2020 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠤᠨ ᠤ ᠠᠮᠠᠷᠠᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/7/2
     ᠵᠤᠨ ᠤ ᠠᠮᠠᠷᠠᠯᠳᠠ ᠤᠢᠢᠷᠠᠤᠠᠴᠤ ᠢᠷᠡᠯ᠎ᠡ᠂ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠳᠣᠤᠷ᠎ᠠ ᠪᠥᠬᠦ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ᠂ ᠪᠠᠶᠠᠷ ᠬᠥᠷ ᠲᠠᠢ᠂ ᠤᠳᠬ᠎ᠠ ᠠᠭᠤᠯᠭ᠎ᠠ ᠲᠠᠢ ᠵᠣᠨ ᠤ ᠠᠮᠠᠷᠠᠯᠲᠠ ᠪᠠᠨ ᠥᠩᠭᠡᠷᠡᠭᠦᠯᠬᠦ ᠶᠢ ᠪᠠᠳᠤᠯᠠᠬᠤ ᠶᠢᠨ ᠲᠥᠯᠥᠭᠡ᠂ 2020 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠣᠨ ᠤ ᠠᠮᠠᠷᠠᠯᠲᠠ ᠶᠢᠨ ᠬᠤᠯᠪᠣᠭᠳᠠᠯ ᠪᠥᠬᠦᠶ ᠠᠵᠢᠯ ᠢ ᠳᠣᠤᠷᠠᠬᠢ ᠮᠡᠲᠦ ᠮᠡᠳᠡᠭᠳᠡᠶ᠎ᠡ᠄     ᠨᠢᠭᠡ᠂ ᠵᠤᠨ ᠤ ᠠᠮᠠᠷᠠᠯᠲᠠ ᠶᠢᠨ ᠴᠠᠭ     ︵ᠨᠢᠭᠡ︶ ᠴᠢᠯᠥᠭᠡ ᠲᠠᠯᠪᠢᠬᠤ ᠴᠠᠭ᠃ ᠬᠡᠤᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ 7 ᠰᠠᠷ᠎ᠠ ᠶᠢᠨ 15 ᠤ ᠡᠳᠦᠷ ᠴᠢᠯᠦᠭᠡ ᠲᠠᠯᠪᠢᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 7 ᠰᠠᠷ᠎ᠠ ᠶᠢᠨ 20 ᠤ ᠡᠳᠦᠷ ᠴᠢᠯᠦᠭᠡ ᠲᠠᠯᠪᠢᠨ᠂ ᠲᠡᠭᠡᠳᠦ ᠳᠤᠮᠳᠠᠳᠤ ᠶᠢᠨ ᠰᠤᠷᠤᠭᠴᠢ 7 ᠰᠠᠷ᠎ᠠ ᠶᠢᠨ 25 ᠤ ᠡᠳᠦᠷ ᠴᠢᠯᠦᠭᠡ ᠲᠠᠯᠪᠢᠨ᠎ᠠ᠃ ᠠᠩᠬ᠎ᠠ ᠳᠤᠮᠳᠠᠳᠤ ᠶᠢᠨ ᠬᠤᠶᠠᠳᠤᠭᠠᠷ ᠣᠨ ᠪᠠ ᠠᠩᠬ᠎ᠠ ᠳᠤᠮᠳᠠᠳᠤ ᠶᠢᠨ ᠭᠤᠷᠪᠠᠳᠤᠭᠠᠷ ᠣᠨ ᠤ ᠰᠤᠷᠤᠭᠴᠢ 7 ᠰᠠᠷ᠎ᠠ ᠶᠢᠨ 22 ᠤᠨ ᠡᠳᠦᠷ ᠠᠴᠠ 24 ᠤ ᠡᠳᠦᠷ ᠪᠣᠯᠲᠠᠯ᠎ᠠ ᠭᠠᠵᠠᠷ ᠵᠦᠶ᠂ ᠠᠮᠢᠳᠤ ᠪᠣᠳᠠᠰ ᠤᠨ ᠤᠬᠠᠭᠠᠨ ᠤ ᠰᠢᠯᠭᠠᠯᠲᠠ ᠪᠠ ᠦᠨᠳᠦᠷ ᠳᠤᠮᠳᠠᠳᠤ ᠳᠤ ᠲᠠᠪᠰᠢᠬᠤ ᠰᠢᠯᠭᠠᠯᠲᠠ ᠳᠤ ᠣᠷᠣᠯᠴᠠᠨ᠎ᠠ᠃     ︵ᠬᠤᠶᠠᠷ︶ ᠰᠤᠷᠭᠠᠭᠤᠯᠢ ᠡᠬᠢᠯᠡᠬᠦ ᠴᠠᠭ᠃ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ 2020 ᠣᠨ ᠤ 9 ᠰᠠᠷ᠎ᠠ ᠶᠢᠨ 1 ᠤ ᠡᠳᠦᠷ ᠠᠴᠠ ᠬᠢᠴᠢᠶᠡᠯ ᠡᠬᠢᠯᠡᠨ᠎ᠡ᠂ ᠡᠯ᠎ᠡ ᠭᠠᠵᠠᠷ ᠣᠷᠣᠨ᠂ ᠡᠯ᠎ᠡ ᠰᠤᠷᠭᠠᠭᠤᠯᠢ ᠨᠤᠭᠤᠳ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠠᠴᠠ ᠡᠮᠦᠨᠡᠬᠢ ᠠᠵᠢᠯ ᠤᠨ ᠲᠥᠰᠦᠯ ᠢᠶᠠᠨ ᠲᠣᠭᠲᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠰᠤᠷᠭᠠᠭᠤᠯᠢ ᠡᠬᠢᠯᠡᠬᠦ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠶ᠃     ᠬᠤᠶᠠᠷ᠂ ᠬᠠᠮᠢᠶ᠎ᠠ ᠪᠦᠬᠦᠢ ᠱᠠᠭᠠᠷᠳᠠᠯᠭ᠎ᠠ     ︵ᠨᠢᠭᠡ︶ ᠬᠤᠭᠤᠴᠠᠭᠠᠨ ᠡᠴᠦᠰ ᠤᠨ ᠰᠢᠯᠭᠠᠯᠲᠠ ᠶᠢ ᠴᠢᠩᠭ᠎ᠠ ᠵᠣᠬᠢᠶᠠᠨ ᠪᠠᠶᠢᠭᠤᠯᠤᠨ᠎ᠠ᠃ ᠡᠯ᠎ᠡ ᠰᠤᠷᠭᠠᠭᠤᠯᠢ ᠶᠢᠨ ᠬᠢᠨ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠵᠢᠭᠠᠨ ᠰᠤᠷᠭᠠᠯᠳᠠ ᠳᠤ ᠦᠵᠡᠬᠦᠯᠦᠭᠰᠡᠨ ᠨᠥᠯᠥᠭᠡ ᠲᠤᠰᠬᠠᠯ ᠢ ᠬᠦᠢᠴᠡᠳ ᠪᠤᠳᠤᠯᠬᠢᠯᠠᠵᠦ᠂ ᠬᠤᠭᠤᠴᠠᠭᠠᠨ ᠡᠴᠦᠰ ᠤᠨ ᠰᠢᠯᠭᠠᠯᠲᠠ ᠶᠢᠨ ᠬᠦᠷᠢᠶ᠎ᠡ ᠬᠡᠪᠴᠢᠶ᠎ᠡ ᠶᠢ ᠵᠦᠶ ᠵᠣᠬᠢᠰᠲᠠᠶ ᠲᠣᠭᠲᠠᠭᠠᠵᠤ᠂ ᠰᠢᠯᠭᠠᠯᠲᠠ ᠶᠢᠨ ᠰᠡᠳᠦᠪ ᠤᠨ ᠬᠦᠴᠢᠷ ᠤᠨ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠨ᠂ ᠰᠢᠯᠭᠠᠯᠲᠠ ᠶᠢᠨ ᠴᠠᠭ ᠬᠤᠭᠤᠴᠠᠭ᠎ᠠ ᠵᠢᠴᠢ ᠲᠠᠰ ᠳᠠᠷᠠᠭᠠᠯᠠᠯ ᠢ ᠵᠦᠶ ᠵᠣᠬᠢᠰᠲᠠᠶ ᠲᠤᠬᠢᠷᠠᠭᠤᠯᠤᠭᠠᠳ᠂ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠤᠭᠤᠴᠠᠭᠠᠨ ᠡᠴᠦᠰ ᠤᠨ ᠰᠢᠯᠭᠠᠯᠲᠠ ᠶᠢ ᠲᠤᠬᠢᠷᠠᠭᠤᠯᠵᠦ ᠪᠤᠯᠬᠤ ᠥᠬᠡᠶ᠃ ᠶᠠᠮᠠᠷᠪᠠ ᠬᠡᠯᠪᠡᠷᠢ ᠪᠠᠷ ᠰᠢᠯᠭᠠᠯᠲᠠ ᠶᠢᠨ ᠬᠢᠷᠢ ᠪᠦᠲᠦᠮᠵᠢ ᠵᠢᠴᠢ ᠨᠡᠷᠡᠰ ᠤᠨ ᠵᠢᠭᠰᠠᠭᠠᠯᠲᠠ ᠨᠡᠶᠢᠲᠡᠯᠡᠬᠦ ᠶᠢ ᠴᠢᠩᠭ᠎ᠠ ᠴᠠᠭᠠᠵᠠᠯᠠᠵᠤ᠂ ᠵᠢᠭᠠᠨ ᠰᠤᠷᠭᠠᠯᠲᠠ ᠶᠢᠨ ᠬᠢᠷᠢ ᠪᠦᠲᠦᠮᠵᠢ ᠪᠠᠷ ᠰᠤᠷᠭᠠᠭᠤᠯᠢ ᠪᠠ ᠪᠠᠭᠰᠢ ᠶᠢ ᠦᠷᠦᠭᠡᠰᠦᠯ ᠢᠶᠠᠷ ᠦᠨᠡᠯᠡᠬᠦ ᠶᠢ ᠡᠷᠡᠰ ᠴᠠᠭᠠᠵᠠᠯᠠᠨ᠎ᠠ᠃ ᠡᠭᠦᠨ ᠤ ᠬᠠᠮᠲᠤ᠂ ᠭᠡᠷ ᠤᠨ ᠠᠬᠠᠮᠠᠳ ᠢ ᠲᠠᠶᠢᠴᠢᠯᠠᠨ ᠵᠦᠪ ᠤᠨᠤᠪᠴᠢᠳᠠᠢ ᠴᠢᠳᠠᠪᠤᠷᠢᠲᠠᠨ ᠬᠦᠮᠦᠵᠢᠬᠦᠯᠬᠦ ᠦᠵᠡᠯᠲᠡ᠂ ᠵᠦᠪ ᠢᠶᠠᠷ ᠰᠤᠷᠭᠠᠨ ᠬᠦᠮᠦᠵᠢᠬᠦᠯᠬᠦ ᠦᠵᠡᠯᠲᠡ ᠲᠠᠢ ᠪᠣᠯᠭᠠᠵᠤ᠂ ᠬᠡᠦᠬᠡᠳ ᠢ ᠰᠣᠬᠤᠷ ᠪᠠᠯᠠᠢ ᠪᠠᠷ ᠰᠢᠨᠵᠢᠯᠡᠭᠡᠨ ᠤ ᠲᠥᠷᠥᠯ ᠤᠨ ᠪᠤᠯᠪᠠᠰᠤᠷᠠᠯ ᠤᠨ ᠠᠩᠭᠢ ᠳᠤ ᠣᠷᠣᠯᠴᠠᠭᠤᠯᠵᠤ ᠪᠣᠯᠬᠤ ᠦᠭᠡᠢ᠃     ︵ᠬᠤᠶᠠᠷ︶ ᠵᠤᠨ ᠤ ᠠᠮᠠᠷᠠᠯᠲᠠ ᠶᠢᠨ ᠠᠮᠢᠳᠤᠷᠠᠯ ᠢᠶᠠᠨ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ᠃ ᠡᠯ᠎ᠡ ᠰᠤᠷᠭᠠᠭᠤᠯᠢ ᠠᠮᠠᠷᠠᠯᠲᠠ ᠶᠢᠨ ᠬᠤᠭᠤᠴᠠᠭᠠᠨ ᠤ ᠳᠠᠰᠬᠠᠯ ᠢᠶᠠᠨ ᠰᠢᠨᠵᠢᠯᠡᠬᠦ ᠤᠬᠠᠭᠠᠨᠴᠢ ᠪᠠᠷ ᠲᠦᠯᠦᠪᠯᠡᠵᠦ ᠦᠯᠡᠳᠡᠭᠡᠬᠦ ᠬᠡᠷᠡᠭᠲᠡᠶ᠂ ᠳᠠᠪᠲᠠᠬᠤ ᠴᠢᠨᠠᠷᠲᠠᠶ᠂ ᠠᠮᠢᠳᠤᠯᠢᠭ ᠪᠤᠰᠤ ᠬᠡᠷ ᠤᠨ ᠲᠠᠰᠬᠠᠯ ᠦᠯᠡᠳᠡᠭᠡᠬᠦ ᠶᠢ ᠲᠠᠰᠤ ᠵᠣᠭᠰᠣᠭᠠᠵᠤ᠂ ᠬᠦᠳᠡᠯᠮᠦᠷᠢ ᠤᠶᠢᠯᠡᠳᠦᠯᠭᠡ᠂ ᠰᠢᠨ᠎ᠡ ᠶᠢ ᠡᠭᠦᠳᠬᠦ᠂ ᠭᠠᠷ ᠬᠦᠳᠡᠯᠬᠦ ᠤᠷᠤᠯᠴᠠᠯᠭ᠎ᠠ ᠶᠢᠨ ᠴᠢᠨᠠᠷᠳᠠᠢ ᠲᠠᠰᠬᠠᠯ ᠢ ᠢᠯᠡᠬᠦᠬᠡᠨ ᠦᠯᠡᠳᠡᠬᠡᠵᠦ᠂ ᠤᠩᠰᠢᠯᠭ᠎ᠠ ᠶᠢᠨ ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠪᠠᠶᠢᠳᠠᠯ ᠳᠣᠤᠷ᠎ᠠ᠂ ᠰᠤᠷᠤᠭᠴᠢᠳ ᠢ ᠭᠡᠷ ᠤᠨ ᠠᠵᠢᠯ᠂ ᠨᠡᠶᠢᠭᠡᠮ ᠤᠨ ᠤᠶᠢᠯᠡᠳᠦᠯᠭᠡ᠂ ᠨᠡᠶᠢᠭᠡᠮ ᠤᠨ ᠪᠠᠶᠢᠴᠠᠭᠠᠯᠲᠠ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠤᠶᠢᠯᠡᠴᠢᠯᠡᠭᠡᠨ ᠳᠤ ᠢᠯᠡᠬᠦᠬᠡᠨ ᠤᠷᠤᠯᠴᠠᠬᠤ ᠶᠢ ᠵᠤᠷᠢᠭᠵᠢᠭᠤᠯᠬᠤ ᠬᠡᠷᠡᠭᠲᠡᠶ᠃ ᠪᠠᠭ᠎ᠠ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ ᠤ ᠰᠤᠷᠤᠭᠴᠢᠳ ᠲᠤ ᠵᠤᠨ ᠤ ᠠᠮᠠᠷᠠᠯᠲᠠ ᠶᠢᠨ ᠳᠠᠰᠬᠠᠯ ᠦᠯᠡᠳᠡᠭᠡᠬᠦ ᠦᠭᠡᠢ᠂ ᠵᠤᠨ ᠤ ᠠᠮᠠᠷᠠᠯᠲᠠ ᠪᠠᠷ ᠰᠤᠷᠤᠭᠴᠢᠳ ᠢ ᠵᠣᠬᠢᠶᠠᠨ ᠪᠠᠶᠢᠭᠤᠯᠵᠦ ᠲᠥᠪᠯᠡᠷᠡᠭᠦᠯᠦᠨ ᠬᠢᠴᠢᠶᠡᠯ ᠨᠥᠬᠦᠬᠦ ᠪᠤᠶᠤ ᠰᠢᠨ᠎ᠡ ᠬᠢᠴᠢᠶᠡᠯ ᠤᠷᠤᠬᠤ ᠶᠢ ᠴᠢᠩᠭ᠎ᠠ ᠴᠠᠭᠠᠵᠠᠯᠠᠨ᠎ᠠ᠂ ᠪᠠᠭᠰᠢ ᠨᠠᠷ ᠠᠵᠢᠯ ᠤᠨ ᠳᠦᠭᠦᠮ ᠢᠶᠠᠨ ᠠᠰᠢᠭᠯᠠᠨ ᠰᠤᠷᠤᠭᠴᠢᠳ ᠢ ᠶᠠᠮᠠᠷᠪᠠ ᠬᠡᠯᠪᠡᠷᠢ ᠶᠢᠨ ᠲᠥᠯᠥᠪᠦᠷᠢ ᠲᠠᠢ ᠬᠢᠴᠢᠶᠡᠯ ᠨᠦᠬᠦᠪᠦᠷᠢᠯᠡᠬᠦ ᠪᠠ ᠠᠰᠢᠭ ᠬᠤᠨᠵᠢᠪᠣᠷᠢ ᠣᠯᠬᠤ ᠪᠠᠷ ᠵᠣᠷᠢᠯᠭ᠎ᠠ ᠪᠣᠯᠭᠠᠭᠰᠠᠨ ᠵᠤᠰᠠᠯᠠᠩ᠂ ᠰᠣᠶᠣᠯ ᠪᠡᠶ᠎ᠡ ᠶᠢᠨ ᠲᠠᠮᠢᠷ᠂ ᠬᠢᠴᠢᠶᠡᠯ ᠤᠨ ᠭᠠᠳᠠᠨᠠᠬᠢ ᠤᠶᠢᠯᠡᠳᠦᠯᠭᠡ ᠶᠢᠨ ᠠᠵᠢᠯᠯᠠᠭ᠎ᠠ ᠵᠤᠬᠢᠶᠠᠨ ᠪᠠᠶᠢᠭᠤᠯᠬᠤ ᠶᠢ ᠴᠢᠩᠭ᠎ᠠ ᠴᠠᠭᠠᠵᠠᠯᠠᠨ᠎ᠠ᠃     ︵ᠭᠤᠷᠪᠠ︶ ᠠᠮᠤᠷ ᠲᠦᠪᠰᠢᠨ ᠤ ᠬᠥᠮᠦᠵᠢᠯ ᠤᠨ ᠬᠠᠮᠢᠶᠠᠷᠤᠯᠲᠠ ᠪᠠᠨ ᠴᠢᠩᠭᠠᠳᠬᠠᠨ᠎ᠠ᠃ ᠵᠤᠨ ᠤ ᠠᠮᠠᠷᠠᠯᠲᠠ ᠠᠴᠠ ᠡᠮᠦᠨ᠎ᠡ᠂ ᠡᠯ᠎ᠡ ᠰᠤᠷᠭᠠᠭᠤᠯᠢ ᠲᠤᠰᠬᠠᠶ ᠠᠮᠤᠷ ᠲᠦᠪᠰᠢᠨ ᠤ ᠬᠥᠮᠦᠵᠢᠯ ᠤᠨ ᠠᠵᠢᠯᠯᠠᠭ᠎ᠠ ᠲᠣᠬᠢᠷᠠᠭᠤᠯᠵᠤ᠂ ᠭᠤᠤᠯ ᠰᠡᠳᠦᠪᠲᠦ ᠠᠩᠭᠢ ᠶᠢᠨ ᠬᠤᠷᠠᠯ᠂ ᠠᠩᠭᠢ ᠨᠢᠬᠡᠴᠡ ᠶᠢᠨ ᠠᠵᠢᠯᠯᠠᠭ᠎ᠠ᠂ ᠠᠮᠤᠷ ᠲᠦᠪᠰᠢᠨ ᠤ ᠰᠠᠨᠠᠭᠤᠯᠭ᠎ᠠ ᠶᠢᠨ ᠵᠠᠬᠢᠳᠠᠯ ᠲᠠᠷᠬᠠᠭᠠᠬᠤ ᠪᠠ ᠬᠡᠷ ᠤᠨ ᠠᠬᠠᠮᠠᠳ ᠲᠤ ᠵᠠᠬᠢᠳᠠᠯ ᠶᠠᠪᠤᠭᠤᠯᠬᠤ ᠵᠡᠷᠭᠡ ᠬᠡᠯᠪᠡᠷᠢ ᠪᠠᠷ ᠤᠰᠤᠨ ᠳᠤ ᠴᠠᠴᠠᠬᠤ᠂ ᠵᠠᠮ ᠬᠠᠷᠢᠯᠴᠠᠭᠠᠨ ᠤ ᠡ᠊ᠡᠳᠡᠯ᠂ ᠢᠳᠡᠭᠡᠨ ᠳᠤ ᠬᠤᠤᠷᠳᠠᠭᠳᠠᠬᠤ᠂ ᠪᠠᠶᠢᠭᠠᠯᠢ ᠶᠢᠨ ᠭᠠᠮᠰᠢᠭ ᠵᠡᠷᠭᠡ ᠶᠢ ᠰᠡᠷᠭᠡᠶᠢᠯᠡᠬᠦ ᠬᠦᠮᠦᠵᠢᠯ ᠬᠢᠨ᠎ᠡ᠃ ᠠᠮᠤᠷ ᠲᠦᠪᠰᠢᠨ ᠤ ᠰᠠᠨᠠᠭᠤᠯᠤᠮᠵᠢ ᠶᠢᠨ ᠠᠭᠤᠯᠭ᠎ᠠ ᠶᠢ ᠰᠤᠷᠤᠭᠴᠢ ᠨᠢᠭᠡᠪᠦᠷᠢ᠂ ᠭᠡᠷ ᠤᠨ ᠠᠬᠠᠮᠠᠳ ᠨᠢᠭᠡᠪᠦᠷᠢ ᠳᠤ ᠮᠡᠳᠡᠭᠳᠡᠵᠦ᠂ ᠰᠤᠷᠤᠭᠴᠢᠳ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠤᠬᠠᠮᠰᠠᠷ ᠪᠠ ᠠᠮᠤᠷ ᠲᠦᠪᠰᠢᠨ ᠤ ᠬᠠᠮᠠᠭᠠᠯᠠᠯᠲᠠ ᠶᠢᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠭᠡᠷ ᠤᠨ ᠠᠬᠠᠮᠠᠳ ᠤᠨ ᠬᠠᠷᠢᠭᠤᠴᠠᠯᠭᠠᠲᠤ ᠤᠬᠠᠮᠰᠠᠷ ᠢ ᠴᠢᠩᠭᠠᠳᠬᠠᠨ᠂ ᠬᠡᠷ ᠤᠨ ᠠᠬᠠᠮᠠᠳ ᠤᠨ ᠠᠮᠤᠷ ᠲᠦᠪᠰᠢᠨ ᠢ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠢ ᠠᠬᠢᠭᠤᠯᠤᠨ᠎ᠠ᠃      ︵ᠳᠥᠷᠪᠡ︶ ᠪᠠᠭᠰᠢ ᠰᠤᠷᠤᠭᠴᠢᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠡᠯ᠎ᠡ ᠰᠤᠷᠭᠠᠭᠤᠯᠢ ᠨᠤᠭᠤᠳ ᠵᠤᠨ ᠤ ᠠᠮᠠᠷᠠᠯᠲᠠ ᠶᠢᠨ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠳᠠ ᠪᠠ ᠪᠠᠭᠰᠢ ᠠᠵᠢᠯᠲᠠᠨ ᠢᠶᠠᠨ ᠬᠠᠮᠢᠶᠠᠷᠤᠨ ᠡᠵᠡᠮᠳᠡᠬᠦ ᠲᠥᠰᠦᠯ ᠢᠶᠠᠨ ᠨᠠᠷᠢᠯᠢᠭᠵᠢᠭᠤᠯᠵᠤ᠂ ︽ᠡᠳᠦᠷ ᠤᠨ ᠮᠡᠳᠡᠭᠦᠯᠦᠯᠲᠡ︾ ᠵᠡᠷᠭᠡ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠡᠳᠦᠷ ᠪᠦᠷᠢ ᠡᠷᠬᠡᠪᠰᠢ ᠨᠢᠭᠡ ᠤᠳᠤᠷᠢᠳᠤᠯᠭ᠎ᠠ ᠠᠵᠢᠯ ᠤᠨ ᠪᠠᠶᠢᠷᠢᠨ ᠳᠡᠭᠡᠷ᠎ᠡ ᠵᠢᠵᠢᠬᠦᠷ ᠲᠠᠭᠠᠭᠤᠯᠵᠦ 24 ᠴᠠᠭ ᠢᠶᠠᠷ ᠵᠢᠵᠢᠬᠦᠷᠯᠡᠬᠦ ᠲᠤᠭᠳᠠᠭᠠᠯ ᠢ ᠬᠡᠷᠡᠭᠵᠢᠬᠦᠯᠵᠦ᠂ ᠭᠡᠨᠡᠳᠲᠡ ᠶᠢᠨ ᠬᠡᠷᠡᠭ ᠲᠣᠬᠢᠶᠠᠯᠳᠤᠪᠠᠯ ᠲᠤᠭᠳᠠᠭᠠᠯ ᠶᠣᠰᠣᠭᠠᠷ ᠴᠠᠭ ᠲᠤᠬᠠᠶ ᠳᠤᠨᠢ ᠰᠢᠢᠳᠪᠦᠷᠢᠯᠡᠵᠦ ᠳᠡᠭᠡᠭᠰᠢ ᠮᠡᠳᠡᠬᠦᠯᠦᠨ᠎ᠡ᠃ ᠵᠤᠨ ᠤ ᠠᠮᠠᠷᠠᠯᠲᠠ ᠳᠤ ᠪᠠᠭᠰᠢ ᠰᠤᠷᠤᠭᠴᠢᠳ ᠴᠢᠬᠤᠯᠠ ᠤᠴᠢᠷ ᠦᠭᠡᠢ ᠪᠤᠯ ᠭᠠᠳᠠᠭᠰᠢ ᠭᠠᠷᠬᠤ ᠪᠠᠨ ᠲᠠᠶᠠᠭᠳᠠᠵᠦ᠂ ᠭᠠᠳᠠᠭᠠᠳᠤ ᠳᠤ ᠭᠠᠷᠬᠤ ᠪᠤᠶᠤ ᠤᠯᠤᠰ ᠤᠨ ᠳᠣᠲᠣᠭᠠᠳᠤ ᠳᠠᠬᠢ ᠲᠦᠭᠰᠢᠭᠦᠷᠢ ᠶᠡᠬᠡᠲᠡᠶ ᠭᠠᠵᠠᠷ ᠣᠷᠣᠨ ᠳᠤ ᠤᠴᠢᠵᠦ ᠪᠤᠯᠬᠤ ᠦᠭᠡᠶ᠂ ᠮᠤᠵᠢ ᠠᠯᠤᠰᠯᠠᠨ ᠬᠤᠯᠠ ᠵᠠᠮ ᠤᠨ ᠠᠶᠠᠯᠠᠯ ᠬᠢᠬᠦ ᠦᠭᠡᠶ᠂ ᠡᠷᠬᠡᠪᠰᠢ ᠰᠠᠭᠤᠭ᠎ᠠ ᠭᠠᠵᠠᠷ ᠠᠴᠠ ᠪᠠᠨ ᠰᠠᠯᠬᠤ ᠴᠢᠬᠤᠯᠠᠳᠠᠢ ᠪᠣᠯ ᠰᠤᠷᠭᠠᠭᠤᠯᠢ ᠳᠤ ᠮᠡᠳᠡᠭᠦᠯᠬᠦ ᠬᠡᠷᠡᠭᠲᠡᠶ᠃      ︵ᠲᠠᠪᠤ︶ ᠭᠤᠤᠯᠳᠠᠯᠭ᠎ᠠ ᠲᠠᠢ ᠰᠤᠷᠤᠭᠴᠢᠳ ᠢ ᠬᠠᠯᠠᠮᠵᠢᠯᠠᠨ᠎ᠠ᠃ ᠡᠯ᠎ᠡ ᠬᠤᠰᠢᠭᠤ᠂ ᠤᠷᠤᠨ᠂ ᠡᠯ᠎ᠡ ᠰᠤᠷᠭᠠᠭᠤᠯᠢ ᠨᠤᠭᠤᠳ ᠭᠠᠳᠠᠨ᠎ᠠ ᠤᠷᠤᠨ ᠠᠴᠠ ᠢᠷᠡᠭᠰᠠᠨ ᠬᠦᠯᠦᠰᠦᠨ ᠠᠵᠢᠯᠴᠢᠳ ᠤᠨ ᠦᠷ᠎ᠡ ᠬᠡᠤᠬᠡᠳ᠂ ᠬᠥᠳᠡᠭᠡ ᠲᠣᠰᠬᠤᠨ ᠤ ᠭᠡᠷ ᠲᠡᠭᠡᠨ ᠬᠤᠴᠣᠷᠤᠭᠰᠠᠨ ᠬᠡᠤᠬᠡᠳ᠂ ᠥᠨᠥᠴᠢᠨ ᠬᠡᠤᠬᠡᠳ᠂ ᠵᠡᠮᠳᠡᠭ ᠬᠡᠤᠬᠡᠳ ᠪᠣᠯᠤᠨ ᠠᠵᠦ ᠠᠮᠢᠳᠤᠷᠠᠯ ᠨᠢ ᠬᠦᠴᠢᠷᠳᠡᠯᠲᠡᠶ ᠭᠡᠷ ᠪᠦᠯᠢ ᠶᠢᠨ ᠬᠡᠤᠬᠡᠳ ᠤᠨ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ ᠦᠷᠭᠦᠯᠵᠢᠯᠡᠨ ᠠᠩᠬᠠᠷᠬᠤ ᠬᠡᠷᠡᠭᠲᠡᠶ᠃ ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠤᠰᠤᠭᠠᠷ ᠭᠠᠷ ᠤᠳᠠᠰᠤ᠂ ᠸᠢᠴᠠᠲ᠂ ᠣᠬᠤᠷ ᠮᠡᠳᠡᠭᠡ᠂ ᠰᠦᠯᠵᠢᠶ᠎ᠡ ᠵᠡᠷᠭᠡ ᠬᠡᠯᠪᠡᠷᠢ ᠪᠠᠷ ᠳᠠᠮᠵᠢᠭᠤᠯᠤᠨ᠂ ᠰᠤᠷᠤᠭᠴᠢᠳ ᠲᠤ ᠲᠣᠭᠲᠠᠮᠠᠯ ᠬᠤᠭᠤᠴᠠᠭ᠎ᠠ ᠲᠠᠢ ᠭᠡᠷ ᠤᠨ ᠠᠶᠢᠯᠴᠢᠯᠠᠯᠳᠠ ᠬᠢᠵᠦ᠂ ᠭᠡᠷ ᠤᠨ ᠠᠬᠠᠮᠠᠳ ᠲᠠᠢ ᠨᠢ ᠰᠤᠷᠤᠭᠴᠢᠳ ᠤᠨ ᠭᠡᠷ ᠤᠨ ᠰᠤᠷᠤᠯᠴᠠᠯᠭ᠎ᠠ ᠪᠣᠯᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠲᠠᠯ᠎ᠠ ᠪᠠᠷ ᠶᠠᠷᠢᠯᠴᠠᠵᠦ ᠤᠶᠢᠯᠠᠭᠠᠯᠴᠠᠬᠤ ᠬᠡᠷᠡᠭᠲᠡᠶ᠃      ︵ᠵᠢᠷᠭᠤᠭ᠎ᠠ︶ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠬᠢᠨᠠᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠠᠮᠠᠷᠠᠯᠲᠠ ᠶᠢᠨ ᠬᠤᠭᠤᠴᠠᠭᠠᠨ ᠳᠤ ᠦᠷᠨᠢᠬᠦᠯᠦᠭᠰᠡᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠲᠥᠷᠥᠯ ᠤᠨ ᠪᠣᠯᠪᠠᠰᠤᠷᠠᠯ ᠤᠨ ᠠᠩᠭᠢ ᠶᠢ ᠴᠢᠩᠭ᠎ᠠ ᠬᠢᠨᠠᠨ ᠬᠠᠷᠭᠤᠭᠤᠯᠵᠤ ᠲᠠᠩᠰᠠᠯᠠᠬᠤ ᠬᠡᠷᠡᠭᠲᠡᠶ᠃ ᠲᠡᠷᠡᠴᠢᠯᠡᠨ ᠨᠡᠶᠢᠭᠡᠮ ᠨᠡᠶᠢᠲᠡ ᠳᠤ ᠢᠯᠡ ᠨᠡᠶᠢᠲᠡᠯᠡᠨ᠎ᠡ᠃ ᠡᠭᠦᠨ ᠤ ᠬᠠᠮᠲᠤ᠂ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ᠂ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ᠂ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠵᠢᠴᠢ ᠡᠯ᠎ᠡ ᠵᠡᠭᠡᠯᠢ ᠭᠤᠳᠤᠮᠵᠢ᠂ ᠰᠠᠭᠤᠭᠠᠯᠢ ᠠᠷᠠᠳ ᠤᠨ ᠵᠥᠪᠯᠡᠯ ᠲᠠᠢ ᠬᠠᠮᠲᠤᠷᠠᠨ᠂ ᠵᠤᠨ ᠤ ᠠᠮᠠᠷᠠᠯᠲᠠ ᠶᠢᠨ ᠬᠤᠭᠤᠴᠠᠭᠠᠨ ᠳᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠦ ᠬᠢᠨᠠᠨ ᠮᠦᠷᠳᠡᠬᠦ ᠬᠡᠷᠡᠭᠳᠡᠢ᠃ ᠭᠤᠤᠯᠳᠠᠭᠤ ᠪᠤᠯᠪᠠᠰᠤᠷᠠᠯ ᠬᠦᠷᠳᠡᠭᠡᠬᠦ ᠪᠠᠶᠢᠭᠤᠯᠤᠮᠵᠢ ᠲᠥᠪᠯᠡᠷᠡᠭᠰᠡᠨ ᠬᠠᠯᠠᠮᠰᠢᠯ ᠣᠷᠣᠨ ᠪᠦᠰᠡ ᠵᠢᠴᠢ ᠰᠤᠷᠭᠠᠭᠤᠯᠢ ᠶᠢᠨ ᠡᠷᠭᠢᠨ ᠲᠣᠭᠤᠷᠢᠨ ᠢᠶᠠᠷ ᠲᠤᠭᠤᠷᠢᠨ ᠪᠠᠶᠢᠴᠠᠭᠠᠵᠦ᠂ ᠲᠣᠭᠲᠠᠭᠠᠯ ᠠᠴᠠ ᠵᠥᠷᠢᠴᠡᠨ ᠪᠤᠯᠪᠠᠰᠤᠷᠠᠯ ᠡᠷᠬᠢᠯᠡᠭᠰᠡᠨ ᠢ ᠣᠯᠵᠤ ᠮᠡᠳᠡᠪᠡᠯ ᠡᠷᠡᠰ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠴᠠᠭ ᠲᠤᠬᠠᠶ ᠳᠤᠨᠢ ᠨᠡᠶᠢᠭᠡᠮ ᠳᠤ ᠮᠡᠳᠡᠭᠳᠡᠬᠦ ᠬᠡᠷᠡᠭᠲᠡᠶ᠃ ᠦᠨᠡᠮᠯᠡᠯ ᠦᠭᠡᠢ ᠪᠠᠷ ᠡᠵᠡᠩᠨᠡᠭᠰᠡᠨ᠂ ᠬᠦᠨᠳᠦ ᠶᠡᠭᠡ ᠠᠮᠤᠷ ᠲᠦᠪᠰᠢᠨ ᠤ ᠳᠠᠯᠳᠠ ᠳᠦᠭᠰᠢᠭᠦᠷᠢ ᠣᠷᠣᠰᠢᠵᠤ ᠪᠠᠶᠢᠭ᠎ᠠ ᠪᠤᠯᠪᠠᠰᠤᠷᠠᠯ ᠤᠨ ᠪᠠᠶᠢᠭᠤᠯᠤᠮᠵᠢ ᠳᠤ ︽ᠥᠴᠦᠬᠡᠨ ᠴᠦ ᠢᠯᠳᠠᠷ ᠬᠠᠶᠠᠬᠤ ᠦᠭᠡᠢ︾ ᠪᠠᠶᠢᠬᠤ ᠶᠢ ᠬᠡᠷᠡᠭᠵᠢᠭᠦᠯᠵᠦ᠂ ᠲᠤᠬᠠᠶ ᠶᠢᠨ ᠲᠠᠯᠠᠪᠤᠷ ᠲᠤ ᠬᠦᠴᠦᠨ ᠥᠬᠡᠶ ᠪᠣᠯᠭᠠᠬᠤ ᠪᠤᠶᠤ ᠲᠡᠷᠡ ᠳᠠᠷᠤᠶ ᠳᠤᠨᠢ ᠠᠵᠢᠯ ᠢ ᠨᠢ ᠵᠣᠭᠰᠣᠭᠠᠨ ᠴᠡᠭᠴᠡᠯᠡᠨ ᠰᠠᠶᠢᠵᠢᠷᠠᠭᠤᠯᠤᠨ᠎ᠠ᠃ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ᠂ ᠣᠯᠠᠨᠲᠠ ᠬᠡᠯᠡᠭᠡᠳ ᠵᠠᠰᠠᠵᠦ ᠰᠠᠶᠢᠵᠢᠷᠠᠭᠤᠯᠬᠤ ᠦᠭᠡᠢ ᠪᠠᠶᠢᠭᠤᠯᠤᠮᠵᠢ ᠶᠢ ᠬᠠᠤᠯᠢ ᠲᠣᠭᠲᠠᠭᠠᠯ ᠶᠣᠰᠣᠭᠠᠷ ᠰᠢᠳᠭᠡᠨ ᠲᠤᠷᠭᠠᠵᠦ᠂ ᠰᠤᠷᠭᠠᠭᠤᠯᠢ ᠡᠷᠬᠢᠯᠡᠬᠦ ᠵᠥᠪᠰᠢᠶᠡᠷᠡᠯ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠡᠪᠰᠢᠬᠦᠯᠦᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠬᠡᠷᠡᠭᠲᠡᠶ᠃             ᠠᠯᠠᠱᠠ ᠠᠶᠢᠮᠠᠭ ᠤᠨ ᠰᠤᠷᠭᠠᠨ ᠬᠦᠮᠤᠵᠢᠯ ᠪᠠᠶ᠎ᠠ ᠶᠢᠨ ᠲᠠᠮᠢᠷ ᠤᠨ ᠲᠤᠪᠴᠢᠶ᠎ᠠ             2020 ᠣᠨ ᠤ 6 ᠰᠠᠷ᠎ᠠ ᠶᠢᠨ 28 ᠤ ᠡᠳᠦᠷ
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号