ᠪᠦᠬᠦ ᠠᠶᠢᠮᠠᠭ ᠤᠨ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠠᠭᠤᠷᠢ ᠲᠦᠬᠦᠭᠡᠷᠤᠮᠵᠢ ᠶᠢ ᠬᠠᠮᠲᠤ ᠪᠠᠷ ᠪᠠᠶᠢᠭᠤᠯᠵᠦ ᠬᠠᠮᠲᠤ ᠳᠠᠭᠠᠨ ᠡᠳ᠋ᠯᠠᠬᠦ ᠶᠢ ᠤᠯᠠᠮ ᠨᠢᠭᠡ ᠠᠯᠬᠤᠮ ᠠᠬᠢᠭᠤᠯᠵᠦ 5G ᠰᠦᠯᠵᠢᠶᠠᠨ ᠤ ᠪᠠᠶᠢᠭᠤᠯᠤᠯᠳᠠ ᠶᠢ ᠲᠦᠷᠭᠡᠳᠭᠡᠨ ᠠᠬᠢᠭᠤᠯᠬᠤ ᠳᠣᠬᠠᠢ ᠬᠡᠷᠡᠭᠵᠢᠬᠦᠯᠬᠦ ᠰᠠᠨᠠᠯ
ᠨᠡᠶᠢᠲᠡᠯᠡᠭᠰᠡᠨ ᠴᠠᠭ᠄
2020/8/13
      ᠮᠠᠨ ᠤ ᠠᠶᠢᠮᠠᠭ ᠤᠨ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠠᠭᠤᠷᠢ ᠲᠦᠬᠦᠭᠡᠷᠤᠮᠵᠢ ᠶᠢ ᠬᠠᠮᠲᠤ ᠪᠠᠷ ᠪᠠᠶᠢᠭᠤᠯᠵᠦ ᠬᠠᠮᠲᠤ ᠳᠠᠭᠠᠨ ᠡᠳ᠋ᠯᠠᠬᠦ ᠶᠢ ᠤᠯᠠᠮ ᠨᠢᠭᠡ ᠠᠯᠬᠤᠮ ᠠᠬᠢᠭᠤᠯᠵᠦ᠂ 5G ᠰᠦᠯᠵᠢᠶᠠᠨ ᠤ ᠪᠠᠶᠢᠭᠤᠯᠤᠯᠳᠠ  ᠶᠢ ᠲᠦᠷᠭᠡᠳᠭᠡᠨ ᠠᠬᠢᠭᠤᠯᠵᠦ᠂ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠦᠯᠵᠢᠶᠠᠨ ᠤ ᠲᠤᠯᠭᠠᠭᠤᠷᠢᠯᠠᠯ ᠪᠠ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠵᠦ᠂ ᠠᠵᠤ ᠠᠬᠤᠢ ᠨᠠᠶᠢᠭᠡᠮ ᠤᠨ ᠬᠦᠭᠵᠢᠯᠳᠡ ᠶᠢᠨ ᠮᠡᠳᠡᠭᠡ ᠵᠠᠩᠬᠢᠴᠢᠯᠠᠯᠳᠠ᠂ ᠲᠤᠭᠠᠴᠢᠯᠠᠭᠰᠠᠨ ᠬᠢᠷᠢ ᠲᠦᠪᠰᠢᠨ ᠢ ᠲᠡᠭᠡᠭᠰᠢᠯᠡᠬᠦᠯᠬᠦ ᠶᠢᠨ ᠲᠤᠰᠠᠳᠠ᠂ ᠦᠪᠠᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠲᠤᠨ ᠤ ︽5G ᠰᠦᠯᠵᠢᠶᠠᠨ ᠤ ᠪᠠᠶᠢᠭᠤᠯᠤᠯᠳᠠ ᠶᠢᠨ ᠠᠯᠢ ᠤᠯᠠᠨ ᠲᠦᠷᠦ  ᠶᠢᠨ ᠪᠤᠲᠤᠯᠭ᠎ᠠ ᠶᠢ ᠲᠦᠷᠭᠡᠳᠭᠡᠨ ᠠᠬᠢᠭᠤᠯᠬᠤ ᠲᠤᠬᠠᠢ ᠮᠠᠳᠡᠭᠳᠡᠯ︾ ︵ᠦᠪᠤᠷ ᠵᠠᠰᠠᠭ ᠲᠠᠷᠬᠠᠭᠠᠭᠰᠠᠨ ﹇2020﹈ 4 ᠳ᠋ᠤᠭᠡᠷ ᠲᠤᠭᠠᠲᠤ︶᠂ ᠦᠪᠠᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠲᠢᠩᠬᠢᠮ  ᠤᠨ ︽ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠳᠠ ᠶᠢ ᠲᠦᠷᠭᠡᠳᠭᠡᠬᠦ ᠲᠤᠬᠠᠢ ᠰᠠᠨᠠᠯ︾ ︵ᠦᠪᠤᠷ ᠵᠠᠰᠠᠭ ᠠᠯᠪᠠᠨ ᠲᠠᠷᠬᠠᠭᠠᠭᠰᠠᠨ ﹇2018﹈ 42 ᠳ᠋ᠤᠭᠠᠷ ᠲᠤᠭᠠᠲᠤ︶  ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ᠂ ᠪᠤᠳᠠᠲᠠᠢ ᠲᠠᠢ ᠪᠠᠨ ᠤᠶᠠᠯᠲᠤᠭᠤᠯᠵᠦ᠂ ᠲᠤᠤᠷᠠᠬᠢ ᠭᠡᠷᠡᠭᠵᠢᠬᠦᠯᠬᠦ ᠰᠠᠨᠠᠯ  ᠢ ᠲᠤᠭᠳᠠᠭᠠᠪᠠ᠃       ᠨᠢᠭᠡ᠂ ᠶᠠᠷᠤᠩᠭᠡᠢ ᠱᠠᠭᠠᠷᠳᠠᠯᠭ᠎ᠠ       ︵ᠨᠢᠭᠡ︶ ᠵᠢᠯᠤᠭᠤᠳᠬᠤ ᠦᠵᠠᠯ ᠰᠠᠨᠠᠭ᠎ᠠ       ᠰᠢ ᠶᠢᠨ ᠫᠢᠩ ᠤᠨ ᠰᠦᠯᠵᠢᠶᠠᠨ ᠤ ᠬᠦᠴᠦᠷᠭᠡᠭ ᠤᠯᠤᠰ ᠪᠤᠯᠬᠤ ᠪᠠᠶᠢᠯᠲᠤᠬᠤ ᠪᠤᠲᠤᠯᠭ᠎ᠠ ᠶᠢᠨ ᠦᠵᠠᠯ ᠰᠠᠨᠠᠭ᠎ᠠ ᠪᠠᠷ ᠵᠢᠯᠤᠭᠤᠲᠤᠯᠭ᠎ᠠ ᠪᠤᠯᠭᠠᠬᠤ ᠶᠢ ᠪᠠᠷᠢᠮᠳᠠᠯᠠᠵᠦ᠂ ᠤᠯᠤᠰ᠂ ᠦᠪᠠᠷᠳᠡᠭᠡᠨ ᠵᠠᠰᠠᠬᠤ ᠤᠷᠤᠨ ᠤ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠠᠪᠬᠤ ᠰᠦᠯᠵᠢᠶᠠᠨ ᠤ ᠪᠠᠶᠢᠭᠤᠯᠤᠯᠳᠠ ᠶᠢᠨ ᠰᠢᠢᠳᠪᠤᠷᠢᠲᠤ ᠪᠤᠲᠤᠯᠭ᠎ᠠ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠵᠦ᠂ 5G ᠪᠠᠷ ᠬᠦᠲᠤᠯᠤᠨ ᠵᠢᠯᠤᠭᠤᠲᠤᠭᠤᠯᠤᠭᠰᠠᠨ ᠰᠢᠨ᠎ᠠ ᠨᠢᠭᠡ ᠦᠶ᠎ᠠ  ᠶᠢᠨ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠳᠠ ᠶᠢ ᠨᠢᠭᠡᠲᠤᠯᠲᠡᠢ ᠲᠦᠯᠦᠪᠯᠡᠨ ᠠᠬᠢᠭᠤᠯᠵᠦ᠂ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠠᠭᠤᠷᠢ ᠲᠦᠬᠦᠭᠡᠷᠤᠮᠵᠢ ᠶᠢᠨ ᠦᠷ᠎ᠠ ᠠᠰᠢᠭ ᠪᠠ ᠬᠠᠮᠲᠤ ᠪᠠᠷ ᠪᠠᠶᠢᠭᠤᠯᠵᠦ ᠬᠠᠮᠲᠤ ᠳᠠᠭᠠᠨ ᠡᠳ᠋ᠯᠠᠬᠦ ᠬᠢᠷᠢ ᠲᠦᠪᠰᠢᠨ ᠢ ᠲᠡᠭᠡᠭᠰᠢᠯᠡᠬᠦᠯᠵᠦ᠂ ︽ᠤᠶᠤᠨᠴᠢ ᠠᠯᠠᠱᠨ︾ ᠶᠢᠨ ᠪᠦᠲᠤᠭᠡᠨ ᠪᠠᠶᠢᠭᠤᠯᠤᠯᠳᠠ ᠶᠢ ᠠᠬᠢᠭᠤᠯᠵᠦ᠂ ᠮᠠᠨ ᠤ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠶᠢ ᠬᠠᠪᠰᠤᠷᠤᠨ ᠠᠬᠢᠭᠤᠯᠤᠨ᠎ᠠ᠃       ︵ᠬᠤᠶᠠᠷ︶ ᠦᠨᠲᠤᠰᠤᠨ ᠵᠠᠷᠴᠢᠮ       ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠬᠦ᠂ ᠵᠦᠢ ᠵᠤᠬᠢᠰᠲᠡᠢ ᠪᠠᠶᠢᠷᠢᠯᠠᠭᠤᠯᠬᠤ ᠶᠢ ᠪᠠᠷᠢᠮᠳᠠᠯᠠᠨ᠎ᠠ᠃ ᠨᠢᠭᠡᠲᠤᠯᠲᠡᠢ ᠲᠦᠯᠦᠪᠯᠡᠨ ᠵᠤᠬᠢᠴᠠᠭᠤᠯᠬᠤ ᠪᠠ ᠲᠦᠯᠦᠪᠵᠢᠬᠦᠯᠦᠨ ᠪᠠᠶᠢᠷᠢᠯᠠᠭᠤᠯᠬᠤ ᠶᠢ ᠴᠢᠩᠭᠠᠳᠬᠠᠵᠦ᠂ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠠᠭᠤᠷᠢ ᠲᠦᠬᠦᠭᠡᠷᠤᠮᠵᠢ ᠶᠢᠨ ᠲᠦᠯᠦᠪᠵᠢᠬᠦᠯᠭᠡ ᠶᠢ ᠵᠤᠬᠢᠬᠤ ᠭᠡᠮᠵᠢᠶ᠎ᠠ ᠪᠠᠷ ᠤᠷᠢᠳᠴᠢᠯᠠᠨ ᠲᠤᠭᠳᠠᠭᠠᠵᠦ᠂ ᠬᠤᠳᠠ ᠶᠢᠨ ᠲᠤᠨᠤᠭ ᠲᠦᠬᠦᠭᠡᠷᠤᠮᠵᠢ ᠶᠢ ᠭᠤᠶᠤ ᠦᠵᠡᠰᠬᠦᠯᠡᠩ ᠠᠮᠤᠷ ᠲᠦᠪᠰᠢᠨ ᠪᠠᠶᠢᠯᠭᠠᠬᠤ ᠶᠢ ᠪᠠᠲᠤᠯᠠᠭᠰᠠᠨ ᠤᠷᠢᠳᠠᠯ ᠲᠤᠤᠷ᠎ᠠ᠂ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠠᠭᠤᠷᠢ ᠲᠦᠬᠦᠭᠡᠷᠤᠮᠵᠢ ᠶᠢ ᠪᠠᠶᠢᠭᠤᠯᠬᠤ᠂ ᠵᠠᠰᠠᠨ ᠦᠭᠡᠷᠡᠴᠢᠯᠡᠬᠦ ᠪᠠ 5G ᠶᠢᠨ ᠰᠠᠭᠤᠷᠢ ᠦᠷᠳᠡᠭᠡ ᠶᠢᠨ ᠪᠠᠶᠢᠷᠢ ᠶᠢᠨ ᠡᠬᠢ ᠪᠠᠶᠠᠯᠢᠭ ᠤᠨ ᠨᠦᠭᠡᠴᠡᠯᠡᠯᠳᠡ ᠬᠠᠩᠭᠠᠯᠭ᠎ᠠ ᠶᠢ ᠴᠢᠩᠭᠠᠳᠬᠠᠨ᠎ᠠ᠃       ᠬᠠᠮᠲᠤ ᠪᠠᠷ ᠪᠠᠶᠢᠭᠤᠯᠵᠦ ᠬᠠᠮᠲᠤ ᠳᠠᠭᠠᠨ ᠡᠳ᠋ᠯᠡᠬᠦ᠂ ᠡᠷᠴᠢᠮᠵᠢᠬᠦᠯᠤᠨ ᠪᠠᠶᠢᠭᠤᠯᠬᠤ ᠶᠢ ᠪᠠᠷᠢᠮᠳᠠᠯᠠᠨ᠎ᠠ᠃ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠠᠭᠤᠷᠢ ᠲᠦᠬᠦᠭᠡᠷᠤᠮᠵᠢ ᠶᠢ ᠬᠠᠮᠲᠤ ᠪᠠᠷ ᠪᠠᠶᠢᠭᠤᠯᠵᠦ ᠬᠠᠮᠲᠤ ᠳᠠᠭᠠᠨ ᠡᠳ᠋ᠯᠠᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠲᠦᠷᠦ ᠶᠢᠨ ᠪᠤᠲᠤᠯᠭ᠎ᠠ ᠪᠠᠷ ᠬᠦᠲᠤᠯᠤᠨ ᠵᠢᠯᠣᠭᠤᠳᠬᠤ ᠪᠠ ᠵᠤᠷᠢᠵᠢᠭᠤᠯᠬᠤ ᠶᠢ ᠴᠢᠩᠭᠠᠳᠬᠠᠨ᠂ ᠨᠠᠶᠢᠭᠡᠮ ᠤᠨ ᠤᠯᠠᠨ ᠨᠠᠶᠢᠳᠠ ᠶᠢᠨ ᠡᠬᠢ ᠪᠠᠶᠠᠯᠢᠭ ᠢ ᠲᠤᠭᠳᠠᠭᠠᠯ ᠶᠤᠰᠤᠭᠠᠷ ᠴᠢᠯᠦᠭᠡᠲᠡᠢ ᠨᠡᠭᠡᠭᠡᠵᠦ ᠬᠠᠮᠲᠤ ᠳᠠᠭᠠᠨ ᠡᠳ᠋ᠯᠠᠬᠦ ᠶᠢ ᠠᠬᠢᠭᠤᠯᠵᠦ᠂ ᠲᠤᠭᠳᠠᠮᠠᠯ ᠬᠢᠭᠡᠳ ᠰᠢᠯᠵᠢᠮᠠᠯ ᠰᠦᠯᠵᠢᠶ᠎ᠠ᠂ ᠴᠢᠮᠡᠭᠡ ᠨᠡᠪᠳᠡᠷᠡᠯᠭᠡ ᠶᠢᠨ ᠲᠤᠨᠤᠭ ᠲᠦᠬᠦᠭᠡᠷᠤᠮᠵᠢ ᠬᠢᠭᠡᠳ ᠬᠤᠳᠠ ᠶᠢᠨ ᠶᠠᠪᠤᠳᠠᠯ ᠤᠨ ᠲᠤᠨᠤᠭ ᠲᠦᠬᠦᠭᠡᠷᠤᠮᠵᠢ ᠶᠢ ᠠᠭᠤᠰᠤᠯᠴᠠᠭᠤᠯᠬᠤ ᠪᠠᠶᠢᠷᠢᠯᠠᠭᠤᠯᠤᠯᠳᠠ ᠶᠢ ᠠᠬᠢᠭᠤᠯᠵᠦ᠂ ᠴᠠᠬᠢᠯᠭᠠᠨ ᠬᠦᠴᠦᠨ ᠪᠠ ᠴᠢᠮᠡᠭᠡ ᠨᠡᠪᠳᠡᠷᠡᠯᠭᠡ ᠶᠢᠨ ᠬᠠᠮᠢᠶᠠᠷᠤᠯᠳᠠ ᠶᠢᠨ ᠱᠤᠭᠤᠮ ᠤᠨ ᠢᠵᠢ ᠪᠦᠷᠢᠲᠤᠬᠦ ᠶᠢ ᠴᠢᠩᠭᠠᠳᠬᠠᠵᠦ᠂ ᠰᠦᠯᠵᠢᠶᠠᠨ ᠤ ᠡᠬᠢ ᠪᠠᠶᠠᠯᠢᠭ ᠢ ᠠᠰᠢᠭᠯᠠᠬᠤ ᠦᠷ᠎ᠠ ᠠᠰᠢᠭ ᠢ ᠲᠡᠭᠡᠭᠰᠢᠯᠡᠬᠦᠯᠦᠨ᠎ᠠ᠃       ᠭᠡᠷᠡᠭᠴᠡᠭᠡ ᠱᠠᠭᠠᠷᠳᠠᠯᠭ᠎ᠠ ᠪᠠᠷ ᠬᠦᠲᠤᠯᠬᠦ᠂ ᠠᠮᠤᠷ ᠲᠦᠪᠰᠢᠨ ᠡᠮᠬᠢ ᠲᠢᠭᠯᠢᠮ ᠲᠠᠢ ᠪᠠᠶᠢᠬᠤ ᠶᠢ ᠪᠠᠷᠢᠮᠳᠠᠯᠠᠨ᠎ᠠ᠃ ᠵᠠᠰᠠᠭ ᠤᠨ ᠤᠷᠲᠤᠨ ᠬᠦᠲᠤᠯᠤᠨ ᠵᠢᠯᠤᠭᠤᠳᠬᠤ᠂ ᠵᠠᠬ᠎ᠠ ᠲᠡᠯᠭᠡᠬᠦᠷ ᠭᠤᠤᠯᠴᠢᠯᠠᠨ  ᠬᠦᠲᠤᠯᠬᠦ ᠪᠠ ᠠᠵᠤ ᠠᠬᠤᠶᠢᠯᠠᠯ ᠤᠨ ᠭᠤᠤᠯ ᠴᠤᠭᠴᠠ ᠶᠢᠨ ᠦᠢᠯᠡᠲᠤᠯ ᠢ ᠪᠠᠳᠠᠷᠠᠭᠤᠯᠵᠦ᠂ ᠠᠵᠤ ᠠᠬᠤᠢ ᠨᠡᠶᠢᠭᠡᠮ ᠤᠨ ᠦᠷᠬᠦᠯᠵᠢᠯᠠᠨ ᠬᠦᠭᠵᠢᠬᠦ ᠭᠡᠷᠡᠭᠴᠡᠭᠡ ᠪᠠ 5G ᠶᠢᠨ ᠭᠡᠷᠡᠭᠯᠡᠭᠡᠨ ᠤ ᠭᠡᠷᠡᠭᠴᠡᠭᠡ ᠱᠠᠭᠠᠷᠳᠠᠯᠭ᠎ᠠ ᠶᠢ  ᠠᠩᠬᠠᠷᠴᠦ ᠡᠵᠡᠩᠨ᠋ᠨᠨ ᠠᠷᠠᠯᠵᠢᠶᠠᠯᠠᠬᠤ ᠤᠷᠴᠢᠨ ᠲᠤᠭᠤᠷᠢᠨ ᠢ ᠰᠢᠯᠢᠳᠡᠭᠵᠢᠬᠦᠯᠵᠦ᠂ ᠬᠠᠩᠭᠠᠯᠭ᠎ᠠ ᠭᠡᠷᠡᠭᠴᠡᠭᠡ ᠶᠢᠨ ᠠᠵᠢᠯ ᠲᠦᠷᠦᠯ ᠤᠨ ᠵᠠᠯᠭᠠᠯᠳᠠ ᠶᠢ ᠴᠢᠩᠭᠠᠳᠬᠠᠵᠦ᠂ ᠠᠮᠤᠷ ᠲᠦᠪᠰᠢᠨ ᠡᠵᠡᠮᠳᠡᠵᠦ ᠪᠤᠯᠬᠤ᠂ ᠠᠯᠬᠤᠮ ᠬᠤᠪᠢᠶᠠᠨ ᠡᠮᠬᠢ ᠵᠢᠷᠤᠮ ᠲᠠᠢ ᠪᠠᠶᠢᠬᠤ ᠵᠠᠷᠴᠢᠮ ᠶᠤᠰᠤᠭᠠᠷ᠂ ᠤᠯᠠᠨ ᠨᠠᠶᠢᠳᠠ ᠶᠢᠨ ᠡᠬᠢ ᠪᠠᠶᠠᠯᠢᠭ ᠤᠨ ᠴᠢᠯᠦᠭᠡᠲᠡᠢ ᠨᠡᠭᠡᠭᠡᠯᠳᠡ ᠶᠢ ᠢᠳᠡᠪᠬᠢᠲᠡᠢ ᠪᠠᠷ ᠰᠢᠨ᠎ᠠ ᠪᠠᠷ ᠡᠬᠦᠳᠬᠦ ᠶᠢ ᠠᠬᠢᠭᠤᠯᠵᠦ᠂ 5G ᠶᠢᠨ ᠰᠦᠯᠵᠢᠶᠠᠨ ᠤ ᠪᠠᠶᠢᠭᠤᠯᠤᠯᠳᠠ ᠶᠢᠨ ᠠᠯᠬᠤᠴᠠ ᠶᠢ ᠲᠦᠷᠭᠡᠳᠭᠡᠵᠦ᠂ ᠭᠡᠷᠡᠭᠯᠡᠭᠡᠨ ᠤ ᠬᠦᠷᠢᠶ᠎ᠡ ᠭᠡᠪᠴᠢᠶ᠎ᠠ ᠶᠢ ᠠᠯᠬᠤᠮ ᠠᠯᠬᠤᠮ ᠢᠶᠠᠷ ᠦᠷᠭᠡᠳᠭᠡᠨ᠎ᠠ᠃        ︵ᠭᠤᠷᠪᠠ︶ ᠠᠵᠢᠯ ᠤᠨ ᠬᠠᠷᠠᠯᠳᠠ        1. ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠳᠠ ᠶᠢᠨ ᠲᠦᠯᠦᠪᠵᠢᠬᠦᠯᠭᠡ ᠶᠢ ᠨᠠᠶᠢᠷᠠᠭᠤᠯᠬᠤ ᠠᠵᠢᠯ ᠢ ᠳᠦᠷᠭᠡᠳᠬᠡᠨ᠎ᠡ᠃ ᠪᠦᠬᠦ ᠠᠶᠢᠮᠠᠭ ᠤᠨ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠠᠭᠤᠷᠢ ᠲᠦᠬᠦᠭᠡᠷᠤᠮᠵᠢ ᠶᠢᠨ ᠪᠠᠶᠢᠳᠠᠯ ᠢ ᠪᠦᠬᠦ ᠲᠠᠯ᠎ᠠ ᠪᠠᠷ ᠡᠮᠬᠢᠯᠡᠵᠦ᠂ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠠᠭᠤᠷᠢ ᠲᠦᠬᠦᠭᠡᠷᠤᠮᠵᠢ ᠶᠢᠨ ᠲᠦᠯᠦᠪᠵᠢᠬᠦᠯᠭᠡ ᠶᠢ ᠨᠠᠶᠢᠷᠠᠭᠤᠯᠬᠤ ᠠᠵᠢᠯ ᠢ ᠵᠤᠬᠢᠬᠤ ᠭᠡᠮᠵᠢᠶ᠎ᠠ  ᠪᠠᠷ ᠣᠷᠢᠳᠴᠢᠯᠠᠭᠤᠯᠬᠤ ᠶᠢᠨ ᠬᠠᠮᠲᠤ ᠠᠯᠠᠱᠨ ᠠᠶᠢᠮᠠᠭ ᠤᠨ ︽ᠠᠷᠪᠠᠨ ᠲᠦᠷᠪᠠᠲᠤᠭᠡᠷ ᠲᠠᠪᠣᠨ ᠵᠢᠯ ᠤᠨ ᠲᠦᠯᠦᠪᠵᠢᠬᠦᠯᠭᠡ︾ ᠵᠢᠴᠢ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢᠨ ᠲᠦᠯᠦᠪᠵᠢᠬᠦᠯᠭᠡ ᠶᠢᠨ ᠰᠢᠰᠲ᠋ᠧᠮᠵᠢ ᠳᠤ ᠤᠷᠤᠭᠤᠯᠤᠨ᠎ᠠ᠃        2. ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠲᠦᠬᠦᠷᠵᠢᠬᠦᠯᠦᠭᠰᠡᠨ ᠲᠤᠨᠤᠭ ᠲᠦᠬᠦᠭᠡᠷᠤᠮᠵᠢ ᠶᠢ ᠨᠡᠭᠡᠭᠡᠯᠳᠡ ᠲᠠᠢ ᠪᠠᠷ ᠬᠠᠮᠲᠤ ᠳᠠᠭᠠᠨ ᠡᠳ᠋ᠯᠡᠬᠦ ᠶᠢ ᠲᠦᠷᠭᠡᠳᠭᠡᠨ ᠠᠬᠢᠭᠤᠯᠤᠨ᠎ᠠ᠃ ᠤᠯᠤᠰ ᠤᠨ ᠭᠡᠷᠡᠯ ᠤᠨ ᠰᠢᠷᠭᠡᠭ ᠢ ᠡᠷᠤᠭᠡ ᠳᠤ ᠤᠷᠤᠭᠤᠯᠬᠤ ᠠᠵᠢᠯ ᠤᠨ ᠱᠠᠭᠠᠷᠳᠠᠯᠭ᠎ᠠ ᠪᠠ ᠪᠠᠷᠢᠮᠵᠢᠶ᠎ᠠ ᠲᠦᠷᠢᠮᠵᠢᠯ ᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠰᠢᠨ᠎ᠠ ᠪᠠᠷ ᠪᠠᠶᠢᠭᠤᠯᠤᠭᠰᠠᠨ ᠪᠠ ᠤᠲᠤᠬᠠᠨ ᠤ ᠤᠷᠤᠨ ᠰᠠᠭᠤᠴᠠ ᠶᠢᠨ ᠲᠤᠭᠤᠷᠢᠭ ᠵᠢᠴᠢ ᠬᠤᠳᠠᠯᠲᠤᠭᠠᠨ ᠤ ᠤᠷᠤᠨ ᠰᠠᠭᠤᠴᠠ ᠶᠢᠨ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠲᠦᠬᠦᠷᠵᠢᠬᠦᠯᠦᠭᠰᠡᠨ ᠲᠤᠨᠤᠭ ᠲᠦᠬᠦᠭᠡᠷᠤᠮᠵᠢ ᠶᠢ ᠬᠠᠮᠲᠤ ᠪᠠᠷ ᠪᠠᠶᠢᠭᠤᠯᠤᠨ ᠬᠠᠮᠲᠤ ᠳᠠᠭᠠᠨ ᠡᠳ᠋ᠯᠠᠬᠦ ᠶᠢ ᠪᠠᠶᠠᠯᠡᠬᠦᠯᠦᠨ᠎ᠠ᠃ ᠬᠠᠤᠯᠢ ᠴᠠᠭᠠᠵᠠ ᠬᠠᠤᠯᠢ ᠲᠦᠷᠢᠮ ᠳᠤ ᠠᠰᠳᠠᠭᠠᠨ ᠲᠤᠭᠳᠠᠭᠠᠭᠰᠠᠨ ᠲᠤᠭᠳᠠᠭᠠᠯ ᠠᠴᠠ ᠭᠠᠳᠠᠨ᠎ᠠ᠂ ᠵᠠᠰᠠᠭ ᠤᠨ ᠤᠷᠲᠤᠨ ᠤ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠠ ᠪᠠ ᠤᠯᠤᠰ ᠤᠨ ᠦᠮᠴᠢᠯᠠᠯᠲᠤ ᠠᠵᠤ ᠠᠬᠤᠶᠢᠯᠠᠯ ᠵᠡᠷᠭᠡ ᠤᠯᠠᠨ ᠨᠠᠶᠢᠳᠠ ᠶᠢᠨ ᠪᠠᠶᠢᠭᠤᠯᠤᠮᠵᠢ ᠶᠢᠨ ᠬᠠᠷᠢᠶ᠎ᠠ ᠪᠦᠬᠦᠢ ᠣᠷᠣᠨ ᠳᠣᠭᠤᠷᠢᠭ᠂ ᠬᠠᠷᠢᠶ᠎ᠠ ᠪᠦᠬᠦᠢ ᠪᠠᠷᠢᠯᠭ᠎ᠠ ᠶᠢᠨ ᠭᠠᠵᠠᠷ  ᠨᠢ ᠴᠢᠮᠡᠭᠡ ᠨᠡᠪᠳᠡᠷᠡᠬᠦᠯᠭᠡ ᠶᠢᠨ ᠰᠦᠯᠵᠢᠶ᠎ᠠ ᠶᠢᠨ ᠲᠤᠨᠤᠭ ᠲᠦᠬᠦᠭᠡᠷᠤᠮᠵᠢ ᠳᠤ ᠰᠦᠢᠳᠭᠡᠯ ᠬᠤᠷᠢᠶᠠᠬᠤ ᠦᠭᠡᠢ ᠪᠠᠷ ᠴᠢᠯᠦᠭᠡᠲᠡᠢ ᠨᠡᠭᠡᠭᠡᠵᠦ᠂ 5G ᠶᠢᠨ ᠰᠠᠭᠤᠷᠢ ᠦᠷᠳᠡᠭᠡ᠂ ᠴᠢᠮᠡᠭᠡ ᠨᠡᠪᠳᠡᠷᠡᠯᠭᠡ ᠶᠢᠨ ᠮᠠᠰᠢᠨ ᠤ ᠭᠡᠷ ᠵᠢᠴᠢ ᠲᠦᠬᠦᠷᠵᠢᠬᠦᠯᠦᠭᠰᠡᠨ ᠴᠢᠮᠡᠭᠡ ᠨᠡᠪᠳᠡᠷᠡᠯᠭᠡ ᠶᠢᠨ ᠲᠤᠨᠤᠭ ᠲᠦᠬᠦᠭᠡᠷᠤᠮᠵᠢ ᠳᠤ ᠲᠠᠯᠠᠪᠤᠷ ᠬᠠᠩᠭᠠᠬᠤ ᠪᠠ ᠲᠦᠬᠦᠮ ᠦᠵᠠᠬᠦᠯᠦᠨ᠎ᠠ᠃        3. 5G ᠶᠢᠨ ᠰᠦᠯᠵᠢᠶ᠎ᠠ ᠶᠢ ᠲᠦᠷᠭᠡᠳᠭᠡᠨ ᠪᠠᠶᠢᠭᠤᠯᠤᠨ᠎ᠠ᠃ ᠭᠠᠵᠠᠷ ᠰᠢᠷᠤᠢ᠂ ᠴᠠᠬᠢᠯᠭᠠᠨ ᠬᠦᠴᠦᠨ᠂  ᠵᠠᠰᠠᠮᠠᠯ ᠵᠠᠮ᠂ ᠵᠠᠮ ᠨᠡᠪᠳᠡᠷᠡᠯᠭᠡ ᠵᠡᠷᠭᠡ ᠦᠢᠯᠡᠳᠪᠤᠷᠢᠯᠠᠯ ᠤᠨ ᠡᠯᠧᠮᠧᠨ᠋ᠲ ᠤᠨ ᠪᠠᠲᠤᠯᠠᠭ᠎ᠠ ᠶᠢ  ᠴᠢᠩᠭᠠᠳᠬᠠᠵᠦ᠂ 5G ᠰᠦᠯᠵᠢᠶᠠᠨ ᠤ ᠪᠠᠶᠢᠭᠤᠯᠤᠯᠳᠠ ᠵᠢᠴᠢ ᠠᠵᠤ ᠦᠢᠯᠡᠰ ᠲᠤ ᠬᠦᠭᠵᠢᠯᠳᠡ ᠶᠢᠨ ᠬᠦᠢᠴᠡᠳ ᠤᠷᠤᠨ ᠵᠠᠢ ᠶᠢ ᠬᠠᠩᠭᠠᠵᠦ ᠦᠭᠬᠦᠨ᠎ᠠ᠃ 5G ᠶᠢᠨ ᠰᠠᠭᠤᠷᠢ ᠦᠷᠳᠡᠭᠡ᠂ ᠲᠤᠭ᠎ᠠ ᠪᠠᠷᠢᠮᠳᠠ ᠶᠢᠨ ᠲᠦᠪ᠂  ᠵᠠᠬ᠎ᠠ ᠬᠠᠪᠢ ᠶᠢᠨ ᠡᠯᠧᠺᠲᠷᠤᠨ ᠪᠤᠲᠤᠯᠭ᠎ᠠ ᠶᠢᠨ ᠲᠤᠨᠤᠭ ᠲᠦᠬᠦᠭᠡᠷᠤᠮᠵᠢ᠂ ᠴᠢᠮᠡᠭᠡ ᠨᠡᠪᠳᠡᠷᠡᠯᠭᠡ ᠶᠢᠨ ᠮᠠᠰᠢᠨ ᠤ ᠭᠡᠷ᠂ ᠤᠶᠤᠨᠴᠢ ᠤᠯᠠᠨ ᠴᠢᠳᠠᠪᠬᠢ ᠲᠠᠢ ᠴᠢᠮᠡᠭᠡ ᠨᠡᠪᠳᠡᠷᠡᠯᠭᠡ ᠶᠢᠨ ᠪᠠᠭᠠᠨ᠎ᠠ ᠰᠤᠪᠤᠷᠭ᠎ᠠ ᠵᠢᠴᠢ ᠴᠢᠮᠡᠭᠡ ᠨᠡᠪᠳᠡᠷᠡᠯᠭᠡ ᠶᠢᠨ ᠵᠠᠮ ᠱᠤᠭᠤᠮ ᠵᠡᠷᠭᠡ ᠮᠡᠳᠡᠭᠡ ᠵᠠᠩᠬᠢ ᠶᠢᠨ ᠰᠠᠭᠤᠷᠢ ᠲᠦᠭᠦᠭᠡᠷᠤᠮᠵᠢ ᠶᠢ ᠵᠦᠢ ᠵᠤᠬᠢᠰᠲᠡᠢ ᠪᠠᠶᠢᠷᠢᠯᠠᠭᠤᠯᠤᠨ᠎ᠠ᠃ 5G  ᠶᠢᠨ ᠰᠢᠰᠲ᠋ᠧᠮ ᠤᠨ ᠪᠠᠶᠢᠭᠤᠯᠤᠯᠳᠠ ᠶᠢ ᠬᠢᠨ᠋ᠨᠨ  ᠵᠦᠪᠰᠢᠶᠠᠷᠡᠬᠦ ᠶᠢ ︽ᠰᠠᠭᠠᠳ ᠦᠭᠡᠢ ᠨᠡᠪᠳᠡᠷᠡᠬᠦᠯᠬᠦ︾ ᠪᠠ 5G  ᠶᠢᠨ ᠰᠠᠭᠤᠷᠢ ᠦᠷᠳᠡᠭᠡ ᠶᠢᠨ ᠭᠡᠷᠡᠭᠯᠡᠭᠡᠨ ᠤ ᠴᠠᠬᠢᠯᠭᠠᠨ ᠲᠤᠨᠤᠭ ᠲᠦᠬᠦᠭᠡᠷᠤᠮᠵᠢ ᠶᠢᠨ ᠮᠡᠳᠡᠬᠦᠯᠦᠯᠳᠡ ᠶᠢ ᠰᠠᠭᠠᠳ ᠦᠭᠡᠢ ᠨᠡᠪᠳᠡᠷᠡᠬᠦᠯᠵᠦ᠂ ᠬᠤᠳᠠ ᠶᠢᠨ ᠨᠤᠭᠤᠭᠠᠷᠠᠭᠤᠯᠤᠯᠳᠠ᠂ ᠴᠡᠴᠡᠷᠯᠢᠭ ᠵᠡᠷᠭᠡ ᠣᠨᠴᠣᠭᠤᠢ ᠤᠯᠠᠨ ᠨᠠᠶᠢᠳᠠ ᠶᠢᠨ ᠭᠠᠵᠠᠷ ᠪᠠ ᠮᠠᠯᠵᠢᠬᠤ ᠲᠠᠷᠢᠶᠠᠯᠠᠬᠤ ᠤᠷᠤᠨ ᠵᠡᠷᠭᠡ ᠪᠤᠶᠢᠳᠡ ᠪᠦᠭᠯᠡᠬᠦᠦ ᠭᠠᠵᠠᠷ ᠤᠷᠤᠨ ᠤ ᠰᠠᠭᠤᠷᠢ ᠦᠷᠳᠡᠭᠡ ᠶᠢᠨ ᠪᠠᠶᠢᠭᠤᠯᠤᠯᠳᠠ ᠶᠢᠨ ᠲᠦᠷᠦ ᠶᠢᠨ ᠪᠤᠲᠤᠯᠭ᠎ᠠ ᠶᠢᠨ ᠲᠡᠮᠵᠢᠯᠭᠡ ᠶᠢᠨ ᠡᠷᠴᠢᠮ ᠢ ᠴᠢᠩᠭᠠᠳᠬᠠᠵᠦ᠂ ᠦᠪᠠᠷᠳᠡᠭᠡᠨ ᠵᠠᠰᠠᠬᠤ ᠤᠷᠤᠨ ᠤ ᠪᠠᠶᠢᠯᠲᠤᠬᠤ ᠪᠤᠲᠤᠯᠭ᠎ᠠ ᠶᠢᠨ ᠴᠢᠨᠠᠷᠲᠡᠢ ᠰᠢᠨ᠎ᠠ ᠪᠠᠷ ᠬᠦᠭᠵᠢᠵᠦ ᠪᠠᠶᠢᠭ᠎ᠠ ᠲᠠᠪᠠᠭᠤᠯᠢᠭ ᠤᠨᠴᠠᠯᠢᠭᠲᠤ ᠠᠵᠤ ᠦᠢᠯᠡᠰ ᠤᠨ ᠭᠡᠷᠡᠭᠯᠡᠬᠦ ᠴᠠᠬᠢᠯᠭᠠᠨ ᠤ ᠦᠨ᠎ᠠ ᠬᠠᠩᠰᠢ ᠶᠢ ᠭᠡᠷᠡᠭᠵᠢᠬᠦᠯᠵᠦ᠂ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠠᠭᠤᠷᠢ ᠲᠦᠭᠦᠭᠡᠷᠤᠮᠵᠢ ᠶᠢᠨ ᠪᠠᠶᠢᠭᠤᠯᠤᠯᠳᠠ ᠶᠢᠨ ᠡᠵᠡᠩᠨᠡᠯᠳᠡ ᠶᠢᠨ ᠨᠢᠭᠡᠴᠠ ᠶᠢᠨ ᠡᠬᠢ ᠪᠠᠶᠠᠯᠢᠭ ᠢ ᠡᠵᠡᠯᠠᠨ ᠭᠡᠷᠡᠭᠯᠡᠬᠦ᠂ ᠠᠵᠢᠯ ᠤᠨ ᠬᠠᠮᠢᠶᠠᠷᠤᠯᠳᠠ᠂ ᠲᠤᠨᠤᠭ ᠲᠦᠬᠦᠭᠡᠷᠤᠮᠵᠢ ᠶᠢᠨ ᠬᠠᠮᠠᠭᠠᠯᠠᠯᠳᠠ ᠵᠡᠷᠭᠡ ᠲᠠᠯ᠎ᠠ ᠪᠠᠷ ᠵᠠᠷᠤᠳᠠᠯ ᠭᠠᠷᠭᠠᠬᠤ ᠶᠢ ᠪᠠᠭᠠᠰᠠᠬᠠᠨ᠎ᠠ᠃        ᠬᠤᠶᠠᠷ᠂ ᠭᠤᠤᠯᠳᠠᠯᠭ᠎ᠠ ᠲᠠᠢ ᠠᠵᠢᠯ        ︵ᠨᠢᠭᠡ︶ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠳᠠ ᠶᠢᠨ ᠲᠤᠯᠭᠠᠭᠤᠷᠢᠯᠠᠯ ᠤᠨ ᠴᠢᠳᠠᠪᠤᠷᠢ ᠶᠢ ᠴᠢᠩᠭᠠᠳᠬᠠᠨ᠎ᠠ        1. ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠠᠭᠤᠷᠢ ᠲᠦᠬᠦᠭᠡᠷᠤᠮᠵᠢ ᠶᠢ ᠡᠮᠬᠢᠯᠠᠬᠦ ᠪᠠ ᠲᠦᠯᠦᠪᠵᠢᠬᠦᠯᠦᠨ ᠨᠠᠶᠢᠷᠠᠭᠤᠯᠬᠤ ᠠᠵᠢᠯ ᠢ ᠦᠷᠨᠢᠬᠦᠯᠦᠨ᠎ᠠ᠃ ᠮᠠᠨ ᠤ ᠠᠶᠢᠮᠠᠭ ᠤᠨ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠠᠭᠤᠷᠢ ᠲᠦᠬᠦᠭᠡᠷᠤᠮᠵᠢ ᠶᠢᠨ ᠦᠨᠲᠤᠰᠤᠨ ᠪᠠᠶᠢᠳᠠᠯ᠂ ᠪᠠᠶᠢᠭᠤᠯᠬᠤ ᠭᠡᠷᠡᠭᠴᠡᠭᠡ ᠱᠠᠭᠠᠷᠳᠠᠯᠭ᠎ᠠ ᠪᠠ ᠲᠡᠭᠡᠭᠰᠢᠯᠠᠬᠦᠯᠬᠦ ᠤᠷᠤᠨ ᠵᠠᠢ ᠶᠢ ᠪᠦᠬᠦ ᠲᠠᠯ᠎ᠠ ᠪᠠᠷ ᠲᠤᠲᠤᠷᠬᠠᠢ ᠤᠶᠢᠯᠠᠭᠠᠵᠦ᠂ ᠮᠡᠳᠡᠭᠡ ᠵᠠᠩᠬᠢ ᠴᠢᠮᠡᠭᠡ ᠨᠡᠪᠳᠡᠷᠡᠯᠭᠡ  ᠶᠢᠨ ᠰᠠᠭᠤᠷᠢ ᠲᠦᠬᠦᠭᠡᠷᠤᠮᠵᠢ ᠶᠢᠨ ᠲᠦᠯᠦᠪᠵᠢᠬᠦᠯᠭᠡ ᠶᠢ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢᠨ ᠲᠦᠯᠦᠪᠵᠢᠬᠦᠯᠭᠡ ᠶᠢᠨ ᠰᠢᠰᠲ᠋ᠧᠮᠵᠢ ᠳᠤ ᠤᠷᠤᠭᠤᠯᠵᠦ᠂ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠠᠭᠤᠷᠢ ᠲᠦᠬᠦᠭᠡᠷᠤᠮᠵᠢ ᠬᠢᠭᠡᠳ ᠤᠯᠠᠨ ᠨᠠᠶᠢᠳᠠ ᠶᠢᠨ ᠰᠠᠭᠤᠷᠢ ᠲᠦᠬᠦᠭᠡᠷᠤᠮᠵᠢ ᠶᠢ ᠬᠠᠮᠲᠤ ᠪᠠᠷ ᠲᠦᠯᠦᠪᠵᠢᠬᠦᠯᠬᠦ᠂ ᠬᠠᠮᠲᠤ  ᠪᠠᠷ ᠲᠦᠯᠦᠪᠯᠡᠬᠦ᠂ ᠬᠠᠮᠲᠤ ᠪᠠᠷ ᠪᠦᠲᠤᠭᠡᠨ ᠪᠠᠶᠢᠭᠤᠯᠬᠤ᠂ ᠬᠠᠮᠲᠤ ᠪᠠᠷ ᠰᠢᠯᠭᠠᠨ ᠬᠤᠷᠢᠶᠠᠬᠤ ᠳᠤ ᠪᠠᠲᠤᠯᠠᠭ᠎ᠠ ᠬᠠᠩᠭᠠᠨ᠎ᠠ᠃ ︵ᠲᠤᠯᠤᠭᠠᠶᠢᠯᠠᠬᠤ ᠨᠢᠭᠡᠴᠠ᠄ ᠴᠢᠮᠡᠭᠡ ᠨᠡᠪᠳᠡᠷᠡᠬᠦᠯᠭᠡ ᠶᠢᠨ ᠪᠦᠳᠦᠭᠡᠨ ᠪᠠᠶᠢᠭᠤᠯᠣᠯᠳᠠ ᠶᠢ ᠬᠠᠮᠢᠶᠠᠷᠬᠤ ᠠᠯᠪᠠᠨ ᠭᠡᠷ᠂ ᠬᠠᠷᠢᠭᠤᠴᠠᠯᠭᠠᠲᠤ ᠨᠢᠭᠡᠴᠠ᠄ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠤᠷᠤᠨ ᠰᠠᠭᠤᠴᠠ ᠶᠢᠨ ᠪᠦᠲᠤᠭᠡᠨ ᠪᠠᠶᠢᠭᠤᠯᠤᠯᠳᠠ ᠶᠢᠨ ᠲᠤᠪᠴᠢᠶ᠎ᠠ᠂ ᠵᠠᠮ ᠬᠠᠷᠢᠯᠴᠠᠭ᠎ᠠ ᠲᠡᠭᠡᠭᠡᠪᠤᠷᠢ ᠶᠢᠨ ᠲᠤᠪᠴᠢᠶ᠎ᠠ᠂ ᠲᠤᠲᠤᠭᠠᠲᠤ ᠶᠢ ᠬᠠᠮᠠᠭᠠᠯᠠᠬᠤ ᠲᠤᠪᠴᠢᠶ᠎ᠠ᠂ ᠴᠠᠬᠢᠯᠭᠠᠨ ᠦᠢᠯᠡᠰ ᠤᠨ ᠲᠤᠪᠴᠢᠶ᠎ᠠ᠂ ᠲᠢᠶᠧ ᠲᠠ ᠺᠤᠮᠫᠠᠨᠢ᠂ ᠴᠠᠬᠢᠯᠭᠠᠨ ᠬᠤᠯᠪᠤᠭ᠎ᠠ ᠶᠢ ᠡᠵᠡᠩᠨᠠᠵᠦ ᠪᠠᠶᠢᠭ᠎ᠠ ᠡᠯ᠎ᠠ ᠠᠵᠤ ᠠᠬᠤᠶᠢᠯᠠᠯ︶        2. ᠬᠤᠳᠠ ᠬᠦᠳᠡᠭᠡ ᠶᠢᠨ ᠭᠡᠷᠡᠯ ᠤᠨ ᠰᠢᠷᠭᠡᠭ ᠤᠨ ᠦᠷᠭᠡᠨ ᠪᠦᠰᠡᠲᠤ ᠰᠦᠯᠵᠢᠶᠠᠨ ᠤ ᠪᠠᠶᠢᠭᠤᠯᠤᠯᠳᠠ  ᠶᠢ ᠴᠢᠩᠭᠠᠳᠬᠠᠨ᠎ᠠ᠃ ᠬᠤᠳᠠ ᠪᠠᠯᠭᠠᠰᠤ ᠶᠢᠨ ᠲᠤᠭᠳᠠᠮᠠᠯ ᠦᠷᠭᠡᠨ ᠪᠦᠰᠡᠲᠤ ᠰᠦᠯᠵᠢᠶᠠᠨ ᠤ ᠪᠠᠶᠢᠭᠤᠯᠤᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠵᠦ᠂ ᠰᠦᠯᠵᠢᠶᠠᠨ ᠤ ᠲᠤᠨᠤᠭ ᠲᠦᠬᠦᠭᠡᠷᠤᠮᠵᠢ ᠶᠢ ᠦᠨᠲᠤᠷ ᠬᠤᠷᠲᠤᠴᠠᠲᠤ᠂  ᠤᠶᠤᠨᠴᠢᠯᠠᠬᠤ ᠶᠢ ᠲᠠᠰᠤᠷᠠᠯᠳᠠ ᠦᠭᠡᠢ ᠲᠡᠰ ᠲᠡᠪᠰᠢᠬᠦᠯᠬᠦ ᠶᠢ ᠠᠬᠢᠭᠤᠯᠵᠦ᠂ ᠦᠢᠯᠠᠴᠢᠯᠡᠭᠡᠨ ᠤ ᠬᠢᠷᠢ ᠲᠦᠪᠰᠢᠨ ᠢ ᠰᠢᠯᠢᠳᠡᠭᠵᠢᠬᠦᠯᠵᠦ᠂ ᠰᠦᠯᠵᠢᠶᠠᠨ ᠤ ᠵᠠᠷᠤᠳᠠᠯ ᠢ ᠵᠦᠢ ᠵᠤᠬᠢᠰᠲᠡᠢ ᠪᠠᠭᠤᠷᠠᠭᠤᠯᠬᠤ ᠶᠢ ᠪᠠᠶᠠᠯᠡᠬᠦᠯᠦᠨ᠎ᠠ᠃ ᠮᠠᠯᠵᠢᠬᠤ ᠲᠠᠷᠢᠶᠠᠯᠠᠬᠤ ᠤᠶᠢᠲᠤ ᠤᠷᠤᠨ ᠤ ᠦᠷᠭᠡᠨ ᠪᠦᠰᠡᠲᠤ ᠰᠦᠯᠵᠢᠶᠠᠨ ᠤ ᠪᠠᠶᠢᠭᠤᠯᠤᠯᠳᠠ ᠶᠢ ᠴᠢᠩᠭᠠᠳᠬᠠᠵᠦ᠂ ᠮᠠᠯᠵᠢᠬᠤ ᠲᠠᠷᠢᠶᠠᠯᠠᠬᠤ ᠤᠷᠤᠨ ᠪᠠ ᠪᠤᠶᠢᠳᠠ ᠪᠦᠭᠯᠡᠬᠦᠦ ᠬᠢᠯᠢ ᠬᠢᠵᠠᠭᠠᠷ ᠤᠷᠤᠨ ᠳᠤ ᠦᠷᠭᠡᠨ ᠪᠦᠰᠡ ᠶᠢ ᠪᠦᠲᠤᠮᠵᠢᠲᠡᠢ ᠪᠠᠷ ᠪᠦᠷᠬᠦᠬᠦᠯᠬᠦ ᠶᠢ ᠲᠠᠮᠵᠢᠵᠦ᠂ ᠭᠡᠷᠡᠯ ᠤᠨ ᠰᠢᠷᠭᠡᠭ ᠤᠨ ᠰᠦᠯᠵᠢᠶ᠎ᠠ ᠶᠢ ᠭᠠᠴᠠᠭ᠎ᠠ ᠲᠤᠰᠬᠤᠨ ᠳᠤ ᠲᠠᠮᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠵᠦ᠂ ᠬᠤᠳᠠ ᠬᠦᠳᠡᠭᠡ ᠶᠢᠨ ᠲᠤᠭᠠᠴᠢᠯᠠᠭᠰᠠᠨ ᠮᠡᠷᠭᠡᠵᠢᠯ ᠤᠨ ᠵᠦᠷᠢᠶ᠎ᠠ ᠶᠢ ᠪᠠᠭᠠᠰᠬᠠᠵᠦ᠂ ᠴᠠᠬᠢᠯᠭᠠᠨ ᠴᠢᠮᠡᠭᠡ ᠶᠢᠨ ᠨᠠᠶᠢᠳᠠᠮ ᠦᠢᠯᠡᠴᠢᠯᠡᠭᠡᠨ ᠤ ᠠᠵᠢᠯ ᠢ ᠠᠬᠢᠭᠤᠯᠵᠦ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠳᠠ ᠪᠠ ᠬᠦᠳᠡᠭᠡ ᠲᠤᠰᠬᠤᠨ ᠢ ᠬᠦᠭᠵᠢᠬᠦᠯᠦᠨ ᠮᠠᠨᠲᠤᠭᠤᠯᠬᠤ ᠳᠤ ᠬᠦᠴᠦ ᠨᠠᠮᠠᠷᠢᠯᠠᠨ᠎ᠠ᠃ ︵ᠲᠤᠯᠤᠭᠠᠶᠢᠯᠠᠬᠤ ᠨᠢᠭᠡᠴᠠ᠄ ᠴᠢᠮᠡᠭᠡ ᠨᠡᠪᠳᠡᠷᠡᠯᠭᠡ ᠶᠢᠨ ᠪᠦᠳᠦᠭᠡᠨ ᠪᠠᠶᠢᠭᠤᠯᠣᠯᠳᠠ ᠶᠢ ᠬᠠᠮᠢᠶᠠᠷᠬᠤ ᠠᠯᠪᠠᠨ ᠭᠡᠷ᠂ ᠬᠠᠷᠢᠭᠤᠴᠠᠯᠭᠠᠲᠤ ᠨᠢᠭᠡᠴᠠ᠄ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠤᠷᠤᠨ ᠰᠠᠭᠤᠴᠠ ᠶᠢᠨ ᠪᠦᠲᠤᠭᠡᠨ ᠪᠠᠶᠢᠭᠤᠯᠤᠯᠳᠠ ᠶᠢᠨ ᠲᠤᠪᠴᠢᠶ᠎ᠠ᠂ ᠠᠵᠤ ᠦᠢᠯᠡᠳᠪᠤᠷᠢ ᠪᠠ ᠮᠡᠳᠡᠭᠡ ᠵᠠᠩᠬᠢᠴᠢᠯᠠᠯᠳᠠ ᠶᠢᠨ ᠲᠤᠪᠴᠢᠶ᠎ᠠ᠂ ᠵᠠᠮ ᠬᠠᠷᠢᠯᠴᠠᠭ᠎ᠠ ᠲᠡᠭᠡᠭᠡᠪᠤᠷᠢ ᠶᠢᠨ ᠲᠤᠪᠴᠢᠶ᠎ᠠ᠂ ᠲᠤᠲᠤᠭᠠᠲᠤ ᠶᠢ ᠬᠠᠮᠠᠭᠠᠯᠠᠬᠤ ᠲᠤᠪᠴᠢᠶ᠎ᠠ᠂ ᠴᠠᠬᠢᠯᠭᠠᠨ ᠦᠢᠯᠡᠰ  ᠤᠨ ᠲᠤᠪᠴᠢᠶ᠎ᠠ᠂ ᠲᠢᠶᠧ ᠲᠠ ᠺᠤᠮᠫᠠᠨᠢ᠂ ᠴᠠᠬᠢᠯᠭᠠᠨ ᠬᠤᠯᠪᠤᠭ᠎ᠠ ᠶᠢ ᠡᠵᠡᠩᠨᠠᠵᠦ ᠪᠠᠶᠢᠭ᠎ᠠ ᠡᠯ᠎ᠠ ᠠᠵᠤ ᠠᠬᠤᠶᠢᠯᠠᠯ︶        ︵ᠬᠤᠶᠠᠷ︶ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠠᠭᠤᠷᠢ ᠲᠦᠬᠦᠭᠡᠷᠤᠮᠵᠢ ᠶᠢ ᠬᠠᠮᠲᠤ ᠪᠠᠷ ᠪᠠᠶᠢᠭᠤᠯᠵᠦ ᠬᠠᠮᠲᠤ ᠳᠠᠭᠠᠨ ᠡᠳ᠋ᠯᠡᠬᠦ ᠬᠢᠷᠢ ᠲᠦᠪᠰᠢᠨ ᠢ ᠲᠡᠭᠡᠭᠰᠢᠯᠡᠬᠦᠯᠦᠨ᠎ᠠ        3. ᠡᠬᠢ ᠪᠠᠶᠠᠯᠢᠭ ᠢ ᠬᠤᠤᠰ ᠴᠢᠭᠯᠡᠯ ᠲᠡᠰᠢ ᠨᠡᠭᠡᠭᠡᠵᠦ ᠬᠠᠮᠲᠤ ᠪᠠᠷ ᠡᠳ᠋ᠯᠡᠬᠦ ᠶᠢ ᠴᠢᠩᠭᠠᠳᠬᠨ᠎ᠠ᠃ ᠴᠠᠬᠢᠯᠭᠠᠨ ᠬᠤᠯᠪᠤᠭ᠎ᠠ ᠶᠢ ᠡᠵᠡᠩᠨᠡᠵᠦ ᠪᠠᠶᠢᠭ᠎ᠠ ᠠᠵᠤ ᠠᠬᠤᠶᠢᠯᠠᠯ ᠪᠠ ᠲᠢᠶᠧ ᠲᠠ ᠺᠤᠮᠫᠠᠨᠢ ᠨᠢ ᠠᠵᠢᠯ ᠲᠦᠷᠦᠯ ᠠᠯᠤᠰᠯᠠᠨ ᠬᠠᠮᠲᠤ ᠪᠠᠷ ᠪᠠᠶᠢᠭᠤᠯᠵᠦ ᠬᠠᠮᠲᠤ ᠳᠠᠭᠠᠨ ᠡᠳ᠋ᠯᠡᠬᠦ ᠶᠢ ᠬᠦᠨᠵᠡᠭᠡᠶᠢᠷᠡᠬᠦᠯᠵᠦ᠂ ᠬᠤᠳᠠ ᠶᠢᠨ ᠶᠠᠪᠤᠳᠠᠯ᠂ ᠴᠠᠬᠢᠯᠭᠠᠨ ᠬᠦᠴᠦᠨ᠂ ᠨᠢᠰᠭᠡᠯ ᠤᠨ ᠪᠠᠭᠤᠳᠠᠯ᠂ ᠲᠠᠮᠤᠷ ᠵᠠᠮ᠂ ᠦᠨᠲᠤᠷ ᠬᠤᠷᠲᠤᠴᠠᠲᠤ ᠵᠠᠰᠠᠮᠠᠯ ᠵᠠᠮ ᠵᠡᠷᠭᠡ ᠬᠤᠯᠪᠤᠭᠳᠠᠯ ᠪᠦᠬᠦᠢ ᠨᠢᠭᠡᠴᠠ ᠪᠠ ᠠᠵᠤ ᠠᠬᠤᠶᠢᠯᠠᠯ ᠲᠠᠢ ᠬᠠᠷᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠦ᠂ ᠠᠵᠢᠯ ᠲᠦᠷᠦᠯ ᠠᠯᠤᠰᠯᠠᠨ ᠰᠠᠭᠤᠷᠢ ᠲᠦᠬᠦᠭᠡᠷᠤᠮᠵᠢ ᠶᠢ ᠬᠠᠮᠲᠤ ᠪᠠᠷ ᠪᠠᠶᠢᠭᠤᠯᠤᠨ ᠬᠠᠮᠲᠤ ᠳᠠᠭᠠᠨ ᠡᠳ᠋ᠯᠡᠬᠦ ᠬᠢᠷᠢ ᠲᠦᠪᠰᠢᠨ ᠢ ᠲᠡᠭᠡᠭᠰᠢᠯᠡᠬᠦᠯᠵᠦ᠂ ᠵᠠᠮ ᠤᠨ ᠬᠡᠷᠡᠯᠳᠦᠬᠦᠯᠭᠡ᠂ ᠬᠢᠨ᠋ᠨᠨ ᠡᠵᠡᠮᠳᠡᠬᠦᠷ᠂ ᠵᠠᠮ ᠬᠠᠷᠢᠯᠴᠠᠭ᠎ᠠ ᠶᠢᠨ ᠢᠯᠡᠷᠭᠡᠶᠢᠯᠠᠯ ᠵᠡᠷᠭᠡ ᠨᠠᠶᠢᠭᠡᠮ  ᠨᠡᠶᠢᠳᠡ ᠳᠤ ᠵᠣᠷᠢᠭᠤᠯᠣᠭᠰᠠᠨ ᠪᠠᠭᠠᠨ᠎ᠠ ᠰᠤᠪᠤᠷᠭ᠎ᠠ ᠶᠢᠨ ᠡᠬᠢ ᠪᠠᠶᠠᠯᠢᠭ ᠢ ᠡᠷᠴᠢᠮᠵᠢᠬᠦᠯᠦᠨ ᠦᠨᠲᠤᠷ ᠪᠦᠲᠤᠮᠵᠢᠲᠡᠢ ᠪᠠᠷ ᠠᠰᠢᠭᠯᠠᠨ᠎ᠠ᠃ ᠴᠠᠬᠢᠯᠭᠠᠨ ᠬᠤᠯᠪᠤᠭ᠎ᠠ ᠶᠢᠨ ᠠᠵᠢᠯ ᠲᠦᠷᠦᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ 5G ᠰᠦᠯᠵᠢᠶᠠᠨ ᠤ ᠭᠦᠭᠵᠢᠯᠳᠡ ᠶᠢᠨ ᠭᠡᠷᠡᠭᠴᠡᠭᠡ ᠲᠠᠢ ᠤᠶᠠᠯᠲᠤᠭᠤᠯᠵᠦ᠂ ᠤᠯᠠᠨ ᠨᠠᠶᠢᠳᠠ ᠶᠢᠨ ᠵᠠᠮ ᠬᠠᠷᠢᠯᠴᠠᠭᠠᠨ ᠤ ᠲᠦᠷᠦᠯ ︵ᠲᠡᠮᠤᠷ ᠵᠠᠮ᠂ ᠦᠨᠲᠤᠷ ᠬᠤᠷᠲᠤᠴᠠᠲᠤ ᠵᠠᠰᠠᠮᠠᠯ ᠵᠠᠮ᠂ ᠨᠢᠰᠭᠡᠯ ᠤᠨ ᠪᠠᠭᠤᠳᠠᠯ᠂ ᠲᠡᠷᠭᠡᠨ ᠦᠷᠳᠡᠭᠡ︶᠂ ᠪᠠᠷᠢᠯᠭ᠎ᠠ ᠶᠢᠨ ᠠᠰᠠᠷ ᠤᠨ ᠲᠦᠷᠦᠯ ︵ᠲᠤᠮᠤ ᠭᠡᠯᠪᠠᠷᠢ ᠶᠢᠨ ᠲᠠᠯᠠᠪᠤᠷ ᠤᠷᠲᠤᠨ᠂ ᠲᠤᠮᠤ ᠭᠡᠯᠪᠠᠷᠢ ᠶᠢᠨ ᠬᠤᠳᠠᠯᠲᠤᠭᠠᠨ ᠤ ᠶᠠᠪᠤᠳᠠᠯ ᠤᠨ ᠠᠰᠠᠷ᠂ ᠨᠠᠮ ᠵᠠᠰᠠᠭ ᠤᠨ ᠪᠠᠶᠢᠭᠤᠯᠤᠯᠭ᠎ᠠ ᠶᠢᠨ ᠠᠯᠪᠠᠨ ᠠᠰᠠᠷ︶ ᠵᠡᠷᠭᠡ ᠭᠤᠤᠯᠳᠠᠯᠭ᠎ᠠ ᠲᠠᠢ ᠲᠠᠯᠠᠪᠤᠷ ᠤᠨ ᠴᠠᠬᠢᠯᠭᠠᠨ ᠬᠤᠯᠪᠤᠭᠠᠨ ᠤ ᠰᠦᠯᠵᠢᠶᠠᠨ ᠤ ᠪᠠᠶᠢᠭᠤᠯᠤᠯᠳᠠ ᠶᠢᠨ ᠭᠡᠷᠡᠭᠴᠡᠭᠡ ᠱᠠᠭᠠᠷᠳᠠᠯᠭ᠎ᠠ ᠶᠢ ᠨᠢᠭᠡᠲᠤᠯᠲᠡᠢ ᠲᠦᠯᠦᠪᠯᠡᠵᠦ᠂ ᠬᠠᠮᠲᠤ ᠳᠠᠭᠠᠨ ᠡᠳ᠋ᠯᠠᠵᠦ ᠪᠤᠯᠬᠤ ᠶᠢ ᠨᠢ ᠡᠷᠭᠡᠪᠰᠢ ᠬᠠᠮᠲᠤ ᠳᠠᠭᠠᠨ ᠡᠳ᠋ᠯᠠᠵᠦ᠂ ᠬᠠᠮᠲᠤ ᠪᠠᠷ ᠪᠠᠶᠢᠭᠤᠯᠵᠦ ᠪᠤᠯᠬᠤ ᠶᠢ ᠨᠢ ᠡᠷᠭᠡᠪᠰᠢ ᠬᠠᠮᠲᠤ ᠪᠠᠷ ᠪᠠᠶᠢᠭᠤᠯᠤᠨ᠎ᠠ᠃ ᠡᠬᠢ ᠪᠠᠶᠠᠯᠢᠭ ᠢ ᠬᠤᠤᠰ ᠴᠢᠭᠯᠡᠯ ᠢᠶᠠᠷ ᠨᠡᠭᠡᠭᠡᠵᠦ ᠬᠠᠮᠲᠤ ᠳᠠᠭᠠᠨ ᠡᠳ᠋ᠯᠠᠬᠦ ᠶᠢ ᠠᠬᠢᠭᠤᠯᠵᠦ᠂ ︽ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠴᠠᠬᠢᠯᠭᠠᠨ ᠬᠤᠯᠪᠣᠭ᠎ᠠ ᠶᠢᠨ ᠰᠠᠭᠤᠷᠢ ᠲᠦᠬᠦᠭᠡᠷᠤᠮᠵᠢ ᠶᠢ ᠬᠠᠮᠲᠤ ᠪᠠᠷ ᠪᠠᠶᠢᠭᠤᠯᠤᠨ ᠬᠠᠮᠲᠤ ᠳᠠᠭᠠᠨ ᠡᠳ᠋ᠯᠡᠬᠦ ᠳᠣᠬᠠᠢ ᠭᠡᠷᠡᠭᠵᠢᠬᠦᠯᠬᠦ ᠠᠷᠭ᠎ᠠ︾ ᠶᠢ ᠴᠢᠩᠭ᠎ᠠ ᠭᠡᠷᠡᠭᠵᠢᠬᠦᠯᠵᠦ᠂ ᠰᠦᠯᠵᠢᠶ᠎ᠠ ᠪᠠᠶᠢᠭᠤᠯᠬᠤ ᠦᠪᠠᠷ ᠤᠨ ᠦᠷᠳᠡᠭ ᠪᠠ ᠲᠤᠨᠤᠭ ᠲᠦᠬᠦᠭᠡᠷᠤᠮᠵᠢ ᠶᠢ ᠲᠦᠷᠢᠶᠠᠰᠦᠯᠠᠬᠦ ᠦᠪᠠᠷ ᠤᠨ ᠦᠷᠳᠡᠭ ᠢ ᠪᠦᠲᠤᠮᠵᠢᠲᠡᠢ ᠪᠠᠷ ᠪᠠᠭᠤᠷᠠᠭᠤᠯᠵᠦ᠂ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠠᠭᠤᠷᠢ ᠲᠦᠬᠦᠭᠡᠷᠤᠮᠵᠢ ᠶᠢ ᠬᠠᠮᠲᠤ ᠪᠠᠷ ᠪᠠᠶᠢᠭᠤᠯᠤᠨ ᠬᠠᠮᠲᠤ ᠳᠠᠭᠠᠨ ᠡᠳ᠋ᠯᠡᠬᠦ ᠳᠤ ᠴᠢᠩᠭ᠎ᠠ ᠪᠠᠲᠤᠯᠠᠭ᠎ᠠ ᠶᠢ ᠬᠠᠩᠭᠠᠵᠦ ᠦᠭᠬᠦᠨ᠎ᠠ᠃ ︵ᠲᠤᠯᠤᠭᠠᠶᠢᠯᠠᠬᠤ ᠨᠢᠭᠡᠴᠠ᠄ ᠲᠢᠶᠧ ᠲᠠ ᠺᠤᠮᠫᠠᠨᠢ᠂ ᠴᠢᠮᠡᠭᠡ ᠨᠡᠪᠳᠡᠷᠡᠯᠭᠡ ᠶᠢᠨ ᠪᠦᠳᠦᠭᠡᠨ ᠪᠠᠶᠢᠭᠤᠯᠣᠯᠳᠠ ᠶᠢ ᠬᠠᠮᠢᠶᠠᠷᠬᠤ ᠠᠯᠪᠠᠨ ᠭᠡᠷ᠂ ᠬᠠᠷᠢᠭᠤᠴᠠᠯᠭᠠᠲᠤ ᠨᠢᠭᠡᠴᠠ᠄  ᠴᠠᠬᠢᠯᠭᠠᠨ ᠬᠤᠯᠪᠤᠭ᠎ᠠ ᠶᠢ ᠡᠵᠡᠩᠨᠡᠵᠦ ᠪᠠᠶᠢᠭ᠎ᠠ ᠡᠯ᠎ᠠ ᠠᠵᠤ ᠠᠬᠤᠶᠢᠯᠠᠯ᠂ ᠷᠠᠳᠢᠤ᠋ ᠲᠧᠯᠸᠢᠰ ᠤᠨ ᠺᠤᠮᠫᠠᠨᠢ︶        ︵ᠭᠤᠷᠪᠠ︶ ᠨᠠᠶᠢᠭᠡᠮ ᠤᠨ ᠤᠯᠠᠨ ᠨᠠᠶᠢᠳᠠ ᠶᠢᠨ ᠡᠬᠢ ᠪᠠᠶᠠᠯᠢᠭ ᠤᠨ ᠨᠡᠭᠡᠭᠡᠯᠳᠡ ᠶᠢᠨ ᠬᠦᠴᠦᠯᠠᠴᠠ ᠶᠢ ᠨᠡᠮᠡᠭᠳᠡᠬᠦᠯᠦᠨ᠎ᠠ        4. ᠨᠠᠶᠢᠭᠡᠮ ᠨᠡᠶᠢᠳᠡ ᠳᠤ ᠵᠣᠷᠢᠭᠤᠯᠣᠭᠰᠠᠨ ᠰᠤᠪᠤᠷᠭ᠎ᠠ ︵ᠪᠠᠭᠠᠨ᠎ᠠ︶ ᠶᠢᠨ ᠡᠬᠢ ᠪᠠᠶᠠᠯᠢᠭ ᠤᠨ ᠨᠡᠭᠡᠭᠡᠯᠳᠡ ᠶᠢ ᠢᠳᠡᠪᠬᠢᠲᠡᠢ ᠠᠬᠢᠭᠤᠯᠤᠨ᠎ᠠ᠃ ᠠᠮᠤᠷ ᠲᠦᠪᠰᠢᠨ ᠢ ᠪᠠᠲᠤᠯᠠᠬᠤ᠂ ᠴᠢᠳᠠᠪᠬᠢ ᠶᠢ ᠪᠠᠲᠤᠯᠠᠬᠤ ᠪᠠ ᠰᠢᠨᠵᠢᠯᠠᠬᠦ ᠤᠬᠠᠭᠠᠨᠴᠢ ᠵᠦᠢ ᠵᠤᠬᠢᠰᠲᠡᠢ ᠪᠠᠶᠢᠷᠢᠯᠠᠭᠤᠯᠤᠭᠰᠠᠨ ᠤᠷᠢᠳᠠᠯ ᠲᠤᠤᠷ᠎ᠠ᠂ ᠵᠠᠮ ᠤᠨ ᠬᠡᠷᠡᠯᠳᠦᠬᠦᠯᠭᠡ ᠶᠢᠨ ᠪᠠᠭᠠᠨ᠎ᠠ᠂ ᠬᠢᠨ᠋ᠨᠨ ᠡᠵᠡᠮᠳᠡᠬᠦ ᠪᠠᠭᠠᠨ᠎ᠠ᠂ ᠴᠠᠬᠢᠯᠭᠠᠨ ᠬᠦᠴᠦᠨ ᠤ ᠪᠠᠭᠠᠨ᠎ᠠ      ︵ᠰᠤᠪᠤᠷᠭ᠎ᠠ︶᠂ ᠵᠠᠮ ᠬᠠᠷᠢᠯᠴᠠᠭᠠᠨ ᠤ ᠢᠯᠡᠷᠭᠡᠶᠢᠯᠠᠯ ᠤᠨ ᠫᠠᠶᠢᠰᠠ᠂ ᠵᠠᠷ ᠤᠨ ᠫᠠᠶᠢᠰᠠ ᠵᠡᠷᠭᠡ ᠤᠯᠠᠨ ᠨᠠᠶᠢᠳᠠ ᠶᠢᠨ ᠡᠬᠢ ᠪᠠᠶᠠᠯᠢᠭ ᠢ ᠨᠡᠭᠡᠭᠡᠬᠦ ᠶᠢ ᠢᠳᠡᠪᠬᠢᠲᠡᠢ ᠠᠬᠢᠭᠤᠯᠵᠦ᠂ 4G᠂ 5G ᠵᠢᠴᠢ NB-IOT ᠵᠡᠷᠭᠡ ᠪᠢᠴᠢᠯ ︵ᠵᠢᠵᠢᠭ︶ ᠰᠠᠭᠤᠷᠢ ᠦᠷᠳᠡᠭᠡ ᠶᠢᠨ ᠪᠦᠲᠤᠭᠡᠨ ᠪᠠᠶᠢᠭᠤᠯᠤᠯᠳᠠ ᠶᠢ ᠲᠠᠮᠵᠢᠨ᠎ᠠ᠃ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠲᠤᠨᠤᠭ ᠲᠦᠬᠦᠭᠡᠷᠤᠮᠵᠢ ᠶᠢ ᠡᠯᠬᠦᠵᠦ ᠲᠡᠶᠢᠯᠬᠦ ᠦᠭᠡᠢ ᠵᠠᠮ ᠤᠨ ᠬᠡᠷᠡᠯᠳᠦᠬᠦᠯᠭᠡ ᠶᠢᠨ  ᠪᠠᠭᠠᠨ᠎ᠠ᠂ ᠬᠢᠨ᠋ᠨᠨ ᠡᠵᠡᠮᠳᠡᠬᠦ ᠪᠠᠭᠠᠨ᠎ᠠ᠂ ᠴᠠᠬᠢᠯᠭᠠᠨ ᠬᠦᠴᠦᠨ ᠤ ᠪᠠᠭᠠᠨ᠎ᠠ ︵ᠰᠤᠪᠤᠷᠭ᠎ᠠ︶᠂ ᠵᠠᠮ ᠬᠠᠷᠢᠯᠴᠠᠭᠠᠨ ᠤ ᠢᠯᠡᠷᠭᠡᠶᠢᠯᠠᠯ ᠤᠨ ᠫᠠᠶᠢᠰᠠ᠂ ᠵᠠᠷ ᠤᠨ ᠫᠠᠶᠢᠰᠠ ᠵᠡᠷᠭᠡ ᠤᠯᠠᠨ ᠨᠠᠶᠢᠳᠠ ᠶᠢᠨ ᠡᠬᠢ ᠪᠠᠶᠠᠯᠢᠭ ᠢ ᠬᠤᠯᠪᠤᠭᠳᠠᠯ ᠪᠦᠬᠦᠢ ᠰᠠᠯᠠᠭ᠎ᠠ ᠮᠦᠴᠢᠷ ᠵᠢᠴᠢ ᠲᠤᠨᠤᠭ ᠲᠦᠬᠦᠭᠡᠷᠤᠮᠵᠢ ᠶᠢᠨ ᠦᠮᠴᠢᠯᠠᠯ ᠤᠨ ᠡᠷᠭᠡ ᠶᠢᠨ ᠨᠢᠭᠡᠴᠠ ᠪᠠᠷ ᠬᠢᠨ᠋ᠨᠨ ᠵᠦᠪᠰᠢᠶᠡᠷᠡᠬᠦᠯᠦᠭᠡᠳ᠂ ᠲᠢᠶᠧ ᠲᠠ ᠺᠤᠮᠫᠠᠨᠢ ᠵᠠᠰᠠᠨ ᠦᠭᠡᠷᠡᠴᠢᠯᠠᠬᠦ ᠪᠤᠶᠤ ᠤᠷᠤᠯᠠᠨ ᠪᠠᠶᠢᠭᠤᠯᠬᠤ ᠶᠢ ᠵᠤᠬᠢᠶᠠᠨ ᠪᠠᠶᠢᠭᠤᠯᠵᠦ᠂ ᠤᠤᠯ ᠤᠨ ᠪᠠᠶᠢᠭᠰᠠᠨ ᠴᠢᠳᠠᠪᠬᠢ  ᠨᠢ ᠨᠦᠯᠦᠭᠡᠯᠡᠭᠳᠡᠬᠦ ᠦᠭᠡᠢ ᠪᠠᠶᠢᠬᠤ ᠶᠢ ᠪᠠᠲᠤᠯᠠᠵᠦ᠂ ᠤᠷᠤᠯᠠᠨ ᠪᠠᠶᠢᠭᠤᠯᠤᠭᠰᠠᠨ ᠦᠮᠴᠢᠯᠠᠯ ᠤᠨ ᠡᠷᠭᠡ ᠶᠢᠨ ᠬᠠᠷᠢᠶᠠᠯᠠᠯ ᠢ ᠤᠤᠯ ᠤᠨ ᠦᠮᠴᠢᠯᠠᠯ ᠤᠨ ᠡᠷᠭᠡ ᠶᠢᠨ ᠲᠠᠯ᠎ᠠ ᠬᠢᠭᠡᠳ ᠪᠦᠲᠤᠭᠡᠨ ᠪᠠᠶᠢᠭᠤᠯᠬᠤ ᠲᠠᠯ᠎ᠠ ᠶᠢᠨ ᠬᠢᠨ ᠵᠦᠪᠳᠡᠯᠴᠠᠨ ᠲᠤᠭᠳᠠᠭᠠᠨ᠎ᠠ᠃ ︵ᠲᠤᠯᠤᠭᠠᠶᠢᠯᠠᠬᠤ ᠨᠢᠭᠡᠴᠠ᠄ ᠲᠢᠶᠧ ᠲᠠ ᠺᠤᠮᠫᠠᠨᠢ᠂ ᠬᠠᠷᠢᠭᠤᠴᠠᠯᠭᠠᠲᠤ ᠨᠢᠭᠡᠴᠠ᠄ ᠠᠶᠢᠮᠠᠭ ᠤᠨ ᠲᠤᠲᠤᠭᠠᠲᠤ ᠶᠢ ᠬᠠᠮᠠᠭᠠᠯᠠᠬᠤ ᠲᠤᠪᠴᠢᠶ᠎ᠠ᠂ ᠤᠷᠤᠨ ᠰᠠᠭᠤᠴᠠ ᠶᠢᠨ ᠪᠦᠲᠤᠭᠡᠨ ᠪᠠᠶᠢᠭᠤᠯᠤᠯᠳᠠ ᠶᠢᠨ ᠲᠤᠪᠴᠢᠶ᠎ᠠ᠂ ᠵᠠᠮ ᠬᠠᠷᠢᠯᠴᠠᠭ᠎ᠠ ᠲᠡᠭᠡᠭᠡᠪᠤᠷᠢ ᠶᠢᠨ ᠲᠤᠪᠴᠢᠶ᠎ᠠ᠂ ᠠᠮᠢ ᠠᠬᠤᠢ ᠶᠢᠨ ᠤᠷᠴᠢᠨ ᠲᠤᠭᠤᠷᠢᠨ ᠤ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠴᠠᠬᠢᠯᠭᠠᠨ ᠦᠢᠯᠡᠰ ᠤᠨ ᠲᠤᠪᠴᠢᠶ᠎ᠠ᠂ ᠴᠢᠮᠡᠭᠡ ᠨᠡᠪᠳᠡᠷᠡᠯᠭᠡ ᠶᠢᠨ  ᠪᠦᠳᠦᠭᠡᠨ ᠪᠠᠶᠢᠭᠤᠯᠣᠯᠳᠠ ᠶᠢ ᠬᠠᠮᠢᠶᠠᠷᠬᠤ ᠠᠯᠪᠠᠨ ᠭᠡᠷ᠂  ᠴᠠᠬᠢᠯᠭᠠᠨ ᠬᠤᠯᠪᠤᠭ᠎ᠠ ᠶᠢ ᠡᠵᠡᠩᠨᠡᠵᠦ ᠪᠠᠶᠢᠭ᠎ᠠ ᠡᠯ᠎ᠠ ᠠᠵᠤ ᠠᠬᠤᠶᠢᠯᠠᠯ ᠵᠡᠷᠭᠡ︶        5. ᠤᠯᠠᠨ ᠨᠠᠶᠢᠳᠠ ᠶᠢᠨ ᠲᠤᠨᠤᠭ ᠲᠦᠬᠦᠭᠡᠷᠤᠮᠵᠢ ᠶᠢᠨ ᠨᠡᠭᠡᠭᠡᠯᠳᠡ ᠶᠢᠨ ᠬᠦᠴᠦᠯᠠᠴᠠ ᠶᠢ ᠨᠡᠮᠡᠭᠳᠡᠬᠦᠯᠵᠦ᠂ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠠᠭᠤᠷᠢ ᠲᠦᠬᠦᠭᠡᠷᠤᠮᠵᠢ ᠵᠢᠴᠢ ᠲᠦᠬᠦᠷᠵᠢᠬᠦᠯᠦᠭᠰᠡᠨ ᠲᠤᠨᠤᠭ ᠲᠦᠬᠦᠭᠡᠷᠤᠮᠵᠢ ᠶᠢᠨ ᠪᠦᠲᠤᠭᠡᠨ ᠪᠠᠶᠢᠭᠤᠯᠤᠯᠳᠠ ᠶᠢ ᠲᠠᠮᠵᠢᠨ᠎ᠠ᠃ ᠬᠠᠤᠯᠢ ᠴᠠᠭᠠᠵᠠ ᠬᠠᠤᠯᠢ ᠲᠦᠷᠢᠮ ᠪᠠ ᠬᠦᠭᠵᠢᠯᠳᠡ ᠶᠢᠨ ᠶᠠᠷᠤᠩᠭᠡᠢ ᠲᠦᠯᠦᠪᠵᠢᠬᠦᠯᠭᠡ ᠶᠢᠨ ᠵᠦᠪᠰᠢᠶᠠᠷᠡᠯ ᠤᠨ ᠭᠡᠪᠴᠢᠶᠠᠨ ᠲᠤᠲᠤᠷ᠎ᠠ᠂ ᠵᠠᠰᠠᠭ ᠤᠨ ᠤᠷᠲᠤᠨ ᠤ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠠ᠂ ᠤᠯᠠᠨ ᠨᠠᠶᠢᠳᠡ ᠶᠢᠨ ᠪᠠᠶᠢᠭᠤᠯᠤᠮᠵᠢ ᠵᠡᠷᠭᠡ ᠬᠠᠷᠢᠶ᠎ᠠ ᠪᠦᠬᠦᠢ ᠤᠯᠠᠨ ᠨᠠᠶᠢᠳᠠ ᠶᠢᠨ ᠲᠤᠨᠤᠭ ᠲᠦᠬᠦᠭᠡᠷᠤᠮᠵᠢ ᠶᠢᠨ ᠡᠬᠢ ᠪᠠᠶᠠᠯᠢᠭ ᠢ ᠬᠠᠮᠤᠭ  ᠤᠨ ᠶᠡᠭᠡ ᠭᠡᠮᠵᠢᠶ᠎ᠠ ᠪᠠᠷ ᠨᠡᠭᠡᠭᠡᠵᠦ᠂ ᠡᠬᠦᠨ ᠳᠤ ᠬᠠᠮᠢᠶᠠᠷᠤᠭᠴᠢ ᠠᠵᠢᠯᠳᠠᠨ ᠦᠨ᠎ᠠ ᠲᠦᠯᠦᠪᠤᠷᠢ ᠦᠭᠡᠢ ᠪᠠᠷ ᠴᠠᠬᠢᠯᠭᠠᠨ ᠬᠤᠯᠪᠤᠭ᠎ᠠ ᠶᠢᠨ ᠲᠤᠨᠤᠭ ᠲᠦᠬᠦᠭᠡᠷᠤᠮᠵᠢ ᠶᠢᠨ ᠪᠠᠶᠢᠭᠤᠯᠤᠯᠳᠠ ᠳᠤ ᠴᠢᠬᠤᠯᠨ ᠪᠦᠬᠦᠢ ᠲᠠᠯᠠᠪᠤᠷ ᠪᠠ ᠤᠷᠤᠬᠤ ᠳᠤ ᠲᠦᠬᠦᠮ ᠪᠤᠯᠬᠤ ᠨᠦᠬᠦᠴᠠᠯ ᠢ ᠬᠠᠩᠭᠠᠨ᠎ᠠ᠃  ︵ᠲᠤᠯᠤᠭᠠᠶᠢᠯᠠᠬᠤ ᠨᠢᠭᠡᠴᠠ᠄ ᠪᠠᠶᠢᠭᠤᠯᠤᠯᠭ᠎ᠠ ᠶᠢᠨ ᠶᠠᠪᠤᠳᠠᠯ ᠤᠨ ᠲᠤᠪᠴᠢᠶ᠎ᠠ᠂ ᠤᠷᠤᠨ ᠰᠠᠭᠤᠴᠠ ᠶᠢᠨ ᠪᠦᠲᠤᠭᠡᠨ ᠪᠠᠶᠢᠭᠤᠯᠤᠯᠳᠠ ᠶᠢᠨ ᠲᠤᠪᠴᠢᠶ᠎ᠠ᠂ ᠰᠤᠷᠭᠠᠨ ᠬᠦᠮᠦᠵᠢᠯ ᠪᠠᠶ᠎ᠠ ᠶᠢᠨ ᠲᠠᠮᠢᠷ ᠤᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠴᠢᠮᠡᠭᠡ ᠨᠡᠪᠳᠡᠷᠡᠯᠭᠡ ᠶᠢᠨ ᠪᠦᠳᠦᠭᠡᠨ ᠪᠠᠶᠢᠭᠤᠯᠣᠯᠳᠠ ᠶᠢ ᠬᠠᠮᠢᠶᠠᠷᠬᠤ ᠠᠯᠪᠠᠨ ᠭᠡᠷ᠂ ᠬᠠᠷᠢᠭᠤᠴᠠᠯᠭᠠᠲᠤ ᠨᠢᠭᠡᠴᠠ᠄ ᠡᠯ᠎ᠠ ᠬᠤᠰᠢᠭᠤᠨ ᠤ ᠠᠷᠠᠳ  ᠤᠨ ᠵᠠᠰᠠᠭ ᠤᠨ ᠤᠷᠲᠤᠨ᠂ ᠨᠡᠭᠡᠭᠡᠯᠳᠡ ᠶᠢᠨ ᠤᠷᠤᠨ᠂ ᠵᠢᠱᠢᠶ᠎ᠠ ᠦᠵᠠᠬᠦᠯᠬᠦ ᠲᠤᠭᠤᠷᠢᠭ ᠤᠨ ᠬᠠᠮᠢᠶᠠᠷᠤᠯᠳᠠ ᠶᠢᠨ ᠵᠦᠪᠯᠠᠯ᠂ ᠠᠶᠢᠮᠠᠭ ᠤᠨ ᠰᠢᠭᠤᠳ ᠬᠠᠷᠢᠶ᠎ᠠ ᠡᠯ᠎ᠠ ᠰᠠᠯᠠᠭ᠎ᠠ ᠮᠦᠴᠢᠷ᠂ ᠡᠯ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠠ︶        ︵ᠲᠦᠷᠪᠠ︶ ᠤᠷᠤᠨ ᠰᠠᠭᠤᠴᠠ ᠶᠢᠨ ᠲᠤᠭᠤᠷᠢᠭ ᠵᠢᠴᠢ ᠬᠤᠳᠠᠯᠲᠤᠭᠠᠨ ᠤ ᠤᠷᠤᠨ ᠰᠠᠭᠤᠴᠠ ᠶᠢᠨ ᠠᠰᠠᠷ ᠤᠨ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠲᠦᠬᠦᠷᠵᠢᠬᠦᠯᠦᠭᠰᠡᠨ ᠲᠤᠨᠤᠭ ᠲᠦᠬᠦᠭᠡᠷᠤᠮᠵᠢ ᠶᠢᠨ ᠪᠠᠶᠢᠭᠤᠯᠤᠯᠳᠠ ᠶᠢᠨ ᠬᠠᠮᠢᠶᠠᠷᠤᠯᠳᠠ ᠶᠢ ᠲᠦᠷᠢᠮᠵᠢᠬᠦᠯᠦᠨ᠎ᠠ        6. ᠤᠷᠤᠨ ᠰᠠᠭᠤᠴᠠ ᠶᠢᠨ ᠲᠤᠭᠤᠷᠢᠭ ᠵᠢᠴᠢ ᠬᠤᠳᠠᠯᠲᠤᠭᠠᠨ ᠤ ᠤᠷᠤᠨ ᠰᠠᠭᠤᠴᠠ ᠶᠢᠨ ᠠᠰᠠᠷ ᠤᠨ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠲᠦᠬᠦᠷᠵᠢᠬᠦᠯᠦᠭᠰᠡᠨ ᠲᠤᠨᠤᠭ ᠲᠦᠬᠦᠭᠡᠷᠤᠮᠵᠢ ᠶᠢᠨ ᠪᠠᠶᠢᠭᠤᠯᠤᠯᠳᠠ ᠶᠢ ᠲᠦᠷᠢᠮᠵᠢᠬᠦᠯᠦᠨ᠎ᠠ᠃ ᠤᠷᠤᠨ ᠰᠠᠭᠤᠴᠠ ᠶᠢᠨ ᠲᠤᠭᠤᠷᠢᠭ ᠵᠢᠴᠢ ᠬᠤᠳᠠᠯᠲᠤᠭᠠᠨ ᠤ ᠤᠷᠤᠨ ᠰᠠᠭᠤᠴᠠ ᠶᠢᠨ ᠠᠰᠠᠷ  ᠤᠨ ᠪᠦᠬᠦᠯᠢ ᠴᠤᠭᠴᠠ ᠶᠢᠨ ᠪᠦᠲᠤᠭᠡᠨ ᠪᠠᠶᠢᠭᠤᠯᠤᠯᠳᠠ ᠶᠢᠨ ᠶᠠᠪᠤᠴᠠ ᠳᠤ᠂ ᠭᠡᠷᠡᠯ ᠤᠨ ᠰᠢᠷᠭᠡᠭ ᠢ ᠡᠷᠤᠭᠡ ᠳᠤ ᠤᠷᠤᠭᠤᠯᠬᠤ ᠤᠯᠤᠰ ᠤᠨ ᠪᠠᠷᠢᠮᠵᠢᠶ᠎ᠠ ᠶᠢ ᠴᠢᠩᠭ᠎ᠠ ᠭᠡᠷᠡᠭᠵᠢᠬᠦᠯᠵᠦ᠂ ᠨᠡᠭᠡᠭᠡᠨ ᠬᠦᠭᠵᠢᠬᠦᠯᠵᠦ ᠪᠦᠲᠤᠭᠡᠨ ᠪᠠᠶᠢᠭᠤᠯᠬᠤ ᠨᠢᠭᠡᠴᠡ ᠨᠢ ᠤᠷᠤᠨ ᠰᠠᠭᠤᠴᠠ ᠶᠢᠨ ᠲᠤᠭᠤᠷᠢᠭ ᠵᠢᠴᠢ ᠬᠤᠳᠠᠯᠲᠤᠭᠠᠨ ᠤ ᠤᠷᠤᠨ ᠰᠠᠭᠤᠴᠠ ᠶᠢᠨ ᠠᠰᠠᠷ ᠤᠨ ᠭᠡᠷᠡᠯ ᠤᠨ ᠰᠢᠷᠭᠡᠭ ᠢ ᠡᠷᠤᠭᠡ ᠳᠤ ᠤᠷᠤᠭᠤᠯᠬᠤ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠲᠤᠨᠤᠭ ᠲᠦᠬᠦᠭᠡᠷᠤᠮᠵᠢ ᠶᠢ ᠬᠠᠮᠲᠤ ᠳᠤᠨᠢ ᠪᠠᠶᠢᠭᠤᠯᠵᠦ᠂  ᠭᠡᠷᠡᠭᠰᠡᠬᠦ ᠪᠠᠯᠨ ᠤᠷᠤᠭᠤᠯᠤᠯᠳᠠ ᠶᠢ ᠲᠦᠷᠦᠯ ᠵᠦᠢᠯ ᠤᠨ ᠪᠦᠲᠤᠭᠡᠨ ᠪᠠᠶᠢᠭᠤᠯᠤᠯᠳᠠ ᠶᠢᠨ ᠦᠪᠠᠷ ᠤᠨ ᠦᠷᠳᠡᠭ ᠲᠤ ᠤᠷᠤᠭᠤᠯᠤᠨ᠎ᠠ᠃ ᠰᠢᠨ᠎ᠠ ᠪᠠᠷ ᠪᠠᠶᠢᠭᠤᠯᠵᠦ ᠪᠠᠶᠢᠭ᠎ᠠ ᠤᠷᠤᠨ ᠰᠠᠭᠤᠴᠠ ᠶᠢᠨ ᠲᠤᠭᠤᠷᠢᠭ ᠵᠢᠴᠢ ᠬᠤᠳᠠᠯᠲᠤᠭᠠᠨ ᠤ ᠤᠷᠤᠨ ᠰᠠᠭᠤᠴᠠ ᠶᠢᠨ ᠠᠰᠠᠷ ᠤᠨ ᠴᠢᠮᠡᠭᠡ ᠨᠡᠪᠳᠡᠷᠡᠯᠭᠡ ᠶᠢᠨ ᠵᠠᠮ ᠱᠣᠭᠤᠮ᠂ ᠠᠰᠠᠷ ᠤᠨ ᠲᠤᠲᠤᠷᠠᠬᠢ ᠭᠡᠷᠡᠯ ᠤᠨ ᠰᠢᠷᠭᠡᠭ᠂ ᠲᠤᠨᠤᠭ ᠲᠦᠬᠦᠭᠡᠷᠤᠮᠵᠢ ᠶᠢᠨ ᠲᠠᠰᠤᠭ ᠵᠡᠷᠭᠡ ᠴᠢᠮᠡᠭᠡ ᠨᠡᠪᠳᠡᠷᠡᠯᠭᠡ ᠶᠢᠨ ᠲᠦᠬᠦᠷᠵᠢᠬᠦᠯᠦᠭᠰᠡᠨ ᠲᠤᠨᠤᠭ ᠲᠦᠬᠦᠭᠡᠷᠤᠮᠵᠢ ᠨᠢ ᠴᠠᠬᠢᠯᠭᠠᠨ ᠬᠤᠯᠪᠤᠭ᠎ᠠ  ᠶᠢ ᠡᠵᠡᠩᠨᠡᠵᠦ ᠪᠠᠶᠢᠭ᠎ᠠ ᠤᠯᠠᠨ ᠠᠵᠤ ᠠᠬᠤᠶᠢᠯᠠᠯ ᠤᠨ ᠬᠠᠮᠲᠤ ᠪᠠᠷ ᠡᠳ᠋ᠯᠠᠵᠦ ᠭᠡᠷᠡᠭᠯᠡᠬᠦ ᠭᠡᠷᠡᠭᠴᠡᠭᠡ ᠶᠢ ᠬᠠᠩᠭᠠᠵᠦ᠂   ᠬᠡᠷᠡᠭᠴᠡᠭᠡ ᠦᠬᠡᠢ ᠲᠠᠪᠳᠠᠨ ᠪᠠᠶᠢᠭᠤᠯᠬᠤ ᠠᠵᠢᠯ ᠢ ᠪᠠᠭᠠᠰᠬᠭᠠᠵᠦ᠂ ᠬᠠᠭᠤᠴᠢᠨ ᠤᠷᠤᠨ ᠰᠠᠭᠤᠴᠠ ᠶᠢᠨ ᠲᠤᠭᠤᠷᠢᠭ ᠵᠢᠴᠢ ᠬᠤᠳᠠᠯᠲᠤᠭᠠᠨ ᠤ ᠤᠷᠤᠨ ᠰᠠᠭᠤᠴᠠ ᠶᠢᠨ ᠠᠰᠠᠷ ᠡᠷᠭᠡᠪᠰᠢ ᠪᠤᠳᠠᠲᠠᠢ ᠭᠡᠷᠡᠭᠴᠡᠭᠡ ᠱᠠᠭᠠᠷᠳᠠᠯᠭ᠎ᠠ ᠲᠠᠢ ᠪᠠᠨ ᠤᠶᠠᠯᠲᠤᠭᠤᠯᠵᠦ᠂ ᠵᠠᠰᠠᠨ ᠦᠭᠡᠷᠡᠴᠢᠯᠡᠬᠦ ᠶᠢ ᠠᠯᠬᠤᠮ ᠠᠯᠬᠤᠮ ᠢᠶᠠᠷ ᠲᠡᠭᠡᠭᠰᠢᠯᠡᠬᠦᠯᠵᠦ᠂ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠠᠭᠤᠷᠢ ᠲᠦᠬᠦᠭᠡᠷᠤᠮᠵᠢ ᠶᠢ ᠰᠢᠯᠢᠳᠡᠭᠵᠢᠬᠦᠯᠵᠦ᠂ ᠭᠡᠷᠡᠭᠯᠡᠭᠡᠨ ᠤ ᠡᠷᠤᠭᠡ ᠶᠢᠨ ᠴᠠᠬᠢᠯᠭᠠᠨ ᠬᠤᠯᠪᠤᠭ᠎ᠠ ᠶᠢᠨ ᠲᠤᠬᠠᠶᠢᠯᠠᠭᠰᠠᠨ ᠠᠵᠢᠯ ᠢ ᠴᠢᠯᠤᠭᠡᠲᠡᠢ ᠰᠤᠩᠭᠤᠬᠤ ᠡᠷᠭᠡ ᠪᠠ ᠮᠡᠳᠡᠭᠡ ᠵᠠᠩᠬᠢ ᠴᠢᠮᠡᠭᠡ ᠨᠡᠪᠳᠡᠷᠡᠯᠭᠡ  ᠶᠢᠨ ᠲᠤᠬᠠᠶᠢᠯᠠᠭᠰᠠᠨ ᠠᠵᠢᠯ ᠤᠨ ᠦᠢᠯᠡᠴᠢᠯᠡᠭᠡ ᠶᠢ ᠡᠷᠭᠡ ᠲᠡᠭᠰᠢ ᠬᠦᠷᠳᠡᠬᠦ ᠶᠢ ᠪᠠᠲᠤᠯᠠᠨ᠎ᠠ᠃ ᠨᠡᠭᠡᠭᠡᠨ ᠬᠦᠭᠵᠢᠬᠦᠯᠵᠦ ᠪᠦᠲᠤᠭᠡᠨ ᠪᠠᠶᠢᠭᠤᠯᠬᠤ ᠨᠢᠭᠡᠴᠠ᠂ ᠠᠳᠠᠯ ᠠᠬᠤᠢ ᠶᠢᠨ ᠦᠢᠯᠠᠴᠢᠯᠡᠭᠡᠨ ᠤ ᠠᠵᠤ ᠠᠬᠤᠶᠢᠯᠠᠯ᠂ ᠬᠤᠳᠠᠯᠲᠤᠭᠠᠨ ᠤ ᠤᠷᠤᠨ ᠰᠠᠭᠤᠴᠠ ᠶᠢᠨ ᠠᠰᠠᠷ ᠤᠨ ᠦᠮᠴᠢᠯᠠᠯ ᠤᠨ ᠡᠷᠭᠡᠳᠠᠨ ᠵᠢᠴᠢ ᠨᠠᠶᠢᠳᠠᠭᠰᠠᠨ ᠤᠷᠤᠯᠠᠭᠴᠢ  ᠨᠢ ᠤᠷᠤᠨ ᠰᠠᠭᠤᠴᠠ ᠶᠢᠨ ᠲᠤᠭᠤᠷᠢᠭ ᠵᠢᠴᠢ ᠬᠤᠳᠠᠯᠲᠤᠭᠠᠨ ᠤ ᠤᠷᠤᠨ ᠰᠠᠭᠤᠴᠠ ᠶᠢᠨ ᠲᠤᠭᠤᠷᠢᠭ ᠤᠨ ᠭᠡᠷᠡᠯ  ᠤᠨ ᠰᠢᠷᠭᠡᠭ ᠲᠠᠳᠠᠨ ᠤᠷᠤᠭᠤᠯᠬᠤ ᠶᠢ ᠵᠠᠰᠠᠨ ᠦᠭᠡᠷᠡᠴᠢᠯᠡᠬᠦ ᠪᠠ ᠤᠳᠠᠰᠤ ᠦᠭᠡᠢ ᠰᠦᠯᠵᠢᠶᠠᠨ ᠤ ᠪᠦᠷᠬᠦᠴᠠ ᠶᠢᠨ ᠪᠠᠶᠢᠭᠤᠯᠤᠯᠳᠠ ᠶᠢᠨ ᠶᠠᠪᠤᠴᠠ ᠳᠤ᠂ ᠴᠠᠬᠢᠯᠭᠠᠨ ᠬᠤᠯᠪᠤᠭ᠎ᠠ ᠶᠢᠨ ᠲᠤᠬᠠᠶᠢᠯᠠᠭᠰᠠᠨ ᠠᠵᠢᠯ ᠤᠨ ᠡᠵᠡᠩᠨᠡᠭᠴᠢ ᠳᠤ ᠨᠢᠭᠡᠨᠳᠡ ᠪᠠᠶᠢᠭ᠎ᠠ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠠᠭᠤᠷᠢ ᠲᠦᠬᠦᠭᠡᠷᠤᠮᠵᠢ ᠵᠢᠴᠢ ᠳᠦᠭᠦᠷᠵᠢᠬᠦᠯᠦᠭᠰᠡᠨ ᠲᠤᠨᠤᠭ ᠲᠦᠬᠦᠭᠡᠷᠤᠮᠵᠢ ᠶᠢ ᠦᠨ᠎ᠠ ᠲᠦᠯᠦᠪᠤᠷᠢ ᠦᠭᠡᠢ ᠪᠠᠷ ᠴᠢᠯᠦᠭᠡᠲᠡᠢ ᠨᠡᠭᠡᠭᠡᠵᠦ᠂ ᠢᠨᠵᠧᠨᠧᠷᠢᠩ ᠢ ᠭᠡᠷᠡᠭᠵᠢᠬᠦᠯᠬᠦ ᠪᠠ ᠰᠠᠯᠪᠢᠨ ᠵᠠᠰᠠᠵᠦ ᠬᠠᠮᠠᠭᠠᠯᠠᠬᠤ ᠳᠤ ᠲᠦᠬᠦᠮ ᠨᠦᠬᠦᠴᠡᠯ ᠢ ᠬᠠᠩᠭᠠᠵᠦ᠂ ᠵᠠᠰᠠᠨ ᠦᠭᠡᠷᠡᠴᠢᠯᠡᠬᠦ ᠠᠵᠢᠯ ᠢ ᠬᠠᠷᠰᠢᠯᠠᠵᠦ ᠪᠤᠯᠬᠤ ᠦᠭᠡᠢ᠂ ᠲᠠᠯᠠᠪᠤᠷ ᠲᠤ ᠤᠷᠤᠵᠦ ᠠᠵᠢᠯᠯᠠᠬᠤ ᠬᠤᠯᠪᠤᠭᠳᠠᠯ ᠪᠦᠬᠦᠢ ᠠᠵᠢᠯ ᠤᠨ ᠰᠦᠢᠳᠭᠡᠯ ᠢ ᠬᠤᠷᠢᠶᠠᠵᠦ ᠪᠤᠯᠬᠤ ᠦᠭᠡᠢ᠂ ᠠᠯᠪᠠᠳᠠᠯᠭ᠎ᠠ ᠪᠠᠷ ᠭᠡᠷᠡᠭᠯᠡᠭᠴᠢᠳ ᠢᠶᠠᠷ ᠲᠤᠭᠳᠠᠭᠰᠠᠨ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠦᠢᠯᠠᠴᠢᠯᠡᠭᠡ ᠶᠢ ᠬᠦᠯᠢᠶᠠᠨ ᠠᠪᠤᠭᠤᠯᠬᠤ ᠶᠢᠨ ᠬᠠᠮᠲᠤ ᠰᠦᠢᠳᠭᠡᠯ ᠬᠤᠷᠢᠶᠠᠵᠦ ᠪᠤᠯᠬᠤ ᠦᠭᠡᠢ᠃  ︵ᠲᠤᠯᠤᠭᠠᠶᠢᠯᠠᠬᠤ ᠨᠢᠭᠡᠴᠠ᠄ ᠠᠶᠢᠮᠠᠭ ᠤᠨ ᠤᠷᠤᠨ ᠰᠠᠭᠤᠴᠠ ᠶᠢᠨ ᠪᠦᠲᠤᠭᠡᠨ ᠪᠠᠶᠢᠭᠤᠯᠤᠯᠳᠠ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠬᠠᠷᠢᠭᠤᠴᠠᠯᠭᠠᠲᠤ ᠨᠢᠭᠡᠴᠠ᠄ ᠡᠯ᠎ᠠ ᠬᠤᠰᠢᠭᠤᠨ ᠤ ᠠᠷᠠᠳ ᠤᠨ ᠵᠠᠰᠠᠭ ᠤᠨ ᠤᠷᠲᠤᠨ᠂ ᠨᠡᠭᠡᠭᠡᠯᠳᠡ ᠶᠢᠨ ᠤᠷᠤᠨ᠂ ᠵᠢᠱᠢᠶ᠎ᠠ ᠦᠵᠠᠬᠦᠯᠬᠦ ᠲᠤᠭᠤᠷᠢᠭ ᠤᠨ ᠬᠠᠮᠢᠶᠠᠷᠤᠯᠳᠠ ᠶᠢᠨ ᠵᠦᠪᠯᠠᠯ᠂  ᠴᠢᠮᠡᠭᠡ ᠨᠡᠪᠳᠡᠷᠡᠯᠭᠡ ᠶᠢᠨ ᠪᠦᠳᠦᠭᠡᠨ ᠪᠠᠶᠢᠭᠤᠯᠣᠯᠳᠠ ᠶᠢ ᠬᠠᠮᠢᠶᠠᠷᠬᠤ ᠠᠯᠪᠠᠨ ᠭᠡᠷ᠂ ᠲᠢᠶᠧ ᠲᠠ ᠺᠤᠮᠫᠠᠨᠢ᠂ ᠴᠠᠬᠢᠯᠭᠠᠨ ᠬᠤᠯᠪᠤᠭ᠎ᠠ ᠶᠢ ᠡᠵᠡᠩᠨᠡᠵᠦ ᠪᠠᠶᠢᠭ᠎ᠠ ᠡᠯ᠎ᠠ ᠠᠵᠤ ᠠᠬᠤᠶᠢᠯᠠᠯ︶        7. ᠭᠡᠷᠡᠯ ᠤᠨ ᠰᠢᠷᠭᠡᠭ ᠢ ᠡᠷᠤᠭᠡ ᠳᠤ ᠤᠷᠤᠭᠤᠯᠬᠤ ᠢᠨᠵᠧᠨᠧᠷᠢᠩ ᠤᠨ ᠶᠠᠰᠤ ᠴᠢᠨᠠᠷ ᠤᠨ ᠬᠢᠨ᠋ᠨᠨ ᠬᠠᠮᠢᠶᠠᠷᠤᠯᠳᠠ ᠶᠢ ᠴᠢᠩᠭᠠᠳᠬᠠᠨ᠎ᠠ᠃ ᠤᠷᠤᠨ ᠰᠠᠭᠤᠴᠠ ᠶᠢᠨ ᠪᠦᠲᠤᠭᠡᠨ ᠪᠠᠶᠢᠭᠤᠯᠤᠯᠳᠠ ᠶᠢᠨ ᠰᠠᠯᠠᠭ᠎ᠠ ᠮᠦᠴᠢᠷ᠂ ᠴᠠᠬᠢᠯᠭᠠᠨ ᠬᠤᠯᠪᠤᠭ᠎ᠠ ᠶᠢᠨ ᠠᠵᠢᠯ ᠲᠦᠷᠦᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠭᠡᠷᠡᠯ ᠤᠨ ᠰᠢᠷᠭᠡᠭ ᠢ ᠡᠷᠤᠭᠡ ᠳᠤ ᠤᠷᠤᠭᠤᠯᠬᠤ ᠢᠨᠵᠧᠨᠧᠷᠢᠩ ᠤᠨ ᠠᠵᠢᠯᠯᠠᠭᠠᠨ ᠤ ᠵᠢᠷᠤᠭ ᠢ ᠬᠢᠨ᠋ᠨᠨ ᠪᠠᠶᠢᠴᠠᠭᠠᠬᠤ ᠬᠢᠷᠢ ᠳᠡᠩᠴᠡᠭᠰᠡᠨ ᠡᠰᠡᠬᠦ ᠶᠢ ᠪᠠᠶᠢᠴᠠᠭᠠᠬᠤ ᠪᠠ ᠠᠵᠢᠯ ᠤᠨ ᠶᠠᠪᠤᠴᠠ ᠳᠠᠬᠢ ᠶᠠᠰᠤ ᠴᠢᠨᠠᠷ ᠪᠠ ᠠᠵᠢᠯ ᠲᠠᠭᠤᠰᠴᠦ ᠬᠤᠷᠢᠶᠠᠨ ᠰᠢᠯᠭᠠᠬᠤ ᠡᠯ᠎ᠠ ᠭᠤᠭᠴᠤᠭᠠᠨ ᠳᠤ ᠬᠢᠨᠠᠯᠳᠠ ᠲᠠᠯᠪᠢᠵᠦ ᠬᠠᠮᠢᠶᠠᠷᠬᠤ ᠠᠵᠢᠯ ᠢ ᠦᠷᠨᠢᠬᠦᠯᠵᠦ᠂ ᠭᠡᠷᠡᠯ ᠤᠨ ᠰᠢᠷᠭᠡᠭ ᠢ ᠡᠷᠤᠭᠡ ᠳᠤ ᠤᠷᠤᠭᠤᠯᠬᠤ ᠢᠨᠵᠧᠨᠧᠷᠢᠩ ᠨᠢ ᠵᠢᠷᠤᠭ ᠲᠦᠯᠦᠪᠯᠡᠭᠡ ᠵᠢᠴᠢ ᠬᠤᠯᠪᠤᠭᠳᠠᠯ ᠪᠦᠬᠦᠢ ᠪᠠᠷᠢᠮᠵᠢᠶ᠎ᠠ ᠲᠦᠷᠢᠮᠵᠢᠯ ᠳᠤ ᠨᠡᠶᠢᠴᠡᠭᠰᠡᠨ ᠪᠠᠶᠢᠬᠤ ᠶᠢ ᠪᠠᠲᠤᠯᠠᠨ᠎ᠠ᠃ ᠤᠷᠤᠨ ᠰᠠᠭᠤᠴᠠ ᠶᠢᠨ ᠲᠤᠭᠤᠷᠢᠭ ᠵᠢᠴᠢ ᠬᠤᠳᠠᠯᠲᠤᠭᠠᠨ ᠤ ᠤᠷᠤᠨ ᠰᠠᠭᠤᠴᠠ ᠶᠢᠨ ᠠᠰᠠᠷ ᠤᠨ ᠭᠡᠷᠡᠯ ᠤᠨ ᠰᠢᠷᠭᠡᠭ ᠢ ᠡᠷᠤᠭᠡ ᠳᠤ ᠤᠷᠤᠭᠤᠯᠬᠤ ᠢᠨᠵᠧᠨᠧᠷᠢᠩ ᠤᠨ ᠠᠵᠢᠯ ᠲᠠᠭᠤᠰᠤᠭᠰᠠᠨ ᠤ ᠬᠤᠶᠢᠨ᠎ᠠ᠂ ᠨᠡᠭᠡᠭᠡᠨ ᠬᠦᠭᠵᠢᠬᠦᠯᠵᠦ ᠪᠦᠲᠤᠭᠡᠨ ᠪᠠᠶᠢᠭᠤᠯᠵᠦ ᠪᠠᠶᠢᠭ᠎ᠠ ᠨᠢᠭᠡᠴᠠ ᠨᠢ ᠭᠡᠷᠡᠯ ᠤᠨ ᠰᠢᠷᠭᠡᠭ ᠢ ᠡᠷᠤᠭᠡ ᠳᠤ ᠤᠷᠤᠭᠤᠯᠬᠤ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠲᠤᠨᠤᠭ ᠲᠦᠬᠦᠭᠡᠷᠤᠮᠵᠢ ᠶᠢᠨ ᠬᠤᠷᠢᠶᠠᠨ ᠰᠢᠯᠭᠠᠬᠤ ᠠᠵᠢᠯ ᠢ ᠴᠠᠭ ᠲᠤᠬᠠᠢ ᠳᠤᠨᠢ ᠦᠷᠨᠢᠬᠦᠯᠵᠦ᠂ ᠴᠠᠬᠢᠯᠭᠠᠨ ᠬᠤᠯᠪᠤᠭ᠎ᠠ  ᠶᠢᠨ ᠠᠵᠢᠯ ᠲᠦᠷᠦᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠬᠢᠨ᠋ᠨᠨ ᠬᠠᠮᠢᠶᠠᠷᠬᠤ ᠰᠠᠯᠠᠭ᠎ᠠ ᠮᠦᠴᠢᠷ  ᠤᠨ ᠬᠤᠪᠢ ᠪᠠᠷ ᠲᠤᠰᠬᠠᠢ ᠲᠦᠷᠦᠯ ᠤᠨ ᠰᠢᠯᠭᠠᠨ ᠬᠤᠷᠢᠶᠠᠬᠤ ᠠᠵᠢᠯ ᠳᠤ ᠤᠷᠤᠯᠴᠠᠨ᠎ᠠ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠡᠷᠭᠡᠪᠰᠢ ᠤᠷᠤᠨ ᠰᠠᠭᠤᠴᠠ ᠶᠢᠨ ᠲᠤᠭᠤᠷᠢᠭ ᠵᠢᠴᠢ ᠬᠤᠳᠠᠯᠲᠤᠭᠠᠨ ᠤ ᠣᠷᠣᠨ ᠰᠠᠭᠤᠴᠠ ᠶᠢᠨ ᠠᠰᠠᠷ ᠤᠨ ᠭᠡᠷᠡᠯ ᠤᠨ ᠰᠢᠷᠭᠡᠭ ᠢ ᠡᠷᠤᠭᠡ ᠳᠤ ᠤᠷᠤᠭᠤᠯᠬᠤ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠲᠤᠨᠤᠭ ᠲᠦᠬᠦᠭᠡᠷᠤᠮᠵᠢ ᠶᠢᠨ ᠪᠠᠶᠢᠭᠤᠯᠤᠯᠳᠠ ᠬᠠᠮᠢᠶᠠᠷᠤᠯᠳᠠ ᠶᠢᠨ ᠠᠵᠢᠯ ᠤᠨ ᠴᠢᠬᠤᠯᠨ ᠴᠢᠨᠠᠷ ᠪᠠ ᠭᠡᠷᠡᠭᠴᠡᠭᠡᠲᠤ ᠴᠢᠨᠠᠷ ᠢ ᠬᠦᠢᠴᠡᠳ ᠲᠠᠨᠢᠵᠦ᠂ ᠬᠠᠷᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠦ᠂ ᠮᠠᠨ ᠤ ᠠᠶᠢᠮᠠᠭ ᠤᠨ ᠭᠡᠷᠡᠯ ᠤᠨ ᠰᠢᠷᠭᠡᠭ  ᠢ ᠡᠷᠤᠭᠡ ᠳᠤ ᠤᠷᠤᠭᠤᠯᠬᠤ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠲᠤᠨᠤᠭ ᠲᠦᠬᠦᠭᠡᠷᠤᠮᠵᠢ ᠶᠢᠨ ᠪᠠᠶᠢᠭᠤᠯᠤᠯᠳᠠ ᠬᠠᠮᠢᠶᠠᠷᠤᠯᠳᠠ ᠶᠢᠨ ᠠᠵᠢᠯ ᠢ ᠬᠠᠮᠲᠤ ᠪᠠᠷ ᠠᠬᠢᠭᠤᠯᠤᠨ᠎ᠠ᠃ ︵ᠲᠤᠯᠤᠭᠠᠶᠢᠯᠠᠬᠤ ᠨᠢᠭᠡᠴᠠ᠄ ᠠᠶᠢᠮᠠᠭ ᠤᠨ ᠤᠷᠤᠨ ᠰᠠᠭᠤᠴᠠ ᠶᠢᠨ ᠪᠦᠲᠤᠭᠡᠨ ᠪᠠᠶᠢᠭᠤᠯᠤᠯᠳᠠ ᠶᠢᠨ ᠲᠤᠪᠴᠢᠶ᠎ᠠ᠂ ᠴᠢᠮᠡᠭᠡ ᠨᠡᠪᠳᠡᠷᠡᠯᠭᠡ ᠶᠢᠨ ᠪᠦᠳᠦᠭᠡᠨ ᠪᠠᠶᠢᠭᠤᠯᠣᠯᠳᠠ  ᠶᠢ ᠬᠠᠮᠢᠶᠠᠷᠬᠤ ᠠᠯᠪᠠᠨ ᠭᠡᠷ᠂ ᠬᠠᠷᠢᠭᠤᠴᠠᠯᠭᠠᠲᠤ ᠨᠢᠭᠡᠴᠠ᠄ ᠴᠠᠬᠢᠯᠭᠠᠨ ᠬᠤᠯᠪᠤᠭ᠎ᠠ ᠶᠢ ᠡᠵᠡᠩᠨᠡᠵᠦ ᠪᠠᠶᠢᠭ᠎ᠠ ᠡᠯ᠎ᠠ ᠠᠵᠤ ᠠᠬᠤᠶᠢᠯᠠᠯ︶         ︵ᠲᠠᠪᠤ︶ 5G  ᠰᠦᠯᠵᠢᠶᠠᠨ ᠤ ᠪᠠᠶᠢᠭᠤᠯᠤᠯᠳᠠ ᠶᠢ ᠲᠦᠷᠭᠡᠳᠭᠡᠨ᠎ᠠ         8. 5G ᠰᠦᠯᠵᠢᠶᠠᠨ ᠤ ᠪᠠᠶᠢᠭᠤᠯᠤᠯᠳᠠ ᠶᠢᠨ ᠠᠬᠢᠴᠠ ᠶᠢ ᠲᠦᠷᠭᠡᠳᠭᠡᠨ᠎ᠠ᠃ ᠰᠠᠭᠤᠷᠢ ᠦᠷᠳᠡᠭᠡ ᠶᠢᠨ ᠦᠷᠳᠡᠭᠡᠨ ᠪᠠᠶᠢᠷᠢ ᠶᠢᠨ ᠡᠬᠢ ᠪᠠᠶᠠᠯᠢᠭ ᠤᠨ ᠲᠡᠮᠵᠢᠯᠭᠡ ᠶᠢ ᠨᠡᠮᠡᠭᠳᠡᠬᠦᠯᠵᠦ᠂ ᠬᠤᠳᠠ ᠬᠦᠳᠡᠭᠡ ᠶᠢᠨ ᠲᠦᠯᠦᠪᠵᠢᠬᠦᠯᠭᠡ ᠶᠢᠨ ᠰᠢᠰᠲ᠋ᠧᠮᠵᠢ ᠶᠤᠰᠤᠭᠠᠷ᠂ 5G ᠶᠢᠨ ᠰᠠᠭᠤᠷᠢ ᠦᠷᠳᠡᠭᠡ ᠶᠢᠨ ᠲᠤᠰᠬᠠᠢ ᠲᠦᠷᠦᠯ ᠤᠨ ᠲᠦᠯᠦᠪᠵᠢᠬᠦᠯᠭᠡ ᠪᠠ ᠭᠤᠤᠯᠳᠠᠯᠭ᠎ᠠ ᠲᠠᠢ ᠭᠠᠵᠠᠷ ᠤᠷᠤᠨ ᠤ ᠦᠷᠳᠡᠭᠡ ᠶᠢᠨ ᠪᠠᠶᠢᠷᠢ ᠶᠢ ᠪᠠᠶᠢᠷᠢᠯᠠᠭᠤᠯᠬᠤ ᠳᠣᠰᠬᠠᠢ ᠲᠦᠷᠦᠯ ᠤᠨ ᠲᠦᠯᠦᠪᠵᠢᠬᠦᠯᠭᠡ ᠶᠢ ᠨᠠᠶᠢᠷᠠᠭᠤᠯᠬᠤ ᠠᠵᠢᠯ ᠢ ᠠᠬᠢᠭᠤᠯᠵᠦ᠂ 5G ᠶᠢᠨ ᠪᠠᠶᠢᠭᠤᠯᠤᠯᠳᠠ ᠬᠢᠭᠡᠳ ᠪᠤᠰᠤᠳ ᠬᠤᠯᠪᠤᠭᠳᠠᠯ ᠪᠦᠬᠦᠢ ᠲᠦᠯᠦᠪᠵᠢᠬᠦᠯᠭᠡ ᠶᠢᠨ ᠪᠦᠲᠤᠮᠵᠢᠲᠡᠢ ᠵᠠᠯᠭᠠᠯᠲᠤᠬᠤ ᠶᠢ ᠪᠠᠶᠠᠯᠡᠬᠦᠯᠵᠦ᠂ 5G ᠶᠢᠨ ᠰᠠᠭᠤᠷᠢ ᠲᠦᠬᠦᠭᠡᠷᠤᠮᠵᠢ ᠶᠢ ᠠᠭᠤᠰᠤᠯᠴᠠᠭᠤᠯᠤᠨ ᠪᠠᠶᠢᠭᠤᠯᠬᠤ᠂ ᠡᠬᠢ ᠪᠠᠶᠠᠯᠢᠭ ᠢ ᠬᠠᠮᠲᠤ ᠳᠠᠭᠠᠨ ᠡᠳ᠋ᠯᠡᠬᠦ ᠶᠢ ᠦᠨ᠋ᠨᠨᠬᠦ ᠪᠠᠲᠤᠯᠠᠨ᠎ᠠ᠃ ᠴᠠᠬᠢᠯᠭᠠᠨ ᠬᠤᠯᠪᠤᠭ᠎ᠠ ᠶᠢ ᠡᠵᠡᠩᠨᠡᠵᠦ ᠪᠠᠶᠢᠭ᠎ᠠ ᠠᠵᠤ ᠠᠬᠤᠶᠢᠯᠠᠯ ᠡᠷᠭᠡᠪᠰᠢ 5G ᠶᠢᠨ ᠲᠤᠬᠠᠶᠢᠯᠠᠭᠰᠠᠨ ᠠᠵᠢᠯ ᠤᠨ ᠬᠦᠭᠵᠢᠯᠳᠡ ᠶᠢᠨ ᠭᠡᠷᠡᠭᠴᠡᠭᠡ ᠱᠠᠭᠠᠷᠳᠠᠯᠭ᠎ᠠ ᠪᠠ ᠰᠦᠯᠵᠢᠶᠠᠨ ᠤ ᠲᠦᠯᠦᠪᠵᠢᠬᠦᠯᠭᠡ ᠶᠢ ᠦᠨᠲᠤᠰᠦᠯᠠᠵᠦ 5G ᠶᠢᠨ ᠰᠠᠭᠤᠷᠢ ᠦᠷᠳᠡᠭᠡ ᠶᠢᠨ ᠪᠠᠶᠢᠷᠢ ᠶᠢᠨ ᠭᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠢ ᠳᠤᠨᠢ ᠳᠣᠷᠠᠳᠣᠨ᠎ᠠ᠃ ᠡᠯ᠎ᠠ ᠬᠤᠰᠢᠭᠤ ᠨᠡᠭᠡᠭᠡᠯᠳᠡ ᠶᠢᠨ ᠤᠷᠤᠨ ᠡᠷᠭᠡᠪᠰᠢ 5G ᠶᠢᠨ ᠰᠠᠭᠤᠷᠢ ᠦᠷᠳᠡᠭᠡ ᠶᠢᠨ ᠪᠠᠶᠢᠷᠢ᠂ ᠲᠦᠬᠦᠷᠵᠢᠬᠦᠯᠦᠭᠰᠡᠨ ᠲᠤᠨᠤᠭ ᠲᠦᠬᠦᠭᠡᠷᠤᠮᠵᠢ ᠵᠡᠷᠭᠡ ᠶᠢ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢᠨ ᠲᠦᠯᠦᠪᠵᠢᠬᠦᠯᠭᠡ ᠶᠢᠨ ᠰᠢᠰᠲ᠋ᠧᠮᠵᠢ ᠳᠤ ᠤᠷᠤᠭᠤᠯᠵᠦ᠂ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠡᠵᠡᠩᠨᠡᠯᠳᠡ  ᠶᠢᠨ ᠠᠵᠤ ᠠᠬᠤᠶᠢᠯᠠᠯ ᠪᠠ ᠲᠢᠶᠧ ᠲᠠ ᠺᠤᠮᠫᠠᠨᠢ ᠶᠢᠨ ︽ᠲᠦᠯᠦᠪᠵᠢᠬᠦᠯᠭᠡ ᠪᠠᠷ ᠤᠷᠢᠳᠴᠢᠯᠠᠨ ᠶᠠᠪᠤᠭᠳᠠᠭᠤᠯᠬᠤ᠂ ᠭᠡᠷᠡᠭᠴᠡᠭᠡ ᠱᠠᠭᠠᠷᠳᠠᠯᠭ᠎ᠠ ᠪᠠᠷ ᠬᠦᠲᠤᠯᠤᠨ ᠵᠢᠯᠤᠭᠤᠳᠬᠤ᠂ ᠵᠠᠬ᠎ᠠ ᠲᠡᠯᠭᠡᠬᠦᠷᠴᠢᠯᠠᠨ ᠬᠠᠮᠵᠢᠯᠴᠠᠬᠤ︾ ᠵᠠᠷᠴᠢᠮ ᠶᠤᠰᠤᠭᠠᠷ᠂ ᠤᠲᠤ ᠶᠢᠨ ᠪᠠᠶᠢᠭ᠎ᠠ ᠰᠠᠭᠤᠷᠢ ᠦᠷᠳᠡᠭᠡ ᠪᠠ ᠵᠠᠮ ᠤᠨ ᠭᠡᠷᠡᠯᠳᠦᠬᠦᠯᠭᠡ ᠶᠢᠨ ᠪᠠᠭᠠᠨ᠎ᠠ᠂ ᠬᠢᠨ᠋ᠨᠨ ᠡᠵᠡᠮᠳᠡᠬᠦ ᠪᠠᠭᠠᠨ᠎ᠠ ᠵᠡᠷᠭᠡ ᠨᠠᠶᠢᠳᠠ ᠶᠢᠨ ᠭᠡᠷᠡᠭᠯᠡᠭᠡᠨ ᠤ ᠲᠤᠨᠤᠭ ᠲᠦᠬᠦᠭᠡᠷᠤᠮᠵᠢ ᠶᠢ ᠡᠷᠴᠢᠮᠵᠢᠬᠦᠯᠦᠨ ᠠᠰᠢᠭᠯᠠᠵᠦ᠂ 5G ᠶᠢᠨ ᠰᠠᠭᠤᠷᠢ ᠦᠷᠳᠡᠭᠡ ᠶᠢᠨ ᠪᠠᠶᠢᠷᠢ ᠶᠢᠨ ᠡᠬᠢ ᠪᠠᠶᠠᠯᠢᠭ ᠢ ᠤᠷᠢᠳᠴᠢᠯᠠᠨ ᠨᠦᠭᠡᠴᠡᠯᠡᠬᠦ ᠶᠢ ᠵᠤᠷᠢᠭᠵᠢᠭᠤᠯᠤᠨ᠎ᠠ᠃  ︵ᠲᠤᠯᠤᠭᠠᠶᠢᠯᠠᠬᠤ ᠨᠢᠭᠡᠴᠠ᠄  ᠴᠢᠮᠡᠭᠡ ᠨᠡᠪᠳᠡᠷᠡᠯᠭᠡ ᠶᠢᠨ ᠪᠦᠳᠦᠭᠡᠨ ᠪᠠᠶᠢᠭᠤᠯᠣᠯᠳᠠ ᠶᠢ ᠬᠠᠮᠢᠶᠠᠷᠬᠤ ᠠᠯᠪᠠᠨ ᠭᠡᠷ᠂ ᠬᠠᠷᠢᠭᠤᠴᠠᠯᠭᠠᠲᠤ ᠨᠢᠭᠡᠴᠠ᠄ ᠡᠯ᠎ᠠ ᠬᠤᠰᠢᠭᠤᠨ ᠤ ᠠᠷᠠᠳ ᠤᠨ ᠵᠠᠰᠠᠭ ᠤᠨ ᠤᠷᠲᠤᠨ᠂ ᠨᠡᠭᠡᠭᠡᠯᠳᠡ ᠶᠢᠨ ᠤᠷᠤᠨ᠂ ᠵᠢᠱᠢᠶ᠎ᠠ ᠦᠵᠠᠬᠦᠯᠬᠦ ᠲᠤᠭᠤᠷᠢᠭ ᠤᠨ ᠬᠠᠮᠢᠶᠠᠷᠤᠯᠳᠠ ᠶᠢᠨ ᠵᠦᠪᠯᠠᠯ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠤᠷᠤᠨ ᠰᠠᠭᠤᠴᠠ ᠶᠢᠨ ᠪᠦᠲᠤᠭᠡᠨ ᠪᠠᠶᠢᠭᠤᠯᠤᠯᠳᠠ ᠶᠢᠨ ᠲᠤᠪᠴᠢᠶ᠎ᠠ᠂ ᠵᠠᠮ ᠬᠠᠷᠢᠯᠴᠠᠭ᠎ᠠ ᠲᠡᠭᠡᠭᠡᠪᠤᠷᠢ ᠶᠢᠨ ᠲᠤᠪᠴᠢᠶ᠎ᠠ᠂ ᠲᠤᠲᠤᠭᠠᠲᠤ ᠶᠢ ᠬᠠᠮᠠᠭᠠᠯᠠᠬᠤ ᠲᠤᠪᠴᠢᠶ᠎ᠠ᠂ ᠴᠠᠬᠢᠯᠭᠠᠨ ᠦᠢᠯᠡᠰ ᠤᠨ ᠲᠤᠪᠴᠢᠶ᠎ᠠ᠂ ᠲᠢᠶᠧ ᠲᠠ ᠺᠤᠮᠫᠠᠨᠢ᠂ ᠴᠠᠬᠢᠯᠭᠠᠨ ᠬᠤᠯᠪᠤᠭ᠎ᠠ ᠶᠢ ᠡᠵᠡᠩᠨᠡᠵᠦ ᠪᠠᠶᠢᠭ᠎ᠠ ᠡᠯ᠎ᠠ ᠠᠵᠤ ᠠᠬᠤᠶᠢᠯᠠᠯ︶         9. ᠴᠠᠬᠢᠯᠭᠠᠨ ᠬᠦᠴᠦᠨ  ᠪᠠ ᠲᠠᠪᠳᠠᠮᠵᠢ   ᠶᠢᠨ ᠪᠠᠲᠤᠯᠠᠭ᠎ᠠ   ᠶᠢ ᠴᠢᠩᠭᠠᠳᠬᠠᠨ᠎ᠠ᠃ ᠴᠠᠬᠢᠯᠭᠠᠨ ᠬᠦᠴᠦᠨ   ᠤ ᠰᠠᠯᠠᠭ᠎ᠠ ᠮᠦᠴᠢᠷ ᠡᠷᠭᠡᠪᠰᠢ 5G   ᠶᠢᠨ ᠰᠠᠭᠤᠷᠢ ᠦᠷᠳᠡᠭᠡ   ᠶᠢᠨ ᠴᠠᠬᠢᠯᠭᠠᠨ ᠭᠡᠷᠡᠭᠯᠡᠬᠦ ᠲᠦᠯᠦᠪᠵᠢᠬᠦᠯᠭᠡ   ᠶᠢ ᠨᠢᠭᠡᠲᠤᠯᠲᠡᠢ ᠲᠦᠯᠦᠪᠯᠡᠨ ᠰᠠᠶᠢᠲᠤᠷ ᠬᠢᠵᠦ᠂ ᠰᠠᠭᠤᠷᠢ ᠦᠷᠳᠡᠭᠡ   ᠶᠢᠨ ᠪᠠᠶᠢᠭᠤᠯᠤᠯᠳᠠ   ᠶᠢᠨ ᠴᠠᠬᠢᠯᠭᠠᠨ ᠬᠦᠴᠦᠨ   ᠤ ᠪᠠᠭᠳᠠᠭᠠᠮᠵᠢ   ᠶᠢ ᠨᠡᠮᠡᠭᠳᠡᠬᠦᠯᠬᠦ ᠭᠡᠷᠡᠭᠴᠡᠭᠡ ᠱᠠᠭᠠᠷᠳᠠᠯᠭ᠎ᠠ   ᠶᠢ ᠪᠦᠬᠦ ᠬᠦᠴᠦᠨ   ᠢᠶᠠᠷ  ᠢᠶᠠᠨ ᠬᠠᠩᠭᠠᠵᠦ᠂ ᠠᠮᠤᠷ ᠲᠦᠪᠰᠢᠨ ᠠᠵᠢᠯᠯᠠᠬᠤ   ᠶᠢ ᠪᠠᠲᠤᠯᠠᠨ᠎ᠠ᠃ ᠮᠡᠳᠡᠭᠡ ᠵᠠᠩᠬᠢ ᠴᠢᠮᠡᠭᠡ ᠨᠡᠪᠳᠡᠷᠡᠯᠭᠡ   ᠶᠢᠨ ᠴᠠᠬᠢᠯᠭᠠᠨ ᠭᠡᠷᠡᠭᠯᠡᠬᠦ ᠪᠠᠶᠢᠭᠤᠯᠤᠯᠳᠠ   ᠶᠢ ᠰᠠᠭᠠᠳ ᠦᠭᠡᠢ ᠨᠡᠪᠳᠡᠷᠡᠬᠦᠯᠵᠦ᠂ ᠰᠢᠨ᠎ᠠ ᠪᠠᠶᠢᠭᠤᠯᠤᠯᠳᠠ   ᠶᠢ ᠤᠷᠢᠨ ᠤᠷᠤᠭᠤᠯᠬᠤ᠂ ᠭᠡᠷᠡᠭᠯᠡᠭᠡᠨ   ᠤ ᠴᠠᠬᠢᠯᠭᠠᠨ   ᠢ ᠵᠠᠰᠠᠨ ᠦᠭᠡᠷᠡᠴᠢᠯᠡᠬᠦ᠂ ᠭᠡᠷᠡᠭᠯᠡᠭᠡᠨ   ᠤ ᠴᠠᠬᠢᠯᠭᠠᠨ   ᠤ ᠪᠠᠭᠳᠠᠭᠠᠮᠵᠢ   ᠶᠢ ᠨᠡᠮᠡᠭᠳᠡᠬᠦᠯᠬᠦ᠂ ᠬᠤᠷᠢᠶᠠᠨ ᠰᠢᠯᠭᠠᠬᠤ ᠵᠡᠷᠭᠡ ᠠᠵᠢᠯ   ᠢ ᠴᠠᠭ ᠲᠤᠬᠠᠢ   ᠳᠤᠨᠢ ᠦᠷᠨᠢᠬᠦᠯᠬᠦ   ᠶᠢ ᠲᠦᠷᠭᠡᠳᠭᠡᠨ᠂ ᠭᠠᠷ ᠬᠦᠢᠴᠡᠳᠭᠡᠯ   ᠢ ᠲᠦᠬᠦᠮᠴᠢᠯᠠᠨ᠎ᠠ᠃ 5G   ᠶᠢᠨ ᠰᠠᠭᠤᠷᠢ ᠦᠷᠳᠡᠭᠡ ᠵᠢᠴᠢ ᠲᠦᠬᠦᠷᠵᠢᠬᠦᠯᠦᠭᠰᠡᠨ ᠲᠤᠨᠤᠭ ᠲᠦᠬᠦᠭᠡᠷᠤᠮᠵᠢ   ᠶᠢᠨ ᠴᠠᠬᠢᠯᠭᠠᠨ ᠭᠡᠷᠡᠭᠯᠡᠬᠦ ᠲᠦᠷᠦ   ᠶᠢᠨ ᠪᠤᠲᠤᠯᠭ᠎ᠠ   ᠶᠢ ᠲᠤᠭᠳᠠᠭᠠᠵᠦ᠂ ᠴᠠᠬᠢᠯᠭᠠᠨ ᠭᠡᠷᠡᠭᠯᠡᠬᠦ ᠦᠪᠠᠷ   ᠤᠨ ᠦᠷᠳᠡᠭ   ᠢ ᠪᠠᠭᠤᠷᠠᠭᠤᠯᠤᠨ᠎ᠠ᠃ 5G   ᠶᠢᠨ ᠰᠠᠭᠤᠷᠢ ᠦᠷᠳᠡᠭᠡ   ᠶᠢ ᠰᠢᠨ᠎ᠠ   ᠪᠠᠷ ᠪᠠᠶᠢᠭᠤᠯᠬᠤ  ᠪᠠ ᠲᠡᠰ ᠲᠡᠪᠰᠢᠬᠦᠯᠦᠨ ᠵᠠᠰᠠᠨ ᠦᠭᠡᠷᠡᠴᠢᠯᠡᠬᠦ ᠵᠢᠴᠢ ᠲᠦᠬᠦᠷᠵᠢᠬᠦᠯᠦᠭᠰᠡᠨ ᠲᠤᠨᠤᠭ ᠲᠦᠬᠦᠭᠡᠷᠤᠮᠵᠢ   ᠶᠢᠨ ᠮᠠᠰᠢᠨ   ᠤ ᠭᠡᠷ᠂ ᠭᠤᠤᠯ ᠵᠠᠩᠬᠢᠯᠠᠭ᠎ᠠ   ᠶᠢᠨ ᠮᠠᠰᠢᠨ   ᠤ ᠭᠡᠷ ᠵᠡᠷᠭᠡ ᠲᠤᠨᠤᠭ ᠲᠦᠬᠦᠭᠡᠷᠤᠮᠵᠢ   ᠳᠤ ᠦᠪᠠᠷᠳᠡᠭᠡᠨ ᠵᠠᠰᠠᠬᠤ ᠤᠷᠤᠨ   ᠤ ᠪᠠᠶᠢᠯᠲᠤᠬᠤ ᠪᠤᠲᠤᠯᠭ᠎ᠠ   ᠶᠢᠨ ᠴᠢᠨᠠᠷᠲᠡᠢ ᠰᠢᠨ᠎ᠠ   ᠪᠠᠷ ᠬᠦᠭᠵᠢᠵᠦ ᠪᠠᠶᠢᠭ᠎ᠠ ᠲᠠᠪᠠᠭᠤᠯᠢᠭ ᠤᠨᠴᠠᠯᠢᠭᠲᠤ ᠠᠵᠤ ᠦᠢᠯᠡᠰ ᠤᠨ ᠭᠡᠷᠡᠭᠯᠡᠬᠦ ᠴᠠᠬᠢᠯᠭᠠᠨ ᠤ ᠦᠨ᠎ᠠ ᠬᠠᠩᠰᠢ ᠶᠢᠨ ᠲᠦᠷᠦ ᠶᠢᠨ ᠪᠤᠲᠤᠯᠭ᠎ᠠ ᠶᠢ ᠭᠡᠷᠡᠭᠵᠢᠬᠦᠯᠦᠨ᠎ᠠ᠃ ᠰᠢᠨ᠎ᠠ ᠪᠠᠷ ᠪᠠᠶᠢᠭᠤᠯᠵᠦ ᠪᠠᠶᠢᠭ᠎ᠠ 5G ᠶᠢᠨ ᠰᠠᠭᠤᠷᠢ ᠦᠷᠳᠡᠭᠡ ᠵᠢᠴᠢ ᠮᠠᠰᠢᠨ ᠤ ᠭᠡᠷ ᠵᠡᠷᠭᠡ ᠲᠦᠬᠦᠷᠵᠢᠬᠦᠯᠦᠭᠰᠡᠨ ᠲᠤᠨᠤᠭ ᠲᠦᠬᠦᠭᠡᠷᠤᠮᠵᠢ ᠳᠤ ︽ᠨᠢᠭᠡ ᠦᠷᠳᠡᠭᠡ ᠳᠤ ᠨᠢᠭᠡ ᠴᠠᠬᠢᠯᠭᠠᠨ ᠭᠡᠮᠵᠢᠬᠦᠷ︾ ᠢᠶᠠᠷ ᠰᠢᠭᠤᠳ ᠴᠠᠬᠢᠯᠭᠠᠨ ᠬᠠᠩᠭᠠᠬᠤ᠂ ᠰᠢᠭᠤᠳ ᠰᠦᠢᠳᠭᠡᠯ ᠬᠤᠷᠢᠶᠠᠬᠤ ᠶᠢ ᠭᠡᠷᠡᠭᠵᠢᠬᠦᠯᠵᠦ᠂ ᠲᠡᠰ ᠲᠡᠪᠰᠢᠬᠦᠯᠵᠦ ᠵᠠᠰᠠᠨ ᠦᠭᠡᠷᠡᠴᠢᠯᠡᠭᠰᠡᠨ 5G ᠶᠢᠨ ᠰᠠᠭᠤᠷᠢ ᠦᠷᠳᠡᠭᠡ ᠵᠢᠴᠢ ᠮᠠᠰᠢᠨ ᠤ ᠭᠡᠷ ᠵᠡᠷᠭᠡ ᠲᠦᠬᠦᠷᠵᠢᠬᠦᠯᠦᠭᠰᠡᠨ ᠲᠤᠨᠤᠭ ᠲᠦᠬᠦᠭᠡᠷᠤᠮᠵᠢ ᠶᠢ ᠴᠠᠬᠢᠯᠭᠠᠨ ᠬᠦᠴᠦᠨ ᠤ ᠰᠠᠯᠠᠭ᠎ᠠ ᠮᠦᠴᠢᠷ ᠠᠴᠠ ᠰᠢᠭᠤᠳ ᠴᠠᠬᠢᠯᠭᠠᠨ ᠬᠠᠩᠭᠠᠬᠤ ᠪᠠ ᠰᠢᠭᠤᠳ ᠰᠦᠢᠳᠭᠡᠯ ᠬᠤᠷᠢᠶᠠᠭᠰᠠᠨ ᠦᠭᠡᠢ ᠪᠤᠯ᠂ ᠴᠠᠬᠢᠯᠭᠠᠨ ᠬᠤᠯᠪᠤᠭ᠎ᠠ ᠶᠢᠨ ᠲᠤᠨᠤᠭ ᠲᠦᠬᠦᠭᠡᠷᠤᠮᠵᠢ   ᠶᠢ ᠡᠵᠡᠩᠨᠡᠵᠦ ᠪᠠᠶᠢᠭ᠎ᠠ ᠲᠠᠯ᠎ᠠ   ᠠᠴᠠ ᠴᠠᠬᠢᠯᠭᠠᠨ ᠬᠦᠴᠦᠨ   ᠤ ᠰᠠᠯᠠᠭ᠎ᠠ ᠮᠦᠴᠢᠷ   ᠲᠤ ᠮᠡᠳᠡᠬᠦᠯᠵᠦ ᠴᠠᠬᠢᠯᠭᠠᠨ ᠭᠡᠮᠵᠢᠬᠦᠷ ᠤᠭᠰᠠᠷᠠᠭᠤᠯᠵᠦ᠂ ᠰᠢᠭᠤᠳ ᠴᠠᠬᠢᠯᠭᠠᠨ ᠬᠠᠩᠭᠠᠬᠤ ᠪᠠ ᠰᠢᠭᠤᠳ ᠰᠦᠢᠳᠭᠡᠯ ᠬᠤᠷᠢᠶᠠᠬᠤ   ᠶᠢ ᠭᠡᠷᠡᠭᠵᠢᠬᠦᠯᠦᠨ᠎ᠠ᠃                 ︵ᠲᠤᠯᠤᠭᠠᠶᠢᠯᠠᠬᠤ ᠨᠢᠭᠡᠴᠠ᠄  ᠴᠠᠬᠢᠯᠭᠠᠨ ᠦᠢᠯᠡᠰ ᠤᠨ ᠲᠤᠪᠴᠢᠶ᠎ᠠ᠂ ᠬᠠᠷᠢᠭᠤᠴᠠᠯᠭᠠᠲᠤ ᠨᠢᠭᠡᠴᠠ᠄ ᠴᠢᠮᠡᠭᠡ ᠨᠡᠪᠳᠡᠷᠡᠯᠭᠡ ᠶᠢᠨ ᠪᠦᠳᠦᠭᠡᠨ ᠪᠠᠶᠢᠭᠤᠯᠣᠯᠳᠠ ᠶᠢ ᠬᠠᠮᠢᠶᠠᠷᠬᠤ ᠠᠯᠪᠠᠨ ᠭᠡᠷ᠂ ᠲᠢᠶᠧ ᠲᠠ ᠺᠤᠮᠫᠠᠨᠢ᠂ ᠴᠠᠬᠢᠯᠭᠠᠨ ᠬᠤᠯᠪᠤᠭ᠎ᠠ ᠶᠢ ᠡᠵᠡᠩᠨᠡᠵᠦ ᠪᠠᠶᠢᠭ᠎ᠠ ᠡᠯ᠎ᠠ ᠠᠵᠤ ᠠᠬᠤᠶᠢᠯᠠᠯ︶        10. 5G ᠶᠢᠨ ᠰᠦᠯᠵᠢᠶᠠᠨ ᠤ ᠪᠦᠷᠬᠦᠴᠡ ᠶᠢᠨ ᠭᠡᠪᠴᠢᠶ᠎ᠠ ᠪᠠ ᠬᠦᠨᠴᠡ ᠶᠢᠨ ᠭᠡᠮᠵᠢᠶ᠎ᠠ ᠶᠢ ᠦᠷᠭᠡᠳᠭᠡᠨ᠎ᠠ᠃ ᠴᠠᠬᠢᠯᠭᠠᠨ ᠬᠤᠯᠪᠤᠭ᠎ᠠ ᠶᠢ ᠡᠵᠡᠩᠨᠡᠵᠦ ᠪᠠᠶᠢᠭ᠎ᠠ ᠠᠵᠤ ᠠᠬᠤᠶᠢᠯᠠᠯ ᠡᠷᠭᠡᠪᠰᠢ ᠲᠤᠨᠤᠭ ᠲᠦᠬᠦᠭᠡᠷᠤᠮᠵᠢ ᠶᠢ ᠬᠤᠳᠠᠯᠲᠤᠨ ᠠᠪᠬᠤ᠂ ᠬᠠᠶᠢᠨ ᠪᠠᠶᠢᠴᠠᠭᠠᠵᠦ ᠲᠦᠯᠦᠪᠯᠡᠬᠦ᠂ ᠢᠨᠵᠧᠨᠧᠷᠢᠩ ᠤᠨ ᠪᠦᠲᠤᠭᠡᠨ ᠪᠠᠶᠢᠭᠤᠯᠤᠯᠳᠠ ᠵᠡᠷᠭᠡ ᠠᠵᠢᠯ ᠤᠨ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠬᠦᠯᠵᠦ᠂ ᠲᠤᠤᠷ ᠰᠦᠯᠵᠢᠶ᠎ᠠ ᠶᠢᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠬᠤ ᠶᠢᠨ ᠬᠠᠮᠲᠤ ᠨᠦᠬᠦᠴᠠᠯ ᠲᠠᠢ ᠭᠤᠤᠯᠳᠠᠯᠭ᠎ᠠ ᠲᠠᠢ ᠰᠤᠮᠤ ᠪᠠᠯᠭᠠᠰᠤ᠂ ᠭᠠᠴᠠᠭ᠎ᠠ ᠲᠤᠰᠬᠤᠨ ᠲᠠᠰᠢ ᠪᠦᠷᠬᠦᠬᠦᠯᠵᠦ᠂ ᠵᠠᠮ ᠲᠠᠭᠠᠤ ᠱᠤᠭᠤᠮ᠂ ᠭᠤᠤᠯᠳᠠᠯᠭ᠎ᠠ ᠲᠠᠢ ᠭᠠᠵᠠᠷ ᠤᠷᠤᠨ᠂ ᠵᠢᠭᠤᠯᠴᠢᠯᠠᠯ ᠤᠨ ᠦᠵᠡᠮᠵᠢ ᠶᠢᠨ ᠤᠷᠤᠨ᠂ ᠬᠢᠯᠢ ᠬᠢᠵᠠᠭᠠᠷ ᠤᠨ ᠬᠠᠷᠠᠭᠤᠯ ᠤᠨ ᠭᠠᠵᠠᠷ ᠵᠡᠷᠭᠡ ᠤᠷᠤᠨ ᠪᠦᠰᠡ ᠶᠢ ᠪᠦᠲᠤᠮᠵᠢᠲᠡᠢ ᠪᠠᠷ ᠪᠦᠷᠬᠦᠬᠦ ᠶᠢ ᠠᠯᠬᠤᠮ ᠠᠯᠬᠤᠮ ᠢᠶᠠᠷ ᠪᠠᠶᠡᠯᠡᠬᠦᠯᠵᠦ᠂ ᠭᠠᠵᠠᠷ ᠤᠷᠤᠨ ᠤ ᠪᠠᠭᠳᠠᠭᠠᠮᠵᠢ ᠶᠢᠨ ᠭᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠵᠦ᠂ ᠤᠯᠠᠨ ᠨᠠᠶᠢᠳᠠ ᠶᠢᠨ ᠦᠢᠯᠠᠴᠢᠯᠡᠭᠡᠨ ᠤ ᠬᠢᠷᠢ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠠ᠃ ︵ᠲᠤᠯᠤᠭᠠᠶᠢᠯᠠᠬᠤ ᠨᠢᠭᠡᠴᠠ᠄ ᠴᠢᠮᠡᠭᠡ ᠨᠡᠪᠳᠡᠷᠡᠯᠭᠡ ᠶᠢᠨ ᠪᠦᠳᠦᠭᠡᠨ ᠪᠠᠶᠢᠭᠤᠯᠣᠯᠳᠠ ᠶᠢ ᠬᠠᠮᠢᠶᠠᠷᠬᠤ ᠠᠯᠪᠠᠨ ᠭᠡᠷ᠂ ᠬᠠᠷᠢᠭᠤᠴᠠᠯᠭᠠᠲᠤ ᠨᠢᠭᠡᠴᠠ᠄ ᠡᠯ᠎ᠠ ᠬᠤᠰᠢᠭᠤᠨ ᠤ ᠠᠷᠠᠳ  ᠤᠨ ᠵᠠᠰᠠᠭ ᠤᠨ ᠤᠷᠲᠤᠨ᠂ ᠨᠡᠭᠡᠭᠡᠯᠳᠡ ᠶᠢᠨ ᠤᠷᠤᠨ᠂ ᠵᠢᠱᠢᠶ᠎ᠠ ᠦᠵᠡᠬᠦᠯᠬᠦ ᠲᠤᠭᠤᠷᠢᠭ ᠤᠨ ᠬᠠᠮᠢᠶᠠᠷᠤᠯᠳᠠ ᠶᠢᠨ ᠵᠦᠪᠯᠠᠯ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠤᠷᠤᠨ ᠰᠠᠭᠤᠴᠠ ᠶᠢᠨ ᠪᠦᠲᠤᠭᠡᠨ ᠪᠠᠶᠢᠭᠤᠯᠤᠯᠳᠠ ᠶᠢᠨ ᠲᠤᠪᠴᠢᠶ᠎ᠠ᠂ ᠵᠠᠮ ᠬᠠᠷᠢᠯᠴᠠᠭ᠎ᠠ ᠲᠡᠭᠡᠭᠡᠪᠤᠷᠢ ᠶᠢᠨ ᠲᠤᠪᠴᠢᠶ᠎ᠠ᠂ ᠰᠤᠶᠤᠯ ᠵᠢᠭᠤᠯᠴᠢᠯᠠᠯ ᠷᠠᠳᠢᠤ᠋ ᠲᠧᠯᠸᠢᠰ ᠲᠤᠪᠴᠢᠶ᠎ᠠ᠂ ᠴᠠᠬᠢᠯᠭᠠᠨ ᠦᠢᠯᠡᠰ ᠤᠨ ᠲᠤᠪᠴᠢᠶ᠎ᠠ᠂ ᠲᠢᠶᠧ ᠲᠠ ᠺᠤᠮᠫᠠᠨᠢ᠂ ᠴᠠᠬᠢᠯᠭᠠᠨ ᠬᠤᠯᠪᠤᠭ᠎ᠠ ᠶᠢ ᠡᠵᠡᠩᠨᠡᠵᠦ ᠪᠠᠶᠢᠭ᠎ᠠ ᠡᠯ᠎ᠠ ᠠᠵᠤ ᠠᠬᠤᠶᠢᠯᠠᠯ︶        ︵ᠵᠢᠷᠭᠤᠭ᠎ᠠ︶ ᠰᠢᠨ᠎ᠠ ᠭᠡᠯᠪᠠᠷᠢ ᠶᠢᠨ ᠵᠠᠰᠠᠭ ᠤᠨ ᠶᠠᠪᠤᠳᠠᠯ ᠤᠨ ᠦᠢᠯᠠᠴᠢᠯᠡᠭᠡᠨ ᠤ ᠭᠡᠷᠡᠭᠯᠡᠭᠡᠨ ᠤ ᠰᠢᠰᠲ᠋ᠧᠮᠵᠢ ᠶᠢ ᠲᠦᠷᠭᠡᠳᠭᠡᠨ ᠪᠠᠶᠢᠭᠤᠯᠵᠦ ᠠᠭᠤᠰᠤᠯᠴᠠᠭᠤᠯᠤᠨ᠎ᠠ        11. ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠠᠭᠤᠷᠢ ᠲᠦᠬᠦᠭᠡᠷᠤᠮᠵᠢ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠠᠮᠤᠷᠠᠬᠤ ᠪᠠ ᠣᠯᠠᠮ ᠨᠢᠬᠡ ᠠᠯᠬᠤᠮ ᠲᠡᠰ ᠲᠡᠪᠰᠢᠬᠦᠯᠬᠦ ᠶᠢ ᠪᠠᠲᠤᠯᠠᠨ᠎ᠠ᠃ ᠵᠠᠰᠠᠭ ᠤᠨ ᠶᠠᠪᠤᠳᠠᠯ  ᠤᠨ ᠦᠢᠯᠠᠴᠢᠯᠡᠭᠡᠨ ᠤ ᠪᠠᠭᠳᠠᠭᠠᠮᠵᠢ ᠶᠢᠨ ᠭᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠵᠦ᠂ ᠨᠢᠭᠡᠨᠳᠡ ᠪᠠᠶᠢᠭ᠎ᠠ ᠲᠠᠪᠳᠠᠮᠵᠢ ᠶᠢᠨ ᠡᠬᠢ ᠪᠠᠶᠠᠯᠢᠭ ᠢ ᠬᠦᠢᠴᠡᠳ ᠠᠰᠢᠭᠯᠠᠵᠦ ᠰᠦᠯᠵᠢᠶ᠎ᠠ ᠶᠢᠨ ᠪᠠᠭᠳᠠᠭᠠᠮᠵᠢ ᠶᠢ ᠦᠷᠭᠡᠳᠭᠡᠬᠦ ᠶᠢ ᠪᠠᠶᠠᠯᠡᠬᠦᠯᠵᠦ᠂ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠦᠯᠵᠢᠶᠠᠨ ᠤ ᠬᠦᠨᠴᠠ ᠶᠢᠨ ᠭᠡᠮᠵᠢᠶ᠎ᠠ  ᠶᠢᠨ ᠪᠦᠷᠬᠦᠴᠠ ᠶᠢ ᠴᠢᠩᠭᠠᠳᠬᠠᠵᠦ᠂ ᠵᠠᠰᠠᠭ ᠤᠨ ᠶᠠᠪᠤᠳᠠᠯ ᠤᠨ ᠦᠢᠯᠠᠴᠢᠯᠡᠭᠡᠨ ᠤ ᠲᠤᠯᠭᠠᠭᠤᠷᠢᠯᠠᠯ᠂ ᠰᠦᠯᠵᠢᠶᠠᠨ  ᠤ ᠬᠠᠮᠢᠶᠠᠷᠤᠯᠳᠠ ᠶᠢᠨ ᠰᠢᠰᠲ᠋ᠧᠮ ᠤᠨ ᠦᠢᠯᠠᠴᠢᠯᠡᠭᠡᠨ ᠤ ᠴᠢᠳᠠᠪᠤᠷᠢ ᠶᠢ ᠲᠡᠭᠡᠭᠰᠢᠯᠡᠬᠦᠯᠦᠨ᠎ᠠ᠃ ︵ᠲᠤᠯᠤᠭᠠᠶᠢᠯᠠᠬᠤ ᠨᠢᠭᠡᠴᠠ᠄ ᠵᠠᠰᠠᠭ ᠤᠨ ᠶᠠᠪᠤᠳᠠᠯ ᠤᠨ ᠦᠢᠯᠠᠴᠢᠯᠡᠭᠡᠨ ᠤ ᠲᠤᠪᠴᠢᠶ᠎ᠠ᠂ ᠬᠠᠷᠢᠭᠤᠴᠠᠯᠭᠠᠲᠤ ᠨᠢᠭᠡᠴᠠ᠄ ᠡᠯ᠎ᠠ ᠬᠤᠰᠢᠭᠤᠨ ᠤ ᠠᠷᠠᠳ ᠤᠨ ᠵᠠᠰᠠᠭ ᠤᠨ ᠤᠷᠲᠤᠨ᠂ ᠨᠡᠭᠡᠭᠡᠯᠳᠡ ᠶᠢᠨ ᠤᠷᠤᠨ᠂ ᠵᠢᠱᠢᠶ᠎ᠠ ᠦᠵᠡᠬᠦᠯᠬᠦ ᠲᠤᠭᠤᠷᠢᠭ ᠤᠨ ᠬᠠᠮᠢᠶᠠᠷᠤᠯᠳᠠ ᠶᠢᠨ ᠵᠦᠪᠯᠠᠯ᠂ ᠠᠶᠢᠮᠠᠭ ᠤᠨ ᠰᠢᠭᠤᠳ ᠬᠠᠷᠢᠶ᠎ᠠ ᠡᠯ᠎ᠠ ᠰᠠᠯᠠᠭ᠎ᠠ ᠮᠦᠴᠢᠷ᠂ ᠡᠯ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠠ᠂ ᠴᠢᠮᠡᠭᠡ ᠨᠡᠪᠳᠡᠷᠡᠯᠭᠡ ᠶᠢᠨ ᠪᠦᠳᠦᠭᠡᠨ ᠪᠠᠶᠢᠭᠤᠯᠣᠯᠳᠠ ᠶᠢ ᠬᠠᠮᠢᠶᠠᠷᠬᠤ ᠠᠯᠪᠠᠨ ᠭᠡᠷ᠂ ᠴᠠᠬᠢᠯᠭᠠᠨ ᠬᠤᠯᠪᠤᠭ᠎ᠠ ᠶᠢ ᠡᠵᠠᠩᠨᠠᠵᠦ ᠪᠠᠶᠢᠭ᠎ᠠ ᠡᠯ᠎ᠠ ᠠᠵᠤ ᠠᠬᠤᠶᠢᠯᠠᠯ︶        12. 5G ᠤᠨ ᠵᠠᠰᠠᠭ ᠤᠨ ᠶᠠᠪᠤᠳᠠᠯ ᠤᠨ ᠦᠢᠯᠠᠴᠢᠯᠡᠭᠡᠨ ᠳᠠᠬᠢ ᠰᠢᠨ᠎ᠠ ᠶᠢ ᠡᠬᠦᠳᠬᠦ ᠭᠡᠷᠡᠭᠯᠡᠭᠡᠨ ᠤ ᠠᠵᠢᠯ ᠢ ᠦᠷᠨᠢᠬᠦᠯᠬᠦ ᠶᠢ ᠲᠦᠷᠭᠡᠳᠭᠡᠨ᠎ᠠ᠃ 5G ᠤᠨ ᠦᠢᠯᠡᠳᠬᠦ᠂ ᠵᠠᠮ ᠬᠠᠷᠢᠯᠴᠠᠭ᠎ᠠ᠂ ᠡᠮ ᠡᠮᠨᠡᠯᠭᠡ᠂ ᠰᠤᠷᠭᠠᠨ ᠬᠦᠮᠦᠵᠢᠯ᠂ ᠰᠤᠯᠨ ᠰᠡᠯᠡᠬᠦᠴᠠᠯ ᠵᠤᠭ᠎ᠠ ᠴᠡᠩᠭᠡᠯ᠂ ᠬᠤᠳᠠ ᠶᠢᠨ ᠬᠠᠮᠢᠶᠠᠷᠤᠯᠳᠠ᠂ ᠠᠵᠤ ᠦᠢᠯᠡᠰ ᠢ ᠬᠦᠭᠵᠢᠬᠦᠯᠬᠦ ᠵᠡᠷᠭᠡ ᠭᠤᠤᠯᠳᠠᠯᠭ᠎ᠠ ᠲᠠᠢ ᠬᠦᠷᠢᠶ᠎ᠠ ᠭᠡᠪᠴᠢᠶᠠᠨ ᠤ ᠭᠡᠷᠡᠭᠯᠡᠭᠡᠨ ᠢ ᠨᠢᠭᠡᠲᠤᠯᠲᠡᠢ ᠲᠦᠯᠦᠪᠯᠡᠨ ᠪᠠᠶᠢᠷᠢᠯᠠᠭᠤᠯᠵᠦ᠂ ᠰᠢᠨ᠎ᠡ ᠰᠢᠨᠵᠢᠯᠡᠭᠡ ᠮᠠᠷᠭᠡᠵᠢᠯ ᠬᠢᠭᠡᠳ ᠠᠵᠤ ᠠᠬᠤᠢ ᠨᠡᠶᠢᠭᠡᠮ ᠤᠨ ᠡᠯ᠎ᠠ ᠬᠦᠷᠢᠶ᠎ᠠ ᠭᠡᠪᠴᠢᠶᠠᠨ ᠤ ᠬᠦᠨᠵᠡᠭᠡᠢ ᠠᠭᠤᠰᠤᠯᠴᠠᠬᠤ ᠪᠠ ᠰᠢᠨ᠎ᠠ ᠶᠢ ᠡᠬᠦᠳᠬᠦ ᠬᠦᠭᠵᠢᠯᠳᠡ ᠶᠢ  ᠠᠬᠢᠭᠤᠯᠵᠦ᠂ ᠦᠢᠯᠡᠳᠪᠤᠷᠢᠯᠠᠯ ᠠᠮᠢᠲᠤᠷᠠᠯ ᠢ ᠨᠠᠩ ︽ᠤᠶᠤᠨᠴᠢ︾ ᠪᠤᠯᠭᠠᠨ᠎ᠠ᠃ ᠰᠢᠨ᠎ᠠ ᠮᠡᠷᠭᠡᠵᠢᠯ ᠤᠨ ᠠᠷᠭ᠎ᠠ ᠪᠠᠷᠢᠯ ᠢ ᠭᠡᠷᠡᠭᠯᠡᠬᠦ᠂ ᠰᠢᠯᠢᠳᠡᠭᠵᠢᠬᠦᠯᠬᠦ ᠪᠠ ᠲᠡᠬᠦᠯᠳᠡᠷᠵᠢᠬᠦᠯᠬᠦ ᠶᠢ ᠬᠦᠨᠵᠡᠭᠡᠢ ᠠᠬᠢᠭᠤᠯᠵᠦ᠂ ᠲᠦᠬᠦᠷᠵᠢᠬᠦᠯᠦᠭᠰᠡᠨ ᠲᠤᠨᠤᠭ ᠲᠦᠬᠦᠭᠡᠷᠤᠮᠵᠢ ᠶᠢᠨ ᠪᠠᠶᠢᠭᠤᠯᠤᠯᠳᠠ  ᠶᠢ ᠬᠦᠴᠦᠯᠠᠨ ᠴᠢᠩᠭᠠᠳᠬᠠᠵᠦ᠂ ᠣᠶᠣᠨᠴᠢ ᠵᠠᠮ ᠬᠠᠷᠢᠯᠴᠠᠭ᠎ᠠ ᠶᠢᠨ ᠬᠠᠮᠢᠶᠠᠷᠤᠯᠳᠠ᠂ ᠣᠶᠣᠨᠴᠢ ᠨᠠᠶᠢᠳᠠ ᠶᠢᠨ ᠦᠢᠯᠠᠴᠢᠯᠡᠭᠡᠨ ᠪᠠ ᠬᠤᠳᠠ ᠶᠢᠨ ᠬᠠᠮᠢᠶᠠᠷᠤᠯᠳᠠ᠂ ᠣᠶᠣᠨᠴᠢ ᠪᠦᠬᠦ ᠬᠢᠵᠠᠭᠠᠷ ᠤᠨ ᠵᠢᠭᠤᠯᠴᠢᠯᠠᠯ᠂ ᠣᠶᠣᠨᠴᠢ ᠰᠤᠷᠭᠠᠨ ᠬᠦᠮᠦᠵᠢᠯ ᠰᠤᠶᠤᠯ ᠤᠨ ᠦᠢᠯᠠᠴᠢᠯᠡᠭᠡᠨ᠂ ᠢᠳᠡᠭᠡᠨ ᠪᠠ ᠡᠮ ᠤᠨ ᠵᠦᠢᠯ ᠤᠨ ᠣᠶᠣᠨᠴᠢ ᠬᠢᠨ᠋ᠨᠨ ᠬᠠᠮᠢᠶᠠᠷᠤᠯᠳᠠ᠂ ᠡᠮ ᠡᠮᠨᠡᠯᠭᠡ ᠶᠢᠨ ᠶᠡᠭᠡ ᠲᠤᠭ᠎ᠠ ᠪᠠᠷᠢᠮᠳᠠ᠂ ᠮᠦᠩᠬᠦᠨ ᠬᠦᠢᠯᠭᠡᠭᠡᠨ ᠤ ᠶᠡᠭᠡ ᠲᠤᠭ᠎ᠠ ᠪᠠᠷᠢᠮᠳᠠ᠂ ᠲᠠᠷᠢᠶᠠᠯᠠᠩ ᠮᠠᠯ ᠠᠵᠤ ᠠᠬᠤᠢ ᠶᠢᠨ ᠶᠡᠭᠡ ᠲᠤᠭ᠎ᠠ ᠪᠠᠷᠢᠮᠳᠠ᠂ ᠡᠯᠡᠰᠤᠨ ᠤ ᠠᠵᠤ ᠦᠢᠯᠡᠰ ᠤᠨ ᠲᠤᠰᠬᠠᠢ ᠠᠰᠢᠭ  ᠤᠨ ᠶᠡᠭᠡ ᠲᠤᠭ᠎ᠠ ᠪᠠᠷᠢᠮᠳᠠ᠂ ᠦᠢᠯᠡᠳᠬᠦ ᠦᠢᠯᠡᠰ ᠤᠨ ᠶᠡᠭᠡ ᠲᠤᠭ᠎ᠠ ᠪᠠᠷᠢᠮᠳᠠ᠂ ᠡᠯᠧᠺᠲᠷᠤᠨ ᠬᠤᠳᠠᠯᠲᠤᠭᠠᠨ ᠤ ᠰᠤᠯᠢᠯᠴᠠᠭᠠᠨ ᠤ ᠲᠠᠪᠴᠠᠩ ᠵᠡᠷᠭᠡ ᠬᠦᠷᠢᠶ᠎ᠠ ᠭᠡᠪᠴᠢᠶᠠᠨ ᠳᠠᠬᠢ ᠡᠬᠦᠯᠠᠨ ᠪᠣᠳᠣᠯᠳᠠ ᠪᠠ ᠶᠡᠭᠡ ᠲᠤᠭ᠎ᠠ ᠪᠠᠷᠢᠮᠳᠠ ᠵᠡᠷᠭᠡ ᠮᠡᠷᠭᠡᠵᠢᠯ ᠤᠨ ᠭᠡᠷᠡᠭᠯᠡᠭᠡᠨ ᠢ ᠠᠬᠢᠭᠤᠯᠵᠦ᠂ ︽ᠤᠶᠤᠨᠴᠢ ᠠᠯᠠᠱᠨ︾ ᠶᠢᠨ ᠪᠦᠲᠤᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠤᠨ᠎ᠠ᠃ ︵ᠲᠤᠯᠤᠭᠠᠶᠢᠯᠠᠬᠤ ᠨᠢᠭᠡᠴᠠ᠄ ᠵᠠᠰᠠᠭ ᠤᠨ ᠶᠠᠪᠤᠳᠠᠯ ᠤᠨ ᠦᠢᠯᠠᠴᠢᠯᠡᠭᠡᠨ ᠤ ᠲᠤᠪᠴᠢᠶ᠎ᠠ᠂ ᠬᠠᠷᠢᠭᠤᠴᠠᠯᠭᠠᠲᠤ ᠨᠢᠭᠡᠴᠠ᠄ ᠡᠯ᠎ᠠ ᠬᠤᠰᠢᠭᠤᠨ ᠤ ᠠᠷᠠᠳ ᠤᠨ ᠵᠠᠰᠠᠭ ᠤᠨ ᠤᠷᠲᠤᠨ᠂ ᠨᠡᠭᠡᠭᠡᠯᠳᠡ  ᠶᠢᠨ ᠤᠷᠤᠨ᠂ ᠵᠢᠱᠢᠶ᠎ᠠ ᠦᠵᠡᠬᠦᠯᠬᠦ ᠲᠤᠭᠤᠷᠢᠭ ᠤᠨ ᠬᠠᠮᠢᠶᠠᠷᠤᠯᠳᠠ ᠶᠢᠨ ᠵᠦᠪᠯᠠᠯ᠂ ᠵᠠᠬᠢᠷᠭ᠎ᠠ ᠶᠢᠨ ᠡᠯ᠎ᠠ ᠵᠦᠪᠯᠠᠯ᠂ ᠠᠯᠪᠠᠨ ᠭᠡᠷ᠂ ᠲᠤᠪᠴᠢᠶ᠎ᠠ᠂ ᠴᠠᠬᠢᠯᠭᠠᠨ ᠬᠤᠯᠪᠤᠭ᠎ᠠ ᠶᠢ ᠡᠵᠡᠩᠨᠡᠵᠦ ᠪᠠᠶᠢᠭ᠎ᠠ ᠡᠯ᠎ᠠ ᠠᠵᠤ ᠠᠬᠤᠶᠢᠯᠠᠯ︶        13. ᠰᠦᠯᠵᠢᠶᠠᠨ ᠤ ᠮᠡᠳᠡᠭᠡ ᠵᠠᠩᠬᠢ ᠶᠢᠨ ᠠᠮᠤᠷ ᠲᠦᠪᠰᠢᠨ ᠤ ᠬᠠᠮᠢᠶᠠᠷᠤᠯᠳᠠ ᠶᠢᠨ ᠲᠠᠪᠴᠠᠩ ᠢ ᠪᠠᠶᠢᠭᠤᠯᠤᠨ ᠲᠡᠬᠦᠯᠳᠡᠷᠵᠢᠬᠦᠯᠦᠨ᠎ᠠ᠃ ᠰᠦᠯᠵᠢᠶᠠᠨ ᠤ ᠬᠢᠭᠡᠳ ᠮᠡᠳᠡᠭᠡ ᠵᠠᠩᠬᠢ ᠶᠢᠨ ᠠᠮᠤᠷ ᠲᠦᠪᠰᠢᠨ ᠢ ᠬᠢᠨ᠋ᠨᠨ ᠬᠠᠮᠢᠶᠠᠷᠬᠤ ᠴᠢᠳᠠᠪᠤᠷᠢ ᠪᠠ ᠮᠡᠳᠡᠭᠡ ᠵᠠᠩᠬᠢ ᠶᠢᠨ ᠰᠢᠰᠲ᠋ᠧᠮ ᠤᠨ ᠠᠮᠤᠷ ᠲᠦᠪᠰᠢᠨ ᠤ ᠰᠡᠷᠭᠡᠶᠢᠯᠠᠨ ᠬᠠᠮᠠᠭᠠᠯᠠᠬᠤ ᠬᠢᠷᠢ ᠲᠦᠪᠰᠢᠨ ᠢ ᠲᠡᠭᠡᠭᠰᠢᠯᠡᠬᠦᠯᠵᠦ᠂ ᠵᠠᠩᠬᠢᠯᠠᠭ᠎ᠠ ᠶᠢᠨ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠠᠭᠤᠷᠢ ᠲᠦᠬᠦᠭᠡᠷᠤᠮᠵᠢ ᠶᠢᠨ ᠠᠮᠤᠷ ᠲᠦᠪᠰᠢᠨ ᠤ ᠰᠡᠷᠭᠡᠶᠢᠯᠠᠨ ᠬᠠᠮᠠᠭᠠᠯᠠᠬᠤ ᠮᠡᠷᠭᠡᠵᠢᠯ ᠤᠨ ᠠᠷᠭ᠎ᠠ ᠪᠠᠷᠢᠯ ᠤᠨ ᠪᠠᠶᠢᠭᠤᠯᠤᠯᠳᠠ ᠶᠢ ᠴᠢᠩᠭᠠᠳᠬᠠᠵᠦ᠂ ᠰᠦᠯᠵᠢᠶᠠᠨ ᠤ ᠰᠦᠷᠳᠡᠬᠦᠯᠦᠯ ᠤᠨ ᠮᠡᠳᠡᠷᠡᠴᠠ᠂ ᠤᠷᠢᠳᠴᠢᠯᠠᠨ ᠰᠡᠷᠡᠮᠵᠢᠯᠠᠬᠦ ᠪᠠ ᠰᠡᠷᠭᠡᠶᠢᠯᠠᠨ ᠬᠤᠷᠢᠭᠯᠠᠬᠤ ᠴᠢᠳᠠᠪᠤᠷᠢ ᠶᠢ ᠲᠡᠭᠡᠭᠰᠢᠯᠡᠬᠦᠯᠦᠨ᠎ᠠ᠃ ᠨᠢᠭᠡᠲᠤᠯᠲᠡᠢ ᠪᠦᠭᠡᠳ ᠠᠭᠤᠰᠦᠯᠴᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠰᠦᠯᠵᠢᠶ᠎ᠠ ᠶᠢ ᠪᠠᠶᠢᠭᠤᠯᠵᠦ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠤᠭᠠᠨ ᠤ ᠪᠠᠶᠢᠭᠤᠯᠤᠯᠳᠠ ᠶᠢ ᠲᠤᠯᠭᠠᠭᠤᠷᠢᠯᠠᠵᠦ᠂ ᠰᠠᠯᠠᠭ᠎ᠠ ᠮᠦᠴᠢᠷ ᠠᠵᠢᠯ ᠲᠦᠷᠦᠯ ᠠᠵᠤ ᠠᠬᠤᠶᠢᠯᠠᠯ ᠠᠯᠤᠰᠯᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠨᠡᠪᠳᠡᠷᠡᠯᠭᠡ ᠶᠢᠨ ᠬᠠᠮᠲᠤᠷᠠᠯᠴᠠᠭ᠎ᠠ ᠶᠢ ᠪᠠᠶᠢᠭᠤᠯᠵᠦ᠂ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠳᠤ ᠬᠦᠴᠦᠲᠤ ᠪᠠᠲᠤᠯᠠᠭ᠎ᠠ ᠬᠠᠩᠭᠠᠨ᠎ᠠ᠃ ︵ᠲᠤᠯᠤᠭᠠᠶᠢᠯᠠᠬᠤ ᠨᠢᠭᠡᠴᠠ᠄ ᠰᠦᠯᠵᠢᠶᠠᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠳᠠ ᠶᠢᠨ ᠬᠤᠷᠢᠶᠠᠨ ᠤ ᠠᠯᠪᠠᠨ ᠭᠡᠷ᠂ ᠬᠠᠷᠢᠭᠤᠴᠠᠯᠭᠠᠲᠤ ᠨᠢᠭᠡᠴᠠ᠄ ᠠᠶᠢᠮᠠᠭ ᠤᠨ ᠲᠤᠲᠤᠭᠠᠲᠤ ᠶᠢ ᠬᠠᠮᠠᠭᠠᠯᠠᠬᠤ ᠲᠤᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠤᠪᠴᠢᠶ᠎ᠠ᠂ ᠴᠢᠮᠡᠭᠡ ᠨᠡᠪᠳᠡᠷᠡᠯᠭᠡ ᠶᠢᠨ ᠪᠦᠳᠦᠭᠡᠨ ᠪᠠᠶᠢᠭᠤᠯᠣᠯᠳᠠ ᠶᠢ ᠬᠠᠮᠢᠶᠠᠷᠬᠤ ᠠᠯᠪᠠᠨ ᠭᠡᠷ᠂ ᠴᠠᠬᠢᠯᠭᠠᠨ ᠬᠤᠯᠪᠤᠭ᠎ᠠ ᠶᠢ ᠡᠵᠡᠩᠨᠡᠵᠦ ᠪᠠᠶᠢᠭ᠎ᠠ ᠡᠯ᠎ᠠ ᠠᠵᠤ ᠠᠬᠤᠶᠢᠯᠠᠯ︶        ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ        ︵ᠨᠢᠭᠡ︶ ᠵᠤᠬᠢᠶᠠᠨ ᠪᠠᠶᠢᠭᠤᠯᠤᠯᠳᠠ ᠶᠢᠨ ᠤᠲᠤᠷᠢᠲᠤᠯᠭ᠎ᠠ ᠪᠠᠨ ᠴᠢᠩᠭᠠᠳᠬᠠᠨ᠎ᠠ᠃ ᠠᠶᠢᠮᠠᠭ ᠤᠨ ᠵᠠᠬᠢᠷᠭ᠎ᠠ ᠶᠢᠨ ᠳᠣᠬᠠᠶᠢᠯᠠᠭᠰᠠᠨ ᠠᠵᠢᠯ ᠢ ᠬᠤᠪᠢᠳᠠᠨ ᠬᠠᠮᠢᠶᠠᠷᠴᠣ ᠪᠠᠶᠢᠭ᠎ᠠ ᠤᠲᠤᠷᠢᠲᠤᠯᠭ᠎ᠠ ᠠᠴᠠ ᠬᠤᠷᠠᠯᠲᠤᠭᠤᠯᠤᠭᠴᠢ ᠶᠢᠨ ᠡᠬᠦᠷᠭᠡ ᠶᠢ ᠲᠠᠭᠠᠭᠠᠨ ᠬᠠᠷᠢᠭᠤᠴᠠᠵᠦ᠂ ᠠᠶᠢᠮᠠᠭ ᠤᠨ ᠠᠵᠤ ᠦᠢᠯᠡᠳᠪᠤᠷᠢ ᠪᠠ ᠮᠡᠳᠡᠭᠡ ᠵᠠᠩᠬᠢᠴᠢᠯᠠᠯᠳᠠ ᠶᠢᠨ ᠲᠤᠪᠴᠢᠶ᠎ᠠ᠂ ᠴᠢᠮᠡᠭᠡ ᠨᠡᠪᠳᠡᠷᠡᠯᠭᠡ ᠶᠢᠨ ᠪᠦᠳᠦᠭᠡᠨ ᠪᠠᠶᠢᠭᠤᠯᠣᠯᠳᠠ ᠶᠢ ᠬᠠᠮᠢᠶᠠᠷᠬᠤ ᠠᠯᠪᠠᠨ ᠭᠡᠷ᠂ ᠤᠷᠤᠨ ᠰᠠᠭᠤᠴᠠ ᠶᠢᠨ ᠪᠦᠲᠤᠭᠡᠨ ᠪᠠᠶᠢᠭᠤᠯᠤᠯᠳᠠ ᠶᠢᠨ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠠᠯ᠂ ᠲᠤᠲᠤᠭᠠᠲᠤ ᠶᠢ ᠬᠠᠮᠠᠭᠠᠯᠠᠬᠤ ᠲᠤᠪᠴᠢᠶ᠎ᠠ᠂ ᠰᠤᠷᠭᠠᠨ ᠬᠦᠮᠦᠵᠢᠯ ᠪᠠᠶ᠎ᠠ ᠶᠢᠨ ᠲᠠᠮᠢᠷ ᠤᠨ ᠲᠤᠪᠴᠢᠶ᠎ᠠ᠂ ᠵᠠᠮ ᠬᠠᠷᠢᠯᠴᠠᠭ᠎ᠠ ᠲᠡᠭᠡᠭᠡᠪᠤᠷᠢ ᠶᠢᠨ ᠲᠤᠪᠴᠢᠶ᠎ᠠ᠂ ᠪᠠᠶᠢᠭᠤᠯᠤᠯᠭ᠎ᠠ ᠶᠢᠨ ᠶᠠᠪᠤᠳᠠᠯ ᠤᠨ ᠲᠤᠪᠴᠢᠶ᠎ᠠ᠂ ᠲᠠᠮᠤᠷ ᠵᠠᠮ ᠠᠭᠠᠷ ᠠᠶᠠᠯᠠᠯ ᠤᠨ ᠬᠠᠮᠢᠶᠠᠷᠤᠯᠳᠠ ᠶᠢᠨ ᠲᠦᠪ᠂ ᠴᠠᠬᠢᠯᠭᠠᠨ ᠦᠢᠯᠡᠰ ᠤᠨ ᠲᠤᠪᠴᠢᠶ᠎ᠠ ᠵᠡᠷᠭᠡ ᠰᠠᠯᠠᠭ᠎ᠠ ᠮᠦᠴᠢᠷ ᠪᠠ ᠲᠢᠶᠧ ᠲᠠ᠂ ᠴᠠᠬᠢᠯᠭᠠᠨ ᠬᠤᠯᠪᠤᠭ᠎ᠠ ᠶᠢ ᠡᠵᠡᠩᠨᠡᠵᠦ ᠪᠠᠶᠢᠭ᠎ᠠ ᠡᠯ᠎ᠠ ᠠᠵᠤ ᠠᠬᠤᠶᠢᠯᠠᠯ ᠵᠡᠷᠭᠡ ᠠᠵᠤ ᠠᠬᠤᠶᠢᠯᠠᠯ ᠢᠶᠠᠷ ᠪᠦᠷᠢᠯᠲᠤᠬᠦᠨ ᠨᠢᠭᠡᠴᠠ ᠪᠤᠯᠭᠠᠭᠰᠠᠨ ᠲᠤᠪᠴᠢᠶᠠᠨ ᠲᠡᠰ ᠤᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠦ᠂ ᠪᠦᠬᠦ ᠠᠶᠢᠮᠠᠭ ᠤᠨ ᠴᠠᠬᠢᠯᠭᠠᠨ ᠬᠤᠯᠪᠤᠭ᠎ᠠ ᠶᠢᠨ ᠰᠠᠭᠤᠷᠢ ᠲᠦᠬᠦᠭᠡᠷᠤᠮᠵᠢ ᠶᠢ ᠬᠠᠮᠲᠤ ᠪᠠᠷ ᠪᠠᠶᠢᠭᠤᠯᠵᠦ ᠬᠠᠮᠲᠤ ᠳᠠᠭᠠᠨ ᠡᠳ᠋ᠯᠡᠬᠦ ᠪᠠ 5G ᠶᠢᠨ ᠰᠦᠯᠵᠢᠶᠠᠨ ᠤ ᠪᠠᠶᠢᠭᠤᠯᠤᠯᠳᠠ ᠶᠢ ᠶᠠᠷᠤᠩᠭᠡᠢ ᠳᠤᠨᠢ ᠲᠦᠯᠦᠪᠵᠢᠬᠦᠯᠦᠨ ᠪᠠᠶᠢᠷᠢᠯᠠᠭᠤᠯᠬᠤ᠂ ᠨᠢᠭᠡᠲᠤᠯᠲᠡᠢ ᠲᠦᠯᠦᠪᠯᠡᠨ ᠵᠤᠬᠢᠴᠠᠭᠤᠯᠬᠤ ᠪᠠ ᠬᠢᠨᠠᠯᠳᠠ ᠲᠠᠯᠪᠢᠵᠦ ᠵᠢᠯᠤᠭᠤᠳᠬᠤ ᠠᠵᠢᠯ ᠢ ᠬᠠᠷᠢᠭᠤᠴᠠᠵᠦ᠂ ᠴᠢᠬᠤᠯᠨ ᠶᠡᠭᠡ ᠤᠴᠢᠷ ᠵᠦᠢᠯ ᠪᠠ ᠠᠰᠠᠭᠤᠳᠠᠯ ᠢ ᠰᠤᠲᠤᠯᠤᠨ ᠰᠢᠢᠳᠪᠤᠷᠢᠯᠠᠵᠦ᠂ ᠡᠯ᠎ᠠ ᠲᠦᠷᠦᠯ ᠤᠨ ᠲᠦᠷᠦ ᠶᠢᠨ ᠪᠤᠲᠤᠯᠭ᠎ᠠ ᠶᠢᠨ ᠠᠷᠭ᠎ᠠ ᠪᠠᠷᠢᠯ ᠨᠠᠶᠢᠳᠠᠪᠤᠷᠢᠵᠢᠭᠤᠯᠤᠭᠳᠠᠨ ᠭᠡᠷᠡᠭᠵᠢᠬᠦᠯᠦᠭᠳᠡᠬᠦ ᠶᠢ ᠠᠬᠢᠭᠤᠯᠬᠤ ᠬᠡᠷᠡᠭᠳᠡᠢ᠃        ︵ᠬᠤᠶᠠᠷ︶ ᠰᠠᠶᠢᠨ ᠰᠠᠶᠢᠬᠠᠨ ᠤᠷᠴᠢᠨ ᠲᠤᠭᠤᠷᠢᠨ ᠢ ᠪᠦᠷᠢᠯᠲᠤᠬᠦᠯᠦᠨ᠎ᠠ᠃ ᠡᠯ᠎ᠠ ᠬᠤᠰᠢᠭᠤᠨ ︵ᠨᠡᠭᠡᠭᠡᠯᠳᠡ ᠶᠢᠨ ᠤᠷᠤᠨ︶ ᠤ ᠠᠷᠠᠳ ᠤᠨ ᠵᠠᠰᠠᠭ ᠤᠨ ᠤᠷᠲᠤᠨ ︵ᠬᠠᠮᠢᠶᠠᠷᠤᠯᠳᠠ ᠶᠢᠨ ᠵᠦᠪᠯᠠᠯ︶ ᠨᠢ ᠬᠠᠷᠢᠶ᠎ᠠ ᠣᠷᠣᠨ ᠳᠠᠬᠢ ᠤᠷᠤᠨ ᠰᠠᠭᠤᠴᠠ ᠶᠢᠨ ᠲᠤᠭᠤᠷᠢᠭ᠂ ᠤᠯᠠᠨ ᠨᠠᠶᠢᠳᠠ ᠶᠢᠨ ᠪᠠᠷᠢᠯᠭ᠎ᠠ᠂ ᠬᠤᠳᠠᠯᠲᠤᠭᠠᠨ ᠤ ᠶᠠᠪᠤᠳᠠᠯ  ᠤᠨ ᠠᠯᠪᠠᠨ ᠠᠰᠠᠷ ᠵᠡᠷᠭᠡ ᠶᠢ ᠮᠡᠳᠡᠭᠡ ᠵᠠᠩᠬᠢ ᠶᠢᠨ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠳᠠ ᠶᠢᠨ ᠨᠢᠭᠡᠴᠠ ᠳᠤ ᠴᠢᠯᠦᠭᠡᠲᠡᠢ ᠨᠡᠭᠡᠭᠡᠵᠦ ᠦᠭᠭᠦ ᠶᠢ ᠬᠠᠷᠢᠭᠤᠴᠠᠨ ᠠᠬᠢᠭᠤᠯᠬᠤ ᠬᠡᠷᠡᠭᠳᠡᠢ᠃ ᠡᠯ᠎ᠠ ᠬᠤᠰᠢᠭᠤ ᠨᠡᠭᠡᠭᠡᠯᠳᠡ ᠶᠢᠨ ᠤᠷᠤᠨ᠂ ᠡᠯ᠎ᠠ ᠰᠠᠯᠠᠭ᠎ᠠ ᠮᠦᠴᠢᠷ ᠡᠷᠭᠡᠪᠰᠢ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ  ᠰᠦᠯᠵᠢᠶ᠎ᠠ ᠶᠢᠨ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠵᠦ᠂ ᠰᠢᠨᠵᠢᠯᠡᠬᠦ ᠤᠬᠠᠭᠠᠨ ᠤ ᠲᠦᠭᠡᠮᠡᠯᠵᠢᠬᠦᠯᠦᠯᠳᠡ ᠶᠢᠨ ᠤᠬᠠᠭᠤᠯᠭ᠎ᠠ ᠶᠢᠨ ᠬᠦᠴᠤᠯᠠᠴᠠ ᠶᠢ ᠨᠡᠮᠡᠭᠳᠡᠬᠦᠯᠵᠦ᠂ ᠤᠯᠠᠨ ᠲᠦᠮᠠᠨ ᠤ ᠴᠠᠬᠢᠯᠭᠠᠨ ᠰᠤᠷᠢᠨᠵᠢᠨ ᠤ ᠰᠠᠴᠤᠷᠠᠯᠳᠠ ᠶᠢᠨ ᠲᠤᠬᠠᠢ ᠨᠠᠵᠠᠭᠠᠢ ᠤᠶᠢᠯᠠᠭᠠᠯᠳᠠ ᠶᠢ ᠠᠷᠢᠯᠭᠠᠵᠦ᠂ ᠡᠯ᠎ᠠ ᠲᠦᠷᠦᠯ ᠤᠨ ᠵᠠᠭᠤᠴᠢᠯᠠᠭᠤᠷ ᠪᠠ ᠠᠷᠭ᠎ᠠ ᠪᠠᠷᠢᠯ ᠢ ᠬᠦᠢᠴᠡᠳ ᠠᠰᠢᠭᠯᠠᠵᠦ᠂ ᠨᠡᠶᠢᠭᠡᠮ ᠤᠨ ᠶᠠᠷᠢᠶ᠎ᠠ ᠭᠡᠯᠡᠯᠴᠡᠭᠡ ᠶᠢ ᠵᠦᠪ ᠲᠠᠯ᠎ᠠ ᠠᠴᠠ ᠬᠦᠲᠤᠯᠤᠨ ᠵᠢᠯᠤᠭᠤᠳᠴᠦ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠳᠠ ᠪᠠ ᠬᠠᠮᠠᠭᠠᠯᠠᠯᠳᠠ ᠶᠢ ᠢᠳᠡᠪᠬᠢᠲᠡᠢ ᠲᠠᠮᠵᠢᠵᠦ᠂ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠠᠭᠤᠷᠢ ᠲᠦᠬᠦᠭᠡᠷᠤᠮᠵᠢ ᠶᠢ ᠬᠤᠯᠠᠭᠠᠶᠢᠯᠠᠬᠤ᠂ ᠡᠪᠳᠡᠯᠡᠬᠦ ᠵᠡᠷᠭᠡ ᠬᠠᠤᠯᠢ  ᠶᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠨᠡᠶᠢᠭᠡᠮ ᠤᠨ ᠡᠯ᠎ᠠ ᠡᠳᠡᠭᠡᠳ ᠤᠨ ᠬᠢᠨ ᠴᠠᠬᠢᠯᠭᠠᠨ ᠬᠤᠯᠪᠤᠭᠠᠨ ᠤ ᠰᠦᠯᠵᠢᠶ᠎ᠠ ᠶᠢᠨ ᠪᠠᠶᠢᠭᠤᠯᠤᠯᠳᠠ ᠶᠢ ᠲᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠳᠡᠢ᠃        ︵ᠭᠤᠷᠪᠠ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠪᠠᠨ ᠴᠢᠩᠭᠠᠳᠬᠠᠨ᠎ᠠ᠃ ᠡᠯ᠎ᠠ ᠬᠤᠰᠢᠭᠤ ᠲᠤᠭᠤᠷᠢᠭ᠂ ᠠᠶᠢᠮᠠᠭ ᠤᠨ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠡᠷᠭᠡᠪᠰᠢ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠦᠯᠵᠢᠶᠠᠨ ᠤ ᠲᠦᠯᠦᠪᠵᠢᠬᠦᠯᠭᠡ᠂ ᠪᠦᠲᠤᠭᠡᠨ ᠪᠠᠶᠢᠭᠤᠯᠬᠤ ᠠᠵᠢᠯ ᠢ ᠲᠤᠰ ᠭᠠᠵᠠᠷ ᠤᠷᠤᠨ᠂ ᠲᠤᠰ ᠨᠢᠭᠡᠴᠠ ᠶᠢᠨ ᠭᠤᠤᠯᠳᠠᠯᠭ᠎ᠠ ᠲᠠᠢ ᠠᠵᠢᠯ ᠢᠶᠠᠨ ᠪᠤᠯᠭᠠᠵᠦ᠂ ᠠᠵᠢᠯ ᠤᠨ ᠡᠬᠦᠷᠭᠡ ᠬᠠᠷᠢᠭᠤᠴᠠᠯᠭ᠎ᠠ  ᠪᠠᠨ ᠲᠤᠲᠤᠷᠬᠠᠶᠢᠯᠠᠵᠦ᠂ ᠠᠵᠢᠯ ᠤᠨ ᠬᠠᠷᠠᠯᠳᠠ ᠪᠠᠨ ᠵᠠᠳᠠᠯᠵᠦ᠂ ᠠᠵᠢᠯ ᠤᠨ ᠠᠷᠭ᠎ᠠ ᠪᠠᠷᠢᠯ ᠢᠶᠠᠨ ᠨᠠᠷᠢᠯᠢᠭᠵᠢᠭᠤᠯᠤᠨ᠂ ᠠᠵᠢᠯ ᠤᠨ ᠵᠠᠯᠭᠠᠯᠳᠠ ᠶᠢ ᠤᠬᠠᠮᠰᠠᠷ ᠠᠴᠠ ᠪᠠᠨ  ᠦᠷᠨᠢᠬᠦᠯᠬᠦ ᠬᠡᠷᠡᠭᠳᠡᠢ᠃ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠡᠷᠭᠡᠪᠰᠢ ᠶᠡᠭᠡ ᠲᠠᠯ᠎ᠠ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ᠂ ᠦᠢᠯᠡᠴᠢᠯᠡᠬᠦ ᠤᠬᠠᠮᠰᠠᠷ ᠢ ᠴᠢᠩᠭᠠᠳᠬᠠᠵᠦ᠂ ᠠᠵᠢᠯ ᠤᠨ  ᠬᠠᠷᠢᠭᠤᠴᠠᠭᠴᠢ ᠪᠠ ᠬᠠᠷᠢᠯᠴᠠᠭᠴᠢ ᠪᠠᠨ ᠲᠤᠲᠤᠷᠬᠠᠶᠢᠯᠠᠵᠦ᠂ ᠡᠬᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠦᠨᠲᠤᠰᠦᠯᠠᠵᠦ᠂ ᠬᠠᠮᠵᠢᠯᠴᠠᠭ᠎ᠠ ᠪᠠᠨ ᠴᠢᠩᠭᠠᠳᠬᠠᠵᠦ᠂ ᠬᠠᠮᠲᠤᠷᠠᠯ ᠬᠦᠴᠦᠨ ᠢ ᠪᠤᠢ  ᠪᠣᠯᠭᠠᠬᠤ ᠬᠡᠷᠡᠭᠳᠡᠢ᠃ ᠤᠷᠤᠨ ᠰᠠᠭᠤᠴᠠ ᠶᠢᠨ ᠪᠦᠲᠤᠭᠡᠨ ᠪᠠᠶᠢᠭᠤᠯᠤᠯᠳᠠ ᠶᠢᠨ ᠲᠤᠪᠴᠢᠶ᠎ᠠ᠂ ᠠᠵᠤ ᠦᠢᠯᠡᠳᠪᠤᠷᠢ ᠪᠠ ᠮᠡᠳᠡᠭᠡ ᠵᠠᠩᠬᠢᠴᠢᠯᠠᠯᠳᠠ ᠶᠢᠨ ᠲᠤᠪᠴᠢᠶ᠎ᠠ᠂ ᠴᠢᠮᠡᠭᠡ ᠨᠡᠪᠳᠡᠷᠡᠯᠭᠡ ᠶᠢᠨ ᠪᠦᠳᠦᠭᠡᠨ ᠪᠠᠶᠢᠭᠤᠯᠣᠯᠳᠠ ᠬᠠᠮᠢᠶᠠᠷᠤᠯᠳᠠ ᠶᠢᠨ ᠠᠯᠪᠠᠨ ᠭᠡᠷ ᠪᠠ ᠬᠠᠤᠯᠢ ᠭᠡᠷᠡᠭᠵᠢᠬᠦᠯᠬᠦ ᠰᠠᠯᠠᠭ᠎ᠠ ᠮᠦᠴᠢᠷ ᠢᠶᠠᠷ ᠪᠦᠷᠢᠯᠲᠤᠭ᠍ᠰᠡᠨ ᠬᠠᠮᠲᠤᠷᠠᠭᠰᠠᠨ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠢ ᠪᠠᠶᠢᠭᠤᠯᠵᠦ᠂ ᠭᠡᠷᠡᠯ ᠤᠨ ᠰᠢᠷᠭᠡᠭ ᠢ ᠡᠷᠤᠭᠡ ᠳᠤ ᠤᠷᠤᠭᠤᠯᠬᠤ ᠵᠠᠰᠠᠨ ᠦᠭᠡᠷᠡᠴᠢᠯᠡᠬᠦ ᠠᠵᠢᠯ ᠤᠨ ᠰᠢᠮᠳᠠᠭᠤᠯᠤᠨ ᠪᠠᠶᠢᠴᠠᠭᠠᠬᠤ ᠬᠦᠴᠤᠯᠡᠴᠡ ᠶᠢ ᠴᠢᠩᠭᠠᠳᠬᠠᠵᠦ᠂ ᠨᠡᠭᠡᠭᠡᠨ ᠬᠦᠭᠵᠢᠬᠦᠯᠵᠦ ᠪᠦᠲᠤᠭᠡᠨ ᠪᠠᠶᠢᠭᠤᠯᠵᠦ ᠪᠠᠶᠢᠭ᠎ᠠ ᠨᠢᠭᠡᠴᠠ᠂ ᠠᠳᠠᠯ ᠠᠬᠤᠢ ᠶᠢᠨ ᠦᠢᠯᠠᠴᠢᠯᠡᠭᠡᠨ ᠤ ᠠᠵᠤ ᠠᠬᠤᠶᠢᠯᠠᠯ ᠨᠢ ᠭᠡᠷᠡᠯ ᠤᠨ ᠰᠢᠷᠭᠡᠭ ᠢ ᠡᠷᠤᠭᠡ ᠳᠤ ᠤᠷᠤᠭᠤᠯᠬᠤ ᠦᠭᠡᠷᠡᠴᠢᠯᠡᠨ ᠵᠠᠰᠠᠬᠤ ᠠᠵᠢᠯ ᠪᠠ ᠮᠡᠳᠡᠭᠡ ᠵᠠᠩᠬᠢ ᠶᠢᠨ ᠰᠠᠭᠤᠷᠢ ᠦᠷᠳᠡᠭᠡ ᠶᠢᠨ ᠪᠦᠲᠤᠭᠡᠨ ᠪᠠᠶᠢᠭᠤᠯᠤᠯᠳᠠ ᠶᠢ ᠬᠠᠷᠰᠢᠯᠠᠨ ᠲᠦᠢᠪᠡᠭᠡᠬᠦ ᠵᠡᠷᠭᠡ ᠬᠠᠤᠯᠢ ᠪᠤᠰᠤ ᠠᠵᠢᠯᠯᠠᠭ᠎ᠠ ᠶᠢ ᠴᠠᠭ ᠲᠤᠬᠠᠢ ᠳᠤᠨᠢ ᠴᠢᠩᠭ᠎ᠠ ᠪᠠᠶᠢᠴᠠᠭᠠᠨ ᠰᠢᠢᠳᠪᠤᠷᠢᠯᠠᠵᠦ᠂ ᠴᠠᠬᠢᠯᠭᠠᠨ ᠬᠤᠯᠪᠤᠭ᠎ᠠ ᠶᠢ ᠡᠵᠠᠩᠨᠠᠵᠦ ᠪᠠᠶᠢᠭ᠎ᠠ ᠡᠯ᠎ᠠ ᠠᠵᠤ ᠠᠬᠤᠶᠢᠯᠠᠯ ᠨᠢ ᠬᠤᠯᠪᠤᠭᠳᠠᠯ ᠪᠦᠬᠦᠢ ᠪᠠᠷᠢᠮᠵᠢᠶ᠎ᠠ ᠶᠢ ᠴᠢᠩᠭ᠎ᠠ ᠭᠡᠷᠡᠭᠵᠢᠬᠦᠯᠬᠦ ᠶᠢ ᠰᠢᠮᠳᠠᠭᠤᠯᠵᠦ᠂ ᠮᠡᠳᠡᠭᠡ ᠵᠠᠩᠬᠢ ᠴᠢᠮᠡᠭᠡ ᠨᠡᠪᠳᠡᠷᠡᠯᠭᠡ ᠶᠢᠨ ᠰᠠᠭᠤᠷᠢ ᠲᠦᠬᠦᠭᠡᠷᠤᠮᠵᠢ ᠶᠢ ᠬᠠᠮᠲᠤ  ᠪᠠᠷ ᠪᠠᠶᠢᠭᠤᠯᠤᠨ ᠬᠠᠮᠲᠤ ᠳᠠᠭᠠᠨ ᠡᠳ᠋ᠯᠡᠬᠦ ᠬᠠᠮᠢᠶᠠᠷᠤᠯᠳᠠ ᠶᠢ ᠴᠢᠩᠭᠠᠳᠬᠠᠬᠤ ᠬᠡᠷᠡᠭᠳᠡᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号