢᠭᠡᠷ ᠲᠠᠷᠢᠶᠠᠨ ᠭᠠᠵᠠᠷ ᠲᠤ ᠬᠦᠷᠬᠦ 22 ᠺᠢᠯᠣᠮᠧᠲᠷ ᠤᠨ ᠰᠠᠶᠢᠷ ᠴᠢᠯᠠᠭᠤᠨ ᠵᠠᠮ ᠢ ᠵᠠᠰᠠᠭᠰᠠᠨ ᠪᠠᠶᠢᠨ᠎ᠠ᠃ ᠡᠭᠦᠨ ᠤ ᠬᠠᠮᠲᠤ ᠬᠤᠰᠢᠭᠤᠨ ᠤ ᠭᠠᠵᠠᠷ ᠰᠢᠷᠣᠢ ᠶᠢᠨ ᠡᠬᠢ ᠪᠠᠶᠠᠯᠢᠭ ᠤᠨ ᠲᠣᠪᠴᠢᠶ᠎ᠠ ᠲᠠᠢ ᠵᠥᠪᠳᠡᠯᠴᠡᠨ 300 ᠢᠯᠡᠭᠦᠦ ᠲᠦᠮᠡᠨ ᠲᠥᠭᠦᠷᠢᠭ ᠭᠤᠶᠤᠴᠢᠯᠠᠵᠤ ᠭᠠᠴᠠᠭᠠᠨ ᠠᠴᠠ 10 ᠲᠦᠮᠡᠨ ᠲᠥᠭᠦᠷᠢᠭ ᠭᠠᠷᠭᠠᠨ 3000 ᠮᠦ ᠲᠠᠷᠢᠶᠠᠨ ᠭᠠᠵᠠᠷ ᠲᠤ ᠳᠤᠰᠤᠯᠭᠠᠨ ᠤᠰᠤᠯᠠᠬᠤ᠂ ᠴᠠᠬᠢᠯᠭᠠᠨ ᠲᠣᠣᠷ ᠲᠠᠳᠠᠬᠤ᠂ ᠴᠠᠬᠢᠯᠭᠠᠨ ᠬᠤᠳᠳᠤᠭ ᠦᠷᠤᠮᠳᠠᠬᠦ ᠵᠠᠷᠭᠡ ᠶᠢ ᠪᠠᠶᠠᠯᠠᠬᠦᠯᠵᠠᠢ᠃ ᠲᠠᠷᠢᠶᠠᠴᠢᠳ ᠤᠨ ᠠᠵᠢᠯ ᠳᠤ ᠳᠥᠭᠦᠮ ᠦᠵᠡᠭᠦᠯᠬᠦ ᠶᠢᠨ ᠲᠤᠰᠠᠳᠠ 3000 ᠮᠦ ᠲᠠᠷᠢᠶᠠᠨ ᠭᠠᠵᠠᠷ ᠲᠤ 6 ᠲᠦᠮᠡᠨ ᠲᠥᠭᠦᠷᠢᠭ ᠵᠠᠷᠤᠴᠠᠭᠤᠯᠤᠨ 2 ᠺᠢᠯᠣᠮᠧᠲᠷ ᠤᠨ ᠰᠠᠶᠢᠷ ᠴᠢᠯᠠᠭᠤᠨ ᠵᠠᠮ ᠳᠡᠪᠢᠰᠦᠭᠰᠡᠨ ᠪᠠᠶᠢᠨ᠎ᠠ᠃ 74 ᠲᠦᠮᠡ ᠵᠠᠷᠤᠴᠠᠭᠤᠯᠵᠤ ᠤᠰᠤ ᠣᠷᠣᠭᠤᠯᠬᠤ 13 ᠬᠠᠰᠢᠯᠭ᠎ᠠ ᠶᠢ ᠪᠠᠶᠢᠭᠤᠯᠤᠨ 32.5 ᠲᠦᠮᠡᠨ ᠲᠥᠭᠦᠷᠢᠭ ᠤᠨ ᠪᠡᠯᠡ ᠣᠷᠣᠭᠤᠯᠵᠤ ᠤᠰᠤ ᠬᠠᠰᠢᠬᠤ ᠨᠢᠭᠡ ᠬᠠᠰᠢᠯᠭ᠎ᠠ ᠶᠢ ᠪᠠᠶᠢᠭᠤᠯᠤᠨ᠂ 52.4 ᠲᠦᠮᠡᠨ ᠲᠥᠭᠦᠷᠢᠭ ᠣᠷᠣᠭᠤᠯᠤᠨ ᠳᠠᠪᠤᠰᠤ ᠬᠤᠵᠢᠷ ᠤᠨ ᠭᠤᠣᠯ ᠳᠤ ᠣᠷᠣᠬᠤ ᠤᠰᠤᠨ ᠤ ᠬᠠᠰᠢᠯᠭ᠎ᠠ 2 ᠢ ᠪᠠᠶᠢᠭᠤᠯᠤᠭᠰᠠᠨ ᠪᠠᠶᠢᠨ᠎ᠠ᠃      ᠤᠯᠠᠨ ᠵᠢᠯ ᠤᠨ ᠲᠤᠷᠰᠢ ᠤᠶᠤᠨᠰᠤᠶᠤᠯ ᠤᠨ ᠳᠠᠶᠢᠴᠢᠯᠠᠯᠲᠠ ᠳᠣᠣᠷ᠎ᠠ ᠮᠦᠡᠭᠬᠦᠳᠤ ᠭᠠᠴᠠᠭᠠᠨ ᠤ ᠨᠠᠮ ᠤᠨ ᠡᠭᠦᠷ ᠤᠷᠢᠳ ᠬᠤᠵᠢᠳ ᠪᠦᠬᠦ ᠤᠯᠤᠰ᠂ ᠪᠦᠬᠦ ᠣᠷᠣᠨ ᠤ ︽ᠦᠨᠳᠦᠰᠦᠨ ᠱᠠᠲᠤᠨ ᠤ ᠨᠠᠮ ᠤᠨ ᠲᠡᠷᠢᠭᠦᠨ ᠤ ᠵᠣᠬᠢᠶᠠᠨ ᠪᠠᠶᠢᠭᠤᠯᠤᠯᠲᠠ︾᠂ ᠮᠦᠡᠭᠬᠦᠳᠤ ᠭᠠᠴᠠᠭ᠎ᠠ ᠨᠢ ︽ᠪᠦᠬᠦ ᠤᠯᠤᠰ ᠤᠨ ᠵᠠᠭᠤᠨ ᠬᠦᠴᠦᠷᠬᠡᠭ ᠭᠠᠴᠠᠭ᠎ᠠ︾   ︽ᠪᠦᠬᠦ ᠤᠯᠤᠰ ᠤᠨ ᠪᠣᠯᠪᠠᠰᠤᠨ ᠢ ᠡᠭᠦᠳᠦᠭᠰᠡᠨ ᠲᠡᠷᠢᠭᠦᠨ ᠤ ᠪᠠᠶᠢᠭᠤᠯᠤᠯᠭ᠎ᠠ ᠨᠢᠭᠡᠴᠠ︾ ︽ᠥᠪᠡᠷᠲᠡᠭᠡᠨ ᠵᠠᠰᠠᠬᠤ ᠣᠷᠣᠨ ᠤ ᠬᠠᠤᠯᠢ ᠶᠢ ᠲᠦᠭᠡᠮᠡᠯᠵᠢᠭᠦᠯᠵᠦ ᠬᠠᠤᠯᠢ ᠪᠠᠷ ᠵᠠᠰᠠᠭᠰᠠᠨ ᠲᠡᠷᠢᠭᠦᠨ ᠤ ᠪᠠᠶᠢᠭᠤᠯᠤᠯᠭ᠎ᠠ ᠨᠢᠭᠡᠴᠠ︾ ᠪᠠᠷ ᠬᠥᠬᠢᠬᠦᠯᠦᠭᠳᠡᠭᠰᠡᠨ ᠪᠠᠶᠢᠨ᠎ᠠ᠃ ᠲᠡᠷᠡ ᠮᠠᠨᠢ ᠴᠤ ᠡᠯ᠎ᠡ ᠵᠦᠢᠯ ᠤᠨ ᠬᠥᠬᠢᠭᠦᠯᠦᠯ ᠢᠶᠠᠷ ᠡᠩᠭᠡᠷ ᠢᠶᠠᠨ ᠮᠢᠯᠢᠶᠠᠯᠭᠠᠵᠠᠢ᠃ 2001 ᠣᠨ ᠳᠤ ︽ᠨᠠᠮ ᠪᠠᠶᠢᠭᠤᠯᠤᠭᠳᠠᠭᠰᠠᠨ 80 ᠵᠢᠯ ᠤᠨ ᠤᠢ ᠶᠢᠨ ᠪᠦᠬᠦ ᠠᠶᠢᠮᠠᠭ ᠤᠨ ᠰᠢᠯᠢᠳᠡᠭ ᠨᠠᠮ ᠤᠨ ᠠᠵᠢᠯᠲᠠᠨ︾᠂ 2005 ᠣᠨ ᠳᠤ ᠪᠦᠬᠦ ᠬᠤᠰᠢᠭᠤᠨ ᠤ ︽ᠬᠤᠣᠰ ᠰᠤᠷᠤᠯᠴᠠᠯᠭ᠎ᠠ ᠬᠤᠣᠰ ᠠᠳᠠᠯᠢᠳᠬᠠᠯ ᠤᠨ ᠦᠢᠯᠡᠰ ᠪᠦᠲᠦᠭᠡᠭᠰᠡᠨ ᠲᠣᠯᠣᠭᠠᠶᠢᠯᠠᠭᠴᠢ︾᠂ 2006 ᠣᠨ ᠳᠤ ︽ᠪᠦᠬᠦ ᠠᠶᠢᠮᠠᠭ ᠤᠨ ᠰᠢᠯᠢᠳᠡᠭ ᠨᠠᠮ ᠤᠨ ᠠᠵᠢᠯᠲᠠᠨ︾᠂ 2007 ᠣᠨ ᠳᠤ ︽ᠪᠦᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠡᠷᠢᠭᠦᠨ ᠤ ᠬᠤᠪᠢ ᠬᠥᠮᠥᠨ︾᠂ 2008 ᠣᠨ ᠳᠤ ︽ᠥᠪᠡᠷᠲᠡᠭᠡᠨ ᠵᠠᠰᠠᠬᠤ ᠣᠷᠣᠨ ᠤ ᠰᠢᠯᠢᠳᠡᠭ ᠨᠠᠮ ᠤᠨ ᠭᠡᠰᠢᠭᠦᠨ︾᠂ 2009 ᠣᠨ ᠳᠤ ︽ᠪᠦᠬᠦ ᠠᠶᠢᠮᠠᠭ ᠤᠨ ᠬᠤᠣᠰ ᠰᠤᠷᠤᠯᠴᠠᠯᠭ᠎ᠠ ᠬᠤᠣᠰ ᠠᠳᠠᠯᠢᠳᠬᠠᠯ ᠤᠨ ᠡᠮᠡᠭᠲᠡᠢ ᠭᠠᠷᠮᠠᠭᠠᠶᠢᠯᠠᠭᠴᠢ︾᠂ 2010 ᠣᠨ ᠳᠤ ︽ᠥᠪᠡᠷᠲᠡᠭᠡᠨ ᠵᠠᠰᠠᠬᠤ ᠣᠷᠣᠨ ᠤ ᠬᠤᠣᠰ ᠰᠤᠷᠤᠯᠴᠠᠯᠭ᠎ᠠ ᠬᠤᠣᠰ ᠠᠳᠠᠯᠢᠳᠬᠠᠯ ᠤᠨ ᠡᠮᠡᠭᠲᠡᠢ ᠭᠠᠷᠮᠠᠭᠠᠶᠢᠯᠠᠭᠴᠢ︾ ︽ᠪᠦᠬᠦ ᠠᠶᠢᠮᠠᠭ ᠤᠨ ᠰᠢᠯᠢᠳᠡᠭ ᠨᠠᠮ ᠤᠨ ᠠᠵᠢᠯᠲᠠᠨ︾   ︽ᠪᠦᠬᠦ ᠠᠶᠢᠮᠠᠭ ᠤᠨ ᠶᠣᠰᠣ ᠰᠤᠷᠲᠠᠬᠤᠨ ᠤ ᠬᠤᠰᠢᠭᠤᠴᠢ︾ ︽ᠪᠦᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠤᠰᠢᠭᠤᠴᠢ︾᠂ 2011 ᠣᠨ ᠳᠤ ︽ᠪᠦᠬᠦ ᠤᠯᠤᠰ ᠤᠨ ᠬᠤᠲᠠ ᠪᠠᠯᠭᠠᠰᠤᠨ ᠤ ᠠᠵᠢᠯ ᠤᠨ ᠪᠠᠶᠢᠷᠢ ᠶᠢᠨ ᠦᠷ᠎ᠡ ᠪᠦᠲᠦᠮᠵᠢ ᠭᠠᠷᠭᠠᠭᠰᠠᠨ ᠡᠮᠡᠭᠲᠡᠢ ᠬᠤᠰᠢᠭᠤᠴᠢ︾ ︽ᠪᠦᠬᠦ ᠣᠷᠣᠨ ᠤ ᠦᠨᠳᠦᠰᠦᠨ ᠱᠠᠲᠤᠨ ᠤ ᠤᠬᠠᠭᠤᠯᠭ᠎ᠠ ᠪᠠ ᠰᠣᠶᠣᠯ ᠤᠨ ᠰᠢᠯᠢᠳᠡᠭ ᠠᠵᠢᠯᠲᠠᠨ︾ ︽ᠪᠦᠬᠦ ᠣᠷᠣᠨ ᠤ ᠰᠢᠯᠢᠳᠡᠭ ᠨᠠᠮ ᠤᠨ ᠠᠵᠢᠯᠲᠠᠨ︾     ︽ᠪᠦᠬᠦ ᠠᠶᠢᠮᠠᠭ ᠤᠨ ᠬᠠᠤᠯᠢ ᠲᠦᠭᠡᠮᠡᠯᠵᠢᠯᠡᠭᠦᠯᠵᠦ ᠬᠠᠤᠯᠢ ᠪᠠᠷ ᠵᠠᠰᠠᠭᠰᠠᠨ ᠬᠤᠰᠢᠭᠤᠴᠢ︾᠂ 2012 ᠣᠨ ᠤ     ︽ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠤᠰᠢᠭᠤᠴᠢ︾           ︽ᠠᠩᠬᠠᠳᠠᠭᠴᠢ ᠤᠳᠠᠭᠠᠨ ᠤ ᠠᠯᠠᠱᠠ ᠶᠢᠨ ᠭᠠᠷᠮᠠᠭᠠᠢ ᠴᠢᠳᠠᠪᠤᠷᠢᠲᠠᠨ︾ ︽ᠪᠦᠬᠦ ᠠᠶᠢᠮᠠᠭ ᠤᠨ ᠰᠢᠯᠢᠳᠡᠭ ᠨᠠᠮ ᠤᠨ ᠭᠡᠰᠢᠭᠦᠨ︾᠂ 2014 ᠣᠨ ᠳᠤ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠤᠰᠢᠭᠤᠴᠢ︾ ᠵᠡᠷᠭᠡ ᠢᠷᠠᠭᠤ ᠠᠯᠳᠠᠷ ᠢ ᠬᠦᠷᠲᠡᠭᠰᠡᠨ ᠪᠠᠶᠢᠨ᠎ᠠ᠃      ᠬᠠᠲᠠᠭᠤ ᠪᠡᠷᠬᠡ ᠠᠮᠢᠳᠤᠷᠠᠯ ᠤᠨ ᠠᠶᠠᠨ ᠢ ᠤᠶᠤᠨᠰᠤᠶᠤᠯ ᠮᠠᠨᠢ ᠲᠡᠰᠪᠦᠷᠢ ᠲᠡᠪᠴᠢᠶᠡᠷᠢ᠂ ᠰᠢᠨᠳᠠᠰᠤ ᠬᠠᠲᠠᠭᠤ ᠵᠣᠷᠢᠭ ᠢᠶᠠᠷ ᠲᠤᠭᠤᠯᠵᠤ ᠶᠠᠪᠤᠨ᠎ᠠ᠃ ᠬᠠᠲᠠᠭᠤ ᠪᠡᠷᠬᠡ ᠣᠷᠴᠢᠨ ᠳᠤ ᠭᠠᠶᠢᠬᠠᠮᠰᠢᠭ ᠢ ᠡᠬᠦᠳᠤᠳᠡᠭ ᠮᠣᠩᠭᠤᠯ ᠮᠣᠷᠢᠨ ᠤ ᠵᠣᠷᠢᠭ ᠰᠠᠨᠠᠭ᠎ᠠ ᠭᠡᠭᠴᠢ ᠡᠨᠡ ᠪᠤᠶᠤ᠃ ᠡᠨᠡ ᠯᠡ ᠵᠣᠷᠢᠭ ᠰᠠᠨᠠᠭ᠎ᠠ ᠪᠠᠷ ᠲᠡᠷᠡ ᠮᠠᠨᠢ ᠠᠵᠢᠯ ᠤᠨ ᠢᠶᠠᠨ ᠵᠦᠭᠯᠡᠭᠦᠷ ᠪᠣᠯᠭᠠᠵᠤ᠂ ᠨᠠᠮ᠂ ᠡᠬᠡ ᠤᠯᠤᠰ᠂ ᠠᠷᠠᠳ ᠲᠦᠮᠡᠨ ᠳᠡᠭᠡᠨ ᠣᠷᠭᠢᠯᠤᠮ᠎ᠠ ᠬᠠᠯᠠᠭᠤᠨ ᠰᠡᠳᠬᠢᠯ ᠢᠶᠠᠨ ᠡᠷᠭᠦᠵᠦ᠂ ᠦᠨᠳᠦᠰᠦᠨ ᠱᠠᠲᠤᠨ ᠤ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠬᠦᠴᠦᠨ ᠵᠣᠷᠢᠭ ᠢᠶᠠᠨ ᠨᠡᠮᠡᠷᠢᠯᠡᠵᠦ ᠥᠪᠡᠷ ᠤᠨ ᠭᠤᠶᠠᠴᠢ ᠦᠭᠡᠢ ᠰᠡᠳᠬᠢᠯ ᠢᠶᠠᠷ ᠢᠶᠠᠨ ᠥᠩᠭᠡ ᠶᠢᠨ ᠴᠡᠴᠡᠭᠡᠰ ᠢ ᠮᠢᠷᠠᠯᠵᠠᠭᠤᠯᠵᠤ ᠪᠠᠶᠢᠨᠠᠮ᠃                                                          ︵ᠵᠣᠬᠢᠶᠠᠭᠴᠢ᠄ ᠪᠠᠭᠠᠨ᠎ᠠ︶
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号