ᠳᠤᠮᠳᠠᠳᠤ ᠤᠯᠤᠰ ᠤᠨ ᠡᠮᠴᠢ ᠶᠢᠨ ᠪᠠᠶᠠᠷ ᠬᠦᠷᠴᠦ ᠢᠷᠡᠬᠦ ᠲᠠᠰᠢᠷᠠᠮ ᠳᠤ᠂ ᠨᠠᠮ ᠤᠨ ᠲᠥᠪ ᠬᠤᠷᠢᠶᠠᠨ ᠤ | ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ | ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ᠂ ᠪᠦᠬᠦ ᠤᠯᠤᠰ ᠤᠨ ᠥᠷᠭᠡᠨ ᠣᠯᠠᠨ ᠡᠮᠨᠡᠯᠭᠡ ᠶᠢᠨ | ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠭᠡ ᠳᠡᠪᠰᠢᠬᠦᠯᠵᠦ᠂ ᠴᠢᠩ ᠰᠡᠳᠬᠢᠯ ᠤᠨ ᠲᠣᠬᠤᠨᠢᠭᠤᠯᠤᠯ | ᠬᠦᠷᠭᠡᠭᠰᠡᠨ ᠪᠦᠭᠡᠳ ᠥᠷᠭᠡᠨ ᠣᠯᠠᠨ ᠡᠮᠨᠡᠯᠭᠡ ᠶᠢᠨ ᠠᠵᠢᠯᠲᠠᠳ ᠤᠨ ᠡᠷᠬᠢᠮ ᠲᠡᠭᠡᠳᠣ ᠵᠣᠷᠢᠭ ᠰᠠᠨᠠᠭ᠎ᠠ ᠶᠢ ᠥᠨᠳᠥᠷ | ᠦᠨᠡᠯᠡᠵᠡᠶ᠃ | ᠡᠨᠡ ᠵᠢᠯ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ | ᠬᠢᠵᠢᠭ ᠳᠡᠯᠭᠡᠷᠡᠭᠰᠡᠨ ᠤ ᠳᠠᠷᠠᠭ᠎ᠠ᠂ ᠥᠷᠭᠡᠨ ᠤᠯᠠᠨ ᠡᠮᠨᠡᠯᠭᠡ ᠶᠢᠨ ᠠᠵᠢᠯᠲᠠᠳ ᠠᠵᠢᠯ ᠤᠨ ᠪᠠᠶᠢᠷᠢ ᠪᠠᠨ ᠰᠠᠬᠢᠵᠤ᠂ | ᠨᠠᠷᠢᠨ ᠨᠢᠮᠪᠠᠢ ᠡᠮᠨᠡᠯᠭᠡ ᠶᠢᠨ ᠮᠡᠷᠭᠡᠵᠢᠯ ᠢᠶᠠᠷ ᠲᠤᠭ᠎ᠠ ᠲᠣᠮᠰᠢ ᠦᠭᠡᠢ ᠤᠯᠠᠨ ᠡᠪᠡᠳᠴᠢᠲᠡᠨ ᠤ ᠠᠮᠢ ᠨᠠᠰᠤ ᠶᠢ | ᠠᠪᠤᠷᠠᠪᠠ᠃ ᠨᠢᠳᠦ ᠬᠠᠮᠠᠭᠠᠯᠠᠬᠤ ᠰᠢᠯ ᠵᠡᠬᠦᠭᠰᠡᠨ ᠣᠷᠣᠮ ᠪᠣᠯ ᠲᠡᠳᠡᠨ ᠤ ᠬᠠᠮᠤᠭ ᠤᠨ ᠭᠤᠶᠣ ᠭᠠᠪᠢᠶᠠᠨ ᠲᠡᠮᠳᠡᠭ | ᠮᠥᠨ︔ ᠡᠳᠦᠷ ᠲᠤᠵᠢ ᠠᠷᠢᠭᠤᠳᠬᠠᠬᠤ ᠣᠰᠣᠨ ᠳᠤ ᠳᠡᠪᠲᠦᠭᠳᠡᠭᠰᠡᠨ ᠬᠤᠶᠠᠷ ᠭᠠᠷ ᠨᠢ ᠴᠢᠰᠤᠨ ᠣᠷᠣᠮ ᠢᠶᠠᠷ | ᠳᠦᠭᠦᠷᠴᠦ᠂ ᠲᠡᠳᠡᠨ ᠤ ᠬᠠᠷᠢᠭᠤᠴᠠᠯᠭ᠎ᠠ ᠪᠠ ᠡᠭᠦᠷᠭᠡᠯᠡᠯ ᠢ ᠢᠯᠡᠷᠡᠭᠦᠯᠵᠡᠶ᠃ ᠡᠮᠴᠢᠯᠡᠭᠡᠨ ᠤ ᠠᠪᠤᠷᠠᠨ ᠵᠠᠰᠠᠯᠲᠠ ᠠᠴᠠ | ᠰᠢᠨᠵᠢᠯᠡᠬᠦ ᠤᠬᠠᠭᠠᠨ ᠤ ᠰᠤᠳᠤᠯᠭᠠᠨ ᠤ ᠰᠢᠪᠳᠣᠯᠣᠯᠳᠠ ᠬᠦᠷᠲᠡᠯ᠎ᠡ ᠂ ᠣᠨᠣᠰᠢᠯᠠᠨ ᠡᠮᠨᠡᠬᠦ ᠲᠥᠰᠦᠯ ᠢ | ᠲᠡᠭᠦᠯᠳᠡᠷᠵᠢᠭᠦᠯᠬᠦ ᠠᠴᠠ ᠡᠮᠨᠡᠨ ᠵᠠᠰᠠᠬᠤ ᠨᠣᠷᠮ᠎ᠠ ᠶᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠦᠷᠲᠡᠯ᠎ᠡ ᠲᠡᠳᠡ | ᠥᠪᠡᠷ ᠤᠨ ᠪᠡᠶ᠎ᠡ ᠪᠠᠷ ᠢᠶᠠᠨ ᠠᠷᠠᠳ ᠤᠯᠠᠨ ᠳᠤ ᠪᠠᠲᠤ ᠪᠠᠬᠢ ︽ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠱᠣᠭᠤᠮ︾ | ᠢ ᠴᠤᠬᠴᠠᠯᠠᠨ ᠪᠠᠶᠢᠭᠤᠯᠵᠤ᠂ ᠪᠣᠳᠠᠳᠣ ᠠᠵᠢᠯᠯᠠᠭ᠎ᠠ ᠪᠠᠷ ᠢᠶᠠᠨ ᠡᠮᠴᠢ ᠬᠦᠮᠣᠨ ᠤ ᠴᠢᠩ ᠦᠨᠡᠨᠴᠢ᠂ ᠠᠭᠤᠣ | ᠬᠠᠶᠢᠷ᠎ᠠ ᠶᠢᠨ ᠬᠢᠵᠠᠭᠠᠷ ᠦᠭᠡᠢ ᠭᠡᠳᠡᠭ ᠢ ᠪᠢᠴᠢᠭᠯᠡᠪᠡ᠃ | ᠭᠡᠲᠡᠯ᠎ᠡ᠂ ᠬᠥᠮᠦᠨ ᠲᠥᠷᠥᠯᠬᠢᠲᠡᠨ ᠤ ᠡᠷᠡᠭᠦᠯ ᠮᠡᠨᠳᠦ ᠶᠢᠨ ︽ᠬᠠᠮᠠᠭᠠᠯᠠᠭᠴᠢ︾ ᠪᠣᠯᠤᠭᠰᠠᠨ ᠤ ᠬᠤᠪᠢ ᠳᠤ᠂ | ᠣᠳᠣᠬᠠᠨ ᠳᠤ ᠮᠥᠨ ᠬᠦ ᠬᠡᠲᠦᠷᠡᠲᠡᠯ᠎ᠡ ᠠᠵᠢᠯᠯᠠᠬᠤ᠂ ᠢᠷᠡᠭᠡᠳᠦᠶ ᠶᠢᠨ ᠴᠢᠳᠠᠪᠤᠷᠢᠲᠠᠨ ᠤ ᠨᠦᠬᠡᠴᠡᠯᠡᠯᠳᠠ | ᠬᠦᠷᠦᠯᠴᠡᠬᠦ ᠦᠭᠡᠶ ᠵᠡᠷᠭᠡ ᠡᠯ᠎ᠡ ᠵᠣᠶᠢᠯ ᠤᠨ ᠭᠠᠴᠢᠭ ᠪᠠᠶᠢᠳᠠᠯ ᠳᠤ ᠨᠢᠭᠤᠷᠲᠠᠨ ᠂ ᠪᠠᠶᠢᠨ ᠲᠠᠬᠢᠨ ᠡᠬᠦᠰᠴᠤ | ᠪᠠᠶᠢᠭ᠎ᠠ ᠬᠦᠴᠦᠷᠬᠡᠭᠯᠡᠯ ᠢᠶᠠᠷ ᠡᠮᠴᠢ ᠶᠢ ᠭᠡᠮᠲᠦᠭᠡᠬᠦ ᠦᠵᠡᠭᠳᠡᠯ ᠭᠠᠷᠴᠤ ᠂ ᠮᠦᠨ ᠴᠦ ᠲᠡᠳᠡᠨ ᠢ ᠯᠤᠲᠤ ᠶᠡᠭᠡ | ᠰᠡᠳᠬᠢᠴᠡ ᠶᠢᠨ ᠳᠠᠷᠤᠯᠲᠠ ᠳᠤ ᠰᠢᠨᠠᠯᠭᠠᠬᠰᠠᠭᠠᠷ ᠪᠠᠶᠢᠨ᠎ᠠ᠃ | ᠡᠮᠴᠢ ᠶᠢ ᠬᠦᠨᠳᠦᠯᠡᠵᠦ ᠡᠮᠴᠢ ᠶᠢ ᠬᠠᠶᠢᠷᠠᠯᠠᠨ᠎ᠠ᠃ ᠳᠤᠮᠳᠠᠳᠤ ᠣᠯᠣᠰ ᠤᠨ ᠡᠮᠴᠢ ᠶᠢᠨ ᠪᠠᠶᠠᠷ ᠬᠦᠷᠴᠦ | ᠢᠷᠡᠬᠦ ᠲᠠᠰᠢᠷᠠᠮ ᠳᠤ᠂ ᠭᠠᠭᠴᠠ ᠬᠦ ᠬᠦᠨᠳᠦᠳᠬᠡᠯ ᠪᠠ ᠵᠥᠩᠨᠡᠯ ᠵᠶ᠋ᠠᠨᠡᠮᠨᠡᠯᠭᠡ ᠶᠢᠨ ᠠᠵᠢᠯᠲᠠᠨ ᠢ ᠬᠠᠯᠠᠮᠵᠢᠯᠠᠨ | ᠬᠠᠶᠢᠷᠠᠯᠠᠬᠤ ᠪᠣᠳᠠᠳᠣ ᠠᠵᠢᠯᠯᠠᠭ᠎ᠠ ᠪᠤᠯᠭᠠᠨ ᠬᠤᠪᠢᠷᠠᠭᠤᠯᠵᠤ᠂ ᠬᠠᠯᠠᠭᠤᠨ ᠳᠣᠲᠣᠨᠣ᠂ ᠪᠣᠳᠠᠲᠠᠶ ᠠᠷᠭ᠎ᠠ ᠬᠡᠮᠵᠢᠶ᠎ᠡ ᠪᠠᠷ | ᠲᠡᠳᠡᠨ ᠢ ᠬᠠᠪᠰᠤᠷᠴᠤ ᠬᠦᠴᠢᠷᠳᠡᠯ ᠢ ᠨᠢ ᠰᠢᠢᠳᠪᠣᠷᠢᠯᠡᠨ ᠥᠭᠴᠦ᠂ ᠠᠷᠤ ᠳᠠᠬᠢ ᠳᠠᠳᠠᠭᠠᠯᠵᠠᠯ ᠢ ᠨᠢ ᠠᠷᠢᠯᠭᠠᠬᠤ ᠨᠢ | ᠰᠠᠶ᠋ᠢ ᠲᠡᠳᠡᠨ ᠳᠤ ᠬᠦᠷᠭᠡᠬᠦ ᠬᠠᠮᠤᠭ ᠤᠨ ᠰᠠᠶᠢᠬᠠᠨ ᠪᠡᠯᠡᠭ ᠪᠣᠯᠬᠤ ᠶᠤᠮ᠃ | ᠠᠮᠢᠳᠤᠷᠠᠯ ᠤᠨ ᠪᠠᠲᠤᠯᠠᠭ᠎ᠠ ᠶᠢ ᠰᠠᠶᠢᠲᠤᠷ ᠬᠠᠩᠭᠠᠬᠤ ᠬᠡᠷᠡᠭᠲᠡᠶ᠃ ᠡᠮᠴᠢ ᠬᠦᠮᠣᠨ ᠳᠤ ᠠᠪᠴᠤ ᠬᠡᠯᠡᠪᠡᠯ᠂ | ᠠᠵᠢᠯ ᠶᠠᠷᠰᠢᠬᠲᠠᠢ᠂ ᠦᠷᠭᠦᠯᠵᠢ ᠴᠠᠭ ᠨᠡᠮᠡᠵᠦ ᠠᠵᠢᠯᠯᠠᠬᠤ ᠪᠣᠯ ᠡᠩ ᠤᠨ ᠶᠠᠪᠣᠳᠠᠯ ᠪᠣᠯᠣᠨ᠎ᠠ᠃ ᠡᠮ ᠡᠮᠨᠡᠯᠭᠡ ᠶᠢᠨ | ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠡᠮᠴᠢ ᠶᠢᠨ ᠬᠦᠨᠳᠦ ᠳᠠᠷᠤᠭᠠᠰᠤ ᠠᠴᠠ ᠨᠢ ᠰᠠᠯᠭᠠᠬᠤ | ᠪᠣᠯ ᠣᠳᠣᠬᠠᠨ ᠤ ᠲᠤᠯᠭᠠᠮ᠎ᠠ ᠡᠭᠦᠷᠭᠡ ᠮᠥᠨ᠃ ᠬᠢᠵᠢᠭ ᠡᠭᠦᠰᠤᠭ᠍ᠰᠡᠨ ᠡᠬᠢᠨ ᠤ ᠬᠤᠭᠤᠴᠠᠭᠠᠨ ᠳᠤ᠂ ᠡᠮᠦᠨ᠎ᠡ | ᠹᠷᠣᠨᠲ ᠲᠤ ᠠᠵᠢᠯᠯᠠᠵᠤ ᠪᠠᠶᠢᠭ᠎ᠠ ᠡᠮᠨᠡᠯᠭᠡ ᠶᠢᠨ ᠠᠵᠢᠯᠲᠠᠳ ᠨᠢᠭᠡ ᠲᠠᠯ᠎ᠠ ᠪᠠᠷ ᠬᠢᠵᠢᠭ ᠢ ᠰᠡᠷᠭᠡᠶᠢᠯᠡᠬᠦ ᠡᠳ᠋ ᠪᠣᠳᠠᠰ | ᠳᠤᠲᠠᠭᠳᠠᠵᠤ ᠪᠠᠶᠢᠭ᠎ᠠ ᠬᠦᠴᠢᠷᠳᠡᠯ ᠢ ᠢᠯᠠᠨ ᠳᠠᠪᠠᠵᠤ᠂ ᠨᠦᠭᠦᠭᠡ ᠲᠠᠯ᠎ᠠ ᠪᠠᠷ ᠡᠳᠦᠷ ᠰᠥᠨᠢ ᠦᠭᠡᠢ ᠠᠵᠢᠯ ᠤᠨ | ᠪᠠᠶᠢᠷᠢ ᠪᠠᠨ ᠪᠠᠲᠤ ᠰᠠᠬᠢᠪᠠ᠃ ᠬᠠᠮᠠᠭᠠᠯᠠᠯᠲᠠ ᠶᠢᠨ ᠬᠤᠪᠴᠠᠰᠤ ᠡᠮᠦᠰᠴᠦ ᠬᠦᠰᠡᠷ ᠤᠨᠲᠠᠵᠤ ᠠᠬᠰᠠᠨ | ᠦᠵᠡᠭᠳᠡᠯ ᠤᠳ ᠨᠢ ᠬᠦᠮᠣᠰ ᠤᠨ ᠰᠡᠳᠬᠢᠯ ᠢ ᠶᠠᠭᠠᠬᠢᠬᠤ ᠶᠢᠨ ᠠᠷᠭ᠎ᠠ ᠦᠭᠡᠢ ᠢᠭᠲᠦᠯᠡᠬᠦᠯᠵᠦ ᠬᠥᠳᠡᠯᠭᠡᠨ᠎ᠡ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠴᠢᠬᠤᠯᠠ ᠶᠡᠭᠡ ᠢᠯᠠᠯᠲᠠ ᠣᠯᠤᠭᠰᠠᠨ ᠪᠡ ᠬᠡᠪ ᠤᠨ ᠪᠠᠶᠢᠲᠠᠯ | ᠳᠤ ᠤᠷᠤᠬᠰᠠᠨ ᠤ ᠳᠠᠷᠠᠭ᠎ᠠ᠂ ᠲᠡᠲᠡᠨᠡᠷ ᠠᠵᠢᠯ ᠢᠶᠠᠨ ᠥᠴᠦᠬᠡᠨ ᠴᠦ ᠰᠤᠯᠠᠷᠠᠭᠤᠯᠤᠭᠰᠠᠨ ᠦᠭᠡᠶ ᠪᠦᠭᠡᠳ ᠨᠢᠭᠡ | ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠠᠳᠬᠤᠵᠣ᠂ ᠨᠦᠬᠦᠭᠡ ᠲᠠᠯ᠎ᠠ | ᠪᠠᠷ ᠠᠷᠠᠳ ᠣᠯᠠᠨ ᠳᠤ ᠡᠪᠡᠳᠴᠢᠨ ᠦᠵᠡᠵᠦ ᠣᠨᠣᠰᠢᠯᠠᠨ ᠡᠮᠨᠡᠬᠦ ᠬᠡᠪ ᠤᠨ ᠣᠶᠢᠯᠡᠴᠢᠯᠡᠭᠡ ᠶᠢ ᠬᠠᠩᠭᠠᠭᠰᠠ | ᠪᠠᠶᠢᠨ᠎ᠠ᠃ ᠡᠶᠢᠮᠦ ᠠᠴᠠ ᠡᠮᠨᠡᠯᠭᠡ ᠶᠢᠨ ᠠᠵᠢᠯᠲᠠᠨ ᠤ ᠠᠮᠢᠳᠤᠷᠠᠯ ᠤᠨ ᠪᠠᠲᠤᠯᠠᠭ᠎ᠠ ᠶᠢ ᠤᠯᠠᠮ ᠨᠢᠭᠡ ᠠᠯᠬᠤᠮ | ᠴᠢᠩᠭᠠᠳᠬᠠᠵᠣ᠂ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠠᠵᠢᠯᠯᠠᠬᠤ ᠂ ᠠᠮᠠᠷᠠᠬᠤ ᠪᠠ ᠰᠤᠪᠢᠯᠠᠯᠲᠠ ᠶᠢᠨ | ᠲᠦᠷᠢᠮ ᠢ ᠲᠣᠭᠲᠠᠭᠠᠵᠤ᠂ ᠲᠡᠳᠡ ᠨᠠᠷ ᠢ ᠡᠯ᠎ᠡ ᠵᠣᠶᠢᠯ ᠤᠨ ᠠᠵᠢᠯ ᠤᠨ ᠡᠭᠦᠷᠭᠡ ᠪᠠᠨ ᠬᠦᠴᠦᠨ ᠲᠡᠭᠦᠯᠳᠡᠷ | ᠪᠡᠶᠡᠯᠡᠭᠦᠯᠬᠦ ᠳᠤ ᠨᠦᠬᠦᠴᠡᠯ ᠪᠦᠷᠢᠯᠳᠦᠬᠦᠯᠵᠦ ᠦᠭᠬᠦ ᠬᠡᠷᠡᠭᠲᠡᠢ ᠃ | ᠰᠣᠶᠣᠯ ᠢᠷᠭᠡᠨᠰᠢᠯ ᠤᠨ ᠬᠠᠯᠠᠮᠵᠢᠯᠠᠯ ᠢ ᠪᠣᠳᠠᠲᠠᠶᠢᠵᠢᠭᠤᠯᠤᠨ᠎ᠠ᠃ ᠮᠠᠨ ᠤ ᠤᠯᠤᠰ ᠲᠤ ᠠᠳᠠᠯᠢ ᠪᠤᠰᠤ | ᠭᠠᠵᠠᠷ ᠣᠷᠣᠨ᠂ ᠰᠠᠯᠠᠭ᠎ᠠ ᠲᠠᠰᠤᠭ᠂ ᠵᠡᠷᠭᠡ ᠳᠡᠰ ᠤᠨ ᠡᠮᠴᠢ ᠶᠢᠨ ᠴᠠᠯᠢᠩ ᠤᠨ ᠵᠥᠷᠢᠶ᠎ᠡ ᠮᠥᠨ ᠬᠦ ᠨᠡᠯᠢᠶᠡᠳ ᠶᠡᠭᠡ | ᠪᠠᠶᠢᠬᠤ᠂ ᠬᠤᠶᠢᠰᠢᠳᠠ ᠶᠢᠨ ᠡᠮᠴᠢ ᠴᠢᠳᠠᠪᠤᠷᠢᠲᠠᠨ ᠤ ᠨᠥᠭᠡᠴᠡ ᠬᠦᠷᠦᠯᠴᠡᠬᠦ ᠦᠭᠡᠶ ᠪᠠᠶᠢᠬᠤ ᠠᠰᠠᠭᠤᠳᠠᠯ ᠢ | ᠰᠢᠢᠳᠪᠣᠷᠢᠯᠡᠬᠦ ᠴᠢᠬᠤᠯᠠᠲᠠᠶ ᠪᠠᠶᠢᠨ᠎ᠠ᠃ ᠳᠦᠷᠦ ᠬᠦᠷᠦᠨ ᠠᠴᠠ ᠬᠡᠳᠦ᠋ᠢᠪᠡᠷ ᠠᠯᠢ ᠣᠯᠠᠨ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢ ᠨᠢᠭᠡᠨᠲᠡ ᠲᠣᠭᠲᠠᠭᠠᠭᠰᠠᠨ ᠪᠣᠯᠪᠠᠴᠤ ᠡᠮᠨᠡᠯᠭᠡ ᠶᠢᠨ ᠠᠵᠢᠯᠲᠠᠳ ᠤᠨ ᠰᠣᠶᠣᠯ | ᠢᠷᠭᠡᠨᠰᠢᠯ ᠤᠨ ᠬᠠᠯᠠᠮᠵᠢᠯᠠᠯ ᠢ ᠴᠢᠩᠭᠠᠳᠬᠠᠵᠤ᠂ ᠠᠵᠢᠯ ᠲᠦᠷᠣᠯ ᠤᠨ ᠣᠨᠴᠠᠯᠢᠭ ᠲᠤ ᠨᠡᠶᠢᠴᠡᠭᠰᠡᠨ ᠴᠠᠯᠢᠩ | ᠬᠥᠯᠥᠰᠥ ᠶᠢᠨ ᠰᠢᠰᠲ᠋ᠧᠮᠵᠢ ᠶᠢ ᠪᠠᠶᠢᠭᠤᠯᠵᠤ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠶᠡᠬᠡᠪᠡᠷ ᠬᠦᠮᠣᠵᠢᠬᠦᠯᠬᠦ | ᠬᠡᠷᠡᠭᠲᠡᠢ᠂ ᠡᠨᠡ ᠨᠢ ᠥᠨᠳᠥᠷ ᠬᠡᠪ ᠪᠣᠯᠪᠠᠰᠣᠷᠠᠯ ᠪᠦᠬᠦᠢ ᠡᠮᠴᠢ ᠶᠢᠨ ᠡᠩᠨᠡᠭᠡ ᠶᠢ ᠪᠠᠶᠢᠭᠤᠯᠬᠤ ᠠᠰᠢᠭᠲᠠᠢ ᠤᠷᠢᠲᠠᠯ | ᠪᠣᠯᠬᠤ ᠪᠠᠷ ᠪᠠᠷᠠᠬᠤ ᠦᠬᠡᠢ ᠂ ᠡᠮᠨᠡᠯᠭᠡ ᠶᠢᠨ ᠠᠵᠢᠯᠲᠠᠨ ᠤ ᠡᠪᠡᠳᠴᠢᠲᠡᠨ ᠳᠤ ᠨᠠᠩ ᠥᠨᠳᠥᠷ ᠲᠦᠪᠰᠢᠨ ᠪᠦᠬᠦᠢ | ᠣᠶᠢᠯᠡᠴᠢᠯᠡᠭᠡ ᠬᠠᠩᠭᠠᠬᠤ ᠠᠵᠢᠯ ᠤᠨ ᠢᠳᠡᠪᠬᠢᠵᠢᠯ ᠢ ᠬᠥᠭᠵᠢᠭᠡᠵᠦ ᠴᠢᠲᠠᠨ᠎ᠠ ᠃ ᠡᠭᠦᠨ ᠠᠴᠠ ᠭᠠᠳᠠᠨ᠎ᠠ᠂ | ᠡᠮᠴᠢᠯᠡᠭᠡᠨ ᠤ ᠪᠠᠶᠢᠭᠤᠯᠤᠮᠵᠢ ᠨᠢ ᠪᠠᠰᠠ ᠡᠮᠨᠡᠯᠭᠡ ᠶᠢᠨ ᠬᠤᠷᠢᠶᠠᠨ ᠤ ᠳᠣᠲᠣᠷᠠᠬᠢ ᠠᠮᠣᠷ ᠳᠦᠪᠰᠢᠨ ᠤ | ᠬᠠᠮᠢᠶᠠᠷᠤᠯᠲᠠ ᠶᠢ ᠴᠢᠩᠭᠠᠳᠬᠠᠵᠣ᠂ ᠡᠮᠴᠢ ᠨᠢᠭᠡᠪᠦᠷᠢ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠵᠤ᠂ ᠡᠮᠴᠢ ᠶᠢ | ᠰᠢᠷᠬᠠᠲᠤᠭᠤᠯᠬᠤ ᠬᠠᠷᠠᠰᠠᠯᠲᠤ ᠬᠡᠷᠡᠭ ᠳᠠᠬᠢᠨ ᠡᠭᠦᠰᠬᠦ ᠠᠴᠠ ᠵᠠᠶᠢᠯᠠᠰᠬᠢᠬᠤ ᠬᠡᠷᠡᠭᠲᠠᠢ᠃ | ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠨ᠎ᠠ᠃ ᠬᠢᠵᠢᠭ ᠡᠭᠦᠰᠦᠭᠰᠡᠨ ᠠᠴᠠ ᠨᠠᠰᠢ᠂ ᠨᠡᠶᠢᠭᠡᠮ ᠤᠨ | ᠡᠯ᠎ᠡ ᠡᠲᠡᠭᠡᠳ ᠤᠨ ᠬᠢᠨ ᠴᠥᠮ ᠪᠣᠳᠠᠲᠤ ᠠᠵᠢᠯᠯᠠᠭ᠎ᠠ ᠪᠠᠷ ᠢᠶᠠᠨ ᠡᠮᠨᠡᠯᠭᠡ ᠶᠢᠨ ᠠᠵᠢᠯᠲᠠᠳ ᠲᠤ ᠲᠠᠯᠠᠷᠬᠠᠯ᠂ | ᠳᠡᠮᠵᠢᠯᠭᠡ ᠪᠠ ᠬᠠᠶᠢᠷ᠎ᠠ ᠬᠠᠯᠠᠮᠵᠢ ᠪᠠᠨ ᠢᠯᠡᠳᠬᠡᠵᠦ ᠪᠠᠶᠢᠨ᠎ᠠ᠃ ᠡᠨᠡ ᠬᠦ ᠨᠡᠶᠢᠭᠡᠮ ᠤᠨ ᠠᠭᠤᠷ ᠠᠮᠢᠰᠬᠤᠯ ᠤᠨ | ᠪᠦᠷᠢᠯᠳᠦᠯ ᠨᠢ᠂ ᠡᠮᠨᠡᠯᠭᠡ ᠶᠢᠨ ᠠᠵᠢᠯᠲᠠᠳ ᠤᠨ ᠠᠶᠤᠯ ᠲᠦᠭᠰᠢᠭᠦᠷᠢ ᠶᠢ ᠬᠠᠶᠢᠬᠤᠷᠤᠯ ᠦᠭᠡᠶ ᠡᠮᠦᠨ᠎ᠡ ᠹᠷᠣᠨᠲ ᠲᠤ | ᠣᠴᠢᠭᠰᠠᠨ ᠤ ᠠᠴᠢ ᠬᠠᠷᠢᠭᠤ ᠪᠤᠯᠬᠤ ᠪᠦᠭᠡᠳ ᠨᠠᠮ ᠪᠣᠯᠤᠨ ᠳᠦᠷᠦ ᠬᠦᠷᠦᠨ ᠤ ᠬᠦᠴᠦᠲᠡᠶ ᠤᠷᠢᠶᠠᠯᠠᠭ᠎ᠠ ᠵᠢᠴᠢ | ᠰᠣᠨᠢᠨ ᠮᠡᠳᠡᠭᠡᠨ ᠤ ᠵᠠᠭᠤᠴᠢᠯᠠᠭᠤᠷ ᠤᠨ ᠤᠷᠲᠤ ᠬᠤᠭᠤᠴᠠᠭᠠᠨ ᠤ ᠤᠷᠢᠶᠠᠯᠠᠯ ᠠᠴᠠ ᠰᠠᠯᠵᠤ ᠴᠢᠳᠠᠬᠤ ᠦᠭᠡᠶ | ᠶᠤᠮ᠃ ᠬᠢᠵᠢᠭ ᠤᠨ ᠳᠠᠷᠠᠭ᠎ᠠ᠂ ᠡᠳᠦᠷ ᠲᠤᠲᠤᠮ ᠤᠨ ᠠᠮᠢᠳᠤᠷᠠᠯ ᠳᠤᠮᠳᠠ ᠴᠤ ᠭᠡᠰᠡᠨ ᠠᠷᠠᠳ ᠣᠯᠠᠨ ᠪᠠᠰᠠ | ᠦᠷᠭᠦᠯᠵᠢᠯᠡᠨ ᠡᠮᠴᠢ ᠪᠠᠨ ᠬᠦᠨᠳᠦᠳᠬᠡᠨ ᠡᠮᠴᠢ ᠪᠠᠨ ᠬᠠᠶᠢᠷᠠᠯᠠᠬᠤ ᠣᠶᠢᠯᠠᠭᠠᠭᠳᠠᠬᠤᠨ ᠢ ᠰᠡᠳᠬᠢᠯ ᠳᠡᠭᠡᠨ | ᠬᠤᠨᠣᠭᠰᠢᠭᠤᠯᠵᠦ᠂ ᠦᠢᠯᠡ ᠠᠵᠢᠯᠯᠠᠭ᠎ᠠ ᠳᠠᠭᠠᠨ ᠠᠭᠤᠰᠬᠠᠵᠤ᠂ ᠡᠮᠨᠡᠯᠭᠡ ᠶᠢᠨ ᠠᠵᠢᠯᠲᠠᠳ ᠢ ᠣᠯᠠᠨ ᠲᠦᠮᠡᠨ ᠤ | ᠬᠠᠶᠢᠷ᠎ᠠ ᠬᠠᠯᠠᠮᠵᠢ ᠶᠢᠨ ᠳᠤᠮᠳᠠ ᠠᠵᠢᠯ ᠮᠡᠷᠭᠡᠵᠢᠯ ᠢᠶᠠᠨ ᠬᠦᠨᠳᠦᠳᠬᠡᠬᠦ ᠰᠡᠳᠬᠢᠯᠭᠡ ᠪᠠᠨ ᠲᠠᠰᠤᠷᠠᠯᠲᠠ ᠤᠢᠭᠡᠢ | ᠳᠡᠭᠡᠭᠰᠢᠯᠡᠭᠦᠯᠵᠦ᠂ ᠠᠮᠢᠳᠤᠷᠠᠬᠤᠶ ᠶᠢᠨ ᠦᠨ᠎ᠡ ᠦᠷᠳᠡᠭ ᠢ ᠴᠢᠷᠮᠠᠶᠢᠨ ᠪᠡᠶᠡᠯᠡᠭᠦᠯᠵᠦ᠂ ᠡᠮᠴᠢ ᠶᠢᠨ ᠡᠷᠬᠢᠮ ᠳᠡᠭᠡᠳᠦ | ᠵᠣᠷᠢᠭ ᠰᠠᠨᠠᠭ᠎ᠠ ᠶᠢ ᠤᠬᠠᠮᠰᠠᠷ ᠠᠴᠠ ᠪᠠᠨ ᠤᠶᠢᠯᠡᠳᠣᠯᠭᠡᠵᠢᠬᠦᠯᠬᠦ ᠶᠢ ᠬᠦᠰᠡᠵᠦ ᠪᠠᠶᠢᠨ᠎ᠠ᠃ | ᠡᠮᠴᠢ ᠪᠣᠯ ᠠᠷᠠᠳ ᠲᠦᠮᠡᠨ ᠤ ᠡᠷᠡᠭᠦᠯ ᠮᠡᠨᠳᠦ ᠶᠢᠨ ᠬᠠᠮᠠᠭᠠᠯᠠᠭᠴᠢ ᠪᠣᠯᠬᠤ ᠪᠠᠷ ᠪᠠᠷᠠᠬᠤ ᠦᠭᠡᠢ᠂ ᠪᠠᠰᠠ | ᠡᠷᠡᠭᠦᠯ ᠡᠩᠬᠡ ᠳᠤᠮᠳᠠᠳᠤ ᠤᠯᠤᠰ ᠤᠨ ᠪᠠᠶᠢᠭᠤᠯᠤᠯᠲᠠ ᠶᠢ ᠠᠬᠢᠭᠤᠯᠬᠤ ᠭᠤᠣᠯ ᠬᠦᠴᠦᠨ ᠮᠥᠨ᠃ ︽ᠡᠮᠴᠢ ᠶᠢ | ᠬᠦᠨᠳᠦᠳᠬᠡᠨ ᠡᠮᠴᠢ ᠶᠢ ᠬᠠᠶᠢᠷᠠᠯᠠᠬᠤ︾ ᠭᠡᠳᠡᠭ ᠦᠭᠡ ᠶᠢ ᠵᠥᠪᠬᠡᠨ ᠨᠢᠭᠡ ᠯᠡ ᠤᠷᠢᠶ᠎ᠠ ᠯᠤᠽᠤᠩ ᠲᠡᠲᠦᠢ | ᠬᠠᠰᠬᠢᠷᠤᠭᠠᠳ ᠯᠡ ᠪᠤᠯᠬᠤ ᠪᠢᠰᠢ᠂ ᠪᠠᠰᠠ ᠵᠥᠪᠬᠡᠨ ᠵᠢᠯ ᠪᠦᠷᠢ ᠶᠢᠨ ︽ᠳᠤᠮᠳᠠᠳᠤ ᠣᠯᠣᠰ ᠤᠨ ᠡᠮᠴᠢ ᠶᠢᠨ ᠪᠠᠶᠠᠷ︾ | ᠲᠤ ᠲᠤᠷᠠᠳᠤᠬᠲᠠᠭᠠᠳ ᠯᠡ ᠪᠣᠯᠬᠤ ᠦᠭᠡᠢ᠃ ᠭᠠᠭᠴᠠ ᠬᠦ ᠲᠡᠭᠦᠨ ᠢ ᠤᠬᠠᠮᠰᠠᠷ ᠠᠴᠠ ᠪᠠᠨ ᠪᠣᠢ ᠪᠣᠯᠣᠭᠰᠠᠨ | ᠨᠡᠶᠢᠭᠡᠮ ᠤᠨ ᠬᠡᠪ ᠰᠤᠷᠲᠠᠯ ᠪᠣᠯᠭᠠᠪᠠᠯ ᠰᠠᠶ᠋ᠢ ᠲᠡᠳᠡᠭᠡᠷ ᠡᠨᠡᠷᠢᠩᠭᠦᠶ ᠰᠡᠳᠬᠢᠯ ᠢᠶᠠᠷ ᠳᠡᠯᠡᠬᠡᠶ ᠶᠢ ᠲᠡᠳᠬᠦᠵᠦ ᠬᠠᠷᠠᠮ | ᠦᠭᠡᠶ ᠵᠢᠳᠬᠦᠳᠡᠭ ᠡᠮᠨᠡᠯᠭᠡ ᠶᠢᠨ ᠠᠵᠢᠯᠲᠠᠳ ᠮᠠᠨ ᠤ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠣᠶᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠡᠷᠡᠭᠦᠯ ᠡᠩᠬᠡ ᠳᠤᠮᠳᠠᠳᠤ ᠤᠯᠤᠰ ᠤᠨ ᠲᠡᠮᠡᠴᠡᠬᠦ | ᠬᠠᠷᠠᠯᠲᠠ ᠶᠢ ᠪᠡᠶᠡᠯᠡᠬᠦᠯᠬᠦ ᠳᠤ ᠮᠦᠩᠬᠡ ᠶᠢᠨ ᠬᠥᠳᠡᠯᠭᠡᠬᠦ ᠬᠦᠴᠦᠨ ᠢ ᠬᠠᠩᠭᠠᠵᠣ ᠴᠢᠳᠠᠨ᠎ᠠ᠃ |