ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ᠂ ᠤᠯᠠᠭᠠᠨᠪᠤᠬ ᠎ᠠ ᠵᠢᠱᠢᠶ᠎ᠡ ᠦᠵᠡᠭᠦᠯᠬᠦ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠱᠦᠵᠢ ᠺᠦᠩ ᠳ᠋ᠧ ᠬᠦᠶ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ
ᠨᠡᠶᠢᠲᠡᠯᠡᠭᠰᠡᠨ ᠴᠠᠭ᠄
2020/6/19
      ︽ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠣᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠵᠤ᠂ ᠳᠦᠪ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠣᠷᠢᠵᠢᠭᠤᠯᠵᠦ᠂ ︿ᠨᠢᠭᠡ ᠬᠠᠷᠠᠯᠲᠠ﹀ ᠶᠢ ᠴᠢᠩᠭ᠎ᠠ ᠠᠩᠬᠠᠷᠴᠤ᠂     ︿ᠬᠤᠶᠠᠷ ᠬᠠᠯᠬᠠᠪᠴᠢ﹀ ᠶᠢ ᠪᠠᠲᠤ ᠴᠣᠭᠴᠠᠯᠠᠵᠤ᠂ ︽ᠭᠤᠷᠪᠠᠨ ᠶᠡᠭᠡ ᠬᠡᠰᠡᠭ︾ ᠢ ᠡᠭᠦᠳᠦᠨ ᠪᠠᠶᠢᠭᠤᠯᠵᠤ᠂      ︿ᠵᠢᠷᠭᠤᠭᠠᠨ ᠶᠡᠭᠡ ᠲᠠᠪᠴᠠᠩ﹀ ᠢ ᠪᠠᠶᠢᠭᠤᠯᠤᠨ ᠬᠦᠴᠦᠷᠭᠡᠭᠵᠢᠬᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠨᠠᠩ ᠶᠡᠭᠡ ᠰᠢᠨ᠎ᠡ ᠠᠮᠵᠢᠯᠲᠠ ᠣᠯᠬᠤ ᠶᠢ ᠦᠨᠡᠨᠬᠦ ᠪᠠᠲᠤᠯᠠᠨ᠎ᠠ᠃︾ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ᠂ ᠤᠯᠠᠭᠠᠨᠪᠤᠬ᠎ᠠ ᠠᠮᠢ ᠠᠬᠤᠶ ᠶᠢᠨ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠤ ᠨᠠᠮ ᠤᠨ  ᠠᠵᠢᠯ ᠤᠨ ᠬᠤᠷᠢᠶ᠎ᠠ ᠶᠢᠨ ᠱᠦᠵᠢ ᠺᠦᠩ ᠳ᠋ᠧ ᠬᠦᠶ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ᠃       ᠺᠦᠩ ᠳ᠋ᠧ ᠬᠦᠶ ᠬᠡᠯᠡᠬᠦ ᠳᠡᠭᠡᠨ᠂ ︽ᠨᠢᠭᠡ ᠬᠠᠷᠠᠯᠲᠠ︾ ᠶᠢ ᠴᠢᠩᠭ᠎ᠠ ᠠᠩᠬᠠᠷᠬᠤ ᠨᠢ ᠳᠠᠷᠤᠶ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠡᠭᠦᠳᠦᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠶᠠᠪᠤᠳᠠᠯ ᠪᠣᠯᠤᠨ᠎ᠠ᠃ ᠪᠢᠳᠡ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ︾ ᠪᠠᠷ ᠡᠬᠢᠯᠡᠯᠲᠡ ᠪᠣᠯᠭᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠶ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠣᠳᠣᠬᠠᠨ ᠤ ᠠᠵᠤ ᠦᠢᠯᠡᠰ ᠤᠨ ᠬᠡᠪᠴᠢᠶ᠎ᠡ ᠶᠢ ᠪᠠᠬᠢᠵᠢᠭᠦᠯᠦᠨ ᠥᠷᠭᠡᠳᠬᠡᠭᠰᠡᠨ ᠰᠠᠭᠤᠷᠢᠨ ᠳᠡᠭᠡᠷ᠎ᠡ᠂ ᠰᠢᠨ᠎ᠡ ᠶᠢ ᠡᠭᠦᠳᠬᠦ ᠬᠦᠴᠦᠨ ᠵᠦᠢᠯ ᠢ ᠤᠯᠠᠮ ᠨᠢᠭᠡ ᠠᠯᠬᠤᠮ ᠣᠷᠣᠭᠤᠯᠬᠤ ᠪᠠ ᠠᠭᠤᠰᠤᠯᠴᠠᠭᠤᠯᠵᠤ᠂ ᠦᠢᠯᠡᠰ ᠪᠦᠳᠦᠭᠡᠵᠦ ᠰᠢᠨ᠎ᠡ ᠶᠢ ᠡᠭᠦᠳᠬᠦ ᠪᠣᠭᠤᠮᠢ ᠶᠢ ᠡᠪᠳᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠵᠦ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠳᠠᠯ᠎ᠠ ᠪᠠᠷ ᠬᠦᠭᠵᠢᠩᠬᠦᠢ᠂ ᠳᠡᠭᠡᠳᠦ ᠲᠡᠰ ᠤᠨ ᠠᠵᠤ  ᠦᠢᠯᠡᠰ ᠢ ᠲᠥᠪᠯᠡᠷᠡᠭᠦᠯᠦᠭᠰᠡᠨ᠂ ᠣᠯᠠᠨ ᠤᠯᠤᠰ ᠤᠨ ᠥᠷᠢᠰᠦᠯᠳᠦᠬᠦ ᠬᠦᠴᠦᠨ ᠲᠠᠢ ᠲᠡᠷᠢᠭᠦᠨ ᠤ ᠬᠦᠷᠢᠶᠡᠯᠡᠩ ᠲᠣᠭᠤᠷᠢᠭ ᠢ ᠬᠦᠴᠦᠯᠡᠨ ᠪᠠᠶᠢᠭᠤᠯᠤᠨ᠎ᠠ᠃      ︽ᠬᠤᠶᠠᠷ ᠬᠠᠯᠬᠠᠪᠴᠢ︾ ᠶᠢ ᠪᠠᠲᠤ ᠴᠣᠭᠴᠠᠯᠠᠬᠤ ᠲᠤᠬᠠᠢ ᠺᠦᠩ ᠳ᠋ᠧ ᠬᠦᠢ ᠶᠠᠷᠢᠬᠤ ᠳᠠᠭᠠᠨ᠂ ᠪᠢᠳᠡ ᠠᠮᠢ ᠠᠬᠤᠢ ᠪᠠ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠶᠢᠲᠤᠷ ᠰᠠᠬᠢᠬᠤ ᠬᠡᠷᠡᠭᠲᠡᠢ᠃ ᠨᠢᠭᠡ ᠳᠤ᠂ ᠬᠠᠳᠤᠨ ᠭᠤᠣᠯ ᠤᠨ ᠠᠮᠢ ᠠᠬᠤᠢ ᠶᠢᠨ ᠬᠠᠯᠬᠠᠪᠴᠢ ᠶᠢ ᠪᠠᠲᠤ ᠴᠣᠭᠴᠠᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠪᠢᠳᠡ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠨᠣᠭᠤᠭᠠᠷᠠᠭᠤᠯᠣᠯᠳᠠ ᠪᠠᠷ ᠬᠥᠪᠡᠭᠡ ᠬᠢᠵᠠᠭᠠᠷ ᠢᠶᠠᠨ ᠪᠠᠬᠢᠵᠢᠬᠦᠯᠵᠦ᠂ ᠡᠯᠡᠰᠦ ᠨᠡᠭᠦᠳᠡᠯᠯᠡᠵᠦ ᠭᠤᠤᠯ ᠳᠤ ᠣᠷᠣᠬᠤ ᠶᠢ ᠬᠤᠷᠢᠭᠯᠠᠬᠤ᠂ ᠤᠰᠤ ᠪᠠᠷ ᠬᠥᠭᠵᠢᠯᠲᠡ ᠶᠢ ᠳᠣᠭᠳᠠᠭᠠᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠨᠠᠶᠢᠳᠠᠪᠣᠷᠢᠵᠢᠭᠤᠯᠵᠦ᠂ ᠤᠰᠤ ᠡᠯᠡᠰᠦᠨ ᠤ ᠳᠣᠬᠢᠷᠠᠭᠤᠯᠣᠯᠳᠠ ᠡᠵᠡᠮᠳᠡᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠢ ᠶᠢ ᠡᠩ ᠲᠡᠷᠢᠬᠦᠨ ᠳᠤ ᠪᠣᠳᠣᠯᠬᠢᠯᠠᠬᠤ᠂ ᠪᠣᠬᠢᠷᠲᠤᠯ ᠦᠭᠡᠢ ᠭᠦᠭᠵᠢᠯᠳᠡ ᠶᠢᠨ ᠡᠨᠡᠬᠦ ᠬᠤᠷᠢᠭ᠎ᠠ ᠱᠤᠭᠤᠮ ᠢ ᠪᠠᠲᠤ ᠰᠠᠬᠢᠵᠤ᠂ ᠬᠠᠳᠤᠨ ᠭᠤᠣᠯ ᠤᠨ ᠠᠮᠢ ᠠᠬᠤᠢ ᠶᠢᠨ ᠵᠠᠰᠠᠯᠲᠠ ᠳᠤ ᠭᠦᠢᠴᠡᠳ ᠣᠷᠣᠨ ᠵᠠᠢ ᠦᠯᠡᠳᠡᠭᠡᠨ᠎ᠡ᠃ ᠬᠤᠶᠠᠷ ᠲᠤ᠂ ᠠᠮᠤᠷ ᠲᠦᠪᠰᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠯᠬᠠᠪᠴᠢ ᠶᠢ ᠡᠷᠡᠰ ᠪᠠᠲᠤ ᠴᠣᠭᠴᠠᠯᠠᠵᠤ᠂ ᠠᠮᠤᠷ ᠳᠦᠪᠰᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠪᠢᠳᠡ ᠠᠶᠣᠯ ᠦᠬᠡᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠢᠳᠡᠭᠡᠨ ᠪᠠ ᠡᠮ ᠤᠨ ᠵᠦᠢᠯ ᠤᠨ ᠠᠮᠣᠷ ᠳᠦᠪᠰᠢᠨ ᠵᠡᠷᠭᠡ ᠠᠵᠢᠯ ᠢ ᠡᠷᠡᠰ ᠰᠠᠶᠢᠲᠤᠷ ᠠᠳᠬᠤᠵᠤ᠂ ᠬᠦᠷᠢᠶᠡᠯᠡᠩ ᠲᠣᠭᠤᠷᠢᠭ ᠤᠨ ᠪᠢᠳᠡᠭᠦᠮᠵᠢᠯᠡᠭᠰᠡᠨ ᠬᠠᠮᠢᠶᠠᠷᠣᠯᠳᠠ ᠶᠢ ᠲᠦᠷᠭᠡᠳᠬᠡᠨ ᠠᠬᠢᠭᠤᠯᠵᠤ᠂ ᠠᠮᠤᠷ ᠲᠦᠪᠰᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠳᠣᠯᠣᠯᠳᠠ ᠶᠢᠨ ᠠᠵᠢᠯ ᠢ ᠡᠷᠡᠰ ᠰᠠᠶᠢᠲᠤᠷ ᠬᠢᠵᠦ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠦᠷᠬᠦᠯᠵᠢᠯᠡᠨ ᠭᠦᠨᠵᠡᠭᠡᠶᠢᠷᠡᠭᠦᠯᠵᠦ᠂ ᠴᠡᠩᠬᠡᠷ ᠣᠭᠲᠠᠷᠭᠤᠢ ᠴᠡᠩᠬᠡᠭ ᠤᠰᠤ ᠴᠡᠪᠡᠷ ᠬᠥᠷᠥᠰᠥ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠨ᠎ᠠ᠃      ︽ᠮᠠᠨ ᠤ ᠡᠨᠡ ᠵᠢᠯ ᠤᠨ ᠠᠵᠢᠯ ᠤᠨ ᠭᠤᠣᠯᠳᠠᠯᠭ᠎ᠠ ᠪᠣᠯ ︿ᠭᠤᠷᠪᠠᠨ ᠶᠡᠭᠡ ᠬᠡᠰᠡᠭ﹀ ᠢ ᠪᠠᠶᠢᠭᠤᠯᠵᠤ᠂ ᠴᠢᠨᠠᠷ ᠰᠠᠶᠢᠲᠠᠢ ᠲᠡᠷᠢᠭᠦᠨ ᠤ ᠬᠦᠷᠢᠶᠡᠯᠡᠩ ᠲᠣᠭᠤᠷᠢᠭ ᠢ ᠬᠦᠴᠦᠯᠡᠨ ᠪᠠᠶᠢᠭᠤᠯᠬᠤ ᠶᠠᠪᠤᠳᠠᠯ ᠪᠣᠯᠤᠨ᠎ᠠ᠃︾ ᠺᠦᠩ ᠳ᠋ᠧ ᠬᠦᠶ ᠬᠡᠯᠡᠭᠰᠡᠨ ᠨᠢ᠂ ᠨᠢᠭᠡ ᠳᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠶᠢ ᠡᠭᠦᠳᠬᠦ ᠣᠷᠣᠨ ᠢ ᠪᠣᠶ ᠪᠣᠯᠭᠠᠨ᠎ᠠ᠃ ᠳᠠᠪᠤᠰᠤ᠂ ᠨᠡᠭᠦᠷᠡᠰᠦ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠦᠷᠭᠦᠯᠵᠢᠯᠡᠨ ᠪᠣᠵᠠᠭᠠᠶᠢᠷᠠᠭᠤᠯᠣᠨ ᠬᠦᠴᠦᠷᠬᠡᠭᠵᠢᠭᠦᠯᠦᠭᠰᠡᠨ ᠰᠠᠭᠤᠷᠢᠨ ᠳᠡᠭᠡᠷ᠎ᠡ᠂ ᠴᠢᠯᠠᠭᠤᠨ ᠲᠣᠰᠣ ᠵᠢᠴᠢ ᠪᠠᠶᠢᠭᠠᠯᠢ ᠶᠢᠨ ᠰᠢᠲᠠᠮᠠᠬᠠᠶ ᠬᠡᠢ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠪᠦᠬᠦ ᠬᠢᠵᠠᠭᠠᠷ ᠤᠨ ᠠᠮᠢ ᠠᠬᠤᠢ ᠶᠢᠨ ᠵᠢᠭᠤᠯᠴᠢᠯᠠᠯ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ︽ᠪᠠᠷᠠᠭᠤᠨ ᠣᠷᠣᠨ ᠤ ᠲᠠᠷᠢᠶᠠᠨ ᠡᠮ᠂ ᠡᠮ ᠡᠮᠨᠡᠯᠭᠡ ᠶᠢᠨ ᠰᠢᠨ᠎ᠡ ᠶᠢ ᠡᠭᠦᠳᠬᠦ ᠵᠢᠱᠢᠶ᠎ᠡ ᠦᠵᠡᠬᠦᠯᠬᠦ ᠬᠠᠮᠤᠭ ᠤᠨ ᠳᠣᠮᠣ ᠰᠠᠭᠤᠷᠢᠨ ᠭᠠᠵᠠᠷ︾ ᠪᠠ         ︽ᠠᠷᠢᠭᠤᠳᠬᠠᠬᠤ ᠬᠡᠷᠡᠭᠰᠡᠯ ᠤᠨ ᠠᠵᠤ ᠦᠢᠯᠡᠰ ᠤᠨ ᠤᠯᠤᠰ ᠤᠨ ᠰᠠᠭᠤᠷᠢᠨ ᠭᠠᠵᠠᠷ︾ ᠢ ᠪᠠᠶᠢᠭᠤᠯᠵᠤ᠂ ᠤᠯᠤᠰ ᠤᠨ ᠴᠡᠪᠡᠷ ᠡᠨᠧᠷᠭᠢ ᠶᠢᠨ ᠵᠢᠱᠢᠶ᠎ᠡ ᠦᠵᠡᠭᠦᠯᠬᠦ ᠴᠢᠬᠤᠯᠠ ᠰᠠᠭᠤᠷᠢᠨ ᠭᠠᠵᠠᠷ ᠪᠠ ᠰᠢᠨ᠎ᠡ ᠮᠠᠲ᠋ᠧᠷᠢᠶᠠᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠬᠤᠶᠠᠷ ᠲᠤ᠂ ᠠᠵᠤ ᠦᠢᠯᠡᠳᠪᠦᠷᠢ ᠪᠠᠷ ᠠᠮᠢ ᠠᠬᠤᠢ ᠶᠢ ᠲᠡᠳᠬᠦᠬᠦ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ᠤ ᠠᠵᠤ  ᠦᠢᠯᠡᠳᠪᠦᠷᠢ ᠶᠢᠨ ᠠᠵᠤ ᠠᠬᠤᠢ ᠶᠢᠨ ᠳᠠᠪᠠᠭᠤᠯᠢᠭ ᠲᠤ ᠲᠦᠰᠢᠭᠯᠡᠨ᠂ ᠪᠦᠬᠦ ᠠᠶᠢᠮᠠᠭ ᠤᠨ ︽ᠣᠷᠣᠨ ᠪᠦᠰᠡ ᠶᠢ ᠬᠤᠯᠪᠣᠭᠰᠠᠨ ᠠᠵᠤ ᠠᠬᠤᠶ︾ ᠶᠢᠨ ᠪᠠᠶᠢᠷᠢᠯᠠᠭᠤᠯᠤᠯᠲᠠ ᠶᠣᠰᠣᠭᠠᠷ᠂ ᠭᠤᠷᠪᠠᠨ ᠬᠤᠰᠢᠭᠤ ᠲᠠᠢ ᠲᠥᠷᠥᠯ ᠵᠦᠢᠯ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠦᠬᠦ ᠠᠶᠢᠮᠠᠭ ᠤᠨ ᠬᠦᠴᠦᠨ ᠢ ᠳᠦᠪᠯᠡᠷᠡᠭᠦᠯᠵᠦ ᠤᠯᠠᠭᠠᠨᠪᠤᠬ᠎ᠠ ᠶᠢᠨ ᠡᠯᠡᠰᠦᠨ ᠴᠥᠯ ᠢ ᠵᠠᠰᠠᠬᠤ ᠳᠤ ᠨᠠᠩ ᠣᠯᠠᠨ ᠬᠥᠷᠥᠩᠭᠡ ᠶᠢᠨ ᠲᠤᠯᠭᠠᠭᠤᠷᠢᠯᠠᠯ ᠬᠠᠩᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠪᠡᠶᠡᠯᠡᠭᠦᠯᠦᠨ᠎ᠡ᠃ ᠭᠤᠷᠪᠠ ᠳᠤ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠠᠵᠢᠯ ᠡᠷᠬᠢᠯᠡᠬᠦ ᠳᠤ ᠲᠣᠬᠢᠲᠠᠶ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠤᠨ  ᠳᠠᠭᠤᠷᠢᠶᠠᠯ ᠣᠷᠣᠨ ᠢ ᠪᠤᠢ ᠪᠣᠯᠭᠠᠨ᠎ᠠ᠃ ︽ᠦᠵᠡᠭᠳᠡᠯᠵᠢᠭᠦᠯᠬᠦ︾ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠬᠡᠷᠡᠭᠵᠢᠭᠦᠯᠵᠦ᠂     ︽ᠶᠡᠷᠦᠩᠬᠡᠶᠢᠯᠡᠭᠰᠡᠨ ᠴᠣᠩᠬᠤᠪᠴᠢ︾ ᠶᠢᠨ ᠬᠢᠨᠠᠨ ᠵᠥᠪᠰᠢᠶᠡᠷᠡᠬᠦ ᠵᠠᠭᠪᠤᠷ ᠢ ᠬᠠᠶᠢᠨ ᠰᠦᠪᠡᠭᠴᠢᠯᠡᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠤᠨ ᠦᠷ᠎ᠡ ᠪᠦᠲᠦᠮᠵᠢ ᠪᠠ ᠦᠢᠯᠡᠴᠢᠯᠡᠬᠡᠨ ᠤ ᠬᠢᠷᠢ ᠳᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ᠤ ᠲᠣᠮᠣ ᠳ᠋ᠠᠶᠢᠲ᠋ᠠ ᠶᠢᠨ ᠲᠥᠪ ᠤᠨ ᠭᠡᠷᠡᠭᠯᠡᠭᠡ ᠬᠠᠮᠢᠶᠠᠷᠤᠯᠲᠠ ᠶᠢᠨ ᠲᠠᠪᠴᠠᠩ ᠤᠨ ᠬᠠᠷᠢᠯᠴᠠᠨ ᠬᠤᠯᠪᠣᠯᠳᠤᠵᠤ ᠬᠠᠷᠢᠯᠴᠠᠨ ᠠᠭᠤᠰᠤᠯᠴᠠᠬᠤ ᠶᠢ ᠲᠦᠷᠭᠡᠳᠬᠡᠵᠦ᠂ ᠦᠢᠯᠡᠴᠢᠯᠡᠭᠡᠨ ᠤ ᠣᠨᠣᠪᠴᠢᠳᠠᠢ ᠪᠠᠶᠢᠬᠤ᠂ ᠬᠢᠨᠠᠠ ᠬᠠᠮᠢᠶᠠᠷᠤᠯᠲᠠ ᠶᠢᠨ ᠤᠶᠤᠨᠴᠢᠯᠠᠯᠲᠠ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠠᠮᠢ ᠠᠬᠤᠶ ᠳᠤ ᠦᠢᠯᠡᠴᠢᠯᠡᠭᠰᠡᠨ ᠠᠵᠤ ᠠᠬᠤᠶ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠥᠪ ᠬᠤᠲᠠ ᠶᠢᠨ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠯᠡᠨ᠂ ᠠᠮᠢ ᠠᠬᠤᠶ᠂ ᠠᠵᠤ ᠠᠬᠤᠶ ᠪᠠ ᠨᠡᠶᠢᠭᠡᠮ ᠤᠨ ᠦᠷ᠎ᠡ ᠠᠰᠢᠭ ᠤᠨ ︽ᠭᠤᠷᠪᠠ ᠳᠤ ᠠᠰᠢᠭ ᠬᠦᠷᠳᠡᠭᠡᠬᠦ︾ ᠪᠠᠶᠢᠷᠢᠰᠢᠯ ᠢ ᠴᠢᠷᠮᠠᠶᠢᠨ ᠪᠠᠶᠢᠭᠤᠯᠣᠨ᠎ᠠ᠃      ︽2018᠂ 2019 ᠣᠨ ᠤ ᠰᠠᠭᠤᠷᠢᠨ ᠳᠡᠭᠡᠷ᠎ᠡ᠂ ᠡᠨᠡ ᠵᠢᠯ ︿ᠵᠢᠷᠭᠤᠭᠠᠨ ᠶᠡᠭᠡ ᠲᠠᠪᠴᠠᠩ﹀ ᠢ ᠤᠯᠠᠮ ᠨᠢᠭᠡ ᠠᠯᠬᠤᠮ ᠪᠠᠶᠢᠭᠤᠯᠤᠨ ᠬᠦᠴᠦᠷᠬᠡᠭᠵᠢᠭᠦᠯᠵᠦ᠂ ᠴᠢᠨᠠᠷ ᠰᠠᠶᠢᠳᠠᠢ ᠬᠥᠭᠵᠢᠯᠲᠡ ᠶᠢᠨ ᠬᠦᠴᠦᠨ ᠵᠦᠢᠯ ᠤᠨ ᠲᠤᠯᠭᠠᠭᠤᠷᠢᠯᠠᠯ ᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠶ︾᠃ ᠺᠦᠩ ᠳ᠋ᠧ ᠬᠦᠶ ᠬᠡᠯᠡᠬᠦ ᠳᠡᠭᠡᠨ᠂ ᠨᠢᠭᠡ ᠳᠤ᠂ ᠰᠢᠨᠵᠢᠯᠡᠭᠡ ᠮᠡᠷᠭᠡᠵᠢᠯ ᠤᠨ ᠪᠣᠶᠢᠵᠢᠭᠤᠯᠬᠤ ᠲᠠᠪᠴᠠᠩ ᠢ ᠪᠠᠶᠢᠭᠤᠯᠣᠨ ᠬᠦᠴᠦᠷᠬᠡᠭᠵᠢᠭᠦᠯᠦᠨ᠎ᠡ᠃ ᠲᠥᠷᠥᠯ ᠵᠦᠢᠯ ᠳᠤ ᠰᠠᠭᠤᠷᠢᠯᠠᠵᠤ ᠰᠢᠨᠵᠢᠯᠡᠬᠦ ᠤᠬᠠᠭᠠᠨ ᠤ ᠰᠤᠳᠤᠯᠤᠯ ᠢ ᠠᠳᠬᠤᠬᠤ᠂ ᠬᠠᠮᠲᠤᠷᠠᠯᠴᠠᠭ᠎ᠠ ᠳᠤ ᠰᠠᠭᠤᠷᠢᠯᠠᠨ ᠰᠢᠨ᠎ᠡ ᠶᠢ ᠡᠭᠦᠳᠬᠦ ᠶᠢ ᠠᠳᠬᠤᠬᠤ᠂ ᠦᠷ᠎ᠡ ᠪᠦᠲᠦᠭᠡᠯ ᠳᠤ ᠰᠠᠭᠤᠷᠢᠯᠠᠵᠤ ᠣᠯᠠᠷᠢᠭᠤᠯᠣᠯᠳᠠ ᠶᠢ ᠠᠳᠬᠤᠬᠤ ᠰᠡᠳᠬᠢᠴᠡ ᠶᠣᠰᠣᠭᠠᠷ᠂ ᠠᠵᠤ ᠦᠢᠯᠡᠰ ᠤᠨ ᠬᠡᠯᠬᠢᠶ᠎ᠡ ᠳᠤ ᠲᠦᠰᠢᠭᠯᠡᠨ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠰᠢᠨ᠎ᠡ ᠶᠢ ᠡᠭᠦᠳᠬᠦ ᠬᠡᠯᠬᠢᠶ᠎ᠡ ᠶᠢᠨ ᠳᠣᠭᠤᠷᠢᠨ ᠳᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠶ ᠠᠰᠢᠭᠯᠠᠬᠤ᠂ ᠠᠮᠢᠳᠤ ᠪᠣᠳᠠᠰ ᠤᠨ ᠡᠮ ᠡᠮᠨᠡᠯᠭᠡ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠵᠡᠷᠭᠡ ᠬᠦᠷᠢᠶᠡᠨ ᠳᠠᠬᠢ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠪᠠ ᠦᠢᠯᠡᠳᠬᠦᠨ ᠳᠤ ᠠᠩᠬᠠᠷᠣᠯ  ᠢᠶᠠᠨ ᠳᠦᠪᠯᠡᠷᠡᠬᠦᠯᠵᠦ᠂ ᠰᠢᠨᠵᠢᠯᠡᠬᠦ ᠤᠬᠠᠭᠠᠨ ᠤ ᠰᠤᠳᠤᠯᠤᠯ ᠢᠶᠠᠷ ᠭᠤᠤᠯ ᠲᠤᠯᠭᠠᠭᠤᠷᠢ ᠪᠣᠯᠭᠠᠭᠰᠠᠨ ᠰᠢᠨ᠎ᠡ ᠶᠢ ᠡᠭᠦᠳᠬᠦ ᠳᠣᠭᠳᠠᠯᠴᠠᠭ᠎ᠠ ᠶᠢ ᠳᠦᠷᠭᠡᠳᠬᠡᠨ ᠪᠤᠢ ᠪᠣᠯᠭᠠᠨ᠎ᠠ᠃ ᠬᠤᠶᠠᠷ ᠲᠤ᠂ ᠴᠢᠳᠠᠪᠤᠷᠢᠲᠠᠨ ᠤ ᠠᠵᠢᠯ ᠣᠯᠭᠤᠯᠲᠠ ᠶᠢᠨ ᠲᠠᠪᠴᠠᠩ ᠢ ᠪᠠᠶᠢᠭᠤᠯᠤᠨ ᠬᠦᠴᠦᠷᠬᠡᠭᠵᠢᠭᠦᠯᠦᠨ᠎ᠡ᠃ ᠠᠵᠤ ᠠᠬᠤᠶᠢᠯᠠᠯ ᠤᠨ ᠬᠡᠷᠡᠭᠴᠡᠭᠡ ᠲᠠᠢ ᠨᠢᠭᠲᠠ ᠤᠶᠠᠯᠳᠤᠭᠤᠯᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠬᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠶᠡᠬᠡᠪᠡᠷ ᠬᠡᠷᠡᠭᠵᠢᠭᠦᠯᠵᠦ᠂ ᠨᠢᠩᠰᠢᠶᠠ ᠥᠪᠥᠷ ᠮᠣᠩᠭᠤᠯ ᠱᠠᠨᠰᠢ ᠭᠠᠨᠰᠦ ᠵᠡᠷᠭᠡ ᠬᠥᠷᠰᠢ ᠵᠡᠷᠭᠡᠯᠡᠳᠡᠭᠡ ᠭᠠᠵᠠᠷ ᠣᠷᠣᠨ ᠤ ᠬᠥᠳᠡᠯᠮᠦᠷᠢ ᠦᠢᠯᠡᠴᠢᠯᠡᠭᠡ ᠶᠢᠨ ᠬᠠᠮᠵᠢᠯᠴᠠᠭᠠᠨ ᠤ ᠲᠣᠭᠲᠠᠴᠠ ᠶᠢ ᠪᠠᠬᠢᠵᠢᠭᠦᠯᠵᠦ᠂ ᠬᠥᠳᠡᠯᠮᠦᠷᠢ ᠦᠢᠯᠡᠴᠢᠯᠡᠭᠡ ᠶᠢ ᠡᠮᠬᠢ ᠵᠢᠷᠤᠮ ᠲᠠᠢ ᠵᠣᠯᠭᠠᠭᠤᠯᠬᠤ ᠪᠠ ᠬᠠᠨᠳᠤᠯᠭ᠎ᠠ ᠲᠠᠢ ᠪᠠᠷ ᠠᠵᠢᠯᠴᠢᠨ ᠡᠯᠰᠡᠬᠦ ᠬᠡᠪ ᠵᠠᠭᠪᠤᠷ ᠢ ᠪᠦᠷᠢᠯᠳᠦᠬᠦᠯᠵᠦ᠂ ᠥᠨᠳᠥᠷ ᠬᠡᠪ ᠪᠣᠯᠪᠠᠰᠣᠷᠠᠯ ᠲᠠᠢ ᠠᠵᠤ ᠦᠢᠯᠡᠰ ᠤᠨ ᠠᠵᠢᠯᠴᠢᠨ ᠤ ᠡᠩᠨᠡᠭᠡ ᠶᠢ ᠲᠦᠷᠭᠡᠳᠬᠡᠨ ᠪᠤᠶᠢᠵᠢᠭᠤᠯᠵᠤ᠂ ᠬᠦᠷᠢᠶᠡᠯᠡᠩ ᠲᠣᠭᠤᠷᠢᠭ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ ᠪᠠᠲᠤᠯᠠᠨ᠎ᠠ᠃ ᠭᠤᠷᠪᠠ ᠳᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠦᠢᠯᠡᠴᠢᠯᠡᠭᠡ ᠪᠠᠷ ᠦᠨᠳᠦᠰᠦᠨ ᠥᠷᠲᠡᠭ ᠤᠨ ᠬᠠᠨᠳᠤᠰᠢ ᠪᠣᠯᠭᠠᠬᠤ ᠶᠢ ᠪᠠᠷᠢᠮᠲᠠᠯᠠᠵᠤ᠂ ᠮᠥᠩᠭᠦᠨ ᠬᠦᠢᠯᠭᠡᠭᠡᠨ ᠤ ᠦᠢᠯᠡᠴᠢᠯᠡᠬᠡᠨ ᠤ ᠲᠠᠪᠴᠠᠩ ᠤᠨ ᠴᠢᠳᠠᠮᠵᠢ ᠶᠢ ᠰᠢᠯᠢᠳᠡᠭᠵᠢᠭᠦᠯᠵᠦ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠢ ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠠᠵᠤ ᠦᠢᠯᠡᠰ ᠤᠨ ᠲᠥᠷᠥᠯ ᠵᠦᠢᠯ ᠤᠨ ᠪᠡᠯᠡ ᠮᠥᠩᠭᠦ ᠶᠢᠨ ᠬᠡᠷᠡᠭᠴᠡᠭᠡ ᠶᠢ ᠪᠠᠲᠤᠯᠠᠵᠤ᠂ ᠢᠯᠠᠩᠭᠤᠶ᠎ᠠ ᠪᠡᠯᠡ ᠮᠥᠩᠭᠦ ᠶᠢᠨ ᠳᠠᠯ᠎ᠠ ᠪᠠᠷ ᠬᠦᠴᠢᠷᠳᠡᠯᠲᠡᠶ ᠪᠠᠶᠢᠭ᠎ᠠ ᠠᠵᠤ ᠠᠬᠤᠶᠢᠯᠠᠯ ᠳᠤ ᠴᠢᠭᠯᠡᠭᠦᠯᠦᠨ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ ᠢᠳᠡᠪᠬᠢᠲᠡᠶ ᠪᠠᠷ ᠨᠡᠶᠢᠯᠡᠭᠦᠯᠵᠦ᠂ ᠮᠥᠩᠭᠦᠨ ᠬᠦᠢᠯᠭᠡᠭᠡᠨ ᠤ ᠡᠬᠢ ᠪᠠᠶᠠᠯᠢᠭ ᠤᠨ ᠬᠦᠢᠴᠡᠳ ᠬᠡᠮᠵᠢᠶᠡᠨ ᠤ ᠬᠦᠢᠯᠭᠡᠭᠡ ᠶᠢ ᠬᠥᠲᠥᠯᠥᠨ ᠵᠢᠯᠣᠭᠤᠳᠴᠤ᠂ ᠠᠵᠤ ᠦᠢᠯᠡᠰ ᠪᠠ ᠮᠥᠩᠭᠦᠨ ᠬᠦᠢᠯᠭᠡᠭᠡᠨ ᠤ ᠬᠠᠮᠳᠣ ᠳᠠᠭᠠᠨ ᠴᠡᠴᠡᠭᠯᠡᠨ ᠬᠥᠭᠵᠢᠬᠦ ᠶᠢ ᠪᠦᠲᠦᠮᠵᠢᠲᠡᠶ ᠠᠬᠢᠭᠤᠯᠤᠨ᠎ᠠ᠃ ᠲᠦᠷᠪᠡ ᠳᠤ᠂ ᠤᠳᠤ ᠦᠶ᠎ᠡ ᠶᠢᠨ ᠪᠠᠷᠠᠭᠠᠨ ᠤ ᠬᠦᠢᠯᠭᠡᠭᠡᠨ ᠤ ᠲᠠᠪᠴᠠᠩ ᠢ ᠪᠠᠶᠢᠭᠤᠯᠤᠨ ᠬᠦᠴᠦᠷᠬᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠬᠠᠭᠤᠷᠠᠶ ᠵᠠᠮ ᠤᠨ ᠪᠠᠷᠠᠭ᠎ᠠ ᠶᠢᠨ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠴᠢᠬᠤᠯᠠ ᠰᠠᠭᠤᠷᠢᠨ ᠭᠠᠵᠠᠷ ᠢ ᠪᠠᠶᠢᠭᠤᠯᠬᠤ ᠪᠠᠷ ᠬᠠᠷᠠᠯᠲᠠ ᠪᠠᠨ ᠪᠣᠯᠭᠠᠵᠤ᠂ ᠢᠵᠢ ᠪᠦᠷᠢᠳᠦᠭᠦᠯᠦᠭᠰᠡᠨ ᠨᠢᠭᠡ ᠪᠦᠯᠦᠭ ᠲᠥᠬᠦᠭᠡᠷᠦᠮᠵᠢ ᠶᠢ ᠲᠦᠷᠭᠡᠳᠬᠡᠨ ᠪᠠᠶᠢᠭᠤᠯᠵᠤ᠂ ᠵᠦᠩ ᠱᠧᠩ᠂ ᠬᠣ᠋ ᠮᠧᠩ᠂ ᠬᠠᠯᠠᠭᠤᠨ ᠵᠡᠷᠭᠡ ᠲᠡᠮᠦᠷ ᠵᠠᠮ ᠤᠨ ᠪᠠᠷᠠᠭᠠᠨ ᠤ ᠬᠦᠢᠯᠬᠡᠬᠡᠨ ᠤ 3 ᠲᠥᠷᠥᠯ ᠵᠦᠢᠯ ᠤᠨ ᠪᠦᠳᠦᠭᠡᠨ ᠪᠠᠶᠢᠭᠤᠯᠤᠯᠲᠠ ᠶᠢ ᠭᠤᠣᠯᠴᠢᠯᠠᠨ ᠳᠡᠮᠵᠢᠨ᠎ᠡ᠃ ᠣᠷᠣᠨ ᠪᠦᠰᠡ ᠠᠯᠤᠰᠯᠠᠭᠰᠠᠨ ᠪᠠᠷᠠᠭ᠎ᠠ ᠶᠢᠨ ᠬᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠴᠢᠳᠠᠪᠤᠷᠢ ᠪᠠ ᠳᠠᠶᠢᠴᠢᠯᠠᠨ ᠨᠦᠯᠦᠭᠡᠯᠡᠬᠦ ᠴᠢᠳᠠᠮᠵᠢ ᠶᠢ ᠳᠡᠭᠡᠭᠰᠢᠯᠡᠭᠦᠯᠵᠦ᠂ ᠣᠳᠣ ᠦᠶ᠎ᠡ ᠶᠢᠨ ᠪᠠᠷᠠᠭ᠎ᠠ ᠶᠢᠨ ᠬᠦᠢᠯᠭᠡᠭᠡᠨ ᠤ ᠦᠢᠯᠡᠴᠢᠯᠡᠬᠡᠨ ᠤ ᠳᠥᠭᠦᠮ ᠳᠥᠲᠡ ᠥᠨᠳᠥᠷ ᠪᠦᠲᠦᠮᠵᠢᠲᠡᠶ ᠳᠣᠭᠳᠠᠯᠴᠠᠭ᠎ᠠ ᠶᠢ ᠪᠠᠶᠢᠭᠤᠯᠤᠨ᠎ᠠ᠃ ᠲᠠᠪᠤ ᠳᠤ᠂ ᠨᠡᠶᠢᠭᠡᠮ ᠤᠨ ᠠᠵᠢᠯ ᠦᠢᠯᠡᠰ ᠤᠨ ᠲᠠᠪᠴᠠᠩ ᠢ ᠪᠠᠶᠢᠭᠤᠯᠤᠨ ᠬᠦᠴᠦᠷᠬᠡᠭᠵᠢᠭᠦᠯᠦᠨ᠎ᠡ᠃ ᠰᠢᠯᠢᠳᠡᠭ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠮᠡᠨᠳᠦ᠂ ᠣᠯᠠᠨ ᠨᠡᠶᠢᠲᠡ ᠶᠢᠨ  ᠦᠢᠯᠡᠴᠢᠯᠡᠬᠡᠨ ᠤ ᠳᠣᠬᠠᠢ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠠᠴᠠ ᠭᠠᠷᠳᠠᠵᠤ᠂ ︽ᠨᠡᠷᠡᠲᠦ ᠪᠠᠭᠰᠢ ᠨᠡᠷᠡᠲᠦ ᠰᠤᠷᠭᠠᠭᠤᠯᠢ ᠨᠡᠷᠡᠲᠦ ᠬᠦᠷᠢᠶᠡᠯᠡᠩ︾ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠨᠢᠩᠰᠢᠶᠠ ᠶᠢᠨ ᠬᠠᠷᠢᠶᠠᠲᠤ ᠡᠮᠨᠡᠯᠬᠡ ᠶᠢᠨ ᠬᠤᠷᠢᠶ᠎ᠠ ᠲᠠᠢ ᠰᠣᠯᠢᠯᠴᠠᠭ᠎ᠠ ᠬᠠᠮᠲᠤᠷᠠᠯᠴᠠᠭ᠎ᠠ ᠪᠠᠨ ᠬᠦᠨᠵᠡᠭᠡᠶᠢᠷᠡᠬᠦᠯᠵᠦ᠂ ᠴᠡᠭᠡᠵᠢ ᠡᠪᠡᠳᠬᠦ ᠶᠢ ᠠᠨᠠᠭᠠᠬᠤ ᠵᠢᠴᠢ ᠲᠦᠷᠭᠡᠨ ᠠᠪᠤᠷᠠᠯᠲᠠ ᠶᠢᠨ ᠲᠥᠪ᠂ ᠬᠠᠯᠳᠠᠪᠤᠷᠢᠲᠤ ᠡᠪᠡᠳᠴᠢᠨ ᠢ ᠡᠮᠨᠡᠬᠦ ᠳᠣᠭᠤᠷᠢᠭ ᠤᠨ  ᠡᠪᠡᠳᠴᠢᠳᠡᠨ ᠤ ICU ᠥᠷᠥᠭᠡ᠂ ᠪᠠᠶ᠋ᠬᠠᠣᠪᠣᠭ᠎ᠠ ᠶᠢᠨ ᠡᠮᠨᠡᠯᠭᠡ ᠶᠢᠨ ᠲᠦᠷᠭᠡᠨ ᠠᠪᠤᠷᠠᠯᠲᠠ ᠶᠢᠨ ᠥᠷᠲᠡᠭᠡ ᠵᠢᠴᠢ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠵᠡᠷᠭᠡ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠳᠦᠷᠭᠡᠳᠬᠡᠨ ᠠᠬᠢᠭᠤᠯᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠵᠢᠷᠭᠤᠭ᠎ᠠ ᠳᠤ᠂ ᠢᠵᠢ ᠪᠦᠷᠢᠳᠦᠬᠦᠯᠦᠭᠰᠡᠨ ᠶᠡᠷᠦᠩᠬᠡᠶᠢᠯᠡᠭᠰᠡᠨ  ᠲᠠᠪᠴᠠᠩ ᠢ ᠪᠠᠶᠢᠭᠤᠯᠤᠨ ᠬᠦᠴᠦᠷᠬᠡᠭᠵᠢᠭᠦᠯᠦᠨ᠎ᠡ᠃ ᠠᠵᠤ ᠦᠢᠯᠡᠰ ᠤᠨ ᠬᠥᠭᠵᠢᠯᠲᠡ ᠪᠣᠯᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠶᠢᠨ ᠳᠣᠭᠤᠷᠢᠨ ᠳᠤ᠂ ᠬᠠᠲᠤᠨ ᠭᠤᠤᠯ ᠤᠨ ᠤᠰᠤᠨ ᠤ ᠬᠦᠢᠴᠡᠳᠬᠡᠯ ᠲᠤᠭ᠎ᠠ᠂ ᠴᠠᠬᠢᠯᠭᠠᠨ ᠬᠦᠴᠦᠨ᠂ ᠵᠠᠮ᠂ ᠪᠠᠶᠢᠭᠠᠯᠢ ᠶᠢᠨ ᠰᠢᠲᠠᠮᠠᠬᠠᠶ ᠬᠡᠶ᠂ ᠠᠭᠤᠷ᠂ ᠪᠣᠬᠢᠷ ᠤᠰᠤ ᠶᠢ ᠰᠢᠢᠳᠪᠦ᠋ᠷᠢᠯᠡᠬᠦ ᠵᠢᠴᠢ ᠬᠤᠭᠤᠯᠠᠶ ᠲᠣᠤᠷ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠬᠤᠣᠷᠳᠣ ᠪᠣᠳᠠᠰ ᠢ ᠰᠢᠢᠳᠪᠦᠷᠢᠯᠡᠬᠦ ᠵᠡᠷᠭᠡ ᠲᠠᠯ᠎ᠠ ᠪᠠᠷ ᠬᠦᠴᠦᠯᠡᠨ ᠴᠢᠷᠮᠠᠶᠢᠵᠤ᠂ ︽ᠣᠰᠣᠳᠠᠢ ᠠᠴᠠ ᠣᠯᠠᠭᠠᠠᠪᠣᠬ᠎ᠠ ᠬᠦᠷᠬᠦ ᠵᠠᠰᠠᠮᠠᠯ ᠵᠠᠮ︾ ᠤᠨ ᠵᠠᠯᠭᠠᠯᠲᠠ ᠶᠢᠨ ᠬᠡᠰᠡᠭ᠂ G1817 ᠣᠰᠣᠳᠠᠢ ᠶᠢᠨ ᠬᠡᠰᠡᠭ ᠤᠨ ᠰᠦᠯᠵᠢᠮᠡᠯ ᠵᠠᠮ ᠢ ᠦᠭᠡᠷᠡᠴᠢᠯᠡᠭᠡᠳ ᠵᠦᠷᠢᠯᠢᠭ ᠭᠦᠭᠦᠷᠭᠡ ᠪᠣᠯᠭᠠᠬᠤ ᠵᠡᠷᠭᠡ ᠢᠨᠵᠧᠨᠧᠷᠢᠩ ᠢ  ᠭᠤᠣᠯᠴᠢᠯᠠᠨ ᠬᠡᠷᠡᠭᠵᠢᠬᠦᠯᠵᠦ᠂ ᠬᠥᠭᠵᠢᠯᠲᠡ ᠳᠤ ᠵᠣᠬᠢᠴᠠᠭᠰᠠᠨ᠂ ᠵᠣᠬᠢᠬᠤ ᠬᠡᠮᠵᠢᠶ᠎ᠡ ᠪᠠᠷ ᠤᠷᠢᠳᠴᠢᠯᠠᠭᠰᠠᠨ᠂ ᠪᠠᠲᠤᠯᠠᠭ᠎ᠠ ᠨᠢ ᠡᠷᠴᠢᠮᠳᠠᠢ ᠰᠠᠭᠤᠷᠢ ᠳᠦᠭᠦᠭᠡᠷᠦᠮᠵᠢ ᠶᠢᠨ ᠳᠣᠭᠳᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃
 
ᠢᠷᠡᠯᠲᠡ᠄ ᠦᠨᠦᠳᠦᠷ ᠤᠨ ᠠᠯᠠᠱᠠ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号