ᠲᠡᠭᠷᠢ ᠠᠵᠦ ᠠᠬᠤᠢ ᠶᠢᠨ ᠮᠡᠷᠭᠡᠵᠢᠯ ᠤᠨ ᠨᠡᠬᠡᠭᠡᠯᠲᠡ ᠶᠢᠨ ᠣᠷᠣᠨ ᠤ ᠭᠤᠤᠯᠲᠠᠯᠭ᠎ᠠ ᠲᠠᠢ ᠠᠵᠤ ᠦᠢᠯᠡᠳᠪᠦᠷᠢ ᠶᠢᠨ ᠲᠦᠷᠦᠯ ᠵᠦᠢᠯ ᠯᠠᠪᠲᠠᠭᠤᠨ ᠢᠶᠠᠷ ᠠᠬᠢᠵᠦ ᠪᠠᠶᠢᠨ᠎ᠠ
ᠨᠡᠶᠢᠲᠡᠯᠡᠭᠰᠡᠨ ᠴᠠᠭ᠄
2020/9/17
      ᠲᠡᠭᠷᠢ ᠠᠵᠤ ᠠᠬᠤᠢ ᠶᠢᠨ ᠮᠡᠷᠭᠡᠵᠢᠯ ᠤᠨ ᠨᠡᠬᠡᠭᠡᠯᠲᠡ ᠶᠢᠨ ᠣᠷᠣᠨ ᠤ ᠦᠵᠦᠮ ᠤᠨ ᠲᠤᠬᠤᠢ ᠠᠵᠤ ᠦᠢᠯᠡᠳᠪᠦᠷᠢ ᠶᠢᠨ ᠬᠦᠷᠢᠶᠡᠯᠡᠩ ᠳᠤ ᠪᠠᠶᠢᠷᠢᠰᠢᠭ᠎ᠠ ᠦᠪᠦᠷ ᠮᠤᠩᠭᠤᠯ ᠤᠨ ︽ᠪᠠᠢ ᠷᠦᠨ︾ ᠨᠡᠷᠡᠮᠵᠢᠲᠤ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ  ᠵᠢᠯ ᠤᠨ  3  ᠳ᠋ᠦᠩᠰᠢᠭᠤᠷ ᠲᠤᠨ ᠡᠲ᠋ᠢᠯ ᠾᠯᠤᠷᠲᠤ ᠨᠢᠭᠡᠳᠪᠦᠷᠢ ᠶᠢᠨ ᠦᠢᠯᠡᠳᠬᠦᠨ ᠤ  ᠬᠡᠮᠵᠢᠶ᠎ᠡ ᠲᠠᠢ ᠲᠦᠷᠦᠯ ᠵᠦᠢᠯ ᠪᠤᠯ ᠡᠨᠡ ᠵᠢᠯ ᠤᠨ ᠰᠢᠨ᠎ᠡ ᠪᠠᠷ ᠪᠠᠶᠢᠭᠤᠯᠤᠬᠰᠠᠨ ᠠᠶᠢᠮᠠᠭ ᠤᠨ ᠲᠡᠰ ᠤᠨ ᠭᠤᠤᠯᠲᠠᠯᠭ᠎ᠠ ᠲᠠᠢ ᠲᠦᠷᠦᠯ ᠵᠦᠢᠯ ᠪᠤᠯᠤᠨ᠎ᠠ᠂ ᠶᠡᠷᠦᠩᠬᠡᠢ ᠪᠡᠯᠡ ᠤᠷᠤᠭᠤᠯᠤᠯᠲᠠ ᠨᠢ 2.5 ᠳ᠋ᠦᠩᠰᠢᠭᠤᠷ ᠲᠦᠬᠦᠷᠢᠭ᠃ ᠲᠦᠯᠦᠪᠯᠡᠭᠰᠡᠨ ᠬᠡᠮᠵᠢᠶ᠎ᠡ ᠳᠡᠭᠡᠨ ᠬᠦᠷᠪᠡᠯ ᠵᠢᠯ ᠤᠨ ᠦᠢᠯᠡᠳᠬᠦᠨ ᠤ ᠶᠡᠷᠦᠩᠬᠡᠢ ᠦᠷᠲᠡᠭ 7 ᠳ᠋ᠦᠩᠰᠢᠭᠤᠷ ᠲᠦᠬᠦᠷᠢᠭ ᠢ ᠡᠬᠦᠳᠴᠦ᠂ ᠠᠰᠢᠭ ᠣᠷᠣᠯᠭ᠎ᠠ ᠨᠢ 2 ᠳ᠋ᠦᠩᠰᠢᠭᠤᠷ ᠲᠦᠬᠦᠷᠢᠭ ᠣᠷᠴᠢᠮ ᠬᠦᠷᠦᠨ᠎ᠡ᠃ ᠵᠢᠯ ᠤᠨ ᠡᠬᠢᠨ ᠳᠤ ᠭᠢᠵᠢᠭ ᠤᠨ  ᠪᠠᠶᠢᠲᠠᠯ ᠳᠤ ᠨᠦᠯᠦᠭᠡᠯᠡᠭᠲᠡᠭᠡᠳ  ᠲᠦᠷᠦᠯ ᠵᠦᠯ ᠤᠨ  ᠪᠦᠲᠦᠭᠡᠨ ᠪᠠᠶᠢᠭᠤᠯᠤᠯᠲᠠ ᠶᠢᠨ ᠬᠤᠷᠲᠤᠴᠠ ᠵᠢᠭᠠᠬᠠᠨ ᠰᠠᠭᠠᠷᠠᠬᠰᠠᠨ ᠪᠤᠯᠪᠠᠴᠤ᠂ 3  ᠰᠠᠷ᠎ᠠ ᠶᠢᠨ 25   ᠳᠤ ᠦᠢᠯᠡᠳᠪᠦᠷᠢᠯᠡᠯ  ᠢᠶᠠᠨ ᠰᠡᠷᠭᠦᠭᠡᠭᠰᠡᠨ ᠠᠴᠠ ᠨᠠᠰᠢ᠂  ᠡᠯ᠎ᠡ ᠵᠦᠢᠯ ᠤᠨ  ᠲᠦᠷᠦ ᠶᠢᠨ  ᠪᠤᠲᠤᠯᠭ᠎ᠠ ᠶᠢᠨ  ᠲᠡᠮᠵᠢᠯᠭᠡ ᠪᠠᠷ ᠠᠵᠤ ᠠᠬᠤᠶᠢᠯᠠᠯ ᠦᠢᠯᠡᠳᠪᠦᠷᠢᠯᠡᠯ ᠢᠶᠠᠨ ᠰᠡᠷᠬᠦᠭᠡᠬᠦ ︽ᠳᠦᠷᠭᠡᠳᠬᠡᠬᠦᠷ︾   ᠢ ᠲᠠᠷᠤᠬᠰᠠᠨ ᠪᠠᠶᠢᠨ᠎ᠠ᠃  ᠲᠤᠰ ᠺᠤᠮᠫᠠᠨᠢ  ᠶᠢᠨ  ᠲᠡᠳ᠋ ᠶᠡᠷᠦᠩᠬᠡᠢ ᠲᠠᠭᠠᠭᠠᠮᠠᠯ ᠵᠢᠶᠠᠩ ᠫᠧᠩ ᠰᠢ ᠰᠤᠷᠪᠤᠯᠵᠢᠯᠠᠬᠴᠢ ᠳᠤ᠄ ︽ ᠤᠳᠤᠬᠠᠨ᠎ᠠ  ᠦᠢᠯᠡᠳᠪᠦᠷᠢ ᠶᠢᠨ ᠲᠠᠰᠤᠭ ᠤᠨ ᠪᠠᠶᠢᠭᠤᠯᠤᠯᠲᠠ ᠦᠨᠲᠦᠰᠦᠨ ᠳᠡᠭᠡᠨ ᠰᠢᠪᠳᠣᠷᠠᠭᠠᠨ ᠳᠠᠭᠠᠨ  ᠤᠷᠤᠬᠰᠠᠨ᠂  ᠤᠳᠤ ᠲᠦᠷᠦᠯ ᠵᠦᠢᠯ  ᠤᠨ  ᠲᠤᠨᠤᠭ ᠲᠦᠬᠦᠭᠡᠷᠦᠮᠵᠢ ᠪᠠᠨ ᠤᠬᠰᠠᠷᠠᠵᠤ ᠲᠠᠭᠠᠷᠠᠭᠤᠯᠬᠤ ᠱᠠᠳᠤᠨ ᠳᠤ ᠤᠷᠤᠭᠠᠳ ᠪᠠᠶᠢᠭ᠎ᠠ᠃ ᠤᠯᠤᠰ ᠤᠨ ᠪᠠᠶᠠᠷ ᠤᠨ ᠣᠷᠴᠢᠮ ᠢᠶᠠᠷ ᠲᠤᠨᠤᠭ ᠲᠦᠬᠦᠭᠡᠷᠦᠮᠵᠢ ᠪᠠᠨ ᠤᠬᠰᠠᠷᠠᠵᠤ ᠲᠠᠭᠠᠷᠠᠭᠤᠯᠬᠤ  ᠠᠵᠢᠯ ᠢᠶᠠᠨ ᠲᠠᠭᠤᠰᠬᠠᠴᠢᠬᠠᠬᠤ ᠪᠠᠷ ᠳᠦᠯᠦᠪᠯᠡᠵᠦ ᠪᠤᠢ᠃ ᠡᠨᠡ ᠵᠢᠯ ᠤᠨ 11 ᠰᠠᠷ᠎ᠠ ᠳᠤ ᠲᠤᠷᠰᠢᠨ ᠦᠢᠯᠡᠳᠪᠦᠷᠢᠯᠡᠭᠡᠳ ᠡᠬᠢᠯᠡᠴᠢᠬᠡᠨ᠎ᠡ︾ ᠭᠡᠵᠦ ᠶᠠᠷᠢᠯ᠎ᠠ᠃        ᠡᠨᠡ ᠵᠢᠯ ᠨᠡᠬᠡᠭᠡᠯᠲᠡ ᠶᠢᠨ ᠣᠷᠣᠨ ᠳᠤ ᠬᠡᠷᠡᠭᠵᠢᠬᠦᠯᠦᠭᠰᠡᠨ ᠭᠤᠤᠯᠲᠠᠯᠭ᠎ᠠ ᠲᠠᠢ ᠠᠵᠤ ᠦᠢᠯᠡᠳᠪᠦᠷᠢ ᠶᠢᠨ ᠲᠦᠷᠦᠯ ᠵᠦᠢᠯ 19  ᠪᠤᠢ᠃  ᠶᠡᠷᠦᠩᠬᠡᠢ ᠪᠡᠯᠡ  ᠤᠷᠤᠭᠤᠯᠤᠯᠲᠠ   ᠨᠢ 201.75  ᠳ᠋ᠦᠩᠰᠢᠭᠤᠷ ᠲᠦᠬᠦᠷᠢᠭ  ᠲᠤ ᠬᠦᠷᠦᠨ᠎ᠡ᠃ ᠵᠢᠯ ᠤᠨ ᠲᠤᠲᠤᠷ᠎ᠠ 21.41 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠬᠤ ᠪᠠᠷ ᠲᠦᠯᠦᠪᠯᠡᠵᠦ ᠪᠠᠶᠢᠨ᠎ᠠ᠃ ᠣᠳᠣᠬᠠᠨ ᠳᠤ᠂ ᠠᠵᠢᠯ ᠡᠬᠢᠯᠡᠭᠰᠡᠨ  ︵ ᠰᠡᠷᠬᠦᠭᠡᠭᠰᠡᠨ︶   ᠲᠦᠷᠦᠯ ᠵᠦᠢᠯ ᠨᠢ 16   ᠪᠤᠢ᠂  ᠠᠵᠢᠯ ᠢᠶᠠᠨ  ᠡᠬᠢᠯᠡᠭᠰᠡᠨ  ︵ ᠰᠡᠷᠬᠦᠭᠡᠭᠰᠡᠨ︶   ᠨᠤᠷᠮ᠎ᠠ   ᠨᠢ  84.2 %   ᠲᠤ ᠬᠦᠷᠪᠡ᠂ 7.4  ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠲᠠ ᠶᠢ  ᠪᠡᠶᠡᠯᠡᠬᠦᠯᠵᠦ᠂  ᠤᠨ ᠤ  ᠲᠦᠯᠦᠪᠯᠡᠭᠡ   ᠶᠢᠨ   ᠢᠶᠠᠨ 34.5 % ᠶᠢ ᠪᠡᠶᠡᠯᠡᠬᠦᠯᠦᠭᠰᠡᠨ  ᠪᠠᠶᠢᠨ᠎ᠠ᠃  ᠭᠤᠤᠯᠲᠠᠯᠭ᠎ᠠ ᠲᠠᠢ 19 ᠠᠵᠤ ᠦᠢᠯᠡᠳᠪᠦᠷᠢ ᠶᠢᠨ ᠲᠦᠷᠦᠯ ᠵᠦᠢᠯ  ᠳᠤ᠂  ᠠᠶᠢᠮᠠᠭ ᠤᠨ ᠲᠡᠰ ᠤᠨ ᠭᠤᠤᠯᠲᠠᠯᠭ᠎ᠠ ᠲᠠᠢ ᠠᠵᠤ ᠦᠢᠯᠡᠳᠪᠦᠷᠢ ᠶᠢᠨ  ᠲᠦᠷᠦᠯ ᠵᠦᠢᠯ 10  ︵ᠰᠢᠨ᠎ᠡ  ᠪᠠᠷ ᠪᠦᠲᠦᠭᠡᠨ ᠪᠠᠶᠢᠭᠤᠯᠤᠬᠰᠠᠨ ᠳᠦᠷᠦᠯ ᠵᠦᠢᠯ 7᠂ ᠦᠷᠬᠦᠯᠵᠢᠯᠡᠨ ᠪᠠᠶᠢᠭᠤᠯᠵᠤ ᠪᠠᠶᠢᠬᠤ ᠨᠢ 2᠂   ᠦᠷᠭᠡᠳᠬᠡᠨ ᠪᠠᠶᠢᠭᠤᠯᠵᠤ ᠪᠠᠶᠢᠬᠤ ᠨᠢ 1︶ ᠪᠤᠢ  ᠂ ᠶᠡᠷᠦᠩᠬᠡᠢ ᠪᠡᠯᠡ  ᠤᠷᠤᠭᠤᠯᠤᠯᠲᠠ   ᠨᠢ 25.65  ᠳ᠋ᠦᠩᠰᠢᠭᠤᠷ ᠲᠦᠬᠦᠷᠢᠭ᠂  ᠵᠢᠯ ᠤᠨ  ᠲᠤᠲᠤᠷ᠎ᠠ 15. 1 ᠳ᠋ᠦᠩᠰᠢᠭᠤᠷ ᠲᠦᠬᠦᠷᠢᠭ ᠤᠨ ᠪᠡᠯᠡ   ᠤᠷᠤᠭᠤᠯᠤᠯᠲᠠ ᠶᠢ ᠪᠡᠶᠡᠯᠡᠬᠦᠯᠬᠦ ᠪᠠᠷ ᠲᠦᠯᠦᠪᠯᠡᠵᠤ ᠪᠠᠶᠢᠨ᠎ᠠ᠃  ᠤᠳᠤᠬᠠᠨ᠎ᠠ ᠨᠢᠭᠡᠨᠲᠡ ᠴᠦᠮ ᠢᠶᠠᠷ ᠢᠶᠠᠨ ᠠᠵᠢᠯ ᠢᠶᠠᠨ ᠡᠬᠢᠯᠡᠭᠰᠡᠨ ᠪᠤᠶᠤ ᠰᠡᠷᠬᠦᠭᠡᠵᠦ᠂  6.75  ᠳ᠋ᠦᠩᠰᠢᠭᠤᠷ ᠲᠦᠬᠦᠷᠢᠭ   ᠤᠨ  ᠶᠡᠷᠦᠩᠬᠡᠢ ᠪᠡᠯᠡ  ᠤᠷᠤᠭᠤᠯᠤᠯᠲᠠ   ᠶᠢ ᠪᠡᠶᠡᠯᠡᠬᠦᠯᠵᠦ᠂ ᠤᠨ ᠤ ᠲᠦᠯᠦᠪᠯᠡᠭᠡ   ᠶᠢᠨ   ᠢᠶᠠᠨ 44.7%   ᠶᠢ ᠪᠡᠶᠡᠯᠡᠬᠦᠯᠦᠭᠰᠡᠨ  ᠪᠠᠶᠢᠨ᠎ᠠ᠃        ᠡᠨᠡ ᠵᠢᠯ ᠠᠴᠠ ᠨᠠᠰᠢ᠂  ᠲᠡᠭᠷᠢ ᠠᠵᠤ ᠠᠬᠤᠢ ᠶᠢᠨ ᠮᠡᠷᠭᠡᠵᠢᠯ ᠤᠨ ᠨᠡᠬᠡᠭᠡᠯᠲᠡ ᠶᠢᠨ ᠣᠷᠣᠨ ᠤ ᠬᠢᠨ ᠠᠵᠤ ᠠᠬᠤᠢ ᠶᠢᠨ ᠡᠷᠬᠢᠯᠳᠡ ᠶᠢ  ᠬᠢᠨᠠᠨ ᠰᠢᠯᠭᠠᠬᠤ  ᠲᠤᠬᠢᠷᠠᠭᠤᠯᠬᠤ ᠪᠠ ᠰᠤᠳᠤᠯᠵᠤ ᠮᠠᠭᠠᠳᠯᠠᠬᠤ ᠰᠢᠨᠵᠢᠬᠦ ᠡᠷᠴᠢᠮ ᠢᠶᠠᠨ ᠳᠠᠰᠣᠷᠠᠯᠳᠠ ᠦᠭᠡᠢ ᠴᠢᠩᠭᠠᠳᠬᠠᠨ᠂  ᠠᠵᠤ ᠠᠬᠤᠶᠢᠯᠠᠯ ᠤᠨ  ᠬᠦᠴᠢᠷᠲᠡᠯ ᠬᠢᠬᠡᠳ  ᠠᠰᠠᠭᠤᠲᠠᠯ ᠢ  ᠴᠠᠭ ᠲᠤᠬᠠᠢ ᠳᠤᠨᠢ  ᠡᠵᠡᠮᠲᠡᠨ᠂  ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠠᠪᠬᠤ︾  ᠪᠠ ᠤᠳᠤᠷᠢᠳᠬᠤ ᠺᠠᠳ᠋ᠷ  ᠠᠵᠤ  ᠠᠬᠤᠶᠢᠯᠠᠯ ᠢ  ᠬᠠᠪᠰᠤᠷᠬᠤ᠂ ᠬᠠᠷᠢᠯᠴᠠᠵᠦ ᠵᠤᠬᠢᠴᠠᠭᠤᠯᠬᠤ᠂ ᠦᠢᠯᠡᠴᠢᠯᠡᠬᠦ ᠲᠦᠷᠢᠮ ᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠤ᠂  ︽ᠳᠡᠷᠢᠬᠦᠨ ᠵᠦᠪᠯᠡᠭᠴᠢ ᠠᠴᠠ  ᠬᠠᠷᠢᠭᠤᠴᠠᠬᠤ︾᠂ ︽ᠠᠵᠤ ᠠᠬᠤᠶᠢᠯᠠᠯ ᠢ ᠵᠦᠩᠳᠡᠭᠡᠨ ᠬᠦᠶᠦᠯᠭᠡᠬᠦ ᠦᠭᠡᠢ  ︾   ᠪᠠᠷ ᠦᠢᠯᠡᠴᠢᠯᠡᠬᠦ  ᠠᠮᠠᠯᠠᠯᠲᠠ ᠶᠢᠨ  ᠲᠦᠷᠢᠮ ᠪᠡ ᠠᠵᠤ ᠠᠬᠤᠶᠢᠯᠠᠯ ᠳᠤ ᠪᠡᠯᠡ ᠤᠷᠤᠭᠤᠯᠬᠤ ᠲᠦᠷᠦᠯ ᠵᠦᠢᠯ ᠤᠨ ᠠᠮᠠᠯᠠᠯᠲᠠ ᠶᠢᠨ ᠲᠦᠷᠢᠮ ᠤᠨ ᠦᠭᠡᠷᠡᠴᠢᠯᠡᠯᠲᠡ ᠶᠢ ᠬᠡᠷᠡᠭᠵᠢᠬᠦᠯᠬᠦ ᠰᠦᠪᠡᠭᠴᠢᠯᠡᠯᠳᠡ ᠬᠢᠵᠤ᠂  ᠴᠢᠨᠠᠷ ᠴᠢᠨᠰᠠᠭ᠎ᠠ ᠲᠠᠢ ᠦᠨᠲᠦᠷ ᠦᠷ᠎ᠡ ᠪᠦᠲᠦᠮᠵᠢᠲᠤ ᠪᠡᠯᠡ ᠤᠷᠤᠭᠤᠯᠬᠤ ᠤᠷᠴᠢᠨ ᠠᠬᠤᠢ ᠶᠢ ᠪᠤᠢ ᠪᠤᠯᠭᠠᠨ᠂ ᠨᠡᠬᠡᠭᠡᠯᠲᠡ ᠶᠢᠨ ᠣᠷᠣᠨ ᠤ ᠦᠨᠲᠦᠷ ᠴᠢᠨᠠᠷ ᠴᠢᠨᠰᠠᠭ᠎ᠠ ᠪᠦᠬᠦᠢ ᠬᠦᠭᠵᠢᠯᠲᠡ ᠶᠢ  ᠪᠦᠬᠦ ᠲᠠᠯ᠎ᠠ ᠪᠠᠷ ᠠᠬᠢᠭᠤᠯᠵᠤ ᠪᠠᠶᠢᠨ᠎ᠠ᠃ ᠨᠡᠭᠡᠬᠡᠯᠲᠡ ᠶᠢᠨ ᠣᠷᠣᠨ ᠨᠢ ᠢᠮᠠᠭᠲᠠ ᠠᠵᠠ ᠲᠤᠬᠢᠶᠠᠯ ᠢ ᠠᠮᠵᠢᠨ ᠲᠦᠷᠦᠯ ᠵᠦᠢᠯ ᠢ  ᠴᠢᠷᠮᠠᠶᠢᠨ ᠤᠯᠬᠤ ᠶᠢ ᠪᠠᠷᠢᠮᠲᠠᠯᠠᠵᠤ᠂ ᠪᠦᠬᠦ ᠠᠩᠬᠠᠷᠤᠯ ᠢᠶᠠᠨ ᠳᠦᠪᠯᠡᠷᠡᠭᠦᠯᠦᠨ ᠲᠦᠷᠦᠯ ᠵᠦᠢᠯ ᠢ ᠠᠳᠬᠤᠨ᠂ ᠠᠷᠠᠯᠵᠢᠶᠠᠴᠢᠨ ᠤᠷᠢᠵᠤ ᠪᠡᠯᠡ ᠲᠠᠲᠠᠬᠤ᠂ ᠪᠦᠬᠦ ᠬᠦᠴᠦᠨ ᠢᠶᠠᠷ ᠲᠦᠷᠦᠯ ᠵᠦᠢᠯ ᠢᠶᠠᠨ ᠪᠠᠳᠤᠯᠠᠵᠤ᠂ ᠬᠠᠯᠠᠭᠤᠮᠰᠤᠭ ᠦᠢᠯᠡᠴᠢᠯᠡᠭᠡ ᠪᠠᠷ ᠢᠶᠠᠨ ᠲᠦᠷᠦᠯ ᠵᠦᠢᠯ ᠢ ᠪᠦᠳᠦᠭᠡᠨ ᠪᠠᠶᠢᠭᠤᠯᠬᠤ ︽ᠬᠤᠷᠲᠤᠴᠠ︾ ᠶᠢ ᠰᠤᠯᠢᠵᠤ ᠠᠪᠴᠢᠷᠠᠪᠠ᠃        ᠠᠭᠤᠯᠭ᠎ᠠ ᠶᠢᠨ ᠢᠷᠡᠯᠳᠡ᠄ http://mongol.people.com.cn/15823723.html
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号