ᠰᠣᠶᠣᠯ ᠵᠢᠭᠤᠯᠴᠢᠯᠠᠯ ᠪᠣᠯ ᠰᠣᠶᠣᠯ ᠢᠷᠭᠡᠨᠰᠢᠯ ᠤᠨ ᠡᠬᠢ ᠪᠠᠶᠠᠯᠢᠭ ᠢᠶᠠᠷ ᠠᠴᠢᠶᠠᠯᠠᠪᠣᠷᠢ ᠪᠣᠯᠭᠠᠨ᠂ ᠲᠡᠣᠬᠡᠨ | ᠦᠯᠡᠳᠡᠭᠳᠡᠯ᠂ ᠨᠡᠶᠢᠭᠡᠮ ᠤᠨ ᠵᠠᠩ ᠦᠢᠯᠡ ᠵᠡᠷᠭᠡ ᠰᠣᠶᠣᠯ ᠢᠷᠭᠡᠨᠰᠢᠯ ᠤᠨ ᠡᠬᠢ ᠪᠠᠶᠠᠯᠢᠭ ᠢᠶᠠᠷ ᠭᠤᠣᠯ ᠠᠭᠤᠯᠭ᠎ᠠ | ᠪᠣᠯᠭᠠᠭᠰᠠᠨ ᠵᠢᠭᠤᠯᠴᠢᠯᠠᠯ ᠤᠨ ᠠᠵᠢᠯᠯᠠᠭ᠎ᠠ ᠪᠣᠯᠣᠨ᠎ᠠ᠃ ᠰᠣᠶᠣᠯ ᠵᠢᠭᠤᠯᠴᠢᠯᠠᠯ ᠤᠨ ᠠᠵᠦ ᠦᠢᠯᠡᠰ ᠤᠨ ᠲᠠᠯ᠎ᠠ ᠠᠴᠠ | ᠠᠪᠴᠦ ᠦᠵᠡᠪᠡᠯ᠂ ᠰᠣᠶᠣᠯ ᠪᠣᠯ ᠵᠢᠭᠤᠯᠴᠢᠯᠠᠯ ᠤᠨ ᠠᠮᠢᠨ ᠰᠦᠨᠡᠰᠦ᠂ ᠵᠢᠭᠤᠯᠴᠢᠯᠠᠯ ᠪᠣᠯ ᠰᠣᠶᠣᠯ ᠤᠨ | ᠠᠴᠢᠶᠠᠯᠠᠪᠣᠷᠢ᠂ ᠰᠣᠶᠣᠯ ᠦᠭᠡᠢ ᠵᠢᠭᠤᠯᠴᠢᠯᠠᠯ ᠪᠣᠯ ᠲᠠᠲᠠᠬᠤ ᠬᠦᠴᠦᠨ ᠦᠭᠡᠢ᠂ ᠵᠢᠭᠤᠯᠴᠢᠯᠠᠯ ᠦᠭᠡᠢ ᠰᠣᠶᠣᠯ ᠪᠣᠯ | ᠠᠮᠢᠵᠢᠷᠠᠯ ᠤᠨ ᠬᠦᠴᠦᠨ ᠦᠭᠡᠢ ᠪᠠᠶᠢᠳᠠᠭ᠃ ᠮᠠᠨ ᠤ ᠣᠷᠣᠨ ᠵᠢᠭᠤᠯᠴᠢᠯᠠᠯ ᠤᠨ ᠦᠢᠯᠡᠰ ᠤᠨ ᠬᠦᠭᠵᠢᠯᠳᠠ ᠶᠢ | ᠠᠬᠢᠭᠤᠯᠬᠤ ᠶᠠᠪᠣᠴᠠ ᠳᠤ ᠭᠡᠷᠬᠢᠨ ᠦᠨᠳᠦᠰᠦᠲᠡᠨ ᠤ ᠰᠣᠶᠣᠯ ᠤᠨ ᠡᠬᠢ ᠪᠠᠶᠠᠯᠢᠭ ᠢᠶᠠᠨ ᠠᠭᠤᠳᠠᠯᠣᠨ | ᠪᠠᠶᠠᠯᠢᠭᠵᠢᠭᠤᠯᠵᠦ᠂ ᠵᠢᠭᠤᠯᠴᠢᠯᠠᠬᠰᠡᠳ ᠤᠨ ᠱᠠᠭᠠᠷᠳᠠᠯᠭ᠎ᠠ ᠶᠢ ᠬᠠᠩᠭᠠᠬᠤ ᠪᠤᠢ ᠭᠡᠳᠡᠭ ᠪᠣᠯ ᠦᠪᠦᠷ ᠮᠣᠩᠭᠤᠯ ᠤᠨ | ᠦᠨᠳᠦᠰᠦᠲᠡᠨ ᠤ ᠰᠣᠶᠣᠯ ᠢᠶᠠᠨ ᠣᠯᠠᠮᠵᠢᠯᠠᠨ ᠪᠠᠳᠠᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠪᠠᠶᠢᠳᠠᠭ᠃ | ᠨᠢᠭᠡ᠂ ᠲᠠᠯ᠎ᠠ ᠨᠣᠲᠤᠭ ᠤᠨ ᠦᠨᠳᠦᠰᠦᠲᠡᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ | ︵ᠨᠢᠭᠡ︶ ᠰᠣᠶᠣᠯ ᠲᠡᠣᠬᠡ ᠶᠢᠨ ᠦᠯᠡᠳᠡᠭᠳᠡᠯ ᠪᠠ ᠬᠠᠭᠤᠴᠢ ᠪᠠᠭᠤᠷᠢ ᠶᠢᠨ ᠡᠬᠢ ᠪᠠᠶᠠᠯᠢᠭ | ᠮᠠᠨ ᠤ ᠣᠷᠣᠨ ᠳᠤ ᠦᠨᠳᠦᠰᠦᠲᠡᠨ ᠤ ᠰᠣᠶᠣᠯ ᠲᠡᠣᠬᠡ ᠶᠢᠨ ᠦᠯᠡᠳᠡᠭᠳᠡᠯ ᠪᠠ ᠬᠠᠭᠤᠴᠢ ᠪᠠᠭᠤᠷᠢ ᠨᠡᠶᠢᠳᠡᠮ | ᠲᠠᠷᠬᠠᠵᠦ᠂ ᠬᠠᠭᠤᠴᠢ ᠰᠣᠳᠣᠯᠣᠯ ᠢᠶᠠᠷ ᠲᠠᠮᠵᠢᠨ ᠡᠷᠳᠡᠨ ᠤ ᠪᠠᠭᠤᠷᠢ᠂ ᠡᠷᠳᠡᠨ ᠤ ᠬᠤᠲᠠ ᠶᠢᠨ ᠪᠠᠭᠤᠷᠢ᠂ ᠡᠷᠳᠡᠨ ᠤ | ᠠᠭᠤᠢ᠂ ᠡᠷᠲᠡᠨ ᠤ ᠣᠩᠭᠤᠨ ᠵᠡᠷᠭᠡ ᠶᠢ ᠣᠯᠠᠨ ᠠᠷᠪᠢᠨ ᠢᠯᠡᠷᠡᠭᠦᠯᠦᠭᠰᠡᠨ ᠶᠤᠮ᠃ | ︵ᠬᠤᠶᠠᠷ︶ ᠦᠨᠳᠦᠰᠦᠲᠡᠨ ᠤ ᠣᠷᠣᠨ ᠰᠠᠭᠤᠴᠠ᠂ ᠵᠠᠮ ᠬᠠᠷᠢᠯᠴᠠᠭᠠᠨ ᠤ ᠪᠠᠭᠠᠵᠢ ᠶᠢᠨ ᠰᠣᠶᠣᠯ | ᠮᠠᠨ ᠤ ᠣᠷᠣᠨ ᠤ ᠦᠨᠳᠦᠰᠦᠲᠡᠨ ᠨᠦᠭᠦᠳ ᠣᠷᠳᠦ ᠣᠳᠠᠭᠠᠨ ᠤ ᠦᠢᠯᠡᠳᠪᠦᠷᠢᠯᠡᠯ ᠠᠮᠢᠳᠣᠷᠠᠯ ᠤᠨ ᠶᠠᠪᠣᠴᠠ ᠳᠠᠭᠠᠨ | ᠡᠯᠪᠡᠭ ᠪᠠᠶᠠᠯᠢᠭ ᠣᠷᠣᠨ ᠨᠣᠲᠤᠭ ᠤᠨ ᠣᠨᠴᠠᠯᠢᠭ ᠪᠠ ᠦᠨᠳᠦᠰᠦᠲᠡᠨ ᠤ ᠣᠨᠴᠠᠯᠢᠭ ᠲᠠᠢ ᠪᠣᠳᠠᠰ ᠤᠨ ᠰᠣᠶᠣᠯ ᠢ | ᠡᠬᠦᠳᠦᠨ ᠪᠦᠳᠦᠭᠡᠭᠰᠡᠨ ᠶᠣᠮ᠃ ᠲᠣᠬᠠᠶᠢᠯᠠᠪᠠᠯ᠄ ᠮᠣᠩᠭᠤᠯ ᠭᠡᠷ᠂ ᠰᠦᠮ᠎ᠠ ᠬᠡᠶᠢᠳ ᠤᠨ ᠪᠠᠷᠢᠯᠭ᠎ᠠ᠂ ᠤᠯᠭᠤᠶᠠ ᠶᠢᠨ | ᠡᠧᠠᠩᠬᠢᠴᠤᠳ ᠤᠨ ᠰᠢᠷᠠᠨᠵᠦ ᠬᠠᠰᠠᠭ ᠲᠡᠷᠭᠡ᠂ ᠡᠧᠠᠩᠬᠢᠴᠤᠳ ᠤᠨ ᠮᠢᠷᠠᠭᠠᠨ ᠲᠡᠷᠭᠡ ᠭᠡᠬᠦ ᠮᠡᠳᠦ᠃ | ︵ᠭᠤᠷᠪᠠ︶ ᠦᠨᠳᠦᠰᠦᠲᠡᠨ ᠤ ᠬᠤᠪᠴᠠᠰᠦ ᠵᠠᠰᠠᠯ ᠤᠨ ᠰᠣᠶᠣᠯ | ᠮᠣᠩᠭᠤᠯ᠂ ᠲᠠᠭᠤᠷ᠂ ᠡᠧᠠᠩᠬᠢ᠂ ᠣᠷᠴᠦᠨ ᠦᠨᠳᠦᠰᠦᠲᠡᠨ ᠤ ᠳᠡᠪᠡᠯ᠂ ᠮᠠᠯᠠᠭᠠᠢ᠂ ᠭᠤᠳᠣᠯ ᠵᠡᠷᠭᠡ ᠪᠣᠯ | ᠲᠡᠷᠡ ᠬᠡᠪ ᠢᠶᠠᠷ ᠢᠶᠠᠨ ᠨᠡᠭᠦᠳᠡᠯ ᠠᠮᠢᠳᠣᠷᠠᠯ ᠳᠠᠭᠠᠨ ᠵᠣᠬᠢᠴᠠᠭᠰᠠᠨ ᠦᠨᠳᠦᠰᠦᠲᠡᠨ ᠤ ᠵᠠᠩ ᠦᠢᠯᠡ ᠪᠠ ᠭᠤᠸ᠎ᠠ | ᠳᠠᠭᠠᠰᠢᠶᠠᠬᠤᠢ ᠶᠢᠨ ᠢᠯᠡᠷᠡᠭᠦᠯᠤᠯ ᠪᠣᠯᠬᠤ ᠶᠤᠮ᠃ | ︵ᠳᠦᠷᠪᠡ︶ ᠦᠨᠳᠦᠰᠦᠲᠡᠨ ᠤ ᠨᠠᠶᠢᠷ ᠨᠠᠭᠠᠳᠣᠮ᠂ ᠲᠠᠭᠤᠣ ᠪᠦᠵᠢᠭ ᠣᠷᠠᠯᠢᠭ ᠤᠨ ᠰᠣᠶᠣᠯ | ᠮᠣᠩᠭᠤᠯ ᠦᠨᠳᠦᠰᠦᠲᠡᠨ ᠤ ᠡᠷ᠎ᠡ ᠶᠢᠨ ᠭᠤᠷᠪᠠᠨ ᠨᠠᠭᠠᠳᠣᠮ᠂ ᠳᠠᠭᠤᠣ ᠬᠦᠭᠵᠢᠮ᠂ ᠪᠦᠵᠢᠭ ᠣᠷᠠᠯᠢᠭ ᠪᠣᠯ | ᠲᠠᠯ᠎ᠠ ᠨᠣᠳᠤᠭ ᠤᠨ ᠣᠨᠴᠠᠯᠢᠭ ᠢᠶᠠᠷ ᠲᠣᠪᠤᠶᠢᠮ᠎ᠠ ᠪᠠᠶᠢᠳᠠᠭ᠃ ᠪᠣᠲᠠᠲᠠᠢ ᠪᠠᠷ ᠳᠣᠷᠠᠳᠪᠠᠯ ᠪᠦᠭᠡ ᠪᠠᠷᠢᠯᠳᠣᠬᠤ᠂ | ᠮᠣᠷᠢ ᠣᠷᠣᠯᠳᠣᠬᠤ᠂ ᠰᠣᠷ ᠬᠠᠷᠪᠣᠬᠤ᠂ ᠣᠪᠣᠭ᠎ᠠ ᠲᠠᠬᠢᠬᠤ᠂ ᠠᠨᠳᠠᠢ ᠪᠦᠵᠢᠭ᠂ ᠠᠷᠠᠳ ᠤᠨ ᠳᠠᠭᠤᠣ᠂ ᠦᠯᠢᠭᠡᠷ | ᠬᠤᠯᠪᠣᠭ᠎ᠠ ᠪᠠ ᠮᠣᠩᠭᠤᠯ ᠰᠢᠳᠠᠷ᠎ᠠ ᠭᠡᠭᠦ ᠮᠡᠳᠤ ᠪᠠᠷ ᠤᠯᠡᠨ ᠪᠠᠶᠢᠳᠠᠭ ᠶᠤᠮ᠃ | ︵ᠲᠠᠪᠦ︶ ᠦᠨᠳᠦᠰᠦᠲᠡᠨ ᠤ ᠢᠳᠡᠭᠡᠨ ᠣᠮᠳᠠᠭᠠᠨ ᠤ ᠰᠣᠶᠣᠯ | ᠪᠣᠷᠴᠠᠯᠠᠭᠰᠠᠨ ᠮᠢᠬ᠎ᠠ᠂ ᠰᠢᠷᠠᠭᠰᠠᠨ ᠬᠤᠨᠢ ᠦᠬᠡᠷ ᠤᠨ ᠮᠢᠬ᠎ᠠ᠂ ᠴᠠᠭᠠᠨ ᠢᠳᠡᠭᠡᠨ᠂ ᠴᠡᠭᠡ ᠵᠡᠷᠭᠡ ᠪᠣᠯ | ᠵᠢᠭᠤᠯᠴᠢᠯᠠᠬᠰᠡᠳ ᠤᠨ ᠲᠠᠭᠠᠰᠢᠶᠠᠯ ᠢ ᠣᠯᠣᠭᠰᠠᠨ ᠢᠳᠡᠭᠡᠨ ᠣᠮᠳᠠᠭᠠᠨ ᠮᠥᠨ᠃ | ︵ᠵᠢᠷᠭᠤᠭ᠎ᠠ︶ ᠦᠨᠳᠦᠰᠦᠲᠡᠨ ᠤ ᠭᠠᠷ ᠣᠷᠠᠯᠠᠯ ᠤᠨ ᠪᠦᠳᠦᠭᠡᠭᠳᠡᠭᠦᠨ | ᠮᠤᠩᠭᠤᠯ ᠬᠢᠲᠤᠭ᠎ᠠ᠂ ᠮᠦᠩᠭᠦᠨ ᠠᠶᠠᠭ᠎ᠠ᠂ ᠬᠦᠬᠦᠷ᠂ ᠡᠮᠡᠭᠡᠯ ᠵᠡᠷᠭᠡ ᠭᠠᠷ ᠣᠷᠠᠯᠠᠯ ᠤᠨ ᠪᠦᠳᠦᠭᠡᠭᠳᠡᠭᠦᠨ | ᠪᠣᠯ ᠰᠣᠶᠣᠯ ᠵᠢᠭᠤᠯᠴᠢᠯᠠᠯ ᠳᠤ ᠲᠣᠳᠠᠭᠳᠠᠵᠦ ᠪᠤᠯᠤᠰᠢ ᠦᠭᠡᠢ ᠵᠢᠭᠤᠯᠴᠢᠯᠡᠯ ᠤᠨ ᠲᠠᠸᠡᠷ ᠮᠥᠨ᠃ | ᠬᠤᠶᠠᠷ᠂ ᠲᠠᠯ᠎ᠠ ᠨᠣᠲᠤᠭ ᠤᠨ ᠦᠨᠳᠦᠰᠦᠲᠡᠨ ᠤ ᠰᠣᠶᠣᠯ ᠵᠢᠭᠤᠯᠴᠢᠯᠠᠯ ᠤᠨ ᠬᠦᠭᠵᠢᠯᠲᠡ ᠶᠢᠨ ᠶᠠᠪᠤᠴᠠ ᠳᠤ | ᠣᠷᠣᠰᠢᠵᠦ ᠪᠠᠶᠢᠭ᠎ᠠ ᠠᠰᠠᠭᠤᠳᠠᠯ | ︵ᠨᠢᠭᠡ︶ ᠦᠨᠳᠦᠰᠦᠲᠡᠨ ᠤ ᠰᠣᠶᠣᠯ ᠤᠨ ᠡᠬᠢ ᠪᠠᠶᠠᠯᠢᠭ ᠢ ᠨᠡᠭᠡᠭᠡᠨ ᠬᠦᠭᠵᠢᠭᠦᠯᠭᠦ ᠡᠷᠴᠢᠮ ᠰᠤᠯᠠ᠃ | ᠬᠡᠯᠪᠡᠷᠢ ᠶᠢᠨ ᠲᠠᠯ᠎ᠠ ᠶᠢᠨ ᠨᠡᠭᠡᠭᠡᠯᠲᠠ ᠶᠢ ᠬᠦᠨᠳᠦᠳᠭᠡᠵᠦ᠂ ᠬᠦᠨ ᠲᠠᠪᠬᠤᠷᠭ᠎ᠠ ᠶᠢᠨ ᠠᠭᠤᠯᠭ᠎ᠠ ᠶᠢᠨ ᠲᠠᠯ᠎ᠠ ᠶᠢᠨ | ᠨᠡᠭᠡᠭᠡᠯᠲᠠ ᠲᠣᠲᠠᠭᠳᠠᠵᠦ ᠪᠠᠶᠢᠨ᠎ᠠ᠃ | ︵ᠬᠤᠶᠠᠷ︶ ᠦᠨᠳᠦᠰᠦᠲᠡᠨ ᠤ ᠰᠣᠶᠣᠯ ᠵᠢᠭᠤᠯᠴᠢᠯᠠᠯ ᠤᠨ ᠦᠢᠯᠡᠳᠭᠦᠨ ᠤ ᠳᠡᠰ ᠳᠠᠪᠬᠤᠷᠭ᠎ᠠ ᠳᠣᠣᠷ᠎ᠠ᠂ | ᠠᠵᠦ ᠦᠢᠯᠡᠰ ᠤᠨ ᠬᠡᠯᠬᠢᠶᠠᠵᠢᠯ ᠪᠦᠷᠢᠯᠳᠣᠵᠦ ᠴᠢᠳᠠᠭ᠎ᠠ ᠦᠭᠡᠢ᠃ ᠦᠨᠳᠦᠰᠦᠲᠡᠨ ᠤ ᠣᠨᠴᠠᠯᠢᠭ ᠪᠠ ᠭᠠᠵᠠᠷ | ᠣᠷᠣᠨ ᠤ ᠣᠨᠴᠠᠯᠢᠭ ᠲᠠᠢ ᠦᠢᠯᠡᠳᠭᠦᠨ ᠳᠣᠳᠠᠮᠠᠭ᠃ ᠲᠣᠬᠠᠶᠢᠯᠠᠪᠡᠯ ᠦᠨᠳᠦᠰᠦᠲᠡᠨ ᠤ ᠵᠠᠩ ᠦᠢᠯᠡ᠂ ᠭᠠᠷ | ᠣᠷᠠᠯᠠᠯ ᠤᠨ ᠦᠢᠯᠡᠳᠬᠦᠨ ᠭᠡᠬᠦ ᠮᠡᠳᠦ᠃ | ︵ᠭᠤᠷᠪᠡ︶ ᠵᠢᠭᠤᠯᠴᠢᠯᠠᠯ ᠤᠨ ᠲᠦᠷᠦᠯ ᠵᠦᠢᠯ ᠲᠠᠩ ᠴᠣᠯᠭᠤᠢ᠃ ᠣᠯᠠᠩᠬᠢ ᠵᠢᠭᠤᠯᠴᠢᠯᠠᠯ ᠨᠢ ᠵᠦᠪᠬᠡᠨ | ᠪᠠᠶᠢᠭᠠᠯᠢ ᠶᠢᠨ ᠦᠵᠡᠮᠵᠢ ᠶᠢ ᠰᠣᠨᠢᠷᠬᠠᠬᠤ ᠪᠠᠷ ᠭᠤᠣᠯᠯᠠᠨ᠂ ᠨᠠᠭᠠᠳᠣᠮ ᠲᠣᠭᠯᠠᠭᠠᠮ ᠤᠨ ᠠᠵᠢᠯᠯᠠᠭ᠎ᠠ ᠴᠦᠬᠡᠨ | ᠪᠠᠶᠢᠵᠦ᠂ ᠴᠢᠨᠠᠭᠰᠢᠯᠠᠪᠡᠯ ᠵᠢᠭᠤᠯᠴᠢᠯᠡᠯ ᠤᠨ ᠦᠵᠡᠮᠵᠢ ᠶᠢᠨ ᠣᠷᠣᠨ ᠤ ᠨᠡᠭᠡᠭᠡᠯᠲᠡ ᠡᠮᠬᠢ ᠵᠠᠮᠪᠠᠷᠠᠭ᠎ᠠ ᠦᠭᠡᠢ | ᠪᠠᠶᠢᠳᠠᠭ᠃ | ︵ᠳᠦᠷᠪᠡ︶ ᠵᠢᠭᠤᠯᠴᠢᠯᠠᠯ ᠤᠨ ᠠᠵᠤ ᠦᠢᠯᠡᠰ ᠤᠯᠠᠷᠢᠯ ᠤᠨ ᠴᠢᠨᠠᠷ ᠲᠠᠢ᠃ ᠵᠣᠨ ᠨᠠᠮᠣᠷ ᠤᠨ ᠣᠯᠠᠷᠢᠯ ᠳᠤ | ᠵᠢᠭᠤᠯᠴᠢᠯᠠᠬᠴᠢ ᠣᠯᠠᠨ᠂ ᠡᠪᠦᠯ ᠬᠠᠪᠣᠷ ᠤᠨ ᠣᠯᠠᠷᠢᠯ ᠳᠤ ᠵᠢᠭᠤᠯᠴᠢᠯᠠᠬᠴᠢ ᠴᠦᠭᠡᠨ ᠪᠠᠶᠢᠳᠠᠭ᠃ | ︵ᠲᠠᠪᠦ︶ ᠵᠢᠭᠤᠯᠴᠢᠯᠠᠯ ᠤᠨ ᠪᠡᠯᠡ ᠣᠷᠣᠭᠤᠯᠣᠯᠲᠠ ᠬᠦᠷᠦᠯᠴᠡᠬᠦ ᠦᠭᠡᠢ᠂ ᠰᠠᠭᠤᠷᠢ ᠲᠦᠭᠦᠭᠡᠷᠦᠮᠵᠢ | ᠬᠤᠴᠣᠷᠣᠩᠭᠤᠢ ᠪᠠᠶᠢᠨ᠎ᠠ᠃ ᠵᠠᠷᠢᠮ ᠵᠢᠭᠤᠯᠴᠢᠯᠠᠯ ᠤᠨ ᠴᠡᠭ ᠨᠢ ᠦᠩᠭᠡ ᠦᠵᠡᠮᠵᠢ ᠶᠢᠨ ᠦᠪᠡᠷᠮᠢᠴᠡ | ᠲᠠᠪᠠᠭᠤᠯᠢᠭ ᠲᠠᠢ ᠪᠣᠯᠪᠠᠴᠦ ᠰᠠᠭᠤᠷᠢ ᠲᠦᠭᠦᠭᠡᠷᠦᠮᠵᠢ ᠶᠢᠨ ᠨᠦᠭᠦᠴᠡᠯ ᠮᠠᠭᠤ ᠪᠠᠶᠢᠳᠠᠭ᠃ | ︵ᠵᠢᠷᠭᠤᠭ᠎ᠠ︶ ᠵᠢᠭᠤᠯᠴᠢᠯᠠᠯ ᠤᠨ ᠡᠵᠡᠩᠨᠡᠨ ᠬᠠᠮᠢᠶᠠᠷᠣᠯᠲᠠ ᠶᠢᠨ ᠴᠢᠳᠠᠪᠦᠷᠢᠲᠡᠨ ᠳᠣᠳᠠᠭᠳᠠᠵᠦ᠂ | ᠦᠢᠯᠡᠴᠢᠯᠡᠭᠡᠨ ᠤ ᠬᠢᠷᠢ ᠲᠦᠪᠰᠢᠨ ᠲᠣᠣᠷ᠎ᠠ᠃ ᠣᠯᠠᠩᠬᠢ ᠨᠢ ᠭᠡᠷ ᠪᠦᠯᠢ ᠶᠢᠨ ᠡᠵᠡᠩᠨᠡᠯᠲᠠ ᠪᠠᠷ ᠭᠤᠣᠯ ᠪᠣᠯᠭᠠᠵᠦ᠂ | ᠬᠡᠪᠴᠢᠶᠡᠵᠢᠬᠦᠯᠦᠨ ᠡᠵᠡᠩᠨᠡᠬᠦ ᠲᠠᠯ᠎ᠠ ᠪᠠᠷ ᠬᠦᠷᠦᠯᠴᠡᠬᠦ ᠦᠭᠡᠢ᠃ ᠡᠳᠡᠭᠡᠷ ᠠᠰᠠᠭᠤᠳᠠᠯ ᠤᠳ ᠨᠢ ᠴᠦᠮ ᠲᠠᠯ᠎ᠠ | ᠨᠣᠲᠤᠭ ᠤᠨ ᠦᠨᠳᠣᠰᠦᠲᠡᠨ ᠤ ᠰᠣᠶᠣᠯ ᠵᠢᠭᠤᠯᠴᠢᠯᠠᠯ ᠤᠨ ᠬᠦᠭᠵᠢᠯᠲᠠ ᠶᠢ ᠠᠳᠠᠯᠢ ᠪᠣᠰᠦ ᠬᠡᠮᠵᠢᠶ᠎ᠡ ᠪᠠᠷ ᠬᠠᠷᠰᠢᠯᠠᠵᠦ | ᠪᠠᠶᠢᠨ᠎ᠠ᠃ | ᠭᠤᠷᠪᠠ᠂ ᠲᠠᠯ᠎ᠠ ᠨᠣᠲᠤᠭ ᠤᠨ ᠦᠨᠳᠦᠰᠦᠲᠡᠨ ᠤ ᠰᠣᠶᠣᠯ ᠵᠢᠭᠤᠯᠴᠢᠯᠠᠯ ᠤᠨ ᠬᠦᠭᠵᠢᠯᠲᠠ ᠶᠢᠨ ᠠᠷᠭ᠎ᠠ | ᠪᠣᠳᠣᠯᠭ᠎ᠠ | ︵ᠨᠢᠭᠡ︶ ᠦᠨᠳᠦᠰᠦᠲᠡᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠤᠬᠠᠭᠤᠯᠭ᠎ᠠ ᠶᠢᠨ | ᠬᠦᠴᠦᠯᠡᠴᠡ ᠪᠠᠨ ᠴᠢᠩᠭᠠᠳᠬᠠᠵᠦ᠂ ᠲᠠᠯ᠎ᠠ ᠨᠣᠳᠤᠭ ᠤᠨ ᠰᠣᠶᠣᠯ ᠤᠨ ᠨᠦᠯᠦᠭᠡ ᠠᠯᠳᠠᠷᠰᠢᠯ ᠢ ᠦᠷᠭᠡᠳᠭᠡᠨ᠎ᠡ᠃ | ᠲᠣᠬᠠᠶᠢᠯᠠᠪᠡᠯ ᠷᠠᠳᠢᠣ᠋᠂ ᠲᠧᠯᠧᠵᠰ᠂ ᠵᠢᠭᠤᠯᠴᠢᠯᠠᠯ ᠤᠨ ᠲᠣᠰᠬᠠᠢ ᠹᠢᠯᠢᠮ᠂ ᠳᠠᠭᠤᠣ ᠬᠦᠭᠵᠢᠮ᠂ ᠬᠡᠷᠡᠯ ᠵᠢᠷᠤᠭ᠂ | ᠵᠢᠷᠭᠢᠶ᠎ᠠ ᠵᠡᠷᠭᠡ ᠪᠠᠷ ᠣᠬᠠᠭᠤᠯᠬᠤ᠃ ᠪᠠᠰᠠ ᠣᠷᠣᠨ ᠤ ᠳᠣᠲᠣᠷ᠎ᠡ ᠭᠠᠳᠠᠨᠠᠬᠢ ᠵᠢᠭᠤᠯᠴᠢᠯᠠᠯ ᠤᠨ ᠲᠠᠨᠢᠯᠴᠠᠭᠤᠯᠭ᠎ᠠ ᠶᠢᠨ | ᠬᠤᠷᠠᠯ ᠪᠠ ᠳᠡᠯᠬᠡᠨ ᠦᠵᠡᠭᠦᠯᠤᠯᠭᠡ ᠳᠤ ᠢᠳᠡᠪᠬᠢᠲᠠᠢ ᠣᠷᠣᠯᠴᠠᠨ᠂ ᠵᠢᠭᠤᠯᠴᠢᠯᠠᠯ ᠤᠨ ᠦᠢᠯᠡᠳᠬᠦᠨ ᠢᠶᠠᠨ | ᠲᠠᠨᠢᠯᠴᠠᠭᠤᠯᠣᠨ ᠤᠷᠤᠨ ᠨᠤᠳᠤᠭ ᠤᠨ ᠠᠯᠳᠠᠷᠰᠢᠯ ᠢᠶᠠᠨ ᠳᠡᠭᠡᠭᠰᠢᠯᠡᠭᠦᠯᠦᠨ᠎ᠡ᠃ | ︵ᠬᠤᠶᠠᠷ︶ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ ᠣᠨᠴᠠᠯᠢᠬᠳᠦ ᠰᠣᠶᠣᠯ ᠵᠢᠭᠤᠯᠴᠢᠯᠠᠯ ᠤᠨ | ᠦᠢᠯᠡᠳᠬᠦᠨ ᠢ ᠢᠳᠡᠪᠬᠢᠲᠠᠢ ᠨᠡᠭᠡᠭᠡᠨ ᠬᠦᠭᠵᠢᠭᠦᠯᠦᠨ᠎ᠡ᠃ ᠦᠨᠳᠦᠰᠦᠲᠡᠨ ᠤ ᠣᠨᠴᠠᠯᠢᠭ᠂ ᠭᠠᠵᠠᠷ ᠣᠷᠣᠨ ᠤ | ᠣᠨᠴᠠᠯᠢᠭ ᠲᠠᠢ ᠵᠢᠭᠤᠯᠴᠢᠯᠠᠯ ᠤᠨ ᠦᠢᠯᠡᠳᠭᠦᠨ ᠢ ᠨᠡᠭᠡᠭᠡᠨ ᠬᠦᠭᠵᠢᠭᠦᠯᠵᠦ᠂ ᠵᠢᠭᠤᠯᠴᠢᠯᠠᠯ ᠤᠨ ᠲᠠᠸᠠᠷ ᠤᠨ | ᠦᠷᠢᠰᠦᠯᠳᠦᠬᠦ ᠬᠦᠴᠦᠨ ᠪᠠ ᠲᠠᠳᠠᠬᠤ ᠬᠦᠴᠦᠨ ᠢᠶᠠᠨ ᠳᠡᠭᠡᠭᠰᠢᠯᠡᠬᠦᠯᠦᠨ᠎ᠡ᠃ | ︵ᠭᠤᠷᠪᠡ︶ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠣᠯᠲᠠ ᠪᠠᠨ ᠴᠢᠩᠭᠠᠳᠬᠠᠵᠦ᠂ | ᠵᠢᠭᠤᠯᠴᠢᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ | ᠵᠢᠭᠤᠯᠴᠢᠯᠠᠯ ᠤᠨ ᠵᠠᠮ ᠱᠤᠭᠤᠮ᠂ ᠴᠢᠮᠡᠭᠡ ᠬᠤᠯᠪᠣᠭ᠎ᠠ᠂ ᠣᠰᠦ ᠴᠠᠬᠢᠯᠭᠠᠨ᠂ ᠦᠢᠯᠡᠴᠢᠯᠡᠭᠡ ᠵᠡᠷᠭᠡ ᠰᠠᠭᠤᠷᠢ | ᠲᠦᠭᠦᠭᠡᠷᠦᠮᠵᠢ ᠪᠠᠨ ᠲᠡᠭᠦᠯᠳᠡᠷᠵᠢᠭᠦᠯᠵᠦ᠂ ᠵᠢᠭᠤᠯᠴᠢᠯᠠᠯ ᠤᠨ ᠵᠠᠮ ᠱᠣᠭᠤᠮ ᠢ ᠰᠢᠯᠢᠳᠡᠭᠵᠢᠭᠦᠯᠦᠨ᠎ᠡ᠃ | ︵ᠳᠦᠷᠪᠡ︶ ᠲᠠᠯ᠎ᠠ ᠨᠣᠲᠤᠭ ᠤᠨ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠢ ᠡᠭᠦᠳᠦᠨ᠎ᠡ᠃ | ᠵᠢᠭᠤᠯᠴᠢᠯᠠᠯ ᠪᠠ ᠵᠤᠭ᠎ᠠ ᠰᠡᠯᠡᠭᠦᠴᠡᠯ ᠢ ᠠᠭᠤᠰᠣᠯᠴᠠᠭᠤᠯᠤᠨ ᠬᠦᠭᠵᠢᠭᠦᠯᠵᠦ᠂ ᠲᠠᠯ᠎ᠠ ᠨᠣᠳᠤᠭ ᠤᠨ ᠰᠣᠶᠣᠯ ᠢ ᠨᠡᠩ | ᠤᠯᠠᠨ ᠵᠢᠭᠤᠯᠴᠢᠯᠠᠬᠰᠡᠳ ᠲᠤ ᠤᠶᠢᠯᠠᠭᠠᠭᠤᠯᠣᠨᠠ᠃ ᠰᠣᠶᠣᠯ ᠵᠢᠭᠤᠯᠴᠢᠯᠠᠯ ᠤᠨ ᠦᠢᠯᠡᠳᠭᠦᠨ ᠢ ᠨᠡᠭᠡᠭᠡᠬᠦ | ᠶᠠᠪᠣᠴᠠ ᠳᠤ ᠦᠨᠳᠦᠰᠦᠲᠡᠨ ᠤ ᠣᠨᠴᠠᠯᠢᠭ ᠢ ᠲᠤᠪᠤᠶᠢᠯᠭᠠᠬᠤ ᠶᠢ ᠴᠢᠬᠤᠯᠠᠴᠢᠯᠠᠨ᠎ᠠ᠃ | ︵ᠲᠠᠪᠦ︶ ᠦᠨᠳᠦᠰᠦᠲᠡᠨ ᠤ ᠰᠣᠶᠣᠯ ᠢ ᠬᠠᠮᠠᠭᠠᠯᠠᠬᠤ ᠪᠠ ᠤᠯᠠᠮᠵᠢᠯᠠᠬᠤ ᠬᠦᠴᠦᠯᠡᠴᠡ ᠪᠠᠨ ᠨᠡᠮᠡᠭᠳᠡᠭᠦᠯᠦᠨ᠎ᠡ᠃ | ᠡᠩ ᠲᠡᠷᠢᠭᠦᠨ ᠳᠤ ᠦᠨᠳᠣᠰᠦᠲᠡᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠬᠦᠨᠵᠡᠭᠡᠢ ᠲᠠᠨᠢᠵᠦ᠂ ᠡᠬᠢ | ᠪᠠᠶᠠᠯᠢᠭ ᠢᠶᠠᠨ ᠪᠠᠶᠢᠴᠠᠭᠠᠨ ᠳᠠᠩᠰᠠᠯᠠᠨ᠎ᠠ᠃ ᠲᠠᠷᠠᠭ᠎ᠠ ᠨᠢ ᠦᠨᠳᠦᠰᠦᠲᠡᠨ ᠤ ᠰᠣᠶᠣᠯ ᠤᠨ ᠣᠬᠠᠭᠤᠯᠭ᠎ᠠ ᠪᠠ | ᠬᠦᠮᠦᠵᠢᠯ ᠢᠶᠠᠨ ᠴᠢᠩᠭᠠᠳᠬᠠᠨ᠎ᠠ᠃ ᠭᠤᠷᠪᠠ ᠨᠢ ᠦᠨᠳᠣᠰᠦᠲᠡᠨ ᠤ ᠰᠣᠶᠣᠯ ᠢ ᠬᠠᠮᠠᠭᠠᠯᠠᠬᠤ ᠬᠠᠣᠯᠢ ᠲᠦᠷᠢᠮ ᠢ | ᠲᠣᠭᠳᠠᠭᠠᠨ ᠬᠡᠷᠡᠭᠵᠢᠭᠦᠯᠦᠨ᠎ᠠ᠃ | ︵ᠵᠢᠷᠭᠤᠭ᠎ᠠ︶ ᠡᠪᠦᠯ ᠤᠨ ᠣᠯᠠᠷᠢᠯ ᠤᠨ ᠵᠢᠭᠤᠯᠴᠢᠯᠠᠯ ᠢ ᠰᠠᠨᠠᠭᠠᠴᠢᠯᠠᠭ᠎ᠠ ᠲᠠᠢ ᠬᠦᠭᠵᠢᠭᠦᠯᠤᠨ᠎ᠠ᠃ ᠰᠢᠯᠢᠳᠡᠭ | ᠰᠠᠶᠢᠨ ᠠᠮᠢ ᠠᠬᠤᠢ ᠣᠷᠴᠢᠨ ᠲᠣᠭᠤᠷᠢᠨ᠂ ᠦᠪᠡᠷᠮᠢᠴᠡ ᠣᠨᠴᠠᠯᠢᠭ ᠲᠠᠢ ᠰᠤᠶᠤᠯ ᠵᠠᠩ ᠦᠢᠯᠡ᠂ ᠡᠯᠪᠡᠭ ᠳᠡᠯᠪᠡᠭ | ᠴᠠᠰᠦ ᠮᠦᠰᠦᠨ ᠤ ᠡᠬᠢ ᠪᠠᠶᠠᠯᠢᠭ ᠢ ᠪᠦᠳᠦᠮᠵᠢᠳᠡᠢ ᠨᠡᠭᠡᠭᠡᠨ ᠠᠰᠢᠬᠯᠠᠨ᠎ᠠ᠃ | ︵ᠳᠣᠯᠤᠭ᠎ᠠ︶ ᠵᠠᠰᠠᠭ ᠤᠨ ᠣᠷᠳᠣᠨ ᠤ ᠬᠠᠮᠢᠶᠠᠷᠣᠯᠲᠠ ᠪᠠ ᠲᠡᠮᠵᠢᠯᠭᠡ ᠶᠢ ᠴᠢᠩᠭᠠᠳᠬᠠᠨ᠎ᠠ᠃ ᠵᠠᠰᠠᠭ ᠤᠨ | ᠣᠷᠳᠣᠨ ᠠᠴᠠ ᠮᠠᠯᠴᠢᠨ ᠠᠶᠢᠯ ᠤᠨ ᠵᠢᠭᠤᠯᠴᠢᠯᠠᠯ ᠤᠨ ᠣᠶᠢᠯᠡᠰ ᠤᠨ ᠬᠠᠮᠢᠶᠠᠷᠣᠯᠲᠠ ᠪᠠ ᠳᠡᠮᠵᠢᠯᠭᠡ ᠪᠠᠨ | ᠴᠢᠩᠭᠠᠳᠬᠠᠨ᠎ᠠ᠃ | ︵ᠨᠠᠵᠮᠠ︶ ᠰᠢᠨᠵᠢᠯᠡᠬᠦ ᠣᠬᠠᠭᠠᠨᠴᠢ ᠪᠠᠷ ᠲᠦᠯᠦᠪᠵᠢᠭᠦᠯᠵᠤ᠂ ᠪᠠᠯᠡ ᠣᠷᠣᠭᠤᠯᠣᠯᠲᠠ ᠪᠠᠨ ᠨᠡᠮᠡᠭᠳᠡᠭᠦᠯᠦᠨ᠎ᠡ᠃ | ᠦᠨᠳᠦᠰᠦᠲᠡᠨ ᠤ ᠰᠤᠶᠤᠯ ᠵᠢᠭᠤᠯᠴᠢᠯᠠᠯ ᠤᠨ ᠡᠬᠢ ᠪᠠᠶᠠᠯᠢᠭ ᠢ ᠪᠦᠬᠦ ᠲᠠᠯ᠎ᠠ ᠪᠠᠷ ᠪᠠᠶᠢᠴᠠᠭᠠᠨ᠂ ᠰᠢᠰᠲ᠋ᠧᠮ ᠲᠠᠢ | ᠰᠣᠳᠣᠯᠣᠯᠲᠠ ᠪᠠ ᠰᠢᠨᠵᠢᠯᠡᠬᠦ ᠣᠬᠠᠭᠠᠨᠴᠢ ᠨᠣᠳᠠᠯᠠᠯᠲᠠ ᠬᠢᠵᠦ᠂ ᠬᠦᠭᠵᠢᠯᠲᠡ ᠶᠢᠨ ᠴᠢᠭᠯᠡᠯ᠂ ᠵᠠᠬ᠎ᠠ ᠳᠡᠯᠭᠡᠭᠦᠷ ᠤᠨ | ᠨᠡᠭᠡᠭᠡᠯᠳᠠ᠂ ᠠᠰᠢᠬᠯᠠᠯᠳᠠ ᠵᠡᠷᠭᠡ ᠲᠠᠯ᠎ᠠ ᠪᠠᠷ ᠶᠡᠷᠦᠩᠬᠡᠶᠢᠯᠡᠨ ᠲᠦᠯᠦᠪᠵᠢᠭᠦᠯᠵᠦ᠂ ᠬᠤᠪᠣᠷ ᠴᠣᠬᠠᠭ ᠡᠬᠢ ᠪᠠᠶᠠᠯᠢᠭ ᠢ | ᠵᠦᠢ ᠵᠣᠬᠢᠰᠲᠠᠢ ᠠᠰᠢᠬᠯᠠᠨ᠎ᠠ᠃ | ︵ ᠵᠣᠬᠢᠶᠠᠭᠴᠢ᠄ ᠬᠦᠯᠦᠨ ᠪᠦᠢᠷ ᠬᠤᠳᠠ ᠶᠢᠨ ᠬᠠᠭᠤᠴᠢᠨ ᠪᠠᠷᠭᠤ ᠬᠤᠰᠢᠭᠤᠨ ᠤ ᠨᠠᠮ ᠤᠨ ᠰᠣᠷᠭᠠᠭᠤᠯᠢ | ᠶᠢᠨ ᠬᠤ᠋ ᠶᠢᠨ ᠱᠠᠨ︶ | |