ᠠᠯᠠᠱᠠ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ 31 ᠵᠠᠰᠠᠮᠠᠯ ᠵᠠᠮ ᠤᠨ ᠲᠥᠷᠥᠯ ᠵᠣᠶᠢᠯ ᠤᠨ ᠪᠥᠲᠥᠭᠡᠨ ᠪᠠᠶᠢᠭᠤᠯᠣᠯᠳᠠ ᠪᠦᠬᠦᠨ ᠢᠶᠠᠷ ᠢᠶᠠᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2020/9/15
     ᠡᠨᠡ ᠵᠢᠯ ᠠᠴᠠ ᠨᠠᠰᠢ᠂ ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠬᠠᠮᠲᠤ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠦᠴᠦᠯᠡᠨ ᠠᠬᠢᠭᠤᠯᠪᠠ᠃ 8 ᠰᠠᠷ᠎ᠠ ᠶᠢᠨ ᠰᠡᠭᠦᠯᠴᠢ ᠪᠣᠯᠲᠠᠯ᠎ᠠ᠂ 2020 ᠣᠨ ᠳᠤ ᠡᠬᠢ ᠪᠠᠶᠠᠯᠢᠭ ᠤᠨ ᠠᠵᠤ  ᠣᠶᠢᠯᠡᠰ ᠢ ᠬᠦᠭᠵᠢᠬᠦᠯᠬᠦ ᠳᠤ ᠵᠣᠷᠢᠭᠤᠯᠣᠭᠰᠠᠨ ᠵᠠᠮ᠂ ᠬᠠᠰᠣᠵᠦ ᠨᠡᠶᠢᠯᠡᠬᠦᠯᠦᠭᠰᠡᠨ ᠪᠠᠶᠢᠭᠤᠯᠤᠯᠳᠠᠲᠤ ᠲᠣᠰᠬᠤᠨ ᠤ ᠵᠠᠰᠠᠮᠠᠯ ᠵᠠᠮ᠂ ᠬᠢᠯᠢ ᠬᠢᠵᠠᠭᠠᠷ ᠤᠨ ᠠᠶᠢᠯ ᠲᠣᠰᠬᠤᠨ ᠳᠤ ᠬᠦᠷᠬᠦ ᠵᠠᠰᠠᠮᠠᠯ ᠵᠠᠮ᠂ ᠢᠪᠴᠤᠤ ᠵᠠᠮ ᠢ ᠦᠷᠬᠡᠳᠬᠡᠬᠦ ᠪᠠᠷ ᠭᠤᠤᠯᠳᠠᠯᠭ᠎ᠠ ᠪᠣᠯᠭᠠᠭᠰᠠᠨ ᠮᠠᠯᠵᠢᠬᠤ ᠲᠠᠷᠢᠶᠠᠯᠠᠬᠤ ᠣᠷᠣᠨ ᠤ 31 ᠵᠠᠰᠠᠮᠠᠯ ᠵᠠᠮ ᠤᠨ ᠲᠥᠷᠥᠯ ᠵᠦᠢᠯ ᠢ ᠨᠢᠭᠡᠨᠲᠡ ᠠᠵᠢᠯ ᠡᠬᠢᠯᠡᠬᠦᠯᠪᠡ᠂ ᠡᠭᠦᠨ  ᠳᠤ 19 ᠲᠥᠷᠥᠯ ᠵᠦᠢᠯ ᠨᠢ ᠨᠢᠭᠡᠨᠲᠡ ᠠᠵᠢᠯ ᠲᠠᠭᠤᠰᠴᠤ᠂  ᠨᠡᠶᠢᠲᠡ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠡ᠃      ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ᠂ ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠳᠡ ᠪᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠥᠷᠥᠯ ᠵᠣᠶᠢᠯ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠤᠷᠢᠳᠴᠢᠯᠠᠨ ᠪᠠᠭᠤᠯᠭᠠᠵᠤ᠂ ᠠᠵᠢᠯ ᠤᠨ ᠬᠤᠭᠤᠴᠠᠭᠠᠨ ᠤ ᠬᠠᠷᠠᠯᠲᠠ ᠶᠢᠨ ᠬᠠᠮᠢᠶᠠᠷᠤᠯᠲᠠ ᠶᠢ  ᠴᠢᠩᠭᠠᠳᠬᠠᠵᠦ᠂  ᠠᠵᠢᠯ ᠤᠨ ᠲᠥᠯᠥᠪᠯᠡᠭᠡ ᠶᠢ ᠲᠣᠭᠳᠠᠭᠠᠵᠤ᠂ ᠠᠵᠢᠯ ᠤᠨ ᠲᠥᠰᠦᠯ ᠢ ᠰᠢᠯᠢᠳᠡᠭᠵᠢᠭᠦᠯᠵᠦ᠂      ︽ᠴᠢᠨᠠᠷ ᠰᠠᠶᠢᠲᠠᠢ ᠢᠨᠵᠧᠨᠧᠷᠢᠩ︾ ᠤᠨ ᠪᠦᠲᠦᠭᠡᠨ ᠪᠠᠶᠢᠭᠤᠯᠣᠯᠳᠠ ᠶᠢ ᠦᠷᠭᠦᠯᠵᠢᠯᠡᠨ ᠠᠬᠢᠭᠤᠯᠵᠤ᠂ ᠢᠨᠵᠧᠨᠧᠷᠢᠩ  ᠤᠨ ᠶᠠᠰᠤ ᠴᠢᠨᠠᠷ ᠤᠨ ᠬᠢᠨᠠᠠ ᠬᠠᠮᠢᠶᠠᠷᠤᠯᠲᠠ ᠶᠢ ᠴᠢᠩᠭᠠᠳᠬᠠᠬᠤ  ᠶᠢᠨ ᠬᠠᠮᠲᠤ ︽ᠳᠥᠷᠪᠡᠨ ᠰᠠᠶᠢᠨᠳᠠᠢ ᠪᠠᠶᠢᠬᠤ︾  ᠶᠢ ᠵᠡᠷᠭᠡᠪᠡᠷ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠠᠶᠢᠭᠤᠯᠣᠯ ᠤᠨ ᠥᠭᠡᠷᠡᠴᠢᠯᠡᠯᠲᠡ ᠶᠢ ᠠᠬᠢᠭᠤᠯᠵᠤ᠂ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ︽ᠪᠠᠶᠢᠭᠤᠯᠬᠤ ᠬᠠᠮᠢᠶᠠᠷᠬᠤ ᠠᠷᠠᠴᠢᠯᠠᠬᠤ ᠲᠡᠭᠡᠭᠡᠪᠣᠷᠢᠯᠡᠬᠦ︾ ᠲᠡᠰᠢ ᠬᠠᠮᠵᠢᠯᠴᠠᠨ ᠬᠥᠭᠵᠢᠬᠦ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠭᠤᠤᠯᠳᠠᠯᠭ᠎ᠠ ᠲᠠᠢ ᠠᠵᠢᠯ ᠢ ᠪᠣᠳᠠᠳᠠᠢ ᠨᠠᠶᠢᠳᠠᠪᠤᠷᠢᠵᠢᠭᠤᠯᠬᠤ ᠶᠢ ᠦᠨᠡᠨᠬᠦ ᠪᠠᠳᠣᠯᠠᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠠᠴᠠ ᠨᠠᠰᠢ᠂ ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ  ᠥᠭᠡᠷᠡᠴᠢᠯᠡᠨ ᠪᠠᠶᠢᠭᠤᠯᠬᠤ 251 ᠲᠥᠷᠥᠯ ᠵᠥᠢᠯ ᠢ ᠴᠢᠷᠮᠠᠶᠢᠨ ᠣᠯᠵᠤ᠂ 16.74  ᠳ᠋ᠦᠩᠰᠢᠭᠤᠷ ᠲᠥᠭᠦᠷᠢᠭ ᠤᠨ ᠨᠥᠬᠦᠪᠥᠷᠢ ᠮᠥᠩᠭᠦ ᠣᠯᠵᠤ᠂ ︽ᠲᠥᠪᠯᠡᠷᠡᠭᠦᠯᠦᠨ ᠪᠡᠷᠭᠡ ᠰᠡᠳᠦᠪ ᠢ ᠰᠢᠢᠳᠪᠦᠷᠢᠯᠡᠬᠦ ᠠᠵᠢᠯ︾ ᠢ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ 2019 ᠣᠨ ᠳᠤ ᠪᠥᠬᠦ ᠠᠶᠢᠮᠠᠭ ᠤᠨ ᠪᠣᠶ ᠪᠥᠬᠦᠶ ᠰᠤᠮᠤ ᠪᠠᠯᠭᠠᠰᠤ ᠪᠣᠯᠤᠨ ᠪᠠᠶᠢᠭᠤᠯᠤᠯᠳᠤ ᠭᠠᠴᠠᠭ᠎ᠠ ᠲᠣᠰᠬᠤᠨ ᠳᠤ ᠬᠠᠲᠠᠭᠤᠷᠠᠭᠤᠯᠤᠭᠰᠠᠨ ᠵᠠᠮ ᠢ ᠨᠡᠪᠲᠡᠷᠡᠭᠦᠯᠬᠦ᠂ ᠠᠶᠠᠨᠴᠢᠳ ᠤᠨ ᠮᠠᠰᠢᠨ ᠲᠡᠷᠭᠡ ᠶᠢ ᠨᠡᠪᠲᠡᠷᠡᠭᠦᠯᠬᠦ ᠬᠠᠷᠠᠯᠲᠠ ᠶᠢ ᠣᠷᠢᠳᠴᠢᠯᠠᠨ ᠪᠡᠶᠡᠯᠡᠭᠦᠯᠪᠡ᠃ ᠡᠨᠡ ᠵᠢᠯ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠥᠷᠥᠯ ᠵᠥᠢᠯ ᠪᠦᠬᠦᠨ ᠢᠶᠠᠷ ᠢᠶᠠᠨ ᠠᠵᠢᠯ ᠢᠶᠠᠨ ᠲᠠᠭᠤᠰᠬᠠᠭᠰᠠᠨ ᠤ ᠳᠠᠷᠠᠭ᠎ᠠ᠂ ᠪᠦᠬᠦ ᠠᠶᠢᠮᠠᠭ ᠤᠨ ᠬᠢᠨ ︽ᠬᠤᠲᠠ ᠬᠥᠳᠡᠭᠡ ᠶᠢ ᠬᠠᠮᠤᠷᠤᠭᠰᠠᠨ᠂ ᠪᠦᠲᠦᠴᠡ ᠨᠢ ᠵᠦᠶ ᠵᠣᠬᠢᠰᠲᠠᠢ︾ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠰᠦᠯᠵᠢᠶ᠎ᠡ ᠶᠢ ᠦᠨᠳᠦᠰᠦᠨ ᠳᠡᠭᠡᠨ ᠪᠦᠷᠢᠯᠳᠦᠬᠦᠯᠪᠡ᠃      ᠠᠭᠤᠯᠭ᠎ᠠ ᠶᠢᠨ ᠢᠷᠯᠡᠳᠡ᠄ http://mongol.people.com.cn/15823872.html
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号