ᠰᠢᠨ᠎ᠡ ᠰᠡᠳᠬᠢᠬᠦᠢ ᠰᠢᠨᠳᠠᠰᠤ ᠲᠠᠢ ᠤᠷᠤᠯᠳᠤᠯᠭ᠎ᠠ ᠪᠠᠷ ᠢᠶᠠᠨ ᠣᠶᠢᠯᠡᠰ ᠤᠨ ᠠᠮᠵᠢᠯᠳᠠ ᠪᠠᠨ ᠴᠤᠭᠴᠠᠯᠠᠨᠠᠮ
ᠨᠡᠶᠢᠲᠡᠯᠡᠭᠰᠡᠨ ᠴᠠᠭ᠄
2020/7/31
                                                  ᠦᠨᠳᠦᠰᠦ        ᠵᠣᠨ ᠤ ᠣᠯᠠᠷᠢᠯ ᠤᠨ ᠦᠩᠭᠡ ᠪᠠᠷ ᠭᠤᠪᠢ ᠶᠢᠨ ᠡᠯᠢᠭᠡᠨ ᠳᠤ ᠨᠣᠭᠤᠭᠠᠨ ᠣᠨᠢᠶᠠᠷ ᠲᠠᠳᠠᠭᠤᠯᠤᠬᠰᠠᠨ ᠳᠣᠣᠷᠠᠢ ᠶᠢᠨ ᠣᠢ ᠠᠮᠢᠵᠢᠷᠠᠯ ᠡᠰᠡᠨᠢᠯ ᠢᠶᠠᠷ ᠴᠠᠯᠬᠢᠯᠠᠨ᠂ ᠰᠢᠨ᠎ᠡ ᠦᠩᠭᠡ ᠳᠦᠷᠬᠦ ᠪᠠᠷ ᠳᠣᠳᠣᠷᠠᠵᠣ ᠶᠠᠪᠣᠭ᠎ᠠ ᠨᠣᠳᠤᠭ ᠣᠰᠣᠨ ᠤ ᠬᠦᠭᠵᠢᠯᠳᠡ ᠤᠨ ᠵᠠᠮ ᠮᠦᠷ ᠲᠤ ᠡᠵᠡᠨ᠎ᠡ ᠨᠣᠳᠤᠭ ᠤᠨ ᠠᠷᠠᠳ ᠳᠦᠮᠡᠨ ᠣᠬᠠᠭᠠᠨ ᠰᠢᠨᠳᠠᠰᠣ᠂ ᠬᠦᠴᠣ ᠬᠦᠳᠡᠯᠮᠣᠷᠢ ᠪᠠᠨ ᠠᠭᠤᠰᠬᠠᠬᠰᠠᠭᠠᠷ ᠢᠷᠡᠭᠰᠡᠨ ᠪᠦᠬᠡᠳ ᠡᠨᠡᠬᠦ ᠠᠤᠭ᠎ᠠ ᠦᠢᠯᠡᠰ ᠲᠤ ᠰᠢᠨ᠎ᠡ ᠬᠦᠴᠦᠨ ᠰᠡᠯᠪᠢᠵᠤ ᠰᠢᠨ᠎ᠡ ᠰᠡᠳᠬᠢᠬᠦᠢ ᠨᠡᠮᠡᠷᠢᠯᠡᠨ᠂ ᠰᠢᠨ᠎ᠡ ᠬᠦᠭᠵᠢᠯᠳᠠ ᠶᠢᠨ ᠠᠶᠠᠨ ᠤ ᠵᠢᠯᠤᠭᠤ ᠶᠢ ᠵᠠᠯᠠᠵᠤ ᠶᠠᠪᠣᠭ᠎ᠠ ᠵᠠᠯᠠᠭᠤ ᠨᠢᠭᠡ ᠦᠶ᠎ᠡ ᠶᠢᠨ ᠬᠢᠨ ᠤ ᠦᠩᠭᠡ ᠬᠢᠯᠪᠠᠭ᠎ᠠ ᠨᠡᠩ ᠴᠤ ᠬᠤᠷᠴᠠ ᠪᠠᠶᠢᠨᠠᠮ᠃ ᠡᠨᠡᠬᠦ ᠰᠢᠨ᠎ᠡ ᠦᠶ᠎ᠡ ᠶᠢᠨ ᠵᠠᠯᠠᠭᠤᠴᠣᠳ ᠤᠨ ᠳᠣᠮᠳᠠ ᠬᠦᠰᠡᠯᠡᠩ ᠲᠠᠢ᠂ ᠴᠢᠳᠠᠪᠣᠷᠢ ᠲᠠᠢ᠂ ᠠᠤᠭ᠎ᠠ ᠵᠣᠷᠢᠭ ᠢ ᠡᠪᠣᠷᠯᠠᠨ᠂ ᠮᠠᠯᠴᠢᠨ ᠳᠠᠷᠢᠶᠠᠴᠢᠨ ᠢᠶᠠᠨ ᠳᠠᠭᠠᠭᠤᠯᠣᠨ ᠣᠷᠣᠯᠭ᠎ᠠ ᠡᠬᠦᠳᠴᠣ ᠶᠠᠪᠣᠭ᠎ᠠ ᠦᠨᠳᠣᠰᠣ ᠭᠡᠮᠡᠬᠦ ᠨᠢᠭᠡᠨ ᠵᠠᠯᠠᠭᠤ ᠪᠠᠶᠢᠬᠤ ᠠᠵᠢ᠃ ᠳᠡᠷᠡᠪᠡᠷ ᠣᠯᠣᠰ ᠣᠷᠣᠨ ᠤ ᠰᠢᠨ᠎ᠡ ᠳᠦᠷᠣ ᠶᠢᠨ ᠪᠣᠳᠣᠯᠭ᠎ᠠ᠂ ᠬᠤᠪᠢᠷᠠᠯᠳᠠ ᠦᠭᠡᠷᠡᠴᠢᠯᠡᠯᠳᠡ ᠶᠢ ᠵᠣᠷᠢᠭᠳᠠᠢ ᠳᠠᠭᠠᠵᠣ᠂ ᠴᠠᠭ ᠦᠶ᠎ᠡ ᠳᠤ ᠵᠤᠬᠢᠴᠠᠬᠰᠠᠨ ᠤᠬᠠᠭᠠᠨ ᠰᠡᠳᠬᠢᠬᠦᠢ ᠪᠠᠷ ᠠᠵᠢᠯ ᠣᠶᠢᠯᠡᠰ ᠢᠶᠠᠨ ᠲᠦᠰᠦᠪᠯᠡᠨ ᠪᠦᠳᠦᠭᠡᠵᠣ᠂ ᠬᠦᠰᠡᠯ ᠵᠣᠷᠢᠯᠳᠠ ᠪᠠᠨ ᠦᠢᠯᠡᠳᠦᠯᠬᠡᠵᠢᠬᠦᠯᠦᠨ ᠪᠡᠶᠡᠯᠡᠬᠦᠯᠵᠣ ᠴᠢᠳᠠᠬᠰᠠᠨ ᠠᠴᠠ ᠡᠵᠡᠨ᠎ᠡ ᠨᠣᠳᠤᠭ ᠤᠨ ᠢᠶᠠᠨ ᠵᠠᠯᠠᠭᠤ ᠨᠢᠬᠡ ᠦᠶ᠎ᠡ ᠶᠢᠨ ᠤᠳᠤ ᠬᠡᠶᠢᠮᠦᠷᠢ ᠨᠢ ᠪᠤᠯᠵᠤ ᠶᠠᠪᠤᠭ᠎ᠠ᠃       ᠮᠠᠯᠴᠢᠨ ᠳᠠᠷᠢᠶᠠᠴᠢᠳ ᠢᠶᠠᠨ ᠳᠠᠶᠢᠴᠢᠯᠠᠨ ᠣᠷᠣᠯᠭ᠎ᠠ ᠡᠬᠦᠳᠴᠣ ᠶᠠᠪᠣᠭ᠎ᠠ ᠵᠠᠯᠠᠭᠤ ᠠᠵᠣ ᠠᠬᠤᠶᠢᠯᠠᠯᠳᠠᠨ       ᠡᠵᠡᠨ᠎ᠡ ᠬᠤᠰᠢᠭᠤᠨ ᠤ ᠳᠠᠯᠠᠶᠢᠬᠦ᠋ᠪ ᠪᠠᠯᠭᠠᠰᠣᠨ ᠳᠤ ᠨᠤᠳᠤᠭᠳᠠᠢ ᠦᠨᠳᠤᠰᠤ ᠠᠯᠢ ᠡᠷᠳᠡ ᠤᠶᠤᠳᠠᠨ ᠠᠬᠤᠢ ᠴᠠᠭ ᠠᠴᠠ ᠪᠠᠨ ᠳᠠᠷᠤᠢ ᠠᠷᠠᠯᠵᠢᠶ᠎ᠡ ᠮᠠᠶᠢᠮᠠᠢ ᠶᠢᠨ ᠤᠷᠤᠯᠳᠤᠯᠭ᠎ᠠ ᠪᠠᠨ ᠡᠬᠢᠯᠡᠬᠦᠯᠦᠭᠰᠡᠨ ᠪᠦᠬᠡᠳ ᠤᠯᠵᠠ ᠤᠮᠤᠭ ᠳᠤᠨᠳᠠᠭᠤᠷ ᠦᠬᠡᠢ ᠶᠠᠪᠤᠬᠰᠠᠨ ᠪᠤᠯᠬᠤᠷ ᠤᠷᠮ᠎ᠠ ᠨᠢ ᠤᠯᠠᠮ ᠬᠦᠪᠴᠢᠯᠡᠭᠳᠡᠵᠤ ᠡᠨᠡᠬᠦ ᠦᠢᠯᠡᠰ ᠤᠨ ᠬᠠᠷᠭᠤᠢ ᠪᠠᠷ ᠵᠤᠷᠢᠬᠯᠠᠨ ᠵᠠᠮᠨᠠᠬᠰᠠᠨ ᠠᠵᠢ᠃ ᠳᠡᠷᠡᠪᠡᠷ 2016 ᠣᠨ ᠳᠤ ᠡᠵᠡᠨ᠎ᠡ ᠨᠣᠳᠤᠭ ᠲᠠᠭᠠᠨ ᠬᠠᠷᠢᠵᠣ᠂ ᠠᠵᠤ ᠣᠶᠢᠯᠡᠰ ᠢᠶᠠᠨ ᠨᠡᠩ ᠲᠡᠯᠡᠨ ᠦᠷᠬᠡᠳᠬᠡᠬᠦ ᠶᠢᠨ ᠳᠤᠯᠠᠳᠠ ᠵᠢᠭᠤᠯᠴᠢᠯᠠᠯ ᠤᠨ ᠦᠢᠯᠡᠰ ᠦᠷᠨᠢᠨ ᠬᠦᠭᠵᠢᠵᠤ ᠪᠤᠢ ᠲᠣᠬᠢᠶᠠᠯ ᠢ ᠡᠵᠡᠮᠳᠡᠨ᠂ ᠪᠠᠶᠠᠨᠳᠣᠣᠷᠡᠢ ᠰᠤᠮᠤᠨ ᠤ ᠵᠢᠷᠭᠠᠯᠠᠩᠲᠤ ᠭᠠᠴᠠᠭᠠᠨ ᠳᠤ ᠤᠨᠴᠠᠯᠢᠭᠳᠤ ᠠᠷᠠᠳ ᠤᠨ ᠣᠷᠣᠨ ᠰᠠᠭᠤᠴᠠ ᠶᠢᠨ ᠵᠢᠭᠤᠯᠴᠢᠯᠠᠯ ᠢ ᠰᠡᠳᠦᠵᠤ ᠵᠢᠭᠤᠯᠴᠢᠯᠠᠯ ᠤᠨ ᠣᠶᠢᠯᠡᠰ ᠢᠶᠠᠨ ᠴᠣᠭᠴᠠᠯᠠᠬᠤ ᠵᠠᠮ ᠢᠶᠠᠨ ᠡᠬᠢᠯᠡᠬᠦᠯᠦᠭᠰᠡᠨ ᠪᠠᠶᠢᠪᠠ᠃ ᠠᠩᠬᠠᠨ ᠤ ᠠᠯᠬᠤᠮ ᠳᠠᠭᠠᠨ ᠲᠡᠷᠡ ︽ᠨᠠᠮ ᠤᠨ ᠡᠬᠦᠷ + ᠺᠣᠮᠫᠠᠨᠢ + ᠬᠤᠷᠰᠢᠶᠠᠵᠢᠯ + ᠮᠠᠯᠴᠢᠨ ᠳᠠᠷᠢᠶᠠᠴᠢᠨ ᠡᠷᠦᠭᠡ︾ ᠶᠢᠨ ᠬᠦᠭᠵᠢᠯᠳᠠ ᠶᠢᠨ ᠭᠡᠯᠪᠡᠷᠢ ᠶᠢᠨ ᠳᠦᠰᠦᠯ ᠢᠶᠠᠨ ᠪᠠᠶᠠᠨᠳᠣᠣᠷᠠᠢ ᠰᠣᠮᠣᠨ ᠤ ᠵᠠᠰᠠᠭ ᠤᠨ ᠣᠷᠳᠣᠨ ᠳᠤ ᠳᠡᠪᠰᠢᠬᠦᠯᠦᠭᠰᠡᠨ ᠤ ᠤᠯᠠᠮ ᠢᠶᠠᠷ ᠬᠤᠰᠢᠭᠤᠨ ᠤ ᠦᠨᠡᠯᠡᠯᠳᠡ ᠵᠦᠪᠰᠢᠶᠡᠷᠡᠯ ᠢ ᠣᠯᠵᠣ᠂ ᠵᠢᠷᠭᠠᠯᠠᠩᠲᠤ ᠭᠠᠴᠠᠭ᠎ᠠ ᠶᠢᠨ ᠳᠣᠷᠰᠢᠯᠳᠠ ᠶᠢᠨ ᠴᠡᠭ ᠢᠶᠠᠷ ᠳᠤᠭᠳᠠᠭᠠᠭᠠᠳ ᠳᠡᠷᠡ ᠵᠢᠯ ᠳᠡᠭᠡᠨ ᠦᠨᠳᠣᠷ ᠠᠮᠵᠢᠯᠳᠠ ᠣᠯᠵᠡᠢ᠃ ᠳᠡᠬᠦᠨ ᠠᠴᠠ ᠪᠠᠨ ᠣᠳᠣ ᠪᠣᠯᠬᠤ ᠳᠤ ᠪᠦᠬᠦ ᠬᠤᠰᠢᠭᠤ ᠪᠠᠷ ᠢᠶᠠᠨ ᠡᠨᠡᠬᠦ ᠬᠡᠯᠪᠡᠷᠢ ᠵᠠᠬᠪᠤᠷ ᠢ ᠲᠦᠬᠡᠮᠡᠯᠵᠢᠬᠦᠯᠦᠨ ᠬᠡᠷᠡᠭᠯᠡᠵᠡᠢ᠃ ᠡᠨᠡᠬᠦ ᠭᠡᠯᠪᠡᠷᠢ ᠮᠠᠶ᠋ᠢᠭ ᠢ ᠵᠢᠷᠭᠠᠯᠠᠩᠲᠤ ᠭᠠᠴᠠᠭᠠᠨ ᠳᠤ ᠭᠡᠷᠡᠭᠵᠢᠬᠦᠯᠦᠭᠰᠡᠨ ᠠᠴᠠ ᠡᠬᠢᠯᠡᠨ᠂ ᠦᠨᠳᠤᠰᠤ ᠦᠪᠡᠷ ᠤᠨ ᠢᠶᠠᠨ ᠬᠦᠬᠡᠬᠤᠳᠠ ᠳᠤ ᠳᠠᠩᠰᠠᠯᠠᠨ ᠪᠠᠶᠢᠭᠤᠯᠤᠭᠰᠠᠨ ᠥᠪᠥᠷ ᠮᠣᠩᠭᠤᠯ ᠤᠨ ᠮᠧᠩ ᠷᠦᠩ ᠰᠣᠶᠣᠯ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠳᠣ ᠺᠣᠮᠫᠠᠨᠢ ᠶᠢ ᠳᠠᠳᠠᠨ ᠣᠷᠣᠭᠤᠯᠵᠣ᠂ ᠡᠵᠡᠨ᠎ᠡ ᠬᠤᠰᠢᠭᠤᠨ ᠤ ᠮᠧᠩ ᠷᠦᠩ ᠰᠣᠶᠣᠯ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠳᠣ ᠺᠣᠮᠫᠠᠨᠢ ᠶᠢ ᠪᠠᠶᠢᠭᠤᠯᠣᠨ᠂ ᠺᠣᠮᠫᠠᠨᠢ ᠶᠢᠨ ᠳᠠᠯ᠎ᠠ ᠠᠴᠠ ︽ᠰᠢᠭᠤᠢ︾ ᠬᠤᠷᠰᠢᠶᠠᠵᠢᠯ ᠢ ᠰᠠᠨᠠᠭᠠᠴᠢᠯᠠᠨ ᠪᠠᠶᠢᠭᠤᠯᠵᠣ᠂ ᠭᠠᠴᠠᠭᠠᠨ ᠤ ᠱᠦᠵᠢ ᠬᠤᠷᠰᠢᠶᠠᠵᠢᠯ ᠤᠨ ᠭᠡᠷᠡᠭ ᠡᠷᠭᠢᠯᠡᠭᠴᠢᠳ ᠤᠨ ᠳᠠᠷᠤᠭ᠎ᠠ ᠶᠢᠨ ᠳᠤᠰᠢᠶᠠᠯ ᠢ ᠬᠠᠷᠢᠭᠤᠴᠠᠨ᠂ ᠪᠦᠬᠦ ᠮᠠᠯᠴᠢᠨ ᠳᠠᠷᠢᠶᠠᠴᠢᠳ ᠬᠤᠷᠰᠢᠶᠠᠵᠢᠯ ᠳᠤ ᠬᠤᠪᠢ ᠤᠷᠤᠭᠤᠯᠵᠤ᠂ ᠳᠠᠬᠢᠭᠠᠳ ᠺᠣᠮᠫᠠᠨᠢ ᠲᠠᠢ ᠠᠰᠢᠭ ᠬᠤᠪᠢᠶᠠᠬᠤ ᠮᠠᠶ᠋ᠢᠭ ᠢᠶᠠᠷ ᠡᠵᠡᠩᠨᠡᠯᠳᠠ ᠬᠢᠵᠡᠢ᠃ ᠠᠷᠠᠳ ᠤᠨ ᠣᠷᠣᠨ ᠰᠠᠭᠤᠴᠠ ᠶᠢᠨ ᠵᠢᠭᠤᠯᠴᠢᠯᠠᠯ ᠢ ᠬᠥᠭᠵᠢᠭᠦᠯᠬᠦ ᠳᠤ ᠡᠷᠭᠡᠪᠰᠢ ᠦᠪᠡᠷ ᠤᠨ ᠬᠡᠰᠡᠨ ᠨᠡᠷᠡᠲᠦ ᠳᠡᠮᠳᠡᠭ ᠪᠠᠶᠢᠬᠤ ᠬᠡᠷᠡᠭᠳᠡᠢ ᠭᠡᠳᠡᠭ ᠢ ᠰᠡᠷᠡᠵᠤ ᠤᠯᠤᠭᠠᠳ᠂ ᠦᠨᠳᠤᠰᠤ ᠲᠡᠷᠡ ᠳᠤᠤᠷ᠎ᠠ ᠨᠢ ︽ᠳᠣᠷᠣᠨᠠᠰᠢ ᠪᠣᠴᠠᠭᠰᠠᠨ ᠳᠣᠮᠣᠭᠳᠣ ᠣᠷᠣᠨ︾ ᠭᠡᠮᠡᠬᠦ ᠳᠠᠸᠠᠷ ᠤᠨ ᠳᠡᠮᠳᠡᠭ ᠢ ᠳᠠᠩᠰᠠᠯᠠᠭᠤᠯᠵᠣ᠂ ᠲᠤᠷᠭᠤᠳᠴᠤᠳ ᠤᠨ ᠵᠠᠩ ᠦᠢᠯᠡ ᠶᠢᠨ ᠰᠣᠶᠣᠯ᠂ ᠤᠯᠠᠮᠵᠢᠯᠠᠯᠲᠤ ᠢᠳᠡᠭᠡᠨ ᠤᠮᠳᠠᠭᠠᠨ᠂ ᠬᠥᠳᠡᠭᠡ ᠲᠣᠰᠬᠤᠨ ᠤ ᠲᠠᠷᠢᠶᠠᠯᠠᠩ ᠵᠡᠷᠭᠡ ᠣᠨᠴᠠᠯᠢᠭᠲᠤ ᠡᠬᠢ ᠪᠠᠶᠠᠯᠢᠭ ᠢ ᠠᠰᠢᠭᠯᠠᠨ᠂ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠢ ᠲᠦᠯᠦᠪᠰᠢᠷᠡᠬᠦᠯᠵᠡᠢ᠃       ᠵᠢᠭᠤᠯᠴᠢᠯᠠᠯ ᠡᠷᠬᠢᠯᠡᠬᠦ ᠳᠤ ᠦᠪᠡᠷ ᠤᠨ ᠬᠡᠰᠡᠨ ᠤᠨᠴᠠᠯᠢᠭ ᠢᠶᠠᠨ ᠳᠤᠪᠤᠶᠢᠯᠭᠠᠬᠤ ᠭᠡᠷᠡᠭᠳᠡᠢ ᠭᠡᠳᠡᠭ ᠢ ᠦᠨᠳᠤᠰᠤ ᠰᠠᠶᠢᠨ ᠮᠡᠳᠡᠨ᠎ᠡ᠃ ᠳᠡᠭᠡᠭᠡᠳ ᠲᠡᠷᠡᠪᠡᠷ ᠪᠤᠳᠠᠳᠤ ᠡᠵᠡᠩᠨᠡᠯᠳᠠ ᠳᠤᠮᠳᠠ ᠪᠠᠨ᠂ ᠵᠢᠭᠤᠯᠴᠢᠯᠠᠯ ᠤᠨ ᠦᠢᠯᠡᠴᠢᠯᠡᠭᠡᠨ ᠤ ᠣᠶᠢᠯᠠᠭᠠᠭᠳᠠᠬᠤᠨ ᠪᠠ ᠬᠥᠭᠵᠢᠯᠲᠡ ᠶᠢᠨ ᠰᠡᠳᠬᠢᠴᠡ ᠪᠠᠨ ᠰᠢᠨᠡᠳᠬᠡᠨ᠂ ᠲᠣᠣᠷᠠᠢ ᠶᠢᠨ ᠣᠢ ᠶᠢᠨ ᠦᠵᠡᠮᠵᠢ᠂ ᠲᠣᠷᠭᠤᠳ ᠤᠨ ᠰᠣᠶᠣᠯ᠂ ᠨᠡᠭᠦᠳᠡᠯ ᠮᠠᠯᠵᠢᠯ ᠤᠨ ᠠᠮᠢᠳᠤᠷᠠᠯ ᠢ ᠪᠡᠶᠡᠴᠢᠯᠡᠨ ᠣᠶᠢᠯᠠᠭᠠᠬᠤ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠶᠢ ᠨᠢᠭᠡ  ᠴᠣᠭᠴᠠᠵᠢᠭᠤᠯᠣᠭᠰᠠᠨ ᠬᠦᠷᠢᠶᠡᠯᠡᠩ ᠢ ᠪᠠᠶᠢᠭᠤᠯᠵᠣ᠂ ᠵᠢᠭᠤᠯᠴᠢᠯᠠᠯ ᠬᠢᠭᠡᠳ ᠰᠣᠶᠣᠯ᠂ ᠲᠠᠷᠢᠶᠠᠯᠠᠩ ᠮᠠᠯ ᠠᠵᠤ ᠠᠬᠤᠢ ᠶᠢᠨ ᠠᠭᠤᠰᠤᠯᠴᠠᠨ ᠬᠥᠭᠵᠢᠬᠦ ᠶᠢ ᠴᠢᠬᠤᠯᠠᠴᠢᠯᠠᠨ᠂ ᠺᠣᠮᠫᠠᠨᠢ᠂ ᠭᠠᠴᠠᠭ᠎ᠠ᠂ ᠮᠠᠯᠴᠢᠨ ᠲᠠᠷᠢᠶᠠᠴᠢᠨ ᠬᠠᠮᠳᠣ ᠪᠠᠷ ᠠᠰᠢᠭ ᠬᠦᠷᠳᠡᠬᠦ ᠶᠢ ᠪᠠᠶᠠᠯᠡᠬᠦᠯᠵᠣ᠂ ᠵᠢᠷᠭᠠᠯᠠᠩᠲᠤ ᠭᠠᠴᠠᠭᠠᠨ ᠳᠤ ᠪᠠᠶᠢᠭᠤᠯᠤᠭᠰᠠᠨ ᠡᠵᠡᠨ᠎ᠡ ᠲᠣᠷᠭᠤᠳ ᠤᠨ ᠠᠷᠪᠠᠨ ᠭᠤᠷᠪᠠᠨ ᠣᠳᠣᠮ ᠤᠨ ᠲᠡᠤᠬᠡ᠂ ᠨᠡᠭᠦᠳᠡᠯ ᠰᠣᠶᠣᠯ ᠤᠨ ᠮᠦᠽᠧᠶ᠂ ᠨᠡᠭᠦᠳᠡᠯ ᠮᠠᠯᠵᠢᠯ ᠤᠨ ᠠᠮᠢᠳᠤᠷᠠᠯ ᠢ ᠪᠡᠶᠡᠴᠢᠯᠡᠨ ᠣᠶᠢᠯᠠᠭᠠᠬᠤ ᠣᠷᠣᠨ ᠢᠶᠠᠷ ᠭᠤᠤᠯ ᠪᠣᠯᠭᠠᠭᠰᠠᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠰᠤᠳᠤᠯᠭᠠᠨ ᠤ ᠰᠠᠭᠤᠷᠢᠨ ᠭᠠᠵᠠᠷ ᠢᠶᠠᠷ ᠳᠦᠰᠢᠭ ᠪᠣᠯᠭᠠᠨ᠂ ᠠᠯᠲᠠᠨ ᠨᠠᠮᠤᠷ ᠤᠨ ᠲᠣᠣᠷᠠᠢ ᠶᠢᠨ ᠵᠢᠭᠤᠯᠴᠢᠯᠠᠯ᠂ ᠭᠠᠷᠠᠭ ᠤᠨ ᠰᠡᠭᠦᠯᠴᠢ ᠶᠢᠨ ᠰᠡᠯᠡᠭᠦᠴᠡᠨ ᠵᠤᠭᠠᠴᠠᠬᠤ ᠪᠠ ᠴᠤᠭᠯᠠᠭ᠎ᠠ ᠮᠠᠶᠢᠮᠠᠶ ᠶᠢᠨ ᠴᠠᠭ ᠲᠣᠬᠢᠶᠠᠯ ᠢ ᠠᠰᠢᠭᠯᠠᠨ ᠵᠢᠭᠤᠯᠴᠢᠯᠠᠯ ᠢᠶᠠᠷ ᠳᠠᠮᠵᠢᠨ ᠲᠣᠷᠭᠤᠳ ᠤᠨ ᠰᠣᠶᠣᠯ ᠤᠨ ᠰᠤᠳᠤᠯᠭᠠᠨ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠰᠣᠳᠣᠯᠣᠨ ᠨᠡᠭᠡᠭᠡᠬᠦ᠂ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠬᠦ ᠵᠡᠷᠭᠡ ᠠᠵᠤ ᠦᠢᠯᠡᠰ ᠢ ᠳᠠᠶᠢᠴᠢᠯᠠᠬᠰᠠᠨ ᠪᠠᠶᠢᠨ᠎ᠠ᠃       ᠦᠪᠡᠷᠮᠢᠴᠡ ᠤᠨᠴᠠᠯᠢᠭ ᠰᠢᠨᠵᠢ᠂ ᠪᠠᠶᠠᠯᠢᠭ ᠠᠭᠤᠯᠭ᠎ᠠ ᠵᠠᠨᠠᠷ᠂ ᠳᠤᠤᠱᠳᠠᠢ ᠠᠷᠭ᠎ᠠ ᠠᠪᠴᠠᠯ ᠨᠢ ᠦᠨᠳᠤᠰᠤ ᠶᠢᠨ ᠰᠤᠶᠤᠯ ᠵᠢᠭᠤᠯᠴᠢᠯᠠᠯ ᠤᠨ ᠳᠤᠬᠠᠢ ᠰᠡᠳᠬᠢᠴᠡ ᠪᠤᠳᠤᠯᠭ᠎ᠠ᠂ ᠬᠡᠪ ᠵᠠᠬᠪᠤᠷ ᠨᠢ ᠶᠠᠪᠤᠭᠤᠷᠢᠳᠠᠢ ᠭᠡᠳᠡᠭ ᠢ ᠭᠡᠷᠡᠴᠢᠯᠡᠵᠤ᠂ 2017 ᠣᠨ ᠳᠤ ︽ᠳᠣᠷᠣᠨᠠᠰᠢ ᠪᠣᠴᠠᠭᠰᠠᠨ ᠳᠣᠮᠣᠭᠳᠣ ᠣᠷᠣᠨ︾ — ᠲᠣᠷᠭᠤᠳ ᠵᠠᠩ ᠦᠢᠯᠡ ᠶᠢᠨ ᠰᠣᠶᠣᠯ ᠤᠨ ᠬᠦᠷᠢᠶᠡᠯᠡᠩ ᠢ ᠦᠪᠡᠷᠳᠡᠭᠡᠨ ᠵᠠᠰᠠᠬᠤ ᠣᠷᠣᠨ ᠠᠴᠠ ᠲᠦᠷᠪᠡᠨ ᠤᠳᠤᠨ ᠲᠡᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠬᠦᠯᠢᠶᠡᠨ ᠠᠪᠬᠤ ᠴᠡᠭ ᠢᠶᠠᠷ ᠦᠨᠡᠯᠡᠨ ᠲᠣᠭᠲᠠᠭᠠᠵᠤ᠂ 2018 ᠣᠨ ᠳᠤ ᠥᠪᠡᠷᠲᠡᠭᠡᠨ ᠵᠠᠰᠠᠬᠤ ᠣᠷᠣᠨ ᠤ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠵᠢᠭᠤᠯᠴᠢᠯᠠᠯ ᠤᠨ ᠳᠠᠭᠤᠷᠢᠶᠠᠯ ᠦᠵᠡᠭᠦᠯᠬᠦ ᠴᠡᠭ ᠵᠢᠴᠢ ᠬᠥᠳᠡᠭᠡ ᠲᠣᠰᠬᠤᠨ ᠮᠠᠯᠵᠢᠬᠤ ᠣᠷᠣᠨ ᠤ ᠲᠠᠪᠤᠨ ᠤᠳᠤᠨ ᠲᠡᠰ ᠤᠨ ᠵᠢᠭᠤᠯᠴᠢᠯᠠᠯ ᠤᠨ ᠬᠦᠯᠢᠶᠡᠨ ᠠᠪᠬᠤ ᠡᠷᠦᠬᠡ ᠪᠠᠷ ᠦᠨᠡᠯᠡᠭᠳᠡᠪᠡ᠃ ᠣᠳᠣᠬᠠᠨ ᠳᠤ ᠦᠨᠳᠤᠰᠤ ᠵᠢᠴᠢ ᠳᠡᠬᠦᠨ ᠤ ᠺᠤᠮᠫᠠᠨᠢ ᠶᠢᠨ ᠡᠵᠡᠨ᠎ᠡ ᠳᠠᠬᠢ ᠪᠡᠯᠡ ᠣᠷᠣᠭᠤᠯᠣᠯᠳᠠ ᠨᠢ 1380 ᠭᠠᠷᠦᠢ ᠳᠦᠮᠡᠨ ᠳᠦᠬᠦᠷᠢᠭ ᠲᠤ ᠬᠦᠷᠴᠤ᠂ ᠵᠢᠯ ᠪᠦᠷᠢ ᠭᠠᠴᠠᠭᠠᠨ ᠤ 12 ᠶᠠᠳᠠᠭᠤ ᠡᠷᠦᠭᠡ ᠪᠠ 31 ᠳᠦᠪᠯᠡᠷᠡᠵᠣ ᠰᠠᠭᠤᠭᠰᠠᠨ ᠡᠷᠦᠭᠡ ᠳᠤ ᠠᠰᠢᠭ ᠬᠤᠪᠢᠶᠠᠭᠰᠠᠭᠠᠷ ᠢᠷᠡᠭᠰᠡᠨ ᠪᠦᠬᠡᠳ ᠤᠷᠤᠯᠭ᠎ᠠ ᠨᠢ ᠵᠢᠯ ᠠᠴᠠ ᠵᠢᠯ ᠨᠡᠮᠡᠭᠳᠡᠭᠰᠡᠨ ᠪᠠᠶᠢᠨ᠎ᠠ᠃ ᠲᠤᠬᠠᠶᠢᠯᠠᠪᠠᠯ᠂ 2017 ᠣᠨ ᠳᠤ ᠮᠠᠯᠴᠢᠨ ᠳᠠᠷᠢᠶᠠᠴᠢᠳ ᠤᠨ ᠳᠡᠭᠰᠢᠳᠭᠡᠭᠰᠡᠨ ᠣᠷᠣᠯᠭ᠎ᠠ ᠨᠢ 13000 ᠳᠦᠬᠦᠷᠢᠭ ᠲᠤ ᠬᠦᠷᠴᠣ᠂ 2018 ᠣᠨ ᠳᠤ 22000 ᠳᠦᠬᠦᠷᠢᠭ ᠬᠦᠷᠳᠡᠯ᠎ᠡ ᠨᠡᠮᠡᠭᠳᠡᠨ᠂ 2019 ᠣᠨ ᠪᠤᠯᠬᠤ ᠳᠤ 28000 ᠳᠦᠬᠦᠷᠢᠭ ᠲᠤ ᠬᠦᠷᠦᠭᠰᠡᠨ ᠪᠠᠶᠢᠯ᠎ᠠ᠃       ᠰᠣᠶᠣᠯ ᠵᠢᠭᠤᠯᠴᠢᠯᠠᠯ ᠤᠨ ᠣᠶᠢᠯᠡᠰ ᠤᠨ ᠰᠢᠨ᠎ᠡ ᠬᠠᠷᠭᠤᠢ       ᠬᠦᠮᠣᠨ ᠭᠡᠵᠣ ᠬᠦᠴᠢᠷ ᠪᠡᠷᠭᠡᠰᠢᠶᠡᠯ  ᠢ ᠳᠠᠪᠠᠨ ᠳᠣᠭᠤᠯᠬᠤ ᠰᠡᠳᠬᠢᠯ  ᠤᠨ ᠳᠡᠩᠭᠡᠭᠡ  ᠪᠠᠷ ᠠᠷᠪᠢᠨ ᠢ ᠦᠵᠡᠵᠣ ᠳᠣᠭᠤᠯᠵᠣ᠂ ᠠᠮᠢᠳᠣᠷᠠᠯ ᠠᠵᠢᠯ ᠣᠶᠢᠯᠡᠰ  ᠲᠡᠭᠡᠨ ᠠᠬᠢᠴᠠ ᠳᠠᠪᠰᠢᠯ ᠭᠠᠷᠭᠠᠳᠠᠭ᠃ ᠬᠠᠮᠢᠭ᠎ᠠ  ᠨᠢ ᠠᠵᠠ ᠳᠣᠬᠢᠶᠠᠯ ᠪᠠᠶᠢᠬᠤ  ᠶᠢ ᠢᠮᠠᠭᠳᠠ ᠠᠵᠢᠵᠣ ᠶᠠᠪᠣᠳᠠᠭ ᠦᠨᠳᠣᠰᠣ ᠠᠩᠬ᠎ᠠ  ᠨᠢ ᠴᠠᠭᠠᠰᠣᠨ ᠫᠣᠣ ᠬᠤᠳᠠᠯᠳᠣᠬᠤ᠂ ᠳᠣᠭᠯᠠᠯᠳᠠ  ᠶᠢᠨ ᠠᠵᠢᠯᠯᠠᠭ᠎ᠠ  ᠶᠢ ᠦᠷᠨᠢᠬᠦᠯᠬᠦ ᠵᠡᠷᠭᠡ ᠵᠣᠭᠤᠰ ᠮᠦᠩᠭᠦ ᠣᠯᠵᠣ ᠴᠢᠳᠠᠬᠤ ᠠᠵᠢᠯ ᠢ ᠪᠦᠬᠦᠨ  ᠢ ᠵᠠᠪᠳᠣᠨ ᠬᠢᠵᠣ ᠪᠠᠶᠢᠵᠡᠢ᠃       ᠵᠠᠪᠰᠢᠶᠠᠨ ᠳᠣᠬᠢᠶᠠᠯ ᠢ ᠠᠯᠳᠠᠯ ᠦᠭᠡᠢ ᠳᠡᠮᠡᠴᠡᠭᠰᠡᠭᠡᠷ ᠢᠷᠡᠭᠰᠡᠨ ᠳᠠᠷᠠ ᠮᠠᠨᠢ ᠨᠢᠳᠣᠨᠣᠨ ᠵᠢᠯ ᠬᠤᠰᠢᠭᠤᠨ ᠤ ᠵᠠᠰᠠᠭ ᠤᠨ ᠣᠷᠳᠣᠨ ᠠᠴᠠ ᠡᠵᠡᠨ᠎ᠡ ᠶᠢᠨ ᠵᠢᠭᠤᠯᠴᠢᠯᠠᠯ ᠤᠨ ᠦᠢᠯᠡᠴᠢᠯᠡᠭᠡᠨ ᠤ ᠳᠦᠪ ᠢ ᠳᠠᠭᠠᠭᠠᠴᠢᠯᠠᠨ ᠠᠪᠴᠣ᠂ 300 ᠭᠠᠷᠦᠢ ᠳᠦᠮᠡᠨ ᠳᠦᠬᠦᠷᠢᠭ ᠤᠨ ᠪᠡᠯᠡ ᠣᠷᠣᠭᠤᠯᠣᠨ ᠵᠠᠰᠠᠵᠣ ᠴᠢᠮᠡᠵᠡᠢ᠃ ᠳᠡᠬᠦᠨ ᠤ ᠳᠦᠰᠦᠪ ᠢᠶᠠᠷ ᠡᠨᠡ ᠵᠢᠯ ᠰᠠᠯᠪᠣᠷᠢ ᠦᠢᠯᠡᠴᠢᠯᠡᠭᠡᠨ ᠤ ᠳᠦᠪ ᠪᠣᠯᠬᠤ ᠦᠯᠵᠡᠢ ᠳᠠᠬᠢ ᠦᠢᠯᠡᠴᠢᠯᠡᠭᠡᠨ ᠤ ᠭᠠᠵᠠᠷ ᠢ ᠴᠤ ᠳᠠᠭᠠᠭᠠᠴᠢᠯᠠᠨ ᠵᠠᠰᠠᠵᠣ ᠭᠠᠷᠭᠠᠬᠤ ᠪᠠᠷ ᠴᠢᠷᠮᠠᠶᠢᠵᠣ ᠪᠠᠶᠢᠭ᠎ᠠ᠃ ᠶᠠᠮᠠᠷ ᠠᠵᠢᠯ ᠢ ᠭᠠᠷᠳᠠᠵᠣ ᠬᠢᠭᠰᠡᠨ ᠴᠦ ᠦᠨᠳᠣᠰᠣ ᠳᠤ ᠰᠢᠨ᠎ᠡ ᠠᠷᠭ᠎ᠠ ᠰᠦᠪᠡᠭᠴᠢᠯᠡᠯ ᠰᠢᠨ᠎ᠡ ᠰᠡᠳᠣᠯᠳᠠ ᠣᠷᠣᠵᠣ ᠢᠷᠡᠳᠡᠭ ᠨᠢ ᠳᠡᠬᠦᠨ ᠤ ᠬᠠᠮᠤᠭ ᠤᠨ ᠶᠡᠭᠡ ᠪᠣᠳᠣᠯᠭᠠᠰᠢᠷᠠᠯ ᠨᠢ ᠪᠠᠶᠢᠵᠣ ᠳᠠᠭᠠᠷᠠᠭ᠎ᠠ᠃ ᠡᠨᠡ ᠣᠳᠠᠭ᠎ᠠ ᠦᠨᠳᠣᠰᠣ ᠶᠢᠨ ᠰᠡᠳᠦᠭᠰᠡᠨ ︽ᠣᠷᠢᠳᠴᠢᠯᠡᠨ ᠰᠡᠷᠭᠡᠶᠢᠯᠡᠬᠦ ᠳᠦᠯᠦᠪᠯᠡᠭᠡ︾  ᠨᠢ ᠳᠠᠷᠤᠢ ᠡᠵᠡᠨ᠎ᠡ ᠳᠤ ᠳᠣᠭᠤᠷᠢᠨ ᠵᠣᠭᠠᠴᠠᠬᠤ ᠪᠠᠷ ᠪᠠᠶᠢᠭ᠎ᠠ ᠵᠣᠭᠠᠴᠠᠭᠰᠠᠳ ᠲᠤ ᠬᠠᠨᠳᠣᠭᠤᠯᠵᠣ᠂ ᠡᠵᠡᠨ᠎ᠡ ᠳᠤ ᠢᠷᠡᠬᠦ ᠳᠦᠷᠭᠡᠨ ᠤ ᠵᠠᠮ ᠳᠤ ᠭᠠᠷᠣᠭᠰᠠᠨ ᠵᠣᠭᠠᠴᠠᠭᠰᠠᠳ ᠲᠤ ᠣᠷᠢᠳᠴᠢᠯᠡᠨ ᠤᠯᠨᠨ ᠳᠠᠯ᠎ᠠ ᠶᠢᠨ ᠬᠠᠷᠠᠭᠠᠯᠵᠠᠯᠳᠤ ᠦᠢᠯᠡᠴᠢᠯᠡᠭᠡ ᠬᠠᠩᠭᠠᠬᠤ ᠶᠠᠪᠤᠳᠠᠯ ᠪᠣᠯᠣᠨ᠎ᠠ᠃ ᠳᠤᠰ ᠲᠦᠯᠦᠪᠯᠡᠬᠡᠨ ᠳᠤ᠂ ᠵᠤᠭᠠᠴᠠᠬᠰᠠᠳ ᠲᠤ ᠦᠵᠡᠮᠵᠢ ᠶᠢᠨ ᠣᠷᠣᠨ ᠤ ᠡᠬᠦᠳᠡᠨ ᠪᠢᠯᠧᠲ᠂ ᠵᠠᠮ ᠳᠠᠭᠠᠣ  ᠶᠢᠨ ᠬᠤᠭᠤᠯᠠ ᠣᠮᠳᠠ᠂ ᠳᠣᠰᠣ ᠨᠡᠮᠡᠬᠦ ᠵᠡᠷᠭᠡ ᠳᠤ ᠪᠦᠷ ᠬᠢᠮᠳᠠᠷᠠᠯ ᠦᠭᠴᠣ ᠵᠣᠭᠠᠴᠠᠭᠰᠠᠳ ᠲᠤ ᠠᠰᠢᠭ ᠬᠦᠷᠳᠡᠭᠡᠬᠦ ᠭᠡᠯᠪᠡᠷᠢ ᠪᠠᠷ ᠠᠩᠬᠠᠷᠣᠯ ᠰᠤᠨᠢᠷᠬᠠᠯ ᠢ ᠨᠢ ᠳᠠᠳᠠᠬᠤ ᠪᠠᠷ ᠭᠤᠤᠯ ᠡᠵᠡᠩᠨᠠᠯᠳᠠ ᠦᠢᠯᠡᠴᠢᠯᠡᠬᠡᠨ ᠤ ᠠᠭᠤᠯᠭ᠎ᠠ ᠪᠠᠨ ᠪᠤᠯᠭᠠᠵᠤ ᠪᠠᠶᠢᠭ᠎ᠠ ᠠᠵᠢ᠃ ᠡᠬᠦᠪᠡᠷ ᠵᠣᠭᠰᠣᠬᠤ ᠦᠭᠡᠢ᠂ ᠦᠨᠳᠣᠰᠣ ᠪᠠᠰᠠ ᠬᠦᠬᠡᠬᠤᠳᠠ ᠶᠢᠨ ᠳᠡᠮᠣᠷ ᠵᠠᠮ ᠤᠨ ᠳᠣᠪᠴᠢᠶ᠎ᠠ ᠪᠠ ᠡᠵᠡᠨ᠎ᠡ ᠬᠤᠰᠢᠭᠤᠨ ᠤ ᠵᠠᠰᠠᠭ ᠤᠨ ᠣᠷᠳᠣᠨ ᠲᠠᠢ ᠨᠢᠭᠳᠠ ᠬᠠᠷᠢᠯᠴᠠᠵᠣ ᠬᠠᠮᠳᠣᠷᠠᠯᠴᠠᠨ᠂ ᠬᠦᠬᠡᠬᠤᠳᠠ — ᠡᠵᠡᠨ᠎ᠡ ᠶᠢᠨ ᠵᠢᠭᠤᠯᠴᠢᠯᠠᠯ ᠤᠨ ᠳᠣᠰᠬᠠᠢ ᠭᠠᠯᠳᠣ ᠳᠡᠷᠭᠡ ᠶᠢ ᠳᠣᠬᠢᠷᠠᠭᠤᠯᠵᠣ᠂ ᠬᠦᠭᠡᠬᠤᠳᠠ ᠳᠠᠬᠢ ᠺᠣᠮᠫᠠᠨᠢ ᠪᠠᠷ ᠢᠶᠠᠨ ᠳᠠᠮᠵᠢᠨ ᠭᠠᠳᠠᠨ᠎ᠠ ᠣᠷᠣᠨ ᠤ ᠵᠤᠭᠠᠴᠠᠭᠰᠠᠳ ᠢ ᠵᠤᠬᠢᠶᠠᠨ ᠪᠠᠶᠢᠭᠤᠯᠵᠤ ᠬᠦᠬᠡᠬᠤᠳᠠ — ᠡᠵᠡᠨ᠎ᠡ ᠶᠢᠨ ᠵᠢᠭᠤᠯᠴᠢᠯᠠᠯ ᠤᠨ ᠳᠣᠰᠬᠠᠢ ᠭᠠᠯᠳᠣ ᠳᠡᠷᠭᠡ ᠪᠠᠷ ᠡᠵᠡᠨ᠎ᠡ ᠳᠤ ᠵᠤᠭᠠᠴᠠᠭᠤᠯᠬᠤ ᠦᠢᠯᠡᠴᠢᠯᠡᠭᠡ ᠦᠷᠨᠢᠬᠦᠯᠦᠭᠰᠡᠨ ᠠᠴᠠ᠂ ᠨᠢᠳᠣᠨᠣᠨ ᠵᠢᠯ ᠡᠵᠡᠨ᠎ᠡ ᠬᠤᠰᠢᠭᠤᠨ ᠤ ᠬᠠᠮᠤᠭ ᠤᠨ ᠠᠩᠬᠠᠳᠠᠭᠴᠢ ᠳᠦᠪᠯᠡᠷᠡᠭᠰᠡᠨ ᠵᠣᠭᠠᠴᠠᠭᠰᠠᠳ ᠢ ᠡᠳᠡᠨᠡᠶᠢᠬᠢᠨ ᠠᠪᠴᠢᠷᠠᠭᠰᠠᠨ ᠢᠶᠠᠷ ᠪᠠᠷᠠᠬᠤ ᠦᠭᠡᠢ᠂ ᠳᠣᠰ ᠵᠢᠯ ᠳᠡᠭᠡᠨ ᠨᠡᠶᠢᠳᠡ 2800 ᠭᠠᠷᠦᠢ ᠵᠣᠭᠠᠴᠠᠭᠰᠠᠳ ᠢ ᠳᠠᠳᠠᠨ ᠠᠪᠴᠢᠷᠠᠭᠰᠠᠨ ᠪᠠᠶᠢᠳᠠᠭ᠃ ᠡᠨᠡ ᠨᠢ ᠦᠨᠳᠣᠰᠣ ᠶᠢᠨ ᠵᠣᠷᠢᠭᠯᠠᠵᠣ ᠬᠢᠭᠰᠡᠨ ᠨᠢᠭᠡᠨ ᠰᠢᠨ᠎ᠡ ᠰᠡᠳᠦᠪᠦᠷᠢ ᠲᠠᠢ ᠠᠵᠢᠯ᠂ ᠮᠦᠨᠴᠤ ᠡᠵᠡᠨ᠎ᠡ ᠨᠣᠳᠤᠭ ᠢᠶᠠᠨ ᠣᠬᠠᠭᠤᠯᠣᠨ ᠳᠠᠨᠢᠯᠴᠠᠭᠤᠯᠬᠤ ᠵᠢᠴᠢ ᠰᠣᠶᠣᠯ ᠵᠢᠭᠤᠯᠴᠢᠯᠠᠯ ᠤᠨ ᠣᠶᠢᠯᠡᠰ ᠲᠤ ᠰᠢᠨ᠎ᠡ ᠵᠠᠮ ᠢ ᠨᠡᠭᠡᠭᠡᠵᠣ ᠦᠭᠬᠦᠭᠰᠡᠨ ᠨᠢ ᠢᠯᠡᠷᠭᠡᠢ᠃       ᠴᠠᠭ ᠢᠮᠠᠭᠳᠠ ᠦᠭᠡᠷᠡᠴᠢᠯᠡᠯᠳᠡ ᠰᠢᠨᠡᠴᠢᠯᠡᠯᠳᠡ ᠬᠢᠬᠦ  ᠨᠢ ᠠᠵᠢᠯ ᠣᠶᠢᠯᠡᠰ ᠢᠶᠠᠨ ᠪᠦᠳᠦᠭᠡᠵᠣ ᠬᠦᠭᠵᠢᠬᠦᠯᠬᠦ  ᠳᠤ ᠬᠠᠮᠤᠭ ᠤᠨ ᠢᠯᠡᠷᠭᠡᠢ ᠦᠷ᠎ᠠ ᠳ᠋ᠦᠩ ᠢ ᠣᠯᠳᠠᠭ ᠢ ᠦᠨᠳᠣᠰᠣ ᠭᠡᠨ ᠠᠴᠠ ᠢᠯᠡᠬᠦᠣ ᠮᠡᠳᠡᠨ᠎ᠡ᠃ ᠲᠡᠷᠡ ᠡᠵᠡᠨ᠎ᠡ ᠬᠤᠰᠢᠭᠤᠨ  ᠤ ᠮᠧᠩ ᠷᠦᠩ ᠰᠣᠶᠣᠯ  ᠤᠨ ᠬᠥᠭᠵᠢᠯᠲᠡ  ᠶᠢᠨ ᠬᠢᠵᠠᠭᠠᠷᠲᠤ ᠬᠠᠷᠢᠭᠤᠴᠠᠯᠭᠠᠳᠣ ᠺᠣᠮᠫᠠᠨᠢ  ᠶᠢᠨ ᠬᠥᠭᠵᠢᠯᠲᠡ  ᠶᠢᠨ ᠴᠢᠭᠯᠡᠯ  ᠢ ᠺᠢᠨᠣ᠋ ᠲᠧᠯᠸᠢᠰ  ᠤᠨ ᠣᠶᠢᠯᠡᠰ᠂ ᠶᠠᠪᠠᠭᠠᠨ ᠵᠢᠭᠤᠯᠴᠢᠯᠠᠯ ᠵᠡᠷᠭᠡ ᠠᠵᠢᠯᠯᠠᠭᠠᠨ  ᠳᠤ ᠬᠠᠨᠳᠣᠭᠤᠯᠬᠤ ᠪᠣᠯᠵᠣ᠂ ᠡᠵᠡᠨ᠎ᠡ ᠬᠤᠰᠢᠭᠤᠨ  ᠤ ᠰᠣᠪᠨᠠᠭᠤᠷ  ᠤᠨ ᠡᠷᠲᠡᠨ  ᠤ ᠵᠠᠮ  ᠢᠶᠠᠷ ᠳᠠᠬᠢᠨ ᠵᠠᠮᠨᠠᠬᠤ᠂ ᠮᠣᠲ᠋ᠤᠷ ᠳᠡᠷᠭᠡᠨ  ᠤ ᠰᠣᠶᠣᠯ ᠵᠢᠭᠤᠯᠴᠢᠯᠠᠯ  ᠤᠨ ᠨᠠᠶᠢᠷ ᠵᠡᠷᠭᠡ ᠵᠢᠭᠤᠯᠴᠢᠯᠠᠯ ᠤᠨ ᠣᠯᠠᠨ ᠳᠠᠯ᠎ᠠ  ᠶᠢᠨ ᠠᠵᠢᠯᠯᠠᠭ᠎ᠠ  ᠶᠢ ᠵᠣᠬᠢᠶᠠᠨ ᠪᠠᠶᠢᠭᠤᠯᠵᠣ᠂ ᠣᠯᠠᠨ ᠴᠢᠭᠯᠡᠯ  ᠢᠶᠠᠷ ᠵᠣᠭᠠᠴᠠᠭᠰᠠᠳ  ᠢ ᠳᠠᠳᠠᠨ ᠠᠪᠴᠢᠷᠠᠬᠰᠠᠨ ᠪᠠᠶᠢᠨ᠎ᠠ᠃ ᠳᠡᠷᠡᠪᠡᠷ ᠪᠠᠰᠠ ᠰᠣᠶᠣᠯ ᠵᠢᠭᠤᠯᠴᠢᠯᠠᠯ  ᠪᠣᠯᠣᠨ ᠡᠷᠡᠬᠦᠯ ᠮᠡᠨᠳᠣ  ᠶᠢᠨ ᠡᠮᠴᠢᠯᠡᠭᠡ  ᠶᠢ ᠣᠶᠠᠯᠳᠣᠭᠤᠯᠣᠨ ᠬᠦᠭᠵᠢᠬᠦᠯᠬᠦ  ᠶᠢ ᠰᠡᠳᠦᠨ ᠤᠬᠠᠭᠠᠯᠠᠵᠤ᠂ ᠬᠦᠬᠡᠬᠤᠳᠠ  ᠳᠠᠬᠢ ᠺᠣᠮᠫᠠᠨᠢ ᠳᠠᠭᠠᠨ ︽ᠳᠠᠯ᠎ᠠ ᠶᠢᠨ ᠡᠮᠴᠢᠯᠡᠭᠡ︾ ᠳᠠᠪᠴᠠᠩ ᠭᠠᠷᠭᠠᠨ᠂ ᠡᠨᠡᠬᠦ ᠳᠡᠪᠴᠠᠩ  ᠢᠶᠠᠷ ᠳᠠᠮᠵᠢᠨ ᠦᠷᠬᠡᠨ ᠤᠯᠠᠨ ᠮᠠᠯᠴᠢᠳ  ᠲᠠᠭᠠᠨ ᠬᠦᠬᠡᠬᠤᠳᠠ᠂ ᠪᠡᠬᠡᠵᠢᠩ ᠵᠡᠷᠬᠡ ᠲᠤᠮᠤ ᠳᠤᠮᠳᠠ ᠬᠤᠳᠠᠳ  ᠲᠤ ᠡᠪᠡᠳᠴᠢᠨ ᠦᠵᠡᠬᠦᠯᠬᠦ᠂ ᠡᠮᠴᠢ ᠲᠤᠮᠴᠢ ᠬᠠᠷᠢᠯᠴᠠᠬᠤ᠂ ᠡᠮᠨᠡᠯᠬᠡ  ᠳᠤ ᠰᠠᠭᠤᠬᠤ᠂ ᠪᠡᠶ᠎ᠡ  ᠪᠠᠨ ᠰᠣᠪᠢᠯᠠᠬᠤ ᠵᠡᠷᠬᠡ ᠡᠮᠴᠢᠯᠡᠭᠡᠨ  ᠤ ᠳᠠᠯ᠎ᠠ  ᠶᠢᠨ ᠦᠢᠯᠡᠴᠢᠯᠡᠭᠡ ᠬᠠᠩᠭᠠᠬᠤ  ᠪᠠᠷ ᠪᠠᠷᠠᠬᠤ ᠦᠭᠡᠢ᠂ ᠴᠢᠨᠠᠬᠰᠢᠯᠠᠨ ᠮᠣᠩᠭᠤᠯ ᠣᠯᠣᠰ  ᠤᠨ ᠢᠷᠬᠡᠳ ᠳᠣᠮᠳᠠᠳᠣ ᠣᠯᠣᠰ  ᠲᠤ ᠵᠣᠭᠠᠴᠠᠬᠤ  ᠶᠢᠨ ᠳᠠᠭᠠᠣ ᠡᠮᠴᠢᠯᠡᠭᠡ ᠵᠠᠰᠠᠯ ᠬᠦᠷᠳᠡᠬᠦ ᠱᠠᠭᠠᠷᠳᠠᠯᠭ᠎ᠠ ᠬᠡᠷᠡᠭᠴᠡᠭᠡᠨ  ᠳᠤ ᠬᠠᠨᠳᠤᠭᠤᠯᠤᠬᠰᠠᠨ ᠦᠢᠯᠡᠴᠢᠯᠡᠭᠡ ᠳᠡᠮᠵᠢᠯᠬᠡ ᠬᠠᠩᠭᠠᠬᠤ ᠵᠡᠷᠬᠡ ᠠᠭᠤᠯᠭ᠎ᠠ ᠪᠦᠬᠦᠢ ᠵᠢᠭᠤᠯᠴᠢᠯᠠᠯ ᠡᠮᠴᠢᠯᠡᠭᠡ ᠶᠢ ᠣᠶᠠᠯᠳᠣᠭᠤᠯᠣᠭᠰᠠᠨ ᠰᠢᠨ᠎ᠡ ᠠᠷᠭ᠎ᠠ ᠵᠠᠮ  ᠢ ᠰᠢᠯᠤᠭᠤᠳᠬᠠᠬᠤ  ᠪᠠᠷ ᠴᠢᠷᠮᠠᠶᠢᠵᠣ ᠶᠠᠪᠣᠭ᠎ᠠ᠃       ᠡᠨᠡ ᠵᠢᠯ ᠬᠡᠳᠦ᠋ᠢᠪᠡᠷ ᠲᠦᠩᠬᠡᠵᠢ ᠭᠤᠴᠢ ᠶᠢ ᠳᠠᠪᠠᠵᠤ ᠪᠤᠢ ᠪᠤᠯᠪᠠᠴᠣ ᠦᠨᠳᠤᠰᠤ ᠨᠢᠬᠡᠨᠳᠠ ᠥᠪᠥᠷ ᠮᠣᠩᠭᠤᠯ ᠤᠨ ᠮᠧᠩ ᠷᠦᠩ ᠰᠣᠶᠣᠯ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠳᠣ ᠺᠣᠮᠫᠠᠨᠢ ᠶᠢᠨ ᠶᠡᠷᠦᠩᠬᠡᠶ ᠳᠠᠭᠠᠭᠠᠮᠠᠯ ᠪᠠ ᠡᠵᠡᠨ᠎ᠡ ᠬᠤᠰᠢᠭᠤᠨ ᠤ ᠮᠧᠩ ᠷᠦᠩ ᠰᠣᠶᠣᠯ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠳᠣ ᠺᠣᠮᠫᠠᠨᠢ ᠶᠢᠨ ᠶᠡᠷᠦᠩᠬᠡᠶ ᠳᠠᠭᠠᠭᠠᠮᠠᠯ ᠤᠨ ᠳᠣᠰᠢᠶᠠᠯ ᠢ ᠪᠡᠶᠡᠴᠢᠯᠡᠨ ᠬᠠᠷᠢᠭᠤᠴᠠᠵᠤ᠂ ᠦᠢᠯᠡᠰ ᠤᠨ ᠴᠢᠷᠮᠠᠶᠢᠯᠭ᠎ᠠ ᠦᠢᠭ᠎ᠠ ᠦᠬᠡᠢ ᠵᠢᠳᠬᠦᠯ ᠨᠢ ᠨᠡᠶᠢᠬᠡᠮ ᠨᠡᠶᠢᠳᠠ᠂ ᠲᠦᠷᠦ ᠵᠠᠰᠠᠭ ᠲᠠᠭᠠᠨ ᠦᠨᠡᠯᠡᠭᠳᠡᠨ᠂ 2017 ᠣᠨ ᠠᠴᠠ ᠬᠤᠶᠠᠷ ᠵᠢᠯ ᠳᠠᠷᠠᠭᠠᠯᠠᠨ ᠡᠵᠡᠨ᠎ᠡ ᠬᠤᠰᠢᠭᠤᠨ ᠤ ᠵᠠᠰᠠᠭ ᠤᠨ ᠣᠷᠳᠣᠨ ᠤ ︽ᠰᠣᠶᠣᠯ ᠤᠨ ᠠᠵᠤ ᠠᠬᠤᠶᠢᠯᠠᠯ ᠤᠨ ᠲᠡᠷᠢᠭᠦᠨ ᠤ ᠬᠤᠪᠢ ᠬᠥᠮᠦᠨ︾ ᠤ ᠢᠷᠠᠭᠤ ᠠᠯᠳᠠᠷ ᠢ ᠬᠦᠷᠳᠡᠨ᠂ 2018 ᠤᠨ ᠪᠠ 2019 ᠤᠨ ᠳᠤ ᠤᠷᠢᠳ ᠬᠤᠵᠢᠳ ᠠᠶᠢᠮᠠᠭ ᠪᠤᠯᠤᠨ ᠣᠷᠣᠨ ᠤ ᠳᠡᠰ ᠤᠨ ᠵᠠᠯᠠᠭᠤ ᠪᠠᠶᠠᠵᠢᠯ ᠤᠨ ᠳᠠᠭᠠᠭᠤᠯᠣᠭᠴᠢ ᠪᠠᠷ ᠬᠦᠬᠢᠬᠦᠯᠦᠭᠳᠡᠵᠤ᠂ ᠡᠵᠡᠨ᠎ᠡ ᠬᠤᠰᠢᠭᠤᠨ ᠤ ᠮᠧᠩ ᠷᠦᠩ ᠰᠣᠶᠣᠯ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠳᠣ ᠺᠣᠮᠫᠠᠨᠢ ᠨᠢ ᠪᠦᠬᠦ ᠣᠷᠣᠨ ᠤ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠳᠠᠭᠤᠷᠢᠶᠠᠯ ᠦᠵᠡᠭᠦᠯᠬᠦ ᠲᠦᠷᠦᠯ ᠵᠦᠢᠯ ᠤᠨ ︽ᠴᠢᠳᠠᠪᠣᠷᠢᠳᠠᠨ + ᠶᠠᠳᠠᠭᠤ ᠬᠦᠴᠢᠷᠳᠡᠯᠲᠡᠢ ᠡᠷᠦᠬᠡ︾ ᠶᠢᠨ ᠲᠦᠷᠦᠯ ᠵᠦᠢᠯ ᠵᠢᠴᠢ ᠣᠷᠣᠨ ᠤ ︽ᠰᠣᠶᠣᠯ ᠤᠨ ᠭᠤᠣᠯᠳᠠᠯᠭ᠎ᠠ ᠲᠠᠢ ᠵᠢᠵᠢᠭ ᠠᠵᠤ ᠠᠬᠤᠶᠢᠯᠠᠯ︾ ᠢᠶᠠᠷ ᠦᠨᠡᠯᠡᠭᠳᠡᠭᠰᠡᠨ ᠪᠠᠶᠢᠨ᠎ᠠ᠃      ᠰᠢᠨ᠎ᠡ ᠰᠡᠳᠬᠢᠬᠦᠢ᠂ ᠰᠢᠨ᠎ᠡ ᠳᠡᠮᠡᠣᠯᠠᠯ᠂ ᠰᠢᠨ᠎ᠡ ᠠᠶᠠᠨ      ᠦᠨᠣᠳᠣᠷ ᠤᠨ ᠴᠠᠭ ᠬᠤᠭᠤᠴᠠᠭᠠᠨ ᠳᠤ ᠢᠷᠡᠭᠡᠳᠦᠢ ᠶᠢᠨ ᠳᠦᠯᠦᠭᠡ ᠬᠢᠵᠣ ᠪᠣᠯᠬᠤ ᠪᠦᠬᠦᠨ ᠢ ᠠᠩᠬᠠᠷᠣᠯ ᠲᠠᠢ ᠬᠢᠵᠣ᠂ ᠰᠣᠷᠣᠯᠴᠠᠨ ᠦᠢᠯᠡᠳᠦᠯᠭᠡᠵᠢᠬᠦᠯᠬᠦ ᠨᠢ ᠬᠠᠮᠤᠭ ᠤᠨ ᠶᠡᠭᠡ ᠵᠣᠷᠢᠭᠯᠠᠯ ᠪᠣᠶᠣ᠃ ᠨᠠᠰᠣᠨ ᠳᠣᠷᠰᠢᠳᠠ ᠳᠠᠭᠠᠨ ᠰᠣᠷᠣᠯᠴᠠᠬᠤ ᠨᠢ ᠦᠨᠳᠣᠰᠣ ᠶᠢᠨ ᠪᠠᠷᠢᠮᠳᠠᠯᠠᠯ ᠪᠣᠯᠣᠨ᠎ᠠ᠃ ᠳᠡᠷᠡ ᠵᠢᠯ ᠪᠦᠷᠢ ᠶᠠᠪᠣᠭᠳᠠᠬᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠨᠢᠮᠪᠠᠢ ᠰᠣᠷᠣᠯᠴᠠᠨ᠂ ᠠᠳᠠᠯ ᠣᠶᠢᠯᠡᠰ ᠤᠨ ᠵᠠᠮ ᠳᠠᠭᠠᠨ ᠴᠢᠭᠯᠡᠯᠳᠡ ᠪᠣᠯᠭᠠᠵᠣ᠂ ᠰᠢᠨ᠎ᠡ ᠴᠠᠭ ᠦᠶ᠎ᠡ ᠶᠢᠨ ᠳᠦᠷᠣ ᠶᠢᠨ ᠪᠣᠳᠣᠯᠭ᠎ᠠ ᠶᠢ ᠴᠠᠭ ᠳᠤᠬᠠᠢ ᠳᠤᠨᠢ ᠬᠦᠯᠢᠶᠡᠨ ᠠᠪᠴᠣ ᠵᠣᠷᠢᠭᠳᠠᠢ ᠭᠡᠷᠡᠭᠵᠢᠬᠦᠯᠣᠨ᠂ ᠰᠣᠶᠣᠯ ᠵᠢᠭᠤᠯᠴᠢᠯᠠᠯ ᠢ ᠰᠢᠨᠡᠴᠢᠯᠡᠯᠳᠡ ᠲᠠᠢ ᠵᠠᠭᠪᠣᠷ ᠲᠤ ᠠᠭᠤᠰᠣᠯᠴᠠᠭᠤᠯᠣᠨ᠂ ᠬᠠᠮᠤᠭ ᠤᠨ ᠰᠢᠨ᠎ᠡ ᠵᠦᠢᠯᠡᠰ ᠢ ᠬᠢᠵᠤ ᠤᠷᠤᠯᠳᠤᠬᠤ ᠪᠠᠷ ᠴᠢᠷᠮᠠᠶᠢᠵᠣ᠂ ᠨᠡᠶᠢᠬᠡᠮ ᠤᠨ ᠤᠷᠤᠰᠬᠠᠯ ᠤᠨ ᠬᠤᠪᠢᠷᠠᠯᠳᠠ᠂ ᠬᠡᠷᠡᠭᠴᠡᠭᠡ ᠱᠠᠭᠠᠷᠳᠠᠯᠭ᠎ᠠ ᠶᠢ ᠨᠠᠷᠢᠨ ᠠᠵᠢᠭᠯᠠᠨ ᠵᠠᠳᠠᠯᠵᠤ᠂ ᠶᠠᠮᠠᠷ ᠴᠠᠭ ᠲᠤ ᠶᠠᠭᠤ ᠬᠢᠬᠦ ᠪᠠᠨ ᠪᠣᠳᠣᠵᠣ ᠳᠦᠰᠦᠪᠯᠡᠨ᠂ ᠡᠬᠦᠨ ᠤ ᠰᠠᠭᠤᠷᠢᠨ ᠳᠡᠬᠡᠷ᠎ᠡ ᠦᠪᠡᠷ ᠤᠨ ᠢᠶᠠᠨ ᠰᠢᠨ᠎ᠡ ᠰᠡᠳᠬᠢᠬᠦᠢ ᠶᠢᠨ ᠣᠷᠣᠨ ᠵᠠᠢ ᠳᠤ ᠰᠢᠨ᠎ᠡ ᠰᠡᠳᠦᠪᠦᠷᠢ᠂ ᠰᠢᠨ᠎ᠡ ᠠᠷᠭ᠎ᠠ ᠠᠪᠴᠠᠯ ᠢᠶᠠᠷ ᠣᠶᠢᠯᠡᠰ ᠢᠶᠠᠨ ᠣᠯᠠᠮ ᠢᠶᠠᠷ ᠡᠷᠴᠢᠮᠵᠢᠬᠦᠯᠵᠣ ᠶᠠᠪᠣᠨ᠎ᠠ᠃      ᠭᠤᠪᠢ ᠶᠢᠨ ᠰᠢᠷᠭᠡᠭ ᠰᠣᠯᠢ ᠪᠣᠷᠣ ᠬᠦᠷᠦᠰᠣ ᠪᠠᠨ ᠰᠢᠮᠡᠵᠣ ᠣᠷᠭᠤᠬᠤ ᠲᠠᠢ ᠠᠳᠠᠯᠢ ᠪᠠᠷ ᠦᠨᠳᠣᠰᠣ ᠳᠤ ᠳᠣᠣᠷᠠᠶᠢᠳᠣ ᠨᠣᠳᠤᠭ ᠤᠨ ᠢᠶᠠᠨ ᠡᠯᠢᠭᠡᠨ ᠠᠴᠠ ᠶᠠᠭᠤ ᠨᠢᠭᠡ ᠶᠢ ᠠᠳᠬᠤᠵᠣ ᠪᠣᠰᠬᠤ ᠵᠣᠷᠢᠭ ᠪᠠᠶᠢᠭ᠎ᠠ᠃ ᠳᠡᠬᠦᠨ ᠤ ᠤᠳᠤᠬᠠᠨ ᠤ ᠬᠠᠮᠤᠭ ᠤᠨ ᠳᠤᠯᠭᠠᠮ᠎ᠠ ᠨᠢᠭᠡᠨ ᠬᠦᠰᠡᠯ ᠪᠤᠯ ᠳᠠᠷᠤᠢ᠂ ᠦᠪᠡᠷ ᠢᠶᠠᠨ ᠬᠠᠮᠢᠶᠠᠷᠤᠯᠳᠠ ᠬᠢᠵᠤ ᠪᠤᠯᠬᠤ ᠨᠢᠬᠡ ᠬᠡᠰᠡᠭ ᠳᠣᠣᠷᠠᠢ ᠶᠢᠨ ᠣᠢ ᠶᠢᠨ ᠦᠵᠡᠮᠵᠢ ᠶᠢᠨ ᠣᠷᠣᠨ ᠲᠠᠢ ᠪᠣᠯᠬᠤ ᠶᠠᠪᠤᠳᠠᠯ ᠪᠤᠯᠤᠨ᠎ᠠ᠃ ᠲᠡᠬᠡᠬᠡᠳ ᠡᠨᠡᠬᠦ ᠦᠵᠡᠮᠵᠢ ᠶᠢᠨ ᠣᠷᠣᠨ ᠳᠠᠭᠠᠨ ᠵᠢᠭᠤᠯᠴᠢᠯᠠᠯ ᠤᠨ ᠭᠠᠯᠳᠣ ᠲᠡᠷᠭᠡᠨ ᠤ ᠵᠠᠮ ᠱᠤᠭᠤᠮ ᠳᠤᠬᠢᠷᠠᠭᠤᠯᠬᠤ ᠪᠤᠯ ᠳᠡᠬᠦᠨ ᠤ ᠲᠠᠷᠠᠭᠠᠴᠢ ᠶᠢᠨ ᠠᠯᠬᠤᠮ ᠳᠠᠭᠠᠨ ᠬᠢᠵᠤ ᠪᠦᠳᠦᠬᠡᠬᠦ ᠬᠡᠵᠤ ᠲᠦᠰᠦᠪᠯᠡᠵᠤ ᠪᠠᠶᠢᠭ᠎ᠠ ᠵᠦᠢᠯ ᠪᠢᠯᠡ᠃ ᠲᠡᠷᠡ ᠮᠠᠨᠢ ᠡᠬᠦᠨ ᠢ ᠪᠠᠨ ᠠᠯᠢ ᠡᠷᠳᠡ ᠠᠴᠠ ᠰᠡᠳᠦᠵᠤ ᠳᠦᠯᠦᠪᠯᠡᠨ᠂ ᠳᠤᠬᠠᠢ ᠶᠢᠨ ᠭᠠᠵᠠᠷ ᠤᠨ ᠰᠢᠨᠵᠢᠨ ᠪᠠᠶᠢᠴᠠᠭᠠᠯᠳᠠ ᠬᠢᠵᠤ᠂ ᠬᠢᠨᠠᠮᠠᠭᠠᠢ ᠨᠠᠷᠢᠯᠢᠭ ᠪᠣᠳᠣᠵᠣ ᠵᠢᠷᠣᠭᠯᠠᠭᠰᠠᠨ ᠢᠶᠠᠷ ᠡᠨᠡᠬᠦ ᠠᠵᠢᠯ ᠨᠢ ᠨᠢᠬᠡᠨᠳᠠ ᠭᠠᠷᠳᠠᠵᠣ ᠬᠢᠬᠦ ᠳᠤ ᠪᠡᠯᠡᠨ ᠪᠤᠯᠵᠤ᠂ ᠵᠤᠷᠢᠬᠰᠠᠨ ᠦᠢᠯᠡᠰ ᠤᠨ ᠬᠢᠨᠢ ᠰᠢᠨ᠎ᠡ ᠨᠢᠭᠡᠨ ᠳᠡᠮᠡᠣᠯᠠᠯ᠂ ᠵᠣᠷᠢᠯᠳᠠ ᠪᠤᠯᠵᠡᠢ᠃      ᠠᠶᠠᠨ ᠵᠠᠮ ᠳᠤ ᠳᠣᠯᠭᠠᠷᠠᠵᠣ ᠪᠠᠷᠠᠰᠢ ᠦᠭᠡᠢ ᠬᠦᠴᠢᠷᠳᠠᠯ ᠣᠴᠠᠷᠠᠳᠠᠭ᠂ ᠡᠬᠦᠨ ᠢ ᠪᠠᠨ ᠢᠯᠠᠨ ᠳᠣᠭᠤᠯᠬᠤ ᠰᠡᠳᠬᠢᠯᠭᠡ ᠶᠢᠨ ᠳᠡᠩᠭᠡᠭᠡ ᠱᠠᠭᠠᠷᠳᠠᠭᠳᠠᠨ᠎ᠠ᠃ ᠦᠨᠳᠣᠰᠣ ᠺᠣᠮᠫᠠᠨᠢ ᠪᠠᠶᠢᠭᠤᠯᠤᠨ ᠦᠢᠯᠡᠰ ᠪᠤᠰᠬᠠᠬᠰᠠᠨ ᠳᠣᠯᠣᠭᠠᠨ ᠵᠢᠯ ᠤᠨ ᠬᠤᠭᠤᠴᠠᠭᠠᠨ ᠳᠤ ᠡᠯᠳᠡᠪ ᠵᠦᠢᠯ ᠤᠨ ᠬᠦᠴᠢᠷᠳᠡᠯ ᠳᠤ ᠣᠴᠠᠷᠠᠵᠣ ᠪᠠᠶᠢᠭᠰᠠᠨ ᠴᠤ ᠰᠦᠰᠦ ᠵᠤᠷᠢᠭ᠂ ᠠᠷᠭ᠎ᠠ ᠣᠬᠠᠭᠠᠨ ᠳᠠᠭᠠᠨ ᠳᠦᠰᠢᠭᠯᠡᠨ ᠨᠢᠭᠡ ᠨᠢᠭᠡ ᠪᠠᠷ ᠨᠢ ᠳᠣᠭᠤᠯᠵᠣ ᠭᠠᠷᠣᠭᠰᠠᠨ ᠶᠤᠮ᠃ ᠳᠡᠷᠡᠪᠡᠷ ᠠᠵᠢᠯ ᠣᠶᠢᠯᠡᠰ ᠲᠡᠭᠡᠨ ᠦᠪᠡᠷ ᠤᠨ ᠭᠡᠰᠡᠨ ᠰᠢᠨᠡᠴᠢᠯᠡᠯᠳᠡ ᠲᠠᠢ ᠮᠦᠷᠳᠡᠭᠡᠨ ᠴᠠᠭ ᠦᠶ᠎ᠡ ᠳᠤ ᠳᠣᠬᠢᠷᠠᠭᠰᠠᠨ ᠰᠢᠨ᠎ᠡ ᠰᠡᠳᠬᠢᠬᠦᠢ ᠪᠠᠷ ᠢᠶᠠᠨ ᠦᠶ᠎ᠡ ᠶᠢᠨ ᠵᠠᠯᠠᠭᠤᠰ ᠢᠶᠠᠨ ᠨᠦᠯᠦᠬᠡᠯᠡᠨ ᠳᠠᠶᠢᠴᠢᠯᠠᠵᠤ ᠬᠠᠮᠳᠣ ᠪᠠᠷ ᠳᠠᠪᠰᠢᠨ᠂ ᠰᠢᠨ᠎ᠡ ᠰᠡᠳᠬᠢᠬᠦᠢ ᠪᠠᠷ ᠣᠶᠢᠯᠡᠰ ᠤᠨ ᠢᠶᠠᠨ ᠣᠷᠣᠨ ᠵᠠᠢ ᠶᠢ ᠣᠯᠠᠮ ᠢᠶᠠᠷ ᠦᠷᠭᠡᠳᠭᠡᠨ ᠪᠣᠵᠠᠭᠠᠶᠢᠷᠠᠭᠤᠯᠵᠣ ᠴᠢᠳᠠᠵᠡᠢ᠃ ᠳᠡᠶᠢᠨᠬᠦ ᠳᠡᠷᠡ ᠣᠯᠠᠮ ᠢᠶᠠᠷ ᠠᠵᠢᠯ ᠣᠶᠢᠯᠡᠰ ᠲᠡᠭᠡᠨ ᠳᠡᠮᠡᠣᠯᠡᠵᠣ᠂ ᠡᠵᠡᠨ᠎ᠡ ᠨᠣᠳᠤᠭ ᠤᠨ ᠢᠶᠠᠨ ᠨᠡᠷ᠎ᠡ ᠠᠯᠳᠠᠷᠰᠢᠯ ᠢ ᠮᠠᠨᠳᠤᠭᠤᠯᠤᠨ᠂ ᠦᠪᠡᠷ ᠤᠨ ᠢᠶᠠᠨ ᠰᠣᠶᠣᠯ ᠵᠢᠭᠤᠯᠴᠢᠯᠠᠯ ᠤᠨ ᠣᠶᠢᠯᠡᠰ ᠢᠶᠠᠨ ᠬᠢᠯᠠᠷᠠᠭᠤᠯᠳᠠᠯ᠎ᠠ ᠬᠢᠵᠣ ᠶᠠᠪᠣᠬᠤ ᠠᠯᠤᠰ ᠤᠨ ᠠᠶᠠᠨ ᠤ ᠵᠢᠯᠣᠭᠤ ᠪᠠᠨ ᠵᠠᠯᠠᠬᠤ ᠳᠤ ᠢᠳᠡᠭᠡᠯ ᠳᠡᠬᠦᠯᠳᠡᠷ ᠠᠵᠢ᠃                                                          ︵ᠵᠣᠬᠢᠶᠠᠭᠴᠢ᠄ ᠮᠠᠣ ᠳᠦᠮᠡᠨ︶
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号