ᠠᠯᠠᠱᠠ ᠠᠶᠢᠮᠠᠭ ᠤᠨ ᠵᠠᠬᠢᠳᠠᠯ ᠰᠣᠷᠪᠣᠯᠵᠢᠯᠠᠭ᠎ᠠ ᠶᠢᠨ ᠲᠣᠪᠴᠢᠶ᠎ᠠ ᠶᠢᠨ ᠡᠭᠦᠷᠭᠡ ᠴᠢᠳᠠᠮᠵᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ
ᠨᠡᠶᠢᠲᠡᠯᠡᠭᠰᠡᠨ ᠴᠠᠭ᠄
2020/7/24
    ᠨᠢᠭᠡᠳᠦᠭᠡᠷ ᠵᠦᠢᠯ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ᠠᠯᠠᠱᠨ ᠠᠶᠢᠮᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠠ ᠠᠯᠠᠱᠨ ᠠᠶᠢᠮᠠᠭ ᠤᠨ ᠳᠠᠷᠤᠮᠠᠯᠯᠠᠨ ᠲᠠᠷᠬᠠᠭᠠᠭᠰᠠᠨ ︽ᠠᠯᠠᠱᠨ ᠠᠶᠢᠮᠠᠭ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃     ᠬᠤᠶᠠᠳᠤᠭᠠᠷ ᠵᠦᠢᠯ  ᠠᠯᠠᠱᠨ ᠠᠶᠢᠮᠠᠭ ᠤᠨ ᠵᠠᠬᠢᠳᠠᠯ ᠰᠣᠷᠪᠣᠯᠵᠢᠯᠠᠭ᠎ᠠ ᠶᠢᠨ ᠲᠣᠪᠴᠢᠶ᠎ᠠ ᠪᠣᠯ ᠠᠶᠢᠮᠠᠭ ᠤᠨ ᠵᠠᠬᠢᠷᠭ᠎ᠠ ᠶᠢᠨ ᠠᠵᠢᠯ ᠤᠨ ᠰᠠᠯᠠᠭ᠎ᠠ ᠮᠥᠴᠢᠷ ᠪᠠᠶᠢᠵᠦ᠂ ᠵᠢᠩᠬᠢᠨᠢ ᠭᠠᠵᠠᠷ ᠤᠨ ᠳᠡᠰ ᠤᠨ ᠪᠠᠶᠢᠭᠤᠯᠣᠯᠭ᠎ᠠ ᠪᠣᠯᠤᠨ᠎ᠠ᠃     ᠭᠤᠷᠪᠠᠳᠤᠭᠠᠷ ᠵᠦᠢᠯ   ᠠᠶᠢᠮᠠᠭ ᠤᠨ ᠵᠠᠬᠢᠳᠠᠯ ᠰᠣᠷᠪᠣᠯᠵᠢᠯᠠᠭ᠎ᠠ ᠶᠢᠨ ᠲᠣᠪᠴᠢᠶ᠎ᠠ ᠨᠢ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠣᠯᠳᠠ ᠶᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠶᠠᠪᠤᠴᠠ ᠳᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ  ᠨᠢ᠄      ︵ᠨᠢᠭᠡ︶ ᠡᠯ᠎ᠡ ᠬᠤᠰᠢᠭᠤ ᠲᠣᠭᠤᠷᠢᠭ ᠡᠯ᠎ᠡ ᠰᠠᠯᠠᠭ᠎ᠠ ᠮᠥᠴᠢᠷ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠣᠬᠢᠴᠠᠭᠤᠯᠣᠨ ᠵᠢᠯᠣᠭᠤᠳᠬᠤ ᠶᠢ ᠬᠠᠷᠢᠭᠤᠴᠠᠨ᠎ᠠ᠃      ︵ᠬᠤᠶᠠᠷ︶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠵᠢᠴᠢ ᠤᠳᠤᠷᠢᠳᠬᠤ ᠨᠦᠬᠦᠳ ᠤᠨ ᠲᠤᠰᠢᠶᠠᠭᠰᠠᠨ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠶᠠᠪᠣᠳᠠᠯ ᠢ ᠳᠠᠭᠠᠭᠠᠴᠢᠯᠠᠨ ᠬᠦᠢᠴᠡᠳᠬᠡᠨ᠎ᠡ᠃ ᠠᠷᠠᠳ ᠢᠷᠭᠡᠨ᠂ ᠬᠠᠤᠯᠢ ᠶᠢᠨ ᠡᠷᠬᠡᠳᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠵᠠᠬᠢᠳᠠᠯ ᠰᠤ‌‍ᠷᠪᠤᠯᠵᠢᠯᠠᠭ᠎ᠠ ᠶᠢᠨ ᠬᠡᠷᠡᠭ ᠶᠠᠪᠣᠳᠠᠯ ᠢ ᠬᠦᠯᠢᠶᠡᠨ ᠠᠪᠴᠤ  ᠬᠦᠢᠴᠡᠳᠬᠡᠬᠦ ᠪᠠ ᠰᠢᠢᠳᠪᠦᠷᠢᠯᠡᠬᠦ ᠠᠵᠢᠯ ᠢ ᠬᠠᠷᠢᠭᠤᠴᠠᠵᠤ᠂ ᠠᠷᠠᠳ ᠤᠯᠠᠨ ᠤ ᠰᠠᠨᠠᠯ ᠰᠠᠨᠠᠭᠤᠯᠭ᠎ᠠ ᠶᠢ ᠴᠣᠭᠯᠠᠭᠤᠯᠣᠨ᠎ᠠ᠃      ︵ᠭᠤᠷᠪᠠ︶ ᠡᠯ᠎ᠡ ᠬᠤᠰᠢᠭᠤ ᠲᠣᠭᠤᠷᠢᠭ ᠡᠯ᠎ᠡ ᠰᠠᠯᠠᠭ᠎ᠠ ᠮᠥᠴᠢᠷ ᠲᠤ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠶᠠᠪᠣᠳᠠᠯ ᠢ ᠰᠢᠯᠵᠢᠬᠦᠯᠦᠨ ᠬᠦᠢᠴᠡᠳᠬᠡᠬᠦᠯᠬᠦ᠂ ᠲᠤᠰᠢᠶᠠᠨ ᠬᠦᠢᠴᠡᠳᠬᠡᠬᠦᠯᠬᠦ ᠶᠢ ᠬᠠᠷᠢᠭᠤᠴᠠᠵᠤ᠂ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠶᠠᠪᠣᠳᠠᠯ ᠢ  ᠬᠦᠢᠴᠡᠳᠬᠡᠬᠦ ᠪᠠ ᠵᠠᠬᠢᠳᠠᠯ ᠰᠣᠷᠪᠣᠯᠵᠢᠯᠠᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠵᠠᠬᠢᠳᠠᠯ  ᠰᠣᠷᠪᠣᠯᠵᠢᠯᠠᠭ᠎ᠠ ᠶᠢᠨ ᠬᠡᠷᠡᠭ ᠶᠠᠪᠣᠳᠠᠯ ᠢ ᠵᠣᠬᠢᠴᠠᠭᠤᠯᠤᠨ ᠰᠢᠮᠳᠠᠭᠤᠯᠤᠨ ᠰᠢᠢᠳᠪᠦᠷᠢᠯᠡᠬᠦ ᠶᠢ ᠬᠠᠷᠢᠭᠤᠴᠠᠨ᠎ᠠ᠃      ︵ᠳᠥᠷᠪᠡ︶ ᠵᠠᠬᠢᠳᠠᠯ ᠰᠣᠷᠪᠣᠯᠵᠢᠯᠠᠭ᠎ᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ ᠳᠦᠷᠢᠮ ᠢ ᠬᠠᠷᠢᠭᠤᠴᠠᠨ ᠲᠣᠭᠲᠠᠭᠠᠬᠤ ᠶᠢᠨ ᠬᠠᠮᠲᠤ ᠬᠡᠷᠡᠭᠵᠢᠭᠦᠯᠬᠦ ᠶᠢ ᠵᠣᠬᠢᠶᠠᠨ ᠪᠠᠶᠢᠭᠤᠯᠣᠨ᠎ᠠ᠃ ᠵᠠᠬᠢᠳᠠᠯ ᠰᠣᠷᠪᠣᠯᠵᠢᠯᠠᠭ᠎ᠠ ᠶᠢᠨ ᠪᠠᠶᠢᠳᠠᠯ ᠳᠤ ᠵᠠᠳᠠᠯᠤᠯᠲᠠ ᠬᠢᠵᠦ᠂ ᠲᠤᠷᠰᠢᠯᠭ᠎ᠠ ᠬᠢᠳᠡᠯ ᠢᠶᠠᠨ ᠳ᠋ᠦᠩᠨᠡᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠳᠤ ᠬᠤᠯᠪᠣᠭᠳᠠᠯ ᠪᠦᠬᠦᠢ ᠰᠠᠨᠠᠯ ᠰᠠᠨᠠᠭᠤᠯᠭ᠎ᠠ ᠳᠣᠷᠠᠳᠣᠨ᠎ᠠ᠃      ︵ᠲᠠᠪᠤ︶ ᠵᠠᠬᠢᠳᠠᠯ ᠰᠣᠷᠪᠣᠯᠵᠢᠯᠠᠭ᠎ᠠ   ᠶᠢᠨ ᠥᠭᠡᠷᠡᠴᠢᠯᠡᠯᠲᠡ  ᠶᠢ ᠬᠠᠷᠢᠭᠤᠴᠠᠨ᠎ᠠ᠃ ᠵᠠᠬᠢᠳᠠᠯ ᠰᠣᠷᠪᠣᠯᠵᠢᠯᠠᠭ᠎ᠠ   ᠶᠢᠨ ᠬᠠᠤᠯᠢ  ᠪᠠᠷ ᠵᠠᠰᠠᠬᠤ ᠪᠠᠶᠢᠭᠤᠯᠤᠯᠲᠠ  ᠶᠢᠨ ᠠᠵᠢᠯ᠂ ᠵᠠᠬᠢᠳᠠᠯ ᠰᠤᠷᠪᠤᠯᠵᠢᠯᠠᠭ᠎ᠠ  ᠶᠢᠨ ᠠᠵᠢᠯ  ᠤᠨ ᠳᠦᠷᠢᠮ  ᠢ ᠲᠤᠭᠤᠷᠪᠢᠨ ᠪᠢᠴᠢᠬᠦ ᠵᠡᠷᠭᠡ   ᠶᠢ ᠬᠠᠷᠢᠭᠤᠴᠠᠨ᠎ᠠ᠃ ᠪᠦᠬᠦ ᠠᠶᠢᠮᠠᠭ  ᠤᠨ ᠵᠠᠬᠢᠳᠠᠯ  ᠰᠣᠷᠪᠣᠯᠵᠢᠯᠠᠭ᠎ᠠ   ᠶᠢᠨ ᠮᠡᠳᠡᠭᠡ ᠵᠠᠩᠭᠢ  ᠶᠢᠨ ᠰᠢᠰᠲ᠋ᠧᠮ  ᠤᠨ ᠪᠠᠶᠢᠭᠤᠯᠤᠯᠲᠠ ᠪᠣᠯᠤᠨ ᠬᠠᠮᠢᠶᠠᠷᠣᠯᠳᠠ ᠶᠢᠨ ᠠᠵᠢᠯ   ᠢ ᠵᠢᠯᠣᠭᠤᠳᠬᠤ   ᠶᠢ ᠬᠠᠷᠢᠭᠤᠴᠠᠨ᠎ᠠ᠃      ︵ᠵᠢᠷᠭᠤᠭ᠎ᠠ︶ ᠪᠦᠬᠦ ᠠᠶᠢᠮᠠᠭ ᠤᠨ ᠵᠠᠬᠢᠳᠠᠯ ᠰᠣᠷᠪᠣᠯᠵᠢᠯᠠᠭ᠎ᠠ ᠶᠢᠨ ᠰᠠᠯᠠᠭ᠎ᠠ ᠮᠥᠴᠢᠷ ᠤᠨ ᠡᠩᠨᠡᠭᠡᠨ ᠤ ᠪᠠᠶᠢᠭᠤᠯᠣᠯᠳᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠪᠣᠯᠪᠠᠰᠤᠷᠠᠯ ᠤᠨ ᠠᠵᠢᠯ ᠢ ᠵᠢᠯᠣᠭᠤᠳᠬᠤ ᠶᠢ ᠬᠠᠷᠢᠭᠤᠴᠠᠨ᠎ᠠ᠃      ︵ᠳᠣᠯᠤᠭ᠎ᠠ︶ ᠠᠶᠢᠮᠠᠭ  ᠤᠨ ᠵᠠᠬᠢᠳᠠᠯ ᠰᠣᠷᠪᠣᠯᠵᠢᠯᠠᠭ᠎ᠠ  ᠶᠢᠨ ᠠᠵᠢᠯ  ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ  ᠤᠨ ᠡᠳᠦᠷ ᠲᠤᠲᠤᠮ  ᠤᠨ ᠠᠵᠢᠯ ᠢ ᠬᠠᠷᠢᠭᠤᠴᠠᠵᠤ᠂ ᠠᠶᠢᠮᠠᠭ  ᠤᠨ ᠵᠠᠬᠢᠳᠠᠯ ᠰᠣᠷᠪᠣᠯᠵᠢᠯᠠᠭ᠎ᠠ  ᠶᠢᠨ ᠠᠵᠢᠯ  ᠤᠨ ᠬᠠᠮᠲᠤᠷᠠᠭᠰᠠᠨ ᠬᠤᠷᠠᠯ  ᠤᠨ ᠲᠣᠭᠲᠠᠭᠠᠭᠰᠠᠨ ᠵᠦᠢᠯᠡᠰ  ᠤᠨ ᠨᠠᠶᠢᠳᠠᠪᠣᠷᠢᠵᠢᠭᠤᠯᠣᠯᠳᠠ ᠶᠢ ᠰᠢᠮᠳᠠᠭᠤᠯᠤᠨ ᠪᠠᠶᠢᠴᠠᠭᠠᠨ᠎ᠠ᠃      ︵ᠨᠠᠢᠮᠠ︶ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠤᠬᠠᠭᠤᠯᠭ᠎ᠠ᠂ ᠮᠡᠳᠡᠭᠡ ᠵᠠᠩᠭᠢ ᠨᠡᠶᠢᠲᠡᠯᠡᠬᠦ ᠪᠠ ᠪᠣᠰᠣᠳ ᠪᠠᠶᠢᠭᠤᠯᠣᠯᠭ᠎ᠠ ᠲᠠᠢ ᠠᠵᠢᠯ ᠤᠨ ᠰᠣᠯᠢᠯᠴᠠᠭ᠎ᠠ ᠬᠢᠬᠦ ᠶᠢ ᠵᠣᠬᠢᠴᠠᠭᠤᠯᠤᠨ᠎ᠠ᠃      ︵ᠶᠢᠰᠦ︶ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠬᠦᠯᠦᠨ᠎ᠡ᠃      ᠳᠥᠷᠪᠡᠳᠦᠭᠡᠷ ᠵᠦᠢᠯ    ᠠᠶᠢᠮᠠᠭ ᠤᠨ ᠵᠠᠬᠢᠳᠠᠯ ᠰᠣᠷᠪᠣᠯᠵᠢᠯᠠᠭ᠎ᠠ ᠶᠢᠨ ᠲᠣᠪᠴᠢᠶ᠎ᠠ ᠳᠤ ᠳᠣᠤᠷᠠᠬᠢ ᠮᠡᠲᠦ ᠳᠣᠲᠣᠭᠠᠳᠤ ᠪᠠᠶᠢᠭᠤᠯᠣᠮᠵᠢ ᠶᠢ ᠳᠣᠬᠢᠷᠠᠭᠤᠯᠣᠨ᠎ᠠ᠃      ︵ᠨᠢᠭᠡ︶ ᠠᠯᠪᠠᠨ ᠭᠡᠷ᠃ ᠪᠠᠶᠢᠭᠤᠯᠣᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢ᠂ ᠠᠮᠤᠷ ᠲᠦᠪᠰᠢᠨ ᠨᠢᠭᠤᠴᠠ ᠶᠢ ᠬᠠᠮᠠᠭᠠᠯᠠᠬᠤ᠂ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠵᠡᠷᠭᠡ ᠠᠵᠢᠯ ᠢ ᠡᠭᠦᠷᠭᠡᠯᠡᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠠᠯᠲᠠᠲᠤ ᠬᠠᠮᠢᠶᠠᠷᠤᠯᠲᠠ ᠬᠢᠨᠠᠨ ᠰᠢᠯᠭᠠᠯᠲᠠ ᠪᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠥᠭᠡᠷᠡᠴᠢᠯᠡᠯᠲᠡ ᠶᠢᠨ ᠡᠭᠦᠷᠭᠡ ᠶᠢ  ᠡᠭᠦᠷᠭᠡᠯᠡᠨ᠎ᠡ᠃ ᠪᠠᠶᠢᠭᠤᠯᠤᠯᠭ᠎ᠠ ᠪᠣᠯᠤᠨ ᠬᠠᠷᠢᠶ᠎ᠠ ᠨᠢᠭᠡᠴᠡ ᠶᠢᠨ ᠨᠠᠮ ᠪᠠ ᠣᠯᠠᠨ ᠲᠦᠮᠡᠨ ᠤ ᠠᠵᠢᠯ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠵᠤ᠂ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠣᠳᠠᠯ ᠤᠨ ᠬᠠᠮᠢᠶᠠᠷᠤᠯᠲᠠ᠂ ᠡᠩᠨᠡᠭᠡᠨ ᠤ ᠪᠠᠶᠢᠭᠤᠯᠤᠯᠲᠠ ᠵᠢᠴᠢ ᠠᠵᠢᠯ ᠠᠴᠠ ᠪᠠᠨ ᠠᠮᠠᠷᠠᠭᠰᠠᠳ ᠲᠤ ᠦᠢᠯᠡᠴᠢᠯᠡᠬᠦ ᠪᠠ ᠳᠡᠳᠡᠨ ᠢ ᠬᠠᠮᠢᠶᠠᠷᠬᠤ ᠠᠵᠢᠯ ᠢ ᠡᠭᠦᠷᠭᠡᠯᠡᠨ᠎ᠡ᠃ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠡᠩᠨᠡᠭᠡᠨ ᠤ ᠪᠣᠯᠪᠠᠰᠤᠷᠠᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠵᠠᠬᠢᠳᠠᠯ  ᠰᠣᠷᠪᠣᠯᠵᠢᠯᠠᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠳᠦᠷᠢᠮ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠭᠡᠷᠡᠭᠵᠢᠬᠦᠯᠬᠦ ᠶᠢ ᠵᠣᠬᠢᠶᠠᠨ ᠪᠠᠶᠢᠭᠤᠯᠵᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ᠃ ᠵᠠᠬᠢᠳᠠᠯ ᠰᠣᠷᠪᠣᠯᠵᠢᠯᠠᠭ᠎ᠠ ᠶᠢᠨ ᠪᠦᠬᠦ ᠲᠠᠯ᠎ᠠ ᠶᠢᠨ ᠲᠤᠬᠠᠶᠢᠯᠠᠭᠰᠠᠨ ᠠᠵᠢᠯ ᠢ ᠶᠡᠷᠦᠩᠬᠡᠶᠢᠯᠡᠨ ᠵᠣᠬᠢᠴᠠᠭᠤᠯᠵᠦ᠂ ᠵᠠᠬᠢᠳᠠᠯ ᠰᠣᠷᠪᠣᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠳᠣᠬᠠᠢ ᠰᠠᠨᠠᠯ ᠰᠠᠨᠠᠭᠤᠯᠭ᠎ᠠ ᠶᠢ ᠳᠣᠷᠠᠳᠣᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠢ ᠥᠷᠨᠢᠭᠦᠯᠵᠦ᠂ ᠵᠠᠬᠢᠳᠠᠯ ᠰᠣᠷᠪᠣᠯᠵᠢᠯᠠᠭ᠎ᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯ ᠢ ᠴᠢᠩᠭᠠᠳᠬᠠᠨ᠎ᠠ᠃ ᠠᠶᠢᠮᠠᠭ ᠤᠨ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃      ︵ᠬᠤᠶᠠᠷ︶ ᠰᠣᠷᠪᠣᠯᠵᠢᠯᠠᠬᠤ ᠪᠠᠷ ᠢᠷᠡᠭᠰᠡᠳ ᠢ ᠬᠦᠯᠢᠶᠡᠨ ᠠᠪᠬᠤ ᠠᠵᠢᠯ ᠤᠨ ᠰᠠᠯᠠᠭ᠎ᠠ᠃ ᠠᠷᠠᠳ ᠢᠷᠭᠡᠨ᠂ ᠬᠠᠤᠯᠢ ᠶᠢᠨ ᠡᠷᠭᠡᠳᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠠᠵᠢᠯ ᠢ ᠬᠠᠷᠢᠭᠤᠴᠠᠨ᠎ᠠ᠃ ᠤᠳᠤᠷᠢᠳᠬᠤ ᠨᠥᠬᠦᠳ ᠤᠨ ᠬᠦᠢᠴᠡᠳᠬᠡᠬᠦᠯᠬᠦ ᠪᠠᠷ ᠴᠣᠬᠤᠯᠠᠪᠣᠷᠢᠯᠠᠭᠰᠠᠨ᠂ ᠬᠦᠢᠴᠡᠳᠬᠡᠬᠦᠯᠬᠦ ᠪᠠᠷ ᠳᠠᠮᠵᠢᠭᠤᠯᠣᠭᠰᠠᠨ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠶᠠᠪᠣᠳᠠᠯ ᠪᠠ ᠤᠯᠤᠰ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠣᠷᠪᠣᠯᠵᠢᠯᠠᠭ᠎ᠠ ᠶᠢᠨ ᠲᠣᠪᠴᠢᠶ᠎ᠠ ᠠᠴᠠ ᠳᠠᠮᠵᠢᠭᠤᠯᠤᠨ ᠬᠦᠷᠭᠡᠭᠰᠡᠨ᠂ ᠲᠤᠰᠢᠶᠠᠨ ᠬᠦᠢᠴᠡᠳᠬᠡᠬᠦᠯᠬᠦ ᠪᠠᠷ ᠪᠠᠶᠢᠭ᠎ᠠ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠶᠠᠪᠣᠳᠠᠯ ᠢ ᠳᠠᠭᠠᠭᠠᠴᠢᠯᠠᠨ ᠬᠦᠢᠴᠡᠳᠬᠡᠨ᠎ᠡ᠃ ᠠᠶᠢᠮᠠᠭ ᠤᠨ ᠵᠠᠬᠢᠳᠠᠯ  ᠰᠣᠷᠪᠣᠯᠵᠢᠯᠠᠭ᠎ᠠ ᠶᠢᠨ ᠣᠳᠠᠰᠣ ᠪᠠᠷ ᠯᠠᠪᠯᠠᠯᠭ᠎ᠠ ᠠᠪᠬᠤ ᠠᠵᠢᠯ ᠢ ᠡᠭᠦᠷᠭᠡᠯᠡᠨ᠎ᠡ᠃ ᠠᠶᠢᠮᠠᠭ ᠠᠴᠠ ᠢᠷᠡᠭᠦᠯᠦᠭᠰᠡᠨ ᠵᠠᠬᠢᠳᠠᠯ᠂ ᠣᠳᠠᠰᠣ ᠪᠠ ᠰᠣᠷᠪᠣᠯᠵᠢᠯᠠᠭ᠎ᠠ ᠶᠢᠨ ᠬᠡᠷᠡᠭ ᠶᠠᠪᠣᠳᠠᠯ ᠢ ᠳᠠᠮᠵᠢᠭᠤᠯᠵᠦ᠂ ᠲᠤᠰᠢᠶᠠᠨ ᠬᠦᠢᠴᠡᠳᠬᠡᠬᠦᠯᠦᠨ᠂ ᠰᠢᠮᠳᠠᠭᠤᠯᠤᠨ ᠬᠦᠢᠴᠡᠳᠬᠡᠬᠦᠯᠦᠨ᠎ᠡ᠃ ᠢᠷᠡᠭᠦᠯᠦᠭᠰᠡᠨ ᠵᠠᠬᠢᠳᠠᠯ᠂ ᠣᠳᠠᠰᠣ ᠪᠠ ᠰᠤᠷᠪᠤᠯᠵᠢᠯᠠᠭ᠎ᠠ ᠶᠢᠨ ᠪᠠᠶᠢᠳᠠᠯ ᠢ ᠪᠦᠷᠢᠳᠬᠡᠨ ᠵᠠᠳᠠᠯᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠤᠨ᠎ᠠ᠃ ᠡᠯ᠎ᠡ ᠬᠤᠰᠢᠭᠤ ᠲᠣᠭᠤᠷᠢᠭ ᠡᠯ᠎ᠡ ᠰᠠᠯᠠᠭ᠎ᠠ ᠮᠥᠴᠢᠷ ᠤᠨ ᠵᠠᠬᠢᠳᠠᠯ ᠳᠤ ᠳᠣᠷᠠᠳᠣᠭᠰᠠᠨ ᠵᠦᠢᠯ ᠢ ᠬᠦᠢᠴᠡᠳᠬᠡᠬᠦ ᠪᠠ ᠰᠤᠷᠪᠤᠯᠵᠢᠯᠠᠭ᠎ᠠ ᠶᠢ ᠬᠦᠯᠢᠶᠡᠨ ᠠᠪᠬᠤ ᠵᠡᠷᠭᠡ ᠠᠵᠢᠯ ᠢ ᠵᠢᠯᠣᠭᠤᠳᠣᠨ᠎ᠠ᠃ ᠪᠦᠬᠦ ᠠᠶᠢᠮᠠᠭ ᠤᠨ ᠪᠡᠭᠡᠵᠢᠩ᠂ ᠬᠦᠬᠡᠬᠤᠳᠠ ᠳᠤ ᠰᠠᠭᠤᠭ᠎ᠠ ᠵᠠᠬᠢᠳᠠᠯ ᠰᠣᠷᠪᠣᠯᠵᠢᠯᠠᠭ᠎ᠠ ᠶᠢᠨ ᠠᠵᠢᠯ ᠢ ᠵᠣᠬᠢᠴᠠᠭᠤᠯᠣᠨ ᠵᠢᠯᠣᠭᠤᠳᠬᠤ ᠶᠢ ᠵᠣᠬᠢᠶᠠᠨ ᠪᠠᠶᠢᠭᠤᠯᠵᠦ ᠮᠠᠨ ᠤ ᠠᠶᠢᠮᠠᠭ ᠤᠨ ᠪᠡᠭᠡᠵᠢᠩ ᠳᠠᠬᠢ ᠳᠣᠭᠳᠠᠭᠰᠠᠨ ᠬᠦᠯᠢᠶᠡᠨ ᠠᠪᠬᠤ ᠭᠠᠵᠠᠷ ᠠᠴᠠ ᠪᠣᠰᠣᠳ ᠴᠡᠭ ᠲᠤ ᠣᠴᠢᠭᠰᠠᠨ ᠬᠦᠮᠦᠰ ᠪᠣᠯᠤᠨ ᠱᠠᠲᠤ ᠠᠯᠤᠰᠯᠠᠨ ᠬᠦᠬᠡᠬᠤᠳᠠ ᠳᠤ ᠬᠦᠷᠴᠦ ᠳᠡᠭᠡᠭᠰᠢ ᠰᠤᠷᠪᠤᠯᠵᠢᠯᠠᠭᠰᠠᠳ ᠢ ᠢᠳᠬᠠᠨ ᠪᠣᠴᠠᠭᠠᠯᠭᠠᠬᠤ ᠠᠵᠢᠯ ᠢ ᠵᠣᠬᠢᠴᠠᠭᠤᠯᠣᠨ ᠵᠢᠯᠣᠭᠤᠳᠣᠨ᠎ᠠ᠃ ᠠᠶᠢᠮᠠᠭ ᠤᠨ ᠨᠠᠮ ᠵᠠᠰᠠᠭ ᠤᠨ ᠠᠯᠪᠠᠯᠠᠬᠤ ᠭᠠᠵᠠᠷ ᠲᠤ ᠰᠣᠷᠪᠣᠯᠵᠢᠯᠠᠬᠤ ᠪᠠᠷ ᠣᠴᠢᠭᠰᠠᠨ ᠬᠦᠮᠦᠰ ᠢ ᠳᠣᠭᠳᠠᠭᠰᠠᠨ  ᠲᠠᠯᠠᠪᠤᠷ ᠲᠤ ᠣᠴᠢᠭᠤᠯᠤᠨ ᠠᠰᠠᠭᠤᠳᠠᠯ ᠢᠶᠠᠨ ᠳᠣᠰᠬᠠᠬᠤ ᠶᠢ ᠨᠢ ᠵᠣᠬᠢᠴᠠᠭᠤᠯᠣᠨ ᠬᠦᠳᠦᠯᠬᠦ ᠶᠢ ᠵᠣᠬᠢᠶᠠᠨ ᠪᠠᠶᠢᠭᠤᠯᠣᠨ᠎ᠠ᠃ ᠠᠶᠢᠮᠠᠭ ᠤᠨ ᠵᠠᠬᠢᠳᠠᠯ ᠰᠣᠷᠪᠣᠯᠵᠢᠯᠠᠭ᠎ᠠ ᠶᠢᠨ ᠲᠣᠪᠴᠢᠶ᠎ᠠ ᠶᠢᠨ ᠰᠣᠷᠪᠣᠯᠵᠢᠯᠠᠭ᠎ᠠ ᠶᠢᠨ ᠬᠦᠯᠢᠶᠡᠨ ᠠᠪᠬᠤ ᠭᠠᠵᠠᠷ ᠤᠨ ᠡᠮᠬᠢ ᠳᠢᠭᠯᠢᠮ ᠢ  ᠳᠦᠷᠢᠮᠵᠢᠬᠦᠯᠬᠦ ᠶᠢ ᠬᠠᠷᠢᠭᠤᠴᠠᠨ᠎ᠠ᠃ ᠵᠠᠬᠢᠳᠠᠯ ᠰᠣᠷᠪᠣᠯᠵᠢᠯᠠᠭ᠎ᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ ᠳᠦᠷᠢᠮ ᠢ ᠲᠤᠭᠤᠷᠪᠢᠨ ᠳᠣᠭᠳᠠᠭᠠᠬᠤ ᠶᠢᠨ ᠬᠠᠮᠲᠤ ᠬᠡᠷᠡᠭᠵᠢᠭᠦᠯᠬᠦ ᠶᠢ ᠵᠣᠬᠢᠶᠠᠨ ᠪᠠᠶᠢᠭᠤᠯᠣᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠨ᠎ᠡ᠃ ᠬᠠᠤᠯᠢ ᠶᠣᠰᠣᠭᠠᠷ ᠱᠠᠲᠤ ᠳᠠᠷᠠᠭᠠᠯᠠᠨ ᠰᠤᠷᠪᠤᠯᠵᠢᠯᠠᠬᠤ᠂ ᠵᠠᠷᠭᠤ ᠰᠤᠷᠪᠤᠯᠵᠢᠯᠠᠭ᠎ᠠ ᠶᠢ ᠰᠠᠯᠭᠠᠬᠤ᠂ ᠵᠠᠬᠢᠳᠠᠯ ᠰᠤᠷᠪᠤᠯᠵᠢᠯᠠᠭ᠎ᠠ ᠶᠢᠨ ᠭᠤᠮᠣᠳᠠᠯ ᠲᠣᠭᠠᠴᠢᠯᠲᠠ ᠶᠢ ᠬᠠᠤᠯᠢ ᠶᠣᠰᠣᠭᠠᠷ ᠲᠥᠷᠥᠯ ᠬᠤᠪᠢᠶᠠᠨ ᠰᠢᠢᠳᠪᠦᠷᠢᠯᠡᠵᠦ᠂ ᠬᠠᠤᠯᠢᠴᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠤ ᠣᠷᠣᠯᠴᠠᠬᠤ ᠵᠡᠷᠭᠡ ᠠᠵᠢᠯ ᠢ ᠵᠣᠬᠢᠴᠠᠭᠤᠯᠣᠨ ᠠᠬᠢᠭᠤᠯᠬᠤ ᠶᠢ ᠬᠠᠷᠢᠭᠤᠴᠠᠨ᠎ᠠ᠃ ᠪᠦᠬᠦ ᠠᠶᠢᠮᠠᠭ ᠤᠨ ᠵᠠᠬᠢᠳᠠᠯ ᠰᠣᠷᠪᠣᠯᠵᠢᠯᠠᠭ᠎ᠠ ᠶᠢᠨ ᠲᠤᠭ᠎ᠠ ᠪᠠᠷᠢᠮᠲᠠ ᠶᠢ ᠪᠦᠷᠢᠳᠬᠡᠬᠦ ᠪᠠ ᠪᠠᠶᠢᠳᠠᠯ ᠢ ᠵᠠᠳᠠᠯᠬᠤ ᠠᠵᠢᠯ ᠢ ᠬᠠᠷᠢᠭᠤᠴᠠᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠤᠨ᠎ᠠ᠃      ︵ᠭᠤᠷᠪᠠ︶ ᠰᠢᠮᠳᠠᠭᠤᠯᠤᠨ ᠪᠠᠶᠢᠴᠠᠭᠠᠬᠤ ᠠᠵᠢᠯ ᠤᠨ ᠰᠠᠯᠠᠭ᠎ᠠ᠃ ᠡᠯ᠎ᠡ ᠬᠤᠰᠢᠭᠤ ᠲᠣᠭᠤᠷᠢᠭ ᠡᠯ᠎ᠡ ᠰᠠᠯᠠᠭ᠎ᠠ ᠮᠥᠴᠢᠷ ᠤᠨ ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠳᠣᠣᠱᠯᠠᠭᠤᠯᠬᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠣᠨ ᠪᠠᠶᠢᠴᠠᠭᠠᠬᠤ ᠶᠢ ᠬᠠᠷᠢᠭᠤᠴᠠᠨ᠎ᠠ᠃ ᠲᠦᠪᠡᠭ ᠪᠤᠳᠤᠯᠢᠶᠠᠨᠲᠠᠶ ᠵᠠᠬᠢᠳᠠᠯ ᠰᠤᠷᠪᠤᠯᠵᠢᠯᠠᠭ᠎ᠠ ᠶᠢᠨ  ᠬᠡᠷᠡᠭ ᠶᠠᠪᠣᠳᠠᠯ ᠢ ᠰᠢᠮᠳᠠᠭᠤᠯᠣᠨ ᠪᠠᠶᠢᠴᠠᠭᠠᠵᠤ ᠰᠢᠮᠳᠠᠭᠤᠯᠣᠨ ᠬᠦᠢᠴᠡᠳᠬᠡᠬᠦᠯᠦᠨ᠎ᠡ᠃ ᠣᠨᠴᠣᠭᠤᠢ ᠬᠦᠴᠢᠷ ᠲᠦᠪᠡᠭᠲᠡᠢ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠪᠡᠯᠡ ᠮᠥᠩᠭᠦ ᠶᠢ ᠲᠣᠭᠲᠠᠭᠠᠯ ᠶᠣᠰᠣᠭᠠᠷ ᠭᠤᠶᠤᠴᠢᠯᠠᠨ ᠮᠡᠳᠡᠭᠦᠯᠵᠦ ᠬᠠᠮᠢᠶᠠᠷᠬᠤ ᠶᠢᠨ ᠬᠠᠮᠲᠤ ᠵᠣᠬᠢᠴᠠᠭᠤᠯᠤᠨ ᠵᠢᠯᠣᠭᠤᠳᠬᠤ ᠠᠵᠢᠯ ᠢ ᠰᠠᠶᠢᠲᠤᠷ ᠬᠢᠨ᠎ᠡ᠃ ᠠᠵᠢᠯ ᠢᠶᠠᠨ ᠰᠠᠶᠢᠵᠢᠷᠠᠭᠤᠯᠬᠤ᠂ ᠳᠦᠷᠦ ᠶᠢᠨ ᠪᠣᠳᠣᠯᠭ᠎ᠠ ᠶᠢ ᠳᠡᠬᠦᠯᠳᠡᠷᠵᠢᠬᠦᠯᠬᠦ᠂ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠰᠠᠬᠢᠯᠭ᠎ᠠ ᠪᠠᠳᠣ ᠠᠴᠠ ᠵᠦᠷᠢᠴᠡᠭᠰᠡᠨ ᠠᠵᠢᠯᠯᠠᠭ᠎ᠠ ᠠᠴᠠ ᠬᠠᠷᠢᠭᠤᠴᠠᠯᠭ᠎ᠠ ᠨᠡᠭᠡᠮᠵᠢᠯᠡᠬᠦ ᠳᠣᠬᠠᠢ ᠰᠠᠨᠠᠯ ᠰᠠᠨᠠᠭᠤᠯᠭ᠎ᠠ ᠳᠣᠷᠠᠳᠣᠨ᠎ᠠ᠃ ᠡᠯ᠎ᠡ ᠬᠤᠰᠢᠭᠤ ᠲᠣᠭᠤᠷᠢᠭ ᠡᠯ᠎ᠡ ᠰᠠᠯᠠᠭ᠎ᠠ ᠮᠥᠴᠢᠷ ᠡᠯ᠎ᠡ ᠪᠠᠶᠢᠭᠤᠯᠣᠯᠭ᠎ᠠ ᠨᠢᠭᠡᠴᠡ ᠶᠢᠨ ᠵᠠᠬᠢᠳᠠᠯ ᠰᠣᠷᠪᠣᠯᠵᠢᠯᠠᠭ᠎ᠠ ᠶᠢᠨ ᠠᠵᠢᠯ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠬᠦᠢᠴᠡᠳᠬᠡᠬᠦᠯᠬᠦ ᠶᠢ ᠪᠠᠶᠢᠴᠠᠭᠠᠨ ᠵᠢᠯᠣᠭᠤᠳᠴᠦ᠂ ᠠᠶᠢᠮᠠᠭ ᠤᠨ ᠵᠠᠬᠢᠷᠭ᠎ᠠ ᠳᠤ ᠳᠠᠬᠢᠨ ᠪᠠᠶᠢᠴᠠᠭᠠᠯᠭᠠᠵᠦ ᠳᠠᠬᠢᠨ ᠬᠠᠷᠭᠤᠭᠤᠯᠬᠤ ᠪᠠᠷ ᠭᠤᠶᠤᠴᠢᠯᠠᠭᠰᠠᠨ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠶᠠᠪᠣᠳᠠᠯ ᠢ ᠭᠥᠯᠢᠶᠡᠨ ᠠᠪᠴᠤ ᠬᠦᠢᠴᠡᠳᠬᠡᠬᠦ ᠶᠢ ᠬᠠᠷᠢᠭᠤᠴᠠᠨ᠎ᠠ᠃      ︵ᠳᠦᠷᠪᠡ︶ ᠰᠦᠯᠵᠢᠶᠡᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠠᠯᠠᠭ᠎ᠠ᠃ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠬᠢᠨ ᠤ ᠠᠶᠢᠮᠠᠭ ᠤᠨ ᠳᠠᠷᠤᠭ᠎ᠠ ᠶᠢᠨ ᠵᠠᠬᠢᠳᠠᠯ  ᠤᠨ ᠬᠠᠶᠢᠷᠴᠠᠭ᠂ ᠠᠶᠢᠮᠠᠭ ᠤᠨ ᠵᠠᠬᠢᠳᠠᠯ ᠰᠣᠷᠪᠣᠯᠵᠢᠯᠠᠭ᠎ᠠ ᠶᠢᠨ ᠲᠣᠪᠴᠢᠶ᠎ᠠ ᠶᠢᠨ ᠫᠣᠷᠲ᠋ᠧᠯ ᠰᠦᠯᠵᠢᠶ᠎ᠡ᠂ ᠸᠢᠴᠠᠲ ᠤᠨ ᠣᠯᠠᠨ ᠨᠡᠶᠢᠲᠡ ᠶᠢᠨ ᠳᠠᠪᠴᠠᠩ ᠵᠡᠷᠭᠡ ᠰᠦᠯᠵᠢᠶᠡᠨ ᠳᠤ ᠳᠤᠷᠠᠳᠤᠭᠰᠠᠨ ᠵᠠᠬᠢᠳᠠᠯ ᠰᠣᠷᠪᠣᠯᠵᠢᠯᠠᠭ᠎ᠠ ᠶᠢᠨ ᠭᠡᠷᠡᠭ ᠶᠠᠪᠣᠳᠠᠯ ᠢ ᠬᠤᠯᠪᠣᠭᠳᠠᠯ ᠪᠦᠬᠦᠢ ᠬᠤᠰᠢᠭᠤ ᠲᠣᠭᠤᠷᠢᠭ᠂ ᠰᠠᠯᠠᠭ᠎ᠠ ᠮᠥᠴᠢᠷ᠂ ᠪᠠᠶᠢᠭᠤᠯᠣᠯᠭ᠎ᠠ ᠨᠢᠭᠡᠴᠡ ᠳᠤ ᠰᠢᠯᠵᠢᠭᠦᠯᠦᠨ ᠬᠦᠷᠭᠡᠬᠦ᠂ ᠳᠣᠰᠢᠶᠠᠨ ᠬᠦᠢᠴᠡᠳᠭᠡᠬᠦᠯᠬᠦ ᠪᠠ ᠰᠢᠮᠳᠠᠭᠤᠯᠤᠨ ᠬᠦᠢᠴᠡᠳᠬᠡᠬᠦᠯᠬᠦ ᠶᠢ ᠬᠠᠷᠢᠭᠤᠴᠠᠨ᠎ᠠ᠃ ᠤᠯᠤᠰ ᠤᠨ ᠵᠠᠬᠢᠳᠠᠯ ᠰᠣᠷᠪᠣᠯᠵᠢᠯᠠᠭ᠎ᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ  ᠰᠣᠷᠪᠣᠯᠵᠢᠯᠠᠭ᠎ᠠ ᠶᠢᠨ ᠲᠣᠪᠴᠢᠶ᠎ᠠ ᠶᠢᠨ ᠳᠠᠮᠵᠢᠭᠤᠯᠤᠨ ᠬᠦᠷᠭᠡᠭᠰᠡᠨ᠂ ᠲᠤᠰᠢᠶᠠᠨ ᠬᠦᠢᠴᠡᠳᠬᠡᠬᠦᠯᠬᠦ ᠪᠠᠷ ᠪᠠᠶᠢᠭ᠎ᠠ ᠰᠦᠯᠵᠢᠶᠡᠨ ᠤ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠶᠠᠪᠣᠳᠠᠯ ᠢ ᠳᠠᠭᠠᠭᠠᠴᠢᠯᠠᠨ ᠬᠦᠢᠴᠡᠳᠬᠡᠨ᠎ᠡ᠃ ᠰᠦᠯᠵᠢᠶᠡᠨ ᠤ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠪᠦᠷᠢᠳᠬᠡᠨ ᠵᠠᠳᠠᠯᠬᠤ ᠶᠢᠨ ᠬᠠᠮᠲᠤ ᠰᠠᠨᠠᠯ ᠰᠠᠨᠠᠭᠤᠯᠭ᠎ᠠ ᠳᠣᠷᠠᠳᠣᠨ᠎ᠠ᠃ ᠬᠤᠰᠢᠭᠤ ᠲᠣᠭᠤᠷᠢᠭ᠂ ᠰᠠᠯᠠᠭ᠎ᠠ ᠮᠥᠴᠢᠷ᠂ ᠪᠠᠶᠢᠭᠤᠯᠣᠯᠭ᠎ᠠ ᠨᠢᠭᠡᠴᠡ ᠶᠢᠨ ᠰᠦᠯᠵᠢᠶᠡᠨ ᠤ ᠵᠠᠬᠢᠳᠠᠯ ᠰᠣᠷᠪᠣᠯᠵᠢᠯᠠᠭ᠎ᠠ ᠶᠢᠨ ᠠᠵᠢᠯ ᠢ ᠵᠢᠯᠣᠭᠤᠳᠤᠨ᠎ᠠ᠃ ᠠᠷᠠᠳ ᠢᠷᠭᠡᠨ ᠪᠠ ᠬᠠᠤᠯᠢ ᠶᠢᠨ ᠡᠷᠭᠡᠳᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠣᠷᠠᠳᠣᠭᠰᠠᠨ ᠰᠠᠨᠠᠯ ᠰᠠᠨᠠᠭᠤᠯᠭ᠎ᠠ ᠶᠢ ᠴᠤᠭᠯᠠᠭᠤᠯᠬᠤ᠂ ᠰᠢᠢᠳᠪᠦᠷᠢᠯᠡᠬᠦ᠂ ᠰᠤᠳᠤᠯᠬᠤ ᠪᠠ ᠮᠡᠳᠡᠭᠦᠯᠦᠨ᠎ᠡ᠃ ᠪᠠᠶᠢᠭᠤᠯᠣᠯᠭ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠲᠠ ᠵᠡᠷᠭᠡ ᠳᠠᠯ᠎ᠠ ᠶᠢᠨ ᠠᠵᠢᠯ ᠢ ᠬᠠᠷᠢᠭᠤᠴᠠᠨ᠎ᠠ᠃      ᠲᠠᠪᠤᠳᠤᠭᠠᠷ ᠵᠦᠢᠯ   ᠠᠶᠢᠮᠠᠭ ᠤᠨ ᠵᠠᠬᠢᠳᠠᠯ ᠰᠣᠷᠪᠣᠯᠵᠢᠯᠠᠭ᠎ᠠ ᠶᠢᠨ ᠲᠣᠪᠴᠢᠶᠠᠨ ᠤ ᠪᠠᠶᠢᠭᠤᠯᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 10 ᠨᠡᠷᠡᠰ᠃ ᠲᠣᠪᠴᠢᠶᠠᠨ ᠳᠠᠷᠤᠭ᠎ᠠ 1 ᠬᠥᠮᠦᠨ᠂ ᠳᠡᠳ᠋ ᠲᠣᠪᠴᠢᠶᠠᠨ ᠳᠠᠷᠤᠭ᠎ᠠ 3 ᠬᠥᠮᠦᠨ︔ ᠰᠠᠯᠠᠭᠠᠨ ᠳᠠᠷᠤᠭ᠎ᠠ ᠶᠢᠨ ᠲᠠᠰ ᠤᠨ ᠣᠳᠣᠷᠢᠳᠣᠯᠭ᠎ᠠ ᠶᠢᠨ ᠲᠤᠭ᠎ᠠ 5 ᠬᠥᠮᠦᠨ ︵4 ᠵᠢᠩᠬᠢᠨᠢ 1 ᠳᠡᠳ᠋︶᠃      ᠵᠢᠷᠭᠤᠳᠤᠭᠠᠷ ᠵᠦᠢᠯ    ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠳᠣᠬᠢᠷᠠᠭᠤᠯᠣᠯᠳᠠ᠂ ᠡᠭᠦᠷᠭᠡ ᠬᠠᠷᠢᠭᠤᠴᠠᠯᠭ᠎ᠠ ᠪᠠ ᠣᠷᠣᠨ ᠳᠤᠭ᠎ᠠ ᠶᠢᠨ ᠬᠡᠷᠡᠭ ᠶᠠᠪᠣᠳᠠᠯ ᠢ ᠠᠰᠳᠠᠭᠠᠨ ᠳᠣᠭᠳᠠᠭᠠᠨ᠎ᠠ᠃      ᠳᠣᠯᠣᠳᠤᠭᠠᠷ ᠵᠦᠢᠯ   ᠲᠣᠰ ᠲᠣᠭᠲᠠᠭᠠᠯ ᠤᠨ ᠲᠠᠶᠢᠯᠪᠤᠷᠢᠯᠠᠯᠲᠠ ᠶᠢ ᠬᠦᠢᠴᠡᠳᠬᠡᠬᠦ ᠠᠵᠢᠯ ᠢ ᠠᠶᠢᠮᠠᠭ ᠤᠨ ᠨᠠᠮ ᠤᠨ ᠬᠣ‌‍ᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠠᠴᠠ ᠬᠠᠷᠢᠭᠤᠴᠠᠵᠤ᠂ ᠲᠣᠬᠢᠷᠠᠭᠤᠯᠤᠯᠲᠠ ᠬᠢᠬᠦ ᠶᠢ ᠠᠶᠢᠮᠠᠭ ᠤᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ ᠬᠦᠢᠴᠡᠳᠬᠡᠨ᠎ᠡ᠃      ᠨᠠᠢᠮᠠᠳᠣᠭᠠᠷ ᠵᠦᠢᠯ    ᠲᠣᠰ ᠲᠣᠭᠲᠠᠭᠠᠯ ᠢ 2019 ᠣᠨ ᠤ 3 ᠰᠠᠷ᠎ᠠ ᠶᠢᠨ 28 ᠤ ᠡᠳᠦᠷ ᠠᠴᠠ ᠡᠬᠢᠯᠡᠵᠦ ᠬᠡᠷᠡᠭᠵᠢᠬᠦᠯᠦᠨ᠎ᠡ᠃      ᠰᠦᠯᠵᠢᠶᠡᠨ ᠤ ᠬᠠᠶ᠋ᠢᠭ᠄ http://xfj.als.gov.cn/
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号