ᠠᠯᠠᠱᠠ ᠠᠶᠢᠮᠠᠭ ᠤᠨ ᠤᠯᠠᠭᠠᠨᠮᠦ᠋ᠴᠢᠷ ᠤᠨ ᠬᠢᠨ ᠦᠨᠳᠦᠰᠦᠨ ᠱᠠᠳᠤᠨ ᠤ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠪᠡᠶᠡᠯᠢᠠᠠᠵᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2020/6/23
     ᠤᠷᠴᠢᠮ ᠤᠨ ᠬᠡᠳᠦᠨ ᠡᠳᠦᠷ ᠲᠤ᠂ ᠮᠠᠨ ᠤ ᠠᠶᠢᠮᠠᠭ ᠤᠨ ᠡᠯ᠎ᠠ ᠤᠯᠠᠭᠠᠨᠮᠦ᠋ᠴᠢᠷ ᠤᠨ ᠬᠢᠨ                ︽ᠤᠯᠠᠭᠠᠨᠮᠦ᠋ᠴᠢᠷ ᠤᠨ ᠰᠠᠷ᠎ᠠ · ᠠᠯᠢᠪᠠ ᠪᠦᠬᠦᠨ ᠠᠷᠠᠳ ᠲᠦᠮᠡᠨ ᠤ ᠲᠦᠯᠦᠬᠡ︾ ᠭᠤᠤᠯ ᠰᠡᠳᠦᠪ ᠤᠨ ᠲᠤᠭᠤᠷᠢᠨ ᠳᠤ᠂ ᠤᠯᠠᠨ ᠲᠦᠷᠦᠯ ᠤᠨ ᠠᠷᠭ᠎ᠠ ᠬᠡᠯᠪᠡᠷᠢ ᠪᠠᠷ ᠲᠠᠮᠵᠢᠨ᠂ ᠦᠨᠳᠦᠰᠦᠨ ᠱᠠᠳᠤᠨ ᠤ ᠤᠯᠠᠨ ᠲᠦᠮᠡᠨ ᠳᠤ ᠲᠤᠬᠤᠨᠢᠭᠤᠯᠭ᠎ᠠ ᠶᠢᠨ ᠲᠤᠭᠯᠠᠯᠳᠠ ᠲᠤᠬᠢᠷᠠᠭᠤᠯᠵᠦ᠂ ᠲᠡᠳᠡᠨᠡᠷ ᠤᠨ ᠰᠤᠶᠤᠯ ᠤᠨ ᠠᠮᠢᠳᠤᠷᠠᠯ ᠢ ᠪᠡᠶᠡᠯᠢᠠᠠᠵᠢᠭᠤᠯᠤᠭᠰᠠᠨ ᠪᠠᠶᠢᠨ᠎ᠠ᠃      ︽ᠤᠯᠠᠭᠠᠨᠮᠦ᠋ᠴᠢᠷ ᠤᠨ ᠰᠠᠷ᠎ᠠ · ᠠᠯᠢᠪᠠ ᠪᠦᠬᠦᠨ ᠠᠷᠠᠳ ᠲᠦᠮᠡᠨ ᠤ ᠲᠦᠯᠦᠬᠡ︾ ᠭᠤᠤᠯ ᠰᠡᠳᠦᠪᠲᠦ ᠠᠵᠢᠯᠯᠠᠭ᠎ᠠ 6 ᠰᠠᠷ᠎ᠠ ᠶᠢᠨ 1 ᠤ ᠡᠳᠦᠷ ᠡᠬᠢᠯᠡᠵᠦ᠂ 7 ᠰᠠᠷ᠎ᠠ ᠶᠢᠨ 31 ᠤ ᠡᠳᠦᠷ ᠲᠡᠬᠦᠰᠬᠦ ᠪᠠᠷ ᠪᠤᠢ᠃ ᠡᠨᠡᠬᠦ ᠬᠤᠭᠤᠴᠠᠭᠠᠨ ᠳᠤ᠂ ᠮᠠᠨ ᠤ ᠠᠶᠢᠮᠠᠭ ᠤᠨ ᠡᠯ᠎ᠠ ᠤᠯᠠᠭᠠᠨᠮᠦ᠋ᠴᠢᠷ ᠤᠨ ᠬᠢᠨ ᠮᠠᠯᠵᠢᠬᠤ ᠲᠠᠷᠢᠶᠠᠯᠠᠬᠤ ᠤᠷᠤᠨ ᠢᠶᠠᠷ ᠬᠦᠨᠵᠡᠬᠡᠶᠢᠷᠡᠨ᠂ ᠰᠢ ᠶᠢᠨ ᠫᠢᠡᠭ ᠶᠡᠷᠦᠩᠬᠡᠢ ᠱᠦᠵᠢ ᠶᠢᠨ ᠤᠯᠠᠭᠠᠨᠮᠦ᠋ᠴᠢᠷ ᠤᠨ ᠦᠢᠯᠡᠰ ᠤᠨ ᠬᠦᠭᠵᠢᠯᠳᠠ ᠳᠤ ᠲᠠᠯᠪᠢᠭᠰᠠᠨ ᠶᠡᠷᠢᠶᠠᠨ ᠤ ᠵᠤᠷᠢᠭ ᠰᠠᠨᠠᠭ᠎ᠠ ᠪᠤᠯᠤᠨ ᠠᠷᠠᠳ ᠲᠦᠮᠡᠨ ᠪᠤᠯ ᠡᠷᠬᠢᠮ ᠲᠡᠬᠡᠲᠦ ᠬᠡᠬᠦ ᠤᠢᠢᠯᠠᠭᠠᠭᠳᠠᠬᠤᠨ ᠢ ᠪᠤᠳᠡᠳᠡᠢ ᠦᠢᠯᠡᠳᠦᠯᠬᠡᠵᠢᠬᠦᠯᠵᠦ᠂ ︽ᠵᠢᠷᠭᠤᠭ᠎ᠠ ᠶᠢ ᠬᠦᠷᠬᠡᠬᠦ︾ ᠦᠢᠯᠡᠴᠢᠯᠡᠬᠡᠨ ᠤ ᠠᠵᠢᠯᠯᠠᠭ᠎ᠠ ᠪᠤᠯᠤᠨ ᠶᠠᠳᠠᠭᠤ ᠶᠢ ᠲᠡᠳᠬᠦᠬᠦ ᠰᠠᠶᠢᠨ ᠲᠤᠷ᠎ᠠ ᠶᠢᠨ ᠠᠵᠢᠯᠯᠠᠭ᠎ᠠ ᠪᠠᠷ ᠲᠠᠮᠵᠢᠨ᠂ ᠤᠯᠠᠨ ᠲᠦᠮᠡᠨ ᠤ ᠠᠮᠢᠳᠤᠷᠠᠯ ᠦᠢᠯᠡᠳᠪᠤᠷᠢᠯᠡᠯ ᠳᠤ ᠲᠡᠮ ᠲᠤᠰᠠ ᠪᠤᠯᠵᠦ ᠦᠢᠯᠡᠴᠢᠯᠡᠬᠦ ᠪᠤᠯᠤᠨ᠎ᠠ᠃      6 ᠰᠠᠷ᠎ᠠ ᠶᠢᠨ 19 ᠤ ᠡᠳᠦᠷ᠂ ᠠᠯᠠᠱᠠ ᠤᠯᠠᠭᠠᠨᠮᠦ᠋ᠴᠢᠷ ᠤᠨ ᠬᠡᠰᠢᠬᠦᠳ ᠠᠯᠠᠱᠠ ᠵᠡᠬᠦᠨ ᠬᠤᠰᠢᠭᠤᠨ ᠤ ᠭᠠᠯ ᠤᠨᠳᠠᠷᠠᠭᠠᠵᠦ ᠠᠪᠤᠷᠠᠬᠤ ᠶᠡᠭᠡ ᠠᠩᠬᠢ ᠳᠤ ᠲᠤᠬᠤᠨᠢᠭᠤᠯᠭ᠎ᠠ ᠶᠢᠨ ᠲᠤᠭᠯᠠᠯᠳᠠ ᠲᠤᠬᠢᠷᠠᠭᠤᠯᠵᠠᠢ᠃ ᠲᠤᠭᠯᠠᠯᠳᠠ ᠨᠢ ︽ᠵᠠᠩᠭᠠᠷ ᠤᠨ ᠮᠠᠭᠳᠠᠭᠠᠯ︾ ᠪᠦᠵᠢᠭ ᠢᠶᠠᠷ ᠬᠦᠰᠢᠬᠡ ᠪᠠᠨ ᠰᠡᠬᠦᠵᠦ᠂ ᠮᠤᠷᠢᠨ ᠬᠤᠭᠤᠷ᠂ ᠬᠦᠬᠡᠮᠡᠢ ᠵᠡᠷᠬᠡ ᠤᠨᠴᠠᠯᠢᠠᠠᠲᠦ ᠲᠤᠭᠯᠠᠯᠳᠠ ᠪᠠᠷ ᠢᠶᠠᠨ ᠤᠯᠠᠨ ᠤ ᠲᠠᠭᠠᠰᠢᠶᠠᠯ ᠢ ᠬᠦᠷᠳᠡᠵᠡᠢ᠃ ︽6 ᠰᠠᠷ᠎ᠠ ᠶᠢᠨ 1 ᠤ ᠡᠳᠦᠷ ᠠᠴᠠ ᠨᠠᠰᠢ᠂ ᠪᠢᠳᠠ ᠰᠦᠯᠵᠢᠶᠠᠨ ᠲᠡᠬᠡᠷ᠎ᠠ ᠲᠤᠭᠯᠠᠯᠳᠠ ᠭᠠᠷᠭᠠᠬᠤ ᠪᠤᠶᠤ ᠠᠬᠤᠢ ᠲᠠᠯᠠᠪᠠᠢ ᠳᠤ ᠬᠦᠷᠴᠦ ᠲᠤᠭᠯᠠᠯᠳᠠ ᠭᠠᠷᠭᠠᠬᠤ ᠪᠠᠷ ᠲᠠᠮᠵᠢᠨ ᠤᠳᠤ ᠨᠢᠬᠡᠨᠳᠠ 70 ᠭᠠᠷᠤᠢ ᠲᠠᠯᠠᠪᠤᠷ ᠤᠨ ᠤᠷᠡᠨ ᠰᠠᠶᠢᠬᠠᠨ ᠤ ᠲᠤᠭᠯᠠᠯᠳᠠ ᠭᠠᠷᠭᠠᠵᠠᠢ︾ ᠭᠡᠮᠡᠨ ᠠᠯᠠᠱᠠ ᠤᠯᠠᠭᠠᠨᠮᠦ᠋ᠴᠢᠷ ᠤᠨ ᠲᠠᠷᠤᠭ᠎ᠠ ᠰᠠᠶᠢᠨ᠎ᠠ ᠬᠡᠯᠡᠵᠦ ᠪᠠᠶᠢᠯ᠎ᠠ᠃ ᠲᠠᠷᠠᠭᠠᠴᠢ ᠶᠢᠨ ᠠᠯᠬᠤᠮ ᠳᠤ ᠪᠦᠬᠦ ᠠᠶᠢᠮᠠᠭ ᠤᠨ ᠡᠯ᠎ᠠ ᠤᠯᠠᠭᠠᠨᠮᠦ᠋ᠴᠢᠷ ᠤᠨ ᠬᠢᠨ ᠲᠠᠷᠢᠶᠠᠯᠠᠩ ᠮᠠᠯ ᠠᠵᠦ ᠠᠬᠤᠢ᠂ ᠬᠠᠤᠯᠢ ᠴᠠᠭᠠᠵᠠ᠂ ᠡᠷᠡᠬᠦᠯ ᠬᠠᠮᠠᠭᠠᠯᠠᠯ ᠵᠡᠷᠬᠡ ᠰᠠᠯᠠᠭ᠎ᠠ ᠮᠦᠴᠢᠷ ᠲᠠᠢ ᠬᠠᠮᠳᠤᠷᠠᠨ ᠮᠠᠯᠵᠢᠬᠤ ᠲᠠᠷᠢᠶᠠᠯᠠᠬᠤ ᠤᠷᠤᠨ ᠳᠤ ᠦᠢᠯᠡᠴᠢᠯᠡᠬᠡᠨ ᠤ ᠠᠵᠢᠯᠯᠠᠭ᠎ᠠ ᠦᠷᠨᠢᠬᠦᠯᠬᠦ ᠶᠢᠨ ᠬᠠᠮᠲᠦ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ ᠠᠵᠢᠯ᠂ ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ ᠤ ᠪᠦᠲᠦᠬᠡᠨ ᠪᠠᠶᠢᠭᠤᠯᠤᠯᠳᠠ ᠵᠡᠷᠬᠡ ᠲᠠᠯ᠎ᠠ ᠶᠢᠨ ᠤᠬᠠᠭᠤᠯᠭ᠎ᠠ ᠬᠢᠵᠦ᠂ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠢᠶᠠᠨ ᠴᠤᠭᠴᠠᠯᠠᠬᠤ ᠳᠤᠨᠢ ᠤᠶᠤᠨ ᠤ ᠬᠦᠷᠳᠡᠬᠡᠯ ᠬᠠᠨᠭ᠍ᠭᠠᠬᠤ ᠪᠠᠷ ᠪᠤᠢ᠃      ᠡᠮᠦᠨᠡᠬᠡᠨ ᠰᠤᠷᠪᠤᠯᠵᠢᠯᠠᠭᠴᠢ ᠠᠯᠠᠱᠠ ᠵᠡᠬᠦᠨ ᠬᠤᠰᠢᠭᠤᠨ  ᠤ ᠤᠯᠠᠭᠠᠨᠮᠦ᠋ᠴᠢᠷ  ᠲᠤ ᠬᠦᠷᠬᠦ ᠳᠤ᠂ ᠲᠤᠭᠯᠠᠭᠴᠢ ᠲᠢᠶᠧ ᠶᠢᠩ ᠭᠠᠷ ᠤᠳᠠᠰᠤ  ᠪᠠᠷ ᠲᠠᠮᠵᠢᠨ ᠤᠯᠠᠨ ᠲᠦᠮᠡᠨ  ᠳᠤ ᠲᠤᠪᠰᠢᠭᠤᠷ ᠤᠷᠠᠯᠢᠭ ᠤᠨ ᠮᠡᠷᠬᠡᠵᠢᠯ   ᠢ ᠤᠯᠠᠮᠵᠢᠯᠠᠵᠦ ᠪᠠᠶᠢᠯ᠎ᠠ᠃ ᠲᠡᠷᠡ ᠬᠡᠯᠡᠬᠦ ᠳᠡᠭᠡᠨ᠂ ᠭᠠᠷ ᠤᠳᠠᠰᠤ  ᠪᠠᠷ ᠲᠠᠮᠵᠢᠨ ᠤᠯᠠᠨ ᠲᠦᠮᠡᠨ  ᠳᠤ ᠲᠤᠪᠰᠢᠭᠤᠷ ᠲᠤᠪᠰᠢᠭᠤᠷᠳᠠᠬᠤ ᠦᠨᠳᠦᠰᠦᠨ ᠮᠡᠳᠡᠯᠬᠡ᠂ ᠠᠷᠭ᠎ᠠ ᠤᠬᠠᠭᠠᠨ  ᠢ ᠵᠢᠭᠠᠵᠦ ᠪᠤᠢ᠂ ᠢᠡᠭᠬᠢᠪᠠᠯ ᠲᠤᠪᠰᠢᠭᠤᠷ ᠰᠤᠷᠬᠤ ᠰᠠᠨᠠᠭ᠎ᠠ  ᠲᠠᠢ ᠬᠦᠮᠦᠰ ᠭᠡᠷ  ᠠᠴᠠ  ᠪᠠᠨ ᠭᠠᠷᠤᠯ ᠦᠬᠡᠢ  ᠪᠠᠷ ᠲᠤᠪᠰᠢᠭᠤᠷ ᠲᠤᠪᠰᠢᠭᠤᠷᠳᠠᠬᠤ ᠮᠡᠷᠬᠡᠵᠢᠯ ᠢ ᠡᠵᠡᠮᠰᠢᠵᠦ ᠪᠤᠯᠤᠨ᠎ᠠ ᠬᠡᠵᠦ ᠪᠠᠶᠢᠯ᠎ᠠ᠃      ᠡᠨᠡ ᠬᠤᠶᠡᠷ ᠡᠳᠦᠷ᠂ ᠠᠯᠠᠱᠠ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠨᠠᠮ ᠤᠨ ᠡᠬᠦᠷ ᠤᠨ ᠲᠡᠳ᠋ ᠱᠦᠵᠢ᠂ ᠪᠦᠵᠢᠭ ᠨᠠᠶᠢᠷᠠᠭᠤᠯᠤᠨ ᠤᠳᠤᠷᠢᠳᠤᠭᠠᠴᠢ ᠡᠷᠳᠡᠮᠲᠦ ᠦᠪᠡᠷ ᠤᠨ ᠨᠠᠶᠢᠷᠠᠭᠤᠯᠤᠨ ᠵᠤᠬᠢᠶᠠᠭᠰᠠᠨ ᠱᠤᠭ ᠵᠦᠴᠦᠬᠡ ᠢᠶᠠᠨ ᠡᠰᠬᠡᠨ ᠦᠢᠯᠡᠳᠴᠦ᠂ ᠤᠯᠠᠨ ᠲᠦᠮᠡᠨ ᠤ ᠬᠠᠷᠠᠭᠠᠨ ᠳᠤ ᠬᠦᠷᠬᠡᠬᠦ ᠪᠠᠷ ᠶᠠᠭᠠᠷᠠᠵᠦ ᠪᠠᠶᠢᠯ᠎ᠠ᠃       ︽ᠤᠢᠢᠷ᠎ᠠ ᠶᠢᠨ ᠬᠤᠭᠤᠴᠠᠭᠠᠨ ᠳᠤ ᠪᠢᠳᠠ ᠡᠯ᠎ᠠ ᠵᠦᠢᠯ ᠤᠨ ᠱᠤᠭ ᠵᠦᠴᠦᠬᠡ᠂ ᠪᠦᠵᠢᠭ᠂ ᠲᠠᠭᠤᠤ ᠵᠡᠷᠬᠡ 5 ᠪᠦᠲᠦᠬᠡᠯ ᠢᠶᠠᠨ ᠰᠦᠯᠵᠢᠶ᠎ᠠ ᠪᠠᠷ ᠲᠠᠮᠵᠢᠨ ᠤᠯᠠᠨ ᠲᠦᠮᠡᠨ ᠳᠤ ᠬᠠᠨᠳᠤᠭᠤᠯᠵᠠᠢ᠂ ᠡᠬᠦᠨ ᠤ ᠲᠠᠭᠠᠤ ᠪᠢᠳᠠ ᠪᠠᠰᠠ ᠬᠦᠳᠡᠭᠡ ᠨᠤᠳᠤᠭ ᠢᠶᠠᠷ ᠬᠦᠨᠵᠡᠬᠡᠶᠢᠷᠡᠨ ᠤᠷᠡᠨ ᠰᠠᠶᠢᠬᠠᠨ ᠤ ᠲᠤᠭᠯᠠᠯᠳᠠ ᠭᠠᠷᠭᠠᠵᠦ᠂ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠲᠠᠶᠢᠰᠠᠨ ᠤᠷᠠᠯᠢᠭ ᠢᠶᠠᠷ ᠤᠬᠠᠭᠤᠯᠤᠨ᠂ ᠤᠯᠠᠨ ᠲᠦᠮᠡᠨ ᠤ ᠰᠠᠨᠠᠭᠠᠨ ᠳᠤ ᠨᠡᠶᠢᠴᠡᠭᠰᠡᠨ ᠠᠵᠢᠯᠯᠠᠭ᠎ᠠ ᠦᠷᠨᠢᠬᠦᠯᠵᠠᠢ︾ ᠬᠡᠮᠡᠨ ᠠᠯᠠᠱᠠ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠲᠠᠷᠤᠭ᠎ᠠ ᠬᠤᠨᠭ᠌ ᠴᠢ ᠶᠡᠷᠢᠵᠦ ᠪᠠᠶᠢᠯ᠎ᠠ᠃      ᠤᠳᠤᠬᠠᠨ ᠳᠤ᠂ ᠡᠵᠡᠨ᠎ᠠ ᠬᠤᠰᠢᠭᠤᠨ ᠤ ᠤᠯᠠᠭᠠᠨᠮᠦ᠋ᠴᠢᠷ ᠤᠨ ᠤᠷᠡᠨ ᠰᠠᠶᠢᠬᠠᠨ ᠤ ᠲᠤᠭᠯᠠᠯᠳᠠ ᠶᠠᠭ ᠡᠷᠴᠢᠮᠳᠡᠢ ᠶᠠᠪᠤᠭᠳᠠᠵᠦ ᠪᠤᠢ᠃ ᠲᠤᠰ ᠤᠯᠠᠭᠠᠨᠮᠦ᠋ᠴᠢᠷ ᠤᠨ ᠬᠢᠨ ᠲᠠᠭᠤᠤ ᠪᠦᠵᠢᠭ᠂ ᠮᠤᠷᠢᠨ ᠬᠤᠭᠤᠷ ᠵᠡᠷᠬᠡ 14 ᠲᠦᠷᠦᠯ ᠤᠨ ᠤᠨᠴᠠᠯᠢᠠᠠᠲᠦ ᠲᠤᠭᠯᠠᠯᠳᠠ ᠲᠤᠬᠢᠷᠠᠭᠤᠯᠵᠦ᠂ ᠡᠵᠡᠨ᠎ᠠ ᠬᠤᠰᠢᠭᠤᠨ ᠤ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠬᠦᠬᠡᠬᠡᠴᠡᠯᠳᠦᠯ ᠢ ᠬᠠᠷᠠᠭᠤᠯᠤᠭᠰᠠᠨ ᠪᠠᠶᠢᠨ᠎ᠠ᠃ ᠮᠦᠨᠴᠦ᠂ ᠲᠤᠰ ᠤᠯᠠᠭᠠᠨᠮᠦ᠋ᠴᠢᠷ ᠤᠨ ᠤᠯᠠᠨ ᠲᠦᠮᠡᠨ ᠢ ᠲᠤᠬᠤᠨᠢᠭᠤᠯᠬᠤ ᠤᠷᠡᠨ ᠰᠠᠶᠢᠬᠠᠨ ᠤ ᠠᠵᠢᠯᠯᠠᠭ᠎ᠠ ᠴᠦ ᠵᠡᠷᠬᠡᠪᠡᠷ ᠶᠠᠪᠤᠭᠳᠠᠵᠦ ᠪᠤᠢ᠃
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号