ᠨᠢᠭᠡᠳᠦᠭᠡᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ᠠᠯᠠᠱᠨ ᠠᠶᠢᠮᠠᠭ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠲᠥᠰᠦᠯ︾ ᠪᠠ ᠠᠯᠠᠱᠨ ᠠᠶᠢᠮᠠᠭ ᠤᠨ ᠳᠠᠷᠤᠮᠠᠯᠯᠠᠨ ᠲᠠᠷᠬᠠᠭᠠᠭᠰᠠᠨ ︽ᠠᠯᠠᠱᠨ ᠠᠶᠢᠮᠠᠭ ᠤᠨ | ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠳᠣᠬᠠᠢ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠤᠰ ᠲᠣᠭᠲᠠᠭᠠᠯ ᠢ | ᠲᠣᠭᠲᠠᠭᠠᠪᠠ᠃ | ᠬᠤᠶᠠᠳᠤᠭᠠᠷ ᠵᠦᠢᠯ ᠠᠯᠠᠱᠠ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯ ᠠᠯᠠᠱᠠ | ᠠᠶᠢᠮᠠᠭ ᠤᠨ ᠵᠠᠬᠢᠷᠭ᠎ᠠ ᠶᠢᠨ ᠠᠵᠢᠯ ᠤᠨ ᠰᠠᠯᠠᠭ᠎ᠠ ᠮᠥᠴᠢᠷ ᠪᠠᠶᠢᠵᠦ᠂ ᠵᠢᠩᠬᠢᠨᠢ ᠭᠠᠵᠠᠷ ᠤᠨ ᠲᠠᠰ ᠤᠨ ᠪᠠᠶᠢᠭᠤᠯᠣᠯᠭ᠎ᠠ | ᠪᠣᠯᠣᠨ᠎ᠠ᠂ ᠠᠶᠢᠮᠠᠭ ᠤᠨ ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠠᠶᠢᠮᠠᠭ ᠤᠨ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠬᠡᠷ ᠤᠨ ᠫᠠᠶᠢᠰᠠ ᠶᠢ | ᠨᠡᠮᠡᠵᠦ ᠡᠯᠭᠦᠨ᠎ᠡ᠃ | ᠭᠤᠷᠪᠠᠳᠤᠭᠠᠷ ᠵᠦᠢᠯ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ | ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠬᠠᠮᠢᠶ᠎ᠠ | ᠪᠦᠬᠦᠢ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠡᠭᠦᠷᠭᠡ | ᠬᠠᠷᠢᠭᠤᠴᠠᠯᠭ᠎ᠠ ᠪᠠᠨ ᠬᠦᠢᠴᠡᠳᠬᠡᠬᠦ ᠶᠠᠪᠤᠴᠠ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠳᠠᠬᠢ ᠨᠠᠮ ᠤᠨ | ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ | ᠨᠢ᠄ | ︵ᠨᠢᠭᠡ︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ | ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠠᠵᠢᠯ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠳᠣᠭᠳᠠᠭᠠᠬᠤ ᠶᠢᠨ ᠬᠠᠮᠲᠤ | ᠬᠡᠷᠡᠭᠵᠢᠬᠦᠯᠬᠦ ᠶᠢ ᠵᠣᠬᠢᠶᠠᠨ ᠪᠠᠶᠢᠭᠤᠯᠵᠦ᠂ ᠬᠤᠯᠪᠣᠭᠳᠠᠯ ᠪᠦᠬᠦᠢ ᠪᠠᠷᠢᠮᠵᠢᠶ᠎ᠠ ᠪᠣᠯᠤᠨ ᠮᠡᠷᠭᠡᠵᠢᠯ ᠤᠨ ᠳᠦᠷᠢᠮᠵᠢᠯ ᠢ | ᠬᠡᠷᠡᠭᠵᠢᠬᠦᠯᠬᠦ ᠶᠢ ᠵᠣᠬᠢᠶᠠᠨ ᠪᠠᠶᠢᠭᠤᠯᠣᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠣᠷᠣᠨ ᠪᠦᠰᠡ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠲᠥᠯᠥᠪᠵᠢᠭᠦᠯᠭᠡ ᠶᠢ ᠨᠠᠶᠢᠷᠠᠭᠤᠯᠬᠤ ᠪᠠ ᠬᠡᠷᠡᠭᠵᠢᠭᠦᠯᠬᠦ ᠶᠢ ᠵᠢᠯᠣᠭᠤᠳᠤᠨ᠎ᠠ᠃ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠠᠶᠢᠯᠭᠠᠬᠤ᠂ ᠲᠦᠭᠡᠮᠡᠯ | ᠬᠠᠷᠠᠭᠠᠯᠵᠠᠯ ᠬᠦᠷᠳᠡᠭᠡᠬᠦ᠂ ᠳᠥᠭᠦᠮ ᠳᠥᠲᠡ ᠪᠣᠯᠭᠠᠬᠤ ᠪᠠ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ | ᠱᠠᠲᠤ ᠲᠡᠰᠢ ᠬᠦᠨᠵᠡᠭᠡᠶᠢᠷᠡᠬᠦᠯᠬᠦ ᠶᠢ ᠠᠬᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠣᠭᠲᠠᠭᠠᠬᠤ ᠶᠢᠨ ᠬᠠᠮᠲᠤ ᠬᠡᠷᠡᠭᠵᠢᠬᠦᠯᠬᠦ ᠶᠢ ᠵᠣᠬᠢᠶᠠᠨ ᠪᠠᠶᠢᠭᠤᠯᠣᠨ᠎ᠠ᠃ | ︵ᠬᠤᠶᠠᠷ︶ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠬᠦᠨᠵᠡᠭᠡᠶᠢᠷᠡᠬᠦᠯᠬᠦ ᠶᠢ ᠵᠣᠬᠢᠴᠠᠭᠤᠯᠤᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢᠨ ᠳᠣᠬᠠᠢ ᠰᠠᠨᠠᠭᠤᠯᠭ᠎ᠠ ᠶᠢ | ᠰᠤᠳᠤᠯᠤᠨ ᠳᠤᠷᠠᠳᠴᠤ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠶᠠᠨ ᠪᠠᠶᠢᠭᠤᠯᠵᠤ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ | ᠠᠬᠢᠭᠤᠯᠵᠤ᠂ ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠣᠯᠳᠠ ᠶᠢᠨ ᠳᠦᠷᠢᠮ ᠢ ᠪᠦᠷᠢᠨᠰᠢᠬᠦᠯᠵᠦ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠶᠢ ᠠᠬᠢᠭᠤᠯᠬᠤ ᠭᠤᠤᠯ | ᠴᠣᠭᠴᠠ ᠶᠢᠨ ᠣᠯᠠᠨ ᠡᠰᠢᠵᠢᠭᠰᠡᠨ᠂ ᠬᠠᠩᠭᠠᠬᠤ ᠠᠷᠭ᠎ᠠ ᠮᠠᠶ᠋ᠢᠭ ᠤᠨ ᠣᠯᠠᠨ ᠶᠠᠩᠵᠤᠴᠢᠯᠠᠭᠰᠠᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠬᠡᠷᠡᠭᠵᠢᠬᠦᠯᠬᠦ ᠶᠢ ᠵᠣᠬᠢᠶᠠᠨ ᠪᠠᠶᠢᠭᠤᠯᠵᠦ᠂ | ᠡᠮᠴᠢᠯᠡᠭᠡᠨ ᠤ ᠦᠢᠯᠡᠴᠢᠯᠡᠭᠡ ᠪᠠ ᠡᠮ ᠤᠨ ᠵᠦᠢᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ | ᠰᠠᠨᠠᠭᠤᠯᠭ᠎ᠠ ᠳᠤᠷᠠᠳᠤᠨ᠎ᠠ᠃ | ︵ᠭᠤᠷᠪᠠ︶ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠯᠥᠪᠵᠢᠭᠦᠯᠭᠡ ᠵᠢᠴᠢ ᠠᠷᠠᠳ ᠲᠦᠮᠡᠨ ᠤ | ᠡᠷᠡᠭᠦᠯ ᠮᠡᠨᠳᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠳᠤ ᠬᠦᠨᠳᠦ ᠨᠣᠴᠢᠲᠠᠶ ᠬᠥᠨᠥᠭᠡᠯ ᠤᠴᠠᠷᠠᠭᠤᠯᠬᠤ | ᠠᠰᠠᠭᠤᠳᠠᠯ ᠳᠤ ᠭᠠᠷ ᠲᠦᠷᠦᠭᠦ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠨᠠᠶᠢᠳᠠᠪᠣᠷᠢᠵᠢᠭᠤᠯᠬᠤ ᠶᠢ ᠵᠣᠬᠢᠶᠠᠨ | ᠪᠠᠶᠢᠭᠤᠯᠤᠨ᠂ ᠤᠯᠤᠰ ᠤᠨ ᠡᠪᠡᠳᠴᠢᠨ ᠢ ᠡᠰᠡᠷᠭᠦᠴᠡᠬᠦ ᠲᠥᠯᠥᠪᠵᠢᠭᠦᠯᠭᠡ ᠶᠢ ᠬᠡᠷᠡᠭᠵᠢᠬᠦᠯᠬᠦ ᠶᠢ ᠵᠣᠬᠢᠶᠠᠨ | ᠪᠠᠶᠢᠭᠤᠯᠣᠨ᠎ᠠ᠃ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠬᠠᠷᠢᠭᠤᠴᠠᠵᠤ᠂ ᠭᠡᠨᠡᠳᠲᠡ | ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠡᠷᠭᠡᠶᠢᠯᠡᠨ ᠡᠵᠡᠮᠳᠡᠬᠦ ᠪᠠ ᠭᠡᠨᠡᠳᠲᠡ | ᠡᠭᠦᠰᠦᠭᠰᠡᠨ ᠡᠯ᠎ᠡ ᠲᠥᠷᠥᠯ ᠤᠨ ᠣᠯᠠᠨ ᠨᠡᠶᠢᠲᠡ ᠶᠢᠨ ᠬᠡᠷᠡᠭ ᠤᠨ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ | ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠳᠥᠷᠪᠡ︶ ᠬᠥᠮᠦᠨ ᠠᠮᠠ ᠶᠢᠨ ᠨᠠᠰᠤᠵᠢᠯᠲᠠ ᠶᠢ ᠠᠷᠭᠠᠴᠠᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠨᠠᠰᠤᠲᠠᠶᠢᠴᠤᠳ ᠤᠨ ᠡᠷᠡᠭᠦᠯ ᠡᠩᠬᠡ ᠶᠢᠨ | ᠦᠢᠯᠡᠴᠢᠯᠡᠬᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠ ᠡᠮᠴᠢᠯᠡᠭᠡ ᠰᠣᠪᠢᠯᠠᠯᠳᠠ ᠶᠢ ᠤᠶᠠᠯᠳᠤᠭᠤᠯᠬᠤ ᠠᠵᠢᠯ ᠢ | ᠠᠬᠢᠭᠤᠯᠬᠤ ᠶᠢ ᠬᠠᠷᠢᠭᠤᠴᠠᠨ᠎ᠠ᠃ | ︵ᠲᠠᠪᠤ︶ ᠤᠯᠤᠰ ᠤᠨ ᠡᠮ ᠤᠨ ᠵᠦᠢᠯ ᠤᠨ ᠲᠥᠷᠥ ᠶᠢᠨ ᠪᠣᠳᠣᠯᠭ᠎ᠠ ᠪᠣᠯᠤᠨ ᠦᠨᠳᠦᠰᠦᠨ ᠡᠮ ᠤᠨ | ᠵᠦᠢᠯ ᠤᠨ ᠳᠦᠷᠢᠮ ᠢ ᠬᠡᠷᠡᠭᠵᠢᠬᠦᠯᠬᠦ ᠶᠢ ᠵᠣᠬᠢᠶᠠᠨ ᠪᠠᠶᠢᠭᠤᠯᠵᠦ᠂ ᠡᠮ ᠤᠨ ᠵᠦᠢᠯ ᠢ ᠬᠡᠷᠡᠭᠯᠡᠬᠦ ᠶᠢ ᠬᠢᠨᠠᠨ ᠬᠡᠮᠵᠢᠬᠦ᠂ | ᠡᠮᠴᠢᠯᠡᠭᠡᠨ ᠤ ᠶᠡᠷᠦᠩᠬᠡᠶᠢᠯᠡᠭᠰᠡᠨ ᠦᠨᠡᠯᠡᠯᠲᠡ ᠬᠢᠬᠦ ᠪᠠ ᠳᠤᠲᠠᠭᠳᠠᠵᠤ ᠪᠠᠶᠢᠭ᠎ᠠ ᠡᠮ ᠤᠨ ᠵᠦᠢᠯ ᠢ ᠰᠡᠷᠡᠮᠵᠢᠯᠡᠬᠦᠯᠬᠦ ᠶᠢ | ᠥᠷᠨᠢᠭᠦᠯᠦᠨ᠎ᠡ᠃ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠵᠦ ᠦᠨᠡᠯᠡᠨ ᠵᠢᠱᠢᠬᠦ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠠᠳᠠᠯᠢ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠢᠳᠡᠭᠡᠨ ᠤ | ᠠᠮᠤᠷ ᠲᠦᠪᠰᠢᠨ ᠤ ᠪᠠᠷᠢᠮᠵᠢᠶ᠎ᠠ ᠶᠢ ᠤᠬᠠᠭᠤᠯᠬᠤ᠂ ᠮᠥᠷᠳᠡᠨ ᠦᠨᠡᠯᠡᠬᠦ ᠬᠤᠯᠪᠣᠭᠳᠠᠯ ᠪᠦᠬᠦᠢ ᠠᠵᠢᠯ ᠢ ᠵᠣᠬᠢᠶᠠᠨ | ᠪᠠᠶᠢᠭᠤᠯᠤᠨ ᠦᠷᠨᠢᠬᠦᠯᠦᠨ᠎ᠡ᠃ | ︵ᠵᠢᠷᠭᠤᠭ᠎ᠠ︶ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ | ᠰᠠᠴᠤᠷᠠᠭ ᠤᠨ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠠᠷᠢᠭᠤᠨ ᠴᠡᠪᠡᠷ᠂ ᠰᠤᠷᠭᠠᠭᠤᠯᠢ ᠶᠢᠨ ᠡᠷᠡᠭᠦᠯ | ᠬᠠᠮᠠᠭᠠᠯᠠᠯ᠂ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠤᠤᠭᠤᠬᠤ ᠤᠰᠤᠨ ᠤ ᠠᠷᠢᠭᠤᠨ ᠴᠡᠪᠡᠷ | ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠨᠠᠠ ᠬᠠᠮᠢᠶᠠᠷᠤᠯᠲᠠ ᠶᠢ ᠬᠠᠷᠢᠭᠤᠴᠠᠨ᠎ᠠ᠃ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠵᠠᠰᠠᠵᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠰᠢᠰᠲ᠋ᠧᠮᠵᠢ ᠶᠢ ᠪᠦᠷᠢᠨᠰᠢᠬᠦᠯᠦᠨ᠎ᠡ᠃ ︽ᠲᠠᠮᠠᠬᠢ ᠶᠢ ᠬᠢᠵᠠᠭᠠᠷᠯᠠᠬᠤ | ᠪᠦᠳᠦᠭᠦᠪᠴᠢ ᠳᠦᠰᠦᠪ ᠤᠨ ᠨᠡᠶᠢᠲᠡ ᠶᠢᠨ ᠭᠡᠷ᠎ᠡ︾ ᠶᠢᠨ ᠬᠤᠯᠪᠣᠭᠳᠠᠯ ᠪᠦᠬᠦᠢ ᠠᠵᠢᠯ ᠢ ᠳᠦᠷᠦᠬᠦᠯᠡᠨ | ᠨᠠᠶᠢᠳᠠᠪᠤᠷᠢᠵᠢᠭᠤᠯᠤᠨ᠎ᠠ᠃ | ︵ᠳᠣᠯᠤᠭ᠎ᠠ︶ ᠡᠮᠴᠢᠯᠡᠭᠡᠨ ᠤ ᠪᠠᠶᠢᠭᠤᠯᠤᠮᠵᠢ᠂ ᠡᠮᠴᠢᠯᠡᠭᠡᠨ ᠤ ᠦᠢᠯᠡᠴᠢᠯᠡᠬᠡᠨ ᠤ ᠠᠵᠢᠯ ᠲᠥᠷᠥᠯ ᠤᠨ | ᠬᠠᠮᠢᠶᠠᠷᠣᠯᠳᠠ ᠶᠢᠨ ᠠᠷᠭ᠎ᠠ ᠶᠢ ᠭᠡᠷᠡᠭᠵᠢᠬᠦᠯᠬᠦ ᠳᠤ ᠬᠢᠨᠠᠯᠲᠠ ᠲᠠᠯᠪᠢᠨ᠂ ᠡᠮᠴᠢᠯᠡᠭᠡᠨ ᠤ ᠦᠢᠯᠡᠴᠢᠯᠡᠬᠡᠨ ᠤ ᠦᠨᠡᠯᠡᠯᠲᠡ | ᠪᠠ ᠬᠢᠨᠠᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠬᠢᠷᠢ | ᠭᠡᠮ ᠤᠨ ᠪᠠᠷᠢᠮᠵᠢᠶ᠎ᠠ ᠶᠢ ᠭᠡᠷᠡᠭᠵᠢᠬᠦᠯᠦᠨ᠎ᠡ᠃ ᠡᠮᠴᠢᠯᠡᠭᠡᠨ ᠤ ᠦᠢᠯᠡᠴᠢᠯᠡᠬᠡᠨ ᠤ ᠳᠦᠷᠢᠮᠵᠢᠯ᠂ ᠪᠠᠷᠢᠮᠵᠢᠶ᠎ᠠ ᠪᠠ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠡᠷᠬᠢᠯᠡᠬᠦ ᠳᠦᠷᠢᠮ᠂ | ᠦᠢᠯᠡᠴᠢᠯᠡᠭᠡᠨ ᠤ ᠳᠦᠷᠢᠮᠵᠢᠯ ᠢ ᠬᠡᠷᠡᠭᠵᠢᠬᠦᠯᠬᠦ ᠶᠢ ᠵᠣᠬᠢᠶᠠᠨ ᠪᠠᠶᠢᠭᠤᠯᠣᠨ᠎ᠠ᠃ | ︵ᠨᠠᠢᠮᠠ︶ ᠲᠥᠯᠥᠪᠯᠡᠭᠡᠲᠦ ᠦᠷᠡᠵᠢᠯ ᠤᠨ ᠬᠠᠮᠢᠶᠠᠷᠤᠯᠲᠠ ᠪᠠ ᠦᠢᠯᠡᠴᠢᠯᠡᠬᠡᠨ ᠤ ᠠᠵᠢᠯ ᠢ ᠬᠠᠷᠢᠭᠤᠴᠠᠵᠤ᠂ | ᠬᠥᠮᠦᠨ ᠠᠮᠠ ᠶᠢᠨ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠦᠷᠨᠢᠬᠦᠯᠵᠦ᠂ ᠬᠥᠮᠦᠨ ᠠᠮᠠ ᠬᠢᠭᠡᠳ ᠭᠡᠷ | ᠪᠦᠯᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠳᠣᠬᠠᠢ ᠰᠠᠨᠠᠭᠤᠯᠭ᠎ᠠ ᠶᠢ | ᠳᠤᠷᠠᠳᠬᠤ ᠶᠢᠨ ᠬᠠᠮᠲᠤ ᠨᠠᠶᠢᠳᠠᠪᠣᠷᠢᠵᠢᠭᠤᠯᠵᠦ᠂ ᠣᠷᠣᠨ ᠨᠤᠲᠤᠭ ᠤᠨ ᠲᠥᠯᠥᠪᠯᠡᠭᠡᠲᠦ ᠦᠷᠡᠵᠢᠯ ᠤᠨ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢ ᠳᠡᠭᠦᠯᠳᠡᠷᠵᠢᠬᠦᠯᠦᠨ᠎ᠡ᠃ | ︵ᠶᠢᠰᠦ︶ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ᠂ ᠡᠬᠡ ᠨᠢᠯᠬᠠᠰ ᠤᠨ ᠡᠷᠡᠭᠦᠯ | ᠮᠡᠨᠳᠦ ᠶᠢᠨ ᠦᠢᠯᠡᠴᠢᠯᠡᠬᠡᠨ ᠤ ᠰᠢᠰᠲ᠋ᠧᠮᠵᠢ ᠪᠠ ᠶᠡᠷᠦᠩᠬᠡᠶ ᠰᠠᠯᠠᠭᠠᠨ ᠤ ᠡᠮᠴᠢ ᠶᠢᠨ ᠡᠩᠨᠡᠭᠡᠨ ᠤ ᠪᠠᠶᠢᠭᠤᠯᠤᠯᠲᠠ ᠶᠢ | ᠵᠢᠯᠣᠭᠤᠳᠴᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠦᠨ | ᠬᠦᠭᠵᠢᠬᠦ ᠶᠢ ᠠᠬᠢᠭᠤᠯᠤᠨ᠎ᠠ᠃ | ︵ᠠᠷᠪᠠ︶ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠡᠮᠴᠢᠯᠡᠭᠡ᠂ ᠡᠷᠡᠭᠦᠯᠵᠢᠯ᠂ ᠰᠤᠷᠭᠠᠨ | ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂ ᠰᠣᠶᠣᠯ ᠵᠢᠴᠢ ᠬᠠᠮᠢᠶ᠎ᠠ ᠪᠥᠬᠦᠶ ᠠᠵᠤ ᠦᠢᠯᠡᠰ ᠤᠨ | ᠥᠭᠡᠷᠡᠴᠢᠯᠡᠯᠲᠡ ᠬᠦᠭᠵᠢᠯᠳᠡ ᠬᠢᠭᠡᠳ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠪᠠᠲᠤᠯᠠᠨ | ᠠᠬᠢᠭᠤᠯᠵᠤ᠂ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ | ᠪᠠ ᠬᠦᠭᠵᠢᠬᠦᠯᠦᠨ ᠮᠠᠨᠳᠣᠭᠤᠯᠬᠤ ᠶᠢ ᠠᠬᠢᠭᠤᠯᠤᠨ᠎ᠠ᠃ | ︵ᠠᠷᠪᠠᠨ ᠨᠢᠭᠡ︶ ᠠᠶᠢᠮᠠᠭ ᠤᠨ ᠡᠷᠡᠭᠦᠯ ᠮᠡᠨᠳᠦ ᠶᠢ ᠬᠠᠮᠠᠭᠠᠯᠠᠬᠤ ᠡᠲᠡᠭᠡᠳ ᠤᠨ ᠡᠮᠨᠡᠯᠭᠡ ᠡᠷᠡᠭᠦᠯ ᠮᠡᠨᠳᠦ ᠶᠢ | ᠬᠠᠮᠠᠭᠠᠯᠠᠬᠤ ᠠᠵᠢᠯ ᠢ ᠬᠠᠷᠢᠭᠤᠴᠠᠵᠤ᠂ ᠠᠶᠢᠮᠠᠭ ᠤᠨ ᠴᠢᠬᠤᠯᠠ ᠬᠤᠷᠠᠯ ᠬᠢᠭᠡᠳ ᠴᠢᠬᠤᠯᠠ ᠶᠡᠭᠡ ᠠᠵᠢᠯᠯᠠᠭ᠎ᠠ ᠶᠢᠨ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠭᠤᠷᠪᠠ︶ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠬᠦᠯᠦᠨ᠎ᠡ᠃ | ︵ᠠᠷᠪᠠᠨ ᠳᠥᠷᠪᠡ︶ ᠡᠭᠦᠷᠭᠡ ᠴᠢᠳᠠᠪᠤᠷᠢ ᠶᠢᠨ ᠬᠤᠪᠢᠷᠠᠭᠤᠯᠣᠯᠳᠠ᠃ ᠠᠶᠢᠮᠠᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠨᠢ ᠶᠡᠭᠡ ᠡᠷᠡᠭᠦᠯ ᠬᠠᠮᠠᠭᠠᠯᠠᠯ᠂ ᠶᠡᠭᠡ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠪᠠᠲᠤ | ᠪᠤᠢ ᠪᠣᠯᠭᠠᠵᠤ᠂ ᠡᠷᠡᠭᠦᠯ ᠡᠩᠬᠡ ᠠᠯᠠᠱᠠ ᠶᠢᠨ ᠪᠠᠶᠢᠭᠤᠯᠤᠯᠲᠠ ᠶᠢ ᠠᠬᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠡᠷᠡᠭᠦᠯ ᠮᠡᠨᠳᠦ ᠶᠢ ᠠᠬᠢᠭᠤᠯᠬᠤ᠂ ᠬᠡᠪ ᠮᠠᠶ᠋ᠢᠭ ᠢ ᠬᠤᠪᠢᠷᠠᠭᠤᠯᠬᠤ᠂ | ᠦᠨᠳᠦᠰᠦᠨ ᠱᠠᠲᠤ ᠶᠢ ᠬᠦᠴᠦᠷᠬᠡᠭᠵᠢᠭᠦᠯᠬᠦ᠂ ᠪᠠᠲᠤᠯᠠᠭ᠎ᠠ ᠶᠢ ᠴᠢᠬᠤᠯᠠᠴᠢᠯᠠᠬᠤ ᠪᠠᠷ ᠬᠦᠴᠦᠯᠡᠬᠦ ᠴᠡᠭ ᠢᠶᠠᠨ ᠪᠣᠯᠭᠠᠵᠤ᠂ | ᠡᠪᠡᠳᠴᠢᠨ ᠢ ᠡᠮᠨᠡᠬᠦ ᠪᠠᠷ ᠭᠤᠤᠯ ᠪᠣᠯᠭᠠᠬᠤ ᠶᠠᠪᠤᠳᠠᠯ ᠢ ᠠᠷᠠᠳ ᠲᠦᠮᠡᠨ ᠤ ᠡᠷᠡᠭᠦᠯ ᠮᠡᠨᠳᠦ ᠪᠠᠷ ᠭᠤᠤᠯ ᠪᠣᠯᠭᠠᠬᠤ | ᠪᠠᠷ ᠬᠤᠪᠢᠷᠠᠭᠤᠯᠵᠤ᠂ ᠠᠷᠠᠳ ᠣᠯᠠᠨ ᠳᠤ ᠪᠦᠬᠦ ᠲᠠᠯ᠎ᠠ ᠪᠦᠬᠦ ᠦᠶᠡᠯᠡᠯ ᠤᠨ ᠴᠢᠨᠠᠷᠲᠠᠶ ᠡᠷᠡᠭᠦᠯ ᠮᠡᠨᠳᠦ ᠶᠢᠨ | ᠦᠢᠯᠡᠴᠢᠯᠡᠭᠡ ᠬᠠᠩᠭᠠᠨ᠎ᠠ᠃ ᠨᠢᠭᠡ ᠳᠤ ᠰᠡᠷᠭᠡᠶᠢᠯᠡᠬᠦ ᠪᠠᠷ ᠭᠤᠤᠯ ᠪᠣᠯᠭᠠᠬᠤ ᠪᠠ ᠡᠷᠡᠭᠦᠯ ᠮᠡᠨᠳᠦ ᠶᠢ ᠠᠬᠢᠭᠤᠯᠬᠤ ᠶᠢ | ᠨᠠᠩ ᠴᠢᠬᠤᠯᠠᠴᠢᠯᠠᠵᠦ᠂ ᠬᠦᠨᠳᠦ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ ᠬᠥᠮᠦᠨ | ᠠᠮᠠ ᠶᠢᠨ ᠨᠠᠰᠣᠵᠢᠯᠳᠠ ᠶᠢ ᠢᠳᠡᠪᠬᠢᠲᠡᠶ ᠪᠠᠷ ᠠᠷᠭᠠᠴᠠᠭᠠᠵᠦ᠂ ᠡᠷᠡᠭᠦᠯ ᠮᠡᠨᠳᠦ ᠶᠢᠨ ᠦᠢᠯᠡᠴᠢᠯᠡᠬᠡᠨ ᠤ | ᠰᠢᠰᠲ᠋ᠧᠮᠵᠢ ᠶᠢ ᠪᠦᠷᠢᠨᠰᠢᠬᠦᠯᠦᠨ᠎ᠡ᠃ ᠬᠤᠶᠠᠷ ᠲᠤ ᠠᠵᠢᠯ ᠤᠨ ᠭᠤᠤᠯᠳᠠᠯᠭ᠎ᠠ ᠶᠢ ᠳᠣᠷᠣᠭᠰᠢ ᠳᠠᠯᠪᠢᠬᠤ ᠪᠠ ᠡᠬᠢ | ᠪᠠᠶᠠᠯᠢᠭ ᠢ ᠦᠨᠳᠦᠰᠦᠨ ᠱᠠᠳᠣᠨ ᠳᠤ ᠬᠦᠷᠳᠡᠭᠡᠬᠦ ᠶᠢ ᠨᠠᠩ ᠢᠯᠡᠭᠦᠤ ᠴᠢᠬᠤᠯᠠᠴᠢᠯᠠᠵᠤ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤ ᠲᠡᠰᠢ ᠬᠦᠨᠵᠡᠭᠡᠶᠢᠷᠡᠬᠦᠯᠬᠦ᠂ ᠮᠠᠯᠵᠢᠬᠤ | ᠲᠠᠷᠢᠶᠠᠯᠠᠬᠤ ᠣᠷᠣᠨ ᠢ ᠬᠠᠮᠤᠷᠬᠤ᠂ ᠬᠢᠯᠢ ᠬᠢᠵᠠᠭᠠᠷ ᠣᠷᠣᠨ ᠪᠠ ᠠᠮᠢᠳᠤᠷᠠᠯ ᠬᠦᠴᠢᠷᠳᠡᠯᠲᠡᠶ ᠣᠯᠠᠨ ᠲᠦᠮᠡᠨ ᠲᠡᠰᠢ | ᠬᠡᠯᠪᠠᠶᠢᠯᠭᠡᠬᠦ ᠶᠢ ᠠᠬᠢᠭᠤᠯᠤᠨ᠎ᠠ᠃ ᠭᠤᠷᠪᠠ ᠳᠤ ᠦᠢᠯᠡᠴᠢᠯᠡᠬᠡᠨ ᠤ ᠶᠠᠰᠤ ᠴᠢᠨᠠᠷ ᠪᠣᠯᠤᠨ ᠬᠢᠷᠢ ᠳᠦᠪᠰᠢᠨ ᠢ | ᠳᠡᠭᠡᠭᠰᠢᠯᠡᠭᠦᠯᠬᠦ ᠶᠢ ᠨᠠᠩ ᠴᠢᠬᠤᠯᠠᠴᠢᠯᠠᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠲᠦᠭᠡᠮᠡᠯ ᠬᠠᠷᠠᠭᠠᠯᠵᠠᠯ ᠬᠦᠷᠳᠡᠭᠡᠬᠦ᠂ ᠳᠥᠭᠦᠮ ᠳᠥᠲᠡ | ᠪᠣᠯᠭᠠᠬᠤ ᠶᠢ ᠠᠬᠢᠭᠤᠯᠤᠨ᠎ᠠ᠃ ᠳᠥᠷᠪᠡ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠣᠯ ᠤᠨ | ᠥᠭᠡᠷᠡᠴᠢᠯᠡᠯᠲᠡ ᠶᠢ ᠬᠦᠨᠵᠡᠭᠡᠶᠢᠷᠡᠬᠦᠯᠬᠦ ᠶᠢ ᠵᠣᠬᠢᠴᠠᠭᠤᠯᠤᠨ ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠳᠡ ᠶᠢᠨ ᠡᠷᠴᠢᠮ ᠢ ᠴᠢᠩᠭᠠᠷᠠᠭᠤᠯᠵᠦ᠂ ᠬᠠᠮᠢᠶᠠᠷᠬᠤ ᠪᠠ ᠡᠷᠬᠢᠯᠡᠬᠦ ᠶᠢ | ᠰᠠᠯᠭᠠᠬᠤ ᠶᠢ ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ | ᠪᠡᠶᠡᠴᠢ ᠴᠣᠭᠴᠠ ᠶᠢᠨ ᠤᠯᠠᠨ ᠡᠰᠢᠴᠢᠯᠡᠯᠡᠳᠡ᠂ ᠬᠠᠩᠭᠠᠬᠤ ᠠᠷᠭ᠎ᠠ ᠮᠠᠶ᠋ᠢᠭ ᠤᠨ ᠤᠯᠠᠨ ᠶᠠᠩᠵᠤᠴᠢᠯᠠᠯᠳᠠ ᠶᠢ | ᠠᠬᠢᠭᠤᠯᠤᠨ᠎ᠠ᠃ | ︵ᠠᠷᠪᠠᠨ ᠲᠠᠪᠤ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | 1. ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠯᠦᠭᠡ ᠶᠢᠨ ᠬᠤᠯᠪᠣᠭᠳᠠᠯ ᠪᠦᠬᠦᠢ | ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ | ᠬᠥᠮᠦᠨ ᠠᠮᠠ ᠶᠢᠨ ᠳᠤᠭ᠎ᠠ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠥᠷᠨᠢᠭᠦᠯᠬᠦ ᠶᠢ ᠬᠠᠷᠢᠭᠤᠴᠠᠵᠤ᠂ | ᠦᠷᠡᠵᠢᠯ ᠤᠨ ᠬᠠᠮᠢᠶ᠎ᠠ ᠲᠠᠢ ᠬᠥᠮᠦᠨ ᠠᠮᠠ ᠶᠢᠨ ᠲᠤᠭ᠎ᠠ᠂ ᠬᠡᠪ ᠴᠢᠨᠠᠷ᠂ ᠪᠦᠲᠦᠴᠡ᠂ ᠲᠠᠷᠬᠠᠯᠲᠠ ᠶᠢᠨ | ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢᠨ ᠳᠣᠬᠠᠢ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠷᠡᠵᠢᠯ ᠤᠨ | ᠲᠥᠷᠥ ᠶᠢᠨ ᠪᠣᠳᠣᠯᠭ᠎ᠠ ᠪᠠ ᠬᠠᠮᠢᠶ᠎ᠠ ᠪᠦᠬᠦᠢ ᠠᠵᠤ ᠠᠬᠤᠶ ᠨᠡᠶᠢᠭᠡᠮ ᠤᠨ ᠲᠥᠷᠥ ᠶᠢᠨ ᠪᠣᠳᠣᠯᠭ᠎ᠠ ᠶᠢᠨ ᠢᠵᠢ | ᠪᠦᠷᠢᠳᠦᠭᠦᠯᠦᠨ ᠵᠣᠯᠭᠠᠭᠤᠯᠬᠤ ᠶᠢ ᠠᠬᠢᠭᠤᠯᠵᠤ᠂ ᠬᠥᠮᠦᠨ ᠠᠮᠠ ᠶᠢᠨ ᠬᠥᠭᠵᠢᠯᠲᠡ ᠶᠢᠨ ᠳᠦᠯᠦᠪᠵᠢᠬᠦᠯᠬᠡ ᠪᠣᠯᠤᠨ | ᠲᠥᠷᠥ ᠶᠢᠨ ᠪᠣᠳᠣᠯᠭ᠎ᠠ ᠶᠢ ᠲᠤᠭᠤᠷᠪᠢᠬᠤ ᠳᠤ ᠣᠷᠣᠯᠴᠠᠵᠦ᠂ ᠪᠦᠬᠦ ᠠᠶᠢᠮᠠᠭ ᠤᠨ ᠬᠥᠮᠦᠨ ᠠᠮᠠ ᠶᠢᠨ | ᠬᠥᠭᠵᠢᠯᠲᠡ ᠶᠢᠨ ᠲᠥᠯᠥᠪᠵᠢᠭᠦᠯᠭᠡ ᠳᠠᠬᠢ ᠬᠤᠯᠪᠣᠭᠳᠠᠯ ᠪᠦᠬᠦᠢ ᠡᠭᠦᠷᠭᠡ ᠶᠢ ᠨᠠᠶᠢᠳᠠᠪᠤᠷᠢᠵᠢᠭᠤᠯᠤᠨ᠎ᠠ᠃ | ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠥᠮᠦᠨ ᠠᠮᠠ ᠶᠢᠨ ᠬᠤᠪᠢᠷᠠᠯᠲᠠ ᠶᠢᠨ | ᠪᠠᠶᠢᠳᠠᠯ ᠵᠢᠴᠢ ᠬᠠᠨᠳᠤᠰᠢ ᠶᠢᠨ ᠨᠥᠯᠥᠭᠡ ᠶᠢ ᠬᠢᠨᠠᠨ ᠬᠡᠮᠵᠢᠬᠦ ᠪᠠ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠵᠤ | ᠬᠠᠷᠢᠭᠤᠴᠠᠨ᠂ ᠬᠥᠮᠦᠨ ᠠᠮᠠ ᠶᠢᠨ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠳᠦᠷᠢᠮ ᠢ ᠪᠠᠶᠢᠭᠤᠯᠵᠤ᠂ | ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠲᠣᠭᠲᠠᠭᠠᠬᠤ ᠶᠠᠪᠣᠳᠠᠯ ᠤᠨ ᠬᠥᠮᠦᠨ ᠠᠮᠠ ᠳᠤ ᠦᠵᠡᠬᠦᠯᠬᠦ ᠨᠥᠯᠥᠭᠡ ᠶᠢ | ᠦᠨᠡᠯᠡᠨ ᠵᠢᠱᠢᠬᠦ ᠠᠵᠢᠯ ᠢ ᠦᠷᠨᠢᠬᠦᠯᠵᠦ᠂ ᠬᠥᠮᠦᠨ ᠠᠮᠠ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ | ᠯᠠᠪᠯᠠᠯᠭ᠎ᠠ ᠠᠪᠬᠤ ᠲᠣᠭᠲᠠᠴᠠ ᠶᠢ ᠳᠡᠭᠦᠯᠳᠡᠷᠵᠢᠬᠦᠯᠵᠦ᠂ ᠪᠦᠬᠦ ᠠᠶᠢᠮᠠᠭ ᠤᠨ ᠬᠥᠮᠦᠨ ᠠᠮᠠ ᠶᠢᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢ ᠰᠤᠳᠤᠯᠤᠨ ᠳᠤᠷᠠᠳᠴᠤ᠂ ᠬᠥᠮᠦᠨ ᠠᠮᠠ ᠶᠢᠨ ᠬᠥᠭᠵᠢᠯᠲᠡ ᠶᠢᠨ ᠳᠦᠯᠦᠪᠵᠢᠬᠦᠯᠬᠡ ᠪᠠ | ᠬᠥᠮᠦᠨ ᠠᠮᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠥᠮᠦᠨ ᠠᠮᠠ ᠬᠢᠭᠡᠳ ᠠᠵᠤ ᠠᠬᠤᠶ᠂ | ᠨᠡᠶᠢᠭᠡᠮ᠂ ᠡᠬᠢ ᠪᠠᠶᠠᠯᠢᠭ᠂ ᠣᠷᠴᠢᠨ ᠳᠣᠭᠤᠷᠢᠨ ᠵᠣᠬᠢᠴᠠᠩᠭᠤᠶ ᠪᠠᠷ ᠦᠷᠬᠦᠯᠵᠢᠯᠡᠨ ᠬᠦᠭᠵᠢᠬᠦ ᠵᠢᠴᠢ ᠬᠥᠮᠦᠨ | ᠠᠮᠠ ᠶᠢᠨ ᠤᠷᠳᠤ ᠬᠤᠭᠤᠴᠠᠭ᠎ᠠ ᠪᠠᠷ ᠲᠡᠩᠴᠡᠭᠦᠷᠢᠲᠡᠶ ᠬᠥᠭᠵᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠬᠤ | ᠲᠦᠷᠦ ᠶᠢᠨ ᠪᠤᠳᠤᠯᠭ᠎ᠠ ᠶᠢᠨ ᠳᠣᠬᠠᠢ ᠰᠠᠨᠠᠭᠤᠯᠭ᠎ᠠ ᠶᠢ ᠰᠤᠳᠤᠯᠤᠨ ᠳᠣᠷᠠᠳᠣᠨ᠎ᠠ᠃ | 2. ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠯᠤᠭ᠎ᠠ ᠶᠢᠨ ᠬᠤᠯᠪᠣᠭᠳᠠᠯ ᠪᠦᠬᠦᠢ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠃ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠬᠥᠮᠦᠨ | ᠠᠮᠠ ᠶᠢᠨ ᠨᠠᠰᠤᠵᠢᠯᠲᠠ ᠶᠢ ᠠᠷᠭᠠᠴᠠᠭᠠᠬᠤ᠂ ᠡᠮᠴᠢᠯᠡᠭᠡ ᠰᠣᠪᠢᠯᠠᠯᠳᠠ ᠶᠢ ᠤᠶᠠᠯᠳᠤᠭᠤᠯᠬᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠣᠭᠤᠷᠪᠢᠨ ᠲᠣᠭᠲᠠᠭᠠᠬᠤ ᠶᠢ ᠬᠠᠷᠢᠭᠤᠴᠠᠵᠤ᠂ ᠨᠠᠰᠤᠲᠠᠶᠢᠴᠤᠳ ᠤᠨ ᠠᠵᠢᠯ | ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠵᠣᠬᠢᠴᠠᠭᠤᠯᠵᠤ᠂ ᠰᠢᠮᠳᠠᠭᠤᠯᠤᠨ ᠵᠢᠯᠣᠭᠤᠳᠴᠦ᠂ ᠵᠣᠬᠢᠶᠠᠨ | ᠪᠠᠶᠢᠭᠤᠯᠤᠨ ᠠᠬᠢᠭᠤᠯᠵᠤ᠂ ᠨᠠᠰᠤᠲᠠᠶᠢᠴᠤᠳ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠨᠠᠰᠤᠲᠠᠶᠢᠴᠤᠳ ᠢ | ᠡᠮᠨᠡᠨ ᠰᠤᠪᠢᠯᠠᠬᠤ᠂ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠬᠢᠭᠡᠳ ᠬᠠᠯᠠᠮᠵᠢᠯᠠᠯ ᠦᠢᠯᠡᠴᠢᠯᠡᠭᠡ | ᠵᠡᠷᠭᠡ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠡᠭᠦᠷᠭᠡᠯᠡᠨ᠎ᠡ᠃ ᠠᠶᠢᠮᠠᠭ ᠤᠨ ᠠᠷᠠᠳ ᠤᠨ ᠶᠠᠪᠤᠳᠠᠯ ᠤᠨ | ᠲᠣᠪᠴᠢᠶ᠎ᠠ ᠨᠢ ᠨᠠᠰᠤᠵᠢᠯ ᠤᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠳᠦᠯᠦᠪᠵᠢᠬᠦᠯᠦᠨ ᠠᠬᠢᠭᠤᠯᠬᠤ᠂ | ᠰᠢᠮᠳᠠᠭᠤᠯᠤᠨ ᠵᠢᠯᠣᠭᠤᠳᠬᠤ᠂ ᠬᠢᠨᠠᠨ ᠬᠠᠮᠢᠶᠠᠷᠬᠤ ᠠᠵᠢᠯ ᠢ ᠬᠠᠷᠢᠭᠤᠴᠠᠵᠤ᠂ ᠨᠠᠰᠤᠵᠢᠯ ᠤᠨ ᠦᠢᠯᠡᠴᠢᠯᠡᠬᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢᠨ ᠳᠦᠯᠦᠪᠵᠢᠬᠦᠯᠬᠡ᠂ ᠲᠥᠷᠥ ᠶᠢᠨ ᠪᠣᠳᠣᠯᠭ᠎ᠠ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠬᠤᠯᠪᠣᠭᠳᠠᠯ ᠪᠦᠬᠦᠢ ᠪᠠᠷᠢᠮᠵᠢᠶ᠎ᠠ ᠶᠢ ᠬᠡᠷᠡᠭᠵᠢᠬᠦᠯᠬᠦ ᠶᠢ ᠵᠣᠬᠢᠶᠠᠨ ᠪᠠᠶᠢᠭᠤᠯᠵᠦ᠂ | ᠨᠠᠰᠤᠲᠠᠶᠢᠴᠤᠳ ᠤᠨ ᠠᠰᠠᠷᠠᠮᠵᠢ ᠪᠣᠯᠤᠨ ᠣᠨᠴᠠ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠳᠣᠰᠠᠯᠠᠬᠤ ᠠᠵᠢᠯ ᠢ | ᠡᠭᠦᠷᠭᠡᠯᠡᠨ᠎ᠡ᠃ | 3. ᠡᠵᠡᠨ᠎ᠡ ᠪᠣᠭᠤᠮᠲᠠ ᠯᠤᠭ᠎ᠠ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠬᠠᠯᠳᠠᠪᠤᠷᠢᠲᠤ ᠡᠪᠡᠳᠴᠢᠨ ᠢ ᠶᠡᠷᠦᠩᠬᠡᠢ ᠳᠤᠨᠢ | ᠰᠡᠷᠭᠡᠶᠢᠯᠡᠨ ᠵᠠᠰᠠᠬᠤ ᠪᠠ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠭᠠᠬᠤ ᠠᠵᠢᠯ ᠢ ᠬᠠᠷᠢᠭᠤᠴᠠᠵᠤ᠂ ᠡᠵᠡᠨ᠎ᠡ ᠪᠣᠭᠤᠮᠲᠠ ᠯᠤᠭ᠎ᠠ ᠪᠣᠭᠤᠮᠲᠠ ᠶᠢᠨ ᠬᠠᠯᠳᠠᠪᠣᠷᠢᠳᠦ | ᠡᠪᠡᠳᠴᠢᠨ ᠤ ᠬᠢᠵᠢᠭ ᠤᠨ ᠪᠠᠶᠢᠳᠠᠯ ᠪᠣᠯᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠭᠠᠬᠤ | ᠬᠤᠷᠰᠢᠯᠴᠠᠭᠠᠨ ᠤ ᠲᠣᠭᠲᠠᠴᠠ᠂ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠪᠣᠯᠤᠨ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠬᠡᠷᠡᠭ ᠢ ᠬᠠᠷᠢᠯᠴᠠᠨ ᠮᠡᠳᠡᠭᠳᠡᠵᠦ ᠰᠣᠯᠢᠯᠴᠠᠬᠤ ᠲᠣᠭᠲᠠᠴᠠ᠂ ᠪᠣᠭᠤᠮᠲᠠ ᠶᠢᠨ ᠳᠠᠮᠵᠢᠨ | ᠳᠡᠯᠭᠡᠷᠡᠭᠰᠡᠨ ᠬᠢᠵᠢᠭ ᠤᠨ ᠪᠠᠶᠢᠳᠠᠯ ᠢ ᠬᠠᠷᠢᠯᠴᠠᠨ ᠮᠡᠳᠡᠭᠳᠡᠬᠦ ᠪᠠ ᠬᠠᠮᠵᠢᠯᠴᠠᠨ ᠰᠢᠢᠳᠪᠦᠷᠢᠯᠡᠬᠦ ᠲᠣᠭᠲᠠᠴᠠ ᠶᠢ | ᠪᠠᠶᠢᠭᠤᠯᠤᠨ ᠪᠦᠷᠢᠨᠰᠢᠬᠦᠯᠦᠨ᠎ᠡ᠃ | 4. ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠶᠢᠨ ᠬᠤᠯᠪᠣᠭᠳᠠᠯ | ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠨᠢ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠬᠠᠷᠢᠭᠤᠴᠠᠵᠤ᠂ | ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠲᠠᠢ | ᠬᠠᠮᠳᠣᠷᠠᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ ᠲᠥᠯᠥᠪᠯᠡᠭᠡ ᠶᠢ ᠲᠣᠭᠲᠠᠭᠠᠨ | ᠬᠡᠷᠡᠭᠵᠢᠭᠦᠯᠦᠨ᠎ᠡ᠃ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠢᠳᠡᠭᠡᠨ ᠤ ᠠᠮᠤᠷ | ᠲᠦᠪᠰᠢᠨ ᠤ ᠳᠦᠭᠰᠢᠬᠦᠷᠢ ᠶᠢ ᠬᠢᠨᠠᠨ ᠬᠡᠮᠵᠢᠬᠦ ᠪᠤᠶᠤ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠤᠭᠠᠳ ᠢᠳᠡᠭᠡᠨ ᠳᠤ | ᠠᠮᠤᠷ ᠲᠦᠪᠰᠢᠨ ᠤ ᠳᠠᠯᠳᠠ ᠳᠦᠭᠰᠢᠬᠦᠷᠢ ᠣᠷᠣᠰᠢᠵᠤ ᠮᠡᠳᠡᠬᠦ ᠶᠢ ᠣᠯᠵᠤ ᠰᠡᠷᠡᠭᠡᠳ ᠢᠯᠡᠴᠢᠯᠡᠨ ᠮᠡᠳᠡᠭᠦᠯᠦᠭᠰᠡᠨ | ᠪᠣᠯ᠂ ᠳᠠᠷᠤᠶ ᠲᠦᠷᠭᠡᠨ ᠪᠠᠶᠢᠴᠠᠭᠠᠨ ᠰᠢᠯᠭᠠᠬᠤ ᠪᠠ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ | ᠦᠨᠡᠯᠡᠨ ᠵᠢᠱᠢᠯᠳᠡ ᠶᠢ ᠵᠣᠬᠢᠶᠠᠨ ᠪᠠᠶᠢᠭᠤᠯᠵᠤ ᠶᠠᠪᠣᠭᠳᠠᠭᠤᠯᠣᠨ᠂ ᠲᠡᠷᠡᠴᠢᠯᠡᠨ ᠠᠶᠢᠮᠠᠭ ᠤᠨ ᠵᠠᠬ᠎ᠠ ᠳᠡᠯᠭᠡᠭᠦᠷ ᠤᠨ | ᠬᠢᠨᠠᠠ ᠬᠠᠮᠢᠶᠠᠷᠤᠯᠲᠠ ᠶᠢᠨ ᠲᠣᠪᠴᠢᠶ᠎ᠠ ᠳᠤ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠭᠰᠡᠨ | ᠦᠷ᠎ᠡ ᠳ᠋ᠦᠩ ᠢ ᠴᠠᠭ ᠲᠤᠬᠠᠶ ᠳᠤᠨᠢ ᠮᠡᠳᠡᠭᠳᠡᠵᠦ᠂ ᠠᠶᠣᠯ ᠲᠠᠢ ᠬᠡᠰᠡᠨ ᠳ᠋ᠦᠩᠨᠡᠯᠲᠡ ᠣᠯᠤᠭᠰᠠᠨ ᠢᠳᠡᠭᠡᠨ ᠤ | ᠵᠦᠢᠯ ᠢ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢᠨ ᠲᠣᠪᠴᠢᠶ᠎ᠠ ᠨᠢ ᠳᠠᠷᠦ᠋ᠢᠬᠠᠨ ᠠᠷᠭ᠎ᠠ | ᠬᠡᠮᠵᠢᠶ᠎ᠡ ᠠᠪᠬᠤ ᠬᠡᠷᠡᠭᠲᠡᠶ᠃ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢᠨ ᠲᠣᠪᠴᠢᠶ᠎ᠠ ᠵᠡᠷᠭᠡ | ᠰᠠᠯᠠᠭ᠎ᠠ ᠮᠥᠴᠢᠷ ᠨᠢ ᠬᠢᠨᠠᠨ ᠬᠠᠮᠢᠶᠠᠷᠤᠯᠲᠠ ᠶᠢᠨ ᠠᠵᠢᠯ ᠤᠨ ᠳᠤᠮᠳᠠ ᠢᠳᠡᠭᠡᠨ ᠤ ᠠᠮᠤᠷ ᠲᠦᠪᠰᠢᠨ ᠤ | ᠲᠦᠭᠰᠢᠭᠦᠷᠢ ᠶᠢᠨ ᠦᠨᠡᠯᠡᠨ ᠵᠢᠱᠢᠯᠲᠡ ᠬᠢᠬᠦ ᠴᠢᠬᠤᠯᠠᠲᠠᠶ ᠪᠠᠶᠢᠬᠤ ᠶᠢ ᠣᠯᠵᠤ ᠮᠡᠳᠡᠪᠡᠯ᠂ ᠠᠶᠢᠮᠠᠭ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠴᠠᠭ ᠲᠤᠬᠠᠶ ᠳᠤᠨᠢ ᠰᠠᠨᠠᠭᠤᠯᠭ᠎ᠠ ᠳᠣᠷᠠᠳᠬᠤ ᠬᠡᠷᠡᠭᠲᠡᠶ᠃ ᠠᠶᠢᠮᠠᠭ ᠤᠨ | ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢᠨ ᠲᠣᠪᠴᠢᠶ᠎ᠠ ᠨᠢ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠦᠪᠯᠡᠯ ᠲᠠᠢ ᠬᠠᠮᠳᠣᠷᠠᠨ ᠴᠢᠬᠤᠯᠠ ᠶᠡᠭᠡ ᠡᠮ ᠤᠨ ᠵᠦᠢᠯᠡᠰ᠂ ᠭᠤᠶᠣᠯᠠᠯ ᠤᠨ ᠡᠳ᠋ ᠤᠨ ᠨᠠᠵᠠᠭᠠᠢ | ᠤᠷᠪᠠᠯ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ ᠮᠠᠭᠤ ᠨᠦᠯᠦᠭᠡ ᠪᠦᠬᠦᠢ ᠬᠡᠷᠡᠭ ᠢ ᠬᠠᠷᠢᠯᠴᠠᠨ ᠮᠡᠳᠡᠭᠳᠡᠬᠦ | ᠲᠣᠭᠲᠠᠴᠠ ᠪᠠ ᠬᠠᠮᠳᠣᠷᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃ | 5. ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠯᠤᠭ᠎ᠠ ᠶᠢᠨ ᠬᠤᠯᠪᠣᠭᠳᠠᠯ ᠪᠦᠬᠦᠢ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠃ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠠᠶᠢᠮᠠᠭ ᠤᠨ ᠡᠮ ᠡᠮᠨᠡᠯᠭᠡ ᠶᠢᠨ ᠪᠠᠳᠣᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢ ᠡᠮᠴᠢᠯᠡᠭᠡ᠂ ᠡᠮ | ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠵᠡᠷᠭᠡ ᠲᠠᠯ᠎ᠠ ᠪᠠᠷ ᠳᠦᠷᠢᠮ᠂ ᠲᠥᠷᠥ ᠶᠢᠨ ᠪᠣᠳᠣᠯᠭ᠎ᠠ ᠶᠢᠨ | ᠵᠣᠯᠭᠠᠯᠴᠠᠭ᠎ᠠ ᠶᠢ ᠴᠢᠩᠭᠠᠳᠬᠠᠵᠤ᠂ ᠰᠠᠨᠠᠯ ᠪᠣᠳᠣᠯ ᠢᠶᠠᠨ ᠰᠣᠯᠢᠯᠴᠠᠬᠤ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ | ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠵᠤ᠂ ᠡᠮ ᠡᠮᠨᠡᠯᠭᠡ ᠶᠢᠨ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ | ᠪᠦᠲᠦᠮᠵᠢ ᠪᠠ ᠡᠮ ᠡᠮᠨᠡᠯᠬᠡ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠳᠥᠷᠪᠡᠳᠦᠭᠡᠷ ᠵᠦᠢᠯ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠳᠣᠤᠷᠠᠬᠢ | ᠳᠣᠳᠣᠭᠠᠳᠣ ᠪᠠᠶᠢᠭᠤᠯᠤᠮᠵᠢ ᠶᠢ ᠳᠣᠬᠢᠷᠠᠭᠤᠯᠣᠨ᠎ᠠ᠄ | ︵ᠨᠢᠭᠡ︶ ᠠᠯᠪᠠᠨ ᠭᠡᠷ᠃ ᠪᠠᠶᠢᠭᠤᠯᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ | ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ | ᠵᠠᠬᠢᠳᠠᠯ ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠵᠡᠷᠭᠡ ᠠᠵᠢᠯ ᠢ ᠡᠭᠦᠷᠭᠡᠯᠡᠨ᠎ᠡ᠃ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠳᠣᠬᠠᠶᠢᠯᠠᠭᠰᠠᠨ ᠠᠵᠢᠯ ᠤᠨ ᠴᠢᠳᠠᠪᠤᠷᠢᠲᠠᠨ ᠤ ᠬᠥᠭᠵᠢᠯᠲᠡ ᠶᠢᠨ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠪᠠᠶᠢᠭᠤᠯᠤᠯᠭ᠎ᠠ ᠵᠢᠴᠢ ᠬᠠᠷᠢᠶ᠎ᠠ ᠨᠢᠭᠡᠴᠡ ᠶᠢᠨ ᠠᠵᠢᠯᠲᠠᠨ ᠤ | ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ | ᠡᠭᠦᠷᠭᠡᠯᠡᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠬᠢᠷᠢ ᠬᠡᠮ ᠤᠨ | ᠬᠠᠮᠢᠶᠠᠷᠤᠯᠲᠠ ᠶᠢ ᠬᠠᠷᠢᠭᠤᠴᠠᠨ᠎ᠠ᠃ | ︵ᠬᠤᠶᠠᠷ︶ ᠳᠦᠯᠦᠪᠵᠢᠬᠦᠯᠬᠡ ᠬᠦᠭᠵᠢᠯᠳᠡ ᠪᠠ ᠮᠡᠳᠡᠭᠡ ᠵᠠᠩᠭᠢ ᠶᠢᠨ ᠠᠵᠢᠯ ᠤᠨ ᠰᠠᠯᠠᠭ᠎ᠠ᠃ ᠡᠷᠡᠭᠦᠯ | ᠡᠩᠬᠡ ᠠᠯᠠᠱᠠ ᠶᠢᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠠᠵᠢᠯ ᠢ ᠡᠭᠦᠷᠭᠡᠯᠡᠵᠦ᠂ ᠪᠦᠬᠦ ᠠᠶᠢᠮᠠᠭ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠤᠷᠲᠤᠪᠲᠤᠷ ᠪᠠ ᠤᠷᠲᠤ ᠬᠤᠭᠤᠴᠠᠭᠠᠨ ᠤ | ᠲᠥᠯᠥᠪᠵᠢᠭᠦᠯᠭᠡ ᠶᠢ ᠲᠤᠭᠤᠷᠪᠢᠨ ᠳᠣᠭᠳᠠᠭᠠᠬᠤ ᠶᠢ ᠵᠣᠬᠢᠶᠠᠨ ᠪᠠᠶᠢᠭᠤᠯᠵᠦ᠂ ᠪᠦᠬᠦ ᠠᠶᠢᠮᠠᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ᠂ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠲᠠ ᠶᠢ | ᠵᠢᠯᠣᠭᠤᠳᠴᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠭ᠎ᠠ ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠤᠨ | ᠦᠷᠨᠢᠬᠦᠯᠦᠨ᠎ᠡ᠃ | ︵ᠭᠤᠷᠪᠠ︶ ᠡᠳ᠋ ᠤᠨ ᠶᠠᠪᠤᠳᠠᠯ ᠤᠨ ᠰᠠᠯᠠᠭ᠎ᠠ᠃ ᠪᠠᠶᠢᠭᠤᠯᠣᠯᠭ᠎ᠠ ᠪᠠ ᠲᠥᠰᠦᠪ ᠤᠨ ᠬᠠᠮᠢᠶᠠᠷᠤᠯᠲᠠ ᠶᠢᠨ | ᠨᠢᠭᠡᠴᠡ ᠶᠢᠨ ᠲᠥᠰᠦᠪ ᠪᠠ ᠲᠥᠰᠦᠪ ᠤᠨ ᠬᠦᠢᠴᠡᠳᠭᠡᠯ᠂ ᠡᠳ᠋ ᠤᠨ ᠶᠠᠪᠤᠳᠠᠯ᠂ ᠡᠳ᠋ ᠬᠦᠷᠦᠩᠭᠡ ᠶᠢᠨ | ᠬᠠᠮᠢᠶᠠᠷᠤᠯᠲᠠ ᠪᠠ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠡᠭᠦᠷᠭᠡᠯᠡᠨ᠎ᠡ᠃ | ︵ᠳᠥᠷᠪᠡ︶ ᠬᠠᠤᠯᠢ ᠳᠦᠷᠢᠮ ᠬᠢᠭᠡᠳ ᠶᠡᠷᠦᠩᠭᠡᠶᠢᠯᠡᠭᠰᠡᠨ ᠬᠢᠨᠠᠯᠲᠠ ᠲᠠᠯᠪᠢᠬᠤ ᠰᠠᠯᠠᠭ᠎ᠠ᠃ ᠥᠪᠡᠷᠲᠡᠭᠡᠨ | ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠷᠣᠨ ᠨᠤᠲᠤᠭ ᠤᠨ ᠴᠢᠨᠠᠷᠲᠠᠶ ᠬᠠᠣᠯᠢ ᠳᠦᠷᠢᠮ᠂ | ᠳᠦᠷᠢᠮ ᠲᠣᠭᠲᠠᠭᠠᠯ ᠪᠠ ᠪᠠᠷᠢᠮᠵᠢᠶ᠎ᠠ ᠶᠢ ᠨᠠᠶᠢᠳᠠᠪᠣᠷᠢᠵᠢᠭᠤᠯᠬᠤ ᠶᠢ ᠵᠣᠬᠢᠶᠠᠨ ᠪᠠᠶᠢᠭᠤᠯᠵᠦ᠂ ᠳᠦᠷᠢᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠵᠦ᠂ ᠵᠠᠰᠠᠭ | ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠳᠤ ᠬᠢᠨᠠᠯᠲᠠ ᠲᠠᠯᠪᠢᠬᠤ ᠠᠵᠢᠯ ᠢ | ᠡᠭᠦᠷᠭᠡᠯᠡᠵᠦ᠂ ᠡᠮ ᠡᠮᠨᠡᠯᠭᠡ ᠶᠢᠨ ᠦᠢᠯᠡᠴᠢᠯᠡᠬᠡᠨ ᠤ ᠵᠠᠬ᠎ᠠ ᠳᠡᠯᠭᠡᠭᠦᠷ ᠤᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠣᠯᠠᠨ ᠨᠡᠶᠢᠳᠡ ᠶᠢᠨ | ᠲᠠᠯᠠᠪᠤᠷ ᠤᠨ ᠡᠷᠡᠭᠦᠯ ᠬᠠᠮᠠᠭᠠᠯᠠᠯ᠂ ᠤᠤᠭᠤᠬᠤ ᠤᠰᠤᠨ ᠤ ᠠᠷᠢᠭᠤᠨ ᠴᠡᠪᠡᠷ᠂ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠵᠠᠰᠠᠬᠤ ᠳᠣᠬᠠᠢ ᠬᠢᠨᠠᠯᠲᠠ ᠳᠠᠯᠪᠢᠵᠦ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠦᠢᠯᠡ | ᠠᠵᠢᠯᠯᠠᠭ᠎ᠠ ᠶᠢ ᠳᠦᠷᠢᠮᠵᠢᠬᠦᠯᠬᠦ ᠶᠢ ᠵᠢᠯᠣᠭᠤᠳᠣᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠳᠠᠲᠠᠶ ᠠᠵᠢᠯ ᠢ ᠡᠭᠦᠷᠭᠡᠯᠡᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠣᠬᠠᠢ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ | ᠰᠤᠳᠤᠯᠤᠨ ᠳᠤᠷᠠᠳᠴᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ | ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠬᠤ ᠶᠢ ᠵᠣᠬᠢᠶᠠᠨ ᠪᠠᠶᠢᠭᠤᠯᠬᠤ ᠶᠢᠨ ᠬᠠᠮᠲᠤ᠂ | ᠮᠥᠷᠳᠡᠨ ᠦᠨᠡᠯᠡᠬᠦ ᠠᠵᠢᠯ ᠢ ᠥᠷᠨᠢᠭᠦᠯᠦᠨ᠎ᠡ᠃ ᠢᠳᠡᠭᠡᠨ ᠤ ᠠᠮᠣᠷ ᠳᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ᠂ | ᠰᠣᠯᠢᠯᠴᠠᠬᠤ᠂ ᠰᠡᠷᠡᠮᠵᠢᠯᠡᠭᠦᠯᠬᠦ ᠠᠵᠢᠯ ᠢ ᠬᠠᠷᠢᠭᠤᠴᠠᠨ᠎ᠠ᠃ | ︵ᠲᠠᠪᠤ︶ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ | ᠠᠷᠭᠠᠴᠠᠭᠠᠬᠤ ᠰᠠᠯᠠᠭ᠎ᠠ᠃ ᠪᠦᠬᠦ ᠠᠶᠢᠮᠠᠭ ᠤᠨ ᠬᠦᠨᠳᠦ ᠡᠪᠡᠳᠴᠢᠨ ᠢ ᠰᠡᠷᠭᠡᠶᠢᠯᠡᠨ ᠵᠠᠰᠠᠬᠤ ᠳᠦᠯᠦᠪᠵᠢᠬᠦᠯᠬᠡ᠂ | ᠦᠯᠦ ᠬᠠᠯᠳᠠᠭᠠᠬᠤ ᠳᠦᠯᠦᠪᠵᠢᠬᠦᠯᠬᠡ᠂ ᠠᠷᠠᠳ ᠲᠦᠮᠡᠨ ᠤ ᠡᠷᠡᠭᠦᠯ ᠮᠡᠨᠳᠦ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠳᠤ ᠬᠦᠨᠳᠦ ᠨᠣᠴᠢᠲᠠᠶ ᠬᠤᠤᠷ ᠬᠥᠨᠥᠭᠡᠯ ᠣᠴᠠᠷᠠᠭᠤᠯᠣᠭᠰᠠᠨ ᠠᠰᠠᠭᠤᠳᠠᠯ ᠢ ᠰᠢᠢᠳᠪᠦᠷᠢᠯᠡᠬᠦ ᠠᠷᠭ᠎ᠠ | ᠬᠡᠮᠵᠢᠶ᠎ᠡ ᠶᠢ ᠲᠤᠭᠤᠷᠪᠢᠵᠤ᠂ ᠬᠡᠷᠡᠭᠵᠢᠬᠦᠯᠬᠦ ᠶᠢ ᠵᠣᠬᠢᠶᠠᠨ ᠪᠠᠶᠢᠭᠤᠯᠤᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ | ᠨᠡᠶᠢᠲᠡᠯᠡᠬᠦ ᠠᠵᠢᠯ ᠢ ᠡᠭᠦᠷᠭᠡᠯᠡᠨ᠎ᠡ᠃ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠ ᠠᠨᠠᠭᠠᠬᠤ | ᠤᠬᠠᠭᠠᠨ ᠤ ᠪᠠᠴᠢᠮ ᠠᠪᠤᠷᠠᠨ ᠳᠣᠰᠠᠯᠠᠬᠤ ᠠᠵᠢᠯ ᠢ ᠡᠭᠦᠷᠭᠡᠯᠡᠵᠦ᠂ ᠲᠤᠰᠬᠠᠶ ᠪᠡᠯᠡᠳᠬᠡᠯ ᠲᠥᠰᠦᠯ ᠢ ᠨᠠᠶᠢᠷᠠᠭᠤᠯᠬᠤ | ᠶᠢ ᠵᠣᠬᠢᠶᠠᠨ ᠪᠠᠶᠢᠭᠤᠯᠵᠦ᠂ ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ | ᠵᠢᠯᠣᠭᠤᠳᠤᠨ ᠬᠢᠨᠠᠯᠲᠠ ᠳᠠᠯᠪᠢᠬᠤ ᠠᠵᠢᠯ ᠢ ᠡᠭᠦᠷᠭᠡᠯᠡᠨ᠎ᠡ᠃ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ | ᠠᠷᠭᠠᠴᠠᠭᠠᠬᠤ ᠰᠢᠰᠲ᠋ᠧᠮᠵᠢ ᠪᠠ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠭᠡᠨᠡᠳᠲᠡ ᠡᠭᠦᠰᠦᠭᠰᠡᠨ | ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠮᠡᠳᠡᠭᠡ | ᠵᠠᠩᠭᠢ ᠶᠢ ᠨᠡᠶᠢᠲᠡᠯᠡᠨ᠎ᠡ᠃ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ ᠰᠠᠴᠤᠷᠠᠭ ᠤᠨ ᠡᠷᠡᠭᠦᠯ ᠬᠠᠮᠠᠭᠠᠯᠠᠯ ᠤᠨ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠭᠡᠷᠡᠭᠵᠢᠬᠦᠯᠬᠦ ᠶᠢ ᠵᠣᠬᠢᠶᠠᠨ ᠪᠠᠶᠢᠭᠤᠯᠣᠨ᠎ᠠ᠃ | ᠭᠤᠤᠯᠳᠠᠯᠭ᠎ᠠ ᠲᠠᠢ ᠠᠵᠢᠯ ᠤᠨ ᠨᠥᠯᠥᠭᠡᠨ ᠤ ᠡᠪᠡᠳᠴᠢᠨ ᠢ ᠬᠢᠨᠠᠨ ᠬᠡᠮᠵᠢᠬᠦ᠂ ᠲᠤᠰᠬᠠᠶ ᠳᠦᠷᠦᠯ ᠤᠨ ᠪᠠᠶᠢᠴᠠᠭᠠᠯᠲᠠ | ᠬᠢᠬᠦ᠂ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠲᠦᠭᠰᠢᠭᠦᠷᠢ ᠶᠢ ᠦᠨᠡᠯᠡᠨ ᠵᠢᠱᠢᠬᠦ ᠪᠠ ᠠᠵᠢᠯ ᠮᠡᠷᠭᠡᠵᠢᠯ ᠤᠨ | ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ᠃ ᠠᠵᠢᠯ ᠤᠨ ᠨᠥᠯᠥᠭᠡᠨ ᠤ | ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠥᠷᠨᠢᠭᠦᠯᠦᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠵᠢᠷᠭᠤᠭ᠎ᠠ︶ ᠡᠮᠨᠡᠯᠭᠡ ᠶᠢᠨ ᠶᠠᠪᠤᠳᠠᠯ ᠡᠮ ᠤᠨ ᠶᠠᠪᠤᠳᠠᠯ ᠪᠠ ᠡᠷᠡᠭᠦᠯᠵᠢᠯ ᠤᠨ ᠰᠠᠯᠠᠭ᠎ᠠ᠃ | ᠡᠮᠴᠢᠯᠡᠭᠡᠨ ᠤ ᠪᠠᠶᠢᠭᠤᠯᠤᠮᠵᠢ ᠵᠢᠴᠢ ᠡᠮᠨᠡᠯᠭᠡ ᠶᠢᠨ ᠠᠵᠢᠯᠲᠠᠨ᠂ ᠡᠮᠴᠢᠯᠡᠭᠡᠨ ᠤ ᠮᠡᠷᠭᠡᠵᠢᠯ ᠤᠨ ᠬᠡᠷᠡᠭᠯᠡᠯᠲᠡ᠂ | ᠡᠮᠴᠢᠯᠡᠭᠡᠨ ᠤ ᠶᠠᠰᠤ ᠴᠢᠨᠠᠷ ᠪᠠ ᠠᠮᠤᠷ ᠲᠦᠪᠰᠢᠨ᠂ ᠡᠮᠴᠢᠯᠡᠭᠡᠨ ᠤ ᠦᠢᠯᠡᠴᠢᠯᠡᠭᠡ᠂ ᠴᠢᠰᠤ ᠠᠪᠬᠤ ᠬᠠᠩᠭᠠᠬᠤ | ᠪᠠᠶᠢᠭᠤᠯᠤᠮᠵᠢ ᠶᠢᠨ ᠬᠠᠮᠢᠶᠠᠷᠤᠯᠲᠠ ᠵᠢᠴᠢ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠵᠡᠷᠭᠡ ᠠᠵᠢᠯ | ᠳᠦᠷᠦᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠳᠦᠷᠢᠮᠵᠢᠯ᠂ ᠪᠠᠷᠢᠮᠵᠢᠶ᠎ᠠ ᠶᠢ ᠭᠡᠷᠡᠭᠵᠢᠬᠦᠯᠬᠦ ᠳᠤ | ᠬᠢᠨᠠᠯᠲᠠ ᠳᠠᠯᠪᠢᠵᠦ᠂ ᠰᠤᠪᠢᠯᠠᠯᠲᠠ᠂ ᠡᠷᠡᠭᠦᠯᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠠᠵᠢᠯ ᠢ | ᠡᠭᠦᠷᠭᠡᠯᠡᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯᠯᠠᠭᠠᠨ ᠢ ᠬᠢᠨᠠᠨ ᠬᠠᠮᠢᠶᠠᠷᠬᠤ᠂ | ᠠᠮᠵᠢᠯᠲᠠ ᠪᠦᠳᠦᠮᠵᠢ ᠶᠢ ᠦᠨᠡᠯᠡᠬᠦ ᠪᠠ ᠬᠢᠨᠠᠨ ᠰᠢᠯᠭᠠᠬᠤ ᠳᠦᠷᠢᠮ ᠢ ᠲᠤᠭᠤᠷᠪᠢᠨ ᠳᠣᠭᠳᠠᠭᠠᠨ᠎ᠠ᠃ ᠤᠯᠤᠰ ᠤᠨ | ᠦᠨᠳᠦᠰᠦᠨ ᠡᠮ ᠤᠨ ᠳᠦᠷᠢᠮ ᠢ ᠭᠡᠷᠡᠭᠵᠢᠬᠦᠯᠬᠦ ᠶᠢ ᠵᠣᠬᠢᠶᠠᠨ ᠪᠠᠶᠢᠭᠤᠯᠵᠦ᠂ ᠡᠮ ᠤᠨ ᠵᠦᠢᠯ ᠤᠨ ᠬᠡᠷᠡᠭᠯᠡᠯᠳᠡ ᠶᠢ | ᠬᠢᠨᠠᠨ ᠬᠡᠮᠵᠢᠬᠦ᠂ ᠡᠮᠴᠢᠯᠡᠭᠡᠨ ᠤ ᠶᠡᠷᠦᠩᠬᠡᠶᠢᠯᠡᠭᠰᠡᠨ ᠦᠨᠡᠯᠡᠯᠲᠡ ᠬᠢᠬᠦ ᠪᠠ ᠳᠤᠲᠠᠭᠳᠠᠵᠤ ᠪᠠᠶᠢᠭ᠎ᠠ ᠡᠮ ᠤᠨ ᠵᠦᠢᠯ ᠢ | ᠠᠩᠬᠠᠷᠣᠭᠤᠯᠬᠤ ᠶᠢ ᠦᠷᠨᠢᠬᠦᠯᠦᠨ᠎ᠡ᠃ ᠠᠶᠢᠮᠠᠭ ᠤᠨ ᠡᠷᠡᠭᠦᠯ ᠮᠡᠨᠳᠦ ᠶᠢ ᠬᠠᠮᠠᠭᠠᠯᠠᠬᠤ ᠡᠲᠡᠭᠡᠳ ᠤᠨ ᠡᠮᠴᠢᠯᠡᠭᠡ ᠪᠠᠷ | ᠡᠷᠡᠭᠦᠯ ᠮᠡᠨᠳᠦ ᠶᠢ ᠬᠠᠮᠠᠭᠠᠯᠠᠬᠤ ᠪᠠ ᠰᠡᠷᠭᠡᠶᠢᠯᠡᠬᠦ ᠪᠠᠷ ᠡᠷᠡᠭᠦᠯ ᠮᠡᠨᠳᠦ ᠶᠢ ᠬᠠᠮᠠᠭᠠᠯᠠᠬᠤ ᠠᠵᠢᠯ ᠢ ᠡᠭᠦᠷᠭᠡᠯᠡᠵᠦ᠂ | ᠠᠶᠢᠮᠠᠭ ᠤᠨ ᠴᠢᠬᠤᠯᠠ ᠬᠤᠷᠠᠯ᠂ ᠴᠢᠬᠤᠯᠠ ᠶᠡᠭᠡ ᠠᠵᠢᠯᠯᠠᠭ᠎ᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ | ︵ᠳᠣᠯᠤᠭ᠎ᠠ︶ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠬᠢᠭᠡᠳ ᠡᠬᠡ ᠨᠢᠯᠬᠠᠰ ᠤᠨ ᠡᠷᠡᠭᠦᠯ | ᠮᠡᠨᠳᠦ ᠶᠢᠨ ᠰᠠᠯᠠᠭ᠎ᠠ᠃ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ᠂ | ᠪᠠᠷᠢᠮᠵᠢᠶ᠎ᠠ ᠪᠣᠯᠤᠨ ᠳᠦᠷᠢᠮᠵᠢᠯ ᠢ ᠭᠡᠷᠡᠭᠵᠢᠬᠦᠯᠬᠦ ᠶᠢ ᠵᠣᠬᠢᠶᠠᠨ ᠪᠠᠶᠢᠭᠤᠯᠵᠦ᠂ ᠦᠨᠳᠦᠰᠦᠨ ᠱᠠᠲᠤᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠬᠡᠨ ᠤ ᠰᠢᠰᠲ᠋ᠧᠮᠵᠢ ᠶᠢᠨ ᠪᠠᠶᠢᠭᠤᠯᠤᠯᠲᠠ ᠪᠣᠯᠤᠨ ᠨᠣᠳᠤᠭ ᠤᠨ | ᠡᠮᠴᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠵᠢᠯᠣᠭᠤᠳᠤᠨ᠎ᠠ᠃ ᠡᠬᠡ ᠨᠢᠯᠬᠠᠰ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ ᠪᠠ ᠳᠦᠷᠢᠮᠵᠢᠯ ᠢ ᠬᠡᠷᠡᠭᠵᠢᠬᠦᠯᠬᠦ ᠶᠢ ᠵᠣᠬᠢᠶᠠᠨ ᠪᠠᠶᠢᠭᠤᠯᠵᠦ᠂ ᠡᠬᠡ | ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠬᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠡᠬᠡ | ᠨᠢᠯᠬᠠᠰ ᠤᠨ ᠡᠷᠡᠭᠦᠯ ᠬᠠᠮᠠᠭᠠᠯᠠᠯ᠂ ᠵᠡᠷᠡᠮᠳᠡᠭ ᠬᠡᠣᠬᠡᠳ ᠲᠦᠷᠦᠭᠦ ᠶᠢ ᠰᠡᠷᠭᠡᠶᠢᠯᠡᠨ ᠵᠠᠰᠠᠬᠤ᠂ ᠨᠢᠯᠬ᠎ᠠ ᠬᠡᠤᠬᠡᠳ ᠤᠨ | ᠠᠩᠬᠠᠨ ᠤ ᠬᠤᠭᠤᠴᠠᠭᠠᠨ ᠤ ᠬᠥᠭᠵᠢᠯᠲᠡ᠂ ᠬᠥᠮᠦᠨ ᠲᠥᠷᠥᠯᠬᠢᠲᠡᠨ ᠤ ᠦᠷᠡᠵᠢᠯ ᠤᠨ ᠳᠣᠰᠠᠯᠠᠬᠤ ᠮᠡᠷᠭᠡᠵᠢᠯ ᠤᠨ | ᠬᠠᠮᠢᠶᠠᠷᠣᠯᠳᠠ ᠪᠠ ᠦᠷᠡᠵᠢᠯ ᠤᠨ ᠮᠡᠷᠭᠡᠵᠢᠯ ᠤᠨ ᠦᠢᠯᠡᠴᠢᠯᠡᠬᠡᠨ ᠤ ᠠᠵᠢᠯ ᠢ ᠵᠢᠯᠣᠭᠤᠳᠤᠨ᠎ᠠ᠃ | ︵ᠨᠠᠢᠮᠠ︶ ᠬᠥᠮᠦᠨ ᠠᠮᠠ ᠬᠡᠷ ᠪᠦᠯᠢ ᠬᠢᠭᠡᠳ ᠨᠠᠰᠤᠲᠠᠶᠢᠴᠤᠳ ᠤᠨ ᠡᠷᠡᠭᠦᠯ ᠮᠡᠨᠳᠦ ᠶᠢᠨ ᠰᠠᠯᠠᠭ᠎ᠠ᠃ | ᠬᠥᠮᠦᠨ ᠠᠮᠠ ᠶᠢᠨ ᠳᠤᠭ᠎ᠠ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠡᠭᠦᠷᠭᠡᠯᠡᠵᠦ᠂ ᠬᠥᠮᠦᠨ ᠠᠮᠠ ᠬᠢᠭᠡᠳ | ᠭᠡᠷ ᠪᠦᠯᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠳᠣᠬᠠᠢ ᠰᠠᠨᠠᠭᠤᠯᠭ᠎ᠠ ᠶᠢ | ᠳᠤᠷᠠᠳᠬᠤ ᠶᠢᠨ ᠬᠠᠮᠲᠤ ᠨᠠᠶᠢᠳᠠᠪᠣᠷᠢᠵᠢᠭᠤᠯᠵᠦ᠂ ᠦᠷᠡᠵᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ | ᠬᠡᠷᠡᠭᠵᠢᠬᠦᠯᠬᠦ ᠶᠢ ᠵᠣᠬᠢᠶᠠᠨ ᠪᠠᠶᠢᠭᠤᠯᠵᠦ᠂ ᠲᠥᠯᠥᠪᠯᠡᠭᠡ ᠲᠠᠢ ᠪᠠᠷ ᠬᠡᠤᠬᠡᠳ ᠠᠪᠣᠭᠰᠠᠨ ᠣᠨᠴᠣᠭᠤᠢ ᠭᠡᠷ ᠪᠦᠯᠢ ᠶᠢ | ᠲᠡᠳᠬᠦᠨ ᠳᠡᠮᠵᠢᠬᠦ ᠲᠦᠷᠢᠮ ᠢ ᠪᠠᠶᠢᠭᠤᠯᠤᠨ ᠳᠡᠬᠦᠯᠳᠡᠷᠵᠢᠬᠦᠯᠦᠨ᠎ᠡ᠃ ᠬᠥᠮᠦᠨ ᠠᠮᠠ ᠶᠢᠨ ᠨᠠᠰᠤᠵᠢᠯᠲᠠ ᠶᠢ | ᠠᠷᠭᠠᠴᠠᠭᠠᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠵᠣᠬᠢᠴᠠᠩᠭᠤᠶ ᠨᠠᠶᠢᠳᠠᠪᠣᠷᠢᠵᠢᠭᠤᠯᠣᠨ᠎ᠠ᠃ ᠡᠮᠴᠢᠯᠡᠭᠡ | ᠰᠣᠪᠢᠯᠠᠯᠳᠠ ᠶᠢ ᠤᠶᠠᠯᠳᠤᠭᠤᠯᠤᠭᠰᠠᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠠ ᠳᠦᠷᠢᠮᠵᠢᠯ ᠢ | ᠨᠠᠶᠢᠳᠠᠪᠣᠷᠢᠵᠢᠭᠤᠯᠬᠤ ᠶᠢ ᠵᠣᠬᠢᠶᠠᠨ ᠪᠠᠶᠢᠭᠤᠯᠵᠦ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠬᠡᠨ ᠤ | ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠠᠶᠢᠮᠠᠭ ᠤᠨ ᠨᠠᠰᠤᠲᠠᠶᠢᠴᠤᠳ ᠤᠨ ᠠᠵᠢᠯ ᠤᠨ ᠵᠥᠪᠯᠡᠯ ᠤᠨ | ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ︵ᠶᠢᠰᠦ︶ ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠰᠠᠯᠠᠭ᠎ᠠ᠃ ᠮᠣᠩᠭᠤᠯ ᠬᠢᠲᠠᠳ ᠡᠮ | ᠡᠮᠨᠡᠯᠭᠡ ᠶᠢᠨ ᠲᠥᠷᠥ ᠶᠢᠨ ᠪᠣᠳᠣᠯᠭ᠎ᠠ ᠶᠢᠨ ᠳᠦᠯᠦᠪᠵᠢᠬᠦᠯᠬᠡ᠂ ᠶᠡᠷᠦᠩᠬᠡᠶᠢᠯᠡᠭᠰᠡᠨ ᠬᠢᠨᠠᠯᠲᠠ ᠲᠠᠯᠪᠢᠬᠤ᠂ | ᠰᠣᠶᠣᠯ ᠤᠨ ᠪᠠᠶᠢᠭᠤᠯᠤᠯᠲᠠ᠂ ᠰᠣᠨᠢᠨ ᠮᠡᠳᠡᠭᠡᠨ ᠤ ᠤᠬᠠᠭᠤᠯᠭ᠎ᠠ᠂ ᠡᠷᠡᠭᠦᠯ ᠮᠡᠨᠳᠦ ᠶᠢ ᠠᠬᠢᠭᠤᠯᠬᠤ ᠵᠢᠴᠢ ᠮᠡᠳᠡᠭᠡ | ᠵᠠᠩᠬᠢᠴᠢᠯᠠᠯᠳᠠ ᠶᠢᠨ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ᠃ ᠮᠣᠩᠭᠤᠯ ᠬᠢᠲᠠᠳ ᠡᠮᠨᠡᠯᠭᠡ ᠶᠢᠨ | ᠡᠮᠴᠢᠯᠡᠭᠡᠨ ᠤ ᠪᠠᠶᠢᠭᠤᠯᠤᠮᠵᠢ᠂ ᠡᠮᠨᠡᠯᠭᠡ ᠶᠢᠨ ᠠᠵᠢᠯᠲᠠᠨ᠂ ᠡᠮᠴᠢᠯᠡᠬᠡᠨ ᠤ ᠮᠡᠷᠭᠡᠵᠢᠯ ᠤᠨ ᠬᠡᠷᠡᠭᠯᠡᠯᠲᠡ ᠪᠠ | ᠡᠮᠴᠢᠯᠡᠭᠡᠨ ᠳᠤ ᠬᠡᠷᠡᠭᠯᠡᠬᠦ ᠡᠮ ᠤᠨ ᠬᠠᠮᠢᠶᠠᠷᠤᠯᠲᠠ᠂ ᠦᠨᠡᠯᠡᠯᠲᠡ ᠶᠢ ᠬᠠᠷᠢᠭᠤᠴᠠᠵᠤ᠂ ᠮᠣᠩᠭᠤᠯ ᠬᠢᠲᠠᠳ ᠡᠮ | ᠡᠮᠨᠡᠯᠭᠡ ᠶᠢᠨ ᠥᠭᠡᠷᠡᠴᠢᠯᠡᠯᠲᠡ ᠬᠥᠭᠵᠢᠯᠲᠡ ᠪᠠ ᠴᠢᠳᠠᠪᠤᠷᠢ ᠶᠢᠨ ᠳᠡᠭᠡᠭᠰᠢᠯᠡᠯᠳᠡ ᠶᠢ ᠠᠬᠢᠭᠤᠯᠵᠤ᠂ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠪᠤᠰᠤᠳ ᠡᠮᠴᠢᠯᠡᠭᠡᠨ ᠤ ᠪᠠᠶᠢᠭᠤᠯᠤᠮᠵᠢ ᠶᠢᠨ | ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡ ᠶᠢ ᠵᠢᠯᠣᠭᠤᠳᠣᠨ᠎ᠠ᠃ ᠮᠣᠩᠭᠤᠯ ᠬᠢᠲᠠᠳ ᠡᠮ ᠡᠮᠨᠡᠯᠭᠡ ᠶᠢᠨ | ᠣᠨᠣᠯ᠂ ᠡᠮᠨᠡᠬᠦ ᠮᠡᠷᠭᠡᠵᠢᠯ ᠪᠠ ᠡᠮ ᠤᠨ ᠵᠦᠢᠯ ᠢ ᠨᠡᠭᠡᠭᠡᠨ ᠢᠯᠡᠷᠡᠬᠦᠯᠬᠦ᠂ ᠬᠠᠮᠠᠭᠠᠯᠠᠬᠤ ᠪᠠ ᠠᠰᠢᠭᠯᠠᠬᠤ ᠶᠢ | ᠬᠠᠷᠢᠭᠤᠴᠠᠵᠤ᠂ ᠮᠣᠩᠭᠤᠯ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠢ ᠬᠥᠮᠦᠵᠢᠭᠦᠯᠬᠦ ᠪᠠ ᠰᠢᠨᠵᠢᠯᠡᠬᠦ ᠤᠬᠠᠭᠠᠨ ᠤ | ᠰᠤᠳᠤᠯᠭᠠᠨ ᠢ ᠬᠡᠷᠡᠭᠵᠢᠬᠦᠯᠬᠦ ᠶᠢ ᠵᠣᠬᠢᠶᠠᠨ ᠪᠠᠶᠢᠭᠤᠯᠵᠦ᠂ ᠮᠣᠩᠭᠤᠯ ᠡᠮ ᠡᠮᠨᠡᠯᠭᠡ ᠶᠢᠨ ᠪᠠᠷᠢᠮᠵᠢᠶᠠᠵᠢᠭᠤᠯᠬᠤ | ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠮᠣᠩᠭᠤᠯ ᠬᠢᠲᠠᠳ ᠡᠮ ᠡᠮᠨᠡᠯᠭᠡ ᠶᠢᠨ ᠰᠢᠨᠵᠢᠯᠡᠭᠡ | ᠮᠡᠷᠭᠡᠵᠢᠯ ᠤᠨ ᠦᠷ᠎ᠡ ᠪᠦᠲᠦᠭᠡᠯ ᠢ ᠣᠯᠠᠷᠢᠭᠤᠯᠬᠤ᠂ ᠬᠡᠷᠡᠭᠯᠡᠬᠦ᠂ ᠳᠡᠯᠭᠡᠷᠡᠭᠦᠯᠬᠦ ᠪᠠ ᠮᠣᠩᠭᠤᠯ ᠬᠢᠲᠠᠳ ᠡᠮ | ᠡᠮᠨᠡᠯᠭᠡ ᠶᠢᠨ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠤᠨ᠎ᠠ᠃ ᠮᠣᠩᠭᠤᠯ ᠬᠢᠲᠠᠳ ᠡᠮ | ᠡᠮᠨᠡᠯᠭᠡ ᠶᠢᠨ ᠬᠠᠮᠢᠶ᠎ᠠ ᠪᠦᠬᠦᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠠᠮᠢᠶᠠᠷᠤᠨ᠎ᠠ᠃ | ︵ᠠᠷᠪᠠ︶ ᠡᠷᠡᠭᠦᠯ ᠮᠡᠨᠳᠦ ᠶᠢᠨ ᠤᠬᠠᠭᠤᠯᠭ᠎ᠠ ᠪᠠ ᠰᠢᠨᠵᠢᠯᠡᠭᠡ ᠮᠡᠷᠭᠡᠵᠢᠯ ᠰᠤᠷᠭᠠᠨ ᠬᠥᠮᠦᠵᠢᠯ ᠤᠨ | ᠰᠠᠯᠠᠭ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠤᠬᠠᠭᠤᠯᠭ᠎ᠠ᠂ ᠡᠷᠡᠭᠦᠯ ᠮᠡᠨᠳᠦ ᠶᠢᠨ ᠬᠥᠮᠦᠵᠢᠯ᠂ ᠡᠷᠡᠭᠦᠯ | ᠮᠡᠨᠳᠦ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠢᠨᠵᠢᠯᠡᠬᠦ ᠤᠬᠠᠭᠠᠨ ᠤ ᠲᠦᠭᠡᠮᠡᠯᠵᠢᠯ᠂ ᠰᠣᠨᠢᠨ ᠮᠡᠳᠡᠭᠡ ᠪᠠ ᠮᠡᠳᠡᠭᠡ ᠵᠠᠩᠭᠢ ᠨᠡᠶᠢᠲᠡᠯᠡᠬᠦ ᠠᠵᠢᠯ ᠢ | ᠡᠭᠦᠷᠭᠡᠯᠡᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠭᠡ ᠮᠡᠷᠭᠡᠵᠢᠯ ᠤᠨ ᠬᠥᠭᠵᠢᠯᠲᠡ ᠶᠢᠨ | ᠳᠦᠯᠦᠪᠵᠢᠬᠦᠯᠬᠡ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠪᠠ ᠬᠡᠷᠡᠭᠵᠢᠬᠦᠯᠬᠦ | ᠶᠢ ᠵᠣᠬᠢᠶᠠᠨ ᠪᠠᠶᠢᠭᠤᠯᠣᠨ᠎ᠠ᠃ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠳᠤ ᠬᠢᠨᠠᠯᠲᠠ | ᠲᠠᠯᠪᠢᠬᠤ ᠠᠵᠢᠯ ᠢ ᠡᠭᠦᠷᠭᠡᠯᠡᠨ᠎ᠡ᠃ ᠡᠮᠨᠡᠯᠭᠡ ᠶᠢᠨ ᠬᠤᠷᠢᠶᠠᠨ ᠳᠤ ᠪᠠᠶᠢᠭ᠎ᠠ ᠶᠡᠭᠡ ᠡᠮᠴᠢ᠂ ᠲᠤᠰᠬᠠᠶ ᠰᠠᠯᠠᠭᠠᠨ ᠤ | ᠡᠮᠴᠢ ᠶᠢᠨ ᠪᠣᠯᠪᠠᠰᠤᠷᠠᠯ ᠵᠡᠷᠭᠡ ᠳᠡᠬᠦᠰᠦᠭᠰᠡᠨ ᠤ ᠳᠠᠷᠠᠭᠠᠬᠢ ᠠᠨᠠᠭᠠᠬᠤ ᠤᠬᠠᠭᠠᠨ ᠤ ᠰᠤᠷᠭᠠᠨ ᠬᠥᠮᠦᠵᠢᠯ ᠪᠠ | ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ︽ᠲᠠᠮᠠᠬᠢ ᠶᠢ | ᠬᠢᠵᠠᠭᠠᠷᠯᠠᠬᠤ ᠪᠦᠳᠦᠭᠦᠪᠴᠢ ᠳᠦᠰᠦᠪ ᠤᠨ ᠨᠡᠶᠢᠲᠡ ᠶᠢᠨ ᠭᠡᠷ᠎ᠡ︾ ᠶᠢ ᠬᠦᠢᠴᠡᠳᠭᠡᠬᠦ ᠬᠤᠯᠪᠣᠭᠳᠠᠯ ᠪᠦᠬᠦᠢ ᠠᠵᠢᠯ ᠢ | ᠡᠭᠦᠷᠭᠡᠯᠡᠨ᠎ᠡ᠃ | ︵ᠠᠷᠪᠠᠨ ᠨᠢᠬᠡ︶ ᠪᠠᠶᠢᠭᠤᠯᠣᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠠᠯᠪᠠᠨ ᠭᠡᠷ᠃ | ᠪᠠᠶᠢᠭᠤᠯᠣᠯᠭ᠎ᠠ ︵ᠰᠢᠰᠲ᠋ᠧᠮ ᠤᠨ ᠨᠠᠮ ᠤᠨ ᠠᠵᠢᠯ ᠤᠨ ᠬᠤᠷᠢᠶ᠎ᠠ᠂ ᠪᠠᠶᠢᠭᠤᠯᠣᠯᠭ᠎ᠠ ᠶᠢᠨ ᠨᠠᠮ ᠤᠨ ᠬᠤᠷᠢᠶ᠎ᠠ᠂ ᠨᠠᠮ | ᠤᠨ ᠶᠡᠷᠦᠩᠬᠡᠶ ᠡᠭᠦᠷ᠂ ᠨᠠᠮ ᠤᠨ ᠡᠭᠦᠷ︶ ᠵᠢᠴᠢ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠳᠠ ᠶᠢᠨ ᠠᠵᠢᠯ ᠢ ᠬᠠᠷᠢᠭᠤᠴᠠᠨ᠎ᠠ᠃ | ᠰᠦᠯᠵᠢᠶᠡᠨ ᠤ ᠬᠠᠶ᠋ᠢᠭ᠄ http://wjw.als.gov.cn/ | |