ᠠᠯᠠᠱᠠ ᠠᠶᠢᠮᠠᠭ ᠤᠨ ᠴᠢᠨ ᠡᠸ᠋ᠨ ᠲᠡᠮᠡᠭᠡᠨ ᠰᠠᠭᠠᠯᠢ ᠪᠠᠷ ᠡᠷᠡᠭᠦᠯᠵᠢᠬᠦᠯᠬᠦ ᠰᠠᠭᠤᠷᠢᠨ ᠭᠠᠵᠠᠷ ᠠᠰᠢᠬᠯᠠᠯᠳᠠ ᠳᠤ ᠤᠷᠤᠪᠠ
ᠨᠡᠶᠢᠲᠡᠯᠡᠭᠰᠡᠨ ᠴᠠᠭ᠄
2020/7/9
          ᠵᠢᠷᠤᠭ ᠪᠤᠯ᠂ ᠠᠯᠠᠱᠠ ᠠᠶᠢᠮᠠᠭ ᠤᠨ ᠴᠢᠨ ᠡᠸ᠋ᠨ ᠲᠡᠮᠡᠭᠡᠨ ᠰᠠᠭᠠᠯᠢ ᠪᠠᠷ ᠡᠷᠡᠭᠦᠯᠵᠢᠬᠦᠯᠬᠦ ᠰᠠᠭᠤᠷᠢᠨ ᠭᠠᠵᠠᠷ ᠡᠭᠦᠳᠡ ᠪᠠᠨ ᠨᠡᠭᠡᠭᠡᠵᠤ᠂ ᠡᠵᠡᠩᠨᠡᠯᠳᠡ ᠪᠠᠨ ᠡᠬᠢᠯᠡᠬᠦᠯᠤᠯ᠎ᠠ᠃      7 ᠰᠠᠷ᠎ᠠ ᠶᠢᠨ 2 ᠤᠨ ᠡᠳᠦᠷ᠂ ᠠᠯᠠᠱᠠ ᠠᠶᠢᠮᠠᠭ ᠤᠨ ᠴᠢᠨ ᠡᠸ᠋ᠨ ᠲᠡᠮᠡᠭᠡᠨ ᠰᠠᠭᠠᠯᠢ ᠪᠠᠷ ᠡᠷᠡᠭᠦᠯᠵᠢᠬᠦᠯᠬᠦ ᠰᠠᠭᠤᠷᠢᠨ ᠭᠠᠵᠠᠷ ᠡᠭᠦᠳᠡ ᠪᠠᠨ ᠨᠡᠭᠡᠭᠡᠵᠤ᠂ ᠡᠵᠡᠩᠨᠡᠯᠳᠡ ᠪᠠᠨ ᠡᠬᠢᠯᠡᠬᠦᠯᠬᠦ ᠶᠤᠰᠤᠯᠠᠯ ᠶᠠᠪᠤᠭᠳᠠᠭᠤᠯᠤᠯ᠎ᠠ᠃ ᠡᠨᠡ ᠪᠤᠯ ᠠᠯᠠᠱᠠ ᠠᠶᠢᠮᠠᠭ ᠤᠨ ᠬᠠᠮᠤᠬ ᠤᠨ ᠲᠤᠮᠤ ᠡᠷᠡᠭᠦᠯᠵᠢᠯ ᠤᠨ ᠰᠤᠪᠢᠯᠠᠯᠳᠠ ᠶᠢᠨ ᠰᠠᠭᠤᠷᠢᠨ ᠭᠠᠵᠠᠷ ᠪᠤᠯᠤᠨ᠎ᠠ᠃      ᠲᠤᠰ ᠡᠷᠡᠭᠦᠯᠵᠢᠬᠦᠯᠬᠦ ᠰᠠᠭᠤᠷᠢᠨ ᠭᠠᠵᠠᠷ ᠨᠢ ᠠᠯᠠᠱᠠ ᠶᠢᠨ ᠪᠤᠶᠠᠨ ᠢ ᠦᠨᠳᠦᠰᠦᠯᠡᠭᠴᠢ ᠰᠦᠮ᠎ᠡ ᠶᠢᠨ ᠵᠢᠭᠤᠯᠴᠢᠯᠠᠯ ᠤᠨ ᠤᠷᠤᠨ ᠳᠤ ᠪᠠᠶᠢᠷᠢᠯᠠᠵᠦ᠂ 2019 ᠤᠨ ᠳᠤ ᠠᠯᠠᠱᠠ ᠵᠡᠭᠦᠨ ᠬᠤᠰᠢᠭᠤᠨ ᠤ ᠵᠠᠰᠠᠭ ᠤᠨ ᠤᠷᠳᠤᠨ ᠤ ᠨᠢᠭᠡᠳᠦᠯᠳᠡᠢ ᠲᠦᠯᠦᠪᠵᠢᠭᠦᠯᠭᠡ ᠪᠠ ᠲᠦᠷᠦᠯ ᠵᠦᠢᠯ ᠤᠨ ᠪᠡᠯᠡ ᠤᠷᠤᠭᠤᠯᠤᠯᠳᠠ ᠪᠠᠷ ᠪᠦᠳᠦᠭᠡᠨ ᠪᠠᠶᠢᠭᠤᠯᠵᠦ᠂ ᠠᠯᠠᠱᠠ ᠶᠢᠨ ᠴᠢᠨ ᠡᠸ᠋ᠨ ᠴᠠᠭᠠᠨ ᠢᠳᠡᠭᠡᠨ ᠤ ᠬᠢᠵᠠᠭᠠᠷᠳᠤ ᠺᠤᠮᠫᠠᠨᠢ ᠪᠤᠯᠤᠨ ᠠᠶᠢᠮᠠᠭ ᠤᠨ ᠮᠤᠩᠭᠤᠯ ᠡᠮᠨᠡᠯᠭᠡ ᠶᠢᠨ ᠬᠤᠷᠢᠶ᠎ᠠ ᠬᠠᠮᠳᠤᠷᠠᠨ ᠪᠡᠶ᠎ᠡ ᠡᠷᠡᠭᠦᠯᠵᠢᠯ ᠤᠨ ᠰᠤᠪᠢᠯᠠᠯᠳᠠ ᠵᠠᠰᠠᠯ ᠭᠢᠭᠡᠳ ᠰᠤᠶᠤᠯ ᠵᠢᠭᠤᠯᠴᠢᠯᠠᠯ ᠢ ᠤᠶᠠᠯᠳᠤᠭᠤᠯᠵᠤ᠂ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠰᠤᠪᠢᠯᠠᠯᠳᠠ ᠬᠢᠬᠦ ᠬᠦᠮᠦᠰ ᠪᠤᠯᠤᠨ ᠲᠤᠭᠤᠷᠢᠨ ᠵᠤᠭᠠᠴᠠᠬᠰᠠᠳ ᠲᠤ ᠦᠢᠯᠡᠴᠢᠯᠡᠭᠡ ᠬᠠᠨᠭ᠍ᠭᠠᠬᠤ ᠪᠠᠷ ᠪᠠᠶᠢᠭᠤᠯᠤᠭᠰᠠᠨ ᠠᠵᠢ᠃      ᠲᠤᠰ ᠰᠠᠭᠤᠷᠢᠨ ᠭᠠᠵᠠᠷ ᠨᠢ ᠲᠤᠳᠤᠭᠠᠳᠤ ᠳᠠᠭᠠᠨ ᠰᠤᠪᠢᠯᠠᠯᠳᠠ ᠵᠠᠰᠠᠯ ᠤᠨ ᠲᠤᠭᠤᠷᠢᠭ ᠪᠤᠯᠤᠨ ᠵᠤᠭᠠᠴᠠᠬᠰᠠᠳ ᠢ ᠬᠦᠯᠢᠶᠡᠨ ᠠᠪᠬᠤ ᠲᠤᠭᠤᠷᠢᠭ ᠬᠤᠪᠢᠶᠠᠵᠤ᠂ ᠰᠤᠪᠢᠯᠠᠯᠳᠠ ᠵᠠᠰᠠᠯ ᠤᠨ ᠲᠦᠷᠦᠯ ᠳᠡᠭᠡᠨ ᠠᠯᠠᠱᠠ ᠨᠤᠳᠤᠭ ᠤᠨ ᠤᠨᠴᠠᠯᠢᠭ ᠲᠠᠢ ᠲᠠᠪᠤᠰᠤᠨ ᠵᠠᠰᠠᠯ᠂ ᠡᠯᠡᠰᠦᠨ ᠵᠠᠰᠠᠯ᠂ ᠢᠡᠭᠭᠡᠨ ᠰᠦ ᠰᠠᠭᠠᠯᠢ ᠶᠢᠨ ᠵᠠᠰᠠᠯ ᠢ ᠮᠤᠩᠭᠤᠯ ᠡᠮ ᠡᠮᠨᠡᠯᠭᠡ ᠶᠢᠨ ᠤᠯᠠᠮᠵᠢᠯᠠᠯᠳᠤ ᠲᠠᠪᠤᠨ ᠵᠠᠰᠠᠯ ᠤᠨ ᠠᠷᠭ᠎ᠠ ᠲᠠᠢ ᠤᠶᠠᠯᠳᠤᠭᠤᠯᠬᠤ ᠬᠡᠯᠪᠡᠷᠢ ᠪᠠᠷ ᠬᠡᠷᠡᠭᠯᠡᠭᠴᠢᠳ ᠲᠤ ᠡᠷᠡᠭᠦᠯ ᠮᠡᠨᠳᠦ ᠶᠢᠨ ᠡᠷᠡᠭᠦᠯᠵᠢᠯ ᠵᠠᠰᠠᠯ ᠤᠨ ᠦᠢᠯᠡᠴᠢᠯᠡᠭᠡ ᠬᠠᠨᠭ᠍ᠭᠠᠵᠤ᠂ ᠨᠢᠭᠡᠯᠡ ᠤᠳᠠᠭ᠎ᠠ ᠳᠤ 100 — 200 ᠬᠦᠮᠦᠨ ᠢ ᠬᠦᠯᠢᠶᠡᠨ ᠠᠪᠴᠣ ᠴᠢᠳᠠᠬᠤ ᠶᠢᠨ ᠬᠠᠮᠳᠤ ᠵᠢᠭᠤᠯᠴᠢᠯᠠᠯ ᠤᠨ ᠲᠦᠷᠦᠯ ᠳᠤ ᠪᠤᠶᠠᠨ ᠢ ᠦᠨᠳᠦᠰᠦᠯᠡᠭᠴᠢ ᠰᠦᠮ᠎ᠡ ᠶᠢᠨ  ᠵᠢᠭᠤᠯᠴᠢᠯᠠᠯ ᠤᠨ ᠤᠷᠤᠨ ᠤ ᠠᠯᠠᠱᠠ ᠠᠭᠤᠯᠠ ᠶᠢᠨ ᠪᠠᠶᠢᠭᠠᠯᠢ ᠶᠢᠨ ᠤᠢ ᠪᠠᠷ ᠰᠡᠯᠡᠭᠦᠴᠡᠬᠦ᠂ ᠰᠦᠮ᠎ᠡ ᠬᠡᠶᠢᠳ ᠢᠶᠠᠷ ᠲᠤᠭᠤᠷᠢᠨ ᠵᠤᠭᠠᠴᠠᠵᠤ ᠱᠠᠰᠢᠨ ᠤ ᠰᠤᠶᠤᠯ᠂ ᠤᠨᠴᠠᠯᠢᠬᠳᠤ ᠪᠠᠷᠢᠯᠭ᠎ᠠ ᠶᠢᠨ ᠰᠤᠶᠤᠯ ᠢ ᠦᠢᠯᠠᠭᠠᠵᠤ ᠰᠤᠨᠢᠷᠬᠠᠬᠤ᠂ ᠮᠤᠩᠭᠤᠯ ᠡᠮ ᠡᠮᠨᠡᠯᠭᠡ ᠶᠢᠨ ᠤᠯᠠᠮᠵᠢᠯᠠᠯᠳᠤ ᠰᠤᠪᠢᠯᠠᠯᠳᠠ ᠵᠠᠰᠠᠯ ᠤᠨ ᠪᠤᠳᠠᠰ ᠤᠨ ᠪᠤᠰᠤ ᠰᠤᠶᠤᠯ ᠤᠨ ᠦᠪ ᠢ ᠪᠡᠶᠡᠳᠡᠨ ᠦᠢᠯᠠᠭᠠᠵᠤ ᠪᠤᠯᠤᠨ᠎ᠠ᠃ ᠠᠯᠠᠱᠠ ᠠᠶᠢᠮᠠᠭ ᠤᠨ ᠴᠢᠨ ᠡᠸ᠋ᠨ ᠲᠡᠮᠡᠭᠡᠨ ᠰᠠᠭᠠᠯᠢ ᠪᠠᠷ ᠡᠷᠡᠭᠦᠯᠵᠢᠭᠦᠯᠬᠦ ᠰᠠᠭᠤᠷᠢᠨ ᠭᠠᠵᠠᠷ ᠤᠨ ᠶᠡᠷᠦᠩᠬᠡᠢ ᠲᠠᠭᠠᠭᠠᠮᠠᠯ ᠰᠦᠬᠡᠪᠠᠭᠠᠳᠤᠷ᠂ ᠠᠯᠠᠱᠠ ᠨᠤᠳᠤᠭ ᠤᠨ ᠡᠷᠳᠡᠨᠢ ᠪᠤᠯᠤᠬᠰᠠᠨ ᠲᠡᠮᠡᠭᠡᠨ ᠠᠶᠢᠷᠠᠭ ᠰᠦ᠂ ᠡᠯᠡᠰᠦ᠂ ᠲᠠᠪᠤᠰᠤ ᠵᠡᠷᠭᠡ ᠤᠨᠴᠠ ᠭᠠᠷᠤᠯᠳᠠ ᠶᠢᠨ ᠦᠪᠡᠷᠮᠢᠴᠡ ᠡᠷᠡᠭᠦᠯᠵᠢᠯ ᠤᠨ ᠦᠢᠯᠡᠳᠦᠯ ᠢ ᠮᠤᠩᠭᠤᠯ ᠡᠮᠨᠡᠯᠭᠡ ᠶᠢᠨ ᠤᠯᠠᠮᠵᠢᠯᠠᠯᠳᠤ ᠡᠮᠴᠢᠯᠡᠭᠡᠨ ᠤ ᠠᠷᠭ᠎ᠠ ᠲᠠᠢ ᠤᠶᠠᠯᠳᠤᠭᠤᠯᠤᠨ ᠬᠦᠮᠦᠰ ᠤᠨ ᠪᠡᠶ᠎ᠡ ᠮᠠᠬᠠᠪᠤᠳ ᠢᠶᠠᠨ ᠰᠣᠪᠢᠯᠠᠵᠤ ᠡᠷᠡᠭᠦᠯ ᠮᠡᠨᠳᠦ ᠪᠠᠨ ᠠᠩᠬᠠᠷᠤᠨ ᠬᠦᠨᠳᠦᠳᠭᠡᠬᠦ ᠳᠤ ᠤᠷᠴᠢᠨ ᠨᠦᠭᠦᠴᠡᠯ ᠪᠦᠷᠢᠯᠳᠦᠭᠦᠯᠵᠦ᠂ ᠰᠠᠭᠤᠷᠢᠨ ᠭᠠᠵᠠᠷ ᠤᠨ ᠡᠵᠡᠩᠨᠡᠯᠳᠡ ᠪᠠᠨ ᠰᠤᠶᠤᠯ ᠵᠢᠭᠤᠯᠴᠢᠯᠠᠯ ᠤᠨ ᠦᠢᠯᠡᠰ ᠲᠠᠢ ᠠᠭᠤᠰᠤᠯᠴᠠᠭᠤᠯᠤᠨ᠂ ᠠᠯᠠᠱᠠ ᠠᠶᠢᠮᠠᠭ᠂ ᠴᠢᠨᠠᠭᠰᠢᠯᠠᠭᠠᠳ ᠪᠦᠬᠦ ᠤᠷᠤᠨ᠂ ᠪᠦᠬᠦ ᠤᠯᠤᠰ ᠲᠤ ᠢᠡᠭᠭᠡᠨ ᠠᠶᠢᠷᠠᠭ ᠰᠦ᠂ ᠡᠯᠡᠰᠦ᠂ ᠲᠠᠪᠤᠰᠣᠨ ᠵᠠᠰᠠᠯ ᠤᠨ ᠬᠠᠮᠤᠬ ᠲᠤᠮᠤ ᠡᠷᠡᠭᠦᠯᠵᠢᠯ ᠤᠨ ᠰᠤᠪᠢᠯᠠᠵᠣ ᠵᠠᠰᠠᠬᠤ ᠰᠠᠭᠤᠷᠢᠨ ᠭᠠᠵᠠᠷ ᠢ ᠪᠠᠶᠢᠭᠤᠯᠵᠦ᠂ ᠠᠯᠠᠱᠠ ᠶᠢᠨ ᠤᠨᠴᠠᠯᠢᠭᠳᠤ ᠰᠤᠶᠤᠯ ᠵᠢᠭᠤᠯᠴᠢᠯᠠᠯ ᠤᠨ ᠬᠦᠭᠵᠢᠯᠳᠡ ᠶᠢ ᠠᠬᠢᠭᠤᠯᠵᠤ᠂ ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ ᠵᠤᠷᠢᠯᠭ᠎ᠠ ᠪᠠᠷ ᠴᠤ᠋ ᠰᠢᠨ᠎ᠡ ᠦᠢᠯᠡᠰ ᠢᠶᠠᠨ ᠡᠬᠢᠯᠡᠭᠦᠯᠵᠤ ᠪᠠᠶᠢᠨ᠎ᠠ ᠭᠡᠵᠤ ᠪᠠᠶᠢᠯ᠎ᠠ᠃      ᠲᠤᠰ ᠰᠠᠭᠤᠷᠢᠨ ᠭᠠᠵᠠᠷ ᠨᠢ ᠡᠷᠡᠭᠦᠯᠵᠢᠯ ᠤᠨ ᠰᠤᠪᠢᠯᠠᠯᠳᠠ ᠵᠠᠰᠠᠯ ᠳᠠᠭᠠᠨ ᠬᠡᠷᠡᠭᠰᠡᠬᠦ ᠲᠡᠮᠡᠭᠡᠨ ᠠᠶᠢᠷᠠᠭ ᠰᠦ ᠶᠢᠨ ᠢᠷᠡᠯᠳᠡ ᠪᠠᠨ ᠪᠠᠳᠤᠯᠠᠬᠤ ᠶᠢᠨ ᠲᠦᠯᠦᠭᠡ ᠪᠦᠬᠦ ᠠᠶᠢᠮᠠᠭ ᠤᠨ ᠡᠯ᠎ᠡ ᠭᠠᠵᠠᠷ ᠤᠨ ᠲᠡᠮᠡᠭᠡᠴᠢᠨ ᠡᠷᠦᠬᠡ ᠲᠠᠢ ᠬᠤᠷᠰᠢᠨ ᠠᠵᠢᠯᠯᠠᠬᠤ ᠬᠠᠷᠢᠴᠠᠭ᠎ᠠ ᠪᠠᠶᠢᠭᠤᠯᠵᠦ᠂ ᠤᠳᠤᠬᠠᠨ ᠳᠤ ᠬᠤᠷᠢᠭᠠᠳ ᠲᠡᠮᠡᠭᠡᠴᠢᠨ ᠡᠷᠦᠭᠡ ᠠᠴᠠ ᠡᠳᠦᠷ ᠪᠦᠷᠢ 1000 ᠵᠢᠩ ᠲᠡᠮᠡᠭᠡᠨ ᠰᠦ ᠬᠤᠷᠢᠶᠠᠨ ᠠᠪᠴᠤ᠂ ᠰᠦ ᠬᠠᠨᠭ᠍ᠭᠠᠬᠤ ᠲᠡᠮᠡᠭᠡᠨ ᠤ ᠲᠤᠭ᠎ᠠ 1000 ᠭᠠᠷᠤᠢ ᠲᠤᠯᠤᠭᠠᠢ ᠳᠤ ᠬᠦᠷᠴᠦ᠂ ᠬᠤᠶᠢᠰᠢᠳᠠ ᠶᠢᠨ ᠬᠦᠭᠵᠢᠯᠳᠡ ᠳᠡᠭᠡᠨ 5000 ᠲᠤᠯᠤᠭᠠᠢ ᠳᠤ ᠬᠦᠷᠭᠡᠬᠦ ᠪᠠᠷ ᠲᠦᠯᠦᠪᠯᠡᠵᠤ ᠪᠠᠶᠢᠨ᠎ᠠ᠃                                                              ︵ᠵᠣᠬᠢᠶᠠᠭᠴᠢ᠄ ᠰᠡᠴᠡᠨᠪᠠᠳᠤ︶
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号