ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠱᠦᠵᠢ᠂ ᠬᠠᠮᠢᠶᠠᠷᠣᠯᠳᠠ ᠶᠢᠨ ᠵᠥᠪᠯᠡᠯ ᠤᠨ ᠡᠷᠬᠢᠯᠡᠭᠴᠢ ᠮᠥᠷᠡᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ
ᠨᠡᠶᠢᠲᠡᠯᠡᠭᠰᠡᠨ ᠴᠠᠭ᠄
2020/6/28
      ︽ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠨᠢ 2019 ᠣᠨ ᠤ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠳ᠋ᠦᠩᠨᠡᠵᠦ᠂ 2020 ᠣᠨ  ᠤ ᠠᠵᠢᠯ ᠤᠨ ᠰᠡᠳᠬᠢᠴᠡ ᠪᠠ ᠶᠡᠷᠦᠩᠬᠡᠶ ᠱᠠᠭᠠᠷᠳᠠᠯᠭ᠎ᠠ ᠶᠢ ᠳᠤᠷᠠᠳᠴᠤ᠂ ᠪᠦᠬᠦ ᠵᠢᠯ ᠤᠨ ᠬᠠᠷᠠᠯᠲᠠ ᠪᠣᠯᠤᠨ ᠭᠤᠤᠯ ᠡᠭᠦᠷᠭᠡ ᠶᠢ ᠲᠣᠳᠣᠷᠬᠠᠶᠢᠯᠠᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠥᠨᠳᠥᠷ ᠲᠤ ᠵᠣᠭᠰᠣᠨ ᠠᠯᠤᠰ ᠢ ᠪᠠᠷᠠᠯᠠᠬᠤ ᠪᠠᠶᠢᠯᠳᠤᠬᠤ ᠪᠣᠳᠣᠯᠭ᠎ᠠ ᠶᠢᠨ ᠬᠠᠷᠠᠴᠠ᠂ ᠦᠨᠡᠨ ᠠᠴᠠ ᠵᠥᠪ ᠢ ᠡᠷᠢᠬᠦ ᠰᠢᠨᠵᠢᠯᠡᠬᠦ ᠤᠬᠠᠭᠠᠨᠴᠢ ᠣᠪᠣᠷ ᠪᠣᠯᠤᠨ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠬᠠᠷᠢᠭᠤᠴᠠᠯᠭ᠎ᠠ ᠡᠭᠦᠷᠭᠡᠯᠡᠯ ᠢ ᠬᠦᠢᠴᠡᠳ ᠢᠯᠡᠷᠡᠬᠦᠯᠵᠦ᠂ ᠴᠡᠭᠡ ᠪᠣᠭᠤᠮᠲᠠ ᠶᠢᠨ ᠣᠳᠣᠬᠠᠨ ᠤ ᠪᠠ ᠬᠤᠶᠢᠰᠢᠳᠠ ᠶᠢᠨ ᠠᠵᠢᠯ ᠳᠤ ᠴᠢᠭᠯᠡᠯ ᠢ ᠲᠣᠳᠣᠷᠬᠠᠶ ᠵᠢᠭᠠᠵᠤ ᠥᠭᠴᠡᠶ᠃︾ ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠮᠥᠷᠡᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠴᠡᠭᠡ ᠪᠣᠭᠤᠮᠲᠠ ᠨᠢ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠨᠠᠷᠢᠨ ᠨᠢᠮᠪᠠᠶ ᠳᠣᠭᠢᠷᠠᠭᠤᠯᠤᠨ ᠪᠠᠶᠢᠷᠢᠯᠠᠭᠤᠯᠵᠤ᠂ ᠥᠷᠭᠡᠨ ᠢᠶᠠᠷ ᠤᠬᠠᠭᠤᠯᠤᠨ ᠳᠠᠶᠢᠴᠢᠯᠠᠵᠤ᠂ ᠪᠣᠭᠤᠮᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ ᠬᠡᠪᠡ᠃      ︽ᠪᠢᠳᠡ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠣᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠤᠯᠤᠰ ᠲᠥᠷᠥ ᠶᠢᠨ ᠴᠢᠬᠤᠯᠠ ᠶᠡᠭᠡ ᠡᠭᠦᠷᠭᠡ ᠪᠣᠯᠭᠠᠵᠤ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠢᠯᠡᠳᠦᠯᠬᠡ ᠪᠠᠨ ᠵᠢᠯᠣᠭᠤᠳᠴᠤ᠂ ᠬᠥᠭᠵᠢᠯᠲᠡ ᠪᠠᠨ ᠠᠬᠢᠭᠤᠯᠬᠤ ᠬᠡᠷᠡᠭᠲᠡᠶ᠃ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠥᠭᠡᠷᠡᠴᠢᠯᠡᠯᠲᠡ ᠶᠢ ᠠᠳᠬᠤᠬᠤ᠂ ᠬᠥᠭᠵᠢᠯᠲᠡ ᠶᠢ ᠡᠷᠢᠯᠬᠢᠯᠡᠬᠦ᠂ ᠰᠢᠨ᠎ᠡ ᠶᠢ ᠡᠭᠦᠳᠬᠦ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ  ᠣᠯᠠᠷᠢᠭᠤᠯᠣᠨ᠎ᠠ᠃︾ ᠮᠥᠷᠡᠨ᠂ ᠡᠨᠡ ᠵᠢᠯ ᠴᠡᠭᠡ ᠪᠣᠭᠤᠮᠲᠠ ᠳᠥᠷᠪᠡᠨ ᠲᠠᠯ᠎ᠠ ᠶᠢᠨ ᠠᠵᠢᠯ ᠢ ᠬᠦᠴᠦᠯᠡᠨ ᠠᠬᠢᠭᠤᠯᠬᠤ ᠪᠣᠯᠣᠨ᠎ᠠ ᠭᠡᠪᠡ᠃       ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠳᠣ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠠᠵᠢᠯ ᠤᠨ ᠭᠤᠤᠯᠳᠠᠯᠭ᠎ᠠ ᠪᠠᠨ ᠣᠣᠯ ᠤᠨ ᠪᠦᠬᠦ ᠬᠦᠴᠦᠨ ᠢᠶᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠠᠳᠬᠤᠵᠦ ᠪᠠᠶᠢᠭᠰᠠᠨ  ᠠᠴᠠ ᠪᠠᠨ ᠨᠢᠭᠡ ᠲᠠᠯ᠎ᠠ ᠪᠠᠷ ᠬᠢᠵᠢᠭ ᠢ ᠰᠡᠷᠭᠡᠶᠢᠯᠡᠨ ᠡᠵᠡᠮᠳᠡᠬᠦ ᠶᠢ ᠠᠳᠬᠤᠵᠦ᠂ ᠨᠦᠬᠦᠭᠡ ᠳᠠᠯ᠎ᠠ ᠪᠠᠷ ᠠᠵᠤ ᠠᠬᠤᠶ ᠶᠢᠨ ᠠᠵᠢᠯᠯᠠᠭᠠᠨ ᠢ ᠲᠣᠭᠲᠠᠭᠤᠨ ᠪᠠᠶᠢᠯᠭᠠᠬᠤ ᠶᠢ ᠠᠳᠬᠤᠬᠤ ᠳᠡᠭᠡᠷ᠎ᠡ ᠰᠢᠯᠵᠢᠬᠦᠯᠵᠦ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠢᠵᠢᠭ ᠤᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃ ᠬᠠᠮᠢᠶᠠᠷᠤᠯᠲᠠ ᠶᠢᠨ ᠵᠥᠪᠯᠡᠯ ᠤᠨ ᠰᠠᠯᠠᠭ᠎ᠠ ᠮᠥᠴᠢᠷ ᠤᠨ ᠬᠢᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ  ᠰᠠᠶᠢᠳᠣᠷ ᠭᠦᠢᠴᠡᠳᠬᠡᠵᠦ᠂ ᠠᠵᠤ ᠠᠬᠤᠶᠢᠯᠠᠯ ᠢ ᠬᠠᠪᠰᠤᠷᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠠᠪᠤᠴᠠ ᠳᠤ ᠲᠤᠯᠭᠠᠷᠠᠭᠰᠠᠨ ᠬᠦᠴᠢᠷᠳᠡᠯ ᠢ ᠨᠢ ᠰᠢᠢᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠨᠠᠷᠢᠯᠢᠭ ᠨᠠᠶᠢᠳᠠᠪᠣᠷᠢᠵᠢᠭᠤᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠳᠠ ᠶᠢᠨ ᠠᠵᠢᠯ ᠳᠤ ᠡᠷᠡᠰ ᠢᠯᠠᠯᠲᠠ ᠣᠯᠬᠤ ᠬᠡᠷᠡᠭᠲᠡᠶ᠃       ᠪᠣᠭᠤᠮᠲᠠ ᠶᠢᠨ ᠨᠡᠭᠡᠭᠡᠯᠲᠡ ᠶᠢᠨ ᠲᠠᠯ᠎ᠠ ᠪᠠᠷ᠂ ︽ᠨᠢᠭᠡ ᠪᠦᠰᠡ ᠨᠢᠭᠡ ᠵᠠᠮ︾ ᠤᠨ ᠬᠥᠭᠵᠢᠯᠲᠡ ᠪᠣᠯᠤᠨ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠤᠯᠤᠰ ᠤᠨ ᠬᠢᠯᠢ ᠶᠢᠨ ᠠᠷᠠᠯᠵᠢᠶ᠎ᠠ ᠶᠢ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠨᠠᠶᠢᠳᠠᠪᠤᠷᠢᠵᠢᠭᠤᠯᠵᠤ᠂ ᠪᠣᠭᠤᠮᠲᠠ ᠨᠡᠪᠳᠡᠷᠡᠭᠰᠡᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠎ᠡ᠃ ᠲᠣᠮᠣ ᠳ᠋ᠠᠶᠢᠲ᠋ᠠ ᠶᠢᠨ ᠲᠥᠪ ᠤᠨ ᠦᠢᠯᠡᠳᠦᠯ ᠢ ᠪᠠᠳᠠᠷᠠᠭᠤᠯᠵᠤ᠂ ᠪᠣᠭᠤᠮᠲᠠ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠡᠷᠴᠢᠮ ᠢ ᠴᠢᠩᠭᠠᠷᠠᠭᠤᠯᠵᠤ᠂ ᠮᠡᠳᠡᠭᠡ ᠵᠠᠩᠭᠢ ᠶᠢᠨ ᠡᠯ᠎ᠡ ᠳᠠᠯ᠎ᠠ ᠪᠠᠷ ᠬᠠᠷᠢᠯᠴᠠᠨ ᠨᠡᠪᠲᠡᠷᠡᠯᠴᠡᠵᠦ ᠬᠠᠷᠢᠯᠴᠠᠨ ᠰᠣᠯᠢᠯᠴᠠᠬᠤ ᠶᠢ ᠪᠡᠶᠡᠯᠡᠭᠦᠯᠵᠦ᠂ ᠣᠶᠣᠨᠴᠢ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ᠎ᠡ᠃ ᠮᠢᠬᠠᠨ ᠤ ᠲᠥᠷᠥᠯ ᠢ ᠭᠠᠳᠠᠭᠠᠳᠤ ᠠᠴᠠ ᠣᠷᠣᠭᠤᠯᠬᠤ ᠪᠠ ᠪᠣᠯᠪᠠᠣᠷᠠᠭᠤᠯᠣᠨ ᠣᠯᠠᠷᠢᠭᠤᠯᠬᠤ ᠡᠯ᠎ᠡ ᠳᠦᠷᠦᠯ ᠤᠨ ᠠᠵᠢᠯ ᠢ ᠢᠳᠡᠪᠬᠢᠳᠡᠢ ᠪᠠᠷ ᠠᠬᠢᠭᠤᠯᠵᠤ᠂ ᠮᠢᠬᠠᠨ ᠤ ᠲᠥᠷᠥᠯ ᠤᠨ ᠬᠢᠨᠠᠠ ᠬᠠᠮᠢᠶᠠᠷᠤᠯᠲᠠ ᠶᠢᠨ ᠣᠷᠣᠨ ᠢ ᠠᠯᠢ ᠲᠦᠷᠭᠡᠨ ᠢᠶᠠᠷ ᠠᠰᠢᠭᠯᠠᠯᠲᠠ ᠳᠤ ᠣᠷᠣᠭᠤᠯᠬᠤ ᠶᠢᠨ ᠬᠠᠮᠲᠤ᠂ ᠠᠵᠤ ᠠᠬᠤᠶᠢᠯᠠᠯ ᠤᠨ ᠠᠭᠤᠷᠬᠠᠢ ᠶᠢᠨ ᠪᠤᠰᠤᠳ ᠪᠦᠳᠦᠭᠡᠭᠳᠡᠬᠦᠨ ᠢ ᠭᠠᠳᠠᠭᠠᠳᠣ ᠠᠴᠠ ᠣᠷᠣᠭᠤᠯᠬᠤ᠂ ᠢᠳᠡᠰᠢᠨ ᠨᠣᠭᠤᠭ᠎ᠠ ᠵᠡᠷᠭᠡ ᠠᠮᠢᠳᠤᠷᠠᠯ ᠤᠨ ᠡᠳ᠋ ᠪᠣᠳᠠᠰ ᠢ ᠭᠠᠳᠠᠭᠠᠳᠤ ᠳᠤ ᠭᠠᠷᠭᠠᠬᠤ ᠶᠢ ᠵᠣᠷᠢᠭᠵᠢᠭᠤᠯᠤᠨ ᠳᠠᠮᠵᠢᠵᠤ᠂ ᠪᠣᠭᠤᠮᠲᠠ ᠶᠢᠨ ᠣᠯᠠᠨ ᠡᠰᠢᠵᠢᠭᠰᠡᠨ ᠬᠥᠭᠵᠢᠯᠲᠡ ᠶᠢ ᠠᠬᠢᠭᠤᠯᠤᠨ᠎ᠠ᠃ ᠳᠡᠭᠡᠷ᠎ᠡ ᠱᠠᠳᠣ  ᠲᠠᠢ ᠠᠵᠢᠯ ᠢᠶᠠᠨ ᠢᠳᠡᠪᠬᠢᠳᠡᠢ ᠵᠣᠬᠢᠴᠠᠭᠤᠯᠬᠤ ᠡᠷᠴᠢᠮ ᠢᠶᠠᠨ ᠨᠡᠮᠡᠭᠳᠡᠭᠦᠯᠵᠦ᠂ ᠬᠢᠯᠢ ᠠᠯᠤᠰᠯᠠᠭᠰᠠᠨ ᠲᠡᠮᠦᠷ ᠵᠠᠮ ᠤᠨ ᠪᠦᠳᠦᠭᠡᠨ ᠪᠠᠶᠢᠭᠤᠯᠣᠯᠳᠠ ᠶᠢᠨ ᠡᠮᠦᠨᠡᠬᠢ ᠬᠤᠭᠤᠴᠠᠭᠠᠨ ᠤ ᠡᠯ᠎ᠡ ᠳᠦᠷᠦᠯ ᠤᠨ ᠠᠵᠢᠯ ᠢ ᠲᠦᠷᠭᠡᠳᠬᠡᠨ ᠠᠬᠢᠭᠤᠯᠵᠤ᠂ ᠡᠷᠲᠡᠬᠡᠨ ᠠᠵᠢᠯ ᠢᠶᠠᠨ ᠡᠬᠢᠯᠡᠭᠦᠯᠦᠨ ᠪᠦᠳᠦᠭᠡᠨ ᠪᠠᠶᠢᠭᠤᠯᠬᠤ ᠪᠠᠷ ᠴᠢᠷᠮᠠᠶᠢᠨ᠎ᠠ᠃ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠠ ᠳᠣᠬᠢᠶᠠᠯ ᠢ ᠵᠠᠪᠳᠤᠨ ᠠᠳᠬᠤᠵᠤ᠂ ᠬᠠᠷᠢᠯᠴᠠᠨ ᠠᠰᠢᠭᠳᠠᠢ ᠠᠷᠠᠯᠵᠢᠶᠠᠯᠠᠬᠤ ᠲᠣᠭᠤᠷᠢᠭ ᠢ ᠭᠤᠶᠤᠴᠢᠯᠠᠨ ᠮᠡᠳᠡᠭᠦᠯᠵᠦ ᠪᠠᠶᠢᠭᠤᠯᠬᠤ ᠠᠵᠢᠯ ᠢ ᠶᠡᠬᠡᠪᠡᠷ ᠠᠬᠢᠭᠤᠯᠵᠤ᠂ ᠪᠣᠭᠤᠮᠲᠠ ᠶᠢᠨ ᠴᠢᠳᠠᠮᠵᠢ ᠶᠢ ᠤᠯᠠᠮ ᠨᠢᠭᠡ ᠠᠯᠬᠤᠮ ᠥᠷᠭᠡᠳᠬᠡᠵᠦ᠂ ᠠᠷᠠᠯᠵᠢᠶᠠᠨ ᠤ ᠪᠦᠲᠦᠴᠡ ᠶᠢ ᠰᠢᠯᠢᠳᠡᠭᠵᠢᠭᠦᠯᠵᠦ᠂ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠢ ᠭᠤᠶᠤᠴᠢᠯᠠᠨ ᠮᠡᠳᠡᠭᠦᠯᠬᠦ ᠳᠤ ᠪᠠᠲᠤ ᠰᠠᠭᠤᠷᠢ ᠶᠢ ᠲᠠᠯᠪᠢᠨ᠎ᠠ᠃       ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ᠂ 2020 ᠣᠨ ᠳᠤ᠂ ᠪᠣᠭᠤᠮᠲᠠ ᠨᠢ ᠨᠡᠶᠢᠲᠡ ᠭᠤᠤᠯᠳᠠᠯᠭ᠎ᠠ ᠲᠠᠢ 13 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ 22 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠣᠯᠳᠠ ᠬᠢᠬᠦ ᠪᠠᠷ ᠪᠣᠢ᠃ ᠡᠭᠦᠨ ᠳᠤ ᠠᠶᠢᠮᠠᠭ ᠤᠨ ᠲᠡᠰ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 21.7 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 8.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠬᠦᠯᠬᠦ ᠪᠠᠷ ᠲᠥᠯᠥᠪᠯᠡᠵᠦ ᠪᠤᠢ᠃ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠵᠢᠴᠢ ᠮᠥᠷᠳᠡᠨ ᠨᠠᠶᠢᠳᠠᠪᠤᠷᠢᠵᠢᠭᠤᠯᠬᠤ ᠠᠵᠢᠯ ᠢ ᠰᠠᠶᠢᠳᠣᠷ ᠬᠢᠵᠦ᠂ ᠰᠠᠭᠤᠷᠢ ᠲᠤᠭ᠎ᠠ ᠶᠢ ᠲᠣᠳᠣᠷᠬᠠᠶ ᠡᠵᠡᠮᠰᠢᠵᠦ᠂ ᠪᠠᠶᠢᠳᠠᠯ ᠢ ᠲᠣᠳᠣᠷᠬᠠᠶ ᠣᠶᠢᠯᠠᠭᠠᠵᠦ᠂ ᠢᠯᠠᠩᠭᠤᠶ᠎ᠠ ᠬᠠᠯᠠᠭᠤᠨ᠂ ᠹᠦ᠋ ᠶᠤᠸᠠᠨ ᠲᠢᠶᠠᠨ ᠴᠧᠩ᠂ ᠲᠠᠢ ᠬᠤᠤ ᠵᠡᠷᠭᠡ ᠠᠵᠤ ᠠᠬᠤᠶᠢᠯᠠᠯ ᠤᠨ ᠨᠡᠭᠦᠷᠡᠰᠦ ᠤᠬᠢᠶᠠᠵᠤ  ᠰᠢᠯᠢᠵᠦ ᠪᠣᠯᠪᠠᠰᠣᠷᠠᠭᠤᠯᠬᠤ ᠲᠥᠷᠥᠯ ᠵᠦᠢᠯ᠂ ᠪᠣᠭᠤᠮᠲᠠ ᠶᠢᠨ ᠤᠰᠤᠨ ᠤ ᠬᠤᠶᠠᠳᠣᠭᠠᠷ ᠡᠬᠢ ᠰᠤᠷᠪᠤᠯᠵᠢ ᠶᠢᠨ ᠤᠰᠤ ᠬᠠᠩᠭᠠᠬᠤ ᠢᠨᠵᠧᠨᠧᠷᠢᠩ᠂ ᠬᠢᠯᠢ ᠠᠴᠠ ᠭᠠᠷᠬᠤ ᠲᠡᠷᠭᠡ ᠮᠠᠰᠢᠨ ᠤ ᠪᠠᠶᠢᠴᠠᠭᠠᠯᠲᠠ ᠶᠢ ᠬᠦᠯᠢᠶᠡᠬᠦ ᠲᠣᠭᠤᠷᠢᠭ ᠤᠨ  ᠦᠢᠯᠡᠴᠢᠯᠡᠬᠡᠨ ᠤ ᠲᠥᠪ ᠵᠢᠴᠢ ᠢᠵᠢ ᠪᠦᠷᠢᠳᠦᠬᠦᠯᠦᠭᠰᠡᠨ ᠳᠣᠨᠤᠭ ᠳᠦᠭᠦᠭᠡᠷᠦᠮᠵᠢ ᠶᠢᠨ ᠲᠥᠷᠥᠯ ᠵᠦᠢᠯ᠂ ᠪᠣᠬᠢᠷ ᠤᠰᠤ ᠶᠢ ᠰᠢᠢᠳᠪᠦᠷᠢᠯᠡᠬᠦ ᠵᠢᠴᠢ ᠢᠵᠢ ᠪᠦᠷᠢᠳᠦᠬᠦᠯᠦᠭᠰᠡᠨ ᠬᠤᠭᠤᠯᠠᠶ ᠶᠢᠨ ᠲᠣᠤᠷ ᠤᠨ ᠢᠨᠵᠧᠨᠧᠷᠢᠩ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠢ ᠴᠠᠭ ᠲᠤᠬᠠᠶ ᠳᠤᠨᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠦᠨᠡᠨᠬᠦ ᠪᠠᠳᠣᠯᠠᠵᠦ᠂ ᠪᠦᠬᠦ ᠵᠢᠯ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠬᠦᠯᠦᠨ᠎ᠡ᠃       ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠᠶᠢᠭᠤᠯᠤᠯᠲᠠ ᠶᠢᠨ ᠲᠠᠯ᠎ᠠ ᠪᠠᠷ᠂ ᠣᠷᠴᠢᠨ ᠳᠣᠭᠤᠷᠢᠨ ᠢ ᠬᠠᠮᠠᠭᠠᠯᠠᠭᠰᠠᠨ ᠰᠠᠷᠠᠪᠴᠢ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠳᠡᠮᠵᠢᠵᠦ᠂ ᠴᠠᠭ ᠢ ᠠᠮᠵᠢᠨ ᠪᠣᠭᠤᠮᠲᠠ ᠶᠢᠨ ᠪᠠᠶᠢᠭᠤᠯᠵᠤ ᠪᠠᠶᠢᠭ᠎ᠠ ᠪᠠ ᠦᠷᠭᠦᠯᠵᠢᠯᠡᠨ ᠪᠠᠶᠢᠭᠤᠯᠵᠤ ᠪᠠᠶᠢᠭ᠎ᠠ ᠰᠠᠷᠠᠪᠴᠢ ᠬᠥᠮᠥᠷᠭᠡ ᠶᠢᠨ ᠳᠦᠷᠦᠯ ᠵᠦᠢᠯ ᠤᠨ ᠠᠵᠢᠯ ᠢᠶᠠᠨ ᠰᠡᠷᠭᠦᠭᠡᠬᠦ ᠶᠢ ᠳᠠᠷᠦ᠋ᠢᠬᠠᠨ ᠵᠣᠬᠢᠶᠠᠨ ᠪᠠᠶᠢᠭᠤᠯᠣᠨ᠎ᠠ︔ ᠭᠡᠭᠡᠭᠳᠡᠵᠦ ᠣᠷᠬᠢᠭᠳᠠᠭᠰᠠᠨ ᠢ ᠨᠢ ᠬᠤᠷᠢᠶᠠᠵᠤ᠂ ᠨᠢᠭᠡᠨᠲᠡ ᠪᠡᠶᠡᠯᠡᠭᠦᠯᠦᠭᠰᠡᠨ ᠭᠤᠤᠯ ᠴᠣᠭᠴᠠ ᠶᠢᠨ ᠢᠨᠵᠧᠨᠧᠷᠢᠩ ᠤᠨ ᠰᠠᠷᠠᠪᠴᠢ ᠬᠥᠮᠥᠷᠭᠡ ᠶᠢᠨ ᠲᠥᠷᠥᠯ ᠵᠦᠢᠯ ᠤᠨ ᠢᠵᠢ ᠪᠦᠷᠢᠳᠦᠭᠦᠯᠦᠭᠰᠡᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠰᠠᠶᠢᠳᠣᠷ ᠠᠳᠬᠤᠵᠤ᠂ ᠲᠦᠷᠭᠡᠬᠡᠨ ᠰᠢᠯᠭᠠᠨ ᠠᠪᠴᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠠᠷᠭ᠎ᠠ ᠪᠣᠳᠣᠵᠤ᠂ ᠪᠣᠳᠠᠲᠠᠶ ᠠᠷᠭ᠎ᠠ ᠭᠠᠷᠭᠠᠵᠤ᠂ ᠠᠵᠤ ᠠᠬᠤᠶᠢᠯᠠᠯ ᠢ ᠢᠳᠡᠪᠬᠢᠲᠡᠶ ᠪᠠᠷ ᠬᠠᠪᠰᠤᠷᠤᠨ ᠠᠷᠭ᠎ᠠ ᠤᠬᠠᠭᠠᠨ ᠭᠠᠷᠭᠠᠵᠤ᠂ ᠰᠢᠨ᠎ᠡ ᠪᠠᠷ ᠪᠠᠶᠢᠭᠤᠯᠬᠤ ᠲᠥᠷᠥᠯ  ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠰᠢᠮᠳᠠᠭᠤᠯᠣᠨ ᠬᠦᠢᠴᠡᠳᠬᠡᠵᠦ᠂ ᠲᠥᠷᠥᠯ ᠵᠦᠢᠯ ᠢ ᠡᠷᠳᠡᠭᠡᠨ ᠨᠠᠶᠢᠳᠠᠪᠤᠷᠢᠵᠢᠭᠤᠯᠵᠤ᠂ ᠡᠷᠳᠡᠬᠡᠨ ᠠᠵᠢᠯ ᠡᠬᠢᠯᠡᠭᠦᠯᠬᠦ ᠪᠠᠷ ᠴᠢᠷᠮᠠᠶᠢᠵᠦ᠂ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠬᠤ ᠪᠠᠷ ᠴᠢᠷᠮᠠᠶᠢᠨ᠎ᠠ᠃       ᠮᠥᠷᠡᠨ᠂ ᠪᠢᠳᠡ ᠨᠠᠮ ᠤᠨ ᠪᠠᠶᠢᠭᠤᠯᠤᠯᠲᠠ ᠪᠠᠷ ᠡᠯ᠎ᠡ ᠳᠦᠷᠦᠯ ᠤᠨ ᠠᠵᠢᠯ ᠢ ᠶᠡᠷᠦᠩᠬᠡᠶᠢᠯᠡᠨ ᠵᠢᠯᠣᠭᠤᠳᠬᠤ᠂ ᠶᠡᠷᠦᠩᠬᠡᠶᠢᠯᠡᠨ ᠡᠵᠡᠮᠳᠡᠬᠦ᠂ ᠨᠢᠭᠡᠳᠦᠯᠲᠡᠶ ᠲᠥᠯᠥᠪᠯᠡᠬᠦ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ  ᠪᠠᠶᠢᠭᠤᠯᠣᠯᠳᠠ ᠶᠢᠨ ᠱᠠᠭᠠᠷᠳᠠᠯᠭ᠎ᠠ ᠶᠣᠰᠣᠭᠠᠷ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠮ ᠤᠨ ᠪᠠᠶᠢᠭᠤᠯᠣᠯᠳᠠ ᠶᠢᠨ ᠠᠵᠢᠯ ᠢ ᠪᠣᠭᠤᠮᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠳᠤ ᠳᠠᠯᠪᠢᠵᠦ ᠲᠥᠯᠥᠪᠵᠢᠭᠦᠯᠬᠦ ᠬᠡᠷᠡᠭᠲᠡᠶ᠃ ︽ᠨᠠᠮ ᠤᠨ ᠪᠠᠶᠢᠭᠤᠯᠤᠯᠲᠠ ᠪᠣᠯ ᠦᠢᠯᠡᠳᠪᠦᠷᠢᠯᠡᠯ ᠤᠨ ᠬᠦᠴᠦᠨ ᠮᠥᠨ︾ ᠭᠡᠬᠦ ᠣᠶᠢᠯᠠᠭᠠᠭᠳᠠᠬᠤᠨ ᠢ ᠡᠷᠬᠡᠪᠰᠢ ᠪᠤᠢ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠭᠤᠤᠯ ᠠᠵᠢᠯ ᠢ ᠬᠠᠮᠲᠤ ᠳᠤᠨᠢ ᠲᠥᠯᠥᠪᠯᠡᠵᠦ᠂ ᠬᠠᠮᠲᠤ ᠳᠤᠨᠢ ᠪᠠᠶᠢᠷᠢᠯᠠᠭᠤᠯᠵᠦ᠂ ᠬᠠᠮᠲᠤ ᠳᠤᠨᠢ ᠬᠢᠨᠠᠨ ᠰᠢᠯᠭᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠬᠤᠪᠢᠰᠬᠠᠯᠳᠣ ᠬᠥᠳᠡᠯᠭᠡᠭᠦᠷ ᠪᠣᠯᠭᠠᠵᠦ᠂ ᠡᠯ᠎ᠡ  ᠳᠦᠷᠦᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠬᠦᠴᠦᠲᠡᠶ ᠠᠬᠢᠭᠤᠯᠣᠨ᠎ᠠ᠃ ᠡᠯ᠎ᠡ ᠰᠠᠯᠠᠭ᠎ᠠ ᠮᠥᠴᠢᠷ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ  ᠬᠢᠨ ᠤ ᠨᠠᠮ ᠤᠨ ᠪᠠᠶᠢᠭᠤᠯᠣᠯᠳᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠬᠠᠮᠳᠣ ᠪᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠲᠣᠭᠲᠠᠴᠠ  ᠶᠢ ᠪᠤᠢ ᠪᠣᠯᠭᠠᠵᠤ᠂ ᠱᠦᠵᠢ ᠠᠴᠠ ᠲᠦᠷᠦᠭᠦᠯᠡᠨ ᠠᠳᠬᠤᠬᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠠᠴᠠ ᠪᠣᠳᠠᠲᠠᠶ ᠠᠳᠬᠤᠭᠰᠠᠨ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠷᠢᠰᠢᠯ ᠢ ᠪᠤᠢ ᠪᠣᠯᠭᠠᠨ᠎ᠠ᠃ ᠡᠭᠦᠨ ᠤ ᠬᠠᠮᠲᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ  ᠣᠬᠠᠮᠰᠠᠷ ᠠᠴᠠ ᠪᠠᠨ ᠴᠢᠩᠭᠠᠳᠬᠠᠵᠤ᠂ ᠢᠯᠵᠠᠷᠠᠯ ᠢ ᠡᠰᠡᠷᠭᠦᠴᠡᠵᠦ ᠬᠤᠪᠢᠷᠡᠬᠤ ᠶᠢ ᠰᠡᠷᠭᠡᠶᠢᠯᠡᠬᠦ ᠦᠵᠡᠯ ᠰᠠᠨᠠᠭ᠎ᠠ ᠶᠣᠰᠣ ᠮᠣᠷᠠᠯ ᠤᠨ ᠰᠡᠷᠭᠡᠶᠢᠯᠡᠯᠳᠡ ᠶᠢᠨ ᠱᠤᠭᠤᠮ ᠢ ᠤᠬᠠᠮᠰᠠᠷ ᠠᠴᠠ ᠪᠠᠨ ᠪᠠᠲᠤ ᠪᠠᠶᠢᠭᠤᠯᠵᠤ᠂ ︽ᠳᠥᠷᠪᠡᠨ ᠰᠤᠷᠲᠠᠯ︾ ᠢ ᠡᠷᠡᠰ ᠭᠤᠶᠢᠪᠢᠰᠢ ᠦᠭᠡᠢ ᠪᠠᠷ ᠵᠠᠯᠠᠷᠠᠭᠤᠯᠵᠤ᠂ ᠰᠢᠨ᠎ᠡ ᠰᠤᠷᠲᠠᠯ ᠢ ᠪᠤᠢ ᠪᠣᠯᠭᠠᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ᠨᠠᠮ ᠪᠠ ᠠᠷᠠᠳ ᠲᠦᠮᠡᠨ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ  ᠦᠨᠡᠨᠬᠦ ᠭᠦᠢᠴᠡᠳᠬᠡᠬᠦ ᠬᠡᠷᠡᠭᠲᠡᠶ᠃ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠬᠤ᠂ ᠶᠡᠷᠦᠩᠬᠡᠶᠢᠯᠡᠨ ᠵᠠᠰᠠᠬᠤ᠂ ᠵᠠᠯᠬᠠᠭᠠᠬᠤ ᠪᠠ ᠰᠡᠷᠭᠡᠶᠢᠯᠡᠬᠦ ᠶᠢ ᠵᠡᠷᠭᠡᠪᠡᠷ ᠴᠢᠬᠤᠯᠠᠴᠢᠯᠠᠬᠤ᠂ ᠤᠷᠢᠳᠴᠢᠯᠠᠨ ᠰᠡᠷᠭᠡᠶᠢᠯᠡᠬᠦ ᠶᠢ ᠴᠢᠬᠤᠯᠠᠴᠢᠯᠠᠬᠤ ᠴᠢᠭᠯᠡᠯᠳᠡ ᠶᠢ ᠪᠠᠷᠢᠮᠲᠠᠯᠠᠵᠤ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠪᠠᠶᠢᠭᠤᠯᠤᠯᠲᠠ ᠶᠢ ᠭᠦᠨᠵᠡᠭᠡᠶ ᠠᠬᠢᠭᠤᠯᠵᠦ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠣᠷᠴᠢᠨ ᠳᠣᠭᠤᠷᠢᠨ ᠢ ᠪᠤᠢ ᠪᠣᠯᠭᠠᠨ᠎ᠠ ᠭᠡᠪᠡ᠃
 
ᠢᠷᠡᠯᠲᠡ᠄ ᠦᠨᠦᠳᠦᠷ ᠤᠨ ᠠᠯᠠᠱᠠ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号