ᠬᠦᠪᠴᠢᠨ ︽ᠰᠦᠡᠭ ᠴᠢᠩ ᠯᠢᠩ ᠰᠤᠷᠤᠯᠭ᠎ᠠ ᠶᠢᠨ ᠱᠠᠩᠨᠠᠯ ᠤᠨ ᠮᠦᠡᠭᠬᠦ︾ ᠬᠦᠷᠳᠡᠪᠠ
ᠨᠡᠶᠢᠲᠡᠯᠡᠭᠰᠡᠨ ᠴᠠᠭ᠄
2020/7/2
      ᠤᠢᠢᠷ᠎ᠠ ᠶᠢᠨ ᠡᠳᠦᠷ᠂ ᠰᠤᠷᠭᠠᠨ ᠬᠦᠮᠦᠵᠢᠯ ᠤᠨ ᠶᠠᠮᠤᠨ ᠤ ᠨᠠᠶᠢᠳᠡᠯᠡᠭᠰᠡᠨ ᠠᠷᠪᠠᠨ ᠲᠦᠷᠪᠡᠳᠦᠬᠡᠷ ᠤᠳᠠᠭᠠᠨ ᠤ ︽ᠰᠦᠡᠭ ᠴᠢᠩ ᠯᠢᠩ ᠰᠤᠷᠤᠯᠭ᠎ᠠ ᠶᠢᠨ ᠱᠠᠩᠨᠠᠯ ᠤᠨ ᠮᠦᠡᠭᠬᠦ︾ ᠬᠦᠷᠳᠡᠭᠰᠡᠳ ᠤᠨ ᠦᠷ᠎ᠠ ᠳ᠋ᠦᠡᠭ ᠤᠨ ᠨᠠᠶᠢᠳᠡᠯᠡᠯ ᠳᠤ ᠮᠠᠨ ᠤ ᠤᠷᠤᠨ ᠤ 48 ᠰᠤᠷᠤᠭᠴᠢ ᠲᠤᠳᠤᠷᠡᠵᠠᠢ᠃ ᠡᠬᠦᠨ ᠳᠤ᠂ ᠠᠯᠠᠱᠠ ᠵᠡᠬᠦᠨ ᠬᠤᠰᠢᠭᠤᠨ ᠤ ᠮᠤᠩᠭᠤᠯ ᠦᠨᠳᠦᠰᠦᠳᠠᠨ ᠤ ᠰᠤᠷᠭᠠᠭᠤᠯᠢ ᠶᠢᠨ ᠲᠤᠯᠤᠳᠤᠭᠠᠷ ᠤᠨ ᠤ ᠰᠤᠷᠤᠭᠴᠢ ᠬᠦᠪᠴᠢᠨ ᠲᠤᠰ ᠱᠠᠩᠨᠡᠯ ᠢ ᠬᠦᠷᠳᠡᠭᠰᠡᠨ ᠪᠠᠶᠢᠨ᠎ᠠ᠃       ᠬᠦᠪᠴᠢᠨ ᠤ ᠠᠩᠬᠢ ᠶᠢᠨ ᠡᠷᠬᠢᠯᠡᠭᠴᠢ ᠪᠢᠯᠢᠭᠲᠦ ᠶᠢᠨ ᠬᠡᠯᠡᠬᠦ ᠪᠠᠷ᠂ ᠬᠦᠪᠴᠢᠨ ᠡᠯ᠎ᠠ ᠬᠢᠴᠢᠶᠠᠯ ᠲᠦᠷᠦᠯ ᠳᠡᠭᠡᠨ ᠤᠨ ᠨᠢᠬᠡᠴᠠ ᠳᠡᠭᠡᠨ ᠤᠷᠦ᠋ᠢᠯᠠᠳᠠᠭ ᠪᠦᠬᠡᠳ ᠪᠠᠭᠰᠢ ᠰᠤᠷᠤᠭᠴᠢᠳ ᠲᠠᠢ ᠡᠶ᠎ᠡ ᠡᠪᠳᠡᠢ ᠬᠠᠷᠢᠯᠴᠠᠳᠠᠭ ᠮᠤᠷᠠᠯ ᠰᠠᠶᠢᠳᠡᠢ ᠰᠤᠷᠤᠭᠴᠢ ᠪᠤᠯᠤᠨ᠎ᠠ᠃ ᠰᠤᠯᠠ ᠰᠡᠯᠡᠬᠦᠤ ᠴᠠᠭ ᠢᠶᠠᠷ ᠮᠤᠩᠭᠤᠯ ᠰᠢᠳᠡᠷ᠎ᠠ᠂ ᠰᠢᠯᠦᠭ ᠵᠤᠬᠢᠶᠠᠯ ᠬᠡᠬᠦᠴᠢᠯᠠᠨ ᠤᠯᠠᠨ ᠲᠦᠷᠦᠯ ᠤᠨ ᠤᠷᠤᠯᠳᠤᠭᠠᠨ ᠬᠦᠳᠡᠯᠬᠡᠬᠡᠨ ᠳᠤ ᠤᠷᠤᠯᠴᠠᠬᠤ ᠲᠤᠷᠡᠳᠡᠢ ᠪᠦᠭᠡᠳ ᠤᠯᠤᠰ ᠤᠨ ᠲᠡᠰ ᠤᠨ ᠤᠷᠤᠯᠳᠤᠭᠠᠨ ᠨᠠᠭᠠᠳᠤᠮ ᠳᠤ ᠤᠯᠠᠨᠳᠠ ᠰᠢᠯᠢᠳᠡᠭ ᠬᠢᠷᠢ ᠪᠦᠲᠦᠮᠵᠢ ᠡᠬᠦᠳᠦᠭᠰᠡᠨ ᠦᠡᠭᠬᠡᠷᠡᠯᠳᠠ ᠲᠠᠢ ᠠᠵᠢ᠃       ᠰᠦᠡᠭ ᠴᠢᠩ ᠯᠢᠩ ᠰᠤᠷᠤᠯᠭ᠎ᠠ ᠶᠢᠨ ᠱᠠᠩᠨᠡᠯ ᠤᠨ ᠮᠦᠡᠭᠬᠦ ᠪᠤᠯ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠤᠮᠳᠠᠲᠦ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠵᠤᠷᠢᠭᠤᠯᠤᠭᠰᠠᠨ ᠴᠣᠷᠢ ᠶᠢᠨ ᠭᠠᠭᠴᠠ ᠤᠯᠤᠰ ᠤᠨ ᠲᠡᠰ ᠤᠨ ᠱᠠᠩᠨᠡᠯ ᠤᠨ ᠮᠦᠡᠭᠬᠦ ᠪᠤᠯᠤᠨ᠎ᠠ᠃ 2 ᠵᠢᠯ ᠳᠤ 1 ᠤᠳᠠᠭ᠎ᠠ ᠱᠠᠩᠨᠡᠵᠦ᠂ ᠰᠦᠡᠭ ᠴᠢᠩ ᠯᠢᠩ ᠤᠨ ᠤᠯᠤᠰ ᠢᠶᠠᠨ ᠬᠠᠶᠢᠷᠠᠯᠠᠬᠤ ᠵᠤᠷᠢᠭ ᠰᠠᠨᠠᠭ᠎ᠠ ᠶᠢ ᠵᠠᠯᠠᠭᠤᠴᠤᠳ ᠪᠠᠭᠠᠴᠤᠳ ᠲᠤ ᠤᠯᠠᠮᠵᠢᠯᠠᠨ᠂ ᠲᠠᠭᠤᠷᠢᠶᠠᠯ ᠪᠤᠯᠭᠠᠬᠤ ᠵᠤᠷᠢᠯᠭ᠎ᠠ ᠲᠠᠢ᠃                                                   ︵ᠵᠣᠬᠢᠶᠠᠭᠴᠢ᠄ ᠪᠤᠯᠤᠷᠰᠤᠪᠤᠤᠨ︶
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号