ᠰᠤᠷᠤᠭᠴᠢ ᠶᠢᠨ ᠠᠪᠢᠶᠠᠰ ᠪᠢᠯᠢᠭ ᠢ ᠪᠠᠳᠠᠷᠠᠭᠤᠯᠤᠭᠰᠠᠨ ᠭᠤᠳᠤᠮ ᠤᠨ ᠰᠣᠶᠣᠯ
ᠨᠡᠶᠢᠲᠡᠯᠡᠭᠰᠡᠨ ᠴᠠᠭ᠄
2020/7/2
     ᠡᠵᠡᠨ᠎ᠡ ᠬᠤᠰᠢᠭᠤᠨ ᠤ ᠮᠣᠩᠭᠤᠯ ᠦᠨᠳᠣᠰᠣᠳᠠᠨ ᠤ ᠰᠤᠷᠭᠠᠭᠤᠯᠢ ᠳᠤ ᠬᠦᠷᠭᠦ ᠳᠤ ᠰᠤᠷᠭᠠᠭᠤᠯᠢ ᠶᠢᠨ ᠡᠭᠦᠳᠡ ᠨᠢ ᠪᠢᠳᠡᠨ ᠤ ᠠᠩᠬᠠᠷᠤᠯ ᠢ ᠶᠡᠬᠡᠭᠡᠨ ᠳᠠᠳᠠᠭᠰᠠᠨ ᠶᠤᠮ᠃ ᠳᠤᠳᠤᠭᠰᠢ ᠪᠠᠨ ᠬᠢᠴᠢᠶᠡᠯᠯᠡᠬᠦ ᠠᠰᠠᠷ ᠲᠤᠨᠢ ᠤᠷᠤᠭᠠᠳ ᠭᠤᠳᠤᠮ ᠢᠶᠠᠷ ᠨᠢ ᠠᠯᠬᠤᠬᠤ ᠳᠤ ᠬᠠᠨ᠎ᠠ ᠲᠥᠬᠦᠷᠡᠩ ᠵᠠᠰᠠᠯ ᠴᠢᠮᠡᠭᠯᠡᠯ ᠨᠢ ᠨᠡᠩ ᠴᠦ ᠪᠢᠳᠡᠨ ᠤ ᠬᠠᠷᠠᠭ᠎ᠠ ᠶᠢ ᠪᠤᠯᠢᠶᠠᠯ᠎ᠠ᠃ ᠨᠠᠷᠢᠨ ᠠᠭᠤᠯᠭ᠎ᠠ ᠶᠢ ᠨᠢ ᠨᠠᠷᠢᠪᠴᠢᠯᠠᠨ ᠦᠵᠡᠪᠡᠯ᠂ ᠰᠤᠷᠤᠭᠴᠢ ᠶᠢᠨ ᠤᠷᠠᠯᠠᠵᠦ ᠵᠢᠷᠤᠭᠰᠠᠨ ᠭᠠᠷ ᠪᠢᠴᠢᠮᠡᠯ ᠰᠣᠨᠢᠨ᠂ ᠦᠨᠳᠦᠰᠦᠳᠡᠨ ᠤ ᠵᠠᠩ ᠦᠢᠯᠡ ᠶᠢᠨ ᠳᠠᠶᠢᠯᠪᠦᠷᠢ ᠵᠢᠷᠤᠭ᠂ ᠮᠤᠩᠭᠤᠯ ᠤᠯᠠᠮᠵᠢᠯᠠᠯᠳᠦ ᠨᠠᠭᠠᠳᠤᠮ ᠲᠣᠭᠯᠠᠭᠠᠮ ᠤᠨ ᠵᠢᠷᠤᠭ᠂ ᠣᠷᠣᠨ ᠨᠤᠳᠤᠭ ᠤᠨ ᠰᠣᠶᠣᠯ ᠤᠨ ᠵᠢᠳᠬᠦᠯᠲᠡᠨ᠂ ᠮᠣᠩᠭᠤᠯ ᠦᠨᠳᠦᠰᠦᠲᠡᠨ ᠤ ᠭᠠᠪᠢᠶᠠᠲᠤ ᠬᠦᠮᠦᠰ ᠤᠨ ᠵᠢᠷᠤᠭ ᠤᠳ ᠢ ᠲᠥᠷᠥᠯ ᠬᠤᠪᠢᠶᠠᠭᠰᠠᠨ ᠪᠠᠶᠢᠬᠤ ᠶᠤᠮ᠃      ᠰᠤᠷᠭᠠᠭᠤᠯᠢ ᠭᠡᠳᠡᠭ ᠨᠢ ᠶᠠᠷᠦ ᠠᠴᠠ ᠭᠡᠣᠭᠡᠳ ᠤᠳ ᠤᠨ ᠮᠡᠳᠡᠯᠭᠡ ᠬᠦᠷᠲᠡᠬᠦ ᠬᠦᠰᠡᠯᠡᠩ ᠤᠨ ᠦᠯᠦᠭᠡᠢ ᠶᠣᠮᠰᠠᠨ᠂ ᠰᠤᠷᠭᠠᠭᠤᠯᠢ ᠶᠢᠨ ᠵᠢᠭᠠᠨ ᠰᠤᠷᠭᠠᠯᠲᠠ ᠨᠢ ᠰᠤᠷᠤᠭᠴᠢ ᠶᠢᠨ ᠰᠣᠷᠣᠯᠭ᠎ᠠ ᠠᠮᠢᠳᠣᠷᠠᠯ ᠦᠢᠯᠡᠳᠤᠯᠭᠡ ᠳᠡᠭᠡᠨ ᠥᠪᠡᠷ ᠤᠨ ᠢᠶᠠᠨ ᠠᠪᠢᠶᠠᠰ ᠪᠢᠯᠢᠭ ᠢᠶᠠᠨ ᠰᠣᠷᠢᠵᠣ ᠪᠠᠳᠠᠷᠠᠭᠤᠯᠬᠤ ᠵᠢᠯᠣᠭᠤ ᠪᠠᠶᠢᠵᠤ ᠳᠠᠭᠠᠷᠠᠨ᠎ᠠ᠃ ᠡᠵᠡᠨ᠎ᠡ ᠬᠤᠰᠢᠭᠤᠨ ᠤ ᠮᠣᠩᠭᠤᠯ ᠦᠨᠳᠣᠰᠣᠳᠠᠨ ᠤ ᠰᠣᠷᠭᠠᠭᠤᠯᠢ ᠨᠢ ᠪᠦᠬᠦ ᠬᠤᠰᠢᠭᠤᠨ ᠤ ᠪᠠᠨ ᠮᠣᠩᠭᠤᠯ ᠭᠡᠯᠡ ᠪᠠᠷ ᠬᠢᠴᠢᠶᠡᠯᠯᠡᠵᠣ ᠪᠠᠶᠢᠭ᠎ᠠ ᠴᠣᠷᠢ ᠶᠢᠨ ᠭᠠᠭᠴᠠ ᠶᠢᠰᠣᠨ ᠵᠢᠯ ᠤᠨ ᠳᠦᠷᠢᠮᠳᠣ ᠠᠯᠪᠠᠨ ᠵᠢᠷᠣᠮ ᠤᠨ ᠰᠣᠷᠭᠠᠨ ᠬᠦᠮᠣᠵᠢᠯ ᠢ ᠬᠦᠷᠲᠡᠭᠡᠭᠦ ᠰᠣᠷᠭᠠᠭᠤᠯᠢ ᠪᠤᠯᠤᠭᠰᠠᠨ ᠤ ᠬᠤᠪᠢ ᠳᠤ ᠵᠢᠭᠠᠨ ᠬᠥᠮᠥᠵᠢᠭᠦᠯᠬᠦ ᠠᠷᠭ᠎ᠠ ᠪᠠᠷᠢᠯ ᠤᠨ ᠲᠠᠯ᠎ᠠ ᠪᠠᠷ ᠥᠪᠡᠷᠮᠢᠴᠠ ᠣᠨᠴᠠᠯᠢᠭ ᠲᠠᠢ ᠪᠠᠶᠢᠳᠠᠭ᠂ ᠡᠶᠢᠨᠬᠦ ᠨᠡᠶᠢᠭᠡᠮ ᠨᠡᠶᠢᠳᠡ ᠶᠢᠨ ᠳᠠᠭᠠᠰᠢᠶᠠᠯ ᠳᠤ ᠬᠦᠷᠦᠭᠰᠡᠭᠡᠷ ᠢᠷᠡᠵᠡᠢ᠃ ᠡᠬᠦᠨ ᠤ ᠳᠣᠳᠣᠷ᠎ᠠ ᠰᠤᠷᠭᠠᠭᠤᠯᠢ ᠶᠢᠨ ᠭᠤᠳᠤᠮ ᠤᠨ ᠰᠣᠶᠣᠯ ᠨᠢ ᠬᠦᠮᠣᠰ ᠤᠨ ᠠᠩᠬᠠᠷᠣᠯ ᠳᠤ ᠬᠦᠷᠦᠭᠰᠡᠨ ᠦᠵᠡᠮᠵᠢ ᠶᠢᠨ ᠨᠢᠭᠡ ᠪᠤᠯᠵᠤ᠂ ᠰᠤᠷᠤᠭᠴᠢᠳ ᠢᠶᠠᠨ ᠨᠡᠶᠢᠬᠡᠮ ᠤᠨ ᠦᠢᠯᠡᠳᠦᠯᠭᠡ ᠳᠤ ᠣᠷᠣᠯᠴᠠᠬᠤ ᠶᠢ ᠢᠮᠠᠭᠳᠠ ᠵᠣᠷᠢᠭᠵᠢᠭᠤᠯᠤᠨ᠂ ᠮᠣᠩᠭᠤᠯ ᠤᠯᠠᠮᠵᠢᠯᠠᠯᠳᠤ ᠵᠠᠩ ᠵᠠᠩᠰᠢᠯ ᠢ ᠤᠢᠢᠯᠠᠭᠠᠬᠤ᠂ ᠣᠷᠣᠨ ᠨᠤᠳᠤᠭ ᠤᠨ ᠢᠶᠠᠨ ᠲᠡᠤᠭᠡ ᠰᠣᠶᠣᠯ ᠢᠶᠠᠨ ᠡᠵᠡᠮᠰᠢᠬᠦ ᠵᠡᠷᠭᠡ ᠣᠯᠠᠨ ᠲᠠᠯ᠎ᠠ ᠶᠢᠨ ᠮᠡᠳᠡᠯᠭᠡ ᠶᠢ ᠡᠵᠡᠮᠰᠢᠭᠦᠯᠬᠦ ᠬᠠᠷᠠᠯᠲᠠ ᠠᠴᠠ ᠵᠣᠬᠢᠶᠠᠨ ᠪᠠᠶᠢᠭᠤᠯᠣᠭᠰᠠᠨ ᠶᠤᠮ᠃      ᠬᠢᠴᠢᠶᠡᠯᠯᠡᠬᠦ ᠠᠰᠠᠷ ᠤᠨ ᠨᠢᠭᠡᠳᠤᠭᠡᠷ ᠳᠠᠪᠬᠤᠷᠭ᠎ᠠ ᠶᠢᠨ ᠭᠤᠳᠤᠮ ᠠᠴᠠ ᠭᠤᠷᠪᠠᠳᠣᠭᠠᠷ ᠳᠠᠪᠬᠤᠷᠭ᠎ᠠ ᠶᠢᠨ ᠭᠤᠳᠤᠮ ᠬᠥᠷᠳᠡᠯ᠎ᠡ ᠰᠤᠷᠤᠭᠴᠢ ᠶᠢᠨ ᠠᠮᠢ ᠠᠬᠤᠢ᠂ ᠦᠨᠳᠦᠰᠦᠳᠡᠨ ᠤ ᠪᠦᠯᠬᠦᠮᠳᠡᠯ᠂ ᠬᠢᠵᠢᠭ ᠡᠪᠡᠳᠴᠢᠨ ᠢ ᠰᠡᠷᠭᠡᠶᠢᠯᠡᠬᠦ ᠵᠡᠷᠭᠡ ᠪᠠᠶᠠᠯᠢᠭ ᠠᠭᠤᠯᠭ᠎ᠠ ᠲᠠᠢ ᠤᠷᠠᠯᠠᠨ ᠵᠢᠷᠤᠭᠯᠠᠭᠰᠠᠨ ᠭᠠᠷ ᠪᠢᠴᠢᠮᠡᠯ ᠰᠣᠨᠢᠨ᠂ ᠡᠵᠡᠨ᠎ᠡ ᠬᠤᠰᠢᠭᠤᠨ ᠤ ᠪᠠᠨ ᠡᠷᠳᠡᠮᠲᠡᠳ ᠪᠠ ᠰᠣᠶᠣᠯ ᠤᠨ ᠵᠢᠳᠬᠦᠯᠲᠡᠳ ᠤᠨ ᠲᠠᠨᠢᠯᠴᠠᠭᠤᠯᠭ᠎ᠠ᠂ ᠮᠣᠩᠭᠤᠯ ᠤᠯᠠᠮᠵᠢᠯᠠᠯᠳᠤ ᠵᠠᠩ ᠵᠠᠩᠰᠢᠯ᠂ ᠤᠯᠠᠮᠵᠢᠯᠠᠯᠳᠦ ᠨᠠᠭᠠᠳᠤᠮ᠂ ᠡᠳ᠋ᠯᠡᠯ ᠬᠡᠷᠡᠭᠰᠡᠯ᠂ ᠲᠠᠪᠤᠨ ᠬᠤᠰᠢᠭᠤ ᠮᠠᠯ ᠤᠨ ᠰᠣᠶᠣᠯ᠂ ᠲᠣᠷᠭᠤᠳ ᠤᠨ ᠠᠷᠪᠠᠨ ᠭᠤᠷᠪᠠᠨ ᠠᠶᠢᠯ ᠮᠡᠳᠤ ᠶᠢᠨ ᠮᠠᠰᠢ ᠣᠯᠠᠨ ᠦᠨᠳᠦᠰᠦᠳᠡᠨ ᠤ ᠪᠠᠨ ᠤᠯᠠᠮᠵᠢᠯᠠᠯᠳᠤ ᠰᠣᠶᠣᠯ ᠵᠢᠴᠢ ᠡᠵᠡᠨ᠎ᠡ ᠨᠣᠳᠤᠭ ᠤᠨ ᠰᠣᠶᠣᠯ ᠲᠠᠤᠭᠡ ᠶᠢᠨ ᠲᠤᠬᠠᠢ ᠲᠠᠶᠢᠯᠪᠤᠷᠢ ᠵᠢᠷᠤᠭ ᠪᠠᠶᠢᠬᠤ ᠠᠴᠠ ᠭᠠᠳᠠᠨ᠎ᠠ ᠴᠠᠭ ᠦᠶ᠎ᠡ ᠶᠢᠨ ᠪᠠᠶᠢᠳᠠᠯ ᠲᠠᠢ ᠵᠣᠬᠢᠴᠠᠭᠤᠯᠣᠭᠰᠠᠨ ᠮᠡᠷᠭᠡᠨ ᠴᠣᠬᠤᠷ ᠢ ᠳᠠᠭᠠᠯᠳᠤᠭᠤᠯᠤᠨ 56 ᠦᠨᠳᠦᠰᠦᠳᠡᠨ ᠤ ᠲᠤᠬᠠᠢ ᠳᠠᠶᠢᠯᠪᠤᠷᠢᠯᠠᠯᠲᠠ ᠶᠢ ᠬᠠᠳᠠᠵᠤ᠂ ᠰᠤᠷᠤᠭᠴᠢᠳ ᠤᠨ ᠬᠢᠴᠢᠶᠡᠯ ᠤᠨ ᠭᠠᠳᠠᠭᠤᠷᠬᠢ ᠮᠡᠳᠡᠯᠭᠡ ᠶᠢᠨ ᠬᠤᠷᠠᠮᠳᠤᠭᠤᠯᠤᠯ ᠢ ᠪᠠᠶᠠᠯᠢᠭᠵᠢᠭᠤᠯᠤᠭᠰᠠᠨ ᠪᠠᠶᠢᠨ᠎ᠠ᠃      ᠰᠤᠷᠭᠠᠭᠤᠯᠢ ᠶᠢᠨ ᠵᠠᠬᠢᠷᠤᠯ ᠬᠥᠭᠵᠢᠯᠴᠡᠴᠡᠭ᠄ ︽ᠮᠠᠨ ᠤ ᠰᠤᠷᠭᠠᠭᠤᠯᠢ 2015 ᠣᠨ ᠠᠴᠠ ᠡᠬᠢᠯᠡᠨ ᠠᠮᠠᠷᠠᠯᠳᠠ ᠪᠣᠯᠭᠠᠨ ᠳᠤ ᠰᠤᠷᠤᠭᠴᠢᠳ ᠨᠡᠶᠢᠭᠡᠮ ᠤᠨ ᠦᠢᠯᠡᠳᠦᠯᠭᠡ ᠳᠤ ᠣᠷᠣᠯᠴᠠᠭᠰᠠᠨ ᠢᠶᠠᠨ ᠰᠡᠬᠦᠳᠡᠷᠯᠡᠵᠣ ᠢᠷᠡᠬᠦ ᠶᠢ ᠱᠠᠭᠠᠷᠳᠠᠵᠣ᠂ ᠣᠨᠴᠣᠭᠤᠶᠢᠯᠠᠨ ᠳᠡᠭᠡᠳᠣ ᠣᠨ ᠤ ᠰᠤᠷᠤᠭᠴᠢ ᠪᠠᠷ ᠰᠡᠭᠦᠳᠡᠷᠯᠡᠭᠰᠡᠨ ᠵᠢᠷᠤᠭ ᠰᠡᠭᠦᠳᠡᠷ ᠲᠤᠨᠢ ᠳᠠᠶᠢᠯᠪᠣᠷᠢ ᠬᠢᠯᠭᠡᠵᠣ ᠶᠠᠭᠤ ᠬᠢᠭᠰᠡᠨ ᠶᠠᠮᠠᠷ ᠣᠯᠣᠯᠲᠠ ᠳᠦᠷᠦᠭᠳᠡᠯ ᠲᠠᠢ ᠶᠢ ᠨᠢ ᠪᠢᠴᠢᠭᠦᠯᠳᠡᠭ᠃ ᠭᠡᠣᠭᠡᠳ ᠤᠨ ᠨᠡᠶᠢᠭᠡᠮ ᠤᠨ ᠦᠢᠯᠡᠳᠦᠯᠭᠡ ᠳᠤ ᠤᠷᠤᠯᠴᠠᠭᠰᠠᠨ ᠵᠢᠷᠤᠭ ᠢ ᠠᠩᠭᠢ ᠶᠢᠨ ᠬᠢᠨᠢ ᠬᠠᠨ᠎ᠠ ᠳᠡᠭᠡᠷ᠎ᠠ ᠨᠠᠭᠠᠵᠤ ᠦᠵᠡᠭᠦᠯᠦᠯᠭᠡ ᠪᠣᠯᠭᠠᠨ ᠪᠤᠰᠤᠳ ᠲᠤ ᠰᠣᠨᠢᠷᠬᠠᠭᠤᠯᠬᠤ ᠶᠢᠨ ᠳᠠᠭᠠᠣ ᠳᠤᠨᠢ ᠰᠤᠷᠤᠭᠴᠢᠳ ᠢᠶᠠᠨ ᠤᠷᠮᠠᠰᠢᠭᠤᠯᠵᠦ ᠵᠣᠷᠢᠭᠵᠢᠭᠤᠯᠣᠭᠰᠠᠭᠠᠷ ᠢᠷᠡᠵᠡᠢ᠃ ᠡᠨᠡ ᠵᠢᠯ ᠬᠢᠵᠢᠭ ᠡᠪᠡᠳᠴᠢᠨ ᠲᠡᠯᠭᠡᠷᠡᠭᠰᠡᠨ ᠠᠴᠠ ᠴᠢᠯᠦᠭᠡᠨ ᠤ ᠬᠤᠭᠤᠴᠠᠭ᠎ᠠ ᠬᠠᠷᠢᠴᠠᠩᠭᠤᠢ ᠤᠷᠳᠤ᠂ ᠬᠡᠣᠭᠡᠳ ᠤᠳ ᠡᠨᠡ ᠬᠡᠰᠡᠭ ᠬᠤᠭᠤᠴᠠᠭᠠᠨ ᠳᠤ ᠠᠷᠪᠢᠨ ᠶᠠᠭᠤᠮ᠎ᠠ ᠪᠦᠲᠦᠭᠡᠪᠡ᠂ ᠲᠠᠷᠠᠭᠠᠴᠢ ᠪᠠᠷ ᠪᠢᠳᠡ ᠳᠡᠳᠡᠨᠠᠷ ᠤᠨ ᠪᠦᠳᠤᠭᠡᠯ ᠠᠴᠠ ᠰᠣᠩᠭᠤᠨ ᠰᠢᠯᠭᠠᠷᠠᠭᠤᠯᠵᠣ ︿ᠬᠢᠵᠢᠭ ᠢ ᠰᠡᠷᠭᠡᠶᠢᠯᠡᠬᠦ ᠪᠢᠴᠢᠬᠠᠨ ᠭᠠᠷᠮᠠᠭᠠᠶᠢᠯᠠᠭᠴᠢ﹀ ᠪᠠᠷ ᠱᠠᠩᠨᠠᠬᠤ ᠪᠠᠷ ᠪᠠᠶᠢᠭ᠎ᠠ ᠶᠤᠮ︾ ᠭᠡᠵᠦ ᠲᠠᠨᠢᠯᠴᠠᠭᠤᠯᠤᠯ᠎ᠠ᠃                                    ︵ᠵᠣᠬᠢᠶᠠᠭᠴᠢ᠄ ᠮᠠᠦ ᠲᠦᠮᠡᠨ      ᠬᠤᠶᠢᠳ ᠰᠡᠴᠡᠨ︶
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号