ᠠᠯᠠᠱᠠ ᠠᠶᠢᠮᠠᠭ ᠤᠨ 2020 ᠤᠨ ᠤ ᠤᠯᠤᠰ ᠤᠨ ᠰᠢᠯᠭᠠᠯᠳᠠ ᠶᠢᠨ ᠲᠤᠬᠠᠢ ᠲᠤᠳᠤᠨᠤ ᠰᠠᠨᠠᠭᠤᠯᠤᠮᠵᠢ
ᠨᠡᠶᠢᠲᠡᠯᠡᠭᠰᠡᠨ ᠴᠠᠭ᠄
2020/7/2
     2020 ᠤᠨ ᠤ ᠤᠯᠤᠰ ᠤᠨ ᠰᠢᠯᠭᠠᠯᠳᠠ 7 ᠰᠠᠷ᠎ᠠ ᠶᠢᠨ 7 ᠤ ᠡᠳᠦᠷ ᠠᠴᠠ 9 ᠤ ᠡᠳᠦᠷ ᠪᠤᠯᠳᠠᠯ᠎ᠠ ᠶᠠᠪᠤᠠᠠᠳᠠᠨ᠎ᠠ᠃ ᠦᠷᠬᠡᠨ ᠤᠯᠠᠨ ᠰᠢᠯᠭᠠᠭᠤᠯᠤᠬᠰᠠᠳ ᠤᠨ ᠠᠮᠤᠷ ᠲᠦᠪᠰᠢᠨ᠂ ᠤᠷᠤᠬᠰᠢᠳᠠᠢ ᠪᠠᠷ ᠰᠢᠯᠭᠠᠯᠳᠠ ᠳᠤ ᠤᠷᠤᠯᠴᠠᠬᠤ ᠶᠢ ᠲᠤᠰᠠᠯᠠᠬᠤ ᠪᠠᠷ᠂ ᠠᠯᠠᠱᠠ ᠠᠶᠢᠮᠠᠭ ᠤᠨ ᠰᠤᠷᠭᠠᠨ ᠬᠦᠮᠦᠵᠢᠯ ᠪᠠᠶ᠎ᠠ ᠶᠢᠨ ᠲᠠᠮᠢᠷ ᠤᠨ ᠲᠤᠪᠴᠢᠶ᠎ᠠ ᠠᠴᠠ ᠤᠯᠤᠰ ᠤᠨ ᠰᠢᠯᠭᠠᠯᠳᠠ ᠳᠤ ᠬᠤᠯᠪᠤᠬᠳᠠᠬᠤ ᠠᠩᠬᠠᠷᠬᠤ ᠴᠢᠬᠤᠯᠠᠳᠠᠢ ᠵᠦᠢᠯ ᠤᠨ ᠲᠤᠬᠠᠢ ᠰᠢᠯᠭᠠᠭᠤᠯᠤᠬᠰᠠᠳ ᠪᠠ ᠨᠡᠶᠢᠬᠡᠮ ᠤᠨ ᠡᠯ᠎ᠠ ᠡᠳᠡᠭᠡᠳ ᠲᠤ ᠲᠤᠤᠷᠡᠬᠢ ᠬᠡᠳᠦᠨ ᠰᠠᠨᠠᠭᠤᠯᠤᠮᠵᠢ ᠦᠭᠴᠤ ᠪᠠᠶᠢᠨ᠎ᠠ᠄      ᠨᠢᠬᠡ᠂ ᠠᠩᠬᠠᠷᠬᠤ ᠴᠢᠬᠤᠯᠠᠳᠠᠢ ᠵᠦᠢᠯ      ︵ᠨᠢᠬᠡ︶ ᠬᠢᠵᠢᠭ ᠢ ᠰᠡᠷᠬᠡᠶᠢᠯᠡᠨ ᠡᠵᠡᠮᠳᠡᠬᠦ ᠪᠤᠯ ᠤᠷᠢᠳᠠᠯ    1. ᠰᠢᠯᠭᠠᠯᠳᠠ ᠠᠴᠠ ᠡᠮᠦᠨᠡᠬᠢ 14 ᠡᠳᠦᠷ᠂ ᠰᠢᠯᠭᠠᠭᠤᠯᠤᠬᠴᠢ ᠰᠢᠯᠭᠠᠯᠳᠠ ᠬᠢᠬᠦ ᠭᠠᠵᠠᠷ ᠤᠷᠤᠨ ᠠᠴᠠ ᠪᠠᠨ ᠭᠠᠳᠠᠬᠰᠢ ᠭᠠᠷᠬᠤ ᠦᠬᠡᠢ᠂ ᠭᠠᠳᠠᠨ᠎ᠠ ᠤᠷᠤᠨ ᠳᠤ ᠪᠠᠶᠢᠭ᠎ᠠ ᠰᠢᠯᠭᠠᠭᠤᠯᠤᠬᠴᠢ ᠰᠢᠯᠭᠠᠯᠳᠠ ᠬᠢᠬᠦ ᠭᠠᠵᠠᠷ ᠤᠷᠤᠨ ᠳᠠᠭᠠᠨ ᠪᠤᠴᠠᠨ ᠢᠷᠡᠭᠰᠡᠨ ᠪᠠᠶᠢᠬᠤ ᠬᠡᠷᠡᠭᠳᠡᠢ ᠮᠦᠷᠳᠡᠬᠡᠨ ᠬᠢᠵᠢᠭ ᠢ ᠰᠡᠷᠬᠡᠶᠢᠯᠡᠨ ᠡᠵᠡᠮᠳᠡᠬᠦ ᠱᠠᠭᠠᠷᠳᠠᠯᠭ᠎ᠠ ᠪᠠᠷ ᠲᠦᠭᠰᠢᠬᠦᠷᠢ ᠶᠢᠨ ᠪᠠᠶᠢᠴᠠᠭᠠᠯᠳᠠ ᠶᠢ ᠪᠡᠶᠡᠯᠡᠬᠦᠯᠬᠦ ᠬᠡᠷᠡᠭᠳᠡᠢ᠃ ᠭᠠᠳᠠᠬᠰᠢ ᠭᠠᠷᠬᠤ ᠪᠠᠨ ᠪᠠᠭᠠᠰᠬᠠᠵᠤ᠂ ᠬᠡᠷ ᠲᠡᠭᠡᠨ ᠰᠠᠭᠤᠬᠤ ᠪᠤᠶᠤ ᠬᠡᠷ ᠰᠤᠷᠭᠠᠭᠤᠯᠢ ᠬᠤᠶᠠᠷ ᠴᠡᠭ ᠨᠢᠬᠡ ᠱᠤᠭᠤᠮ ᠤᠨ ᠪᠠᠶᠢᠳᠠᠯ ᠢ ᠪᠠᠳᠤᠯᠠᠨ᠂ ᠬᠦᠮᠦᠨ ᠬᠠᠷ᠎ᠠ ᠴᠤᠬᠯᠠᠷᠠᠬᠰᠠᠨ ᠲᠠᠯᠠᠪᠠᠢ ᠳᠤ ᠤᠴᠢᠬᠤ ᠦᠬᠡᠢ᠃ ᠰᠢᠯᠭᠠᠭᠤᠯᠤᠬᠴᠢ᠂ ᠬᠡᠷ ᠤᠨ ᠠᠬᠠᠮᠠᠳ ᠵᠢᠴᠢ ᠪᠠᠭᠰᠢ ᠬᠢᠯᠢ ᠶᠢᠨ ᠭᠠᠳᠠᠨ᠎ᠠ ᠠᠴᠠ ᠤᠷᠤᠵᠤ ᠢᠷᠡᠭᠰᠡᠨ ᠪᠤᠶᠤ ᠬᠢᠵᠢᠭ ᠤᠨ ᠲᠦᠭᠰᠢᠬᠦᠷᠢ ᠶᠢᠨ ᠲᠤᠮᠳᠠ᠂ ᠦᠨᠳᠦᠷ ᠲᠡᠰ ᠤᠨ ᠭᠠᠵᠠᠷ ᠤᠷᠤᠨ ᠠᠴᠠ ᠮᠠᠨ ᠤ ᠠᠶᠢᠮᠠᠭ ᠲᠤ ᠢᠷᠡᠭᠰᠡᠨ ᠬᠦᠮᠦᠨ ᠲᠠᠢ ᠠᠭᠤᠯᠵᠠᠬᠤ ᠦᠬᠡᠢ᠂ ᠪᠠᠶ᠎ᠠ ᠶᠢᠨ ᠡᠷᠡᠬᠦᠯ ᠮᠠᠨᠳᠤ ᠪᠠᠨ ᠠᠩᠬᠠᠷᠤᠨ᠂ ᠦᠪᠡᠷ ᠤᠨ ᠪᠠᠶ᠎ᠠ ᠪᠠᠨ ᠰᠠᠶᠢᠳᠤᠷ ᠬᠠᠮᠠᠭᠠᠯᠠᠬᠤ ᠬᠡᠷᠡᠭᠳᠡᠢ᠃      2. 6 ᠰᠠᠷ᠎ᠠ ᠶᠢᠨ 23 ᠤ ᠡᠳᠦᠷ ᠠᠴᠠ ᠡᠬᠢᠯᠡᠨ᠂ ᠰᠢᠯᠭᠠᠭᠤᠯᠤᠬᠴᠢ ᠡᠳᠦᠷ ᠪᠦᠷᠢ ᠪᠠᠶ᠎ᠠ ᠶᠢᠨ ᠳᠣᠯᠠᠭᠠᠨ ᠢᠶᠠᠨ ᠬᠡᠮᠵᠢᠵᠤ᠂ ︽2020 ᠤᠨ ᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠩ ᠤᠨ ᠶᠡᠭᠡ ᠲᠡᠬᠡᠳᠦ ᠰᠤᠷᠭᠠᠭᠤᠯᠢ ᠶᠢᠨ ᠰᠤᠷᠤᠬᠴᠢ ᠡᠯᠰᠡᠬᠦ ᠤᠯᠤᠰ ᠤᠨ ᠨᠢᠬᠡᠳᠦᠯᠳᠡᠢ ᠰᠢᠯᠭᠠᠯᠳᠠ ᠶᠢᠨ ᠰᠢᠯᠭᠠᠭᠤᠯᠤᠬᠴᠢ ᠠᠮᠤᠷ ᠲᠦᠪᠰᠢᠨ ᠢᠶᠠᠷ ᠰᠢᠯᠭᠠᠬᠤ ᠠᠮᠠᠯᠠᠯᠳᠠ ᠶᠢᠨ ᠪᠢᠴᠢᠭ︾ ᠢ ᠲᠠᠬᠯᠠᠨ ᠰᠤᠷᠭᠠᠭᠤᠯᠢ ᠳᠠᠭᠠᠨ ᠲᠤᠰᠢᠶᠠᠨ᠎ᠠ᠃ ᠰᠢᠯᠭᠠᠯᠳᠠ ᠶᠢᠨ ᠬᠤᠭᠤᠴᠠᠭᠠᠨ ᠳᠤ ᠰᠢᠯᠭᠠᠯᠳᠠ ᠶᠢᠨ ᠴᠡᠭ ᠤᠨ ᠬᠢᠵᠢᠭ ᠢ ᠰᠡᠷᠬᠡᠶᠢᠯᠡᠬᠦ ᠡᠯ᠎ᠠ ᠲᠦᠷᠦᠯ ᠤᠨ ᠱᠠᠭᠠᠷᠳᠠᠯᠭ᠎ᠠ ᠶᠢ ᠬᠦᠢᠴᠡᠳᠭᠡᠵᠤ᠂ ᠰᠢᠯᠭᠠᠯᠳᠠ ᠶᠢᠨ ᠠᠵᠢᠯᠳᠠᠨ ᠪᠠ ᠬᠢᠵᠢᠭ ᠢ ᠰᠡᠷᠬᠡᠶᠢᠯᠡᠬᠦ ᠠᠵᠢᠯᠳᠠᠨ ᠤ ᠲᠤᠬᠢᠷᠠᠭᠤᠯᠭ᠎ᠠ ᠶᠢ ᠲᠠᠭᠠᠨ᠎ᠠ᠃      3. ᠰᠢᠯᠭᠠᠭᠤᠯᠤᠬᠴᠢ ᠠᠮᠠᠪᠴᠢ ︵ᠨᠢᠬᠡᠯᠡ ᠤᠳᠠᠭ᠎ᠠ ᠬᠡᠷᠡᠭᠯᠡᠬᠦ ᠡᠮᠴᠢᠯᠡᠬᠡᠨ ᠤ ᠠᠮᠠᠪᠴᠢ ᠪᠤᠶᠤ ᠡᠮᠴᠢᠯᠡᠬᠡᠨ ᠤ ᠭᠠᠳᠠᠷ ᠰᠠᠯᠠᠭ᠎ᠠ ᠶᠢᠨ ᠬᠡᠷᠡᠭᠯᠡᠬᠦ ᠠᠮᠠᠪᠴᠢ︶᠂ ᠪᠡᠬᠡᠯᠡᠢ᠂ ᠴᠠᠭᠠᠰᠤ᠂ ᠭᠠᠷ ᠠᠷᠢᠭᠤᠳᠬᠠᠬᠤ ᠰᠢᠩᠬᠡᠨ ᠵᠡᠷᠭᠡ ᠬᠠᠮᠠᠭᠠᠯᠠᠬᠤ ᠡᠳ᠋ ᠪᠤᠳᠠᠰ ᠢᠶᠠᠨ ᠤᠷᠢᠳᠴᠢᠯᠠᠨ ᠪᠡᠯᠡᠳᠭᠡᠬᠦ ᠴᠢᠬᠤᠯᠠᠳᠠᠢ᠃ ᠬᠡᠷᠪᠡ ᠬᠤᠪᠢ ᠶᠢᠨ ᠲᠡᠷᠬᠡ ᠪᠠᠷ᠂ ᠶᠠᠪᠠᠭᠠᠨ ᠢᠶᠠᠷ ᠪᠤᠶᠤ ᠲᠤᠭᠤᠢ ᠤᠨᠤᠵᠤ ᠰᠢᠯᠭᠠᠯᠳᠠ ᠶᠢᠨ ᠴᠡᠭ ᠲᠤ ᠬᠦᠷᠬᠦ ᠪᠠᠷ ᠪᠤᠯ ᠰᠢᠯᠭᠠᠭᠤᠯᠤᠬᠴᠢ ᠠᠮᠠᠪᠴᠢ ᠵᠡᠬᠦᠬᠦ ᠡᠰᠡᠬᠦ ᠪᠠᠨ ᠦᠪᠡᠷ ᠢᠶᠠᠨ ᠲᠤᠬᠳᠠᠭᠠᠨ᠎ᠠ︔ ᠬᠡᠷᠪᠡ ᠲᠦᠷᠢᠶᠠᠰᠦᠨ ᠮᠠᠰᠢᠨ ᠲᠡᠷᠬᠡ ᠪᠤᠶᠤ ᠰᠦᠯᠵᠢᠶ᠎ᠠ ᠪᠠᠷ ᠪᠤᠯᠵᠤᠬᠰᠠᠨ ᠲᠡᠷᠬᠡᠨ ᠳᠤ ᠰᠠᠭᠤᠵᠤ ᠰᠢᠯᠭᠠᠯᠳᠠ ᠶᠢᠨ ᠴᠢᠭ ᠲᠤ ᠤᠴᠢᠬᠤ ᠳᠤ ᠬᠦᠷᠪᠠᠯ᠂ ᠲᠡᠷᠬᠡ ᠪᠠᠨ ᠤᠷᠢᠳᠠᠪᠠᠷ ᠪᠤᠯᠵᠤᠵᠤ᠂ ᠲᠡᠷᠬᠡᠨ ᠳᠤ ᠰᠠᠭᠤᠬᠤ ᠳᠠᠭᠠᠨ ᠠᠷᠤ ᠶᠢᠨ ᠰᠠᠭᠤᠳᠠᠯ ᠳᠤ ᠰᠠᠭᠤᠨ ᠠᠮᠠᠪᠴᠢ ᠪᠠᠨ ᠵᠡᠬᠦᠵᠤ᠂ ᠲᠡᠷᠬᠡᠨ ᠠᠴᠠ ᠪᠠᠭᠤᠪᠠᠯ ᠭᠠᠷ ᠢᠶᠠᠨ ᠠᠷᠢᠭᠤᠳᠬᠠᠨ᠎ᠠ︔ ᠬᠡᠷᠪᠡ ᠨᠠᠶᠢᠳᠠ ᠶᠢᠨ ᠮᠠᠰᠢᠨ ᠲᠡᠷᠬᠡᠨ ᠳᠤ ᠰᠠᠭᠤᠵᠤ ᠰᠢᠯᠭᠠᠯᠳᠠ ᠶᠢᠨ ᠴᠡᠭ ᠲᠤ ᠤᠴᠢᠬᠤ ᠳᠤ ᠬᠦᠷᠪᠠᠯ᠂ ᠪᠦᠬᠦ ᠶᠠᠪᠤᠴᠠ ᠳᠤ ᠠᠮᠠᠪᠴᠢ ᠪᠠᠨ ᠵᠡᠬᠦᠵᠤ᠂ ᠨᠢᠬᠡᠯᠡ ᠤᠳᠠᠭ᠎ᠠ ᠬᠡᠷᠡᠭᠯᠡᠬᠦ ᠪᠡᠬᠡᠯᠡᠢ ᠵᠡᠬᠦᠵᠤ ᠭᠠᠷ ᠤᠨ ᠠᠷᠢᠭᠤᠳᠬᠠᠯ ᠬᠢᠵᠤ᠂ ᠵᠠᠮ ᠳᠠᠭᠠᠨ ᠪᠤᠰᠤᠳ ᠵᠦᠢᠯ ᠲᠠᠢ ᠬᠦᠷᠦᠯᠴᠡᠬᠦ ᠠᠴᠠ ᠵᠠᠶᠢᠯᠠᠰᠬᠢᠨ᠂ ᠪᠤᠰᠤᠳ ᠠᠶᠠᠨᠴᠢᠳ ᠲᠠᠢ ᠠᠮᠤᠷ ᠲᠦᠪᠰᠢᠨ ᠤ ᠵᠠᠢ ᠶᠢ ᠪᠠᠳᠤᠯᠠᠨ᠎ᠠ᠃      4. ᠰᠢᠯᠭᠠᠭᠤᠯᠤᠬᠴᠢ ᠰᠢᠯᠭᠠᠯᠳᠠ ᠶᠢᠨ ᠴᠡᠭ ᠲᠤ ᠤᠷᠤᠬᠤ ᠳᠠᠭᠠᠨ ᠠᠮᠠᠪᠴᠢ ᠪᠠᠨ ᠵᠡᠬᠦᠵᠤ᠂ ᠪᠤᠰᠤᠳ ᠰᠢᠯᠭᠠᠭᠤᠯᠤᠬᠴᠢ ᠲᠠᠢ 1 ᠮᠧᠲᠷ ᠤᠨ ᠵᠠᠢ ᠶᠢ ᠪᠠᠳᠤᠯᠠᠵᠤ᠂ ᠪᠠᠶ᠎ᠠ ᠶᠢᠨ ᠳᠣᠯᠠᠭᠠᠨ ᠢᠶᠠᠨ ᠬᠡᠮᠵᠢᠬᠦᠯᠤᠨ ᠰᠢᠯᠭᠠᠯᠳᠠ ᠶᠢᠨ ᠲᠠᠯᠠᠪᠠᠢ ᠳᠤ ᠤᠷᠤᠬᠰᠠᠨ ᠤ ᠲᠠᠷᠠᠭ᠎ᠠ ᠠᠮᠠᠪᠴᠢ ᠵᠡᠬᠦᠬᠦ ᠡᠰᠡᠬᠦ ᠪᠠᠨ ᠦᠪᠡᠷ ᠢᠶᠠᠨ ᠲᠤᠬᠳᠠᠭᠠᠨ᠎ᠠ᠃ ᠰᠢᠯᠭᠠᠭᠤᠯᠤᠬᠴᠢ ᠰᠢᠯᠭᠠᠵᠤ ᠪᠠᠶᠢᠭ᠎ᠠ ᠬᠤᠭᠤᠴᠠᠭᠠᠨ ᠳᠤ ᠬᠠᠯᠠᠭᠤᠷᠠᠬᠤ᠂ ᠬᠠᠨᠢᠶᠠᠬᠤ ᠪᠠᠶᠢᠳᠠᠯ ᠢᠯᠡᠷᠡᠪᠡᠯ᠂ ᠲᠠᠷᠠ ᠲᠠᠷᠤᠢ ᠳᠤᠨᠢ ᠬᠢᠨᠠᠬᠴᠢ ᠪᠠᠭᠰᠢ ᠳᠤ ᠮᠡᠳᠡᠬᠦᠯᠵᠤ᠂ ᠰᠢᠯᠭᠠᠯᠳᠠ ᠶᠢᠨ ᠴᠡᠭ ᠤᠨ ᠠᠵᠢᠯᠳᠠᠨ ᠤ ᠲᠤᠬᠢᠷᠠᠭᠤᠯᠭ᠎ᠠ ᠶᠢ ᠲᠠᠭᠠᠨ᠎ᠠ᠃      ︵ᠬᠤᠶᠠᠷ︶ ᠰᠢᠯᠭᠠᠯᠳᠠ ᠠᠴᠠ ᠡᠮᠦᠨ᠎ᠠ ᠪᠡᠯᠡᠳᠬᠡᠬᠦ ᠵᠦᠢᠯ     1. ᠰᠢᠯᠭᠠᠭᠤᠯᠤᠬᠴᠢ 6 ᠰᠠᠷ᠎ᠠ ᠶᠢᠨ 22 ᠤᠨ ᠡᠳᠦᠷ ᠤᠯᠤᠰ ᠤᠨ ᠰᠢᠯᠭᠠᠯᠳᠠ ᠶᠢᠨ ᠨᠠᠷ᠎ᠠ ᠮᠡᠳᠡᠬᠦᠯᠬᠦ ᠰᠢᠰᠲ᠋ᠧᠮ ᠳᠤ ᠤᠷᠤᠵᠤ ᠰᠢᠯᠭᠠᠭᠤᠯᠬᠤ ᠦᠨᠡᠮᠯᠡᠯ ᠢᠶᠠᠨ ᠲᠠᠷᠤᠮᠠᠯᠯᠠᠨ ᠠᠪᠬᠤ ᠶᠢᠨ ᠬᠠᠮᠳᠤ ︽ᠰᠢᠯᠭᠠᠭᠤᠯᠤᠭᠴᠢ ᠶᠢᠨ ᠬᠢᠵᠢᠭ ᠢ ᠰᠡᠷᠬᠡᠶᠢᠯᠡᠬᠦ ᠲᠤᠬᠠᠢ ᠵᠡᠪᠡᠯ ᠮᠡᠳᠡᠬᠦ ᠵᠦᠢᠯ︾ ᠪᠠ ︽2020 ᠤᠨ ᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠩ ᠤᠨ ᠶᠡᠭᠡ ᠲᠡᠬᠡᠳᠦ ᠰᠤᠷᠭᠠᠭᠤᠯᠢ ᠶᠢᠨ ᠰᠤᠷᠤᠬᠴᠢ ᠡᠯᠰᠡᠬᠦ ᠤᠯᠤᠰ ᠤᠨ ᠨᠢᠬᠡᠳᠦᠯᠳᠡᠢ ᠰᠢᠯᠭᠠᠯᠳᠠ ᠶᠢᠨ ᠰᠢᠯᠭᠠᠭᠤᠯᠤᠬᠴᠢ ᠠᠮᠤᠷ ᠲᠦᠪᠰᠢᠨ ᠢᠶᠠᠷ ᠰᠢᠯᠭᠠᠬᠤ ᠠᠮᠠᠯᠠᠯᠳᠠ ᠶᠢᠨ ᠪᠢᠴᠢᠭ︾ ᠢ ᠲᠠᠷᠤᠮᠠᠯᠯᠠᠨ ᠠᠪᠤᠨ᠎ᠠ᠂ ᠰᠢᠯᠭᠠᠭᠤᠯᠤᠬᠴᠢ ᠰᠢᠯᠭᠠᠭᠤᠯᠬᠤ ᠲᠡᠮᠳᠡᠭ ᠪᠠ ᠬᠤᠶᠠᠳᠤᠭᠠᠷ ᠦᠶ᠎ᠠ ᠶᠢᠨ ᠪᠠᠶ᠎ᠠ ᠶᠢᠨ ᠦᠨᠠᠮᠯᠠᠯ ᠢᠶᠠᠨ ᠠᠪᠴᠤ ᠰᠢᠯᠭᠠᠯᠳᠠ ᠶᠢᠨ ᠲᠠᠯᠠᠪᠠᠢ ᠳᠤ ᠤᠷᠤᠨ᠎ᠠ᠃ ᠰᠢᠯᠭᠠᠭᠤᠯᠤᠬᠴᠢ ᠰᠢᠯᠭᠠᠭᠤᠯᠬᠤ ᠲᠡᠮᠳᠡᠭ ᠢᠶᠠᠨ ᠤᠯᠤᠬᠰᠠᠨ ᠤ ᠲᠠᠷᠠᠭ᠎ᠠ᠂ ᠰᠢᠯᠭᠠᠭᠤᠯᠬᠤ ᠲᠡᠮᠳᠡᠭ ᠤᠨ ᠠᠷᠤ ᠲᠠᠯ᠎ᠠ ᠶᠢᠨ ︽ᠰᠢᠯᠭᠠᠭᠤᠯᠤᠬᠴᠢ ᠶᠢᠨ ᠰᠠᠬᠢᠯᠭ᠎ᠠ ᠲᠦᠷᠢᠮ︾ ᠢ ᠬᠢᠨᠠᠮᠠᠭᠠᠢ ᠤᠡᠭᠰᠢᠵᠤ᠂ ᠬᠠᠮᠢᠶ᠎ᠠ ᠪᠦᠬᠦᠢ ᠲᠤᠬᠳᠠᠭᠠᠯ ᠪᠠ ᠱᠠᠭᠠᠷᠳᠠᠯᠭ᠎ᠠ ᠶᠢ ᠤᠢᠢᠯᠠᠭᠠᠨ᠂ ᠰᠢᠯᠭᠠᠬᠤ ᠴᠠᠭ᠂ ᠰᠢᠯᠭᠠᠬᠤ ᠭᠠᠵᠠᠷ ᠵᠡᠷᠭᠡ ᠮᠡᠳᠡᠭᠡ ᠵᠠᠩᠬᠢ ᠶᠢ ᠵᠦᠪ ᠡᠵᠡᠮᠰᠢᠭᠰᠡᠨ ᠪᠠᠶᠢᠬᠤ ᠬᠡᠷᠡᠭᠳᠡᠢ᠃     2. ᠰᠢᠯᠭᠠᠭᠤᠯᠤᠬᠴᠢ 7 ᠰᠠᠷ᠎ᠠ ᠶᠢᠨ 6 ᠤ ᠡᠳᠦᠷ ᠤᠨ ᠦᠳᠠ ᠶᠢᠨ ᠬᠤᠶᠢᠨ᠎ᠠ ᠦᠪᠡᠷ ᠤᠨ ᠰᠢᠯᠭᠠᠬᠤ ᠴᠡᠭ ᠲᠡᠭᠡᠨ ᠤᠴᠢᠵᠤ᠂ ᠰᠢᠯᠭᠠᠬᠤ ᠴᠡᠭ ᠪᠠ ᠰᠢᠯᠭᠠᠯᠳᠠ ᠶᠢᠨ ᠲᠠᠯᠠᠪᠠᠢ ᠶᠢᠨ ᠤᠷᠤᠨ ᠪᠠᠶᠢᠷᠢ ︵ᠬᠢᠵᠢᠭ ᠢ ᠰᠡᠷᠬᠡᠶᠢᠯᠡᠨ ᠡᠵᠡᠮᠳᠡᠬᠦ ᠱᠠᠭᠠᠷᠳᠠᠯᠭ᠎ᠠ ᠠᠴᠠ ᠪᠤᠯᠵᠤ᠂ ᠰᠢᠯᠭᠠᠯᠳᠠ ᠶᠢᠨ ᠴᠡᠭ ᠢᠶᠠᠷ ᠲᠤᠭᠤᠷᠢᠨ ᠦᠵᠡᠬᠦ ᠳᠡᠭᠡᠨ ᠰᠢᠯᠭᠠᠯᠳᠠ ᠶᠢᠨ ᠲᠠᠯᠠᠪᠠᠢ ᠲᠤᠬᠢᠷᠠᠭᠤᠯᠤᠬᠰᠠᠨ ᠵᠢᠭᠠᠨ ᠰᠤᠷᠭᠠᠬᠤ ᠠᠰᠠᠷ ᠲᠤ ᠤᠷᠤᠵᠤ ᠪᠤᠯᠬᠤ ᠦᠬᠡᠢ︶ ᠪᠠᠨ ᠮᠡᠳᠡᠵᠤ ᠠᠪᠴᠤ ᠪᠤᠯᠤᠨ᠎ᠠ᠃     3. ᠰᠢᠯᠭᠠᠭᠤᠯᠤᠬᠴᠢ ᠰᠢᠯᠭᠠᠬᠤ ᠡᠳᠦᠷ ᠤᠨ ᠶᠠᠪᠤᠵᠤ ᠰᠠᠭᠤᠬᠤ ᠬᠡᠯᠪᠡᠷᠢ ᠪᠠ ᠵᠠᠮ ᠱᠤᠭᠤᠮ ᠢᠶᠠᠨ ᠵᠤᠬᠢᠰᠳᠠᠢ ᠲᠤᠬᠢᠷᠠᠭᠤᠯᠵᠤ᠂ ᠴᠠᠭ ᠠᠭᠠᠷ ᠤᠨ ᠬᠤᠪᠢᠷᠠᠯᠳᠠ᠂ ᠵᠠᠮ ᠤᠨ ᠲᠦᠭᠵᠢᠷᠡᠯ ᠵᠡᠷᠭᠡ ᠰᠢᠯᠳᠠᠭᠠᠨ ᠠᠴᠠ ᠪᠤᠯᠵᠤ ᠰᠢᠯᠭᠠᠯᠳᠠ ᠠᠴᠠ ᠬᠤᠴᠤᠷᠬᠤ ᠠᠴᠠ ᠵᠠᠶᠢᠯᠠᠰᠬᠢᠨ᠎ᠠ᠃ ᠰᠢᠯᠭᠠᠭᠤᠯᠤᠬᠴᠢ ᠵᠡᠪᠡᠯ ᠰᠢᠯᠭᠠᠯᠳᠠ ᠡᠬᠢᠯᠡᠬᠦ ᠠᠴᠠ ᠡᠮᠦᠨ᠎ᠠ 30 ᠮᠢᠨᠦ᠋ᠲ ᠲᠤ ᠰᠢᠯᠭᠠᠯᠳᠠ ᠶᠢᠨ ᠴᠡᠭ ᠲᠤ ᠬᠦᠷᠬᠦ ᠬᠡᠷᠡᠭᠳᠡᠢ᠂ 15 ᠮᠢᠨᠦ᠋ᠲ ᠤᠰᠤᠯᠳᠤᠪᠠᠯ ᠰᠢᠯᠭᠠᠯᠳᠠ ᠳᠤ ᠤᠷᠤᠯᠴᠠᠵᠤ ᠲᠠᠶᠢᠯᠬᠦ ᠦᠬᠡᠢ ᠪᠤᠯᠤᠨ᠎ᠠ᠃     4. ᠰᠢᠯᠭᠠᠭᠤᠯᠤᠬᠴᠢ ᠰᠢᠯᠭᠠᠯᠳᠠ ᠠᠴᠠ ᠡᠮᠦᠨ᠎ᠠ ᠤᠨᠳᠠᠵᠤ ᠠᠮᠠᠷᠠᠬᠤ᠂ ᠢᠳᠡᠵᠤ ᠤᠤᠭᠤᠬᠤ ᠪᠠᠨ ᠰᠠᠶᠢᠳᠤᠷ ᠵᠤᠬᠢᠴᠠᠭᠤᠯᠤᠨ᠂ ᠬᠡᠳᠦᠷᠡᠳᠡᠯ᠎ᠠ ᠢᠳᠡᠵᠤ ᠤᠤᠭᠤᠬᠤ ᠦᠬᠡᠢ᠂ ᠠᠷᠢᠭᠤᠨ ᠴᠠᠪᠠᠷ ᠤᠨ ᠪᠠᠳᠤᠯᠠᠭ᠎ᠠ ᠦᠬᠡᠢ ᠢᠳᠡᠬᠡᠨ ᠢᠳᠡᠬᠦ ᠦᠬᠡᠢ᠃     ︵ᠭᠤᠷᠪᠠ︶ ᠬᠠᠤᠯᠢ ᠲᠤᠬᠳᠠᠭᠠᠯ ᠰᠠᠬᠢᠯᠭ᠎ᠠ ᠲᠦᠷᠢᠮ ᠤᠨ ᠲᠤᠬᠠᠢ     1. ᠰᠢᠯᠭᠠᠯᠳᠠ ᠶᠢᠨ ᠬᠤᠭᠤᠴᠠᠭᠠᠨ ᠳᠤ᠂ ᠪᠦᠬᠦ ᠰᠢᠯᠭᠠᠯᠳᠠ ᠶᠢᠨ ᠲᠠᠯᠠᠪᠠᠢ ᠳᠤ ᠡᠯᠧᠺᠲᠷᠤᠨ ᠬᠢᠨᠠᠨ ᠡᠵᠡᠮᠳᠡᠬᠦ᠂ ᠲᠤᠬᠢᠶ᠎ᠠ ᠬᠠᠭᠠᠬᠴᠢ᠂ ᠲᠡᠮᠦᠷᠯᠢᠭ ᠬᠠᠶᠢᠭᠤᠷ ᠵᠡᠷᠭᠡ ᠲᠦᠬᠦᠬᠡᠷᠦᠮᠵᠢ ᠶᠢ ᠬᠡᠷᠡᠭᠯᠡᠨ᠎ᠠ᠃ ᠰᠢᠯᠭᠠᠭᠤᠯᠤᠬᠴᠢ ᠰᠢᠯᠭᠠᠯᠳᠠ ᠶᠢᠨ ᠲᠠᠯᠠᠪᠠᠢ ᠳᠤ ᠤᠷᠤᠬᠤ ᠠᠴᠠ ᠪᠠᠨ ᠡᠮᠦᠨ᠎ᠠ ᠦᠪᠡᠷ ᠢᠶᠠᠨ ᠰᠠᠶᠢᠳᠤᠷ ᠪᠠᠶᠢᠴᠠᠭᠠᠵᠤ᠂ ᠲᠦᠷᠢᠮ ᠳᠤ ᠨᠠᠶᠢᠴᠡᠬᠦ ᠦᠬᠡᠢ ᠡᠳ᠋ ᠪᠤᠳᠠᠰ ᠢᠶᠠᠨ ᠲᠤᠬᠢᠳᠠᠢ ᠬᠠᠳᠠᠭᠠᠯᠠᠵᠤ ᠲᠠᠯᠪᠢᠨ᠎ᠠ᠃ ᠪᠦᠬᠡᠵᠢ᠂ ᠡᠬᠡᠮᠦᠭ᠂ ᠰᠤᠨᠳᠤᠷ ᠵᠡᠷᠭᠡ ᠶᠢ ᠵᠡᠬᠦᠬᠦ ᠦᠬᠡᠢ᠂ ᠲᠠᠮᠦᠷᠯᠢᠭ ᠴᠢᠮᠡᠭᠯᠡᠯ ᠲᠠᠢ ᠬᠤᠪᠴᠠᠰᠤ ᠡᠮᠦᠰᠬᠦ ᠦᠬᠡᠢ᠃     2. ᠤᠯᠤᠰ ᠤᠨ ᠰᠢᠯᠭᠠᠯᠳᠠ ᠶᠢᠨ ᠰᠠᠬᠢᠯᠭ᠎ᠠ ᠲᠦᠷᠢᠮ ᠠᠴᠠ ᠵᠦᠷᠢᠴᠡᠭᠰᠡᠳ ᠢ ᠰᠢᠳᠬᠡᠨ ᠲᠤᠷᠭᠠᠬᠤ ᠬᠦᠴᠦᠯᠠᠴᠠ ᠪᠠᠨ ᠴᠢᠩᠭᠠᠷᠠᠭᠤᠯᠵᠤ ᠪᠠᠶᠢᠨ᠎ᠠ᠂ ᠰᠢᠯᠭᠠᠭᠤᠯᠤᠬᠴᠢ ᠡᠯ᠎ᠠ ᠲᠦᠷᠦᠯ ᠤᠨ ᠬᠠᠤᠯᠢ ᠴᠠᠭᠠᠵᠠ ᠰᠠᠬᠢᠯᠭ᠎ᠠ ᠲᠦᠷᠢᠮ ᠢ ᠤᠬᠠᠮᠰᠠᠷ ᠠᠴᠠ ᠪᠠᠨ ᠵᠢᠷᠤᠮᠯᠠᠵᠤ᠂ ᠦᠨᠠᠨᠴᠢ ᠢᠳᠡᠬᠡᠯ ᠲᠠᠢ᠂ ᠠᠮᠤᠷ ᠲᠦᠪᠰᠢᠨ ᠢᠶᠠᠷ ᠰᠢᠯᠭᠠᠯᠳᠠ ᠳᠤ ᠤᠷᠤᠯᠴᠠᠨ᠎ᠠ᠃     3. ᠪᠦᠬᠦ ᠠᠶᠢᠮᠠᠭ ᠤᠨ ᠤᠯᠤᠰ ᠤᠨ ᠰᠢᠯᠭᠠᠯᠳᠠ ᠶᠢᠨ ᠲᠠᠯᠠᠪᠠᠢ ᠶᠢ ᠪᠠᠷᠢᠮᠵᠢᠶᠠᠵᠢᠬᠰᠠᠨ ᠰᠢᠯᠭᠠᠯᠳᠠ ᠶᠢᠨ ᠲᠠᠯᠠᠪᠠᠢ ᠳᠤ ᠲᠤᠬᠢᠷᠠᠭᠤᠯᠵᠤ᠂ ᠰᠢᠯᠭᠠᠯᠳᠠ ᠶᠢᠨ ᠲᠠᠯᠠᠪᠠᠢ ᠶᠢᠨ ᠲᠤᠳᠤᠨ᠎ᠠ ᠭᠠᠳᠠᠨ᠎ᠠ ᠨᠢ ᠪᠦᠷ ᠵᠢᠷᠤᠭ ᠲᠦᠷᠰᠦ ᠰᠢᠩᠬᠡᠬᠡᠬᠦ ᠪᠠ ᠲᠤᠬᠢᠶ᠎ᠠ ᠬᠠᠭᠠᠬᠴᠢ ᠤᠬᠰᠠᠷᠠᠨ᠂ ᠲᠦᠷᠪᠡᠨ ᠱᠠᠳᠤᠨ ᠤ ᠰᠢᠯᠭᠠᠯᠳᠠ ᠶᠢᠨ ᠪᠠᠶᠢᠭᠤᠯᠤᠮᠵᠢ ᠠᠴᠠ ᠰᠢᠯᠭᠠᠯᠳᠠ ᠶᠢᠨ ᠪᠦᠬᠦ ᠶᠠᠪᠤᠴᠠ ᠶᠢ ᠬᠢᠨᠠᠨ ᠡᠵᠡᠮᠳᠡᠬᠦ ᠪᠤᠯᠤᠨ᠎ᠠ᠃ ᠦᠷᠬᠡᠨ ᠤᠯᠠᠨ ᠰᠢᠯᠭᠠᠭᠤᠯᠤᠬᠴᠢ ᠦᠨᠡᠨᠴᠢ ᠢᠳᠡᠬᠡᠯ ᠲᠠᠢ ᠰᠢᠯᠭᠠᠬᠤ ᠤᠬᠠᠮᠰᠠᠷ ᠢ ᠪᠤᠢ ᠪᠤᠯᠭᠠᠨ᠂ ᠰᠢᠯᠭᠠᠯᠳᠠ ᠶᠢᠨ ᠡᠷᠭᠡ ᠲᠡᠭᠰᠢ ᠪᠠᠶᠢᠬᠤ ᠶᠢ ᠤᠬᠠᠮᠰᠠᠷ ᠠᠴᠠ ᠪᠠᠨ ᠬᠠᠮᠠᠭᠠᠯᠠᠨ᠎ᠠ᠃     ᠬᠤᠶᠠᠷ᠂ ᠳᠣᠳᠣᠨᠣ ᠰᠠᠨᠠᠭᠤᠯᠤᠮᠵᠢ     ︵ᠨᠢᠭᠡ︶ ᠦᠨᠦ ᠵᠢᠯ ᠤᠨ ᠤᠯᠤᠰ ᠤᠨ ᠰᠢᠯᠭᠠᠯᠳᠠ ᠶᠢᠨ ᠴᠠᠭ ᠨᠢ ᠶᠠᠭ ᠰᠠᠶᠢᠬᠠᠨ ᠠᠵᠢᠯᠯᠠᠬᠤ ᠡᠳᠦᠷ ᠲᠠᠭᠠᠷᠠᠬᠰᠠᠨ ᠲᠤᠯᠠ᠂ ᠠᠵᠢᠯ ᠳᠠᠭᠠᠨ ᠭᠠᠷᠬᠤ ᠲᠡᠷᠬᠡ ᠮᠠᠰᠢᠨ ᠴᠢᠳᠠᠬᠤ ᠶᠢᠨ ᠲᠤᠳᠤᠷ᠎ᠠ ᠰᠢᠯᠭᠠᠯᠳᠠ ᠶᠢᠨ ᠴᠡᠭ ᠤᠨ ᠤᠢᠢᠷ᠎ᠠ ᠬᠠᠪᠢ ᠶᠢᠨ ᠵᠠᠮ ᠢᠶᠠᠷ ᠶᠠᠪᠤᠬᠤ ᠦᠬᠡᠢ ᠪᠠᠶᠢᠵᠤ᠂ ᠵᠠᠮ ᠬᠠᠷᠢᠯᠴᠠᠭᠠᠨ ᠤ ᠲᠦᠭᠵᠢᠷᠡᠯ ᠢ ᠪᠠᠭᠠᠰᠬᠠᠬᠤ ᠪᠤᠶᠤ ᠴᠠᠭ ᠵᠦᠷᠢᠬᠦᠯᠵᠤ ᠶᠠᠪᠤᠬᠤ ᠶᠢ ᠬᠦᠰᠡᠵᠤ ᠪᠠᠶᠢᠨ᠎ᠠ᠃     ︵ᠬᠤᠶᠠᠷ︶ ᠬᠡᠷ ᠤᠨ ᠠᠬᠠᠮᠠᠳ ᠰᠢᠯᠭᠠᠯᠳᠠ ᠠᠴᠠ ᠡᠮᠦᠨ᠎ᠠ ᠰᠢᠯᠭᠠᠭᠤᠯᠤᠬᠴᠢ ᠶᠢᠨ ᠨᠠᠷᠠᠰᠢᠬᠤ ᠠᠴᠠ ᠰᠡᠷᠬᠡᠶᠢᠯᠡᠬᠦ ᠬᠢᠵᠢᠭ ᠠᠴᠠ ᠰᠡᠷᠬᠡᠶᠢᠯᠡᠬᠦ ᠶᠢ ᠰᠠᠶᠢᠳᠤᠷ ᠵᠢᠭᠠᠨ ᠵᠢᠯᠤᠭᠤᠳᠴᠤ᠂ ᠢᠳᠡᠬᠡᠨ ᠤᠮᠳᠠᠭᠠᠨ ᠤ ᠠᠷᠢᠭᠤᠨ ᠴᠠᠪᠠᠷ ᠢ ᠠᠩᠬᠠᠷᠤᠨ᠂ ᠰᠠᠶᠢᠨ ᠤᠨᠳᠠᠵᠤ ᠠᠮᠠᠷᠠᠬᠤ ᠶᠢ ᠪᠠᠳᠤᠯᠠᠬᠤ ᠬᠡᠷᠡᠭᠳᠡᠢ᠃ ᠰᠢᠯᠭᠠᠯᠳᠠ ᠶᠢᠨ ᠬᠤᠭᠤᠴᠠᠭᠠᠨ ᠳᠤ᠂ ᠬᠡᠷ ᠤᠨ ᠠᠬᠠᠮᠠᠳ ᠰᠢᠯᠭᠠᠯᠳᠠ ᠶᠢᠨ ᠲᠠᠯᠠᠪᠠᠢ ᠶᠢᠨ ᠭᠠᠳᠠᠨ᠎ᠠ ᠪᠦᠬᠡᠮᠨᠠᠷᠠᠵᠤ ᠪᠤᠯᠬᠤ ᠦᠬᠡᠢ᠂ ᠰᠢᠯᠭᠠᠯᠳᠠ ᠶᠢᠨ ᠬᠤᠭᠤᠴᠠᠭᠠᠨ ᠤ ᠴᠠᠭ ᠠᠭᠠᠷ ᠤᠨ ᠬᠤᠪᠢᠷᠠᠯᠳᠠ ᠶᠢᠨ ᠪᠠᠶᠢᠳᠠᠯ ᠢ ᠴᠠᠭ ᠲᠤᠬᠠᠢ ᠳᠤᠨᠢ ᠤᠢᠢᠯᠠᠭᠠᠵᠤ᠂ ᠬᠡᠪ ᠤᠨ ᠪᠤᠰᠤ ᠴᠠᠭ ᠠᠭᠠᠷ ᠤᠨ ᠪᠠᠶᠢᠳᠠᠯ ᠢ ᠠᠷᠭᠠᠴᠠᠭᠠᠬᠤ ᠪᠡᠯᠡᠳᠬᠡᠯ ᠬᠢᠬᠦ ᠬᠡᠷᠡᠭᠳᠡᠢ᠃ ᠬᠡᠷ ᠤᠨ ᠠᠬᠠᠮᠠᠳ ᠲᠡᠷᠬᠡ ᠪᠠᠷᠢᠵᠤ ᠰᠢᠯᠭᠠᠭᠤᠯᠤᠬᠴᠢ ᠪᠠᠨ ᠬᠦᠷᠭᠡᠭᠰᠡᠨ ᠲᠠᠷᠤᠢ ᠳᠤᠨᠢ ᠰᠢᠯᠭᠠᠯᠳᠠ ᠶᠢᠨ ᠴᠡᠭ ᠠᠴᠠ ᠶᠠᠪᠤᠬᠤ ᠬᠡᠷᠡᠭᠳᠡᠢ᠃     ︵ᠭᠤᠷᠪᠠ︶ ᠰᠢᠯᠭᠠᠯᠳᠠ ᠠᠴᠠ ᠡᠮᠦᠨᠡᠬᠢ 10 ᠡᠳᠦᠷ ᠲᠤ᠂ ᠨᠠᠭᠠᠳᠤᠨ ᠴᠠᠩᠬᠡᠬᠦ ᠭᠠᠵᠠᠷ᠂ ᠰᠢᠷᠠᠯᠭ᠎ᠠ ᠱᠤᠷᠤᠯᠠᠭ ᠤᠨ ᠭᠠᠵᠠᠷ ᠡᠵᠡᠩᠨᠡᠯᠳᠡ ᠶᠢᠨ ᠴᠠᠭ ᠢᠶᠠᠨ ᠪᠤᠭᠤᠨᠢᠰᠬᠠᠵᠤ᠂ ᠲᠠᠭᠤ ᠱᠤᠤᠬᠢᠶ᠎ᠠ ᠪᠠᠨ ᠲᠤᠤᠷ᠎ᠠ ᠪᠠᠶᠢᠯᠭᠠᠨ᠂ ᠲᠠᠭᠤ ᠲᠤᠰᠠᠭᠠᠷᠯᠠᠬᠤ ᠲᠦᠬᠦᠬᠡᠷᠦᠮᠵᠢ ᠶᠢ ᠨᠡᠮᠡᠭᠳᠡᠬᠦᠯᠬᠦ ᠬᠡᠷᠡᠭᠳᠡᠢ᠃ 7 ᠰᠠᠷ᠎ᠠ ᠶᠢᠨ 7 ᠤ ᠡᠳᠦᠷ ᠠᠴᠠ 9 ᠤ ᠡᠳᠦᠷ ᠤᠨ ᠬᠤᠭᠤᠴᠠᠭᠠᠨ ᠳᠤ ᠪᠠᠶᠠᠷ ᠪᠠᠯᠪᠠᠰᠤᠷᠠᠯ ᠤᠨ ᠠᠵᠢᠯᠯᠠᠭ᠎ᠠ᠂ ᠲᠡᠯᠬᠡᠬᠦᠷ ᠨᠡᠬᠡᠬᠡᠭᠰᠡᠨ ᠪᠠᠶᠠᠷ ᠤᠨ ᠠᠵᠢᠯᠯᠠᠭ᠎ᠠ ᠵᠡᠷᠭᠡ ᠶᠢ ᠬᠢᠬᠦ ᠳᠡᠭᠡᠨ ᠴᠢᠳᠠᠬᠤ ᠶᠢᠨ ᠲᠤᠳᠤᠷ᠎ᠠ ᠫᠤᠤᠵᠢᠩ ᠲᠠᠯᠪᠢᠬᠤ ᠦᠬᠡᠢ︔ ᠰᠢᠯᠭᠠᠯᠳᠠ ᠶᠢᠨ ᠬᠤᠭᠤᠴᠠᠭᠠᠨ ᠳᠤ ᠪᠠᠷᠢᠯᠭ᠎ᠠ ᠶᠢᠨ ᠭᠠᠵᠠᠷ ᠤᠨ ᠤᠢᠢᠷ᠎ᠠ ᠤᠷᠴᠢᠮ ᠤᠨ 200 ᠮᠧᠲᠷ ᠤᠨ ᠵᠠᠢ ᠳᠤ ᠰᠠᠭᠤᠭᠠᠯᠢ ᠬᠤᠷᠢᠶᠠᠯᠠᠯ ᠲᠠᠢ ᠪᠤᠯ 12᠄ 00 — 15᠄ 00᠂ 22᠄ 00 — ᠲᠠᠷᠠᠭ᠎ᠠ ᠡᠳᠦᠷ ᠤᠨ 6᠄ 00 ᠪᠤᠯᠳᠠᠯ᠎ᠠ ᠪᠠᠷᠢᠯᠭ᠎ᠠ ᠶᠢᠨ ᠠᠵᠢᠯ ᠬᠢᠬᠦ ᠦᠬᠡᠢ︔ ᠰᠢᠯᠭᠠᠯᠳᠠ ᠶᠢᠨ ᠴᠡᠭ ᠤᠨ ᠤᠢᠢᠷ᠎ᠠ ᠬᠠᠪᠢ ᠶᠢᠨ 300 ᠮᠧᠲᠷ ᠲᠤᠳᠤᠷ᠎ᠠ ᠪᠠᠷᠢᠯᠭ᠎ᠠ ᠶᠢᠨ ᠭᠠᠵᠠᠷ ᠪᠠᠶᠢᠪᠠᠯ᠂ ᠰᠢᠯᠭᠠᠯᠳᠠ ᠶᠢᠨ ᠬᠤᠭᠤᠴᠠᠭᠠᠨ ᠳᠤ ᠠᠵᠢᠯ ᠢᠶᠠᠨ ᠲᠦᠷ ᠵᠤᠬᠰᠤᠭᠠᠨ᠎ᠠ᠃     ︵ᠲᠦᠷᠪᠡ︶ ᠤᠯᠤᠰ ᠤᠨ ᠰᠢᠯᠭᠠᠯᠳᠠ ᠶᠢᠨ ᠬᠤᠭᠤᠴᠠᠭᠠᠨ ᠳᠤ᠂ ᠪᠢᠳᠠ ᠵᠠᠮ ᠬᠠᠷᠢᠯᠴᠠᠭᠠᠨ ᠤ ᠰᠠᠯᠠᠭ᠎ᠠ ᠮᠦᠴᠢᠷ ᠲᠠᠢ ᠵᠤᠬᠢᠴᠠᠭᠤᠯᠵᠤ᠂ ᠴᠠᠭᠠᠨ ᠲᠡᠮᠡᠭᠡ᠂ ᠴᠡᠴᠡᠷᠯᠢᠭ᠂ ᠱᠠ ᠮᠦᠸᠧ ᠸᠠᠩ ᠪᠠᠭᠤᠳᠠᠯ᠂ ᠺᠠᠢ ᠶᠤᠸᠠᠨ ᠬᠤᠳᠠᠯᠳᠤᠭᠠᠨ ᠤ ᠭᠠᠵᠠᠷ ᠤᠨ ᠲᠤᠨᠤᠯᠵᠢᠨ ᠵᠠᠮ ᠤᠨ ᠬᠠᠪᠢ ᠪᠠᠷ ᠴᠠᠬᠳᠠᠭᠠᠨ ᠮᠤᠲ᠋ᠤᠷ ᠲᠤᠬᠢᠷᠠᠭᠤᠯᠵᠤ᠂ ᠰᠢᠯᠭᠠᠭᠤᠯᠤᠬᠴᠢ ᠶᠢᠨ ᠪᠠᠴᠢᠮ ᠪᠠᠶᠢᠳᠠᠯ ᠢ ᠠᠷᠭᠠᠴᠠᠭᠠᠬᠤ ᠳᠤ ᠦᠢᠯᠡᠴᠢᠯᠡᠭᠡ ᠬᠠᠨᠭ᠍ᠭᠠᠨ᠎ᠠ᠃ ᠪᠠᠴᠢᠮ ᠲᠤᠰᠠᠯᠠᠮᠵᠢ ᠭᠤᠶᠤᠬᠤ ᠤᠳᠠᠰᠤ᠄ 0483 — 8356122     ᠭᠤᠷᠪᠠ᠂ ᠴᠠᠭ ᠲᠤᠬᠠᠢ ᠳᠤᠨᠢ ᠠᠩᠬᠠᠷᠬᠤ ᠵᠦᠢᠯ     ︵ᠨᠢᠬᠡ︶ ᠰᠢᠯᠭᠠᠭᠤᠯᠤᠬᠴᠢ ᠬᠢᠬᠡᠳ ᠬᠡᠷ ᠤᠨ ᠠᠬᠠᠮᠠᠳ ᠦᠪᠦᠷ ᠮᠤᠩᠭᠤᠯ ᠤᠨ ᠰᠤᠷᠤᠬᠴᠢ ᠡᠯᠰᠡᠬᠦ ᠰᠢᠯᠭᠠᠯᠳᠠ ᠶᠢᠨ ᠮᠡᠳᠡᠭᠡ ᠵᠠᠩᠬᠢ ᠶᠢᠨ ᠰᠦᠯᠵᠢᠶ᠎ᠠ ᠪᠠ ᠸᠢᠴᠠᠲ ᠲᠠᠪᠴᠠᠩ ᠠᠴᠠ ᠨᠠᠶᠢᠳᠡᠯᠡᠭᠰᠡᠨ ᠤᠯᠤᠰ ᠤᠨ ᠰᠢᠯᠭᠠᠯᠳᠠ ᠶᠢᠨ ᠲᠤᠬᠠᠢ ᠬᠠᠮᠢᠶ᠎ᠠ ᠪᠦᠬᠦᠢ ᠮᠡᠳᠡᠭᠡ ᠵᠠᠩᠬᠢ ᠶᠢ ᠴᠠᠭ ᠲᠤᠬᠠᠢ ᠳᠤᠨᠢ ᠠᠩᠬᠠᠷᠴᠤ ᠪᠠᠶᠢᠭᠠᠷᠠᠢ᠃     ︵ᠬᠤᠶᠠᠷ︶ ᠰᠢᠯᠭᠠᠭᠤᠯᠤᠬᠴᠢ ᠪᠠ ᠬᠡᠷ ᠤᠨ ᠠᠬᠠᠮᠠᠳ ᠰᠢᠯᠭᠠᠯᠳᠠ ᠶᠢᠨ ᠬᠤᠭᠤᠴᠠᠭᠠᠨ ᠤ ᠴᠠᠭ ᠠᠭᠠᠷ ᠤᠨ ᠬᠤᠪᠢᠷᠠᠯᠳᠠ ᠶᠢ ᠴᠠᠭ ᠲᠤᠬᠠᠢ ᠳᠤᠨᠢ ᠠᠩᠬᠠᠷᠴᠤ ᠪᠠᠶᠢᠭᠠᠷᠠᠢ᠃     ᠪᠢᠳᠠ ᠪᠦᠬᠦᠳᠡᠬᠡᠷ ᠢᠶᠠᠨ ᠬᠠᠮᠳᠤᠪᠠᠷ ᠴᠢᠷᠮᠠᠶᠢᠵᠤ᠂ ᠰᠢᠯᠭᠠᠭᠤᠯᠤᠬᠰᠠᠳ ᠲᠤ ᠨᠢᠬᠡᠨ ᠨᠠᠮ ᠵᠢᠮ᠂ ᠲᠠᠭᠠᠯᠠᠮᠵᠢᠳᠠᠢ ᠰᠢᠯᠭᠠᠯᠳᠠ ᠶᠢᠨ ᠤᠷᠴᠢᠨ ᠢ ᠪᠦᠷᠢᠯᠳᠦᠬᠦᠯᠵᠤ ᠦᠭᠬᠦᠶ᠎ᠠ᠃     ᠡ᠊ᠡᠳᠡ᠂ ᠤᠯᠤᠰ ᠤᠨ ᠰᠢᠯᠭᠠᠯᠳᠠ ᠳᠤ ᠬᠤᠪᠢ ᠨᠠᠮᠠᠷᠢ ᠦᠵᠡᠬᠦᠯᠦᠭᠰᠡᠨ ᠠᠯᠢᠪᠠ ᠪᠠᠶᠢᠭᠤᠯᠤᠯᠭ᠎ᠠ᠂ ᠠᠵᠤ ᠠᠬᠤᠢᠢᠯᠠᠯ᠂ ᠰᠠᠭᠤᠭᠠᠯᠢ ᠠᠷᠠᠳ ᠲᠤ ᠲᠠᠯᠠᠷᠬᠠᠵᠤ ᠪᠠᠶᠢᠭ᠎ᠠ ᠰᠡᠳᠬᠢᠯ ᠢᠶᠠᠨ ᠢᠯᠡᠳᠬᠡᠶ᠎ᠠ︕ ᠰᠢᠯᠭᠠᠭᠤᠯᠤᠬᠰᠠᠳ ᠲᠤ ᠰᠢᠯᠭᠠᠯᠳᠠ ᠶᠢᠨ ᠦᠨᠳᠦᠷ ᠠᠮᠵᠢᠯᠳᠠ ᠬᠦᠰᠡᠶ᠎ᠠ︕     ᠠᠯᠠᠱᠠ ᠠᠶᠢᠮᠠᠭ ᠤᠨ ᠰᠤᠷᠭᠠᠨ ᠬᠦᠮᠦᠵᠢᠯ ᠪᠠᠶ᠎ᠠ ᠶᠢᠨ ᠲᠠᠮᠢᠷ ᠤᠨ ᠲᠤᠪᠴᠢᠶ᠎ᠠ     2020 ᠤᠨ ᠤ 6 ᠰᠠᠷ᠎ᠠ ᠶᠢᠨ 23 ᠤ ᠡᠳᠦᠷ
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号