ᠪᠠᠳᠡᠢ ᠶᠢᠨ ᠵᠢᠷᠡᠨ ᠪᠠᠯᠭᠠᠰᠤ᠄ ᠠᠮᠢ ᠠᠬᠤᠢ ᠨᠢ ᠰᠡᠷᠬᠦᠵᠦ ᠠᠷᠠᠳ ᠤᠯᠠᠨ ᠨᠢ ᠵᠤᠯ ᠵᠢᠷᠭᠠᠯ ᠲᠠᠢ
ᠨᠡᠶᠢᠲᠡᠯᠡᠭᠰᠡᠨ ᠴᠠᠭ᠄
2020/8/11
          ᠵᠢᠷᠤᠭ ᠪᠤᠯ᠂ ᠬᠤᠳᠠ ᠶᠢᠨ ᠲᠡᠬᠦᠷᠬᠡ ᠶᠢᠨ ᠠᠮᠢ ᠠᠬᠤᠢ ᠶᠢ ᠵᠠᠰᠠᠵᠦ ᠰᠡᠷᠬᠦᠬᠡᠭᠰᠡᠨ ᠤ ᠲᠠᠷᠠᠭᠠᠬᠢ ᠦᠡᠭᠬᠡ ᠦᠵᠡᠮᠵᠢ᠃  ︵ᠨᠠᠮᠢᠷᠡ ᠰᠡᠬᠦᠳᠡᠷᠯᠡᠪᠡ︶       ᠲᠡᠯᠬᠡᠷ ᠵᠤᠨ ᠤ ᠴᠠᠭ ᠢᠶᠠᠷ ᠠᠯᠠᠱᠠ ᠪᠠᠷᠠᠭᠤᠨ ᠬᠤᠰᠢᠭᠤᠨ ᠤ ᠪᠠᠳᠡᠢ ᠶᠢᠨ ᠵᠢᠷᠡᠨ ᠪᠠᠯᠭᠠᠰᠤᠨ ᠳᠤ ᠦᠡᠭᠬᠡ ᠶᠢᠨ ᠴᠡᠴᠡᠭ ᠮᠢᠷᠡᠯᠵᠠᠨ᠂ ᠬᠦᠬᠡ ᠤᠭᠳᠠᠷᠭᠤᠢ ᠴᠡᠯᠮᠡᠭᠰᠢᠵᠦ᠂ ᠨᠤᠳᠤᠭ ᠤᠨ ᠤᠨᠴᠠᠯᠢᠠᠠᠲᠦ ᠦᠡᠭᠬᠡ ᠦᠵᠡᠮᠵᠢ ᠬᠦᠮᠦᠰ ᠤᠨ ᠰᠡᠳᠬᠢᠯ ᠢ ᠡᠷᠬᠡ ᠦᠬᠡᠢ ᠲᠠᠳᠠᠨ᠎ᠠ᠃       ᠦᠷᠯᠦᠬᠡ ᠡᠷᠳᠠ  ᠪᠠᠷ᠂ ᠬᠡᠳᠦ ᠬᠡᠳᠦᠨ ᠬᠦᠮᠦᠰ ᠪᠠᠯᠭᠠᠰᠤᠨ  ᠤ ᠲᠤᠭᠤᠷᠢᠭ  ᠤᠨ ᠬᠤᠶᠢᠲᠦ ᠵᠠᠮ  ᠳᠠᠬᠢ ᠠᠮᠢ ᠠᠬᠤᠢ  ᠶᠢ ᠵᠠᠰᠠᠨ ᠴᠡᠭᠴᠡᠯᠡᠭᠰᠡᠨ ᠭᠠᠵᠡᠷ  ᠢᠶᠠᠷ ᠪᠡᠶ᠎ᠠ ᠮᠠᠬᠠᠪᠤᠳ  ᠢᠶᠠᠨ ᠪᠤᠯᠪᠠᠰᠤᠷᠠᠵᠦ᠂ ᠰᠢᠨ᠎ᠠ ᠠᠭᠤᠷ ᠠᠮᠢᠰᠬᠤᠯ  ᠳᠤ ᠰᠤᠭᠳᠤᠭᠤᠷᠠᠨ᠎ᠠ︔ ᠤᠷᠤᠢ ᠦᠳᠡᠰᠢ  ᠪᠠᠷ᠂ ᠬᠦᠮᠤᠰ ᠭᠡᠷ ᠭᠡᠷ  ᠢᠶᠠᠷ  ᠢᠶᠠᠨ ᠲᠤᠰ ᠬᠡᠰᠡᠭ ᠭᠠᠵᠡᠷ  ᠢᠶᠠᠷ ᠲᠤᠭᠤᠷᠢᠨ ᠵᠤᠭᠠᠯᠠᠵᠦ᠂ ᠴᠡᠪᠡᠷ ᠠᠷᠢᠭᠤᠨ ᠤᠷᠴᠢᠨ  ᠳᠤ ᠰᠠᠤᠡᠬᠢᠯ  ᠢᠶᠠᠨ ᠰᠠᠷᠬᠦᠭᠡᠵᠤ᠂ ᠤᠨᠴᠠ   ᠶᠢᠨ ᠵᠢᠷᠭᠠᠯ  ᠲᠠᠢ ᠬᠠᠷᠠᠭᠳᠠᠨ᠎ᠠ᠃       ︽ᠲᠤᠰ ᠬᠡᠰᠡᠭ ᠭᠠᠵᠡᠷ ᠤᠤᠯ ᠳᠠᠭᠠᠨ ᠬᠤᠭ ᠨᠤᠪᠰᠢ ᠪᠠᠷ ᠲᠦᠬᠦᠷᠴᠦ᠂ ᠬᠦᠮᠦᠨ ᠪᠤᠯᠭᠠᠨ ᠤ ᠤᠴᠢᠬᠤ ᠲᠤᠷ᠎ᠠ ᠦᠬᠡᠢ ᠭᠠᠵᠡᠷ ᠪᠠᠶᠢᠵᠠᠢ᠃ ᠤᠳᠤ ᠬᠠᠷᠢᠨ ᠴᠡᠴᠡᠭ ᠤᠷᠭᠤᠮᠠᠯ ᠤᠷᠭᠤᠵᠦ᠂ ᠪᠢᠳᠠᠨ ᠤ ᠲᠤᠭᠤᠷᠢᠵᠦ ᠵᠤᠭᠠᠯᠠᠬᠤ ᠲᠠᠷᠢᠬᠦᠨ ᠰᠤᠩᠭᠤᠯᠳᠠ ᠶᠢᠨ ᠭᠠᠵᠡᠷ ᠪᠤᠯᠤᠭᠰᠠᠨ︾ ᠬᠡᠮᠡᠨ ᠰᠠᠭᠤᠭᠠᠯᠢ ᠠᠷᠠᠳ ᠯᠢᠤ ᠫᠢᠡᠭ ᠪᠠᠳᠡᠢ ᠶᠢᠨ ᠵᠢᠷᠠᠨ ᠪᠠᠯᠭᠠᠰᠤᠨ ᠤ ᠡᠨᠡ ᠬᠡᠳᠦᠨ ᠵᠢᠯ ᠤᠨ ᠬᠦᠭᠵᠢᠯᠳᠠ ᠬᠤᠪᠢᠷᠠᠯᠳᠠ ᠶᠢ ᠡᠷᠬᠢᠴᠡᠬᠦᠯᠦᠨ ᠶᠡᠷᠢᠵᠦ ᠪᠢᠯᠠ᠃       ᠤᠷᠴᠢᠮ ᠤᠨ ᠵᠢᠯ ᠠᠴᠠ᠂ ᠠᠯᠠᠱᠠ ᠪᠠᠷᠠᠭᠤᠨ ᠬᠤᠰᠢᠭᠤ ︽300 ᠮᠧᠲᠷ ᠲᠤ ᠡᠪᠡᠰᠦ ᠤᠷᠭᠤᠮᠠᠯ ᠲᠠᠢ ᠪᠠᠶᠢᠬᠤ᠂ 500 ᠮᠧᠲᠷ ᠲᠤ ᠨᠤᠭᠤᠭᠠᠨ ᠵᠦᠯᠬᠡ ᠲᠠᠢ ᠪᠠᠶᠢᠬᠤ︾ ᠠᠮᠢ ᠠᠬᠤᠢ ᠶᠢᠨ ᠰᠢᠰᠲ᠋ᠧᠮ ᠢ ᠬᠦᠴᠦᠯᠠᠨ ᠪᠦᠷᠢᠯᠳᠦᠬᠦᠯᠵᠦ᠂ ᠤᠯᠠᠨ ᠨᠠᠶᠢᠳᠠ ᠶᠢᠨ ᠵᠦᠯᠬᠡ ᠭᠠᠵᠡᠷ ᠪᠤᠯᠤᠨ ᠬᠡᠷ ᠪᠦᠯᠢ ᠶᠢᠨ ᠵᠦᠯᠬᠡ ᠭᠠᠵᠡᠷ ᠢ ᠠᠮᠢᠳᠤᠯᠢᠭ ᠠᠭᠤᠰᠤᠭᠤᠯᠤᠨ᠂ ︽ᠬᠤᠳᠠ ᠶᠢᠨ ᠬᠤᠤᠰ ᠵᠠᠰᠠᠯᠳᠠ︾ ᠶᠢᠨ ᠠᠵᠢᠯ ᠲᠠᠢ ᠤᠶᠠᠯᠳᠤᠭᠤᠯᠵᠦ᠂ ᠤᠷᠬᠢᠨ᠋ᠠᠳᠠᠵᠦ ᠬᠠᠶᠠᠭᠳᠠᠭᠰᠠᠨ ᠭᠠᠵᠡᠷ ᠪᠤᠯᠤᠨ ᠬᠠᠮᠢᠶᠠᠷᠤᠯᠳᠠ ᠪᠦᠲᠦᠬᠡᠨ ᠪᠠᠶᠢᠭᠤᠯᠤᠯᠳᠠ ᠪᠠᠷ ᠬᠦᠷᠦᠯᠴᠡᠬᠦ ᠦᠬᠡᠢ ᠭᠠᠵᠡᠷ ᠢ ᠴᠡᠴᠡᠷᠯᠢᠭ ᠪᠤᠯᠭᠠᠨ ᠪᠦᠲᠦᠬᠡᠨ ᠪᠠᠶᠢᠭᠤᠯᠵᠦ᠂ ᠠᠮᠢ ᠠᠬᠤᠢ ᠶᠢ ᠰᠡᠷᠬᠦᠬᠡᠬᠦ ᠢᠨᠵᠧᠨᠧᠷᠢᠩ ᠢ ᠬᠦᠨᠵᠡᠬᠡᠢ ᠬᠡᠷᠡᠭᠵᠢᠬᠦᠯᠵᠠᠢ᠃ ᠲᠤᠰ ᠢᠨᠵᠧᠨᠧᠷᠢᠩ ᠳᠤ ᠨᠠᠶᠢᠳᠠ 2.2 ᠳ᠋ᠦᠡᠭᠰᠢᠭᠤᠷ ᠲᠦᠬᠦᠷᠢᠭ ᠤᠨ ᠪᠡᠯᠡ ᠤᠷᠤᠭᠤᠯᠵᠦ᠂ 177 ᠲᠦᠮᠡᠨ ᠲᠡᠭᠰᠢ ᠲᠦᠷᠪᠡᠯᠵᠢᠨ ᠮᠧᠲᠷ ᠭᠠᠵᠡᠷ ᠢ ᠡᠵᠡᠯᠡᠨ᠂ ᠪᠠᠯᠭᠠᠰᠤᠨ ᠤ ᠲᠤᠭᠤᠷᠢᠭ ᠤᠨ ᠡᠮᠦᠨ᠎ᠠ ᠲᠠᠯ᠎ᠠ ᠳᠠᠬᠢ 148 ᠲᠦᠮᠡᠨ ᠲᠡᠭᠰᠢ ᠲᠦᠷᠪᠡᠯᠵᠢᠨ ᠮᠧᠲᠷ ᠭᠠᠵᠡᠷ᠂ 6.8 ᠺᠢᠯᠦᠮᠧᠲᠷ ᠤᠰᠤᠨ ᠰᠢᠰᠲ᠋ᠧᠮ ᠪᠤᠯᠤᠨ ᠬᠤᠶᠢᠲᠦ ᠲᠠᠯ᠎ᠠ ᠳᠠᠬᠢ 56 ᠲᠦᠮᠡᠨ ᠲᠡᠭᠰᠢ ᠲᠦᠷᠪᠡᠯᠵᠢᠨ ᠮᠧᠲᠷ ᠭᠠᠵᠡᠷ᠂ 6276 ᠮᠧᠲᠷ ᠬᠠᠯᠬᠠᠪᠴᠢ ᠤᠢ ᠶᠢᠨ ᠪᠦᠰᠠ᠂ 4 ᠺᠢᠯᠦᠮᠧᠲᠷ ᠤᠰᠤᠨ ᠰᠢᠰᠲ᠋ᠧᠮ ᠢ ᠦᠬᠡᠷᠡᠴᠢᠯᠠᠨ ᠵᠠᠰᠠᠵᠦ᠂ 90.22 ᠲᠦᠮᠡᠨ ᠲᠡᠭᠰᠢ ᠲᠦᠷᠪᠡᠯᠵᠢᠨ ᠮᠧᠲᠷ ᠭᠠᠵᠡᠷ ᠢ ᠨᠤᠭᠤᠭᠠᠷᠠᠭᠤᠯᠬᠤ ᠶᠢᠨ ᠬᠠᠮᠲᠦ᠂ ᠲᠤᠭᠤᠢ ᠲᠡᠷᠬᠡᠨ ᠤ ᠵᠠᠮ᠂ ᠶᠠᠪᠠᠭᠠᠨ ᠬᠦᠮᠦᠨ ᠤ ᠵᠠᠮ᠂ ᠲᠡᠷᠬᠡᠨ ᠵᠤᠭᠰᠤᠭᠠᠯ᠂ ᠬᠡᠷᠡᠯᠳᠦᠬᠦᠯᠬᠡ ᠵᠡᠷᠬᠡ ᠲᠤᠨᠤᠭ ᠲᠦᠬᠦᠬᠡᠷᠦᠮᠵᠢ ᠶᠢ ᠨᠢᠬᠡ ᠴᠤᠭᠴᠠᠵᠢᠭᠤᠯᠤᠨ ᠪᠦᠲᠦᠬᠡᠨ ᠪᠠᠶᠢᠭᠤᠯᠤᠭᠰᠠᠨ ᠪᠠᠶᠢᠨ᠎ᠠ᠃       ᠢᠨᠵᠧᠨᠧᠷᠢᠩ ᠤᠨ ᠠᠰᠢᠭᠯᠠᠯᠳᠠ ᠳᠤ ᠤᠷᠤᠭᠰᠠᠨ ᠨᠢ ᠪᠠᠳᠡᠢ ᠶᠢᠨ ᠵᠢᠷᠡᠨ ᠪᠠᠯᠭᠠᠰᠤᠨ ᠤ ᠦᠡᠭᠬᠡ ᠦᠵᠡᠮᠵᠢ ᠶᠢ ᠦᠨᠳᠦᠰᠦᠨ ᠠᠴᠠ ᠨᠢ ᠬᠤᠪᠢᠷᠠᠭᠤᠯᠵᠦ᠂ ᠤᠤᠯ ᠤᠨ ᠲᠡᠷᠡᠬᠦ ᠬᠤᠭ ᠨᠤᠪᠰᠢ ᠪᠠᠷ ᠲᠦᠬᠦᠷᠦᠭᠰᠡᠨ ᠭᠠᠵᠡᠷ ᠤᠳᠤ ᠨᠢᠬᠡᠨᠳᠠ ᠬᠦᠮᠦᠰ ᠤᠨ ᠲᠤᠭᠤᠷᠢᠵᠦ ᠵᠤᠭᠠᠯᠠᠬᠤ ᠭᠠᠵᠡᠷ ᠤᠨ ᠨᠢᠬᠡ ᠪᠤᠯᠵᠠᠢ᠃ ᠲᠤᠰ ᠬᠤᠰᠢᠭᠤᠨ ᠤ ᠤᠷᠤᠨ ᠰᠠᠭᠤᠴᠠ ᠬᠢᠬᠡᠳ ᠬᠤᠳᠠ ᠬᠦᠳᠡᠭᠡ ᠶᠢᠨ ᠪᠦᠲᠦᠬᠡᠨ ᠪᠠᠶᠢᠭᠤᠯᠤᠯᠳᠠ ᠶᠢᠨ ᠲᠤᠪᠴᠢᠶᠠᠨ ᠤ ᠲᠡᠳ᠋ ᠲᠠᠷᠤᠭ᠎ᠠ ᠫᠠᠨ ᠳ᠋ᠦᠸᠧ ᠴᠢᠤᠸᠠᠨ᠂ ᠡᠨᠡ ᠵᠢᠯ ᠪᠢᠳᠠ ᠬᠤᠳᠠ ᠶᠢᠨ ᠨᠤᠭᠤᠭᠠᠷᠠᠭᠤᠯᠤᠯᠳᠠ ᠶᠢᠨ ᠨᠤᠷᠮ᠎ᠠ ᠶᠢ 38% ᠳᠤ ᠬᠦᠷᠬᠡᠵᠦ᠂ ᠵᠦᠯᠭᠡ ᠭᠠᠵᠡᠷ ᠤᠨ ᠨᠤᠷᠮ᠎ᠠ ᠶᠢ 35% ᠳᠤ ᠬᠦᠷᠬᠡᠨ᠂ ᠬᠦᠮᠦᠨ ᠪᠦᠷᠢ ᠶᠢᠨ ᠲᠡᠭᠰᠢᠳᠬᠡᠭᠰᠡᠨ ᠴᠡᠴᠡᠷᠯᠢᠭ ᠵᠦᠯᠬᠡ ᠭᠠᠵᠡᠷ ᠤᠨ ᠲᠠᠯᠠᠪᠠᠢ ᠶᠢ 33 ᠲᠡᠭᠰᠢ ᠲᠦᠷᠪᠡᠯᠵᠢᠨ ᠮᠧᠲᠷ ᠲᠤ ᠬᠦᠷᠬᠡᠬᠦ ᠪᠠᠷ ᠪᠤᠢ᠃ ᠡᠬᠦᠨ ᠤ ᠬᠠᠮᠳᠣ᠂ ᠡᠨᠡ ᠵᠢᠯ ᠨᠠᠶᠢᠳᠠ 80 ᠲᠦᠮᠡ ᠭᠠᠷᠤᠢ ᠲᠡᠭᠰᠢ ᠲᠦᠷᠪᠡᠯᠵᠢᠨ ᠮᠧᠲᠷ ᠭᠠᠵᠡᠷ ᠤᠨ ᠡᠪᠡᠰᠦ ᠤᠷᠭᠤᠮᠠᠯ ᠢ ᠠᠷᠠᠴᠢᠯᠠᠨ ᠲᠤᠳᠤᠮᠳᠠᠵᠦ᠂ ᠠᠯᠠᠱᠠ ᠪᠠᠷᠠᠭᠤᠨ ᠬᠤᠰᠢᠭᠤᠨ ᠤ ᠠᠮᠢ ᠠᠬᠤᠢ ᠶᠢᠨ ᠰᠡᠷᠬᠦᠯᠳᠠ ᠪᠦᠲᠦᠬᠡᠨ ᠪᠠᠶᠢᠭᠤᠯᠤᠯᠳᠠ ᠶᠢᠨ ᠬᠠᠷᠠᠯᠳᠠ ᠶᠢ ᠪᠡᠶᠡᠯᠡᠬᠦᠯᠬᠦ ᠪᠠᠷ ᠪᠤᠢ ᠬᠡᠵᠦ ᠪᠠᠶᠢᠯ᠎ᠠ᠃       ᠠᠯᠠᠱᠠ ᠪᠠᠷᠠᠭᠤᠨ ᠬᠤᠰᠢᠭᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠠᠰᠤᠷᠠᠯᠳᠠ ᠦᠬᠡᠢ ᠠᠬᠢᠭᠤᠯᠤᠨ᠂ ᠠᠭᠤᠯᠠ ᠤᠰᠤ ᠤᠢ ᠰᠢᠭᠤᠢ ᠡᠪᠡᠰᠦ ᠤᠷᠭᠤᠮᠠᠯ ᠢ ᠨᠢᠬᠡᠳᠦᠯᠳᠡᠢ ᠵᠠᠰᠠᠨ ᠴᠡᠭᠴᠡᠯᠡᠵᠦ᠂ ᠡᠯᠡᠰᠦᠷᠬᠡᠭᠵᠢᠯ ᠢ ᠰᠡᠷᠬᠡᠶᠢᠯᠡᠬᠦ ᠤᠷᠭᠤᠮᠠᠯ ᠲᠠᠷᠢᠬᠤ᠂ ᠤᠢᠢᠵᠢᠭᠤᠯᠵᠦ ᠨᠤᠭᠤᠭᠠᠷᠠᠭᠤᠯᠬᠤ᠂ ᠬᠤᠳᠠ ᠪᠠᠯᠭᠠᠰᠤ ᠪᠠᠨ ᠨᠤᠭᠤᠭᠠᠷᠠᠭᠤᠯᠬᠤ ᠵᠡᠷᠬᠡ ᠠᠵᠢᠯ ᠢ ᠬᠦᠨᠵᠡᠬᠡᠢ ᠦᠷᠨᠢᠬᠦᠯᠦᠭᠰᠡᠨ ᠠᠴᠠ ᠠᠮᠢ ᠠᠬᠤᠢ ᠨᠢ ᠰᠡᠷᠬᠦᠭᠰᠡᠨ᠂ ᠠᠷᠠᠳ ᠤᠯᠠᠨ ᠨᠢ ᠵᠤᠯ ᠵᠢᠷᠭᠠᠯ ᠲᠠᠢ ᠪᠠᠶᠢᠵᠦ᠂ ᠠᠵᠦ ᠠᠬᠤᠢ ᠪᠤᠯᠤᠨ ᠨᠠᠶᠢᠬᠡᠮ ᠤᠨ ᠬᠤᠤᠰ ᠦᠷ᠎ᠠ ᠠᠰᠢᠭ ᠢ ᠡᠬᠦᠳᠦᠭᠰᠡᠨ ᠪᠠᠶᠢᠨ᠎ᠠ᠃                                            ︵ᠵᠣᠬᠢᠶᠠᠭᠴᠢ᠄ ᠨᠠᠮᠢᠷᠡ    ᠵᠤᠤ ᠰᠢᠶᠤᠤ ᠳ᠋ᠠᠨ︶
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号