ᠠᠯᠠᠱᠠ ᠠᠶᠢᠮᠠᠭ ᠤᠨ ᠮᠣᠩᠭᠤᠯ ᠭᠡᠯᠡ ᠪᠢᠴᠢᠭ ᠤᠨ ᠪᠠᠭᠰᠢ ᠨᠠᠷ ᠤᠨ ᠳᠣᠬᠠᠶᠢᠯᠠᠭᠰᠠᠨ ᠮᠡᠷᠭᠡᠵᠢᠯ ᠤᠨ ᠪᠣᠯᠪᠠᠰᠣᠷᠠᠯ ᠤᠨ ᠠᠩᠭᠢ ᠪᠠᠶᠠᠨᠬᠤᠳᠠ ᠳᠤ ᠡᠬᠢᠯᠠᠪᠠ
ᠨᠡᠶᠢᠲᠡᠯᠡᠭᠰᠡᠨ ᠴᠠᠭ᠄
2020/8/28
                  ᠵᠢᠷᠤᠬ ᠪᠤᠯ᠂ ᠤᠷᠢᠵᠤ ᠬᠢᠴᠢᠶᠡᠯᠯᠡᠬᠦᠯᠬᠦ ᠪᠢᠴᠢᠭ ᠭᠠᠷᠳᠠᠭᠤᠯᠵᠤ ᠪᠠᠶᠢᠨ᠎ᠠ᠃       8 ᠰᠠᠷ᠎ᠠ ᠶᠢᠨ 26 ᠤ ᠡᠳᠣᠷ᠂ ᠠᠯᠠᠱᠠ ᠠᠶᠢᠮᠠᠭ ᠤᠨ ᠦᠨᠳᠣᠰᠣᠳᠡᠨ ᠤ ᠭᠡᠷᠡᠭ ᠡᠷᠬᠢᠯᠡᠬᠦ ᠵᠦᠪᠯᠡᠯ ᠠᠴᠠ ᠭᠤᠣᠯᠯᠠᠨ ᠡᠷᠬᠢᠯᠠᠵᠤ᠂ ᠠᠯᠠᠱᠠ ᠠᠶᠢᠮᠠᠭ ᠤᠨ ᠰᠣᠷᠭᠠᠨ ᠬᠦᠮᠣᠵᠢᠯ ᠪᠡᠶ᠎ᠡ ᠶᠢᠨ ᠳᠠᠮᠢᠷ ᠤᠨ ᠳᠣᠪᠴᠢᠶ᠎ᠠ ᠠᠴᠠ ᠬᠠᠪᠰᠣᠷᠣᠨ ᠡᠷᠬᠢᠯᠡᠭᠰᠡᠨ ᠠᠯᠠᠱᠠ ᠠᠶᠢᠮᠠᠭ ᠤᠨ ᠮᠣᠩᠭᠤᠯ ᠭᠡᠯᠡ ᠪᠢᠴᠢᠭ ᠤᠨ ᠪᠠᠭᠰᠢ ᠨᠠᠷ ᠤᠨ ᠳᠣᠬᠠᠶᠢᠯᠠᠭᠰᠠᠨ ᠮᠡᠷᠭᠡᠵᠢᠯ ᠤᠨ ᠪᠣᠯᠪᠠᠰᠣᠷᠠᠯ ᠤᠨ ᠠᠩᠭᠢ ᠪᠠᠶᠠᠨᠬᠤᠳᠠ ᠳᠤ ᠶᠠᠪᠣᠭᠳᠠᠯ᠎ᠠ᠃ ᠪᠣᠯᠪᠠᠰᠣᠷᠠᠯ ᠳᠤ ᠦᠪᠦᠷ ᠮᠣᠩᠭᠤᠯ ᠤᠨ ᠶᠡᠭᠡ ᠰᠣᠷᠭᠠᠭᠤᠯᠢ ᠶᠢᠨ ᠮᠣᠩᠭᠤᠯ ᠰᠣᠳᠣᠯᠣᠯ ᠤᠨ ᠳᠡᠭᠡᠳᠣ ᠰᠣᠷᠭᠠᠭᠤᠯᠢ ᠶᠢᠨ ᠫᠷᠤᠹᠧᠰᠰᠣᠷ᠂ ᠳ᠋ᠤᠺᠲ᠋ᠤᠷᠠᠨᠲ ᠤᠨ ᠵᠢᠯᠤᠭᠤᠳᠤᠭᠴᠢ ᠪᠠᠭᠰᠢ ᠰᠡᠴᠡᠨᠪᠠᠭᠠᠳᠣᠷ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠫᠷᠤᠹᠧᠰᠰᠣᠷ᠂ ᠳ᠋ᠤᠺᠲ᠋ᠤᠷᠠᠨᠲ ᠤᠨ ᠵᠢᠯᠤᠭᠤᠳᠤᠭᠴᠢ ᠪᠠᠭᠰᠢ ᠴ᠊ · ᠴᠣᠯᠮᠣᠨ ᠵᠢᠴᠢ ᠠᠯᠠᠱᠠ ᠮᠣᠩᠭᠤᠯ ᠦᠨᠳᠣᠰᠣᠳᠡᠨ ᠤ ᠪᠦᠷᠢᠨ ᠳᠣᠮᠳᠠᠳᠣ ᠰᠣᠷᠭᠠᠭᠤᠯᠢ ᠶᠢᠨ ᠭᠡᠰᠡᠭ ᠪᠠᠭᠰᠢ ᠶᠢ ᠤᠷᠢᠵᠤ ᠬᠢᠴᠢᠶᠡᠯᠯᠡᠬᠦᠯᠬᠦ ᠪᠤᠯᠤᠨ᠎ᠠ᠃ ᠠᠯᠠᠱᠠ ᠠᠶᠢᠮᠠᠭ ᠤᠨ ᠡᠯ᠎ᠡ ᠮᠣᠩᠭᠤᠯ ᠭᠡᠣᠭᠡᠳ ᠤᠨ ᠴᠡᠴᠡᠷᠯᠢᠭ᠂ ᠮᠣᠩᠭᠤᠯ ᠪᠠᠭ᠎ᠠ ᠰᠣᠷᠭᠠᠭᠤᠯᠢ᠂ ᠮᠣᠩᠭᠤᠯ ᠳᠣᠮᠳᠠᠳᠣ ᠰᠣᠷᠭᠠᠭᠤᠯᠢ ᠶᠢᠨ ᠮᠣᠩᠭᠤᠯ ᠭᠡᠯᠡ ᠪᠢᠴᠢᠭ ᠤᠨ 120 ᠭᠠᠷᠦᠢ ᠪᠠᠭᠰᠢ ᠨᠠᠷ ᠪᠤᠯᠪᠠᠰᠤᠷᠠᠯ ᠳᠤ ᠣᠷᠣᠯᠴᠠᠵᠡᠢ᠃       ᠪᠣᠯᠪᠠᠰᠣᠷᠠᠯ ᠨᠢ ︽ᠵᠦᠪ ᠪᠢᠴᠢᠯᠭᠡ ᠪᠠ ᠪᠠᠷᠢᠮᠵᠢᠶ᠎ᠠ ᠠᠪᠢᠶᠠᠨ ᠤ ᠦᠢᠯᠡᠳᠦᠯ ᠴᠢᠬᠤᠯᠠ ᠴᠢᠨᠠᠷ︾᠂      ︽ᠮᠣᠩᠭᠤᠯ ᠭᠡᠯᠡᠨ ᠤ ᠪᠠᠭᠰᠢ ᠶᠢᠨ ᠪᠣᠯᠪᠠᠰᠣᠷᠠᠯ ᠤᠨ ᠠᠰᠠᠭᠤᠳᠠᠯ ᠳᠤ︾᠂ ︽ᠮᠣᠩᠭᠤᠯ ᠪᠢᠴᠢᠭ ᠤᠨ ᠭᠡᠯᠡᠨ ᠤ ᠠᠪᠢᠶᠠᠨ ᠵᠦᠢ︾᠂ ︽ᠮᠣᠩᠭᠤᠯ ᠪᠢᠴᠢᠭ ᠤᠨ ᠭᠡᠯᠡᠨ ᠤ ᠦᠭᠡ ᠵᠦᠢ︾᠂ ︽ᠮᠣᠩᠭᠤᠯ ᠪᠢᠴᠢᠭ ᠤᠨ ᠭᠡᠯᠡᠨ ᠤ ᠦᠬᠦᠯᠡᠪᠦᠷᠢ ᠵᠦᠢ︾᠂ ︽ᠪᠠᠭ᠎ᠠ ᠰᠣᠷᠭᠠᠭᠤᠯᠢ ᠶᠢᠨ ᠭᠡᠯᠡᠨ ᠤ ᠵᠢᠭᠠᠨ ᠰᠣᠷᠭᠠᠯᠳᠠ ᠳᠤ ᠳᠦᠭᠡᠮᠡᠯ ᠣᠷᠣᠰᠢᠵᠣ ᠪᠠᠶᠢᠭ᠎ᠠ ᠠᠰᠠᠭᠤᠳᠠᠯ ᠵᠢᠴᠢ ᠵᠠᠰᠠᠨ ᠵᠦᠭᠰᠢᠷᠡᠬᠦᠯᠬᠦ ᠳᠣᠷᠰᠢᠴᠠ︾᠂ ︽ᠠᠩᠬ᠎ᠠ ᠳᠣᠮᠳᠠᠳᠣ ᠶᠢᠨ ᠭᠡᠯᠡᠨ ᠤ ᠵᠢᠭᠠᠨ ᠰᠣᠷᠭᠠᠯᠳᠠ ᠳᠤ ᠳᠦᠭᠡᠮᠡᠯ ᠣᠷᠣᠰᠢᠵᠣ ᠪᠠᠶᠢᠭ᠎ᠠ ᠠᠰᠠᠭᠤᠳᠠᠯ ᠵᠢᠴᠢ ᠵᠠᠰᠠᠨ ᠵᠦᠭᠰᠢᠷᠡᠬᠦᠯᠬᠦ ᠳᠣᠷᠰᠢᠴᠠ︾ ᠵᠡᠷᠭᠡ ᠠᠭᠤᠯᠭ᠎ᠠ ᠪᠠᠷ ᠭᠤᠷᠪᠠᠨ ᠡᠳᠣᠷ ᠤᠨ ᠬᠤᠭᠤᠴᠠᠭ᠎ᠠ ᠲᠠᠢ ᠶᠠᠪᠣᠭᠳᠠᠬᠤ ᠪᠣᠯᠣᠨ᠎ᠠ᠃       ᠠᠶᠢᠮᠠᠭ ᠤᠨ ᠦᠨᠳᠣᠰᠣᠳᠠᠨ ᠤ ᠭᠡᠷᠡᠭ ᠡᠷᠬᠢᠯᠡᠬᠦ ᠵᠦᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠠ ᠠᠴᠠ᠂ ᠦᠨᠳᠣᠰᠣᠳᠠᠨ ᠤ ᠭᠡᠷᠡᠭ ᠡᠷᠬᠢᠯᠡᠬᠦ ᠵᠦᠪᠯᠡᠯ ᠤᠨ ᠴᠢᠬᠤᠯᠠ ᠠᠵᠢᠯ ᠤᠨ ᠨᠢᠭᠡ ᠪᠣᠯ ᠮᠣᠩᠭᠤᠯ ᠭᠡᠯᠡ ᠪᠢᠴᠢᠭ ᠤᠨ ᠠᠵᠢᠯ᠂ ᠳᠡᠷᠡ ᠨᠢ ᠮᠣᠩᠭᠤᠯ ᠭᠡᠯᠡ ᠪᠢᠴᠢᠭ ᠤᠨ ᠬᠠᠮᠢᠶᠠᠷᠣᠯᠳᠠ᠂ ᠵᠠᠰᠠᠭ ᠵᠠᠬᠢᠷᠭᠠᠨ ᠤ ᠡᠯ᠎ᠡ ᠳᠠᠯ᠎ᠠ ᠶᠢᠨ ᠬᠠᠮᠢᠶᠠᠷᠣᠯᠳᠠ᠂ ᠮᠣᠩᠭᠤᠯ ᠭᠡᠯᠡ ᠪᠢᠴᠢᠭ ᠲᠠᠢ ᠬᠤᠯᠪᠣᠭᠳᠠᠭᠰᠠᠨ ᠰᠣᠶᠣᠯ ᠤᠨ ᠠᠵᠢᠯᠯᠠᠭ᠎ᠠ᠂ ᠮᠣᠩᠭᠤᠯ ᠭᠡᠯᠡ ᠪᠢᠴᠢᠭ ᠤᠨ ᠬᠦᠭᠵᠢᠯᠳᠡ ᠶᠢ ᠠᠬᠢᠭᠤᠯᠬᠤ ᠵᠡᠷᠭᠡ ᠳᠠᠯ᠎ᠠ ᠶᠢᠨ ᠠᠵᠢᠯ ᠤᠨ ᠴᠢᠳᠠᠪᠬᠢ ᠲᠠᠢ᠃ ᠦᠨᠳᠣᠰᠣᠳᠡᠨ ᠤ ᠭᠡᠯᠡ ᠪᠢᠴᠢᠭ ᠤᠨ ᠵᠢᠭᠠᠨ ᠰᠣᠷᠭᠠᠯᠳᠠ ᠶᠢᠨ ᠠᠵᠢᠯ ᠨᠢ ᠭᠡᠯᠡ ᠪᠢᠴᠢᠭ ᠤᠨ ᠳᠠᠯ᠎ᠠ ᠶᠢᠨ ᠡᠵᠡᠮᠰᠢᠯ᠂ ᠬᠦᠭᠵᠢᠯᠳᠡ᠂ ᠵᠢᠭᠠᠨ ᠰᠣᠷᠭᠠᠯᠳᠠ ᠶᠢᠨ ᠠᠬᠢᠯᠳᠠ ᠶᠢᠨ ᠰᠠᠭᠤᠷᠢ ᠰᠣᠷᠭᠠᠨ ᠬᠦᠮᠣᠵᠢᠯ᠂ ᠰᠣᠶᠣᠯ ᠢᠷᠭᠡᠨᠰᠢᠯ ᠳᠤ ᠬᠤᠯᠪᠣᠭᠳᠠᠬᠤ ᠬᠦᠨᠵᠡᠭᠡᠢ ᠣᠳᠬ᠎ᠠ ᠣᠴᠢᠷ ᠲᠠᠢ ᠠᠵᠢᠯ ᠣᠶᠢᠯᠡᠰ ᠶᠤᠮ᠃ ᠪᠦᠬᠦ ᠠᠶᠢᠮᠠᠭ ᠤᠨ ᠮᠣᠩᠭᠤᠯ ᠭᠡᠯᠡ ᠪᠢᠴᠢᠭ ᠤᠨ ᠪᠠᠭᠰᠢ ᠨᠠᠷ ᠤᠨ ᠪᠣᠯᠪᠠᠰᠣᠷᠠᠯ ᠤᠨ ᠠᠩᠭᠢ ᠶᠢ ᠠᠩᠬ᠎ᠠ ᠣᠳᠠᠭ᠎ᠠ ᠪᠠᠨ ᠦᠷᠨᠢᠬᠦᠯᠵᠣ ᠪᠠᠶᠢᠨ᠎ᠠ᠃ ᠪᠣᠯᠪᠠᠰᠣᠷᠠᠯ ᠢᠶᠠᠷ ᠳᠠᠮᠵᠢᠨ ᠪᠠᠭᠰᠢ ᠨᠠᠷ ᠤᠨ ᠦᠵᠡᠯ ᠣᠬᠠᠮᠰᠠᠷ ᠢ ᠳᠡᠭᠡᠭᠰᠢᠯᠡᠬᠦᠯᠵᠣ᠂ ᠠᠵᠢᠯ ᠤᠨ ᠪᠠᠶᠢᠷᠢᠨ ᠳᠠᠭᠠᠨ ᠴᠢᠷᠮᠠᠶᠢᠯᠭ᠎ᠠ ᠲᠠᠢ ᠬᠠᠷᠢᠭᠤᠴᠠᠯᠭ᠎ᠠ ᠲᠠᠢ ᠪᠣᠯᠭᠠᠵᠣ᠂ ᠬᠤᠶᠢᠰᠢᠳᠠ ᠶᠢᠨ ᠠᠵᠢᠯ ᠤᠨ ᠳᠣᠮᠳᠠ ᠪᠠᠨ ᠳᠣᠰ ᠣᠳᠠᠭᠠᠨ ᠤ ᠪᠣᠯᠪᠠᠰᠣᠷᠠᠯ ᠤᠨ ᠬᠠᠮᠢᠶ᠎ᠠ ᠪᠦᠬᠦᠢ ᠠᠭᠤᠯᠭ᠎ᠠ ᠶᠢ ᠣᠶᠠᠯᠳᠣᠭᠤᠯᠵᠣ ᠭᠡᠷᠡᠭᠵᠢᠬᠦᠯᠬᠦ ᠵᠤᠷᠢᠯᠭ᠎ᠠ ᠲᠠᠢ ᠶᠠᠪᠣᠭᠳᠠᠭᠤᠯᠣᠭᠰᠠᠨ ᠶᠤᠮ ᠭᠡᠵᠣ ᠳᠠᠨᠢᠯᠴᠠᠭᠤᠯᠤᠯ᠎ᠠ᠃                                                              ︵ᠵᠣᠬᠢᠶᠠᠭᠴᠢ᠄ ᠨᠠᠷᠠᠨ᠎ᠠ︶
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号