ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠳ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2020/9/16
      9 ᠰᠠᠷ᠎ᠠ ᠶᠢᠨ 14 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠸᠠᠨ ᠴᠤᠤ ᠴᠢ ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠳ ᠤᠨ ᠬᠤᠷᠡᠯ ᠢ ᠡᠷᠬᠢᠯᠡᠨ ᠬᠤᠷᠠᠯᠳᠤᠭᠤᠯᠵᠦ᠂ ᠰᠢ ᠶᠢᠨ ᠫᠢᠡᠭ ᠶᠡᠷᠦᠩᠬᠡᠢ ᠱᠦᠵᠢ ᠶᠢᠨ ᠪᠦᠬᠦ ᠤᠯᠤᠰ ᠤᠨ ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠨ ᠬᠦᠬᠢᠬᠦᠯᠦᠨ ᠰᠠᠶᠢᠰᠢᠶᠠᠬᠤ ᠬᠤᠷᠠᠯ᠂ ᠰᠢᠨᠵᠢᠯᠡᠬᠦ ᠤᠬᠠᠭᠠᠨᠳᠠᠳ ᠲᠠᠢ ᠶᠠᠷᠢᠯᠴᠠᠬᠤ ᠬᠤᠷᠡᠯ ᠲᠡᠬᠡᠷᠡᠬᠢ ᠶᠡᠷᠢᠶᠠᠨ ᠤ ᠵᠤᠷᠢᠭ ᠰᠠᠨᠠᠭ᠎ᠠ ᠪᠤᠯᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠬᠤᠷᠢᠶᠠᠨ ᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠮᠠᠨ ᠤ ᠠᠶᠢᠮᠠᠭ ᠤᠨ ᠳᠣᠣᠱᠯᠠᠭᠤᠯᠣᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠤᠭᠰᠠᠨ ᠪᠠᠶᠢᠨ᠎ᠠ᠃       ᠬᠤᠷᠡᠯ ᠠᠴᠠ᠂ ᠰᠢ ᠶᠢᠨ ᠫᠢᠡᠭ ᠶᠡᠷᠦᠩᠬᠡᠢ ᠱᠦᠵᠢ ᠪᠦᠬᠦ ᠤᠯᠤᠰ ᠤᠨ ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠨ ᠬᠦᠬᠢᠬᠦᠯᠦᠨ ᠰᠠᠶᠢᠰᠢᠶᠠᠬᠤ ᠬᠤᠷᠡᠯ ᠲᠡᠬᠡᠷ᠎ᠠ ᠴᠢᠬᠤᠯᠠ ᠶᠡᠷᠢᠶ᠎ᠠ ᠲᠠᠯᠪᠢᠵᠦ᠂ ᠮᠠᠨ ᠤ ᠤᠯᠤᠰ ᠤᠨ ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠲᠠᠢ ᠲᠡᠮᠡᠴᠡᠭᠰᠡᠨ ᠦᠷ᠎ᠠ ᠪᠦᠲᠦᠮᠵᠢ ᠪᠤᠯᠤᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠡᠭᠨᠡᠨ᠂ ᠲᠠᠷᠠᠭᠠᠴᠢ ᠶᠢᠨ ᠠᠯᠬᠤᠮ ᠤᠨ ᠬᠢᠵᠢᠭ ᠢ ᠰᠡᠷᠬᠡᠶᠢᠯᠡᠨ ᠡᠵᠡᠮᠳᠡᠬᠦ ᠪᠠ ᠠᠵᠦ ᠠᠬᠤᠢ ᠨᠠᠶᠢᠬᠡᠮ ᠤᠨ ᠬᠦᠭᠵᠢᠯᠳᠠ ᠶᠢᠨ ᠠᠵᠢᠯ ᠳᠤ ᠪᠤᠳᠠᠲᠦ ᠱᠠᠭᠠᠷᠳᠠᠯᠭ᠎ᠠ ᠲᠤᠷᠠᠳᠴᠠᠢ᠃ ᠪᠦᠬᠦ ᠠᠶᠢᠮᠠᠭ ᠤᠨ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠰᠢ ᠶᠢᠨ ᠫᠢᠡᠭ ᠶᠡᠷᠦᠩᠬᠡᠢ ᠱᠦᠵᠢ ᠶᠢᠨ ᠴᠢᠬᠤᠯᠠ ᠶᠡᠷᠢᠶᠠᠨ ᠤ ᠵᠤᠷᠢᠭ ᠰᠠᠨᠠᠭ᠎ᠠ ᠶᠢ ᠰᠠᠶᠢᠳᠦᠷ ᠰᠤᠷᠤᠯᠴᠠᠵᠦ᠂ ︽ᠠᠮᠢ ᠨᠠᠰᠤ ᠡᠷᠬᠢᠮ ᠲᠡᠬᠡᠲᠦ᠂ ᠤᠯᠤᠰ ᠲᠠᠶᠠᠭᠠᠷ ᠢᠶᠠᠨ ᠰᠡᠳᠬᠢᠯ ᠨᠢᠬᠡᠳᠬᠦ᠂ ᠠᠮᠢ ᠪᠡᠶ᠎ᠠ ᠪᠠᠨ ᠴᠦᠯᠡᠬᠦ᠂ ᠰᠢᠨᠵᠢᠯᠡᠬᠦ ᠤᠬᠠᠭᠠᠨ ᠢ ᠬᠦᠨᠳᠦᠳᠬᠡᠬᠦ᠂ ᠬᠤᠪᠢ ᠵᠠᠶᠠᠭ᠎ᠠ ᠪᠠᠨ ᠨᠢᠬᠡᠳᠬᠡᠬᠦ︾ ᠵᠤᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠪᠦᠬᠦ ᠠᠶᠢᠮᠠᠭ ᠤᠨ ᠬᠢᠵᠢᠭ ᠢ ᠰᠡᠷᠬᠡᠶᠢᠯᠡᠨ ᠡᠵᠡᠮᠳᠡᠭᠰᠡᠨ ᠠᠵᠢᠯ ᠤᠨ ᠦᠷ᠎ᠠ ᠪᠦᠲᠦᠮᠵᠢ ᠪᠠᠨ ᠪᠠᠳᠤᠳᠬᠠᠬᠤ ᠬᠡᠷᠡᠭᠳᠡᠢ᠃ ᠬᠢᠵᠢᠭ ᠢ ᠰᠡᠷᠬᠡᠶᠢᠯᠡᠨ ᠡᠵᠡᠮᠳᠡᠬᠦ ᠪᠠ ᠠᠵᠦ ᠠᠬᠤᠢ ᠶᠢᠨ ᠬᠦᠭᠵᠢᠯᠳᠠ ᠶᠢ ᠨᠢᠬᠡᠳᠦᠯᠳᠡᠢ ᠠᠬᠢᠭᠤᠯᠵᠦ᠂ ᠬᠢᠵᠢᠭ ᠢ ᠰᠡᠷᠬᠡᠶᠢᠯᠡᠨ ᠡᠵᠡᠮᠳᠡᠬᠦ ᠠᠵᠢᠯ ᠢ ᠪᠠᠶᠢᠡᠭᠭᠤᠵᠢᠭᠤᠯᠤᠨ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠪᠠ ︽ᠵᠢᠷᠭᠤᠭ᠎ᠠ ᠶᠢ ᠪᠠᠳᠤᠯᠠᠬᠤ︾ ᠠᠵᠢᠯ ᠢ ᠰᠠᠶᠢᠳᠦᠷ ᠦᠷᠨᠢᠬᠦᠯᠵᠦ᠂ ᠪᠦᠬᠦ ᠠᠶᠢᠮᠠᠭ ᠤᠨ ᠠᠵᠤ ᠠᠬᠤᠢ ᠨᠠᠶᠢᠬᠡᠮ ᠤᠨ ᠴᠢᠨᠡᠷ ᠰᠠᠶᠢᠳᠡᠢ ᠬᠦᠭᠵᠢᠯᠳᠠ ᠶᠢ ᠠᠬᠢᠭᠤᠯᠬᠤ ᠬᠡᠷᠡᠭᠳᠡᠢ᠃ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠮᠠᠨ ᠤ ᠠᠶᠢᠮᠠᠭ ᠤᠨ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠠᠵᠢᠯ ᠤᠨ ᠲᠠᠯ᠎ᠠ ᠳᠠᠬᠢ ᠲᠤᠳᠠᠭᠤᠳᠠᠯ ᠪᠤᠯᠤᠨ ᠪᠠᠭᠤᠷᠡᠢ ᠵᠦᠢᠯ ᠢᠶᠠᠨ ᠨᠦᠬᠦᠪᠦᠷᠢᠯᠡᠨ᠂ ᠬᠠᠮᠢᠶᠠᠷᠤᠯᠳᠠ ᠪᠤᠯᠤᠨ ᠪᠠᠴᠢᠮ ᠠᠴᠠ ᠠᠪᠤᠷᠠᠬᠤ ᠠᠵᠢᠯ ᠢᠶᠠᠨ ᠴᠢᠩᠭᠠᠳᠬᠠᠵᠦ᠂ ᠪᠦᠬᠦ ᠠᠶᠢᠮᠠᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠲᠡᠬᠡᠭᠰᠢᠯᠡᠬᠦᠯᠬᠦ ᠬᠡᠷᠡᠭᠳᠡᠢ ᠬᠡᠪᠡ᠃       ᠬᠤᠷᠡᠯ ᠠᠴᠠ᠂ ᠪᠦᠬᠦ ᠠᠶᠢᠮᠠᠭ ᠤᠨ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠰᠢ ᠶᠢᠨ ᠫᠢᠡᠭ ᠶᠡᠷᠦᠩᠬᠡᠢ ᠱᠦᠵᠢ ᠶᠢᠨ ᠰᠢᠨᠵᠢᠯᠡᠬᠦ ᠤᠬᠠᠭᠠᠨᠳᠠᠳ ᠲᠠᠢ ᠶᠠᠷᠢᠯᠴᠠᠬᠤ ᠬᠤᠷᠡᠯ ᠲᠡᠬᠡᠷᠡᠬᠢ ᠶᠡᠷᠢᠶᠠᠨ ᠤ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ᠂ ᠰᠢᠨ᠎ᠠ ᠡᠬᠦᠳᠤᠯᠳᠠ ᠪᠠᠷ ᠬᠦᠳᠡᠯᠬᠡᠭᠴᠢ ᠬᠦᠴᠦᠨ ᠢᠶᠠᠨ ᠪᠤᠯᠭᠠᠵᠦ᠂ ᠮᠠᠨ ᠤ ᠠᠶᠢᠮᠠᠭ ᠤᠨ ᠠᠵᠦ ᠠᠬᠤᠢ ᠨᠠᠶᠢᠬᠡᠮ ᠤᠨ ᠴᠢᠨᠡᠷ ᠰᠠᠶᠢᠳᠡᠢ ᠬᠦᠭᠵᠢᠯᠳᠠ ᠳᠤ ᠰᠢᠨᠵᠢᠯᠡᠭᠡ ᠮᠡᠷᠬᠡᠵᠢᠯ ᠤᠨ ᠪᠠᠳᠤᠯᠠᠭ᠎ᠠ ᠬᠠᠨᠭ᠍ᠭᠠᠬᠤ ᠬᠡᠷᠡᠭᠳᠡᠢ᠃ ᠠᠯᠠᠱᠠ ᠶᠢᠨ ᠪᠤᠳᠠᠲᠦ ᠪᠠᠶᠢᠳᠠᠯ ᠠᠴᠠ ᠭᠠᠷᠳᠠᠵᠦ᠂ ᠰᠢᠨᠵᠢᠯᠡᠭᠡ ᠮᠡᠷᠬᠡᠵᠢᠯ ᠤᠨ ᠰᠣᠳᠣᠯᠭᠠᠨ ᠪᠤᠯᠤᠨ ᠬᠤᠷᠰᠢᠨ ᠠᠵᠢᠯᠯᠠᠬᠤ ᠲᠠᠯ᠎ᠠ ᠪᠠᠷ ᠬᠦᠴᠦᠯᠠᠨ᠂ ᠰᠢᠨᠵᠢᠯᠡᠭᠡ ᠮᠡᠷᠬᠡᠵᠢᠯ ᠤᠨ ᠦᠷ᠎ᠠ ᠪᠦᠲᠦᠬᠡᠯ ᠢ ᠣᠯᠠᠷᠢᠭᠤᠯᠬᠤ ᠠᠵᠢᠯ ᠪᠤᠯᠤᠨ ᠰᠢᠨᠵᠢᠯᠡᠭᠡ ᠮᠡᠷᠬᠡᠵᠢᠯ ᠤᠨ ᠴᠢᠳᠠᠪᠤᠷᠢᠳᠠᠨ ᠢ ᠬᠦᠮᠦᠵᠢᠬᠦᠯᠬᠦ ᠠᠵᠢᠯ ᠢ ᠴᠢᠬᠤᠯᠠᠴᠢᠯᠠᠬᠤ ᠬᠡᠷᠡᠭᠳᠡᠢ᠃ ᠠᠯᠠᠱᠠ ᠶᠢᠨ ᠤᠨᠴᠠᠯᠢᠠᠠᠲᠦ ᠠᠵᠦ ᠦᠢᠯᠡᠰ ᠤᠨ ᠬᠦᠭᠵᠢᠯᠳᠠ ᠳᠤ ᠴᠢᠳᠠᠪᠤᠷᠢᠳᠠᠨ ᠤ ᠪᠠᠳᠤᠯᠠᠭ᠎ᠠ ᠬᠠᠨᠭ᠍ᠭᠠᠵᠦ᠂ ᠴᠢᠳᠠᠪᠤᠷᠢᠳᠠᠨ ᠢ ᠤᠷᠢᠬᠤ ᠪᠠ ᠬᠦᠮᠦᠵᠢᠬᠦᠯᠬᠦ ᠠᠵᠢᠯ ᠢ ᠴᠢᠩᠭᠠᠳᠬᠠᠬᠤ ᠬᠡᠷᠡᠭᠳᠡᠢ᠃ ᠰᠢᠨ᠎ᠠ ᠶᠢ ᠡᠬᠦᠳᠬᠦ ᠵᠤᠷᠢᠭ ᠰᠠᠨᠠᠭ᠎ᠠ᠂ ᠰᠢᠨᠵᠢᠯᠡᠬᠦ ᠤᠬᠠᠭᠠᠨᠳᠠᠳ ᠤᠨ ᠵᠤᠷᠢᠭ ᠰᠠᠨᠠᠭ᠎ᠠ᠂ ᠠᠵᠦ ᠠᠬᠤᠢᠢᠯᠠᠯᠳᠠᠳ ᠤᠨ ᠵᠤᠷᠢᠭ ᠰᠠᠨᠠᠭ᠎ᠠ ᠪᠤᠯᠤᠨ ᠤᠷᠠᠨ ᠲᠠᠷᠬᠠᠳ ᠤᠨ ᠵᠤᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠦ᠂ ᠰᠢᠨ᠎ᠠ ᠶᠢ ᠡᠬᠦᠳᠬᠦ ᠠᠷᠭ᠎ᠠ ᠠᠪᠴᠠᠯ ᠢ ᠰᠦᠪᠡᠭᠴᠢᠯᠠᠨ᠂ ᠰᠢᠨ᠎ᠠ ᠶᠢ ᠡᠬᠦᠳᠬᠦ ᠠᠮᠢᠵᠢᠷᠠᠯ ᠤᠨ ᠬᠦᠴᠦᠨ ᠢ ᠨᠡᠮᠡᠭᠳᠡᠬᠦᠯᠬᠦ ᠬᠡᠷᠡᠭᠳᠡᠢ ᠬᠡᠵᠦ ᠱᠠᠭᠠᠷᠳᠠᠪᠠ᠃       ᠬᠤᠷᠡᠯ ᠠᠴᠠ ᠪᠠᠰᠠ ᠪᠤᠰᠤᠳ ᠵᠦᠢᠯ ᠢ ᠰᠤᠳᠤᠯᠪᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号