ᠫᠸᠡᠭ ᠸᠧᠢ ᠪᠦᠬᠦ ᠤᠯᠤᠰ ᠤᠨ ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠨ ᠲᠡᠷᠢᠬᠦᠨ ᠤ ᠬᠤᠪᠢ ᠬᠦᠮᠦᠨ ᠢᠶᠠᠷ ᠬᠦᠬᠢᠬᠦᠯᠦᠭᠳᠡᠵᠠᠢ
ᠨᠡᠶᠢᠲᠡᠯᠡᠭᠰᠡᠨ ᠴᠠᠭ᠄
2020/9/10
     9 ᠰᠠᠷ᠎ᠠ ᠶᠢᠨ 8 ᠤ ᠡᠳᠦᠷ᠂ ᠪᠦᠬᠦ ᠤᠯᠤᠰ ᠤᠨ ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠨ ᠬᠦᠬᠢᠬᠦᠯᠦᠨ ᠰᠠᠶᠢᠰᠢᠶᠠᠬᠤ ᠶᠡᠭᠡ ᠬᠤᠷᠠᠯ ᠪᠡᠬᠡᠵᠢᠩ ᠳᠤ ᠦᠪᠡᠳᠡᠭᠰᠢ ᠶᠡᠭᠡ ᠪᠠᠷ ᠶᠠᠪᠤᠭᠳᠠᠵᠦ᠂ ᠮᠠᠨ ᠤ ᠠᠶᠢᠮᠠᠭ ᠤᠨ ᠠᠯᠠᠱᠠ ᠵᠡᠬᠦᠨ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠲᠦ ᠶᠢᠨ ᠵᠦᠪᠯᠡᠯ ᠤᠨ ᠨᠠᠮ ᠤᠨ ᠲᠤᠭᠤᠢᠢᠯᠡᠩ ᠤᠨ ᠬᠡᠰᠢᠬᠦᠨ᠂ ᠲᠡᠳ᠋ ᠡᠷᠬᠢᠯᠡᠭᠴᠢ᠂ ᠠᠯᠠᠱᠠ ᠵᠡᠬᠦᠨ ᠬᠤᠰᠢᠭᠤᠨ ᠤ ᠬᠢᠵᠢᠭ ᠢ ᠰᠡᠷᠬᠡᠶᠢᠯᠡᠨ ᠡᠵᠡᠮᠳᠡᠬᠦ ᠲᠦᠪ ᠤᠨ ᠲᠡᠳ᠋ ᠡᠷᠬᠢᠯᠡᠭᠴᠢ ᠫᠸᠡᠭ ᠸᠧᠢ ︽ᠪᠦᠬᠦ ᠤᠯᠤᠰ ᠤᠨ ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠨ ᠲᠡᠷᠢᠬᠦᠨ ᠤ ᠬᠤᠪᠢ ᠬᠦᠮᠦᠨ︾ ᠤ ᠢᠷᠠᠭᠤ ᠠᠯᠳᠡᠷ ᠢ ᠬᠦᠷᠳᠡᠭᠰᠡᠨ ᠪᠠᠶᠢᠨ᠎ᠠ᠃      ᠫᠸᠡᠭ ᠸᠧᠢ᠂ ᠡᠷᠡᠭᠳᠡᠢ᠂ ᠬᠢᠳᠡᠳ ᠦᠨᠳᠦᠰᠦᠳᠠᠨ᠂ ᠡᠨᠡ ᠵᠢᠯ 38 ᠨᠠᠰᠤᠳᠡᠢ᠂ ᠡᠪ ᠬᠠᠮᠲᠦ ᠨᠠᠮ ᠤᠨ ᠬᠡᠰᠢᠬᠦᠨ᠃ ᠡᠨᠡ ᠵᠢᠯ ᠤᠨ ᠡᠬᠢᠨ ᠳᠤ ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠠᠵᠢᠯ ᠡᠬᠢᠯᠡᠭᠰᠡᠨ ᠤ ᠲᠠᠷᠠᠭ᠎ᠠ᠂ ᠠᠯᠠᠱᠠ ᠵᠡᠬᠦᠨ ᠬᠤᠰᠢᠭᠤᠨ ᠤ ᠬᠢᠵᠢᠭ ᠢ ᠰᠡᠷᠬᠡᠶᠢᠯᠡᠨ ᠡᠵᠡᠮᠳᠡᠬᠦ ᠲᠦᠪ ᠤᠨ ᠲᠡᠳ᠋ ᠡᠷᠬᠢᠯᠡᠭᠴᠢ ᠪᠠᠶᠢᠭᠰᠠᠨ ᠫᠸᠡᠭ ᠸᠧᠢ ᠦᠪᠡᠷᠳᠡᠬᠡᠨ ᠵᠠᠰᠠᠬᠤ ᠤᠷᠤᠨ ᠤ ᠦᠬᠠᠨ ᠢ ᠳᠣᠰᠠᠯᠠᠬᠤ ᠭᠤᠷᠪᠠᠳᠣᠭᠠᠷ ᠪᠦᠯᠦᠭ ᠤᠨ ᠡᠮᠴᠢᠯᠡᠬᠡᠨ ᠤ ᠠᠩᠬᠢ ᠳᠤ ᠰᠠᠶᠢᠨ ᠲᠤᠷ᠎ᠠ ᠠᠴᠠ ᠪᠠᠨ ᠨᠡᠷ᠎ᠠ ᠮᠡᠳᠡᠬᠦᠯᠵᠠᠢ᠃ ᠦᠬᠠᠨ ᠳᠤ ᠮᠤᠷᠳᠠᠭᠰᠠᠨ 38 ᠡᠳᠦᠷ ᠤᠨ ᠲᠤᠷᠰᠢ᠂ ᠲᠡᠷᠡ ᠦᠪᠡᠷ ᠤᠨ ᠠᠪᠢᠶᠡᠰ ᠪᠢᠯᠢᠭ ᠢᠶᠠᠨ ᠪᠠᠳᠠᠷᠠᠭᠤᠯᠵᠦ᠂ ᠡᠪᠡᠳᠴᠢᠨ ᠤ ᠵᠦᠢ ᠶᠢ ᠪᠠᠶᠢᠴᠠᠭᠠᠬᠤ᠂ ᠤᠷᠴᠢᠨ ᠲᠤᠭᠤᠷᠢᠨ ᠢ ᠠᠷᠢᠭᠤᠳᠬᠠᠬᠤ᠂ ᠦᠯᠢᠬᠡᠷ ᠡᠳ᠋ ᠪᠠ ᠮᠡᠳᠡᠭᠡ ᠵᠠᠩᠬᠢ ᠴᠤᠭᠯᠠᠭᠤᠯᠬᠤ ᠵᠡᠷᠬᠡ ᠠᠵᠢᠯ ᠢ ᠬᠠᠷᠢᠭᠤᠴᠠᠨ ᠬᠢᠵᠦ᠂ ᠰᠢᠨ ᠵᠸᠦ ᠲᠤᠭᠤᠷᠢᠭ ᠲᠤ ᠬᠢᠵᠢᠭ ᠡᠪᠡᠳᠴᠢᠨ ᠲᠡᠯᠬᠡᠷᠡᠬᠦ ᠬᠠᠨᠳᠤᠰᠢ ᠶᠢ ᠤᠷᠢᠳᠴᠢᠯᠠᠨ ᠲᠦᠰᠦᠬᠡᠯᠡᠵᠦ᠂ ᠲᠤᠬᠠᠢ ᠶᠢᠨ ᠭᠠᠵᠡᠷ ᠤᠷᠤᠨ ᠤ ᠬᠢᠵᠢᠭ ᠡᠪᠡᠳᠴᠢᠨ ᠢ ᠰᠡᠷᠬᠡᠶᠢᠯᠡᠨ ᠡᠵᠡᠮᠳᠡᠬᠦ ᠳᠤ ᠬᠤᠪᠢ ᠨᠡᠮᠡᠷᠢ ᠦᠵᠡᠬᠦᠯᠦᠭᠰᠡᠨ ᠪᠠᠶᠢᠨ᠎ᠠ᠃      ᠦᠬᠠᠨ ᠢ ᠳᠣᠰᠠᠯᠠᠭᠰᠠᠨ ᠬᠤᠭᠤᠴᠠᠭᠠᠨ ᠳᠤ ᠫᠸᠡᠭ ᠸᠧᠢ ᠲᠦᠷ ᠴᠠᠭ ᠤᠨ ᠨᠠᠮ ᠤᠨ ᠡᠬᠦᠷ ᠤᠨ ᠱᠦᠵᠢ ᠶᠢᠨ ᠲᠤᠰᠢᠶᠠᠯ ᠢ ᠬᠠᠷᠢᠭᠤᠴᠠᠬᠤ ᠶᠢᠨ ᠬᠠᠮᠲᠦ᠂ ᠨᠠᠮ ᠳᠤ ᠤᠷᠤᠬᠤ ᠲᠠᠩᠭᠠᠷᠢᠭ ᠢᠶᠠᠨ ᠲᠠᠬᠢᠨᠳᠠ ᠡᠷᠬᠦᠵᠦ᠂ ᠭᠤᠤᠯ ᠰᠡᠳᠦᠪᠲᠦ ᠨᠠᠮ ᠤᠨ ᠠᠵᠢᠯᠯᠠᠭ᠎ᠠ ᠶᠢ ᠦᠷᠨᠢᠬᠦᠯᠦᠨ᠂ ᠠᠯᠠᠱᠠ ᠶᠢᠨ ᠡᠮᠴᠢᠯᠡᠬᠡᠨ ᠤ ᠠᠩᠬᠢ ᠪᠤᠯᠤᠨ ᠡᠪᠡᠳᠴᠢᠳᠠᠨ ᠢ ᠵᠤᠷᠢᠠᠠᠵᠢᠭᠤᠯᠵᠠᠢ᠃ ᠡᠶᠢᠨᠬᠦ᠂ ᠲᠡᠬᠦᠨ ᠤ ᠪᠠᠶᠢᠭ᠎ᠠ ᠠᠩᠬᠢ ᠶᠢ ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠲᠦ ᠶᠢᠨ ᠵᠦᠪᠯᠡᠯ ᠠᠴᠠ ᠪᠦᠬᠦ ᠤᠯᠤᠰ ᠤᠨ ᠡᠷᠠᠬᠦᠯ ᠮᠠᠠᠳᠤ ᠡᠷᠡᠬᠦᠯ ᠬᠠᠮᠠᠭᠠᠯᠠᠯ ᠤᠨ ᠰᠢᠰᠲ᠋ᠧᠮ ᠤᠨ ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠢ ᠰᠡᠷᠬᠡᠶᠢᠯᠡᠨ ᠡᠵᠡᠮᠳᠡᠬᠦ ᠠᠵᠢᠯ ᠤᠨ ᠲᠠᠷᠢᠬᠦᠨ ᠤ ᠬᠠᠮᠲᠦ ᠨᠢᠭᠡᠴᠡ ᠪᠠᠷ ᠦᠨᠡᠯᠡᠭᠰᠡᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号