ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠤᠯᠠᠨ ᠲᠦᠮᠡᠨ ᠳᠤ ᠪᠤᠳᠠᠲᠦ ᠠᠰᠢᠭ ᠬᠦᠷᠳᠡᠬᠡᠵᠦ ᠪᠠᠶᠢᠨ᠎ᠠ
ᠨᠡᠶᠢᠲᠡᠯᠡᠭᠰᠡᠨ ᠴᠠᠭ᠄
2020/9/17
     ︽ᠬᠢᠴᠢᠶᠠᠯ ᠰᠤᠷᠤᠯᠭ᠎ᠠ ᠪᠠᠨ ᠠᠮᠵᠢᠯᠳᠠ ᠲᠠᠢ ᠲᠡᠬᠦᠰᠬᠡᠵᠦ᠂ ᠠᠵᠢᠯ ᠠᠯᠪᠠ ᠲᠠᠢ ᠪᠤᠯᠤᠭᠰᠠᠨ ᠨᠢ ᠪᠦᠷ ᠰᠤᠷᠤᠯᠭ᠎ᠠ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠰᠠᠶᠢᠨ ᠢᠶᠠᠷ ᠰᠢᠤ᠂ ᠬᠡᠷᠪᠡ ᠡᠨᠡ ᠲᠦᠷᠦ ᠶᠢᠨ ᠪᠤᠳᠤᠯᠭ᠎ᠠ ᠪᠠᠶᠢᠭᠰᠠᠨ ᠦᠬᠡᠢ ᠪᠤᠯ ᠮᠢᠨᠦ ᠬᠤᠪᠢ ᠵᠠᠶᠠᠭ᠎ᠠ ᠦᠰᠦᠳ ᠦᠬᠡᠷ᠎ᠠ ᠪᠠᠶᠢᠬᠤ ᠶᠤᠰᠤᠳᠡᠢ︾ ᠬᠡᠮᠡᠨ ᠡᠵᠡᠨ᠎ᠠ ᠬᠤᠰᠢᠭᠤᠨ ᠳᠤ ᠠᠵᠢᠯᠯᠠᠵᠦ ᠪᠠᠶᠢᠭ᠎ᠠ ᠯᠦ ᠪᠤᠤ ᠷᠦᠡᠭ ᠡᠶᠢᠨᠬᠦ ᠶᠡᠷᠢᠵᠦ ᠪᠠᠶᠢᠯ᠎ᠠ᠃ ᠬᠡᠷ ᠤᠨ ᠠᠮᠢᠳᠤᠷᠠᠯ ᠬᠦᠴᠢᠷᠳᠡᠯᠳᠡᠢ ᠲᠡᠷᠡ ᠪᠠᠭ᠎ᠠ ᠰᠤᠷᠭᠠᠭᠤᠯᠢ ᠳᠤ ᠪᠠᠶᠢᠬᠤ ᠦᠶ᠎ᠠ ᠠᠴᠠ ᠪᠠᠨ ᠨᠠᠮ ᠵᠠᠰᠠᠭ᠂ ᠪᠠᠭᠰᠢ ᠠᠵᠢᠯᠳᠠᠨ᠂ ᠬᠠᠮᠳᠤ ᠰᠤᠷᠤᠯᠭᠠᠳᠠᠨ ᠵᠢᠴᠢ ᠨᠠᠶᠢᠬᠡᠮ ᠨᠠᠶᠢᠳᠠ ᠶᠢᠨ ᠬᠠᠶᠢᠷ᠎ᠠ ᠬᠠᠯᠠᠮᠵᠢ ᠶᠢ ᠬᠦᠷᠳᠡᠭᠰᠡᠬᠡᠷ ᠢᠷᠡᠵᠠᠢ᠃ 2009 ᠤᠨ ᠳᠤ ᠲᠡᠷᠡ ᠬᠤᠸᠠᠪᠸᠢ ᠶᠢᠨ ᠰᠢᠨᠵᠢᠯᠡᠭᠡ ᠮᠡᠷᠬᠡᠵᠢᠯ ᠤᠨ ᠶᠡᠭᠡ ᠰᠤᠷᠭᠠᠭᠤᠯᠢ ᠶᠢᠨ ᠮᠡᠳᠡᠭᠳᠡᠯ ᠢ ᠲᠤᠰᠴᠠᠢ᠃ ᠡᠨᠡ ᠬᠡᠳᠦ᠋ᠢᠪᠡᠷ ᠬᠡᠮᠵᠢᠶᠡᠯᠡᠰᠢ ᠦᠬᠡᠢ ᠶᠡᠭᠡ ᠪᠡᠶᠡᠷ ᠪᠤᠯᠪᠠᠴᠦ᠂ ᠠᠮᠢᠳᠤᠷᠠᠯ ᠶᠠᠳᠠᠭᠤᠬᠠᠨ ᠡᠨᠡ ᠠᠶᠢᠯ ᠳᠤ ᠬᠠᠷᠢᠨ ᠴᠦ ᠶᠡᠭᠡ ᠵᠤᠪᠠᠯᠠᠩ ᠲᠠᠢ ᠤᠴᠢᠷ ᠪᠤᠯᠵᠠᠢ᠃ ᠰᠤᠷᠭᠠᠭᠤᠯᠢ ᠡᠬᠢᠯᠡᠬᠦ ᠠᠴᠠ ᠡᠮᠦᠨᠡᠬᠡᠨ᠂ ᠲᠡᠷᠡ ᠡᠵᠡᠨ᠎ᠠ ᠬᠤᠰᠢᠭᠤᠨ ᠤ ᠠᠪᠤᠷᠠᠨ ᠲᠡᠳᠬᠦᠬᠦ ᠲᠦᠪ ᠤᠨ ᠲᠡᠮᠵᠢᠯᠬᠡ ᠲᠤᠤᠷ᠎ᠠ ᠰᠤᠷᠤᠯᠭ᠎ᠠ ᠶᠢ ᠲᠡᠳᠬᠦᠬᠦ ᠵᠢᠬᠡᠯᠡᠯᠬᠡ ᠤᠯᠵᠦ᠂ ᠶᠡᠭᠡ ᠰᠤᠷᠭᠠᠭᠤᠯᠢ ᠪᠠᠨ ᠠᠮᠵᠢᠯᠳᠠ ᠲᠠᠢ ᠲᠡᠬᠦᠰᠬᠡᠭᠰᠡᠨ ᠪᠠᠶᠢᠨ᠎ᠠ᠃      ᠤᠷᠴᠢᠮ ᠤᠨ ᠵᠢᠯ ᠠᠴᠠ᠂ ᠮᠠᠨ ᠤ ᠠᠶᠢᠮᠠᠭ ᠠᠮᠢᠳᠤᠷᠠᠯ ᠬᠦᠴᠢᠷᠳᠡᠯᠳᠡᠢ ᠰᠤᠷᠤᠭᠴᠢᠳ ᠢ ᠲᠡᠳᠬᠦᠬᠦ ᠬᠦᠴᠦᠯᠠᠴᠠ ᠪᠠᠨ ᠲᠠᠰᠤᠷᠠᠯᠳᠠ ᠦᠬᠡᠢ ᠨᠡᠮᠡᠭᠳᠡᠬᠦᠯᠵᠦ᠂ ︽ᠲᠡᠳᠬᠦᠬᠦ ᠴᠢᠬᠤᠯᠠᠳᠠᠢ ᠶᠢ ᠨᠢ ᠡᠷᠬᠡᠪᠰᠢ ᠲᠡᠳᠬᠦᠬᠦ︾ ᠶᠢ ᠪᠡᠶᠡᠯᠡᠬᠦᠯᠦᠨ᠂ ᠠᠮᠢᠳᠤᠷᠠᠯ ᠬᠦᠴᠢᠷᠳᠡᠯᠳᠡᠢ ᠰᠤᠷᠤᠭᠴᠢᠳ ᠲᠤ ᠠᠰᠢᠭ ᠬᠦᠷᠳᠡᠬᠡᠭᠰᠡᠬᠡᠷ ᠢᠷᠡᠵᠠᠢ᠃ 2020 ᠤᠨ ᠤ ᠲᠡᠬᠡᠲᠦ ᠬᠠᠭᠠᠰ ᠵᠢᠯ ᠳᠤ᠂ ᠠᠶᠢᠮᠠᠭ ᠤᠨ ᠰᠤᠷᠭᠠᠨ ᠬᠦᠮᠦᠵᠢᠯ ᠪᠡᠶ᠎ᠠ ᠶᠢᠨ ᠲᠠᠮᠢᠷ ᠤᠨ ᠲᠤᠪᠴᠢᠶᠠᠨ ᠤ ᠬᠢᠨ ᠨᠠᠶᠢᠳᠠ 2499.44 ᠲᠦᠮᠡᠨ ᠲᠦᠬᠦᠷᠢᠭ ᠤᠨ ᠰᠤᠷᠤᠯᠭ᠎ᠠ ᠶᠢ ᠲᠡᠳᠬᠦᠬᠦ ᠮᠦᠡᠭᠬᠦ ᠶᠢ ᠨᠠᠶᠢᠳᠠᠪᠤᠷᠢᠵᠢᠭᠤᠯᠵᠦ᠂ 2.28 ᠲᠦᠮᠡᠨ ᠬᠦᠮᠦᠨ ︵ᠤᠳᠠᠭ᠎ᠠ︶ ᠳᠤ ᠠᠰᠢᠭ ᠬᠦᠷᠳᠡᠬᠡᠬᠦ ᠠᠴᠠ ᠭᠠᠳᠠᠨ᠎ᠠ ᠪᠠᠰᠠ ︽ᠰᠤᠷᠤᠯᠭ᠎ᠠ ᠶᠢ ᠲᠡᠳᠬᠦᠬᠦ ᠮᠦᠡᠭᠬᠦ ᠶᠢ ᠬᠡᠷ ᠲᠤᠨᠢ ᠬᠦᠷᠬᠡᠵᠦ ᠦᠭᠬᠦ︾ ᠠᠵᠢᠯᠯᠠᠭ᠎ᠠ ᠶᠢ ᠦᠷᠨᠢᠬᠦᠯᠦᠨ᠂ ᠰᠤᠷᠤᠭᠴᠢᠳ ᠲᠤ ᠲᠦᠬᠦᠮ ᠨᠦᠬᠦᠴᠠᠯ ᠬᠠᠨᠭ᠍ᠭᠠᠵᠦ ᠦᠭᠬᠦᠭᠰᠡᠨ ᠪᠠᠶᠢᠨ᠎ᠠ᠃      ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠲᠡᠯᠬᠡᠷᠡᠭᠰᠡᠨ ᠠᠴᠠ ᠨᠠᠰᠢ᠂ ᠪᠦᠬᠦ ᠠᠶᠢᠮᠠᠭ ᠤᠨ ᠡᠯ᠎ᠠ ᠲᠤᠮᠳᠠᠲᠦ ᠪᠠᠭ᠎ᠠ ᠰᠤᠷᠭᠠᠭᠤᠯᠢ ᠶᠢᠨ ᠬᠢᠨ ᠰᠦᠯᠵᠢᠶᠠᠨ ᠬᠢᠴᠢᠶᠠᠯ ᠲᠤᠬᠢᠷᠠᠭᠤᠯᠵᠦ᠂ ᠰᠤᠷᠤᠭᠴᠢᠳ ᠤᠨ ᠬᠢᠴᠢᠶᠠᠯ ᠰᠤᠷᠤᠯᠭ᠎ᠠ ᠪᠠᠨ ᠰᠠᠭᠠᠳᠠᠭᠠᠬᠤ ᠶᠢ ᠰᠡᠷᠬᠡᠶᠢᠯᠡᠵᠡᠢ᠃ ᠠᠮᠢᠳᠤᠷᠠᠯ ᠬᠦᠴᠢᠷᠳᠡᠯᠳᠡᠢ ᠬᠡᠰᠡᠭ ᠰᠤᠷᠤᠭᠴᠢᠳ ᠬᠡᠷ ᠲᠡᠭᠡᠨ ᠺᠣᠮᠫᠢᠦ᠋ᠲ᠋ᠧᠷ ᠪᠠᠶᠢᠬᠤ ᠦᠬᠡᠢ ᠪᠤᠯᠬᠤᠷ᠂ ᠠᠶᠢᠮᠠᠭ ᠤᠨ ᠰᠤᠷᠭᠠᠨ ᠬᠦᠮᠦᠵᠢᠯ ᠪᠡᠶ᠎ᠠ ᠶᠢᠨ ᠲᠠᠮᠢᠷ ᠤᠨ ᠲᠤᠪᠴᠢᠶᠠᠨ ᠠᠴᠠ ᠰᠤᠷᠤᠯᠴᠠᠯᠭ᠎ᠠ ᠶᠢᠨ ᠮᠠᠰᠢᠨ ᠲᠦᠬᠦᠬᠡᠷᠦᠮᠵᠢ ᠬᠦᠷᠬᠡᠵᠦ᠂ ᠰᠦᠯᠵᠢᠶᠠᠨ ᠬᠢᠴᠢᠶᠠᠯ ᠤᠷᠤᠬᠤ ᠳᠤᠨᠢ ᠲᠦᠬᠦᠮ ᠬᠠᠨᠭ᠍ᠭᠠᠵᠦ᠂ ᠠᠮᠢᠳᠤᠷᠠᠯ ᠬᠦᠴᠢᠷᠳᠡᠯᠳᠡᠢ ᠨᠢᠬᠡ ᠰᠤᠷᠤᠭᠴᠢ ᠶᠢ ᠴᠦ ᠤᠷᠬᠢᠨ᠋ᠠᠳᠠᠭᠤᠯᠤᠯ ᠦᠬᠡᠢ ᠲᠡᠳᠬᠦᠵᠠᠢ᠃ ᠠᠮᠢᠳᠤᠷᠠᠯ ᠬᠦᠴᠢᠷᠳᠡᠯᠳᠡᠢ ᠰᠤᠷᠤᠭᠴᠢ ᠶᠢᠨ ᠬᠢᠴᠢᠶᠠᠯ ᠰᠤᠷᠤᠯᠭ᠎ᠠ ᠶᠢ ᠪᠠᠳᠤᠯᠠᠬᠤ ᠠᠴᠠ ᠭᠠᠳᠠᠨ᠎ᠠ᠂ ᠲᠤᠰ ᠲᠤᠪᠴᠢᠶᠠᠨ ᠤ ᠬᠢᠨ ᠪᠠᠰᠠ 3 ᠠᠴᠠ 16 ᠨᠠᠰᠤᠨ ᠤ ᠬᠤᠭᠤᠷᠤᠨᠲᠦᠬᠢ ᠵᠡᠮᠳᠡᠭ ᠬᠡᠤᠬᠡᠳ ᠤᠨ ᠪᠠᠶᠢᠳᠠᠯ ᠢ ᠰᠢᠭᠰᠢᠨ ᠪᠠᠶᠢᠴᠠᠭᠠᠵᠦ᠂ ᠠᠩᠬᠢ ᠲᠠᠭᠠᠵᠦ ᠬᠢᠴᠢᠶᠠᠯᠯᠡᠬᠦ᠂ ᠣᠨᠴᠣᠭᠤᠢ ᠰᠤᠷᠭᠠᠨ ᠬᠦᠮᠦᠵᠢᠯ ᠤᠨ ᠰᠤᠷᠭᠠᠭᠤᠯᠢ ᠳᠤ ᠰᠤᠷᠤᠯᠴᠠᠭᠤᠯᠬᠤ ᠪᠠ ᠬᠢᠴᠢᠶᠠᠯ ᠰᠤᠷᠤᠯᠭ᠎ᠠ ᠶᠢ ᠬᠡᠷ ᠲᠤᠨᠢ ᠬᠦᠷᠬᠡᠬᠦ ᠵᠡᠷᠬᠡ ᠠᠵᠢᠯᠯᠠᠭ᠎ᠠ ᠶᠢ ᠦᠷᠨᠢᠬᠦᠯᠵᠠᠢ᠃ ᠠᠶᠢᠮᠠᠭ ᠤᠨ ᠰᠤᠷᠤᠭᠴᠢ ᠶᠢ ᠲᠡᠳᠬᠦᠬᠦ ᠬᠠᠮᠢᠶᠠᠷᠤᠯᠳᠠ ᠶᠢᠨ ᠲᠦᠪ ᠤᠨ ᠡᠷᠬᠢᠯᠡᠭᠴᠢ ᠤᠷᠢᠬᠠᠨ ᠬᠡᠯᠡᠬᠦ ᠪᠠᠷ᠂ ᠤᠳᠤᠬᠠᠨ ᠳᠤ ᠮᠠᠨ ᠤ ᠠᠶᠢᠮᠠᠭ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠳᠠᠬᠢ ᠠᠮᠢᠳᠤᠷᠠᠯ ᠬᠦᠴᠢᠷᠳᠡᠯᠳᠡᠢ ᠰᠤᠷᠤᠭᠴᠢᠳ ᠴᠦᠮ ᠰᠤᠷᠭᠠᠨ ᠬᠦᠮᠦᠵᠢᠯ ᠬᠦᠷᠳᠡᠵᠦ᠂ ᠠᠮᠢᠳᠤᠷᠠᠯ ᠬᠦᠴᠢᠷᠳᠡᠯᠳᠡᠢ ᠠᠴᠠ ᠪᠤᠯᠵᠦ ᠰᠤᠷᠤᠯᠭ᠎ᠠ ᠪᠠᠨ ᠲᠤᠳᠠᠭᠤ ᠲᠤᠷᠭᠤᠨ ᠵᠤᠭᠰᠤᠭᠠᠭᠰᠠᠨ ᠰᠤᠷᠤᠭᠴᠢ ᠨᠢᠬᠡ ᠴᠦ ᠦᠬᠡᠢ ᠬᠡᠵᠦ ᠪᠠᠶᠢᠯ᠎ᠠ᠃      ᠠᠶᠢᠮᠠᠭ ᠤᠨ ᠰᠤᠷᠭᠠᠨ ᠬᠦᠮᠦᠵᠢᠯ ᠪᠡᠶ᠎ᠠ ᠶᠢᠨ ᠲᠠᠮᠢᠷ ᠤᠨ ᠲᠤᠪᠴᠢᠶ᠎ᠠ ᠪᠦᠬᠦ ᠠᠶᠢᠮᠠᠭ ᠤᠨ ᠨᠦᠬᠦᠴᠠᠯ ᠪᠡᠷᠢᠮᠵᠢᠶᠠᠨ ᠳᠤ ᠬᠦᠷᠦᠭᠰᠡᠨ ᠮᠠᠯᠵᠢᠬᠤ ᠲᠠᠷᠢᠶᠠᠯᠠᠬᠤ ᠤᠷᠤᠨ ᠤ ᠰᠤᠷᠭᠠᠭᠤᠯᠢ ᠪᠤᠯᠤᠨ ᠬᠡᠤᠬᠡᠳ ᠤᠨ ᠴᠡᠴᠡᠷᠯᠢᠭ ᠤᠨ ᠪᠠᠭᠰᠢ ᠠᠵᠢᠯᠳᠠᠳ ᠢ ᠴᠦᠮ ᠨᠦᠬᠦᠪᠦᠷᠢ ᠬᠦᠷᠳᠡᠬᠡᠬᠦ ᠬᠡᠪᠴᠢᠶᠠᠨ ᠳᠤ ᠬᠠᠮᠤᠷᠴᠦ᠂ ᠦᠨᠳᠦᠰᠦᠨ ᠱᠠᠳᠤᠨ ᠤ ᠪᠠᠭᠰᠢ ᠠᠵᠢᠯᠳᠠᠳ ᠤᠨ ᠬᠤᠯᠪᠤᠭᠳᠠᠯ ᠪᠦᠬᠦᠢ ᠬᠠᠷᠠᠭᠠᠯᠵᠠᠯ ᠢ ᠪᠠᠳᠤᠯᠠᠬᠤ ᠪᠠᠷ ᠲᠠᠮᠵᠢᠨ ᠨᠡᠩ ᠤᠯᠠᠨ ᠪᠠᠭᠰᠢ ᠠᠵᠢᠯᠳᠠᠳ ᠤᠨ ᠦᠨᠳᠦᠰᠦᠨ ᠱᠠᠳᠤᠨ ᠳᠤ ᠬᠦᠨᠵᠡᠬᠡᠶᠢᠷᠡᠬᠦ ᠶᠢ ᠲᠠᠶᠢᠴᠢᠯᠠᠵᠦ᠂ ᠦᠨᠳᠦᠰᠦᠨ ᠱᠠᠳᠤᠨ ᠤ ᠰᠤᠷᠭᠠᠭᠤᠯᠢ ᠶᠢᠨ ᠰᠤᠷᠭᠠᠨ ᠬᠦᠮᠦᠵᠢᠯ ᠤᠨ ᠶᠠᠰᠤ ᠴᠢᠨᠡᠷ ᠢ ᠬᠦᠴᠦᠯᠠᠨ ᠲᠡᠬᠡᠭᠰᠢᠯᠡᠬᠦᠯᠵᠠᠢ᠃ ᠤᠢᠢᠷ᠎ᠠ ᠶᠢᠨ ᠵᠢᠯ ᠠᠴᠠ ᠮᠠᠨ ᠤ ᠠᠶᠢᠮᠠᠭ 3630 ᠲᠦᠮᠡᠨ ᠲᠦᠬᠦᠷᠢᠭ ᠤᠨ ᠪᠡᠯᠡ ᠤᠷᠤᠭᠤᠯᠬᠤ ᠪᠠᠷ ᠲᠠᠮᠵᠢᠨ ᠰᠠᠭᠤᠷᠢ ᠪᠦᠲᠦᠬᠡᠨ ᠪᠠᠶᠢᠭᠤᠯᠤᠯᠳᠠ ᠪᠠᠷ ᠠᠨᠠᠢ ᠰᠤᠷᠭᠠᠭᠤᠯᠢ ᠨᠢᠭᠡᠴᠡ ᠶᠢᠨ ᠤᠷᠴᠢᠨ ᠨᠦᠬᠦᠴᠠᠯ ᠢ ᠰᠠᠶᠢᠵᠢᠷᠠᠭᠤᠯᠤᠨ᠂ ᠰᠤᠷᠤᠭᠴᠢᠳ ᠤᠨ ᠰᠤᠷᠤᠯᠴᠠᠵᠦ ᠠᠮᠢᠳᠤᠷᠠᠬᠤ ᠳᠤ ᠨᠡᠩ ᠰᠢᠯᠢᠳᠡᠭ ᠤᠷᠴᠢᠨ ᠨᠦᠬᠦᠴᠠᠯ ᠢ ᠬᠠᠨᠭ᠍ᠭᠠᠵᠦ ᠦᠭᠴᠠᠢ᠃      ᠡᠬᠦᠨ ᠠᠴᠠ ᠭᠠᠳᠠᠨ᠎ᠠ᠂ ᠮᠠᠨ ᠤ ᠠᠶᠢᠮᠠᠭ ᠪᠠᠰᠠ ︽ᠰᠤᠷᠭᠠᠭᠤᠯᠢ ᠡᠬᠢᠯᠡᠭᠰᠡᠨ ᠤ ᠲᠠᠷᠠᠭᠠᠬᠢ ᠨᠢᠬᠡᠳᠦᠬᠡᠷ ᠬᠢᠴᠢᠶᠠᠯ︾᠂ ᠰᠠᠶᠢᠨ ᠲᠤᠷ᠎ᠠ ᠶᠢᠨ ᠦᠢᠯᠡᠴᠢᠯᠡᠭᠡ᠂ ᠲᠡᠳᠬᠦᠮᠵᠢ ᠬᠦᠷᠳᠡᠭᠰᠡᠨ ᠰᠤᠷᠤᠭᠴᠢᠳ ᠤᠬᠠᠭᠤᠯᠭ᠎ᠠ ᠲᠠᠶᠢᠯᠤᠮᠵᠢ ᠬᠢᠬᠦ ᠵᠡᠷᠬᠡ ᠠᠷᠭ᠎ᠠ ᠪᠠᠷᠢᠯ ᠢᠶᠠᠷ ᠰᠤᠷᠤᠭᠴᠢ ᠨᠢᠬᠡᠪᠤᠷᠢ ᠶᠢᠨ ᠢᠳᠡᠬᠡᠯ ᠵᠤᠷᠢᠭ ᠢ ᠬᠦᠪᠴᠢᠯᠠᠵᠦ᠂ ᠷᠡᠳᠢᠤ᠋ ᠲᠧᠯᠸᠢᠰ᠂ ᠰᠤᠨᠢᠨ ᠰᠡᠳᠭᠦᠯ᠂ ᠰᠦᠯᠵᠢᠶ᠎ᠠ᠂ ᠸᠢᠴᠠᠲ ᠵᠡᠷᠬᠡ ᠵᠠᠭᠤᠴᠢᠯᠠᠭᠤᠷ ᠢ ᠠᠰᠢᠭᠯᠠᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠬᠢᠵᠦ᠂ ᠨᠠᠶᠢᠬᠡᠮ ᠨᠠᠶᠢᠳᠠ ᠪᠠᠷ ᠢᠶᠠᠨ ᠠᠮᠢᠳᠤᠷᠠᠯ ᠬᠦᠴᠢᠷᠳᠡᠯᠳᠡᠢ ᠰᠤᠷᠤᠭᠴᠢᠳ ᠢ ᠪᠤᠯᠭᠤᠭᠠᠨ ᠬᠠᠯᠠᠮᠵᠢᠯᠠᠬᠤ ᠠᠭᠤᠷ ᠠᠮᠢᠰᠬᠤᠯ ᠢ ᠪᠤᠢ ᠪᠤᠯᠭᠠᠵᠠᠢ᠃ ᠡᠳᠦᠬᠡ᠂ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠠᠰᠢᠭ ᠬᠦᠷᠳᠡᠭᠰᠡᠨ ᠤᠯᠠᠩᠬᠢ ᠲᠤᠭᠠᠨ ᠤ ᠰᠤᠷᠤᠭᠴᠢᠳ ᠨᠢᠬᠡᠨᠳᠠ ᠨᠠᠶᠢᠬᠡᠮ  ᠳᠤ ᠭᠠᠷᠬᠤ ᠪᠤᠶᠤ ᠠᠵᠢᠯ ᠤᠨ ᠪᠠᠶᠢᠷᠢᠨ ᠳᠠᠭᠠᠨ ᠭᠠᠷᠮᠠᠭᠠᠢᠢᠯᠠᠵᠦ᠂ ᠨᠠᠶᠢᠬᠡᠮ ᠨᠠᠶᠢᠳᠠ ᠳᠤ ᠦᠢᠯᠡᠴᠢᠯᠡᠵᠦ ᠡᠬᠢᠯᠡᠭᠰᠡᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号