︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠣᠷᠢᠵᠢᠭᠤᠯᠵᠦ ︽ᠳᠡᠯᠬᠡᠨ ᠬᠤᠳᠠᠯᠳᠣᠭᠠᠯᠠᠬᠤ ᠠᠵᠤ ᠠᠬᠤᠶ︾ ᠶᠢᠨ ᠡᠮᠬᠢ ᠵᠢᠷᠣᠮ ᠲᠠᠢ ᠬᠦᠭᠵᠢᠯᠳᠡ ᠶᠢ ᠠᠬᠢᠭᠤᠯᠬᠤ ᠲᠤᠬᠠᠶ ᠠᠯᠠᠱᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠵᠢᠯᠣᠭᠤᠳᠬᠤ ᠰᠠᠨᠠᠯ
ᠨᠡᠶᠢᠲᠡᠯᠡᠭᠰᠡᠨ ᠴᠠᠭ᠄
2020/7/15
      ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ᠂ ᠵᠠᠬᠢᠷᠭ᠎ᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠲᠥᠪ᠂ ᠥᠪᠡᠷᠲᠡᠭᠡᠨ ᠵᠠᠰᠠᠬᠤ ᠣᠷᠣᠨ ᠤ ᠠᠶᠢᠮᠠᠭ ᠲᠤ ᠰᠠᠭᠤᠭ᠎ᠠ ᠡᠯ᠎ᠡ ᠨᠢᠭᠡᠴᠡ᠂ ᠡᠯ᠎ᠡ ᠭᠤᠣᠯᠳᠠᠯᠭ᠎ᠠ ᠲᠠᠢ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄       ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠵᠢᠷᠭᠤᠭ᠎ᠠ ᠶᠢ ᠳᠣᠭᠳᠠᠪᠣᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠣᠷᠢᠵᠢᠭᠤᠯᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠦ᠂ ᠶᠠᠪᠣᠭᠤᠯ ᠬᠤᠳᠠᠯᠳᠤᠭᠠᠴᠢᠨ ᠤ ᠡᠵᠡᠩᠨᠡᠯᠲᠡ ᠬᠢᠬᠦ ᠶᠢ ᠵᠣᠷᠢᠭᠵᠢᠭᠤᠯᠵᠤ᠂ ︽ᠳᠡᠯᠬᠡᠨ ᠬᠤᠳᠠᠯᠳᠣᠭᠠᠯᠠᠬᠤ ᠠᠵᠤ ᠠᠬᠤᠢ︾ ᠶᠢ ᠡᠮᠬᠢ ᠵᠢᠷᠤᠮ ᠲᠠᠢ ᠴᠢᠯᠥᠭᠡᠲᠡᠢ ᠪᠣᠯᠭᠠᠬᠤ ᠶᠢᠨ ᠳᠣᠰᠠᠳᠠ᠂ ᠮᠠᠨ ᠤ ᠠᠶᠢᠮᠠᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠣᠣᠷᠠᠬᠢ ᠮᠡᠲᠦ ᠵᠢᠯᠣᠭᠤᠳᠬᠤ ᠰᠠᠨᠠᠯ ᠢ ᠳᠤᠷᠠᠳᠪᠠ᠃       ᠨᠢᠭᠡ᠂ ᠠᠵᠢᠯ ᠤᠨ ᠬᠠᠷᠠᠯᠲᠠ       ᠬᠢᠵᠢᠭ ᠢ ᠪᠠᠶᠢᠩᠭᠤ ᠰᠡᠷᠭᠡᠶᠢᠯᠡᠨ ᠡᠵᠡᠮᠳᠡᠬᠦ ᠪᠠᠶᠢᠳᠠᠯ ᠳᠤ ᠵᠣᠬᠢᠴᠠᠭᠤᠯᠬᠤ ᠶᠢᠨ ᠲᠥᠯᠥᠭᠡ᠂ ᠠᠮᠤᠷ ᠲᠦᠪᠰᠢᠨ ᠢ ᠪᠠᠲᠤᠯᠠᠬᠤ᠂ ᠰᠠᠭᠠᠳ ᠦᠭᠡᠢ ᠨᠡᠪᠲᠡᠷᠡᠬᠦ ᠶᠢ ᠪᠠᠲᠤᠯᠠᠬᠤ᠂ ᠬᠢᠵᠢᠭ ᠢ ᠰᠡᠷᠭᠡᠶᠢᠯᠡᠬᠦ ᠶᠢ ᠪᠠᠳᠣᠯᠠᠬᠤ᠂ ᠰᠣᠬᠤᠷ ᠬᠥᠮᠦᠨ ᠤ ᠵᠠᠮ ᠢ ᠡᠵᠡᠯᠡᠬᠦ ᠦᠬᠡᠢ᠂ ᠭᠠᠯ ᠤᠨᠲᠠᠷᠠᠭᠠᠬᠤ ᠵᠠᠮ ᠢ ᠡᠵᠡᠯᠡᠬᠦ ᠦᠭᠡᠢ᠂ ᠪᠤᠰᠤᠳ ᠤᠨ ᠠᠰᠢᠭ ᠲᠤᠰᠠ ᠶᠢ ᠬᠤᠬᠢᠷᠠᠭᠤᠯᠬᠤ ᠦᠭᠡᠢ᠂ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠳᠣᠯᠠᠭᠰᠠᠨ ᠤ‌‍ᠷᠢᠲᠠᠯ ᠳᠣᠣᠷ᠎ᠠ᠂ ᠣᠯᠠᠨ ᠲᠦᠮᠡᠨ ᠳᠤ ᠦᠢᠯᠡᠴᠢᠯᠡᠬᠦ ᠪᠠᠷ ᠵᠣᠷᠢᠯᠭ᠎ᠠ ᠪᠠᠨ ᠪᠣᠯᠭᠠᠵᠤ᠂ ︽ᠳᠡᠯᠬᠡᠨ ᠬᠤᠳᠠᠯᠳᠣᠭᠠᠯᠠᠬᠤ ᠠᠵᠤ ᠠᠬᠤᠶ︾ ᠶᠢ ᠡᠮᠬᠢ ᠵᠢᠷᠤᠮ ᠲᠠᠢ ᠪᠠᠷ ᠴᠢᠯᠥᠭᠡᠲᠡᠶ ᠪᠣᠯᠭᠠᠵᠦ᠂ ᠠᠵᠢᠯ ᠣᠯᠭᠤᠬᠤ ᠳᠥᠭᠦᠮ ᠳᠥᠲᠡ ᠠᠵᠠ ᠲᠣᠬᠢᠶᠠᠯ ᠢ ᠬᠠᠩᠭᠠᠨ᠎ᠠ᠃ ᠰᠠᠭᠤᠭᠠᠯᠢ ᠠᠷᠠᠳ ᠲᠥᠪᠯᠡᠷᠡᠨ ᠰᠠᠭᠤᠷᠢᠰᠢᠵᠤ ᠪᠠᠶᠢᠭ᠎ᠠ ᠣᠷᠣᠨ᠂ ᠰᠡᠯᠡᠭᠦᠴᠡᠯ ᠤᠨ ᠠᠭᠤᠳᠠᠮ ᠲᠠᠯᠠᠪᠠᠢ ᠵᠡᠷᠭᠡ ᠬᠦᠮᠦᠰ ᠲᠥᠪᠯᠡᠷᠡᠭᠰᠡᠨ ᠣᠷᠣᠨ ᠳᠤ ᠲᠦᠷ ᠴᠠᠭ ᠤᠨ ᠳᠡᠯᠬᠡᠨ ᠬᠤᠳᠠᠯᠳᠣᠬᠤ ᠭᠠᠵᠠᠷ ᠢ ᠭᠠᠷᠭᠠᠬᠤ  ᠶᠢ ᠵᠥᠪᠰᠢᠶᠡᠷᠡᠵᠦ᠂ ᠵᠡᠭᠡᠯᠢ ᠳᠠᠭᠠᠤ ᠶᠢᠨ ᠳᠡᠯᠭᠡᠭᠦᠷ ᠤᠨ ᠲᠦᠷ ᠴᠠᠭ ᠡᠭᠦᠳᠡᠨ ᠡᠮᠦᠨ᠎ᠡ ᠪᠠᠨ ᠡᠵᠡᠩᠨᠡᠬᠦ ᠶᠢ ᠨᠢ ᠵᠥᠪᠰᠢᠶᠡᠷᠡᠵᠦ᠂ ᠲᠤᠮᠤ ᠬᠡᠯᠪᠡᠷᠢ ᠶᠢᠨ ᠬᠤᠳᠠᠯᠳᠤᠭᠠᠨ ᠤ ᠳᠡᠯᠭᠡᠭᠦᠷ ᠤᠨ ᠬᠢᠨ ᠤ ᠵᠣᠷᠴᠢᠬᠤ ᠵᠠᠮ ᠳᠤ ᠪᠣᠷᠣᠯᠠᠭᠤᠯᠭ᠎ᠠ ᠬᠢᠬᠦ ᠶᠢ ᠨᠢ ᠠᠬᠢᠭᠤᠯᠵᠤ᠂ ᠶᠠᠪᠤᠭᠤᠯ  ᠬᠤᠳᠠᠯᠳᠣᠭᠠᠴᠢᠨ ᠤ ᠬᠤᠳᠠᠯᠳᠣᠨ ᠡᠵᠡᠩᠨᠡᠬᠦ ᠶᠢ ᠵᠥᠪᠰᠢᠶᠡᠷᠡᠨ᠎ᠡ᠃ ᠵᠠᠬ᠎ᠠ ᠳᠡᠯᠭᠡᠭᠦᠷ ᠤᠨ ︽ᠪᠢᠴᠢᠯ ᠠᠮᠢᠵᠢᠷᠠᠯ ᠤᠨ ᠬᠦᠴᠦᠨ︾ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠠᠵᠤ ᠠᠬᠤᠶ ᠨᠡᠶᠢᠭᠡᠮ ᠤᠨ ᠡᠮᠬᠢ ᠵᠢᠷᠤᠮ ᠲᠠᠢ ᠰᠡᠷᠭᠦᠬᠦ᠂ ᠲᠦᠷᠭᠡᠨ ᠰᠡᠷᠭᠦᠬᠦ ᠶᠢ ᠠᠬᠢᠭᠤᠯᠤᠨ᠎ᠠ᠃       ᠬᠤᠶᠠᠷ᠂ ᠵᠢᠯᠣᠭᠤᠳᠬᠤ ᠵᠠᠷᠴᠢᠮ       ︵ᠨᠢᠭᠡ︶ ᠳᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ ᠶᠢ ᠪᠠᠷᠢᠮᠲᠠᠯᠠᠨ᠎ᠠ᠃ ᠴᠢᠯᠥᠭᠡᠲᠡᠶ ᠳᠠᠯᠪᠢᠪᠠᠴᠦ ᠳᠤᠷ᠎ᠠ ᠪᠠᠷ ᠨᠢ ᠲᠠᠯᠪᠢᠬᠤ ᠦᠭᠡᠢ ᠪᠠᠶᠢᠵᠤ᠂ ᠳᠡᠯᠬᠡᠨ ᠬᠤᠳᠠᠯᠳᠣᠬᠤ ᠭᠠᠵᠠᠷ ᠲᠤ ᠬᠥᠲᠥᠯᠥᠨ ᠵᠢᠯᠣᠭᠤᠳᠣᠯᠭ᠎ᠠ ᠶᠢ ᠳᠣᠬᠢᠷᠠᠭᠤᠯᠬᠤ ᠲᠣᠭᠲᠠᠴᠠ᠂ ᠬᠤᠳᠠᠯᠳᠤᠭᠠᠴᠢᠳ ᠤᠨ ᠠᠷᠢᠭᠤᠨ ᠴᠡᠪᠡᠷ ᠤᠨ ᠬᠠᠷᠢᠭᠤᠴᠠᠯᠭ᠎ᠠ ᠶᠢᠨ ᠲᠣᠭᠲᠠᠴᠠ᠂ ᠣᠯᠠᠨ ᠲᠦᠮᠡᠨ ᠤ ᠵᠠᠭᠠᠯᠳᠤᠯᠭ᠎ᠠ ᠶᠢᠨ ᠲᠤᠬᠠᠶ ᠶᠢᠨ ᠲᠠᠯᠠᠪᠠᠶ ᠳᠤ ᠲᠦᠷᠭᠡᠨ ᠰᠢᠢᠳᠪᠦᠷᠢᠯᠡᠬᠦ ᠲᠣᠭᠲᠠᠴᠠ ᠵᠡᠷᠭᠡ       ︽ᠳᠡᠯᠬᠡᠨ ᠬᠤᠳᠠᠯᠳᠣᠭᠠᠯᠠᠬᠤ ᠠᠵᠤ ᠠᠬᠤᠶ︾ ᠶᠢᠨ ᠠᠮᠢᠵᠢᠷᠠᠯ ᠤᠨ ᠬᠦᠴᠦᠨ ᠢ ᠵᠦᠶ ᠵᠣᠬᠢᠰᠲᠠᠶ ᠡᠮᠬᠢ ᠵᠢᠷᠣᠮ ᠲᠠᠢ ᠪᠠᠷ ᠬᠥᠭᠵᠢᠭᠡᠨ᠎ᠡ᠃       ︵ᠬᠤᠶᠠᠷ︶ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠶᠢ ᠪᠠᠷᠢᠮᠳᠠᠯᠠᠨ᠎ᠠ᠃ ᠲᠦᠷ ᠴᠠᠭ ᠪᠠᠶᠢᠭᠤᠯᠤᠭᠰᠠᠨ ᠳᠡᠯᠬᠡᠨ ᠬᠤᠳᠠᠯᠳᠣᠬᠤ ᠭᠠᠵᠠᠷ ᠢ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠵᠦᠶ ᠵᠣᠬᠢᠰᠲᠠᠶ ᠲᠥᠯᠥᠪᠵᠢᠭᠦᠯᠬᠦ᠂ ᠬᠤᠲᠠ ᠶᠢᠨ ᠠᠷᠠᠳ ᠲᠤ ᠳᠥᠭᠦᠮ ᠦᠵᠡᠭᠦᠯᠬᠦ ᠵᠠᠷᠴᠢᠮ ᠶᠣᠰᠣᠭᠠᠷ᠂ ᠬᠤᠲᠠ ᠶᠢᠨ ᠦᠵᠡᠮᠵᠢ ᠪᠠ ᠵᠠᠮ ᠬᠠᠷᠢᠯᠴᠠᠭᠠᠨ ᠤ ᠡᠮᠬᠢ ᠳᠢᠭᠯᠢᠮ ᠢ ᠨᠦᠯᠦᠬᠡᠯᠡᠬᠦ ᠦᠭᠡᠢ ᠤᠷᠢᠲᠠᠯ ᠳᠣᠤᠷ᠎ᠠ᠂ ᠡᠵᠡᠩᠨᠡᠯᠲᠡ ᠶᠢᠨ ᠲᠥᠷᠥᠯ ᠢᠯᠭᠠᠯ ᠵᠢᠴᠢ ᠣᠷᠣᠨ ᠪᠦᠰᠡ ᠶᠢ ᠨᠢᠭᠡᠳᠦᠯᠲᠡᠶ ᠪᠠᠶᠢᠯᠭᠠᠵᠤ᠂ ᠳ᠋ᠣᠭᠠᠷᠯᠠᠨ ᠬᠠᠮᠢᠶᠠᠷᠴᠤ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ᠎ᠠ᠃       ︵ᠭᠤᠷᠪᠠ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠪᠠᠷᠢᠮᠲᠠᠯᠠᠨ᠎ᠠ᠃ ᠬᠤᠲᠠ ᠶᠢᠨ ᠬᠠᠮᠢᠶᠠᠷᠤᠯᠲᠠ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ᠂ ᠠᠵᠤ ᠠᠬᠤᠢ ᠶᠢᠨ ᠬᠥᠭᠵᠢᠯᠲᠡ ᠶᠢᠨ ᠬᠠᠷᠢᠴᠠᠭ᠎ᠠ ᠶᠢ ᠵᠣᠬᠢᠴᠠᠭᠤᠯᠤᠨ ᠰᠠᠶᠢᠲᠤᠷ ᠰᠢᠢᠳᠪᠦᠷᠢᠯᠡᠵᠦ᠂ ᠶᠠᠪᠤᠭᠤᠯ ᠬᠤᠳᠠᠯᠳᠤᠭᠠᠴᠢᠨ ᠤ ᠦᠢᠯᠡᠰ ᠪᠦᠳᠦᠭᠡᠬᠦ᠂ ᠠᠵᠢᠯ ᠣᠯᠭᠤᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠬᠥᠭᠵᠢᠯᠲᠡ ᠶᠢ ᠠᠬᠢᠭᠤᠯᠬᠤ ᠶᠢ ᠪᠡᠶᠡᠯᠡᠭᠦᠯᠦᠨ᠎ᠡ᠃       ︵ᠳᠦᠷᠪᠡ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠷᠢᠮᠳᠠᠯᠠᠨ᠎ᠠ᠃ ᠡᠯ᠎ᠡ ᠳᠡᠯᠬᠡᠨ ᠬᠤᠳᠠᠯᠳᠣᠬᠤ ᠭᠠᠵᠠᠷ᠂ ᠲᠠᠯᠠᠪᠤᠷ ᠭᠠᠵᠠᠷ ᠤᠨ ᠡᠵᠡᠩᠨᠡᠭᠴᠢ ᠡᠷᠬᠡᠪᠰᠢ ᠲᠣᠭᠲᠠᠭᠠᠯ ᠶᠣᠰᠣᠭᠠᠷ ᠠᠮᠠᠪᠴᠢ ᠵᠡᠬᠦᠬᠦ ᠶᠢᠨ ᠬᠠᠮᠳᠣ ᠡᠵᠡᠩᠨᠡᠯᠲᠡ ᠶᠢᠨ ᠬᠡᠷᠡᠭᠰᠡᠯ ᠢᠶᠠᠨ ᠠᠷᠢᠭᠤᠳᠬᠠᠬᠤ ᠠᠵᠢᠯ ᠢ ᠥᠪᠡᠰᠦᠪᠡᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠣᠷᠢᠵᠢᠭᠤᠯᠬᠤ ᠶᠢ ᠦᠨᠡᠨᠬᠦ ᠪᠠᠳᠣᠯᠠᠨ᠎ᠠ᠃       ᠭᠤᠷᠪᠠ᠂ ᠠᠵᠢᠯ ᠤᠨ ᠠᠷᠭ᠎ᠠ ᠬᠡᠮᠵᠢᠶ᠎ᠡ       ᠶᠠᠪᠤᠭᠤᠯ ᠬᠤᠳᠠᠯᠳᠤᠭᠠᠴᠢᠨ ᠤ ᠬᠠᠮᠢᠶᠠᠷᠤᠯᠲᠠ ᠶᠢ ᠠᠮᠤᠷ ᠲᠦᠪᠰᠢᠨ᠂ ᠳᠦᠷᠢᠮᠵᠢᠭᠰᠡᠨ᠂ ᠡᠮᠬᠢ ᠵᠢᠷᠤᠮ ᠲᠠᠢ ᠪᠠᠶᠢᠯᠭᠠᠬᠤ ᠪᠠ ᠬᠠᠷᠢᠶᠠᠯᠠᠭᠳᠠᠬᠤ ᠣᠷᠣᠨ ᠠᠴᠠ ᠬᠠᠮᠢᠶᠠᠷᠬᠤ ᠱᠠᠭᠠᠷᠳᠠᠯᠭ᠎ᠠ ᠶᠣᠰᠣᠭᠠᠷ᠂ ᠪᠠᠲᠤᠯᠠᠭ᠎ᠠ ᠦᠢᠯᠡᠴᠢᠯᠡᠬᠡᠨ ᠤ ᠠᠵᠢᠯ ᠢ ᠦᠨᠡᠨᠬᠦ ᠰᠠᠶᠢᠲᠤᠷ ᠬᠢᠵᠦ᠂ ᠶᠠᠪᠤᠭᠤᠯ ᠬᠤᠳᠠᠯᠳᠤᠭᠠᠴᠢᠨ ᠤ ᠡᠵᠡᠩᠨᠡᠯᠲᠡ ᠬᠢᠬᠦ  ᠳᠤᠨᠢ ᠳᠥᠭᠦᠮ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠶ᠃       ︵ᠨᠢᠭᠡ︶ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠤᠯ ᠴᠣᠭᠴᠠ ᠶᠢᠨ ᠦᠢᠯᠡᠳᠦᠯ ᠢᠶᠠᠨ ᠪᠠᠳᠠᠷᠠᠭᠤᠯᠤᠨ᠂ ︽ᠭᠤᠷᠪᠠ ᠶᠢ ᠪᠠᠲᠤᠯᠠᠵᠤ ᠭᠤᠷᠪᠠ ᠶᠢ ᠡᠷᠡᠰ ᠬᠤᠷᠢᠭᠯᠠᠬᠤ︾  ᠵᠠᠷᠴᠢᠮ ᠢ ᠪᠠᠷᠢᠮᠲᠠᠯᠠᠬᠤ ᠬᠡᠷᠡᠭᠲᠡᠶ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠳᠣᠬᠢᠷᠠᠭᠤᠯᠣᠨ᠂ ᠵᠣᠷᠴᠢᠬᠤ ᠵᠠᠮ ᠳᠠᠭᠠᠣ ᠡᠵᠡᠩᠨᠡᠯᠳᠡ ᠬᠢᠬᠦ ᠳᠣᠬᠠᠢ ᠬᠡᠷᠡᠭᠵᠢᠭᠦᠯᠬᠦ ᠲᠥᠰᠦᠯ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠲᠣᠭᠲᠠᠭᠠᠵᠤ᠂ ᠡᠵᠡᠩᠨᠡᠯᠳᠡ ᠶᠢᠨ ᠣᠷᠣᠨ ᠪᠦᠰᠡ ᠶᠢ ᠳᠦᠯᠦᠪᠵᠢᠬᠦᠯᠵᠦ᠂ ᠳᠡᠯᠬᠡᠨ ᠬᠤᠳᠠᠯᠳᠣᠬᠤ ᠭᠠᠵᠠᠷ ᠤᠨ ᠵᠢᠷᠤᠭ ᠢ ᠲᠣᠭᠲᠠᠭᠠᠨ ᠨᠡᠶᠢᠲᠡᠯᠡᠵᠦ᠂ ᠡᠳᠦᠷ ᠲᠤᠲᠤᠮ ᠤᠨ ᠲᠣᠭᠤᠷᠢᠨ ᠪᠠᠶᠢᠴᠠᠭᠠᠯᠳᠠ ᠬᠢᠨᠠᠠ ᠬᠠᠮᠢᠶᠠᠷᠤᠯᠲᠠ ᠪᠠᠨ ᠴᠢᠩᠭᠠᠳᠬᠠᠵᠤ᠂ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ︽ᠠᠮᠢᠳᠣᠯᠢᠭ ᠢᠶᠠᠷ ᠬᠠᠤᠯᠢ ᠬᠡᠷᠡᠭᠵᠢᠭᠦᠯᠬᠦ︾ ᠪᠠ ᠬᠢᠨᠠᠭᠤᠷ ᠪᠣᠯᠭᠤᠮᠵᠢᠲᠠᠶ ᠪᠠᠭᠲᠠᠭᠠᠮᠵᠢᠲᠠᠶ ᠬᠢᠨᠠᠠ ᠬᠠᠮᠢᠶᠠᠷᠤᠯᠲᠠ ᠶᠢ ᠬᠡᠷᠡᠭᠵᠢᠭᠦᠯᠵᠦ᠂ ᠡᠵᠡᠩᠨᠡᠭᠴᠢᠳ ᠢ ᠡᠮᠬᠢ ᠵᠢᠷᠤᠮ ᠲᠠᠢ ᠪᠠᠷ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠲᠣᠭᠲᠠᠭᠠᠯ ᠶᠣᠰᠣᠭᠠᠷ ᠡᠵᠡᠩᠨᠡᠯᠳᠡ ᠶᠢᠨ ᠠᠵᠢᠯᠯᠠᠭ᠎ᠠ ᠦᠷᠨᠢᠬᠦᠯᠬᠦ ᠶᠢ ᠬᠠᠷᠢᠭᠤᠴᠠᠨ᠎ᠠ᠃      ︵ᠬᠤᠶᠠᠷ︶ ᠳᠡᠯᠬᠡᠨ ᠬᠤᠳᠠᠯᠳᠣᠬᠤ ᠡᠵᠡᠩᠨᠡᠯᠳᠡ ᠬᠢᠭᠰᠡᠨ ᠶᠠᠪᠣᠭᠤᠯ ᠬᠤᠳᠠᠯᠳᠤᠭᠠᠴᠢᠨ ᠳᠤ᠂ ᠬᠡᠪᠴᠢᠶ᠎ᠡ ᠶᠢ ᠨᠢ ᠥᠷᠭᠡᠳᠬᠡᠵᠦ᠂ ᠰᠡᠳᠬᠢᠯ ᠳᠠᠶᠢᠪᠣᠩ ᠡᠵᠡᠩᠨᠡᠯᠳᠡ ᠬᠢᠬᠦ ᠶᠢ ᠨᠢ ᠵᠣᠷᠢᠭᠵᠢᠭᠤᠯᠤᠨ᠎ᠠ︔ ᠠᠩᠬ᠎ᠠ ᠤᠳᠠᠭ᠎ᠠ ᠳᠡᠯᠬᠡᠨ ᠬᠤᠳᠠᠯᠳᠤᠭ᠎ᠠ ᠬᠢᠵᠦ ᠪᠠᠶᠢᠭ᠎ᠠ ᠪᠤᠶᠤ ᠬᠢᠬᠦ ᠪᠠᠷ ᠪᠡᠯᠡᠳᠬᠡᠵᠦ ᠪᠠᠶᠢᠭ᠎ᠠ ᠬᠥᠮᠦᠰ ᠲᠤ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠦᠬᠦᠴᠡᠯ ᠲᠠᠯᠪᠢᠬᠤ ᠥᠬᠡᠶ᠂ ᠬᠥᠲᠥᠯᠦᠨ ᠵᠢᠯᠣᠭᠤᠳᠴᠤ ᠬᠠᠪᠰᠤᠷᠴᠤ ᠪᠠᠶᠢᠭᠠᠳ ᠵᠠᠬ᠎ᠠ ᠳᠡᠯᠭᠡᠭᠦᠷ ᠲᠤ ᠣᠷᠣᠭᠤᠯᠤᠨ᠎ᠠ᠃      ︵ᠭᠤᠷᠪᠠ︶ ᠡᠵᠡᠩᠨᠡᠬᠦ ᠶᠢ ᠨᠢ ᠵᠥᠪᠰᠢᠶᠡᠷᠡᠭᠰᠡᠨ ᠶᠠᠪᠣᠭᠤᠯ ᠬᠤᠳᠠᠯᠳᠤᠭᠠᠴᠢᠨ ᠠᠴᠠ ᠵᠠᠷᠴᠢᠮ ᠳᠡᠭᠡᠷ᠎ᠡ ᠪᠠᠨ ᠳᠡᠯᠬᠡᠨ ᠬᠤᠳᠠᠯᠳᠣᠬᠤ ᠪᠠᠶᠢᠷᠢ ᠶᠢᠨ ᠰᠦᠢᠳᠬᠡᠯ ᠢ ᠬᠤᠷᠢᠶᠠᠬᠤ ᠦᠭᠡᠢ᠂ ᠬᠠᠮᠢᠶ᠎ᠠ ᠪᠦᠬᠦᠢ ᠵᠠᠷᠤᠳᠠᠯ ᠢ ᠬᠡᠯᠲᠦᠷᠢᠭᠦᠯᠪᠡᠰᠦ ᠵᠣᠬᠢᠬᠤ ᠶᠢ ᠨᠢ ᠪᠦᠬᠦᠨ ᠢ ᠬᠡᠯᠲᠦᠷᠢᠭᠦᠯᠵᠦ᠂ ᠬᠡᠯᠲᠦᠷᠢᠭᠦᠯᠵᠦ ᠪᠣᠯᠬᠤ ᠶᠢ   ᠨᠢ  ᠪᠦᠬᠦᠨ ᠢ ᠬᠡᠯᠲᠦᠷᠢᠭᠦᠯᠦᠨ᠎ᠡ᠃      ︵ᠳᠦᠷᠪᠡ︶ ᠡᠳᠦᠷ ᠲᠤᠲᠤᠮ  ᠤᠨ ᠬᠢᠨᠠᠯᠲᠠ᠂ ᠬᠠᠮᠢᠶᠠᠷᠣᠯᠳᠠ  ᠪᠠ ᠦᠢᠯᠡᠴᠢᠯᠡᠭᠡ  ᠪᠠᠨ ᠴᠢᠩᠭᠠᠷᠠᠭᠤᠯᠣᠨ᠎ᠠ᠃ ᠬᠤᠲᠠ  ᠶᠢᠨ ᠬᠠᠮᠢᠶᠠᠷᠤᠯᠲᠠ᠂ ᠳᠣᠲᠣᠭᠠᠳᠤ  ᠶᠢ ᠬᠠᠮᠠᠭᠠᠯᠠᠬᠤ᠂ ᠵᠠᠬ᠎ᠠ ᠳᠡᠯᠭᠡᠭᠦᠷ  ᠤᠨ ᠬᠢᠨᠠᠠ ᠬᠠᠮᠢᠶᠠᠷᠤᠯᠲᠠ᠂ ᠬᠤᠳᠠᠯᠳᠤᠭᠠᠨ  ᠤ ᠶᠠᠪᠤᠳᠠᠯ᠂ ᠪᠠᠴᠢᠮ ᠪᠠᠶᠢᠳᠠᠯ  ᠢ ᠠᠷᠭᠠᠴᠠᠭᠠᠬᠤ ᠵᠡᠷᠭᠡ ᠣᠯᠠᠨ ᠰᠠᠯᠠᠭ᠎ᠠ ᠮᠥᠴᠢᠷ  ᠤᠨ ᠬᠠᠮᠵᠢᠯᠴᠠᠨ ᠲᠦᠷᠭᠡᠨ ᠰᠢᠢᠳᠪᠦᠷᠢᠯᠡᠬᠦ ᠲᠣᠭᠲᠠᠴᠠ  ᠶᠢ ᠪᠠᠶᠢᠭᠤᠯᠵᠤ᠂ ᠡᠯ᠎ᠡ ᠲᠥᠷᠥᠯ  ᠤᠨ ᠵᠥᠷᠢᠴᠡᠯ ᠵᠢᠭᠤᠷᠠᠯᠳᠤᠭᠠᠨ  ᠪᠣᠯᠤᠨ ᠠᠰᠠᠭᠤᠳᠠᠯ ᠢ ᠴᠠᠭ ᠲᠤᠬᠠᠶ  ᠳᠤᠨᠢ ᠰᠢᠢᠳᠪᠦᠷᠢᠯᠡᠵᠦ᠂ ᠡᠵᠡᠩᠨᠡᠯᠳᠡ  ᠶᠢᠨ ᠠᠵᠢᠯᠯᠠᠭ᠎ᠠ  ᠶᠢᠨ ᠳᠦᠷᠢᠮᠵᠢᠯ ᠲᠠᠢ᠂ ᠡᠮᠬᠢ ᠵᠢᠷᠤᠮ  ᠲᠠᠢ ᠪᠠᠶᠢᠬᠤ  ᠶᠢ ᠪᠠᠲᠤᠯᠠᠬᠤ ᠬᠡᠷᠡᠭᠲᠡᠶ᠃ ᠬᠤᠲᠠ  ᠶᠢᠨ ᠬᠠᠮᠢᠶᠠᠷᠤᠯᠲᠠ  ᠶᠢᠨ ᠰᠠᠯᠠᠭ᠎ᠠ ᠮᠥᠴᠢᠷ  ᠤᠨ   ᠬᠢᠨ ᠭᠠᠵᠠᠷ ᠣᠷᠣᠨ ᠤ ᠪᠠᠶᠢᠳᠠᠯ  ᠳᠠᠭᠠᠨ ᠲᠣᠬᠢᠷᠠᠭᠤᠯᠤᠨ᠂ ᠡᠵᠡᠩᠨᠡᠯᠳᠡ  ᠶᠢᠨ ᠴᠡᠭ ᠪᠠᠶᠢᠷᠢ  ᠶᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠲᠥᠯᠥᠪᠵᠢᠭᠦᠯᠵᠦ᠂ ᠡᠳᠦᠷ ᠲᠤᠲᠤᠮ  ᠤᠨ ᠲᠣᠭᠤᠷᠢᠨ ᠪᠠᠶᠢᠴᠠᠭᠠᠯᠳᠠ ᠬᠢᠨᠠᠨ ᠬᠠᠮᠢᠶᠠᠷᠣᠯᠳᠠ   ᠪᠠᠨ ᠴᠢᠩᠭᠠᠳᠬᠠᠵᠤ᠂ ᠡᠵᠡᠩᠨᠡᠭᠴᠢᠳ   ᠤᠨ ᠬᠠᠤᠯᠢ ᠲᠣᠭᠲᠠᠭᠠᠯ ᠶᠣᠰᠣᠭᠠᠷ ᠡᠵᠡᠩᠨᠡᠯᠲᠡ ᠬᠢᠬᠦ   ᠶᠢ   ᠨᠢ ᠬᠦᠳᠦᠯᠦᠨ ᠵᠢᠯᠣᠭᠤᠳᠣᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ  ᠶᠢᠨ ᠰᠠᠯᠠᠭ᠎ᠠ ᠮᠥᠴᠢᠷ  ᠤᠨ   ᠬᠢᠨ ᠡᠵᠡᠩᠨᠡᠯᠲᠡ  ᠶᠢᠨ ᠳᠤᠮᠳᠠ ᠣᠷᠣᠰᠢᠵᠤ  ᠪᠠᠶᠢᠭ᠎ᠠ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠳᠠᠯᠳᠠ ᠳᠦᠭᠰᠢᠭᠦᠷᠢ   ᠶᠢ ᠵᠢᠭᠰᠠᠭᠠᠨ ᠪᠠᠶᠢᠴᠠᠭᠠᠬᠤ  ᠪᠠ ᠰᠢᠢᠳᠪᠦᠷᠢᠯᠡᠬᠦ ᠶᠢ ᠵᠢᠯᠣᠭᠤᠳᠤᠨ ᠰᠠᠶᠢᠲᠤᠷ ᠬᠢᠬᠦ ᠬᠡᠷᠡᠭᠲᠡᠶ᠃ ᠵᠠᠬ᠎ᠠ ᠳᠡᠯᠭᠡᠭᠦᠷ  ᠤᠨ ᠬᠢᠨᠠᠠ ᠬᠠᠮᠢᠶᠠᠷᠤᠯᠲᠠ  ᠶᠢᠨ ᠰᠠᠯᠠᠭ᠎ᠠ ᠮᠥᠴᠢᠷ   ᠤᠨ ᠬᠢᠨ ᠡᠵᠡᠩᠨᠡᠭᠴᠢᠳ  ᠤᠨ ᠢᠳᠡᠭᠡᠨ ᠣᠮᠳᠠᠭᠠᠨ  ᠢ ᠪᠣᠷᠣᠯᠠᠭᠤᠯᠬᠤ ᠠᠵᠢᠯᠯᠠᠭ᠎ᠠ   ᠶᠢᠨ ᠳᠣᠬᠠᠢ ᠡᠳᠦᠷ ᠲᠤᠲᠤᠮ  ᠤᠨ ᠬᠢᠨᠠᠠ ᠪᠠᠶᠢᠴᠠᠭᠠᠯᠲᠠ  ᠪᠠ ᠲᠦᠷᠭᠡᠨ  ᠢᠶᠠᠷ ᠰᠢᠯᠭᠠᠨ ᠪᠠᠶᠢᠴᠠᠭᠠᠯᠲᠠ ᠬᠢᠵᠦ ᠰᠢᠭᠰᠢᠨ ᠪᠠᠶᠢᠴᠠᠭᠠᠬᠤ  ᠪᠠᠨ ᠴᠢᠩᠭᠠᠳᠬᠠᠵᠤ᠂ ᠢᠳᠡᠭᠡᠨ  ᠤ ᠠᠮᠤᠷ ᠲᠦᠪᠰᠢᠨ  ᠢ ᠦᠨᠡᠨᠬᠦ ᠪᠠᠳᠣᠯᠠᠬᠤ ᠬᠡᠷᠡᠭᠳᠡᠢ᠃ ᠠᠮᠢ ᠠᠬᠤᠶ  ᠶᠢᠨ ᠣᠷᠴᠢᠨ ᠲᠣᠭᠤᠷᠢᠨ  ᠤ ᠰᠠᠯᠠᠭ᠎ᠠ ᠮᠥᠴᠢᠷ   ᠤᠨ ᠬᠢᠨ ᠬᠤᠲᠠ  ᠶᠢᠨ ᠬᠠᠮᠢᠶᠠᠷᠤᠯᠲᠠ  ᠶᠢᠨ ᠰᠠᠯᠠᠭ᠎ᠠ ᠮᠦᠴᠢᠷ  ᠲᠠᠢ ᠬᠠᠮᠵᠢᠯᠴᠠᠨ ᠭᠤᠤᠯᠳᠠᠯᠭ᠎ᠠ  ᠲᠠᠢ ᠴᠠᠭ ᠬᠤᠭᠤᠴᠠᠭ᠎ᠠ᠂ ᠭᠤᠤᠯᠳᠠᠯᠭ᠎ᠠ  ᠲᠠᠢ ᠣᠷᠣᠨ ᠪᠦᠰᠡ  ᠳᠠᠬᠢ ᠡᠵᠡᠩᠨᠡᠭᠴᠢᠳ   ᠤᠨ ᠲᠣᠰᠣᠨ ᠤᠲᠤᠭ᠎ᠠ  ᠶᠢ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠬᠤ ᠵᠡᠷᠭᠡ ᠬᠠᠤᠯᠢ ᠳᠣᠭᠳᠠᠭᠠᠯ  ᠠᠴᠠ ᠵᠥᠷᠢᠴᠡᠭᠰᠡᠨ ᠦᠢᠯᠡ ᠠᠵᠢᠯᠯᠠᠭ᠎ᠠ  ᠶᠢ ᠪᠠᠶᠢᠴᠠᠭᠠᠨ ᠰᠢᠢᠳᠪᠦᠷᠢᠯᠡᠬᠦ ᠡᠷᠴᠢᠮ  ᠢᠶᠠᠨ ᠴᠢᠩᠭᠠᠷᠠᠭᠤᠯᠵᠦ᠂ ᠭᠠᠳᠠᠭᠰᠢᠯᠠᠭᠤᠯᠤᠯᠲᠠ  ᠶᠢ ᠪᠠᠷᠢᠮᠵᠢᠶ᠎ᠠ  ᠳᠤ ᠬᠦᠷᠦᠭᠦᠯᠬᠦ  ᠶᠢ ᠦᠨᠡᠨᠬᠦ ᠪᠠᠳᠣᠯᠠᠬᠤ ᠬᠡᠷᠡᠭᠳᠡᠢ᠃ ᠳᠣᠲᠣᠭᠠᠳᠤ  ᠶᠢ ᠬᠠᠮᠠᠭᠠᠯᠠᠬᠤ᠂ ᠵᠠᠮ ᠬᠠᠷᠢᠯᠴᠠᠭᠠᠨ  ᠤ ᠰᠠᠯᠠᠭ᠎ᠠ ᠮᠥᠴᠢᠷ  ᠤᠨ   ᠬᠢᠨ ᠭᠡᠨᠡᠳᠲᠡ ᠡᠭᠦᠰᠬᠦ ᠪᠠᠴᠢᠮ ᠬᠡᠷᠡᠭ᠂ ᠪᠦᠯᠦᠭᠯᠡᠯ  ᠤᠨ ᠴᠢᠨᠠᠷᠲᠠᠶ ᠬᠡᠷᠡᠭ  ᠪᠤᠶᠤ ᠵᠥᠷᠢᠴᠡᠯ ᠵᠢᠭᠤᠷᠠᠯᠳᠤᠭᠠᠨ ᠵᠡᠷᠭᠡ  ᠶᠢ ᠲᠦᠷᠭᠡᠨ ᠠᠷᠭᠠᠴᠠᠭᠠᠵᠦ᠂ ᠵᠣᠬᠢᠰᠲᠠᠶ ᠰᠢᠢᠳᠪᠦᠷᠢᠯᠡᠬᠦ   ᠪᠠᠨ ᠴᠢᠩᠭᠠᠳᠬᠠᠵᠦ᠂ ᠭᠤᠤᠯᠳᠠᠯᠭ᠎ᠠ  ᠲᠠᠢ ᠣᠷᠣᠨ ᠪᠦᠰᠡ᠂ ᠭᠤᠤᠯᠳᠠᠯᠭ᠎ᠠ ᠲᠠᠢ ᠵᠠᠮ   ᠤᠨ ᠬᠡᠰᠡᠭ᠂ ᠭᠤᠤᠯᠳᠠᠯᠭ᠎ᠠ  ᠲᠠᠢ ᠴᠠᠭ ᠬᠤᠭᠤᠴᠠᠭᠠᠨ  ᠤ ᠵᠠᠮ ᠬᠠᠷᠢᠯᠴᠠᠭ᠎ᠠ  ᠶᠢ ᠨᠡᠪᠲᠡᠷᠡᠭᠦᠯᠬᠦ ᠠᠵᠢᠯ   ᠤᠨ ᠡᠷᠴᠢᠮ   ᠢᠶᠠᠨ ᠴᠢᠩᠭᠠᠷᠠᠭᠤᠯᠵᠦ᠂ ᠵᠠᠮ  ᠤᠨ ᠰᠠᠭᠠᠳ ᠦᠭᠡᠶ ᠨᠡᠪᠲᠡᠷᠡᠬᠦ  ᠶᠢ ᠦᠨᠡᠨᠬᠦ ᠪᠠᠲᠤᠯᠠᠬᠤ ᠬᠡᠷᠡᠭᠲᠡᠶ᠃ ᠬᠠᠮᠢᠶ᠎ᠠ ᠪᠦᠬᠦᠢ ᠪᠠᠶᠢᠭᠤᠯᠣᠯᠭ᠎ᠠ  ᠨᠢ ᠦᠢᠯᠡᠴᠢᠯᠡᠬᠦ ᠡᠲᠡᠭᠡᠳ  ᠤᠨ ᠬᠡᠷᠡᠭᠴᠡᠭᠡ ᠱᠠᠭᠠᠷᠳᠠᠯᠭ᠎ᠠ  ᠶᠢ ᠦᠨᠳᠦᠰᠦᠯᠡᠨ᠂ ᠰᠦᠯᠵᠢᠶᠡᠨ ᠤ ᠦᠢᠯᠡᠴᠢᠯᠡᠭᠡᠨ  ᠤ ᠲᠠᠪᠴᠠᠩ  ᠢᠶᠠᠷ ᠳᠠᠮᠵᠢᠭᠤᠯᠤᠨ᠂ ᠠᠷᠠᠳ  ᠤᠨ ᠰᠠᠨᠠᠭ᠎ᠠ  ᠶᠢ ᠰᠣᠨᠣᠰᠴᠤ᠂ ᠠᠷᠠᠳ  ᠤᠨ ᠪᠠᠶᠢᠳᠠᠯ ᠢ ᠪᠠᠶᠢᠴᠠᠭᠠᠵᠤ᠂ ᠶᠠᠪᠣᠭᠤᠯ ᠬᠤᠳᠠᠯᠳᠤᠭᠠᠴᠢᠨ  ᠤ ᠡᠵᠡᠩᠨᠡᠯᠳᠡ ᠬᠢᠬᠦ᠂ ︽ᠳᠡᠯᠬᠡᠨ ᠬᠤᠳᠠᠯᠳᠣᠭᠠᠯᠠᠬᠤ ᠠᠵᠤ ᠠᠬᠤᠶ︾ ᠶᠢ ᠬᠥᠭᠵᠢᠭᠦᠯᠬᠦ ᠳᠤᠮᠳᠠ ᠢᠯᠡᠷᠡᠭᠰᠡᠨ ᠠᠰᠠᠭᠤᠳᠠᠯ ᠢ ᠴᠠᠭ ᠳᠣᠬᠠᠢ ᠳᠤᠨᠢ ᠵᠣᠬᠢᠴᠠᠭᠤᠯᠣᠨ ᠰᠢᠢᠳᠪᠦᠷᠢᠯᠡᠬᠦ ᠬᠡᠷᠡᠭᠳᠡᠢ᠃       ︵ᠲᠠᠪᠤ︶ ᠵᠠᠬ᠎ᠠ ᠳᠡᠯᠭᠡᠭᠦᠷ ᠡᠷᠬᠢᠯᠡᠭᠴᠢᠳ᠂ ᠵᠡᠭᠡᠯᠢ ᠳᠠᠭᠠᠤ ᠶᠢᠨ ᠬᠤᠳᠠᠯᠳᠤᠭ᠎ᠠ ᠫᠦᠰᠡ ᠶᠢᠨ ᠡᠵᠡᠩᠨᠡᠭᠴᠢ ᠪᠣᠯᠤᠨ ᠳᠡᠯᠬᠡᠨ ᠬᠤᠳᠠᠯᠳᠣᠭᠴᠢᠳ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠦ᠂ ᠳᠣᠨᠤᠭ ᠳᠦᠭᠦᠭᠡᠷᠦᠮᠵᠢ᠂ ᠲᠠᠯᠠᠪᠤᠷ ᠭᠠᠵᠠᠷ ᠪᠣᠯᠤᠨ ᠡᠵᠡᠩᠨᠡᠯᠲᠡ ᠶᠢᠨ ᠠᠵᠢᠯᠯᠠᠭ᠎ᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃       ︵ᠵᠢᠷᠭᠤᠭ᠎ᠠ︶ ᠬᠤᠳᠠᠯ ᠬᠠᠭᠤᠷᠮᠠᠭ ᠴᠢᠨᠠᠷ ᠮᠠᠭᠤ ᠳᠠᠸᠠᠷ ᠤᠨ ᠡᠵᠡᠩᠨᠡᠯᠲᠡ ᠶᠢᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠡ᠃ ᠰᠠᠯᠠᠭ᠎ᠠ ᠮᠥᠴᠢᠷ ᠠᠯᠤᠰᠯᠠᠨ ᠬᠠᠮᠲᠤᠷᠠᠨ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠶᠢ ᠥᠷᠨᠢᠭᠦᠯᠵᠦ᠂ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠳᠡᠰ ᠳᠠᠷᠠᠭᠠᠯᠠᠯ ᠢ ᠳᠦᠷᠢᠮᠵᠢᠬᠦᠯᠵᠦ᠂ ᠪᠠᠶᠢᠴᠠᠭᠠᠬᠤ ᠳᠠᠪᠲᠠᠮᠵᠢ ᠤᠳᠠᠭ᠎ᠠ ᠪᠠᠨ ᠵᠦᠶ ᠵᠣᠬᠢᠰᠲᠠᠶ ᠲᠣᠭᠲᠠᠭᠠᠵᠤ᠂ ᠰᠠᠨᠠᠭᠠᠴᠢᠯᠠᠭ᠎ᠠ ᠠᠴᠠ ᠪᠠᠨ ᠨᠡᠶᠢᠭᠡᠮ ᠨᠡᠶᠢᠲᠡ ᠳᠤ ᠰᠤᠭᠤᠴᠢᠨ ᠪᠠᠶᠢᠴᠠᠭᠠᠬᠤ ᠵᠦᠢᠯᠡᠰ ᠪᠠ ᠦᠷ᠎ᠡ ᠳ᠋ᠦᠩ ᠢᠶᠠᠨ ᠢᠯᠡ ᠪᠠᠶᠢᠯᠭᠠᠬᠤ ᠬᠡᠷᠡᠭᠲᠡᠶ᠃       ︵ᠳᠣᠯᠤᠭ᠎ᠠ︶ ᠶᠠᠪᠤᠭᠤᠯ ᠬᠤᠳᠠᠯᠳᠤᠭᠠᠴᠢᠨ ᠤ ᠡᠵᠡᠩᠨᠡᠯᠲᠡ ᠶᠢᠨ ᠣᠷᠣᠨ ᠳᠠᠬᠢ ᠬᠤᠭ ᠨᠣᠪᠰᠢ ᠶᠢ ᠴᠡᠪᠡᠷᠯᠡᠨ ᠳᠡᠭᠡᠭᠡᠪᠦᠷᠢᠯᠡᠨ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠬᠤᠭ ᠨᠣᠪᠰᠢ ᠶᠢ ᠴᠠᠭ ᠳᠣᠬᠠᠢ ᠳᠤᠨᠢ ᠴᠡᠪᠡᠷᠯᠡᠬᠦ ᠬᠡᠷᠡᠭᠲᠡᠶ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠲᠠᠢ ᠤᠶᠠᠯᠳᠤᠭᠤᠯᠤᠨ᠂ ᠠᠷᠪᠢᠯᠠᠨ ᠭᠠᠮᠨᠠᠬᠤ᠂ ᠪᠣᠬᠢᠷᠲᠤᠯ ᠦᠭᠡᠢ ᠪᠣᠯᠪᠠᠰᠤᠨ ᠠᠮᠢᠳᠤᠷᠠᠯ ᠤᠨ ᠳᠠᠳᠬᠠᠯ ᠢ ᠰᠠᠨᠠᠭᠠᠴᠢᠯᠠᠵᠤ᠂ ᠶᠠᠪᠤᠭᠤᠯ ᠬᠤᠳᠠᠯᠳᠤᠭᠠᠴᠢᠨ ᠪᠣᠯᠤᠨ ᠣᠯᠠᠨ ᠲᠦᠮᠡᠨ ᠢ ᠳᠠᠶᠢᠴᠢᠯᠠᠨ ᠦᠪᠡᠰᠦᠪᠡᠨ ᠬᠤᠭ ᠨᠣᠪᠰᠢ ᠪᠠᠨ ᠴᠡᠪᠡᠷᠯᠡᠨ ᠠᠷᠢᠯᠭᠠᠵᠤ᠂ ᠣᠷᠴᠢᠨ ᠲᠣᠭᠤᠷᠢᠨ ᠢ ᠴᠡᠪᠡᠷ ᠲᠡᠭᠰᠢ ᠪᠠᠶᠢᠯᠭᠠᠬᠤ ᠬᠡᠷᠡᠭᠲᠡᠶ᠃       ︵ᠨᠠᠢᠮᠠ︶ ᠬᠢᠨᠠᠯᠲᠠ ᠲᠠᠯᠪᠢᠬᠤ᠂ ᠢᠯᠡᠴᠢᠯᠡᠨ ᠵᠠᠭᠠᠯᠳᠤᠬᠤ ᠠᠷᠭ᠎ᠠ ᠵᠠᠮ ᠢ ᠰᠠᠭᠠᠳ ᠦᠭᠡᠢ ᠨᠡᠪᠳᠡᠷᠡᠭᠦᠯᠦᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠣᠬᠠᠢ ᠠᠩᠬᠠᠷᠤᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠬᠢᠨᠠᠨ ᠬᠠᠮᠢᠶᠠᠷᠬᠤ ᠦᠢᠯᠡᠴᠢᠯᠡᠬᠡᠨ ᠤ ᠶᠠᠪᠤᠴᠠ ᠳᠤ ᠢᠯᠡᠷᠡᠭᠰᠡᠨ ᠠᠵᠢᠯ ᠥᠯᠥ ᠬᠢᠬᠦ᠂ ᠣᠳᠠᠭᠠᠰᠢᠷᠠᠭᠤᠯᠬᠤ᠂ ᠳᠤᠷ᠎ᠠ ᠳᠠᠪᠠ ᠪᠠᠷ ᠢᠶᠠᠨ ᠦᠢᠯᠡᠳᠬᠦ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ᠃        ᠳᠦᠷᠪᠡ᠂ ᠠᠵᠢᠯ ᠤᠨ ᠱᠠᠭᠠᠷᠳᠠᠯᠭ᠎ᠠ        ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠶ᠃ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠦᠨᠵᠡᠬᠡᠢ ᠣᠶᠢᠯᠠᠭᠠᠵᠤ᠂ ᠶᠠᠪᠣᠭᠤᠯ ᠬᠤᠳᠠᠯᠳᠤᠭᠠᠴᠢᠨ ᠤ ᠡᠵᠡᠩᠨᠡᠯᠲᠡ ᠬᠢᠬᠦ ᠶᠢ ᠨᠢ ᠪᠠᠲᠤᠯᠠᠬᠤ᠂ ︽ᠳᠡᠯᠬᠡᠨ ᠬᠤᠳᠠᠯᠳᠣᠭᠠᠯᠠᠬᠤ ᠠᠵᠤ ᠠᠬᠤᠶ︾ ᠶᠢᠨ ᠬᠥᠭᠵᠢᠯᠲᠡ ᠶᠢ ᠠᠬᠢᠭᠤᠯᠬᠤ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ           ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠵᠦ᠂ ︽ᠵᠢᠷᠭᠤᠭ᠎ᠠ ᠶᠢ ᠪᠠᠳᠣᠯᠠᠬᠤ︾ ᠡᠭᠦᠷᠭᠡ ᠶᠢᠨ ᠴᠢᠬᠤᠯᠠ ᠠᠷᠭ᠎ᠠ ᠪᠠᠷᠢᠯ ᠪᠣᠯᠬᠤ ᠶᠢ ᠬᠦᠢᠴᠡᠳ ᠳᠠᠨᠢᠵᠦ᠂ ᠦᠵᠡᠯ ᠰᠠᠨᠠᠭ᠎ᠠ ᠪᠠᠨ ᠴᠢᠯᠥᠭᠡᠯᠡᠬᠦ ᠮᠥᠷᠲᠡᠭᠡᠨ ᠪᠠᠰᠠ ᠢᠳᠡᠪᠬᠢᠲᠡᠢ ᠯᠠᠪᠳᠠᠭᠤᠨ ᠲᠣᠭᠲᠠᠭᠤᠨ ᠪᠠᠶᠢᠵᠦ᠂ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠪᠠ ᠬᠤᠲᠠ ᠪᠠᠯᠭᠠᠰᠤᠨ ᠤ ᠬᠠᠮᠢᠶᠠᠷᠤᠯᠲᠠ ᠶᠢᠨ ᠠᠵᠢᠯ ᠢ ᠰᠠᠶᠢᠳᠣᠷ ᠬᠢᠬᠦ ᠳᠤᠮᠳᠠ ᠲᠡᠩᠴᠡᠭᠦᠷᠢ ᠶᠢ ᠡᠷᠢᠵᠦ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ  ᠭᠡᠷᠡᠭᠵᠢᠬᠦᠯᠦᠨ᠂ ᠨᠠᠷᠢᠯᠢᠭ ᠣᠨᠣᠪᠴᠢᠳᠠᠢ ᠪᠠᠷ ᠦᠢᠯᠡᠴᠢᠯᠡᠨ᠎ᠡ᠃        ︵ᠬᠤᠶᠠᠷ︶ ᠲᠥᠷᠥ ᠶᠢᠨ ᠪᠣᠳᠣᠯᠭ᠎ᠠ ᠶᠢᠨ ᠵᠠᠷᠴᠢᠮ ᠢ ᠡᠵᠡᠮᠳᠡᠬᠦ ᠬᠡᠷᠡᠭᠲᠡᠶ᠃ ᠶᠠᠪᠤᠭᠤᠯ ᠬᠤᠳᠠᠯᠳᠤᠭᠠᠴᠢᠨ ᠤ ᠡᠵᠡᠩᠨᠡᠯᠲᠡ ᠬᠢᠬᠦ ᠶᠢ ᠬᠥᠲᠥᠯᠥᠨ ᠵᠢᠯᠣᠭᠤᠳᠴᠤ ᠳᠦᠷᠢᠮᠵᠢᠬᠦᠯᠬᠦ ᠪᠠᠷ ᠭᠤᠤᠯ ᠪᠣᠯᠭᠠᠬᠤ ᠭᠡᠷᠡᠭᠳᠡᠢ᠃ ᠣᠳᠣᠬᠢ ᠱᠠᠲᠤᠨ ᠳᠤ᠂ ᠲᠣᠭᠲᠠᠮᠠᠯ ᠣᠷᠣᠨ ᠪᠦᠰᠡ ᠳᠤ ᠳᠡᠯᠭᠡᠨ ᠬᠤᠳᠠᠯᠳᠣᠵᠦ ᠡᠵᠡᠩᠨᠡᠯᠳᠡ ᠬᠢᠵᠦ ᠪᠠᠶᠢᠭ᠎ᠠ ᠶᠠᠪᠣᠭᠤᠯ ᠬᠤᠳᠠᠯᠳᠣᠭᠠᠴᠢᠳ ᠨᠢ ᠦᠨᠡᠮᠯᠡᠯ ᠥᠬᠡᠶ ᠡᠵᠡᠩᠨᠡᠭᠴᠢᠳ ᠲᠤ ᠬᠠᠷᠢᠶᠠᠯᠠᠭᠳᠠᠬᠤ ᠥᠬᠡᠶ᠃ ᠡᠯ᠎ᠡ ᠬᠤᠰᠢᠭᠤ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠬᠤᠳᠠᠯᠳᠤᠭᠠᠴᠢᠨ ᠤ ᠡᠵᠡᠩᠨᠡᠯᠲᠡ ᠬᠠᠮᠢᠶᠠᠷᠤᠯᠲᠠ ᠬᠢᠬᠦ ᠶᠠᠪᠤᠴᠠ ᠳᠤ ᠢᠯᠡᠷᠡᠭᠰᠡᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠨᠠᠷᠢᠨ ᠬᠢᠨᠠᠮᠠᠭᠠᠶ ᠰᠤᠳᠤᠯᠵᠤ᠂ ᠴᠠᠭ ᠳᠣᠬᠠᠢ ᠳᠤᠨᠢ ᠰᠢᠢᠳᠪᠦᠷᠢᠯᠡᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ᠂ ᠳᠡᠯᠬᠡᠨ ᠬᠤᠳᠠᠯᠳᠣᠭᠠᠯᠠᠬᠤ ᠠᠵᠤ ᠠᠬᠤᠢ ᠶᠢᠨ ᠬᠠᠮᠤᠭ ᠤᠨ ᠶᠡᠭᠡ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ᠃        ︵ᠭᠤᠷᠪᠠ︶ ᠤᠬᠠᠭᠤᠯᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠶ᠃ ᠰᠣᠨᠢᠨ᠂ ᠲᠧᠯᠸᠢᠰ᠂ ᠸᠢᠴᠠᠲ᠂ ᠰᠦᠯᠵᠢᠶ᠎ᠡ᠂ ᠨᠡᠶᠢᠲᠡ ᠳᠤ ᠠᠰᠢᠭ ᠬᠦᠷᠳᠡᠭᠡᠬᠦ ᠵᠠᠷ ᠮᠡᠳᠡᠭᠡ ᠵᠡᠷᠭᠡ ᠬᠡᠯᠪᠡᠷᠢ ᠪᠠᠷ ᠳᠠᠮᠵᠢᠭᠤᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠮᠡᠳᠡᠬᠦᠯᠦᠨ᠂ ᠲᠥᠷᠥ ᠶᠢᠨ ᠪᠣᠳᠣᠯᠭ᠎ᠠ ᠶᠢ ᠣᠶᠢᠯᠠᠭᠠᠭᠤᠯᠣᠨ᠂ ᠲᠥᠷᠥ ᠶᠢᠨ ᠪᠣᠳᠣᠯᠭ᠎ᠠ ᠶᠢ ᠵᠢᠷᠣᠮᠯᠠᠭᠤᠯᠣᠨ᠂ ᠲᠥᠷᠥ ᠶᠢᠨ ᠪᠣᠳᠣᠯᠭ᠎ᠠ ᠶᠢ ᠰᠠᠶᠢᠲᠤᠷ ᠭᠡᠷᠡᠭᠯᠡᠬᠦᠯᠵᠦ᠂ ᠪᠦᠬᠦ ᠠᠷᠠᠳ ᠢᠶᠠᠷ ᠢᠶᠠᠨ ᠬᠢᠨᠠᠯᠲᠠ ᠲᠠᠯᠪᠢᠬᠤ ᠪᠠ ᠬᠡᠷᠡᠭᠵᠢᠭᠦᠯᠬᠦ ᠳᠤ ᠣᠷᠣᠯᠴᠠᠬᠤ ᠶᠢ ᠵᠣᠷᠢᠭᠵᠢᠭᠤᠯᠵᠤ᠂ ᠬᠠᠮᠳᠣ ᠪᠠᠷ ᠪᠠᠶᠢᠭᠤᠯᠵᠤ ᠬᠠᠮᠲᠤ ᠪᠠᠷ ᠵᠠᠰᠠᠬᠤ ᠳᠤᠮᠳᠠ ᠬᠠᠮᠲᠤ ᠪᠠᠷ ᠬᠤᠪᠢᠶᠠᠯᠴᠠᠬᠤ ᠶᠢ ᠪᠡᠶᠡᠯᠡᠭᠦᠯᠦᠨ᠎ᠡ᠃       ︵ᠳᠦᠷᠪᠡ︶ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠬᠤ ᠬᠡᠷᠡᠭᠲᠡᠶ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠨᠢᠭᠲᠠ ᠬᠠᠮᠵᠢᠯᠴᠠᠵᠤ᠂ ᠳᠦᠷᠢᠮᠵᠢᠬᠦᠯᠦᠨ ᠬᠠᠮᠢᠶᠠᠷᠬᠤ ᠬᠡᠷᠡᠭᠲᠡᠶ᠃ ᠬᠡᠷᠡᠭᠵᠢᠭᠦᠯᠬᠦ ᠲᠥᠰᠦᠯ ᠪᠤᠶᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠰᠢᠮᠳᠠᠭᠤᠯᠤᠨ ᠪᠠᠶᠢᠴᠠᠭᠠᠯᠳᠠ ᠬᠢᠨᠠᠨ ᠵᠢᠯᠣᠭᠤᠳᠣᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠳᠠᠶᠢᠵᠢᠭᠤᠯᠣᠨ᠂ ᠣᠷᠣᠭᠤᠯᠤᠯᠲᠠ ᠶᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠦᠢᠯᠡᠴᠢᠯᠡᠭᠡ ᠶᠢ ᠪᠣᠳᠠᠲᠠᠶᠢᠵᠢᠭᠤᠯᠬᠤ ᠶᠢ ᠪᠠᠲᠤᠯᠠᠵᠤ᠂ ᠶᠠᠪᠣᠭᠤᠯ ᠬᠤᠳᠠᠯᠳᠤᠭᠠᠴᠢᠨ ᠤ ᠡᠵᠡᠩᠨᠡᠯᠲᠡ ᠬᠢᠬᠦ ᠳᠤᠨᠢ ᠳᠥᠭᠦᠮ ᠨᠥᠬᠦᠴᠡᠯ ᠪᠦᠷᠢᠯᠳᠦᠭᠦᠯᠵᠦ᠂ ︽ᠳᠡᠯᠬᠡᠨ ᠬᠤᠳᠠᠯᠳᠣᠭᠠᠯᠠᠬᠤ ᠠᠵᠤ ᠠᠬᠤᠶ︾ ᠶᠢᠨ ᠬᠥᠭᠵᠢᠯᠲᠡ ᠶᠢ ᠡᠮᠬᠢ ᠵᠢᠷᠤᠮ ᠲᠠᠢ ᠠᠬᠢᠭᠤᠯᠣᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号