ᠵᠢᠮᠢᠰ ᠨᠤᠭᠤᠭ᠎ᠠ ᠳᠠᠬᠢ ᠲᠠᠷᠢᠶᠠᠨ ᠡᠮ ᠤᠨ ᠦᠯᠡᠳᠡᠭᠳᠡᠯ ᠢ ᠶᠠᠭᠠᠬᠢᠪᠡᠯ ᠰᠠᠶ᠋ᠢ ᠪᠦᠲᠦᠮᠵᠢᠲᠡᠢ ᠠᠷᠢᠯᠭᠠᠵᠣ ᠴᠢᠳᠠᠬᠤ ᠪᠣᠢ︖
ᠨᠡᠶᠢᠲᠡᠯᠡᠭᠰᠡᠨ ᠴᠠᠭ᠄
2020/7/28
     ᠲᠠᠷᠢᠶᠠᠨ ᠡᠮ᠂ ᠬᠤᠷᠮᠣᠨ᠂ ᠠᠭᠠᠷ ᠤᠨ  ᠪᠤᠵᠠᠷᠳᠤᠯ᠂  ᠣᠷᠴᠢᠨ  ᠲᠣᠭᠤᠷᠢᠨ  ᠵᠡᠷᠭᠡ  ᠨᠥᠯᠥᠭᠡ ᠠᠴᠠ ᠢᠳᠡᠭᠡᠨ ᠤᠮᠳᠠᠭᠠᠨ ᠤ ᠠᠮᠣᠷ ᠳᠦᠪᠰᠢᠨ ᠢ ᠰᠦᠷᠳᠡᠭᠦᠯᠬᠦ  ᠡᠯᠧᠮᠧᠨ᠋ᠲ  ᠤᠯᠠᠮ ᠠᠴᠠ  ᠤᠯᠠᠮ  ᠣᠯᠠᠰᠢᠷᠠᠵᠤ  ᠪᠠᠶᠢᠨ᠎ᠠ᠂  ᠲᠠᠷᠢᠶᠠᠨ ᠡᠮ ᠤᠨ ᠦᠯᠡᠳᠡᠭᠳᠡᠯ ᠤᠨ ᠪᠡᠶ᠎ᠡ ᠮᠠᠬᠠᠪᠣᠳ ᠲᠤ ᠦᠵᠡᠭᠦᠯᠬᠦ ᠨᠥᠯᠥᠭᠡ ᠶᠢ  ᠬᠡᠷᠬᠢᠨ  ᠬᠠᠮᠤᠭ ᠤᠨ  ᠳᠣᠣᠷ᠎ᠠ  ᠬᠡᠮᠵᠢᠶᠡᠨ ᠳᠤ  ᠬᠦᠷᠲᠡᠯ᠎ᠡ ᠪᠠᠭᠤᠷᠠᠭᠤᠯᠬᠤ ᠨᠢ ᠬᠥᠮᠦᠰ ᠤᠨ  ᠬᠠᠮᠤᠭ ᠠᠴᠠ ᠠᠩᠬᠠᠷᠳᠠᠭ ᠠᠰᠠᠭᠤᠳᠠᠯ ᠪᠣᠯᠤᠭᠰᠠᠨ ᠪᠠᠶᠢᠨ᠎ᠠ᠃  ᠲᠡᠭᠡᠪᠡᠯ  ᠵᠢᠮᠢᠰ  ᠨᠤᠭᠤᠭ᠎ᠠ   ᠳᠠᠬᠢ  ᠲᠠᠷᠢᠶᠠᠨ ᠡᠮ ᠤᠨ ᠦᠯᠡᠳᠡᠭᠳᠡᠯ ᠢ ᠶᠠᠭᠠᠬᠢᠪᠡᠯ ᠰᠠᠶ᠋ᠢ ᠪᠦᠲᠦᠮᠵᠢᠲᠡᠶ ᠠᠷᠢᠯᠭᠠᠵᠤ ᠴᠢᠳᠠᠬᠤ ᠪᠤᠢ︖              ᠨᠢᠭᠡ᠂ ︽ᠬᠠᠯᠢᠰᠤᠯᠠᠬᠤ︾ ᠠᠷᠭ᠎ᠠ              ᠠᠯᠮᠤᠷᠠᠳ᠂  ᠠᠯᠢᠮ᠎ᠠ᠂  ᠲᠥᠮᠥᠰᠥ  ᠵᠡᠷᠭᠡ  ᠬᠠᠯᠢᠰᠤᠯᠠᠵᠦ  ᠪᠣᠯᠳᠠᠭ  ᠵᠢᠮᠢᠰ  ᠨᠣᠭᠤᠭ᠎ᠠ ᠳᠤ  ᠠᠪᠴᠤ  ᠬᠡᠯᠡᠪᠡᠯ᠂ ᠬᠠᠯᠢᠰᠤᠯᠠᠬᠤ ᠪᠣᠯ ᠲᠠᠷᠢᠶᠠᠨ ᠡᠮ ᠤᠨ ᠦᠯᠡᠳᠡᠭᠳᠡᠯ ᠢ ᠠᠷᠢᠯᠭᠠᠬᠤ ᠨᠡᠯᠢᠶᠡᠳ ᠰᠠᠶᠢᠨ ᠠᠷᠭ᠎ᠠ ᠪᠣᠯᠤᠨ᠎ᠠ᠃ ᠬᠠᠯᠢᠰᠤᠯᠠᠭᠰᠠᠨ ᠵᠢᠮᠢᠰ ᠨᠣᠭᠤᠭ᠎ᠠ ᠶᠢ ᠬᠠᠯᠢᠰᠤᠯᠠᠭᠠᠳᠤᠢ ᠵᠢᠮᠢᠰ ᠨᠣᠭᠤᠭ᠎ᠠ ᠲᠠᠢ ᠰᠠᠯᠭᠠᠨ ᠲᠠᠯᠪᠢᠵᠤ᠂ ᠳᠠᠬᠢᠨ ᠪᠤᠵᠠᠷᠲᠤᠬᠤ ᠠᠴᠠ ᠵᠠᠶᠢᠯᠠᠰᠬᠢᠬᠦ ᠬᠡᠷᠡᠭᠲᠡᠢ᠃              ᠬᠤᠶᠠᠷ᠂ ︽ᠳᠡᠪᠲᠦᠭᠡᠬᠦ︾ ᠠᠷᠭ᠎ᠠ              ᠬᠠᠯᠢᠰᠤᠯᠠᠵᠦ ᠪᠤᠯᠬᠤ ᠦᠭᠡᠢ ᠵᠢᠮᠢᠰ ᠨᠣᠭᠤᠭ᠎ᠠ ᠶᠢ ᠴᠡᠪᠡᠷ ᠤᠰᠤ ᠪᠠᠷ ᠤᠬᠢᠶᠠᠭᠰᠠᠨ ᠤ ᠳᠠᠷᠠᠭ᠎ᠠ ᠂ ᠲᠠᠪᠤᠰᠣ  ᠲᠠᠢ ᠤᠰᠤ᠂ ᠱᠦᠯᠲᠦᠲᠦ ᠤᠰᠤ ᠪᠤᠶᠤ ᠪᠣᠳᠠᠭᠠᠨ ᠤ ᠣᠬᠢᠶᠠᠳᠠᠰᠣ ᠵᠡᠷᠭᠡ ᠪᠠᠷ ᠳᠡᠪᠲᠦᠭᠡᠨ᠎ᠡ᠃ ᠣᠷᠭᠠᠨᠢᠭ ᠹᠣᠰᠹᠣᠷᠲᠤ ᠬᠤᠷᠣᠬᠠᠶ ᠠᠯᠠᠬᠤ ᠡᠳ᠋ ᠨᠢ ᠱᠦᠯᠲᠦᠯᠢᠭ ᠣᠷᠴᠢᠨ ᠲᠣᠭᠤᠷᠢᠨ ᠳᠤ ᠮᠠᠰᠢ ᠲᠦᠷᠭᠡᠨ ᠵᠠᠳᠠᠷᠠᠳᠠᠭ ᠪᠣᠯᠬᠤᠷ ᠱᠦᠯᠲᠦᠯᠢᠭ  ᠤᠰᠤ ᠪᠠᠷ  ᠵᠢᠮᠢᠰ ᠨᠣᠭᠤᠭ᠎ᠠ ᠶᠢ ᠳᠡᠪᠲᠦᠭᠡᠬᠦ ᠪᠣᠯ ᠲᠠᠷᠢᠶᠠᠨ ᠡᠮ ᠤᠨ ᠦᠯᠡᠳᠡᠭᠳᠡᠯ ᠢ ᠠᠷᠢᠯᠭᠠᠬᠤ ᠪᠦᠲᠦᠮᠵᠢᠲᠡᠶ  ᠠᠷᠭ᠎ᠠ ᠶᠢᠨ  ᠨᠢᠭᠡ  ᠪᠣᠯᠤᠨ᠎ᠠ᠃ ᠡᠭᠦᠨ ᠠᠴᠠ ᠭᠠᠳᠠᠨ᠎ᠠ᠂ ᠳᠠᠪᠤᠰᠤ ᠲᠠᠢ ᠤᠰᠤ᠂ ᠪᠣᠳᠠᠭᠠᠨ ᠤ ᠣᠬᠢᠶᠠᠳᠠᠰᠣ ᠵᠡᠷᠭᠡ ᠪᠠᠷ ᠳᠡᠪᠲᠦᠭᠡᠭᠰᠡᠨ ᠵᠢᠮᠢᠰ ᠨᠣᠭᠤᠭ᠎ᠠ ᠨᠢ ᠪᠠᠰᠠ ᠲᠠᠷᠢᠶᠠᠨ ᠡᠮ ᠤᠨ ᠦᠯᠡᠳᠡᠭᠳᠡᠯ ᠢ ᠠᠷᠢᠯᠭᠠᠵᠤ ᠳᠡᠶᠢᠯᠦᠨ᠎ᠡ᠃              ᠭᠤᠷᠪᠠ᠂ ︽ᠠᠭᠤᠷᠰᠢᠭᠤᠯᠬᠤ︾ ᠠᠷᠭ᠎ᠠ          ᠰᠢᠪᠳᠣᠷᠳᠣ ᠮᠧᠲ᠋ᠢᠯ ᠬᠦᠴᠢᠯ ᠤᠨ ᠲᠥᠷᠥᠯ ᠤᠨ ᠬᠤᠷᠤᠬᠠᠢ ᠠᠯᠠᠬᠤ ᠡᠳ᠋ ᠢ ᠬᠠᠯᠠᠭᠠᠬᠤ ᠠᠷᠭ᠎ᠠ  ᠪᠠᠷ  ᠲᠠᠷᠢᠶᠠᠨ ᠡᠮ ᠤᠨ ᠦᠯᠡᠳᠡᠭᠳᠡᠯ ᠢ ᠠᠷᠢᠯᠭᠠᠵᠤ ᠪᠣᠯᠤᠨ᠎ᠠ᠃  ᠳᠣᠯᠠᠭᠠᠨ ᠤ ᠬᠡᠮᠵᠢᠶ᠎ᠡ ᠶᠢᠨ ᠳᠡᠭᠡᠭᠰᠢᠯᠡᠬᠦ ᠶᠢ ᠳᠠᠭᠠᠯᠳᠤᠨ  ᠲᠠᠷᠢᠶᠠᠨ  ᠡᠮ ᠤᠨ ᠦᠯᠡᠳᠡᠭᠳᠡᠯ ᠲᠦᠷᠭᠡᠨ ᠵᠠᠳᠠᠷᠠᠨ᠎ᠠ᠃ ᠥᠷᠭᠡᠰᠦᠲᠦ ᠨᠣᠭᠤᠭ᠎ᠠ᠂ ᠴᠤᠭᠤᠷ ᠨᠣᠭᠤᠭ᠎ᠠ ᠵᠡᠷᠭᠡ ᠰᠢᠢᠳᠪᠦᠷᠢᠯᠡᠬᠦ ᠳᠤ  ᠬᠦᠴᠢᠷ  ᠵᠢᠮᠢᠰ ᠨᠣᠭᠤᠭ᠎ᠠ ᠶᠢ ᠴᠡᠪᠡᠷ ᠤᠰᠤ ᠪᠠᠷ ᠤᠬᠢᠶᠠᠭᠰᠠᠨ ᠤ ᠳᠠᠷᠠᠭ᠎ᠠ  ᠪᠤᠴᠠᠯᠤᠭᠰᠠᠨ  ᠤᠰᠤᠨ ᠳᠤ  2  ~5  ᠮᠢᠨᠦ᠋ᠲ  ᠪᠣᠴᠠᠯᠭᠠᠵᠦ᠂ ᠱᠦᠭᠦᠵᠦ ᠭᠠᠷᠭᠠᠭᠰᠠᠨ ᠤ ᠳᠠᠷᠠᠭ᠎ᠠ ᠴᠡᠪᠡᠷ ᠤᠰᠤ ᠪᠠᠷ 1 ~ 2 ᠤᠳᠠᠭ᠎ᠠ ᠤᠬᠢᠶᠠᠪᠠᠯ  ᠪᠣᠯᠴᠢᠬᠠᠨ᠎ᠠ᠃              ᠡᠭᠦᠨ ᠠᠴᠠ ᠭᠠᠳᠠᠨ᠎ᠠ᠂ ᠣᠳᠣᠬᠠᠨ ᠳᠤ ᠵᠠᠬ᠎ᠠ ᠳᠡᠯᠭᠡᠭᠦᠷ ᠲᠤ ᠮᠠᠰᠢ  ᠣᠯᠠᠨ  ᠬᠡᠲᠦ  ᠳᠠᠭᠤᠨ  ᠳᠣᠯᠭᠢᠶᠠᠨ ᠢᠶᠠᠷ ᠵᠢᠮᠢᠰ ᠨᠣᠭᠤᠭ᠎ᠠ ᠶᠢ ᠴᠡᠪᠡᠷᠯᠡᠬᠦ ᠮᠠᠰᠢᠨ ᠭᠠᠷᠴᠣ ᠪᠠᠶᠢᠨ᠎ᠠ᠂ ᠲᠡᠭᠦᠨ ᠤ ᠭᠤᠤᠯ ᠦᠨᠳᠦᠰᠦᠯᠡᠯ ᠨᠢ ᠣᠽᠣᠨ ᠪᠠ ᠬᠡᠲᠦ ᠳᠠᠭᠤᠨ ᠳᠣᠯᠭᠢᠶᠠᠨ ᠢ ᠤᠶᠠᠯᠳᠤᠭᠤᠯᠬᠤ ᠶᠠᠪᠤᠳᠠᠯ ᠪᠣᠯᠤᠨ᠎ᠠ᠃ ᠭᠡᠳᠦ ᠲᠡᠭᠤᠠ ᠳᠣᠯᠭᠢᠶᠠᠨ ᠤ ᠣᠬᠢᠶᠠᠯᠭ᠎ᠠ ᠶᠢᠨ  ᠰᠢᠩᠭᠡᠨ ᠪᠡᠶᠡᠲᠦ ᠳᠤ ᠳᠠᠮᠵᠢᠬᠤ ᠦᠶ᠎ᠡ ᠶᠢᠨ ᠹᠢᠽᠢᠺ ᠤᠨ ᠣᠶᠢᠯᠡᠳᠣᠯ ᠳᠤ ᠰᠠᠭᠤᠷᠢᠯᠠᠵᠣ᠂ ᠰᠢᠨ᠎ᠡ ᠰᠣᠷᠭᠤᠭ ᠢ ᠬᠠᠳᠠᠭᠠᠯᠠᠬᠤ ᠪᠠ ᠲᠠᠷᠢᠶᠠᠨ ᠡᠮ ᠤᠨ ᠦᠯᠡᠳᠡᠭᠳᠡᠯ ᠢ ᠴᠡᠪᠡᠷᠰᠢᠭᠦᠯᠬᠦ ᠦᠷ᠎ᠡ ᠪᠦᠲᠦᠮᠵᠢ ᠳᠤ ᠬᠦᠷᠳᠡᠭ᠃      ᠲᠠᠷᠢᠶᠠᠨ ᠡᠮ  ᠲᠠᠢ ᠢᠳᠡᠭᠡᠨ ᠢ ᠦᠷᠭᠦᠯᠵᠢ ᠢᠳᠡᠪᠡᠯ ᠳᠤᠷ᠎ᠠ ᠪᠤᠯᠭᠢᠵᠤ  ᠪᠥᠭᠡᠯᠵᠢᠬᠦ᠂ ᠰᠠᠭᠤᠯᠭᠠᠬᠤ᠂ ᠬᠠᠪᠣᠳᠬᠤ᠂ ᠲᠠᠲᠠᠪᠠᠯᠵᠠᠬᠤ᠂ ᠮᠠᠨᠠᠷᠠᠬᠤ ᠵᠡᠷᠭᠡ ᠡᠪᠡᠳᠴᠢᠨ ᠤ ᠢᠯᠡᠷᠡᠯ ᠢ ᠡᠭᠦᠰᠭᠡᠵᠦ ᠮᠡᠳᠡᠨ᠎ᠡ᠃ ᠡᠪᠡᠳᠴᠢᠨ ᠨᠢ ᠬᠦᠳᠣᠷᠡᠪᠡᠯ ᠬᠤᠳᠣᠭᠤᠳᠣ ᠠᠴᠠ ᠴᠢᠰᠤ ᠭᠠᠷᠬᠤ ᠵᠡᠷᠭᠡ ᠪᠠᠶᠢᠳᠠᠯ ᠢᠯᠡᠷᠡᠵᠦ ᠮᠡᠳᠡᠨ᠎ᠡ᠃ ᠡᠶᠢᠮᠦ ᠠᠴᠠ ᠶᠠᠮᠠᠷ ᠠᠷᠭ᠎ᠠ ᠶᠢ  ᠬᠡᠷᠡᠭᠯᠡᠭᠰᠡᠨ ᠴᠦ ᠵᠢᠮᠢᠰ ᠨᠣᠭᠤᠭ᠎ᠠ ᠶᠢ ᠡᠷᠬᠡᠪᠰᠢ ᠤᠬᠢᠶᠠᠵᠤ ᠴᠡᠪᠡᠷᠯᠡᠭᠰᠡᠨ ᠤ ᠳᠠᠷᠠᠭ᠎ᠠ ᠰᠠᠶ᠋ᠢ ᠢᠳᠡᠬᠦ ᠬᠡᠷᠡᠭᠲᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号